| | | | | ᠡᠯ᠎ᠡ ᠰᠤᠮᠤ ᠪᠠᠯᠭᠠᠰᠤ᠂ ᠬᠤᠰᠢᠭᠤᠨ ᠰᠢᠭᠤᠳ ᠬᠠᠷᠢᠶ᠎ᠠ ᠡᠯ᠎ᠡ ᠬᠤᠯᠪᠣᠭᠳᠠᠬᠤ ᠰᠠᠯᠠᠭ᠎ᠠ ᠮᠥᠴᠢᠷ᠂ ᠯᠠᠨ ᠮᠠ | ᠺᠣᠮᠫᠠᠨᠢ ᠳᠤ᠄ | | ︽ᠠᠯᠠᠱᠠ ᠶᠢᠨ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠰᠢᠨ᠎ᠡ ᠶᠢ ᠡᠭᠦᠳᠦᠨ ᠠᠳᠠᠯ ᠦᠢᠯᠡᠰ | ᠴᠣᠭᠴᠠᠯᠠᠬᠤ ᠬᠦᠷᠢᠶᠡᠯᠡᠩ ᠤᠨ ᠲᠥᠷᠥᠯ ᠵᠦᠢᠯ ᠢ ᠬᠦᠷᠢᠶᠡᠯᠡᠩ ᠳᠤ ᠣᠷᠣᠭᠤᠯᠬᠤ ᠬᠠᠮᠢᠶᠠᠷᠤᠯᠲᠠ ᠶᠢᠨ ᠲᠦᠷ | ᠬᠡᠷᠡᠭᠵᠢᠭᠦᠯᠬᠦ ᠠᠷᠭ᠎ᠠ︾ ᠶᠢ ᠠᠯᠠᠱᠠ ᠵᠡᠭᠦᠨ ᠬᠤᠰᠢᠭᠤᠨ ᠤ 2023 ᠣᠨ ᠤ 12 ᠳ᠋ᠤᠭᠠᠷ ᠤᠳᠠᠭ᠎ᠠ ᠶᠢᠨ | ᠪᠠᠶᠢᠩᠭᠤ ᠶᠢᠨ ᠬᠤᠷᠠᠯ ᠢᠶᠠᠷ ᠰᠤᠳᠤᠯᠤᠨ ᠪᠠᠲᠤᠯᠠᠭᠠᠳ᠂ ᠡᠳᠦᠭᠡ ᠲᠠᠨᠠᠷ ᠲᠤ ᠬᠡᠪᠯᠡᠨ ᠲᠠᠷᠬᠠᠭᠠᠯ᠎ᠠ᠂ | ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | | ᠬᠠᠪᠰᠤᠷᠤᠯᠲᠠ᠄ ᠠᠯᠠᠱᠠ ᠶᠢᠨ ᠠᠮᠢ ᠠᠬᠤᠶ ᠶᠢᠨ ᠡᠯᠡᠰᠦᠨ ᠤ ᠠᠵᠤ ᠦᠢᠯᠡᠰ ᠤᠨ ᠰᠢᠨ᠎ᠡ ᠶᠢ ᠡᠭᠦᠳᠦᠨ | ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠲᠥᠷᠥᠯ ᠵᠦᠢᠯ ᠢ ᠬᠦᠷᠢᠶᠡᠯᠡᠩ ᠳᠤ ᠣᠷᠣᠭᠤᠯᠬᠤ | ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ | 2023 ᠣᠨ ᠤ 9ᠳ᠋ᠦ᠋ᠭᠡᠷ ᠰᠠᠷ᠎ᠠ ᠶᠢᠨ 25 ᠤ ᠡᠳᠦᠷ | ᠬᠠᠪᠰᠤᠷᠤᠯᠲᠠ | ᠠᠯᠠᠱᠠ ᠶᠢᠨ ᠠᠮᠢ ᠠᠬᠤᠶ ᠶᠢᠨ ᠡᠯᠡᠰᠦᠨ ᠤ ᠠᠵᠤ ᠦᠢᠯᠡᠰ ᠤᠨ ᠰᠢᠨ᠎ᠡ ᠶᠢ ᠡᠭᠦᠳᠦᠨ ᠠᠳᠠᠯ ᠦᠢᠯᠡᠰ | ᠴᠣᠭᠴᠠᠯᠠᠬᠤ ᠬᠦᠷᠢᠶᠡᠯᠡᠩ ᠤᠨ ᠲᠥᠷᠥᠯ ᠵᠦᠢᠯ ᠢ ᠬᠦᠷᠢᠶᠡᠯᠡᠩ ᠳᠤ ᠣᠷᠣᠭᠤᠯᠬᠤ ᠬᠠᠮᠢᠶᠠᠷᠤᠯᠲᠠ ᠶᠢᠨ ᠲᠦᠷ | ᠬᠡᠷᠡᠭᠵᠢᠭᠦᠯᠬᠦ ᠠᠷᠭ᠎ᠠ | | ᠨᠢᠭᠡᠳᠦᠭᠡᠷ ᠪᠦᠯᠦᠭ ᠶᠡᠷᠦᠩᠬᠡᠢ ᠳᠦᠷᠢᠮ | | | ᠨᠢᠭᠡᠳᠦᠭᠡᠷ ᠵᠦᠢᠯ ᠠᠯᠠᠱᠠ ᠶᠢᠨ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠰᠢᠨ᠎ᠡ ᠶᠢ ᠡᠭᠦᠳᠦᠨ | ᠠᠳᠠᠯ ᠦᠢᠯᠡᠰ ᠴᠣᠭᠴᠠᠯᠠᠬᠤ ᠬᠦᠷᠢᠶᠡᠯᠡᠩ ︵ᠳᠣᠷᠣᠭᠰᠢ ︽ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ | ᠬᠦᠷᠢᠶᠡᠯᠡᠩ︾ ᠭᠡᠵᠦ ᠲᠣᠪᠴᠢᠯᠠᠨ᠎ᠠ︶ ᠢ ᠰᠢᠨᠵᠢᠯᠡᠬᠦ ᠤᠬᠠᠭᠠᠨᠴᠢ ᠪᠠᠷ ᠬᠠᠮᠢᠶᠠᠷᠴᠤ᠂ ᠬᠤᠳᠠᠯᠳᠤᠭ᠎ᠠ ᠡᠷᠭᠢᠯᠡᠬᠦ | ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠬᠡᠷᠡᠭ ᠡᠷᠭᠢᠯᠡᠬᠦ ᠲᠠᠰ ᠳᠠᠷᠠᠭᠠᠯᠠᠯ ᠢ ᠵᠢᠷᠤᠮᠵᠢᠭᠤᠯᠵᠤ᠂ ᠠᠵᠢᠯ ᠤᠨ | ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠬᠦ ᠵᠣᠷᠢᠯᠭ᠎ᠠ ᠪᠠᠷ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ | ᠦᠨᠳᠦᠰᠦᠯᠡᠨ᠂ ᠠᠯᠠᠱᠠ ᠵᠡᠭᠦᠨ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ | ᠲᠣᠭᠲᠠᠭᠠᠪᠠ᠃ | | ᠬᠤᠶᠠᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠠᠮᠢ ᠠᠬᠤᠢ ᠶᠢᠨ ᠡᠯᠡᠰᠦᠨ ᠤ ᠠᠵᠤ | ᠦᠢᠯᠡᠰ ᠤᠨ ᠬᠦᠷᠢᠶᠡᠯᠡᠩ ᠭᠡᠳᠡᠭ ᠨᠢ ᠵᠡᠭᠦᠨᠰᠢ ᠪᠠᠨ ᠬᠤᠱᠣᠳ ᠵᠠᠮ᠂ ᠪᠠᠷᠠᠭᠤᠨᠰᠢ ᠪᠠᠨ ᠰᠢᠯᠢ ᠶᠢᠨ ᠵᠠᠮ᠂ | ᠡᠮᠦᠨᠡᠰᠢ ᠪᠠᠨ ᠭᠠᠳᠠᠷ ᠲᠣᠭᠤᠷᠢᠯᠲᠠ ᠶᠢᠨ ᠵᠠᠮ᠂ ᠤᠮᠠᠷᠠᠰᠢ ᠪᠠᠨ ᠰᠢᠨ᠎ᠡ ᠪᠠᠷ ᠪᠠᠶᠢᠭᠤᠯᠤᠭᠰᠠᠨ ᠵᠠᠮ ᠢ ᠵᠢᠭᠠᠵᠤ ᠪᠣᠶ᠂ | ᠶᠡᠷᠦᠩᠬᠡᠢ ᠡᠵᠡᠯᠡᠬᠦ ᠲᠠᠯᠠᠪᠠᠶ ᠨᠢ ᠪᠠᠷᠤᠭ 1066 ᠮᠦ ᠪᠣᠯᠣᠨ᠎ᠠ᠃ | | ᠭᠤᠷᠪᠠᠳᠤᠭᠠᠷ ᠵᠦᠢᠯ ᠠᠷᠭ᠎ᠠ ᠳᠤ ᠬᠡᠯᠡᠵᠦ ᠪᠠᠶᠢᠭ᠎ᠠ ᠲᠥᠷᠥᠯ ᠵᠦᠢᠯ ᠳᠤ ᠰᠢᠨ᠎ᠡ ᠪᠠᠷ ᠪᠠᠶᠢᠭᠤᠯᠤᠭᠰᠠᠨ᠂ | ᠥᠷᠭᠡᠳᠬᠡᠨ ᠪᠠᠶᠢᠭᠤᠯᠤᠭᠰᠠᠨ᠂ ᠨᠡᠭᠦᠯᠭᠡᠨ ᠪᠠᠶᠢᠭᠤᠯᠤᠭᠰᠠᠨ᠂ ᠰᠡᠷᠭᠦᠭᠡᠨ ᠳᠠᠬᠢᠨ ᠪᠠᠶᠢᠭᠤᠯᠤᠭᠰᠠᠨ ᠴᠡᠴᠡᠷᠯᠢᠭ ᠲᠤ | ᠣᠷᠣᠬᠤ ᠲᠥᠷᠥᠯ ᠵᠦᠢᠯ ᠵᠢᠴᠢ ᠡᠷᠦᠬᠡ ᠠᠮᠠ ᠣᠷᠣᠭᠰᠠᠨ ᠠᠵᠤ ᠠᠬᠤᠶᠢᠯᠠᠯ ᠪᠠᠭᠲᠠᠨ᠎ᠠ᠃ | | ᠳᠥᠷᠪᠡᠳᠦᠭᠡᠷ ᠵᠦᠢᠯ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠬᠦᠷᠢᠶᠡᠯᠡᠩ ᠳᠤ ᠵᠠᠬ᠎ᠠ | ᠳᠡᠯᠭᠡᠭᠦᠷᠴᠢᠯᠡᠨ ᠨᠡᠭᠡᠭᠡᠨ ᠬᠥᠭᠵᠢᠭᠦᠯᠬᠦ᠂ ᠬᠠᠪᠲᠠᠭᠠᠶᠢᠷᠠᠭᠤᠯᠤᠨ ᠬᠠᠮᠢᠶᠠᠷᠬᠤ᠂ ᠠᠵᠤ ᠠᠬᠤᠶᠢᠴᠢᠯᠠᠭᠰᠠᠨ | ᠦᠢᠯᠡᠴᠢᠯᠡᠭᠡ ᠬᠠᠩᠭᠠᠬᠤ ᠶᠢ ᠬᠡᠷᠡᠭᠵᠢᠭᠦᠯᠵᠦ᠂ ᠠᠯᠠᠱᠠ ᠵᠡᠭᠦᠨ ᠬᠤᠰᠢᠭᠤᠨ ᠤ ᠠᠮᠢ ᠠᠬᠤᠢ ᠶᠢᠨ ᠡᠯᠡᠰᠦᠨ ᠤ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠤᠰᠬᠠᠢ ᠲᠥᠷᠥᠯ ᠢᠶᠠᠷ ᠲᠦᠯᠬᠢᠨ ᠠᠬᠢᠭᠤᠯᠬᠤ ᠤᠳᠤᠷᠢᠳᠬᠤ | ᠳᠤᠭᠤᠶᠢᠯᠠᠩ ᠠᠴᠠ ᠬᠦᠷᠢᠶᠡᠯᠡᠩ ᠳᠤ ᠣᠷᠣᠬᠤ ᠲᠥᠷᠥᠯ ᠵᠦᠢᠯ ᠳᠤ ᠶᠡᠷᠦᠩᠬᠡᠶᠢᠯᠡᠭᠰᠡᠨ ᠦᠨᠡᠯᠡᠯᠲᠡ ᠬᠢᠬᠦ ᠪᠠ | ᠵᠥᠪᠰᠢᠶᠡᠷᠡᠨ ᠣᠷᠣᠭᠤᠯᠬᠤ ᠶᠢ ᠬᠠᠷᠢᠭᠤᠴᠠᠵᠤ᠂ ᠠᠯᠠᠱᠠ ᠵᠡᠭᠦᠨ ᠬᠤᠰᠢᠭᠤᠨ ᠤ ᠡᠯᠡᠰᠦᠨ ᠤ ᠠᠵᠤ ᠦᠢᠯᠡᠰ ᠤᠨ | ᠨᠡᠭᠡᠭᠡᠨ ᠬᠥᠭᠵᠢᠭᠦᠯᠦᠯᠲᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠠᠴᠠ ᠬᠦᠷᠢᠶᠡᠯᠡᠩ ᠲᠣᠭᠤᠷᠢᠭ ᠢ ᠨᠡᠭᠡᠭᠡᠨ | ᠬᠥᠭᠵᠢᠭᠦᠯᠵᠦ ᠪᠦᠲᠦᠭᠡᠨ ᠪᠠᠶᠢᠭᠤᠯᠬᠤ᠂ ᠬᠦᠷᠢᠶᠡᠯᠡᠩ ᠳᠤ ᠣᠷᠣᠬᠤ ᠠᠵᠤ ᠠᠬᠤᠶᠢᠯᠠᠯ ᠤᠨ ᠬᠠᠮᠢᠶᠠᠷᠤᠯᠲᠠ ᠪᠠ | ᠬᠤᠳᠠᠯᠳᠤᠭᠠᠴᠢᠨ ᠤᠷᠢᠵᠤ ᠡᠵᠡᠩᠨᠡᠬᠦ ᠦᠢᠯᠡᠴᠢᠯᠡᠭᠡ ᠵᠡᠷᠭᠡ ᠠᠵᠢᠯ ᠢ ᠬᠠᠷᠢᠭᠤᠴᠠᠨ᠎ᠠ᠃ | | | | ᠬᠤᠶᠠᠳᠤᠭᠠᠷ ᠪᠦᠯᠦᠭ ᠠᠵᠤ ᠦᠢᠯᠡᠰ ᠤᠨ ᠴᠢᠭᠯᠡᠯ | | | ᠲᠠᠪᠤᠳᠤᠭᠠᠷ ᠵᠦᠢᠯ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠬᠦᠷᠢᠶᠡᠯᠡᠩ ᠨᠢ ᠡᠯᠡᠰᠦᠨ ᠤ | ᠠᠮᠢᠲᠠᠨ ᠤᠷᠭᠤᠮᠠᠯ ᠤᠨ ᠠᠵᠤ ᠦᠢᠯᠡᠰ ᠢᠶᠠᠷ ᠭᠤᠣᠯ ᠪᠣᠯᠭᠠᠨ ᠭᠤᠣᠯᠳᠠᠯᠭ᠎ᠠ ᠲᠠᠢ ᠬᠥᠭᠵᠢᠭᠦᠯᠵᠦ᠂ ᠪᠣᠬᠢᠷᠲᠤᠯ | ᠦᠭᠡᠢ ᠣᠷᠴᠢᠨ ᠲᠣᠭᠤᠷᠢᠨ ᠢ ᠬᠠᠮᠠᠭᠠᠯᠠᠬᠤ᠂ ᠠᠵᠤ ᠦᠢᠯᠡᠰ ᠪᠠ ᠬᠤᠲᠠ ᠶᠢ ᠤᠶᠠᠯᠳᠤᠭᠤᠯᠬᠤ᠂ ᠰᠣᠶᠣᠯ | ᠵᠢᠭᠤᠯᠴᠢᠯᠠᠯ ᠢ ᠤᠶᠠᠯᠳᠤᠭᠤᠯᠬᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠪᠠ ᠰᠢᠨ᠎ᠡ ᠶᠢ ᠡᠭᠦᠳᠦᠨ ᠠᠳᠠᠯ | ᠦᠢᠯᠡᠰ ᠴᠣᠭᠴᠠᠯᠠᠬᠤ ᠲᠥᠷᠥᠯ ᠵᠦᠢᠯ ᠲᠠᠢ ᠪᠠᠶᠢᠵᠤ᠂ ᠪᠥᠬᠦ ᠤᠯᠤᠰ ᠤᠨ ᠠᠩᠬᠠᠳᠠᠭᠴᠢ ᠠᠮᠢ ᠠᠬᠤᠢ ᠶᠢᠨ | ᠡᠯᠡᠰᠦᠨ ᠤ ᠠᠵᠤ ᠦᠢᠯᠡᠰ ᠢᠶᠠᠷ ᠣᠨᠴᠠᠯᠢᠭ ᠪᠣᠯᠭᠠᠭᠰᠠᠨ ᠰᠢᠨ᠎ᠡ ᠪᠠᠷ ᠮᠠᠨᠳᠤᠭᠰᠠᠨ ᠠᠮᠢ ᠠᠬᠤᠢ ᠶᠢᠨ ᠠᠵᠤ | ᠦᠶᠯᠡᠰᠵᠢᠭᠰᠡᠨ ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠴᠢᠷᠮᠠᠶᠢᠨ ᠪᠠᠶᠢᠭᠤᠯᠵᠤ᠂ ᠬᠦᠷᠢᠶᠡᠯᠡᠩ ᠳᠤ | ᠣᠷᠣᠬᠤ ᠪᠠᠷ ᠭᠤᠶᠤᠴᠢᠯᠠᠬᠤ ᠠᠵᠤ ᠠᠬᠤᠶᠢᠯᠠᠯ ᠤᠨ ᠲᠥᠷᠥᠯ ᠵᠦᠢᠯ ᠢ ᠡᠷᠬᠡᠪᠰᠢ ᠳᠣᠣᠷᠠᠬᠢ ᠠᠵᠢᠯ ᠲᠥᠷᠥᠯ ᠲᠠᠢ | ᠲᠣᠬᠢᠷᠠᠯᠴᠠᠭᠤᠯᠬᠤ ᠬᠡᠷᠡᠭᠲᠡᠢ᠄ | | ︵ᠨᠢᠭᠡ︶ ᠡᠯᠡᠰᠦᠨ ᠳᠤ ᠤᠷᠭᠤᠬᠤ ᠤᠷᠭᠤᠮᠠᠯ ᠢ ᠨᠠᠷᠢᠯᠢᠭ ᠰᠤᠷᠭᠠᠯᠲᠠ ᠳᠤ ᠬᠠᠮᠤᠷᠤᠭᠤᠯᠬᠤ᠃ ᠡᠭᠦᠨ ᠳᠤ | ᠴᠠᠭᠠᠨ ᠭᠤᠶᠣᠣ᠂ ᠡᠭᠡᠮ ᠠᠷᠭ᠎ᠠ ᠶᠢ ᠨᠠᠷᠢᠯᠢᠭ ᠰᠤᠷᠭᠠᠯᠲᠠ ᠳᠤ ᠬᠠᠮᠤᠷᠤᠭᠤᠯᠬᠤ ᠪᠠᠷ ᠣᠨᠴᠠᠯᠢᠭ ᠪᠣᠯᠭᠠᠭᠰᠠᠨ | ᠪᠣᠬᠢᠷᠲᠤᠯ ᠦᠭᠡᠢ ᠢᠳᠡᠭᠡᠨ᠂ ᠰᠤᠪᠢᠯᠠᠯᠲᠠ ᠶᠢᠨ ᠬᠡᠷᠡᠭᠰᠡᠯ᠂ ᠡᠷᠡᠭᠦᠯᠵᠢᠯ ᠤᠨ ᠡᠳ᠋᠂ ᠡᠷᠡᠭᠦᠯᠵᠢᠯ ᠤᠨ ᠠᠷᠢᠬᠢ ᠪᠠ | ᠴᠢᠳᠠᠮᠵᠢᠲᠤ ᠤᠮᠳᠠᠭᠠᠨ ᠵᠡᠷᠭᠡ ᠶᠢ ᠪᠠᠭᠲᠠᠭᠠᠨ᠎ᠠ︔ ᠡᠯᠡᠰᠦᠨ ᠭᠠᠵᠠᠷ ᠤᠨ ᠦᠵᠦᠮ᠂ ᠬᠠᠷ᠎ᠠ ᠴᠢᠨ᠋ᠸ᠎ᠠ ᠶᠢᠨ ᠬᠠᠷᠮᠠᠭ᠂ | ᠬᠡᠭᠡᠷ᠎ᠡ ᠶᠢᠨ ᠰᠡᠩᠳᠡᠩ ᠮᠣᠳᠣ᠂ ᠪᠥᠭᠡᠷᠡᠭ ᠤᠨ ᠥᠰᠦᠭ ᠵᠡᠷᠭᠡ ᠨᠠᠷᠢᠯᠢᠭ ᠡᠳ᠋ᠰᠢᠭᠦᠯᠦᠭᠰᠡᠨ ᠰᠢᠷᠢᠰ ᠪᠦᠲᠦᠭᠡᠭᠳᠡᠬᠦᠨ | ︔ ᠬᠦᠮᠡᠯᠢ᠂ ᠡᠯᠡᠰᠦᠨ ᠯᠤᠤᠪᠠᠩ ᠵᠡᠷᠭᠡ ᠡᠯᠡᠰᠦᠨ ᠴᠦᠯ ᠤᠨ ᠣᠨᠴᠠᠯᠢᠭᠲᠤ ᠬᠡᠭᠡᠷ᠎ᠡ ᠶᠢᠨ ᠢᠳᠡᠰᠢᠨ ᠨᠣᠭᠤᠭ᠎ᠠ ᠶᠢ | ᠨᠠᠷᠢᠯᠢᠭ ᠪᠣᠯᠪᠠᠰᠤᠷᠠᠭᠤᠯᠤᠨ᠎ᠠ᠃ | | ︵ᠬᠤᠶᠠᠷ︶ ᠡᠯᠡᠰᠦᠨ ᠤ ᠠᠵᠤ ᠦᠢᠯᠡᠰ ᠤᠨ ᠠᠮᠢᠲᠠᠨ ᠢ ᠨᠠᠷᠢᠯᠢᠭ ᠡᠳ᠋ᠰᠢᠭᠦᠯᠬᠦ᠃ ᠠᠯᠠᠱᠠ ᠶᠢᠨ ᠬᠤᠣᠰ | ᠪᠥᠬᠦᠲᠦ ᠲᠡᠮᠡᠭᠡ᠂ ᠴᠠᠭᠠᠨ ᠨᠣᠯᠤᠥᠷ ᠤᠨ ᠢᠮᠠᠭ᠎ᠠ ᠪᠠᠷ ᠭᠤᠣᠯ ᠪᠣᠯᠭᠠᠭᠰᠠᠨ ᠨᠣᠯᠤᠥᠷ ᠤᠨ ᠨᠠᠷᠢᠯᠢᠭ ᠨᠡᠬᠡᠮᠡᠯ ᠡᠳ᠋᠂ | ᠬᠦᠢᠲᠡᠨ ᠰᠣᠷᠭᠤᠭ ᠢᠳᠡᠭᠡᠨ ᠵᠢᠴᠢ ᠲᠥᠬᠦᠮ ᠮᠢᠬᠠᠨ ᠤ ᠢᠳᠡᠭᠡᠨ᠂ ᠴᠠᠭᠠᠨ ᠢᠳᠡᠭᠡ ᠰᠤᠷᠭᠠᠯᠲᠠ ᠳᠤ | ᠬᠠᠮᠤᠷᠤᠭᠤᠯᠬᠤ ᠵᠡᠷᠭᠡ ᠪᠠᠭᠲᠠᠨ᠎ᠠ᠃ | | ︵ᠭᠤᠷᠪᠠ︶ ᠮᠣᠩᠭᠤᠯ ᠬᠢᠲᠠᠳ ᠡᠮ ᠡᠮᠨᠡᠯᠭᠡ ᠬᠢᠭᠡᠳ ᠠᠮᠢᠳᠤ ᠪᠣᠳᠠᠰ ᠤᠨ ᠪᠦᠲᠦᠭᠡᠭᠳᠡᠬᠦᠨ᠃ ᠴᠠᠭᠠᠨ | ᠭᠤᠶᠣᠣ᠂ ᠤᠯᠠᠭᠠᠨ ᠭᠤᠶᠣᠣ᠂ ᠰᠢᠬᠢᠷ ᠡᠪᠡᠰᠦ᠂ ᠰᠢᠬᠢᠷ ᠪᠤᠶᠠ᠂ ᠪᠥᠭᠡᠷᠡᠭ ᠤᠨ ᠥᠰᠦᠭ᠂ ᠬᠠᠷ᠎ᠠ ᠵᠢᠮᠢᠰᠲᠦ | ᠴᠢᠨ᠋ᠸ᠎ᠠ ᠶᠢᠨ ᠬᠠᠷᠮᠠᠭ᠂ ᠬᠡᠭᠡᠷ᠎ᠡ ᠶᠢᠨ ᠲᠢᠲᠢᠮ ᠵᠢᠮᠢᠰ ᠵᠡᠷᠭᠡ ᠬᠤᠪᠣᠷ ᠨᠠᠨᠳᠢᠨ ᠡᠯᠡᠰᠦᠨ ᠤ ᠡᠮ ᠳᠤ ᠣᠷᠣᠬᠤ | ᠤᠷᠭᠤᠮᠠᠯ ᠤᠨ ᠡᠬᠢ ᠪᠠᠶᠠᠯᠢᠭ ᠲᠤ ᠲᠦᠰᠢᠭᠯᠡᠨ ᠲᠦᠭᠦᠬᠡᠢ ᠮᠠᠲ᠋ᠧᠷᠢᠶᠠᠯ ᠪᠣᠯᠭᠠᠵᠤ᠂ ᠣᠨᠴᠠᠯᠢᠭᠲᠤ ᠲᠦᠭᠦᠬᠡᠢ | ᠮᠠᠲ᠋ᠧᠷᠢᠶᠠᠯ ᠤᠨ ᠡᠮ ᠪᠠ ᠮᠣᠩᠭᠤᠯ ᠬᠢᠲᠠᠳ ᠡᠮ ᠵᠡᠷᠭᠡ ᠶᠢ ᠰᠤᠳᠤᠯᠤᠨ ᠨᠡᠭᠡᠭᠡᠵᠦ ᠦᠢᠯᠡᠳᠪᠦᠷᠢᠯᠡᠨ᠎ᠡ︔ ᠵᠢᠩᠬᠢᠨᠢ | ᠡᠮ ᠤᠨ ᠮᠠᠲ᠋ᠧᠷᠢᠶᠠᠯ᠂ ᠬᠢᠲᠠᠳ ᠬᠡᠷᠴᠢᠮ ᠡᠮ ᠠᠴᠠ ᠭᠠᠷᠭᠠᠵᠤ ᠠᠪᠤᠭᠰᠠᠨ ᠪᠣᠳᠠᠰ᠂ ᠳᠠᠪᠤᠰᠤᠨ ᠨᠠᠭᠤᠷ ᠤᠨ | ᠳᠠᠪᠤᠰᠤᠨ ᠵᠠᠮᠠᠭ ᠤᠨ ᠡᠬᠢ ᠪᠠᠶᠠᠯᠢᠭ ᠢᠶᠠᠷ ᠲᠦᠭᠦᠬᠡᠢ ᠮᠠᠲ᠋ᠧᠷᠢᠶᠠᠯ ᠪᠣᠯᠭᠠᠭᠰᠠᠨ ᠢᠳᠡᠭᠡᠨ ᠤ ᠨᠡᠮᠡᠯᠲᠡ ᠡᠳ᠋᠂ | ᠪᠠᠶᠢᠭᠠᠯᠢ ᠶᠢᠨ ᠵᠢᠰᠦ ᠭᠤᠶᠣᠯᠠᠬᠤ ᠭᠤᠶᠣᠯᠠᠯ ᠤᠨ ᠡᠳ᠋ ᠵᠡᠷᠭᠡ ᠠᠮᠢᠳᠤ ᠪᠣᠳᠠᠰ ᠤᠨ ᠡᠮ ᠡᠮᠨᠡᠯᠭᠡ ᠶᠢᠨ ᠡᠭᠦᠰᠦᠮᠡᠯ | ᠡᠳ᠋ ᠢ ᠰᠤᠳᠤᠯᠤᠨ ᠨᠡᠭᠡᠭᠡᠨ᠎ᠡ᠃ | | | ︵ᠲᠦᠷᠪᠡ︶ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ᠃ ᠰᠤᠳᠤᠯᠤᠨ ᠨᠡᠭᠡᠭᠡᠵᠦ | ᠵᠢᠷᠤᠭᠯᠠᠨ ᠲᠥᠯᠥᠪᠯᠡᠬᠦ᠂ ᠪᠠᠶᠢᠴᠠᠭᠠᠨ ᠬᠡᠮᠵᠢᠵᠦ ᠰᠢᠯᠭᠠᠨ ᠪᠠᠶᠢᠴᠠᠭᠠᠬᠤ᠂ ᠮᠡᠷᠭᠡᠵᠢᠯ ᠳᠡᠯᠭᠡᠷᠡᠭᠦᠯᠬᠦ᠂ ᠰᠢᠨᠵᠢᠯᠡᠬᠦ | ᠤᠬᠠᠭᠠᠨ ᠮᠡᠷᠭᠡᠵᠢᠯ ᠤᠨ ᠦᠢᠯᠡᠴᠢᠯᠡᠭᠡ᠂ ᠪᠡᠯᠡᠨ ᠪᠠᠷᠠᠭ᠎ᠠ ᠶᠢᠨ ᠠᠷᠠᠯᠵᠢᠶᠠᠨ ᠤ ᠲᠠᠪᠴᠠᠩ᠂ ᠣᠯᠠᠨ ᠤᠯᠤᠰ ᠤᠨ | ᠬᠤᠭᠤᠴᠠᠭᠠᠲᠤ ᠪᠠᠷᠠᠭ᠎ᠠ ᠶᠢᠨ ᠠᠷᠠᠯᠵᠢᠶ᠎ᠠ᠂ ᠬᠤᠷᠠᠯ ᠦᠵᠡᠰᠬᠦᠯᠡᠩ ᠤᠨ ᠦᠢᠯᠡᠴᠢᠯᠡᠭᠡ᠂ ᠣᠳᠣᠬᠢᠴᠢᠯᠠᠭᠰᠠᠨ | ᠪᠠᠷᠠᠭ᠎ᠠ ᠶᠢᠨ ᠭᠦᠢᠯᠭᠡᠭᠡᠨ᠂ ᠲᠤᠰᠬᠠᠶ ᠵᠠᠬ᠎ᠠ ᠳᠡᠯᠭᠡᠭᠦᠷ᠂ ᠴᠠᠬᠢᠮ ᠬᠤᠳᠠᠯᠳᠤᠭᠠᠨ ᠤ ᠶᠠᠪᠤᠳᠠᠯ᠂ ᠳ᠋ᠠᠶᠢᠲ᠋ᠠ ᠶᠢᠨ | ᠲᠠᠪᠴᠠᠩ᠂ ᠦᠨᠳᠦᠰᠦᠲᠡᠨ ᠤ ᠣᠨᠴᠠᠯᠢᠭᠲᠤ ᠭᠠᠷ ᠤᠷᠠᠯᠠᠯ᠂ ᠦᠨᠳᠦᠰᠦᠲᠡᠨ ᠤ ᠰᠣᠶᠣᠯ ᠤᠨ ᠪᠦᠲᠦᠭᠡᠯᠴᠢ ᠰᠠᠨᠠᠭ᠎ᠠ | ᠂ ᠮᠡᠳᠡᠭᠡ ᠵᠠᠩᠭᠢ ᠶᠢᠨ ᠦᠢᠯᠡᠴᠢᠯᠡᠭᠡ᠂ ᠡᠷᠡᠭᠦᠯ ᠮᠡᠨᠳᠦ ᠶᠢᠨ ᠦᠢᠯᠡᠴᠢᠯᠡᠭᠡ ᠵᠡᠷᠭᠡ ᠪᠤᠯᠤᠨ᠎ᠠ᠃ | ᠃ | | ︵ᠲᠠᠪᠤ︶ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠥᠬᠦ ᠠᠶᠢᠮᠠᠭ ᠤᠨ ᠵᠣᠷᠢᠭᠵᠢᠭᠤᠯᠤᠨ ᠬᠥᠭᠵᠢᠭᠦᠯᠬᠦ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ︔ ᠠᠮᠢ ᠠᠬᠤᠢ ᠶᠢᠨ ᠠᠵᠤ | ᠦᠢᠯᠡᠰ᠂ ᠡᠷᠡᠭᠦᠯ ᠮᠡᠨᠳᠦ ᠶᠢᠨ ᠠᠵᠤ ᠦᠢᠯᠡᠰ ᠲᠤ ᠨᠡᠶᠢᠴᠡᠬᠦ ᠪᠤᠰᠤᠳ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ᠃ | | | | ᠭᠤᠷᠪᠠᠳᠤᠭᠠᠷ ᠪᠦᠯᠦᠭ ᠣᠷᠣᠬᠤ ᠶᠢ ᠵᠥᠪᠰᠢᠶᠡᠷᠡᠬᠦ ᠨᠥᠬᠦᠴᠡᠯ | | | ᠵᠢᠷᠭᠤᠳᠤᠭᠠᠷ ᠵᠦᠢᠯ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠬᠦᠷᠢᠶᠡᠯᠡᠩ ᠳᠤ ᠣᠷᠣᠬᠤ | ᠲᠥᠷᠥᠯ ᠵᠦᠢᠯ ᠨᠢ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ᠠᠵᠢᠯ ᠲᠥᠷᠥᠯ ᠤᠨ | ᠵᠥᠪᠰᠢᠶᠡᠷᠡᠨ ᠣᠷᠣᠭᠤᠯᠬᠤ ᠪᠠᠷᠢᠮᠵᠢᠶ᠎ᠠ ᠳᠤ ᠨᠡᠶᠢᠴᠡᠵᠦ᠂ ᠵᠣᠬᠢᠬᠤ ᠪᠡᠯᠡ ᠮᠥᠩᠭᠦ ᠶᠢᠨ ᠪᠠᠲᠤᠯᠠᠭ᠎ᠠ ᠲᠠᠢ ᠮᠥᠷᠲᠡᠭᠡᠨ | ᠪᠡᠯᠡ ᠮᠥᠩᠭᠦ ᠶᠢᠨ ᠢᠷᠡᠯᠲᠡ ᠨᠢ ᠲᠣᠳᠣᠷᠬᠠᠢ ᠪᠥᠭᠡᠳ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄ | | ︵ᠨᠢᠭᠡ︶ ᠵᠥᠪᠰᠢᠶᠡᠷᠡᠨ ᠣᠷᠣᠭᠤᠯᠬᠤ ᠦᠨᠳᠦᠰᠦᠨ ᠨᠥᠬᠦᠴᠡᠯ | | 1. ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠢ ᠲᠥᠯᠦᠪᠵᠢᠭᠦᠯᠭᠡ ᠪᠠ | ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠳᠤ ᠨᠡᠶᠢᠴᠡᠭᠰᠡᠨ ᠪᠠᠶᠢᠬᠤ ᠬᠡᠷᠡᠭᠲᠡᠢ᠃ | | 2. ᠴᠡᠴᠡᠷᠯᠢᠭ ᠲᠤ ᠣᠷᠣᠬᠤ ᠲᠥᠷᠥᠯ ᠵᠦᠢᠯ ᠢ ᠡᠷᠬᠡᠪᠰᠢ ᠠᠯᠠᠱᠠ ᠵᠡᠭᠦᠨ ᠬᠤᠰᠢᠭᠤᠨ ᠳᠤ ᠠᠵᠤ | ᠦᠢᠯᠡᠳᠪᠦᠷᠢ ᠬᠤᠳᠠᠯᠳᠤᠭ᠎ᠠ᠂ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠬᠢᠯᠭᠡᠬᠦ ᠬᠡᠷᠡᠭᠲᠡᠢ᠃ | | 3. ᠴᠡᠴᠡᠷᠯᠢᠭ ᠲᠤ ᠣᠷᠣᠬᠤ ᠲᠥᠷᠥᠯ ᠵᠦᠢᠯ ᠨᠢ ᠡᠷᠬᠡᠪᠰᠢ ᠬᠦᠷᠢᠶᠡᠯᠡᠩ ᠲᠣᠭᠤᠷᠢᠭ ᠤᠨ | ᠲᠥᠯᠦᠪᠵᠢᠭᠦᠯᠭᠡ ᠶᠢᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢᠨ ᠶᠡᠷᠦᠩᠬᠡᠢ | ᠱᠠᠭᠠᠷᠳᠠᠯᠭ᠎ᠠ ᠳᠤ ᠨᠡᠶᠢᠴᠡᠬᠦ ᠶᠢᠨ ᠬᠠᠮᠲᠤ᠂ ᠲᠥᠷᠥᠯ ᠵᠦᠢᠯ ᠤᠨ ᠣᠷᠴᠢᠨ ᠲᠣᠭᠤᠷᠢᠨ ᠳᠤ ᠦᠵᠡᠭᠦᠯᠬᠦ | ᠨᠥᠯᠥᠭᠡ ᠶᠢᠨ ᠦᠨᠡᠯᠡᠯᠲᠡ ᠶᠢᠨ ᠭᠠᠷᠳᠠᠮ ᠢ ᠭᠦᠢᠴᠡᠳᠬᠡᠵᠦ᠂ ᠬᠤᠴᠤᠷᠤᠩᠭᠤᠢ ᠦᠢᠯᠡᠳᠪᠦᠷᠢᠯᠡᠯ ᠤᠨ ᠤᠷ᠎ᠠ | ᠮᠡᠷᠭᠡᠰᠢᠯ ᠦᠭᠡᠢ᠂ ᠬᠠᠭᠤᠴᠢᠷᠠᠭᠰᠠᠨ ᠲᠥᠬᠦᠭᠡᠷᠦᠮᠵᠢ ᠦᠭᠡᠢ ᠪᠠᠶᠢᠬᠤ ᠬᠡᠷᠡᠭᠲᠡᠢ᠃ | | 4. ᠴᠡᠴᠡᠷᠯᠢᠭ ᠲᠤ ᠣᠷᠣᠬᠤ ᠲᠥᠷᠥᠯ ᠵᠦᠢᠯ ᠳᠤ ᠡᠷᠬᠡᠪᠰᠢ ᠣᠷᠴᠢᠨ ᠲᠣᠭᠤᠷᠢᠨ ᠤ ᠬᠠᠮᠠᠭᠠᠯᠠᠯᠲᠠ᠂ | ᠠᠶᠦᠯᠭᠦᠢ ᠦᠢᠯᠡᠳᠪᠦᠷᠢᠯᠡᠯ ᠵᠢᠴᠢ ᠭᠠᠯ ᠲᠦᠢᠮᠡᠷ ᠢ ᠤᠨᠲᠠᠷᠠᠭᠠᠬᠤ ᠬᠤᠯᠪᠣᠭᠳᠠᠬᠤ ᠲᠣᠭᠲᠠᠭᠠᠯ ᠢ ᠴᠢᠩᠭ᠎ᠠ ᠵᠢᠷᠤᠮᠯᠠᠬᠤ | ᠬᠡᠷᠡᠭᠲᠡᠢ᠃ | | 5. ᠭᠠᠵᠠᠷ ᠡᠵᠡᠯᠡᠬᠦ ᠬᠡᠪᠴᠢᠶ᠎ᠡ ᠨᠢ 20 ᠮᠦ ᠠᠴᠠ ᠶᠡᠭᠡ ᠪᠠᠶᠢᠬᠤ ᠬᠦᠷᠢᠶᠡᠯᠡᠩ ᠳᠤ ᠣᠷᠣᠬᠤ ᠲᠥᠷᠥᠯ | ᠵᠦᠢᠯ ᠳᠤ᠂ ᠣᠷᠣᠨ ᠨᠤᠲᠤᠭ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠳᠤ ᠵᠣᠬᠢᠬᠤ ᠪᠠᠯᠠ ᠣᠷᠣᠭᠤᠯᠤᠯᠲᠠ | ᠂ ᠭᠠᠶᠢᠯᠢ ᠲᠠᠲᠠᠪᠤᠷᠢ ᠪᠠ ᠠᠵᠢᠯ ᠣᠯᠭᠤᠯᠲᠠ ᠶᠢᠨ ᠬᠤᠪᠢ ᠨᠡᠮᠡᠷᠢ ᠲᠠᠢ ᠪᠠᠶᠢᠬᠤ ᠶᠢ ᠱᠠᠭᠠᠷᠳᠠᠪᠠ᠂ ᠲᠤᠬᠠᠶᠢᠯᠠᠪᠠᠯ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ 3000 ᠲᠦᠮᠡᠨ ᠲᠥᠭᠦᠷᠢᠭ ᠠᠴᠠ ᠳᠤᠲᠠᠭᠤ ᠪᠠᠶᠢᠵᠤ | ᠪᠣᠯᠬᠤ ᠥᠬᠡᠶ᠂ ᠵᠢᠯ ᠪᠦᠷᠢ ᠶᠢᠨ ᠭᠠᠶᠢᠯᠢ ᠶᠢᠨ ᠮᠥᠩᠭᠦ ᠶᠢ ᠮᠥ ᠪᠦᠷᠢ ᠳᠤ 10 ᠲᠦᠮᠡᠨ ᠲᠥᠭᠦᠷᠢᠭ ᠠᠴᠠ ᠳᠤᠲᠠᠭᠤ | ᠪᠠᠶᠢᠯᠭᠠᠵᠤ ᠪᠣᠯᠬᠤ ᠥᠬᠡᠶ︔ ᠬᠡᠷᠡᠭᠯᠡᠬᠦ ᠭᠠᠵᠠᠷ ᠤᠨ ᠬᠡᠪᠴᠢᠶ᠎ᠡ ᠨᠢ 20 ᠮᠥ ᠠᠴᠠ ᠪᠠᠭ᠎ᠠ ᠪᠠᠶᠢᠬᠤ ᠵᠢᠵᠢᠭ ᠪᠢᠴᠢᠯ | ᠠᠵᠤ ᠠᠬᠤᠶᠢᠯᠠᠯ ᠪᠠ ᠠᠩᠬ᠎ᠠ ᠡᠭᠦᠳᠬᠦ ᠲᠥᠷᠥᠯ ᠵᠦᠢᠯ ᠳᠤ ᠵᠠᠷᠴᠢᠮ ᠳᠡᠭᠡᠷ᠎ᠡ ᠪᠠᠨ ᠵᠣᠬᠢᠬᠤ ᠥᠰᠥᠯᠲᠡ ᠶᠢᠨ | ᠴᠢᠨᠠᠷ ᠢ ᠪᠦᠷᠢᠯᠳᠦᠭᠦᠯᠵᠦ᠂ ᠮᠥ ᠪᠦᠷᠢ ᠶᠢᠨ ᠪᠠᠯᠠ ᠣᠷᠣᠭᠤᠯᠤᠯᠲᠠ ᠶᠢᠨ ᠬᠦᠴᠦᠯᠡᠴᠡ ᠨᠢ 80 ᠲᠦᠮᠡᠨ | ᠲᠥᠭᠦᠷᠢᠭ ᠠᠴᠠ ᠳᠤᠲᠠᠭᠤ ᠪᠠᠶᠢᠵᠤ ᠪᠣᠯᠬᠤ ᠥᠬᠡᠶ︔ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠨᠢ 10 | ᠮᠦ ᠠᠴᠠ ᠪᠠᠭ᠎ᠠ ᠪᠠᠶᠢᠬᠤ ᠵᠢᠵᠢᠭ ᠪᠢᠴᠢᠯ ᠠᠵᠤ ᠠᠬᠤᠶᠢᠯᠠᠯ ᠪᠠ ᠠᠩᠬ᠎ᠠ ᠡᠭᠦᠳᠬᠦ ᠲᠥᠷᠥᠯ ᠵᠦᠢᠯ ᠢ ᠨᠡᠪᠴᠢᠭᠦᠯᠦᠨ | ᠣᠷᠣᠭᠤᠯᠬᠤ ᠶᠢ ᠵᠣᠷᠢᠭᠵᠢᠭᠤᠯᠤᠨ᠎ᠠ︔ ᠡᠭᠦᠨ ᠳᠤ ᠤᠯᠤᠰ ᠤᠨ ᠪᠠ ᠮᠤᠵᠢ ᠶᠠᠮᠤᠨ ᠤ ᠲᠠᠰ ᠤᠨ ᠭᠤᠤᠯᠳᠠᠯᠭ᠎ᠠ ᠲᠠᠢ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠠᠵᠤ ᠦᠢᠯᠡᠰᠵᠢᠭᠦᠯᠦᠭᠰᠡᠨ | ᠳᠡᠭᠡᠳᠦ ᠰᠢᠨ᠎ᠡ ᠮᠡᠷᠭᠡᠵᠢᠯ ᠤᠨ ᠲᠥᠷᠥᠯ ᠵᠦᠢᠯ ᠢ ᠳᠡᠭᠡᠷ᠎ᠡ ᠳᠤᠷᠠᠳᠤᠭᠰᠠᠨ ᠪᠠᠷᠢᠮᠵᠢᠶ᠎ᠠ ᠶᠣᠰᠣᠭᠠᠷ ᠵᠣᠬᠢᠰᠲᠠᠶ | ᠠᠭᠤᠵᠢᠭᠤ ᠲᠠᠯᠪᠢᠬᠤ ᠬᠡᠷᠡᠭᠲᠡᠶ᠃ | | 6. ᠪᠡᠯᠡ ᠣᠷᠣᠭᠤᠯᠤᠯᠲᠠ ᠶᠢᠨ ᠬᠡᠪᠴᠢᠶ᠎ᠡ ᠨᠢ ᠳ᠋ᠦᠩᠰᠢᠭᠤᠷ ᠲᠥᠭᠦᠷᠢᠭ ᠢ ᠳᠠᠪᠠᠭᠰᠠᠨ ᠮᠥᠷᠲᠡᠭᠡᠨ ᠪᠡᠯᠡ | ᠣᠷᠣᠭᠤᠯᠤᠯᠲᠠ ᠶᠢᠨ ᠬᠦᠴᠦᠯᠡᠴᠡ ᠨᠢ 200 ᠲᠦᠮᠡᠨ ᠲᠥᠭᠦᠷᠢᠭ/ᠮᠦ ᠠᠴᠠ ᠳᠡᠭᠡᠭᠰᠢ᠂ ᠪᠥᠬᠦ ᠬᠤᠰᠢᠭᠤᠨ ᠤ | ᠠᠵᠤ ᠠᠬᠤᠢ ᠶᠢᠨ ᠳᠠᠶᠢᠴᠢᠯᠠᠬᠤ ᠦᠢᠯᠡᠳᠦᠯ ᠢᠶᠠᠷ ᠢᠯᠡᠷᠬᠡᠢ ᠲᠥᠷᠥᠯ ᠵᠦᠢᠯ ᠳᠤ᠂ ︽ᠨᠢᠭᠡ ᠬᠡᠷᠡᠭ ᠢ ᠨᠢᠭᠡ ᠵᠥᠪᠯᠡᠬᠦ | ︾ ᠵᠠᠷᠴᠢᠮ ᠶᠣᠰᠣᠭᠠᠷ᠂ ᠠᠯᠠᠱᠠ ᠵᠡᠭᠦᠨ ᠬᠤᠰᠢᠭᠤᠨ ᠤ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠲᠤᠰᠬᠠᠢ ᠲᠥᠷᠥᠯ ᠢᠶᠠᠷ ᠲᠦᠯᠬᠢᠨ ᠠᠬᠢᠭᠤᠯᠬᠤ ᠤᠳᠤᠷᠢᠳᠬᠤ ᠳᠤᠭᠤᠶᠢᠯᠠᠩ ᠠᠴᠠ | ᠳᠡᠮᠵᠢᠬᠦ ᠠᠭᠤᠯᠭ᠎ᠠ᠂ ᠬᠦᠷᠢᠶ᠎ᠡ ᠬᠡᠪᠴᠢᠶ᠎ᠡ ᠵᠡᠷᠭᠡ ᠲᠠᠯ᠎ᠠ ᠪᠠᠷ ᠨᠠᠩ ᠢᠯᠡᠭᠦᠦ ᠬᠠᠷᠠᠭᠠᠯᠵᠠᠯ ᠦᠵᠡᠭᠦᠯᠬᠦ ᠲᠥᠷᠥ ᠶᠢᠨ | ᠪᠣᠳᠣᠯᠭ᠎ᠠ ᠶᠢ ᠰᠤᠳᠤᠯᠤᠨ ᠲᠣᠭᠲᠠᠭᠠᠨ᠎ᠠ᠃ | | ︵ᠬᠤᠶᠠᠷ︶ ᠤᠷᠢᠳᠠᠪᠠᠷ ᠵᠥᠪᠰᠢᠶᠡᠷᠡᠨ ᠣᠷᠣᠭᠤᠯᠬᠤ ᠨᠥᠬᠦᠴᠡᠯ | | ᠵᠥᠪᠰᠢᠶᠡᠷᠡᠨ ᠣᠷᠣᠭᠤᠯᠬᠤ ᠦᠨᠳᠦᠰᠦᠨ ᠨᠥᠬᠦᠴᠡᠯ ᠳᠤ ᠨᠡᠶᠢᠴᠡᠭᠰᠡᠨ ᠤᠷᠢᠲᠠᠯ ᠤᠨ ᠳᠣᠣᠷ᠎ᠠ᠂ ᠳᠣᠣᠷᠠᠬᠢ | ᠨᠥᠬᠦᠴᠡᠯ ᠤᠨ ᠨᠢᠭᠡ ᠳᠤ ᠬᠥᠷᠥᠭᠰᠡᠨ ᠲᠥᠷᠥᠯ ᠵᠦᠢᠯ ᠳᠤ ᠤᠷᠢᠳᠠᠪᠠᠷ ᠵᠥᠪᠰᠢᠶᠡᠷᠡᠨ ᠣᠷᠣᠭᠤᠯᠬᠤ ᠬᠡᠷᠡᠭᠲᠡᠢ᠃ | | 1. ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠤᠢ ᠪᠣᠯᠤᠭᠰᠠᠨ ᠠᠵᠤ ᠦᠢᠯᠡᠰ ᠤᠨ | ᠭᠤᠣᠯᠳᠠᠯᠭ᠎ᠠ ᠲᠠᠢ ᠦᠢᠯᠡᠳᠬᠦᠨ ᠪᠣᠯᠣᠨ ᠦᠢᠯᠡᠴᠢᠯᠡᠭᠡᠨ ᠤ ᠵᠢᠯᠤᠭᠤᠳᠬᠤ ᠭᠠᠷᠴᠠᠭ ᠲᠤ ᠬᠠᠷᠢᠶᠠᠯᠠᠭᠳᠠᠬᠤ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ᠃ | | 2. ᠥᠩᠭᠡᠷᠡᠭᠰᠡᠨ ᠬᠤᠭᠤᠴᠠᠭᠠᠨ ᠤ ᠠᠯᠠᠱᠠ ᠶᠢᠨ ᠪᠥᠬᠦ ᠤᠯᠤᠰ ᠤᠨ ᠡᠯᠡᠰᠦᠨ ᠤ ᠠᠵᠤ ᠦᠢᠯᠡᠰ ᠤᠨ | ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠤᠷᠤᠯᠳᠤᠭᠠᠨ ᠤ ᠱᠠᠩᠨᠠᠯ ᠭᠥᠷᠳᠡᠭᠰᠡᠨ ᠲᠥᠷᠥᠯ ᠵᠦᠢᠯ᠃ | | 3. ᠳᠡᠯᠡᠬᠡᠢ ᠶᠢᠨ 500 ᠬᠦᠴᠦᠷᠬᠡᠭ ᠠᠵᠤ ᠠᠬᠤᠶᠢᠯᠠᠯ᠂ ᠳᠤᠮᠳᠠᠳᠤ ᠤᠯᠤᠰ ᠤᠨ 500 ᠬᠦᠴᠦᠷᠬᠡᠭ | ᠠᠵᠤ ᠠᠬᠤᠶᠢᠯᠠᠯ ᠪᠤᠶᠤ ᠳᠤᠮᠳᠠᠳᠤ ᠤᠯᠤᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 500 | ᠬᠦᠴᠦᠷᠬᠡᠭ ᠠᠵᠤ ᠠᠬᠤᠶᠢᠯᠠᠯ ᠤᠨ ᠪᠡᠯᠡ ᠣᠷᠣᠭᠤᠯᠤᠭᠰᠠᠨ ᠲᠥᠷᠥᠯ ᠵᠦᠢᠯ᠃ | | 4. ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ᠂ ᠤᠯᠤᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠵᠦᠢᠯ ︵ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ 2030 — ᠴᠢᠬᠤᠯᠠ ᠶᠡᠭᠡ ᠲᠥᠷᠥᠯ ᠵᠦᠢᠯ︶᠂ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ | ᠲᠥᠯᠥᠪᠯᠡᠭᠡ᠂ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠥᠨ ᠵᠢᠯᠤᠭᠤᠳᠬᠤ ᠲᠤᠰᠬᠠᠢ ᠵᠦᠢᠯ ︵ᠰᠠᠭᠤᠷᠢ | ᠮᠥᠩᠭᠦ︶ ᠵᠢᠴᠢ ᠰᠠᠭᠤᠷᠢᠨ ᠭᠠᠵᠠᠷ ᠪᠠ ᠴᠢᠳᠠᠪᠤᠷᠢᠲᠠᠨ ᠤ ᠲᠤᠰᠬᠠᠢ ᠵᠦᠢᠯ ᠵᠡᠷᠭᠡ ᠤᠯᠤᠰ ᠤᠨ ᠲᠠᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠡᠭᠦᠷᠭᠡᠯᠡᠵᠦ ᠥᠩᠭᠡᠷᠡᠪᠡ᠃ | | 5. ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ | ᠤᠯᠠᠷᠢᠭᠤᠯᠬᠤ ᠲᠥᠯᠥᠪᠯᠡᠭᠡ ᠶᠢᠨ ᠲᠥᠷᠥᠯ ᠵᠦᠢᠯ᠂ ᠠᠯᠠᠱᠠ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠥᠯᠥᠪᠯᠡᠭᠡ ᠶᠢᠨ ᠲᠥᠷᠥᠯ ᠵᠦᠢᠯ ᠢ ᠡᠭᠦᠷᠭᠡᠯᠡᠵᠦ ᠥᠩᠭᠡᠷᠡᠪᠡ᠃ | | 6. ᠣᠶᠢᠷ᠎ᠠ ᠶᠢᠨ ᠭᠤᠷᠪᠠᠨ ᠵᠢᠯ ᠳᠤ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠲᠠᠢ ᠴᠢᠬᠤᠯᠠ ᠶᠡᠭᠡ ᠠᠩᠬᠠᠨ ᠤ ᠡᠭᠦᠳᠦᠯᠲᠡ ᠶᠢᠨ ᠲᠤᠰᠬᠠᠢ ᠠᠰᠢᠭ ᠤᠨ ᠮᠡᠷᠭᠡᠵᠢᠯ ᠨᠢ ᠮᠤᠵᠢ ᠶᠠᠮᠤᠨ ᠤ ᠲᠠᠰ | ᠠᠴᠠ ᠳᠡᠭᠡᠭᠰᠢᠬᠢ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠪᠤᠶᠤ ᠢᠷᠠᠭᠤ ᠠᠯᠳᠠᠷ ᠤᠨ ᠴᠣᠯᠠ ᠭᠥᠷᠳᠡᠵᠦ᠂ | ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠰᠠᠭᠤᠷᠢ ᠣᠨᠣᠯ ᠤᠨ ᠰᠤᠳᠤᠯᠭᠠᠨ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠬᠤᠪᠢᠷᠠᠭᠤᠯᠤᠯᠲᠠ ᠶᠢ ᠠᠬᠢᠭᠤᠯᠬᠤ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ᠂ ᠢᠯᠡᠳᠲᠡ ᠠᠵᠤ | ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠤᠶᠤ ᠠᠮᠢ ᠠᠬᠤᠢ ᠶᠢᠨ ᠦᠷ᠎ᠡ ᠠᠰᠢᠭ ᠢ ᠡᠭᠦᠳᠦᠭᠰᠡᠨ | ᠲᠥᠷᠥᠯ ᠵᠦᠢᠯ᠃ | | ︵ᠭᠤᠷᠪᠠ︶ ᠵᠥᠪᠰᠢᠶᠡᠷᠡᠨ ᠣᠷᠣᠭᠤᠯᠬᠤ ᠨᠥᠬᠦᠴᠡᠯ ᠢ ᠬᠠᠲᠠᠭᠤ ᠬᠤᠷᠢᠭᠯᠠᠬᠤ ᠬᠡᠷᠡᠭᠲᠡᠢ | | 1. ᠤᠯᠤᠰ ᠪᠤᠶᠤ ᠥᠪᠡᠷᠲᠡᠭᠡᠨ ᠵᠠᠰᠠᠬᠤ ᠣᠷᠣᠨ ᠠᠴᠠ ᠰᠢᠭᠰᠢᠭᠳᠡᠭᠦᠯᠬᠦ ᠪᠠᠷ ᠲᠣᠳᠣᠷᠬᠠᠶᠢᠯᠠᠭᠰᠠᠨ | ᠬᠤᠴᠤᠷᠤᠩᠭᠤᠢ ᠦᠢᠯᠡᠳᠪᠦᠷᠢᠯᠡᠬᠦ ᠴᠢᠳᠠᠪᠤᠷᠢ ᠶᠢ ᠴᠡᠴᠡᠷᠯᠢᠭ ᠲᠤ ᠣᠷᠣᠭᠤᠯᠵᠤ ᠪᠣᠯᠬᠤ ᠦᠭᠡᠢ᠃ | | 2. ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠤ ᠠᠵᠤ ᠦᠢᠯᠡᠰ ᠤᠨ | ᠵᠥᠪᠰᠢᠶᠡᠷᠡᠨ ᠣᠷᠣᠭᠤᠯᠬᠤ ᠨᠠᠵᠠᠭᠠᠢ ᠲᠠᠯ᠎ᠠ ᠶᠢᠨ ᠨᠠᠷᠢᠨ ᠬᠠᠭᠤᠳᠠᠰᠤ ᠶᠢᠨ ᠬᠤᠷᠢᠭᠯᠠᠬᠤ ᠲᠥᠷᠥᠯ ᠤᠨ ᠲᠥᠷᠥᠯ | ᠵᠦᠢᠯ ᠢ ᠴᠡᠴᠡᠷᠯᠢᠭ ᠲᠤ ᠣᠷᠣᠭᠤᠯᠵᠤ ᠪᠣᠯᠬᠤ | | 3. ᠭᠤᠷᠪᠠᠨ ᠵᠢᠯ ᠤᠨ ᠳᠣᠲᠣᠷ᠎ᠠ ᠬᠦᠨᠳᠦ ᠬᠡᠴᠡᠭᠦᠦ ᠬᠠᠷᠢᠭᠤᠴᠠᠯᠭ᠎ᠠ ᠶᠢᠨ ᠠᠳᠡᠯ᠂ ᠦᠢᠯᠡᠳᠪᠦᠷᠢᠯᠡᠯ ᠤᠨ | ᠴᠢᠨᠠᠷᠲᠠᠢ ᠠᠮᠤᠷ ᠲᠦᠪᠰᠢᠨ ᠤ ᠠᠳᠡᠯ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠵᠢᠴᠢ ᠬᠠᠤᠯᠢ ᠠᠴᠠ ᠬᠦᠨᠳᠦ ᠨᠣᠴᠢᠲᠠᠢ ᠵᠥᠷᠢᠴᠡᠭᠰᠡᠨ | ᠠᠵᠤ ᠠᠬᠤᠶᠢᠯᠠᠯ ᠤᠨ ᠨᠡᠷᠡᠰ ᠲᠤ ᠵᠢᠭᠰᠠᠭᠠᠭᠳᠠᠭᠰᠠᠨ ᠠᠵᠤ ᠠᠬᠤᠶᠢᠯᠠᠯ ᠢ ᠴᠡᠴᠡᠷᠯᠢᠭ ᠲᠤ ᠣᠷᠣᠭᠤᠯᠵᠤ ᠪᠣᠯᠬᠤ | ᠦᠭᠡᠢ᠃ | | ᠳᠣᠯᠣᠳᠤᠭᠠᠷ ᠵᠦᠢᠯ ᠬᠦᠷᠢᠶᠡᠯᠡᠩ ᠲᠣᠭᠤᠷᠢᠭ ᠲᠤ ᠣᠷᠣᠬᠤ ᠪᠠᠷ ᠭᠤᠶᠤᠴᠢᠯᠠᠬᠤ ᠲᠥᠷᠥᠯ ᠵᠦᠢᠯ ᠳᠤ᠂ | ᠠᠯᠠᠱᠠ ᠵᠡᠭᠦᠨ ᠬᠤᠰᠢᠭᠤᠨ ᠤ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠲᠤᠰᠬᠠᠢ ᠵᠦᠢᠯ ᠢᠶᠠᠷ ᠠᠬᠢᠭᠤᠯᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠳᠣᠣᠷᠠᠬᠢ ᠮᠠᠲ᠋ᠧᠷᠢᠶᠠᠯ ᠤᠳ ᠢ | ᠲᠤᠰᠢᠶᠠᠬᠤ ᠬᠡᠷᠡᠭᠲᠡᠢ᠄ | | ︵ᠨᠢᠭᠡ︶ ᠴᠡᠴᠡᠷᠯᠢᠭ ᠲᠤ ᠣᠷᠣᠬᠤ ᠭᠤᠶᠤᠴᠢᠯᠠᠯ ᠤᠨ ᠪᠢᠴᠢᠭ᠂ ᠪᠡᠯᠡ ᠣᠷᠣᠭᠤᠯᠤᠯᠲᠠ ᠶᠢᠨ ᠶᠡᠷᠦᠩᠬᠡᠢ | ᠲᠤᠭ᠎ᠠ ᠶᠢᠨ ᠠᠮᠠᠯᠠᠯᠲᠠ ᠶᠢᠨ ᠪᠢᠴᠢᠭ᠂ ᠪᠡᠯᠡ ᠮᠥᠩᠭᠦ ᠶᠢᠨ ᠢᠷᠡᠯᠲᠡ ᠶᠢ ᠭᠡᠷᠡᠴᠢᠯᠡᠬᠦ ᠮᠠᠲ᠋ᠧᠷᠢᠶᠠᠯ᠃ | | ︵ᠬᠤᠶᠠᠷ︶ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ ᠪᠤᠶᠤ ᠲᠥᠷᠥᠯ ᠵᠦᠢᠯ ᠤᠨ ᠪᠣᠯᠣᠮᠵᠢᠲᠤ | ᠰᠤᠳᠤᠯᠭᠠᠨ ᠤ ᠮᠡᠳᠡᠭᠦᠯᠦᠯᠲᠡ᠃ | | ︵ᠭᠤᠷᠪᠠ︶ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠤᠨ ᠪᠠᠭᠤᠯᠭᠠᠪᠤᠷᠢ ᠪᠤᠶᠤ ᠪᠡᠯᠡ | ᠣᠷᠣᠭᠤᠯᠤᠭᠴᠢ ᠶᠢᠨ ᠪᠡᠶ᠎ᠡ ᠶᠢᠨ ᠬᠢᠷᠢ ᠬᠡᠮ ᠢ ᠭᠡᠷᠡᠴᠢᠯᠡᠬᠦ ᠪᠢᠴᠢᠭ ᠮᠠᠲ᠋ᠧᠷᠢᠶᠠᠯ ᠵᠢᠴᠢ ᠪᠤᠰᠤᠳ ᠭᠡᠷᠡᠴᠢᠯᠡᠬᠦ | ᠮᠠᠲ᠋ᠧᠷᠢᠶᠠᠯ᠃ | | ︵ᠳᠥᠷᠪᠡ︶ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠮᠡᠳᠡᠭᠦᠯᠦᠯᠲᠡ᠂ | ᠡᠵᠡᠩᠨᠡᠯᠲᠡ ᠶᠢᠨ ᠪᠠᠶᠢᠳᠠᠯ ᠵᠢᠴᠢ ᠣᠶᠢᠷ᠎ᠠ ᠶᠢᠨ ᠬᠤᠭᠤᠴᠠᠭᠠᠨ ᠤ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ | ᠮᠡᠳᠡᠭᠦᠯᠬᠦ ᠬᠦᠰᠦᠨᠦᠭᠲᠦ ᠵᠡᠷᠭᠡ᠃ | | ᠨᠠᠢᠮᠠᠳᠤᠭᠠᠷ ᠵᠦᠢᠯ ᠴᠡᠴᠡᠷᠯᠢᠭ ᠲᠤ ᠣᠷᠣᠭᠤᠯᠬᠤ ᠲᠥᠷᠥᠯ ᠵᠦᠢᠯ ᠳᠤ ᠴᠥᠮ ︽ᠠᠯᠠᠱᠠ ᠵᠡᠭᠦᠨ | ᠬᠤᠰᠢᠭᠤᠨ ᠤ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠥᠭᠵᠢᠯᠲᠡ ᠶᠢᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ︵ᠲᠤᠷᠰᠢᠨ ᠬᠡᠷᠡᠭᠵᠢᠭᠦᠯᠬᠦ︶︾ ︵ᠠᠯᠠᠱᠠ ᠵᠡᠭᠦᠨ ᠵᠠᠰᠠᠭ ᠠᠯᠪᠠᠨ | ᠲᠠᠷᠬᠠᠭᠠᠭᠰᠠᠨ ﹇2023﹈ * ᠳ᠋ᠤᠭᠠᠷ ᠲᠣᠭᠠᠲᠤ︶ ᠶᠢ ᠭᠥᠷᠳᠡᠵᠦ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠦᠨᠳᠦᠰᠦᠯᠡᠨ ᠬᠤᠯᠪᠣᠭᠳᠠᠬᠤ ᠱᠠᠩᠨᠠᠬᠤ ᠪᠠ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | | | | ᠳᠥᠷᠪᠡᠳᠦᠭᠡᠷ ᠪᠦᠯᠦᠭ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ | | | ᠶᠢᠰᠦᠳᠦᠭᠡᠷ ᠵᠦᠢᠯ ᠬᠦᠷᠢᠶᠡᠯᠡᠩ ᠳᠤ ᠣᠷᠣᠬᠤ ᠪᠠᠷ ᠭᠤᠶᠤᠴᠢᠯᠠᠭᠰᠠᠨ ᠲᠥᠷᠥᠯ ᠵᠦᠢᠯ ᠳᠤ᠂ ᠠᠯᠠᠱᠠ | ᠵᠡᠭᠦᠨ ᠬᠤᠰᠢᠭᠤᠨ ᠤ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠤᠰᠬᠠᠢ | ᠠᠬᠢᠭᠤᠯᠬᠤ ᠤᠳᠤᠷᠢᠳᠬᠤ ᠳᠤᠭᠤᠶᠢᠯᠠᠩ ᠠᠴᠠ ᠬᠦᠷᠢᠶᠡᠯᠡᠩ ᠳᠤ ᠣᠷᠣᠭᠰᠠᠨ ᠠᠵᠤ ᠠᠬᠤᠶᠢᠯᠠᠯ ᠤᠨ ᠪᠠᠩᠬᠢ ᠶᠢᠨ | ᠢᠲᠡᠭᠡᠮᠵᠢ᠂ ᠡᠵᠡᠩᠨᠡᠯᠲᠡ ᠶᠢᠨ ᠪᠠᠶᠢᠳᠠᠯ᠂ ᠲᠥᠷᠥᠯ ᠵᠦᠢᠯ ᠤᠨ ᠪᠡᠯᠡ ᠮᠥᠩᠭᠦ ᠶᠢᠨ ᠢᠷᠡᠯᠲᠡ ᠵᠡᠷᠭᠡ ᠦᠨᠳᠦᠰᠦᠨ | ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠨ᠎ᠡ᠃ | | ᠠᠷᠪᠠᠳᠤᠭᠠᠷ ᠵᠦᠢᠯ ᠬᠦᠷᠢᠶᠡᠯᠡᠩ ᠳᠤ ᠣᠷᠣᠬᠤ ᠲᠥᠷᠥᠯ ᠵᠦᠢᠯ ᠢ ᠠᠯᠠᠱᠠ ᠵᠡᠭᠦᠨ ᠬᠤᠰᠢᠭᠤᠨ ᠤ ᠠᠮᠢ | ᠠᠬᠤᠢ ᠶᠢᠨ ᠡᠯᠡᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠤᠳᠤᠷᠢᠳᠬᠤ | ᠳᠤᠭᠤᠶᠢᠯᠠᠩ ᠢᠶᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠰᠢᠭᠤᠨ ᠵᠠᠰᠠᠭ ᠤᠨ ᠣᠷᠳᠣᠨ ᠠᠴᠠ ᠠᠯᠠᠱᠠ | ᠵᠡᠭᠦᠨ ᠬᠤᠰᠢᠭᠤᠨ ᠤ ᠡᠯᠡᠰᠦᠨ ᠤ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠬᠠᠮᠢᠶᠠᠷᠤᠯᠲᠠ ᠶᠢᠨ | ᠬᠢᠵᠠᠭᠠᠷᠲᠤ ᠺᠣᠮᠫᠠᠨᠢ ᠳᠤ ᠨᠠᠶᠢᠳᠠᠵᠤ᠂ ᠲᠥᠷᠥᠯ ᠵᠦᠢᠯ ᠤᠨ ᠪᠡᠯᠡ ᠣᠷᠣᠭᠤᠯᠤᠭᠴᠢ ᠲᠠᠢ ︽ᠴᠡᠴᠡᠷᠯᠢᠭ ᠲᠤ ᠣᠷᠣᠬᠤ | ᠬᠡᠯᠡᠯᠴᠡᠭᠡᠷ ᠤᠨ ᠪᠢᠴᠢᠭ︾ ᠢ ᠲᠣᠭᠲᠠᠭᠠᠬᠤ ᠶᠢᠨ ᠬᠠᠮᠲᠤ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ | ᠱᠠᠭᠠᠷᠳᠠᠯᠭ᠎ᠠ ᠪᠠ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠳᠠᠭᠠᠭᠠᠴᠢᠯᠠᠯᠲᠠ ᠵᠠᠷᠯᠠᠵᠤ | ᠦᠨ᠎ᠡ ᠬᠠᠶᠠᠨ ᠬᠤᠳᠠᠯᠳᠤᠬᠤ ᠪᠠ ᠫᠠᠶᠢᠰᠠ ᠡᠯᠭᠦᠨ ᠰᠢᠯᠵᠢᠭᠦᠯᠦᠨ ᠬᠤᠳᠠᠯᠳᠤᠬᠤ ᠬᠤᠯᠪᠣᠭᠳᠠᠬᠤ ᠲᠣᠭᠲᠠᠭᠠᠯ | ᠶᠣᠰᠣᠭᠠᠷ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ | ᠰᠢᠯᠵᠢᠭᠦᠯᠦᠨ ᠣᠯᠭᠤᠬᠤ ᠥᠷᠢᠰᠦᠯᠳᠦᠭᠡᠨ ᠳᠤ ᠣᠷᠣᠯᠴᠠᠭᠤᠯᠤᠨ᠎ᠠ᠃ ᠪᠡᠯᠡ ᠣᠷᠣᠭᠤᠯᠤᠭᠴᠢ ᠭᠠᠵᠠᠷ ᠰᠢᠷᠣᠢ ᠶᠢᠨ | ᠬᠡᠷᠡᠭᠯᠡᠬᠦ ᠡᠷᠬᠡ ᠶᠢ ᠥᠷᠢᠰᠦᠯᠳᠦᠨ ᠣᠯᠣᠭᠰᠠᠨ ᠤ ᠳᠠᠷᠠᠭ᠎ᠠ᠂ ᠲᠣᠭᠲᠠᠭᠠᠯ ᠶᠣᠰᠣᠭᠠᠷ ᠬᠤᠰᠢᠭᠤᠨ ᠤ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ ᠲᠠᠢ ︽ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠭᠡᠷ᠎ᠡ︾ ᠲᠣᠭᠲᠠᠵᠤ᠂ ᠭᠠᠵᠠᠷ ᠰᠢᠷᠣᠢ ᠶᠢ | ᠰᠢᠯᠵᠢᠭᠦᠯᠦᠨ ᠬᠤᠳᠠᠯᠳᠤᠬᠤ ᠮᠥᠩᠭᠦ ᠶᠢ ᠪᠥᠬᠦ ᠲᠤᠭ᠎ᠠ ᠪᠠᠷ ᠲᠤᠰᠢᠶᠠᠵᠤ᠂ ᠲᠥᠷᠥᠯ ᠵᠦᠢᠯ ᠤᠨ ᠭᠠᠵᠠᠷ ᠬᠡᠷᠡᠭᠯᠡᠬᠦ | ᠭᠠᠷ ᠭᠦᠢᠴᠡᠳᠬᠡᠯ ᠢ ᠭᠦᠢᠴᠡᠳᠬᠡᠨ᠎ᠡ᠃ | | ᠠᠷᠪᠠᠨ ᠨᠢᠭᠡᠳᠦᠭᠡᠷ ᠵᠦᠢᠯ ᠬᠡᠦᠬᠡᠳ ᠤᠨ ᠴᠡᠴᠡᠷᠯᠢᠭ ᠲᠤ ᠣᠷᠣᠬᠤ ᠲᠥᠷᠥᠯ ᠵᠦᠢᠯ ᠳᠤ | ᠲᠥᠯᠦᠪᠵᠢᠭᠦᠯᠭᠡ ᠶᠢᠨ ᠰᠠᠯᠠᠭ᠎ᠠ ᠮᠥᠴᠢᠷ ᠤᠨ ᠱᠠᠭᠠᠷᠳᠠᠯᠭ᠎ᠠ ᠶᠣᠰᠣᠭᠠᠷ ᠪᠦᠲᠦᠭᠡᠨ ᠪᠠᠶᠢᠭᠤᠯᠤᠯᠲᠠ ᠶᠢᠨ | ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠬᠢᠬᠦ ᠬᠡᠷᠡᠭᠲᠡᠢ︔ ᠦᠢᠯᠡᠳᠪᠦᠷᠢᠯᠡᠯ ᠤᠨ ᠦᠢᠯᠡᠳᠪᠦᠷᠢ ᠶᠢᠨ ᠭᠡᠷ | ᠪᠠᠶᠢᠰᠢᠩ ᠢ ᠵᠠᠷᠴᠢᠮ ᠳᠡᠭᠡᠷ᠎ᠡ ᠪᠠᠨ ᠤᠯᠠᠨ ᠳᠠᠪᠬᠤᠷᠭᠠᠲᠤ ᠪᠠᠷᠢᠯᠭ᠎ᠠ ᠪᠠᠷ ᠭᠤᠣᠯ ᠪᠣᠯᠭᠠᠵᠤ᠂ ᠦᠢᠯᠡᠳᠪᠦᠷᠢᠯᠡᠯ ᠤᠨ | ᠤᠷᠠᠨ ᠮᠡᠷᠭᠡᠰᠢᠯ ᠪᠠ ᠦᠢᠯᠡᠳᠪᠦᠷᠢᠯᠡᠯ ᠤᠨ ᠠᠶᠤᠯᠭᠦᠢ ᠶᠢᠨ ᠲᠠᠯ᠎ᠠ ᠪᠠᠷ ᠣᠨᠴᠣᠭᠤᠢ ᠱᠠᠭᠠᠷᠳᠠᠯᠭ᠎ᠠ ᠲᠠᠢ ᠵᠦᠢᠯᠡᠰ ᠲᠤ | ᠠᠵᠢᠯ ᠲᠦᠷᠦᠯ ᠤᠨ ᠪᠠᠷᠢᠮᠵᠢᠶ᠎ᠠ ᠪᠠᠷ ᠬᠡᠷᠡᠭᠵᠢᠭᠦᠯᠦᠨ᠎ᠡ᠃ ᠲᠥᠷᠥᠯ ᠵᠦᠢᠯ ᠳᠤ ᠬᠡᠷᠡᠭᠰᠡᠬᠦ ᠵᠠᠰᠠᠭ ᠵᠠᠬᠢᠷᠭᠠᠨ ᠤ | ᠠᠯᠪᠠᠯᠠᠬᠤ ᠵᠢᠴᠢ ᠠᠮᠢᠳᠤᠷᠠᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠬᠡᠷᠡᠭᠯᠡᠬᠦ ᠭᠠᠵᠠᠷ ᠤᠨ ᠲᠠᠯᠠᠪᠠᠶ ᠶᠢ ᠠᠵᠤ | ᠦᠢᠯᠡᠳᠪᠦᠷᠢ ᠶᠢᠨ ᠲᠥᠷᠥᠯ ᠵᠦᠢᠯ ᠤᠨ ᠶᠡᠷᠦᠩᠬᠡᠢ ᠬᠡᠷᠡᠭᠯᠡᠬᠦ ᠭᠠᠵᠠᠷ ᠤᠨ ᠲᠠᠯᠠᠪᠠᠶ ᠶᠢᠨ 7% ᠠᠴᠠ ᠬᠡᠲᠦᠷᠡᠭᠦᠯᠵᠦ | ᠪᠣᠯᠬᠤ ᠦᠭᠡᠢ᠃ ᠠᠵᠤ ᠦᠢᠯᠡᠳᠪᠦᠷᠢ ᠶᠢᠨ ᠵᠦᠢᠯᠡᠰ ᠤᠨ ᠬᠡᠷᠡᠭᠯᠡᠬᠦ ᠭᠠᠵᠠᠷ ᠤᠨ ᠬᠡᠪᠴᠢᠶᠡᠨ ᠳᠣᠲᠣᠷ᠎ᠠ ᠢᠵᠢ | ᠪᠦᠷᠢᠨ ᠣᠷᠣᠨ ᠰᠠᠭᠤᠴᠠ᠂ ᠲᠤᠰᠬᠠᠢ ᠮᠡᠷᠭᠡᠵᠢᠯᠲᠡᠨ ᠤ ᠠᠰᠠᠷ᠂ ᠵᠣᠴᠢᠳ ᠤᠨ ᠪᠠᠭᠤᠳᠠᠯ᠂ ᠵᠣᠴᠢᠯᠠᠬᠤ ᠭᠠᠵᠠᠷ ᠪᠠ | ᠰᠤᠷᠭᠠᠯᠲᠠ ᠳᠤ ᠬᠠᠮᠤᠷᠤᠭᠤᠯᠬᠤ ᠲᠥᠪ ᠵᠡᠷᠭᠡ ᠦᠢᠯᠡᠳᠪᠦᠷᠢᠯᠡᠯ ᠤᠨ ᠪᠤᠰᠤ ᠴᠢᠨᠠᠷᠲᠠᠢ ᠢᠵᠢ ᠪᠦᠷᠢᠳᠦᠭᠦᠯᠬᠦ | ᠲᠥᠬᠦᠭᠡᠷᠦᠮᠵᠢ ᠪᠠᠶᠢᠭᠤᠯᠬᠤ ᠶᠢ ᠬᠠᠲᠠᠭᠤ ᠬᠤᠷᠢᠭᠯᠠᠨ᠎ᠠ᠃ | | ᠠᠷᠪᠠᠨ ᠬᠤᠶᠠᠳᠤᠭᠠᠷ ᠵᠦᠢᠯ ᠴᠡᠴᠡᠷᠯᠢᠭ ᠲᠤ ᠣᠷᠣᠬᠤ ᠲᠥᠷᠥᠯ ᠵᠦᠢᠯ ᠤᠨ ᠵᠡᠭᠡᠯᠢ ᠳᠠᠭᠠᠤ ︵ᠵᠠᠮ | ᠳᠠᠭᠠᠤ︶ ᠬᠦᠷᠢᠶ᠎ᠡ ᠬᠡᠷᠡᠮ ᠢ ᠠᠭᠠᠷ ᠨᠡᠪᠲᠡᠷᠡᠬᠦ ᠬᠦᠷᠢᠶ᠎ᠡ ᠬᠡᠷᠡᠮ ᠪᠤᠶᠤ ᠨᠣᠭᠤᠭᠠᠨ ᠬᠠᠰᠢᠶ᠎ᠠ ᠪᠣᠯᠭᠠᠨ ᠨᠢᠭᠡᠳᠦᠯᠲᠡᠢ | ᠵᠢᠷᠤᠭᠯᠠᠨ ᠲᠥᠯᠥᠪᠯᠡᠬᠦ ᠬᠡᠷᠡᠭᠲᠡᠢ︔ ᠠᠵᠤ ᠠᠬᠤᠶᠢᠯᠠᠯ ᠤᠨ ᠵᠠᠮ ᠳᠠᠭᠠᠤ ᠶᠢᠨ ᠴᠡᠴᠡᠷᠯᠢᠭᠵᠢᠭᠦᠯᠦᠯᠲᠡ ᠳᠤ ᠬᠡᠷᠡᠭᠯᠡᠬᠦ | ᠭᠠᠵᠠᠷ ᠪᠣᠯᠭᠠᠬᠤ ᠶᠢ ᠨᠢᠭᠡᠳᠦᠯᠲᠡᠢ ᠲᠥᠯᠥᠪᠵᠢᠭᠦᠯᠵᠦ᠂ ᠠᠯᠠᠱᠠ ᠵᠡᠭᠦᠨ ᠬᠤᠰᠢᠭᠤᠨ ᠤ ᠡᠯᠡᠰᠦᠨ ᠤ ᠠᠵᠤ | ᠦᠢᠯᠡᠰ ᠤᠨ ᠨᠡᠭᠡᠭᠡᠨ ᠬᠥᠭᠵᠢᠭᠦᠯᠬᠦ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠠᠴᠠ ᠨᠢᠭᠡᠳᠦᠯᠲᠡᠢ | ᠲᠥᠯᠥᠪᠵᠢᠭᠦᠯᠦᠨ ᠵᠢᠷᠤᠵᠤ ᠲᠥᠯᠥᠪᠯᠡᠵᠦ᠂ ᠨᠣᠭᠤᠭᠠᠷᠠᠭᠤᠯᠬᠤ ᠪᠠ ᠬᠠᠮᠢᠶᠠᠷᠤᠨ ᠬᠠᠮᠠᠭᠠᠯᠠᠬᠤ ᠶᠢ ᠬᠠᠷᠢᠭᠤᠴᠠᠨ | ᠬᠡᠷᠡᠭᠵᠢᠭᠦᠯᠦᠨ᠎ᠡ᠃ | | ᠠᠷᠪᠠᠨ ᠭᠤᠷᠪᠠᠳᠤᠭᠠᠷ ᠵᠦᠢᠯ ᠬᠦᠷᠢᠶᠡᠯᠡᠩ ᠳᠤ ᠣᠷᠣᠭᠤᠯᠬᠤ ᠲᠥᠷᠥᠯ ᠵᠦᠢᠯ ᠤᠨ | ᠲᠥᠯᠦᠪᠵᠢᠭᠦᠯᠭᠡ ᠶᠢᠨ ᠵᠢᠷᠤᠭᠯᠠᠨ ᠲᠥᠯᠥᠪᠯᠡᠭᠰᠡᠨ ᠪᠠᠷᠢᠯᠭ᠎ᠠ ᠶᠢᠨ ᠬᠠᠪᠲᠠᠭᠠᠢ ᠪᠠᠶᠢᠷᠢᠯᠠᠭᠤᠯᠤᠯᠲᠠ ᠶᠢᠨ ᠵᠢᠷᠤᠭ᠂ | ᠪᠣᠰᠤᠭ᠎ᠠ ᠴᠣᠭᠴᠠᠲᠤ ᠦᠷ᠎ᠡ ᠪᠦᠲᠦᠭᠡᠯ ᠤᠨ ᠵᠢᠷᠤᠭ ᠪᠠ ᠪᠠᠷᠢᠯᠭ᠎ᠠ ᠶᠢᠨ ᠵᠢᠷᠤᠭ ᠢ ᠡᠷᠬᠡᠪᠰᠢ ᠠᠯᠠᠱᠠ ᠵᠡᠭᠦᠨ | ᠬᠤᠰᠢᠭᠤᠨ ᠤ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠤᠰᠬᠠᠢ | ᠲᠥᠷᠥᠯ ᠢᠶᠠᠷ ᠠᠬᠢᠭᠤᠯᠬᠤ ᠤᠳᠤᠷᠢᠳᠬᠤ ᠳᠤᠭᠤᠶᠢᠯᠠᠩ ᠠᠴᠠ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ᠂ | ᠭᠠᠯ ᠲᠦᠢᠮᠡᠷ ᠢ ᠤᠨᠲᠠᠷᠠᠭᠠᠬᠤ ᠠᠮᠤᠷ ᠲᠦᠪᠰᠢᠨ ᠵᠡᠷᠭᠡ ᠬᠤᠯᠪᠣᠭᠳᠠᠬᠤ ᠰᠠᠯᠠᠭ᠎ᠠ ᠮᠥᠴᠢᠷ᠂ ᠠᠯᠠᠱᠠ ᠵᠡᠭᠦᠨ | ᠬᠤᠰᠢᠭᠤᠨ ᠤ ᠡᠯᠡᠰᠦᠨ ᠤ ᠠᠵᠤ ᠦᠢᠯᠡᠰ ᠤᠨ ᠨᠡᠭᠡᠭᠡᠨ ᠬᠥᠭᠵᠢᠭᠦᠯᠬᠦ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠲᠠᠢ | ᠬᠠᠮᠲᠤᠷᠠᠨ ᠬᠢᠨᠠᠨ ᠲᠣᠭᠲᠠᠭᠠᠬᠤ ︵ᠳᠠᠩᠰᠠᠯᠠᠭᠤᠯᠵᠤ︶᠂ ᠵᠥᠪᠰᠢᠶᠡᠷᠡᠭᠰᠡᠨ ᠤ ᠳᠠᠷᠠᠭ᠎ᠠ ᠰᠠᠶ᠋ᠢ ᠪᠠᠷᠢᠯᠭ᠎ᠠ ᠪᠠᠷᠢᠵᠤ | ᠪᠣᠯᠣᠨ᠎ᠠ︔ ᠪᠠᠷᠢᠯᠭ᠎ᠠ ᠶᠢᠨ ᠠᠵᠢᠯ ᠬᠢᠬᠦ ᠠᠴᠠ ᠪᠠᠨ ᠡᠮᠦᠨ᠎ᠡ ᠡᠷᠬᠡᠪᠰᠢ ᠦᠢᠯᠡᠳᠪᠦᠷᠢ ᠶᠢᠨ ᠲᠣᠭᠤᠷᠢᠭ ᠤᠨ | ᠬᠠᠮᠤᠭ ᠤᠨ ᠰᠠᠶᠢᠨ ᠪᠠᠶᠢᠷᠢᠨ ᠳᠤ ᠰᠢᠪᠠᠭᠤᠳ ᠤᠨ ᠵᠢᠷᠤᠭ ᠤᠨ ᠦᠵᠡᠭᠦᠯᠦᠯᠭᠡ ᠶᠢᠨ ᠫᠠᠶᠢᠰᠠ ︵ᠬᠡᠪ ᠪᠠᠷᠢᠮᠵᠢᠶ᠎ᠠ ᠨᠢ | 4×6 ᠮᠧᠲᠷ︶ ᠶᠢ ᠲᠠᠭᠠᠷᠠᠭᠤᠯᠬᠤ ᠬᠡᠷᠡᠭᠲᠡᠢ᠃ | | ᠠᠷᠪᠠᠨ ᠳᠥᠷᠪᠡᠳᠦᠭᠡᠷ ᠵᠦᠢᠯ ᠴᠡᠴᠡᠷᠯᠢᠭ ᠲᠤ ᠣᠷᠣᠭᠤᠯᠬᠤ ᠵᠦᠢᠯᠡᠰ ᠢ ᠬᠢᠨᠠᠨ ᠲᠣᠭᠲᠠᠭᠠᠵᠤ | ᠪᠠᠲᠤᠯᠠᠭᠰᠠᠨ ᠲᠥᠯᠦᠪᠵᠢᠭᠦᠯᠭᠡ ᠶᠢ ᠴᠢᠩᠭ᠎ᠠ ᠵᠢᠷᠤᠮᠯᠠᠨ ᠪᠦᠲᠦᠭᠡᠨ ᠪᠠᠶᠢᠭᠤᠯᠵᠤ᠂ ᠠᠵᠤ ᠦᠢᠯᠡᠳᠪᠦᠷᠢ ᠳᠤ ᠬᠡᠷᠡᠭᠯᠡᠬᠦ | ᠭᠠᠵᠠᠷ ᠤᠨ ᠰᠢᠨᠵᠢ ᠴᠢᠨᠠᠷ ᠪᠠ ᠪᠠᠷᠢᠯᠭ᠎ᠠ ᠶᠢᠨ ᠴᠢᠳᠠᠮᠵᠢ ᠶᠢ ᠬᠤᠪᠢᠷᠠᠭᠤᠯᠬᠤ ᠶᠢ ᠬᠤᠷᠢᠭᠯᠠᠵᠤ᠂ ᠬᠤᠳᠠᠯᠳᠤᠭᠠᠨ ᠤ | ᠪᠤᠰᠤ ᠰᠢᠨᠵᠢ ᠴᠢᠨᠠᠷ ᠲᠠᠢ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠬᠤᠳᠠᠯᠳᠤᠭᠠᠨ ᠤ ᠰᠢᠨᠵᠢ ᠴᠢᠨᠠᠷ | ᠪᠣᠯᠭᠠᠨ ᠬᠤᠪᠢᠷᠠᠭᠤᠯᠬᠤ ᠶᠢ ᠬᠤᠷᠢᠭᠯᠠᠨ᠎ᠠ︔ ᠲᠣᠭᠲᠠᠭᠠᠭᠰᠠᠨ ᠴᠠᠭ ᠬᠤᠭᠤᠴᠠᠭ᠎ᠠ ᠶᠣᠰᠣᠭᠠᠷ ᠪᠦᠲᠦᠭᠡᠨ | ᠪᠠᠶᠢᠭᠤᠯᠬᠤ ᠪᠠ ᠠᠰᠢᠭᠯᠠᠯᠲᠠ ᠳᠤ ᠣᠷᠣᠭᠤᠯᠬᠤ ᠬᠡᠷᠡᠭᠲᠡᠢ᠃ | | ᠠᠷᠪᠠᠨ ᠲᠠᠪᠤᠳᠤᠭᠠᠷ ᠵᠦᠢᠯ ᠬᠡᠦᠬᠡᠳ ᠤᠨ ᠴᠡᠴᠡᠷᠯᠢᠭ ᠲᠤ ᠣᠷᠣᠭᠤᠯᠬᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠳᠤ ᠡᠷᠬᠡᠪᠰᠢ ᠠᠶᠦᠯᠭᠦᠢ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢᠨ ︽ᠭᠤᠷᠪᠠ ᠶᠢ ᠵᠡᠷᠭᠡ ᠳᠤᠨᠢ ᠬᠢᠬᠦ︾ ᠶᠢ ᠪᠡᠶᠡᠯᠡᠭᠦᠯᠵᠦ᠂ ᠬᠤᠯᠪᠣᠭᠳᠠᠬᠤ ᠰᠠᠯᠠᠭ᠎ᠠ | ᠮᠥᠴᠢᠷ ᠤᠨ ᠰᠢᠯᠭᠠᠨ ᠠᠪᠬᠤ ᠪᠠᠷ ᠳᠠᠮᠵᠢᠭᠠᠳ ᠬᠢᠷᠢ ᠲᠡᠩᠴᠡᠭᠰᠡᠨ ᠤ ᠲᠠᠷᠠᠭ᠎ᠠ ᠰᠠᠶ᠋ᠢ ᠠᠰᠢᠭᠯᠠᠯᠲᠠ ᠳᠤ | ᠣᠷᠣᠭᠤᠯᠵᠤ ᠪᠣᠯᠣᠨ᠎ᠠ᠃ | | ᠠᠷᠪᠠᠨ ᠵᠢᠷᠭᠤᠳᠤᠭᠠᠷ ᠵᠦᠢᠯ ᠴᠡᠴᠡᠷᠯᠢᠭ ᠲᠤ ᠣᠷᠣᠭᠤᠯᠬᠤ ᠲᠥᠷᠥᠯ ᠵᠦᠢᠯ ᠢ ᠪᠣᠯ ᠪᠡᠯᠡ | ᠣᠷᠣᠭᠤᠯᠤᠯᠲᠠ ᠶᠢᠨ ᠬᠡᠯᠡᠯᠴᠡᠭᠡᠷ ᠲᠤ ᠪᠣᠯᠵᠣᠨ ᠲᠣᠭᠲᠠᠭᠰᠠᠨ ᠶᠣᠰᠣᠭᠠᠷ ᠨᠡᠭᠡᠭᠡᠨ ᠬᠥᠭᠵᠢᠭᠦᠯᠵᠦ ᠪᠦᠲᠦᠭᠡᠨ | ᠪᠠᠶᠢᠭᠤᠯᠬᠤ ᠬᠡᠷᠡᠭᠲᠡᠢ᠂ ᠲᠥᠷᠥᠯ ᠵᠦᠢᠯ ᠢ ᠪᠦᠲᠦᠭᠡᠨ ᠪᠠᠶᠢᠭᠤᠯᠵᠤ ᠳᠠᠭᠤᠰᠬᠠᠭᠰᠠᠨ ᠪᠥᠭᠡᠳ ᠪᠠᠷᠢᠯᠭ᠎ᠠ ᠳᠠᠭᠤᠰᠴᠤ | ᠰᠢᠯᠭᠠᠨ ᠠᠪᠬᠤ ᠳᠤ ᠬᠢᠷᠢ ᠲᠡᠩᠴᠡᠭᠰᠡᠨ ᠪᠠᠶᠢᠪᠠᠯ᠂ ᠭᠠᠵᠠᠷ ᠬᠡᠷᠡᠭᠯᠡᠬᠦ ᠨᠢᠭᠡᠴᠢ ᠨᠢ ᠰᠠᠶ᠋ᠢ ᠲᠥᠷᠥᠯ ᠵᠦᠢᠯ ᠳᠤ | ᠬᠡᠷᠡᠭᠯᠡᠬᠦ ᠭᠠᠵᠠᠷ ᠰᠢᠷᠣᠢ ᠶᠢᠨ ᠪᠦᠬᠦᠨ ᠢ ᠪᠤᠶᠤ ᠬᠡᠰᠡᠭ ᠢ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠴᠦ᠂ ᠲᠦᠷᠢᠶᠡᠰᠦᠯᠡᠭᠦᠯᠵᠦ᠂ ᠪᠠᠷᠢᠴᠠᠭᠠᠯᠠᠵᠤ | ᠪᠣᠯᠣᠨ᠎ᠠ᠃ | | ᠠᠷᠪᠠᠨ ᠳᠣᠯᠣᠳᠤᠭᠠᠷ ᠵᠦᠢᠯ ᠠᠯᠠᠱᠠ ᠵᠡᠭᠦᠨ ᠬᠤᠰᠢᠭᠤᠨ ᠳᠤ ᠠᠮᠢ ᠠᠬᠤᠢ ᠶᠢᠨ ᠡᠯᠡᠰᠦᠨ ᠤ ᠠᠵᠤ | ᠦᠢᠯᠡᠰ ᠤᠨ ᠬᠤᠯᠪᠣᠭᠳᠠᠬᠤ ᠲᠥᠷᠥᠯ ᠵᠦᠢᠯ ᠳᠤ ᠪᠡᠯᠡ ᠣᠷᠣᠭᠤᠯᠤᠭᠰᠠᠨ ᠤ ᠬᠠᠮᠲᠤ ︽ᠠᠯᠠᠱᠠ ᠵᠡᠭᠦᠨ | ᠬᠤᠰᠢᠭᠤᠨ ᠤ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠪᠡᠯᠡ ᠣᠷᠣᠭᠤᠯᠵᠤ ᠬᠥᠭᠵᠢᠭᠦᠯᠬᠦ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ︵ᠲᠤᠷᠰᠢᠨ ᠬᠡᠷᠡᠭᠵᠢᠭᠦᠯᠬᠦ︶︾ ᠳᠤ ᠨᠡᠶᠢᠴᠡᠭᠰᠡᠨ ᠠᠵᠤ ᠠᠬᠤᠶᠢᠯᠠᠯ | ᠵᠢᠴᠢ ᠬᠦᠷᠢᠶᠡᠯᠡᠩ ᠳᠤ ᠣᠷᠣᠭᠰᠠᠨ ᠠᠵᠤ ᠠᠬᠤᠶᠢᠯᠠᠯ ᠵᠢᠴᠢ ᠲᠡᠭᠦᠨ ᠤ ᠬᠠᠮᠲᠤᠷᠠᠯᠴᠠᠭᠠᠨ ᠤ ᠰᠤᠳᠤᠯᠭᠠᠨ ᠤ | ᠬᠦᠷᠢᠶᠡᠯᠡᠩ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠦᠬᠦᠨ ᠳᠤ᠂ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠪᠡᠶᠡᠯᠡᠭᠦᠯᠦᠭᠡᠳᠦᠢ ᠬᠤᠭᠤᠴᠠᠭᠠᠨ ᠳᠤ ᠠᠯᠠᠱᠠ ᠵᠡᠭᠦᠨ ᠬᠤᠰᠢᠭᠤᠨ ᠤ | ᠡᠯᠡᠰᠦᠨ ᠤ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠳᠤ | ᠰᠦᠢᠳᠬᠡᠯ ᠬᠤᠷᠢᠶᠠᠬᠤ ᠦᠭᠡᠢ ᠪᠠᠷ ᠠᠯᠪᠠᠯᠠᠬᠤ ᠭᠡᠷ ᠪᠠᠶᠢᠰᠢᠩ᠂ ᠰᠢᠨᠵᠢᠯᠡᠬᠦ ᠤᠬᠠᠭᠠᠨ ᠤ ᠰᠤᠳᠤᠯᠭᠠᠨ᠂ | ᠲᠤᠷᠰᠢᠯᠲᠠ ᠳᠤ ᠬᠡᠷᠡᠭᠯᠡᠬᠦ ᠭᠡᠷ ᠪᠠᠶᠢᠰᠢᠩ ᠭᠤᠶᠤᠴᠢᠯᠠᠵᠤ ᠪᠣᠯᠣᠨ᠎ᠠ᠂ ᠬᠡᠷᠡᠭᠯᠡᠬᠦ ᠬᠤᠭᠤᠴᠠᠭ᠎ᠠ ᠶᠢ ᠬᠠᠮᠤᠭ ᠤᠨ | ᠣᠷᠳᠣ ᠳᠠᠭᠠᠨ 2 ᠵᠢᠯ ᠠᠴᠠ ᠬᠡᠲᠦᠷᠡᠭᠦᠯᠵᠦ ᠪᠣᠯᠬᠤ ᠦᠭᠡᠢ᠃ | | | | ᠲᠠᠪᠤᠳᠤᠭᠠᠷ ᠪᠦᠯᠦᠭ ᠤᠬᠤᠷᠢᠨ ᠭᠠᠷᠬᠤ ᠲᠣᠭᠲᠠᠴᠠ | | | ᠠᠷᠪᠠᠨ ᠨᠠᠢᠮᠠᠳᠤᠭᠠᠷ ᠵᠦᠢᠯ ᠲᠥᠷᠥᠯ ᠵᠦᠢᠯ ᠳᠤ ᠭᠠᠵᠠᠷ ᠰᠢᠷᠣᠢ ᠬᠠᠩᠭᠠᠭᠰᠠᠨ ᠤ ᠳᠠᠷᠠᠭ᠎ᠠ᠂ ᠪᠦᠬᠦᠯᠢ 1 | ᠵᠢᠯ ᠪᠣᠯᠤᠭᠰᠠᠨ ᠪᠠᠶᠢᠲᠠᠯ᠎ᠠ ᠪᠠᠷᠢᠯᠭ᠎ᠠ ᠶᠢᠨ ᠠᠵᠢᠯ ᠢᠶᠠᠨ ᠡᠬᠢᠯᠡᠭᠦᠯᠦᠭᠡᠳᠦᠢ ᠪᠤᠶᠤ ᠨᠢᠭᠡᠨᠲᠡ ᠨᠡᠭᠡᠭᠡᠨ ᠬᠥᠭᠵᠢᠭᠦᠯᠵᠦ | ᠡᠬᠢᠯᠡᠭᠰᠡᠨ ᠪᠣᠯᠪᠠᠴᠤ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠤᠨ ᠲᠠᠯᠠᠪᠠᠶ ᠶᠢᠨ | ᠡᠵᠡᠯᠡᠬᠦ ᠪᠠᠷᠢᠯᠭ᠎ᠠ ᠡᠬᠢᠯᠡᠭᠦᠯᠵᠦ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠤᠨ | ᠶᠡᠷᠦᠩᠬᠡᠢ ᠲᠠᠯᠠᠪᠠᠶ ᠶᠢᠨ ᠭᠤᠷᠪᠠᠨ ᠤ ᠨᠢᠭᠡ ᠬᠤᠪᠢ ᠳᠤ ᠬᠦᠷᠬᠦ ᠦᠭᠡᠢ ᠪᠤᠶᠤ ᠨᠢᠭᠡᠨᠲᠡ ᠪᠡᠯᠡ ᠣᠷᠣᠭᠤᠯᠤᠭᠰᠠᠨ | ᠲᠤᠭ᠎ᠠ ᠶᠢᠨ ᠡᠵᠡᠯᠡᠬᠦ ᠪᠥᠬᠦ ᠪᠡᠯᠡ ᠣᠷᠣᠭᠤᠯᠤᠯᠲᠠ ᠶᠢᠨ ᠬᠡᠮᠵᠢᠶ᠎ᠡ ᠶᠢᠨ 25% ᠬᠦᠷᠬᠦ ᠦᠭᠡᠢ ᠪᠠᠶᠢᠬᠤ ᠳᠤ᠂ | ᠨᠡᠭᠡᠭᠡᠨ ᠬᠥᠭᠵᠢᠭᠦᠯᠬᠦ ᠶᠢ ᠵᠣᠭᠰᠣᠭᠠᠭᠠᠳ ᠪᠦᠬᠦᠯᠢ ᠨᠢᠭᠡ ᠵᠢᠯ ᠪᠣᠯᠤᠭᠰᠠᠨ ᠪᠠᠶᠢᠪᠠᠯ᠂ ᠰᠤᠯᠠ ᠪᠠᠶᠢᠬᠤ ᠭᠠᠵᠠᠷ | ᠰᠢᠷᠣᠢ ᠪᠠᠷ ᠮᠠᠭᠠᠳᠯᠠᠨ ᠲᠣᠭᠲᠠᠭᠠᠵᠤ᠂ ᠲᠥᠷᠥᠯ ᠵᠦᠢᠯ ᠳᠤ ︽ᠠᠯᠠᠱᠠ ᠵᠡᠭᠦᠨ ᠬᠤᠰᠢᠭᠤᠨ ᠤ ᠠᠮᠢ ᠠᠬᠤᠢ ᠶᠢᠨ | ᠡᠯᠡᠰᠦᠨ ᠤ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ︵ᠲᠤᠷᠰᠢᠨ ᠬᠡᠷᠡᠭᠵᠢᠭᠦᠯᠬᠦ︶︾ ᠶᠢ ᠳᠠᠭᠢᠵᠤ ᠬᠦᠷᠲᠡᠭᠡᠬᠦ ᠦᠭᠡᠢ ᠪᠥᠭᠡᠳ ᠠᠯᠠᠱᠠ ᠵᠡᠭᠦᠨ | ᠬᠤᠰᠢᠭᠤᠨ ᠤ ᠡᠯᠡᠰᠦᠨ ᠤ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠬᠠᠮᠢᠶᠠᠷᠤᠯᠲᠠ ᠶᠢᠨ ᠬᠢᠵᠠᠭᠠᠷᠲᠤ | ᠺᠣᠮᠫᠠᠨᠢ ᠠᠴᠠ ᠳᠡᠭᠡᠭᠰᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠮᠡᠳᠡᠭᠦᠯᠵᠦ ᠲᠣᠰ | ᠲᠥᠷᠥᠯ ᠵᠦᠢᠯ ᠤᠨ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠭᠰᠠᠨ ᠮᠥᠩᠭᠦ ᠶᠢᠨ 20% ᠪᠠᠷ ᠭᠠᠵᠠᠷ | ᠰᠢᠷᠣᠢ ᠶᠢ ᠰᠤᠯᠠ ᠪᠠᠶᠢᠯᠭᠠᠭᠰᠠᠨ ᠰᠦᠢᠳᠬᠡᠯ ᠬᠤᠷᠢᠶᠠᠨ᠎ᠠ︔ ᠬᠡᠯᠡᠯᠴᠡᠭᠡᠷ ᠲᠤ ᠪᠣᠯᠵᠣᠨ ᠲᠣᠭᠲᠠᠭᠰᠠᠨ ᠶᠣᠰᠣᠭᠠᠷ | ᠠᠵᠢᠯ ᠡᠬᠢᠯᠡᠭᠦᠯᠦᠭᠰᠡᠨ ᠡᠳᠦᠷ ᠠᠴᠠ ᠡᠬᠢᠯᠡᠨ ᠪᠦᠬᠦᠯᠢ 2 ᠵᠢᠯ ᠪᠣᠯᠲᠠᠯ᠎ᠠ ᠪᠠᠷᠢᠯᠭ᠎ᠠ ᠶᠢᠨ ᠠᠵᠢᠯ ᠢᠶᠠᠨ | ᠡᠬᠢᠯᠡᠭᠦᠯᠦᠭᠡᠳᠦᠢ ᠪᠠᠷ ᠪᠦᠲᠦᠭᠡᠨ ᠪᠠᠶᠢᠭᠤᠯᠤᠭᠰᠠᠨ ᠵᠦᠢᠯᠡᠰ ᠤᠨ ᠭᠠᠵᠠᠷ ᠰᠢᠷᠣᠢ ᠬᠡᠷᠡᠭᠯᠡᠬᠦ ᠡᠷᠬᠡ ᠶᠢ ᠨᠢ ᠦᠨ᠎ᠡ | ᠲᠥᠯᠥᠪᠦᠷᠢ ᠦᠭᠡᠢ ᠪᠠᠷ ᠬᠤᠷᠢᠶᠠᠨ ᠠᠪᠤᠨ᠎ᠠ᠃ | | ᠠᠷᠪᠠ ᠶᠢᠰᠦᠳᠦᠭᠡᠷ ᠵᠦᠢᠯ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠠᠭᠠᠨ ᠠᠵᠢᠯ ᠡᠬᠢᠯᠡᠭᠦᠯᠵᠦ | ᠳᠡᠶᠢᠯᠬᠦ ᠦᠭᠡᠢ ᠪᠣᠯ 30 ᠡᠳᠦᠷ ᠤᠨ ᠡᠮᠦᠨ᠎ᠡ ᠠᠯᠠᠱᠠ ᠵᠡᠭᠦᠨ ᠬᠤᠰᠢᠭᠤᠨ ᠤ ᠡᠯᠡᠰᠦᠨ ᠤ ᠠᠵᠤ ᠦᠢᠯᠡᠰ ᠤᠨ | ᠨᠡᠭᠡᠭᠡᠨ ᠬᠥᠭᠵᠢᠭᠦᠯᠦᠯᠲᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠵᠢᠴᠢ ᠬᠤᠰᠢᠭᠤᠨ ᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠳᠤ ᠤᠷᠲᠤᠳᠬᠠᠨ ᠪᠠᠶᠢᠭᠤᠯᠬᠤ ᠭᠤᠶᠤᠴᠢᠯᠠᠯ ᠭᠠᠷᠭᠠᠵᠤ᠂ ᠵᠥᠪᠰᠢᠶᠡᠷᠡᠯ ᠢᠶᠠᠷ ᠳᠡᠮᠵᠢᠨ | ᠤᠷᠲᠤᠳᠬᠠᠨ ᠪᠠᠶᠢᠭᠤᠯᠬᠤ ᠳᠤ ᠭᠦᠷᠪᠡᠯ᠂ ᠲᠥᠷᠥᠯ ᠵᠦᠢᠯ ᠤᠨ ᠪᠠᠷᠢᠯᠭ᠎ᠠ ᠳᠠᠭᠤᠰᠬᠤ ᠴᠠᠭ ᠬᠤᠭᠤᠴᠠᠭ᠎ᠠ ᠶᠢ ᠨᠢ | ᠵᠣᠬᠢᠴᠠᠩᠭᠤᠢ ᠪᠠᠷ ᠤᠷᠲᠤᠳᠬᠠᠨ᠎ᠠ᠂ ᠭᠡᠬᠦ ᠳᠡᠭᠡᠨ ᠤᠷᠲᠤᠳᠬᠠᠨ ᠪᠠᠶᠢᠭᠤᠯᠬᠤ ᠬᠤᠭᠤᠴᠠᠭ᠎ᠠ ᠶᠢ 6 ᠳ᠋ᠤᠭᠠᠷ ᠰᠠᠷ᠎ᠠ | ᠠᠴᠠ ᠬᠡᠲᠦᠷᠡᠭᠦᠯᠵᠦ ᠪᠣᠯᠬᠤ ᠦᠭᠡᠢ᠃ ᠲᠥᠷᠥᠯ ᠵᠦᠢᠯ ᠢ ᠬᠦᠷᠢᠶᠡᠯᠡᠩ ᠳᠤ ᠣᠷᠣᠬᠤ ᠬᠡᠯᠡᠯᠴᠡᠭᠡᠷ ᠲᠤ ᠪᠣᠯᠵᠣᠨ | ᠲᠣᠭᠲᠠᠭᠰᠠᠨ ᠡᠳᠦᠷ ᠬᠤᠭᠤᠴᠠᠭ᠎ᠠ ᠪᠤᠶᠤ ᠤᠷᠲᠤᠳᠬᠠᠨ ᠪᠠᠶᠢᠭᠤᠯᠬᠤ ᠶᠢ ᠵᠥᠪᠰᠢᠶᠡᠷᠡᠭᠰᠡᠨ ᠠᠰᠲᠠᠭᠠᠨ ᠪᠣᠯᠵᠣᠨ | ᠲᠣᠭᠲᠠᠭᠰᠠᠨ ᠡᠳᠦᠷ ᠬᠤᠭᠤᠴᠠᠭ᠎ᠠ ᠶᠢᠨ ᠶᠣᠰᠣᠭᠠᠷ ᠪᠠᠷᠢᠯᠭ᠎ᠠ ᠡᠬᠢᠯᠡᠭᠦᠯᠵᠦ ᠪᠦᠲᠦᠭᠡᠨ ᠪᠠᠶᠢᠭᠤᠯᠤᠭᠰᠠᠨ ᠦᠭᠡᠢ | ᠪᠠᠶᠢᠪᠠᠯ᠂ ᠬᠡᠯᠡᠯᠴᠡᠭᠡᠷ ᠲᠤ ᠪᠣᠯᠵᠣᠨ ᠲᠣᠭᠲᠠᠭᠰᠠᠨ ᠶᠣᠰᠣᠭᠠᠷ ᠭᠡᠷ᠎ᠡ ᠵᠥᠷᠢᠴᠡᠭᠰᠡᠨ ᠮᠥᠩᠭᠦ ᠲᠤᠰᠢᠶᠠᠬᠤ ᠬᠡᠷᠡᠭᠲᠡᠢ᠂ | ᠠᠯᠠᠱᠠ ᠵᠡᠭᠦᠨ ᠬᠤᠰᠢᠭᠤᠨ ᠤ ᠡᠯᠡᠰᠦᠨ ᠤ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠬᠠᠮᠢᠶᠠᠷᠤᠯᠲᠠ ᠶᠢᠨ | ᠬᠢᠵᠠᠭᠠᠷᠲᠤ ᠺᠣᠮᠫᠠᠨᠢ ᠪᠣᠯᠣᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠭᠠᠵᠠᠷ ᠬᠡᠷᠡᠭᠯᠡᠬᠦ | ᠨᠢᠭᠡᠴᠢ ᠶᠢ ᠦᠷᠭᠦᠯᠵᠢᠯᠡᠨ ᠭᠡᠷ᠎ᠡ ᠪᠠᠨ ᠭᠦᠢᠴᠡᠳᠬᠡᠬᠦ ᠶᠢ ᠱᠠᠭᠠᠷᠳᠠᠬᠤ ᠡᠷᠬᠡ ᠲᠠᠢ᠃ | | ᠬᠤᠷᠢᠳᠤᠭᠠᠷ ᠵᠦᠢᠯ ᠲᠥᠷᠥᠯ ᠵᠦᠢᠯ ᠤᠨ ᠪᠦᠲᠦᠭᠡᠨ ᠪᠠᠶᠢᠭᠤᠯᠬᠤ ᠨᠢᠭᠡᠴᠢ ᠨᠢ ᠪᠡᠯᠡ ᠣᠷᠣᠭᠤᠯᠬᠤ | ᠵᠥᠪᠯᠡᠯᠴᠡᠭᠡᠷ ᠲᠤ ᠪᠣᠯᠵᠣᠨ ᠲᠣᠭᠲᠠᠭᠰᠠᠨ ᠪᠦᠲᠦᠭᠡᠨ ᠪᠠᠶᠢᠭᠤᠯᠬᠤ ᠵᠢᠯ ᠬᠤᠭᠤᠴᠠᠭ᠎ᠠ ᠶᠢᠨ ᠶᠣᠰᠣᠭᠠᠷ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠪᠠᠨ ᠪᠡᠶᠡᠯᠡᠭᠦᠯᠬᠦ ᠬᠡᠷᠡᠭᠲᠡᠢ᠂ ᠬᠡᠷᠪᠡ ᠪᠡᠯᠡ ᠣᠷᠣᠭᠤᠯᠬᠤ ᠵᠥᠪᠯᠡᠯᠴᠡᠭᠡᠷ ᠲᠤ | ᠪᠣᠯᠵᠣᠨ ᠲᠣᠭᠲᠠᠭᠰᠠᠨ ᠡᠳᠦᠷ ᠬᠤᠭᠤᠴᠠᠭ᠎ᠠ ᠪᠤᠶᠤ ᠬᠤᠶᠢᠰᠢᠯᠠᠭᠤᠯᠤᠨ ᠪᠠᠶᠢᠭᠤᠯᠬᠤ ᠭᠠᠵᠠᠷ ᠤᠨ ᠠᠰᠲᠠᠭᠠᠨ | ᠪᠣᠯᠵᠣᠨ ᠲᠣᠭᠲᠠᠭᠰᠠᠨ ᠡᠳᠦᠷ ᠬᠤᠭᠤᠴᠠᠭ᠎ᠠ ᠶᠢᠨ ᠶᠣᠰᠣᠭᠠᠷ ᠪᠠᠷᠢᠯᠭ᠎ᠠ ᠪᠠᠨ ᠳᠠᠭᠤᠰᠬᠠᠵᠤ ᠳᠡᠶᠢᠯᠦᠭᠰᠡᠨ ᠦᠭᠡᠢ ᠪᠣᠯ | ᠵᠥᠪᠯᠡᠯᠴᠡᠭᠡᠷ ᠲᠤ ᠪᠣᠯᠵᠣᠨ ᠲᠣᠭᠲᠠᠭᠰᠠᠨ ᠶᠣᠰᠣᠭᠠᠷ ᠭᠡᠷ᠎ᠡ ᠵᠥᠷᠢᠴᠡᠭᠰᠡᠨ ᠮᠥᠩᠭᠦ ᠲᠤᠰᠢᠶᠠᠬᠤ ᠬᠡᠷᠡᠭᠲᠡᠢ᠃ | | ᠬᠤᠷᠢᠨ ᠨᠢᠭᠡᠳᠦᠭᠡᠷ ᠵᠦᠢᠯ ᠲᠥᠷᠥᠯ ᠵᠦᠢᠯ ᠤᠨ ᠨᠢᠭᠡᠴᠢ ᠨᠢ ᠲᠣᠰ ᠪᠡᠶ᠎ᠡ ᠶᠢᠨ ᠰᠢᠯᠲᠠᠭᠠᠨ ᠠᠴᠠ ᠪᠣᠯᠵᠤ | ᠬᠡᠯᠡᠯᠴᠡᠭᠡᠷ ᠲᠤ ᠪᠣᠯᠵᠣᠨ ᠲᠣᠭᠲᠠᠭᠰᠠᠨ ᠡᠳᠦᠷ ᠬᠤᠭᠤᠴᠠᠭ᠎ᠠ ᠠᠴᠠ ᠬᠡᠲᠦᠷᠡᠭᠰᠡᠨ ᠪᠤᠶᠤ ᠬᠤᠶᠢᠰᠢᠯᠠᠭᠤᠯᠤᠨ | ᠪᠠᠶᠢᠭᠤᠯᠬᠤ ᠬᠤᠭᠤᠴᠠᠭ᠎ᠠ ᠳᠦᠭᠦᠷᠦᠭᠰᠡᠨ ᠤ ᠳᠠᠷᠠᠭ᠎ᠠ 1 ᠵᠢᠯ ᠠᠴᠠ ᠳᠡᠭᠡᠭᠰᠢ ᠬᠡᠲᠦᠷᠡᠭᠡᠳ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠪᠠᠨ ᠪᠡᠶᠡᠯᠡᠭᠦᠯᠦᠭᠰᠡᠨ ᠦᠭᠡᠢ ᠪᠠᠶᠢᠪᠠᠯ᠂ ᠠᠯᠠᠱᠠ ᠵᠡᠭᠦᠨ ᠬᠤᠰᠢᠭᠤᠨ ᠤ ᠡᠯᠡᠰᠦᠨ ᠤ | ᠠᠵᠤ ᠦᠢᠯᠡᠰ ᠤᠨ ᠨᠡᠭᠡᠭᠡᠨ ᠬᠥᠭᠵᠢᠭᠦᠯᠬᠦ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠨᠢ ᠲᠥᠷᠥᠯ ᠵᠦᠢᠯ ᠤᠨ | ᠬᠡᠯᠡᠯᠴᠡᠭᠡᠷ ᠢᠶᠠᠨ ᠳᠠᠭᠤᠰᠬᠠᠬᠤ ᠡᠷᠬᠡ ᠲᠠᠢ᠃ ᠬᠤᠰᠢᠭᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠯᠠᠱᠠ | ᠵᠡᠭᠦᠨ ᠬᠤᠰᠢᠭᠤᠨ ᠤ ᠡᠯᠡᠰᠦᠨ ᠤ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠬᠠᠮᠢᠶᠠᠷᠤᠯᠲᠠ ᠶᠢᠨ | ᠬᠢᠵᠠᠭᠠᠷᠲᠤ ᠺᠣᠮᠫᠠᠨᠢ ᠲᠠᠢ ᠬᠠᠮᠲᠤᠷᠠᠨ ᠬᠤᠰᠢᠭᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ | ᠳᠠᠷᠠᠭ᠎ᠠ᠂ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ | ᠲᠣᠰ ᠬᠡᠰᠡᠭ ᠭᠠᠵᠠᠷ ᠤᠨ ᠬᠡᠪᠴᠢᠶᠡᠨ ᠳᠤ ᠨᠢᠭᠡᠨᠲᠡ ᠪᠠᠶᠢᠭᠤᠯᠤᠭᠰᠠᠨ ᠪᠠᠷᠢᠯᠭ᠎ᠠ᠂ ᠪᠠᠷᠢᠯᠭ᠎ᠠ ᠶᠢᠨ ᠵᠦᠢᠯ ᠵᠢᠴᠢ | ᠳᠠᠭᠠᠯᠲᠠ ᠲᠥᠬᠦᠭᠡᠷᠦᠮᠵᠢ ᠳᠤ ᠨᠥᠬᠦᠪᠦᠷᠢ ᠣᠯᠭᠤᠬᠤ ᠦᠭᠡᠢ ᠪᠠᠶᠢᠵᠤ ᠪᠣᠯᠣᠨ᠎ᠠ᠂ ᠠᠯᠠᠱᠠ ᠵᠡᠭᠦᠨ ᠬᠤᠰᠢᠭᠤᠨ ᠤ | ᠡᠯᠡᠰᠦᠨ ᠤ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠪᠣᠯᠣᠨ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠪᠠᠰᠠ ᠲᠥᠷᠥᠯ ᠵᠦᠢᠯ ᠤᠨ ᠠᠵᠤ ᠠᠬᠤᠶᠢᠯᠠᠯ ᠢ | ᠱᠠᠭᠠᠷᠳᠠᠵᠤ ᠪᠠᠶᠢᠭᠠᠳ ᠨᠢᠭᠡᠨᠲᠡ ᠪᠠᠶᠢᠭᠤᠯᠤᠭᠰᠠᠨ ᠪᠠᠷᠢᠯᠭ᠎ᠠ᠂ ᠪᠠᠷᠢᠯᠭ᠎ᠠ ᠶᠢᠨ ᠵᠦᠢᠯ ᠵᠢᠴᠢ ᠳᠠᠭᠠᠯᠲᠠ | ᠲᠥᠬᠦᠭᠡᠷᠦᠮᠵᠢ ᠶᠢ ᠴᠡᠪᠡᠷᠯᠡᠨ ᠠᠷᠢᠯᠭᠠᠵᠤ᠂ ᠲᠠᠯᠠᠪᠤᠷ ᠭᠠᠵᠠᠷ ᠢ ᠲᠡᠭᠰᠢᠯᠡᠨ ᠲᠡᠭᠰᠢᠯᠡᠬᠦ ᠶᠢ ᠰᠡᠷᠭᠦᠭᠡᠵᠦ ᠪᠣᠯᠣᠨ᠎ᠠ᠃ | | ᠬᠤᠷᠢᠨ ᠬᠤᠶᠠᠳᠤᠭᠠᠷ ᠵᠦᠢᠯ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠤ ᠳᠠᠷᠠᠭ᠎ᠠ᠂ ᠠᠯᠠᠱᠠ | ᠵᠡᠭᠦᠨ ᠬᠤᠰᠢᠭᠤᠨ ᠤ ᠡᠯᠡᠰᠦᠨ ᠤ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠬᠠᠮᠢᠶᠠᠷᠤᠯᠲᠠ ᠶᠢᠨ | ᠬᠢᠵᠠᠭᠠᠷᠲᠤ ᠺᠣᠮᠫᠠᠨᠢ ᠠᠴᠠ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ᠂ | ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠵᠢᠴᠢ | ᠠᠵᠢᠯᠯᠠᠭᠠᠨ ᠤ ᠦᠷ᠎ᠡ ᠠᠰᠢᠭ ᠤᠨ ᠶᠡᠷᠦᠩᠬᠡᠶᠢᠯᠡᠭᠰᠡᠨ ᠦᠨᠡᠯᠡᠨ᠎ᠡ᠃ ᠬᠡᠯᠡᠯᠴᠡᠭᠡᠷ ᠲᠤ ᠪᠣᠯᠵᠣᠨ ᠲᠣᠭᠲᠠᠭᠰᠠᠨ ᠪᠡᠯᠡ | ᠣᠷᠣᠭᠤᠯᠤᠯᠲᠠ ᠶᠢᠨ ᠡᠷᠴᠢᠮ ᠪᠠ ᠵᠢᠯ ᠪᠦᠷᠢ ᠶᠢᠨ ᠳᠤᠮᠳᠠᠴᠢ ᠬᠠᠮᠤᠭ ᠤᠨ ᠳᠣᠣᠷ᠎ᠠ ᠭᠠᠶᠢᠯᠢ ᠲᠠᠲᠠᠪᠤᠷᠢ ᠶᠢᠨ | ᠪᠠᠷᠢᠮᠵᠢᠶ᠎ᠠ ᠳᠤ ᠭᠦᠷᠦᠭᠰᠡᠨ ᠦᠭᠡᠢ ᠭᠠᠵᠠᠷ ᠬᠡᠷᠡᠭᠯᠡᠬᠦ ᠨᠢᠭᠡᠴᠢ ᠨᠢ ︽ᠴᠡᠴᠡᠷᠯᠢᠭ ᠲᠤ ᠣᠷᠣᠬᠤ ᠵᠥᠪᠯᠡᠯᠴᠡᠭᠡᠷ︾ | ᠤᠨ ᠬᠤᠯᠪᠣᠭᠳᠠᠬᠤ ᠵᠦᠢᠯ ᠵᠤᠷᠪᠤᠰ ᠤᠨ ᠶᠣᠰᠣᠭᠠᠷ ᠭᠡᠷ᠎ᠡ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ | ᠃ | | ᠬᠤᠷᠢᠨ ᠭᠤᠷᠪᠠᠳᠤᠭᠠᠷ ᠵᠦᠢᠯ ᠨᠢᠭᠡᠨᠲᠡ ᠴᠡᠴᠡᠷᠯᠢᠭ ᠲᠤ ᠣᠷᠣᠭᠰᠠᠨ ᠠᠵᠤ ᠠᠬᠤᠶᠢᠯᠠᠯ ᠪᠤᠶᠤ ᠲᠥᠷᠥᠯ | ᠵᠦᠢᠯ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠡᠭᠦᠳᠡ ᠶᠢ ᠨᠢ ᠬᠠᠭᠠᠯᠭᠠᠵᠤ᠂ ᠴᠡᠭᠴᠡᠯᠡᠨ | ᠰᠠᠶᠢᠵᠢᠷᠠᠭᠤᠯᠵᠤ᠂ ᠦᠢᠯᠡᠳᠪᠦᠷᠢᠯᠡᠯ ᠢ ᠨᠢ ᠬᠤᠪᠢᠷᠠᠭᠤᠯᠬᠤ ᠪᠤᠶᠤ ᠪᠤᠴᠠᠭᠠᠨ ᠭᠠᠷᠭᠠᠬᠤ ᠬᠡᠷᠡᠭᠲᠡᠢ᠃ | | ︵ᠨᠢᠭᠡ︶ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠠᠵᠢᠯ ᠲᠥᠷᠥᠯ ᠤᠨ ᠵᠥᠪᠰᠢᠶᠡᠷᠡᠨ | ᠣᠷᠣᠭᠤᠯᠬᠤ ᠪᠠᠷᠢᠮᠵᠢᠶ᠎ᠠ ᠵᠢᠴᠢ ᠲᠤᠰ ᠠᠷᠭ᠎ᠠ ᠳᠤ ᠲᠣᠭᠲᠠᠭᠠᠭᠰᠠᠨ ᠠᠵᠤ ᠦᠢᠯᠡᠰ ᠤᠨ ᠲᠥᠷᠥᠯ ᠬᠡᠯᠪᠡᠷᠢ ᠳᠤ | ᠨᠡᠶᠢᠴᠡᠬᠦ ᠦᠭᠡᠢ ᠠᠵᠤ ᠠᠬᠤᠶᠢᠯᠠᠯ ᠪᠤᠶᠤ ᠲᠥᠷᠥᠯ ᠵᠦᠢᠯ᠃ | | ︵ᠬᠤᠶᠠᠷ︶ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠠᠶᠦᠯᠭᠦᠢ ᠦᠢᠯᠡᠳᠪᠦᠷᠢᠯᠡᠯ ᠤᠨ ᠱᠠᠭᠠᠷᠳᠠᠯᠭ᠎ᠠ | ᠳᠤ ᠨᠡᠶᠢᠴᠡᠬᠦ ᠦᠭᠡᠢ ᠠᠵᠤ ᠠᠬᠤᠶᠢᠯᠠᠯ ᠪᠤᠶᠤ ᠲᠥᠷᠥᠯ ᠵᠦᠢᠯ᠃ | | ︵ᠭᠤᠷᠪᠠ︶ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠬᠦᠷᠢᠶᠡᠯᠡᠩ ᠤᠨ ᠲᠥᠯᠦᠪᠵᠢᠭᠦᠯᠭᠡ ᠶᠢᠨ | ᠪᠠᠶᠢᠷᠢᠰᠢᠭᠤᠯᠤᠯᠲᠠ ᠳᠤ ᠥᠯᠥ ᠨᠡᠶᠢᠴᠡᠬᠦ ᠠᠵᠤ ᠠᠬᠤᠶᠢᠯᠠᠯ ᠪᠤᠶᠤ ᠲᠥᠷᠥᠯ ᠵᠦᠢᠯ᠃ | | ︵ᠳᠥᠷᠪᠡ︶ ᠦᠢᠯᠡᠳᠪᠦᠷᠢᠯᠡᠯ ᠢᠶᠠᠨ ᠬᠤᠶᠠᠷ ᠵᠢᠯ ᠵᠣᠭᠰᠣᠭᠠᠭᠰᠠᠨ ᠪᠤᠶᠤ ᠳᠠᠮᠫᠤᠷᠠᠭᠰᠠᠨ ᠠᠵᠤ ᠠᠬᠤᠶᠢᠯᠠᠯ | ᠪᠤᠶᠤ ᠵᠦᠢᠯᠡᠰ᠃ | | ︵ᠲᠠᠪᠤ︶ ᠬᠤᠯᠪᠣᠭᠳᠠᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠦᠭᠡᠢ ᠪᠠᠷ ᠪᠦᠲᠦᠭᠡᠨ ᠪᠠᠶᠢᠭᠤᠯᠬᠤ | ᠠᠭᠤᠯᠭ᠎ᠠ᠂ ᠬᠡᠪᠴᠢᠶ᠎ᠡ ᠪᠣᠯᠣᠨ ᠬᠢᠵᠠᠭᠠᠷᠯᠠᠬᠤ ᠭᠦᠢᠴᠡᠳᠬᠡᠬᠦ ᠲᠤᠭ᠎ᠠ ᠶᠢ ᠳᠤᠷ᠎ᠠ ᠮᠡᠳᠡᠨ ᠬᠤᠪᠢᠷᠠᠭᠤᠯᠤᠭᠰᠠᠨ ᠠᠵᠤ | ᠠᠬᠤᠶᠢᠯᠠᠯ ᠪᠤᠶᠤ ᠲᠥᠷᠥᠯ ᠵᠦᠢᠯ᠃ | | ᠬᠤᠷᠢᠨ ᠳᠥᠷᠪᠡᠳᠦᠭᠡᠷ ᠵᠦᠢᠯ ᠲᠣᠰ ᠠᠷᠭ᠎ᠠ ᠶᠢ ᠨᠡᠶᠢᠲᠡᠯᠡᠬᠦ ᠠᠴᠠ ᠡᠮᠦᠨ᠎ᠡ ᠨᠢᠭᠡᠨᠲᠡ ᠴᠡᠴᠡᠷᠯᠢᠭ ᠲᠤ | ᠣᠷᠣᠭᠰᠠᠨ ᠪᠥᠭᠡᠳ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠠᠵᠤ ᠠᠬᠤᠶᠢᠯᠠᠯ ᠳᠤ᠂ ᠵᠠᠷᠴᠢᠮ | ᠳᠡᠭᠡᠷ᠎ᠡ ᠪᠠᠨ ᠡᠮᠦᠨ᠎ᠡ ᠳᠤᠷᠠᠳᠤᠭᠰᠠᠨ ᠵᠦᠢᠯ ᠵᠤᠷᠪᠤᠰ ᠢᠶᠠᠷ ᠬᠡᠷᠡᠭᠵᠢᠭᠦᠯᠬᠦ ᠶᠢᠨ ᠬᠠᠮᠲᠤ ᠬᠢᠵᠠᠭᠠᠷᠯᠠᠭᠰᠠᠨ | ᠴᠠᠭ ᠤᠨ ᠳᠣᠲᠣᠷ᠎ᠠ ᠲᠣᠰ ᠠᠷᠭ᠎ᠠ ᠶᠢᠨ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠵᠤ᠂ ᠣᠨᠴᠣᠭᠤᠢ | ᠪᠠᠶᠢᠳᠠᠯ ᠢ ᠠᠯᠠᠱᠠ ᠵᠡᠭᠦᠨ ᠬᠤᠰᠢᠭᠤᠨ ᠤ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠲᠤᠰᠬᠠᠢ ᠵᠦᠢᠯ ᠢᠶᠠᠷ ᠲᠦᠯᠬᠢᠨ ᠠᠬᠢᠭᠤᠯᠬᠤ ᠤᠳᠤᠷᠢᠳᠬᠤ ᠳᠤᠭᠤᠶᠢᠯᠠᠩ ᠳᠤ ᠮᠡᠳᠡᠭᠦᠯᠵᠦ | ᠰᠤᠳᠤᠯᠤᠨ ᠲᠣᠭᠲᠠᠭᠠᠯᠭᠠᠨ᠎ᠠ᠃ | | ᠬᠤᠷᠢᠨ ᠲᠠᠪᠤᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠮᠥᠷᠳᠡᠨ᠎ᠡ᠂ | ᠬᠦᠴᠦᠨ ᠲᠠᠢ ᠬᠤᠭᠤᠴᠠᠭ᠎ᠠ ᠨᠢ ᠬᠤᠶᠠᠷ ᠵᠢᠯ ᠪᠣᠯᠣᠨ᠎ᠠ᠃ | | | | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠠᠯᠠᠱᠠ ᠶᠢᠨ ᠠᠮᠢ ᠠᠬᠤᠢ ᠶᠢᠨ ᠡᠯᠡᠰᠦᠨ ᠤ ᠠᠵᠤ | ᠦᠢᠯᠡᠰ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠲᠥᠷᠥᠯ ᠵᠦᠢᠯ ᠢ | ᠬᠦᠷᠢᠶᠡᠯᠡᠩ ᠳᠤ ᠣᠷᠣᠭᠤᠯᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠲᠤᠬᠠᠢ ᠲᠠᠶᠢᠯᠤᠮᠵᠢ | | | | ᠮᠡᠳᠡᠭᠡᠯᠡᠯ ᠤᠨ ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠠ ᠣᠶ | ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ | | | | |