ᠤᠯᠠᠭᠠᠨᠪᠤᠯᠠᠭ ᠤᠨ ᠴᠣᠨᠵᠢ
ᠨᠡᠶᠢᠲᠡᠯᠡᠭᠰᠡᠨ ᠴᠠᠭ᠄
2024/7/26
                       ᠤᠯᠠᠭᠠᠨᠪᠤᠯᠠᠭ ᠤᠨ ᠴᠣᠨᠵᠢ ᠨᠢ ᠠᠯᠠᠱᠠ ᠵᠡᠭᠦᠨ ᠬᠤᠰᠢᠭᠤᠨ ᠤ ᠣᠯᠠᠨᠪᠤᠯᠠᠭ ᠪᠠᠯᠭᠠᠰᠤᠨ ᠤ ᠪᠠᠶᠠᠨᠬᠠᠷ᠎ᠠ ᠭᠠᠴᠠᠭ᠎ᠠ ᠶᠢᠨ ᠬᠢᠯᠢ ᠳᠠᠬᠢ ᠬᠠᠷᠤᠤᠨ᠎ᠠ ᠶᠢᠨ ᠠᠭᠤᠯᠠ ᠶᠢᠨ ᠬᠤᠶᠢᠲᠤ ᠪᠠᠯ ᠳᠤ ᠪᠠᠶᠢᠷᠢᠯᠠᠳᠠᠭ᠃ ᠴᠣᠨᠵᠢ  ᠶᠢᠨ ᠵᠡᠭᠦᠨ ᠲᠠᠯ᠎ᠠ ᠳᠤ ᠨᠢᠭᠡ ᠵᠤᠷᠪᠤᠰ ᠭᠦᠨ ᠬᠠᠪᠴᠢᠯ ᠲᠠᠢ᠂ ᠳᠠᠷᠠ ᠨᠢ ᠤᠮᠠᠷᠠᠰᠢ ᠮᠣᠩᠭᠤᠯ ᠤᠨ ᠥᠨᠳᠦᠷᠯᠢᠭ ᠤᠷᠤᠭᠤ ᠰᠤᠨᠤᠨ᠂ ᠡᠮᠦᠨᠡᠰᠢ ᠪᠣᠷᠣᠳᠣᠬᠤᠢ ᠶᠢᠨ ᠲᠠᠯ᠎ᠠ ᠭᠠᠵᠠᠷ ᠲᠤ ᠭᠦᠷᠳᠡᠭ ᠪᠥᠭᠡᠳ ᠦᠶᠡᠷ ᠤᠨ ᠭᠤᠣᠯ ᠲᠠᠢ᠂ ᠪᠣᠷᠣᠳᠣᠬᠤᠢ ᠣᠷᠣᠨ᠂ ᠪᠣᠭᠤᠮᠲᠠ ᠶᠢᠨ ᠳᠣᠲᠣᠷᠠᠬᠢ ᠭᠠᠵᠠᠷ ᠣᠷᠣᠨ ᠢ ᠪᠠᠲᠤ ᠰᠠᠬᠢᠬᠤ ᠴᠢᠬᠤᠯᠠ ᠬᠠᠭᠠᠯᠭ᠎ᠠ ᠶᠢᠨ ᠨᠢᠭᠡ ᠪᠠᠶᠢᠵᠠᠢ᠃              ᠠᠭᠠᠷ ᠠᠴᠠ ᠰᠡᠭᠦᠳᠡᠷᠯᠡᠵᠦ ᠬᠡᠮᠵᠢᠨ ᠵᠢᠷᠤᠭᠯᠠᠯᠲᠠ ᠬᠢᠬᠦ ᠪᠠᠷ ᠳᠠᠮᠵᠢᠭᠠᠳ ᠪᠢᠳᠠ ᠴᠣᠨᠵᠢ ᠨᠢ ᠤᠷᠳᠤ ᠳᠥᠷᠪᠡᠯᠵᠢᠨ ᠭᠡᠯᠪᠠᠷᠢ ᠲᠠᠢ ᠪᠠᠶᠢᠬᠤ ᠶᠢ ᠣᠯᠵᠤ ᠬᠠᠷᠠᠬᠤ ᠪᠣᠯᠣᠨ᠎ᠠ᠃ ᠡᠮᠦᠨᠡᠰᠢ ᠤᠮᠠᠷᠠᠰᠢ 31.5 ᠮᠧᠲᠷ ᠤᠷᠳᠤ᠂ ᠵᠡᠭᠦᠨᠰᠢ ᠪᠠᠷᠠᠭᠤᠨᠰᠢ 24 ᠮᠧᠲᠷ ᠥᠷᠭᠡᠨ᠂ ᠡᠭᠦᠳᠡ ᠨᠢ ᠡᠮᠦᠨ᠎ᠡ ᠬᠡᠷᠡᠮ ᠤᠨ ᠳᠤᠮᠳᠠ ᠬᠡᠰᠡᠭ ᠲᠤ ᠡᠮᠦᠨᠡᠰᠢ ᠬᠠᠨᠳᠤᠵᠤ ᠪᠠᠶᠢᠬᠤ ᠪᠥᠭᠡᠳ 1 ᠮᠧᠲᠷ ᠥᠷᠭᠡᠨ ᠪᠠᠶᠢᠳᠠᠭ᠃ ᠬᠠᠯᠬᠠᠪᠴᠢ ᠬᠡᠷᠡᠮ ᠤᠨ ᠬᠤᠶᠠᠷ ᠲᠠᠯ᠎ᠠ ᠶᠢ ᠲᠣᠮᠣ ᠬᠡᠰᠡᠭᠲᠦ ᠴᠢᠯᠠᠭᠤ ᠶᠢ ᠵᠥᠷᠢᠭᠦᠯᠦᠨ ᠪᠠᠷᠢᠵᠤ᠂ ᠳᠣᠲᠣᠷ᠎ᠠ ᠨᠢ ᠵᠢᠵᠢᠭ ᠴᠢᠯᠠᠭᠤ ᠶᠢ ᠤᠯᠠᠭᠠᠨ ᠥᠩᠭᠡ ᠲᠠᠢ ᠰᠢᠪᠠᠷ  ᠢᠶᠠᠷ ᠪᠠᠬᠢᠯᠡᠭᠰᠡᠨ ᠪᠠᠶᠢᠨ᠎ᠠ᠃              ᠤᠯᠠᠭᠠᠨᠪᠤᠯᠠᠭ ᠤᠨ ᠴᠣᠨᠵᠢ ᠠᠴᠠ ᠵᠡᠭᠦᠨᠰᠢ 48 ᠺᠢᠯᠣᠮᠧᠲᠷ ᠭᠠᠵᠠᠷ ᠲᠠᠬᠢ ᠠᠭᠤᠯᠠ ᠶᠢᠨ ᠡᠮᠦᠨ᠎ᠡ ᠪᠠᠯ ᠳᠤ ᠵᠢᠢ ᠯᠸ ᠭᠡᠬᠦ ᠪᠠᠬᠢᠯᠡᠯᠲᠡ ᠶᠢᠨ ᠪᠠᠭᠤᠷᠢ ᠪᠤᠢ᠃ ᠳᠠᠷᠠ ᠨᠢ ᠮᠥᠨ ᠴᠦ ᠬᠠᠨ ᠤᠯᠤᠰ ᠤᠨ ᠦᠶ᠎ᠡ ᠳᠤ ᠮᠤᠨᠢ ᠠᠭᠤᠯᠠ ᠶᠢᠨ ᠵᠡᠭᠦᠨ ᠠᠴᠠ ᠪᠠᠷᠠᠭᠤᠨᠰᠢᠬᠢ ᠰᠡᠷᠭᠡᠶᠢᠯᠡᠯᠲᠡ ᠶᠢᠨ ᠱᠤᠭᠤᠮ ᠳᠡᠭᠡᠷᠡᠬᠢ ᠴᠡᠷᠢᠭ ᠤᠨ ᠶᠠᠪᠤᠳᠠᠯ ᠤᠨ ᠴᠢᠬᠤᠯᠠ ᠪᠠᠬᠢᠯᠡᠯᠲᠡ ᠪᠤᠯᠬᠤ ᠶᠤᠮ᠃ ᠬᠠᠭᠤᠴᠢ ᠰᠤᠳᠤᠯᠤᠯ ᠢᠶᠠᠷ ᠳᠠᠮᠵᠢᠠ ᠠᠳᠠ ᠬᠤᠶᠠᠷ ᠵᠤᠷᠪᠤᠰ ᠵᠠᠮ ᠱᠤᠭᠤᠮ ᠪᠠᠶᠢᠬᠤ ᠶᠢ ᠣᠯᠵᠤ ᠮᠡᠳᠡᠪᠡ᠄ ᠨᠢᠭᠡ ᠨᠢ ᠬᠠᠷᠤᠤᠨ᠎ᠠ ᠶᠢᠨ ᠠᠭᠤᠯᠠ ᠶᠢᠨ ᠬᠤᠶᠢᠲᠤ ᠲᠠᠯ᠎ᠠ ᠳᠤ ᠪᠠᠶᠢᠷᠢᠯᠠᠵᠤ᠂ ᠴᠣᠨᠵᠢ ᠠᠴᠠ 11 ᠺᠢᠯᠣᠮᠧᠲᠷ ᠵᠠᠶᠢᠲᠠᠢ᠃ ᠨᠥᠭᠦᠭᠡ ᠨᠢᠭᠡ ᠨᠢ ᠠᠭᠤᠯᠠ ᠶᠢᠨ ᠡᠮᠦᠨ᠎ᠡ ᠪᠠᠯ ᠳᠤ ᠣᠷᠣᠰᠢᠵᠤ᠂ ᠴᠣᠨᠵᠢ ᠠᠴᠠ ᠪᠠᠷᠤᠭ 7 ᠺᠢᠯᠣᠮᠧᠲᠷ ᠵᠠᠶᠢᠲᠠᠢ ᠪᠠᠶᠢᠳᠠᠭ᠃ ᠬᠤᠶᠢᠲᠤ ᠲᠠᠯ᠎ᠠ ᠶᠢᠨ ᠴᠣᠨᠵᠢ ᠶᠢᠨ ᠵᠠᠮ ᠨᠢ ᠪᠠᠷᠠᠭᠤᠨ ᠡᠮᠦᠨᠡᠰᠢ ᠰᠤᠨᠵᠤ᠂ ᠠᠯᠠᠱᠠ ᠶᠢᠨ ᠳᠤᠮᠳᠠ ᠬᠡᠰᠡᠭ ᠢ ᠵᠢᠰᠢᠭᠦᠦ ᠪᠠᠷ ᠨᠠᠪᠲᠠᠷᠡᠭᠦᠯᠵᠦ᠂ ᠥᠨᠥᠳᠥᠷ ᠤᠨ ᠪᠠᠳᠠᠢ ᠶᠢᠨ ᠵᠢᠷᠠᠨ ᠡᠯᠡᠰᠦᠨ ᠴᠦᠯ ᠪᠣᠯᠣᠨ ᠤᠯᠠᠭᠠᠨᠪᠤᠬ᠎ᠠ ᠡᠯᠡᠰᠦᠨ ᠴᠦᠯ ᠤᠨ ᠵᠠᠯᠭᠠᠯᠳᠤᠭᠰᠠᠨ ᠬᠡᠰᠡᠭ ᠢᠶᠠᠷ ᠥᠩᠭᠡᠷᠡᠨ᠂ ᠳᠠᠭᠢᠨ ᠲᠤᠰ ᠲᠤᠰ ᠪᠠᠷᠠᠭᠤᠨ ᠬᠤᠶᠢᠰᠢ ᠪᠠ ᠪᠠᠷᠠᠭᠤᠨ ᠡᠮᠦᠨᠡᠰᠢ ᠰᠤᠨᠵᠤ᠂ ᠪᠠᠷᠠᠭᠤᠨ ᠬᠤᠶᠢᠰᠢ ᠪᠠᠳᠠᠢ ᠶᠢᠨ ᠵᠢᠷᠠᠨ ᠡᠯᠡᠰᠦᠨ ᠤ ᠬᠤᠶᠢᠲᠤ ᠵᠠᠬ᠎ᠠ ᠶᠢᠨ ᠴᠣᠨᠵᠢ ᠲᠠᠢ ᠵᠠᠯᠭᠠᠵᠤ᠂ ᠪᠠᠷᠠᠭᠤᠨ ᠡᠮᠦᠨᠡᠰᠢ ᠶᠠᠪᠠᠷᠠᠢ ᠶᠢᠨ ᠴᠣᠨᠵᠢ ᠲᠠᠢ ᠵᠠᠯᠭᠠᠵᠤ ᠪᠤᠢ᠃ ᠡᠮᠦᠨ᠎ᠡ ᠲᠠᠯ᠎ᠠ ᠶᠢᠨ ᠴᠣᠨᠵᠢ ᠨᠢ ᠠᠳᠠ ᠠᠴᠠ ᠡᠮᠦᠨᠡᠰᠢ ᠡᠷᠭᠢᠵᠦ᠂ ᠤᠳᠤ ᠶᠢᠨ ᠵᠢᠷᠠᠲᠠᠢ ᠪᠠᠷ ᠥᠩᠭᠡᠷᠡᠨ᠂ ᠠᠯᠠᠱᠠ ᠠᠭᠤᠯᠠ ᠶᠢᠨ ᠪᠠᠷᠠᠭᠤᠨ ᠬᠤᠷᠮᠣᠢ ᠳᠠᠬᠢ ᠴᠣᠨᠵᠢ ᠲᠠᠢ ᠵᠠᠯᠭᠠᠯᠳᠤᠵᠤ ᠪᠠᠶᠢᠨ᠎ᠠ᠃ ᠡᠳᠡᠭᠡᠷ ᠴᠣᠨᠵᠢ ᠬᠠᠯᠬᠠᠪᠴᠢ ᠨᠢ ᠬᠠᠮᠲᠤ ᠪᠠᠷ ᠬᠠᠨ ᠤᠯᠤᠰ ᠤᠨ ᠤᠮᠠᠷᠠᠲᠤ ᠣᠷᠣᠨ ᠤ ᠠᠪᠤᠷᠭᠤ ᠶᠡᠭᠡ ᠰᠡᠷᠭᠡᠶᠢᠯᠡᠯᠲᠡ ᠶᠢᠨ ᠲᠣᠣᠷ ᠢ ᠪᠦᠷᠢᠯᠳᠦᠭᠦᠯᠦᠭᠰᠡᠨ ᠪᠠᠶᠢᠨ᠎ᠠ᠃                
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号