| | ᠠᠯᠠᠱᠠ ᠵᠡᠭᠦᠨ ᠬᠤᠰᠢᠭᠤᠨ ᠤ ᠲᠠᠷᠢᠶᠠᠯᠠᠩ ᠤᠨ ᠤᠰᠤᠯᠠᠭ᠎ᠠ ᠶᠢᠨ ᠲᠥᠬᠦᠭᠡᠷᠦᠮᠵᠢ ᠶᠢ ᠬᠠᠮᠢᠶᠠᠷᠤᠨ | ᠬᠠᠮᠠᠭᠠᠯᠠᠬᠤ ᠠᠷᠭ᠎ᠠ ︵ᠲᠤᠷᠰᠢᠨ ᠬᠡᠷᠡᠭᠵᠢᠭᠦᠯᠬᠦ︶ | | | | ᠨᠢᠭᠡᠳᠦᠭᠡᠷ ᠪᠦᠯᠦᠭ ᠶᠡᠷᠦᠩᠬᠡᠢ ᠳᠦᠷᠢᠮ | | ᠨᠢᠭᠡᠳᠦᠭᠡᠷ ᠵᠦᠢᠯ ᠲᠠᠷᠢᠶᠠᠯᠠᠩ ᠤᠨ ᠤᠰᠤᠯᠠᠭ᠎ᠠ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠪᠠ | ᠬᠠᠮᠠᠭᠠᠯᠠᠯᠲᠠ ᠶᠢ ᠤᠯᠠᠮ ᠴᠢᠩᠭᠠᠳᠬᠠᠨ ᠵᠢᠷᠤᠮᠵᠢᠭᠤᠯᠬᠤ ᠵᠣᠷᠢᠯᠭ᠎ᠠ ᠪᠠᠷ᠂ ᠲᠠᠷᠢᠶᠠᠨ ᠭᠠᠵᠠᠷ ᠤᠨ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠦᠷ᠎ᠡ ᠠᠰᠢᠭ ᠢ ᠭᠦᠢᠴᠡᠳ ᠪᠠᠳᠠᠷᠠᠭᠤᠯᠬᠤ ᠶᠢ ᠠᠬᠢᠭᠤᠯᠵᠤ ᠪᠦᠬᠦ | ᠬᠤᠰᠢᠭᠤᠨ ᠤ ᠬᠥᠳᠡᠭᠡ ᠲᠣᠰᠬᠤᠨ ᠤ ᠤᠰᠤᠨ ᠠᠰᠢᠭᠯᠠᠯᠲᠠ ᠶᠢᠨ ᠲᠠᠷᠢᠶᠠᠯᠠᠩ ᠤᠨ ᠶᠡᠷᠦᠩᠬᠡᠶᠢᠯᠡᠭᠰᠡᠨ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠦᠬᠦ | ᠬᠤᠰᠢᠭᠤᠨ ᠤ ᠲᠠᠷᠢᠶᠠᠯᠠᠩ ᠤᠨ ᠠᠵᠤ ᠠᠬᠤᠢ ᠶᠢᠨ ᠰᠢᠨᠵᠢᠯᠡᠬᠦ ᠤᠬᠠᠭᠠᠨᠴᠢ ᠡᠷᠡᠭᠦᠯ ᠬᠥᠭᠵᠢᠯᠲᠡ ᠶᠢ ᠠᠬᠢᠭᠤᠯᠵᠤ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ︽ᠲᠠᠷᠢᠶᠠᠯᠠᠩ ᠤᠨ ᠤᠰᠤᠨ | ᠠᠰᠢᠭᠯᠠᠯᠲᠠ ᠶᠢᠨ ᠳᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠵᠠᠷᠯᠢᠭ 669 ᠳ᠋ᠦ᠋ᠭᠡᠷ ᠲᠣᠭᠠᠲᠤ︶ ︽ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠡᠯᠡᠳᠬᠡᠮᠵᠢ ᠶᠢ | ᠬᠠᠮᠢᠶᠠᠷᠴᠤ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠰᠤᠨ ᠠᠰᠢᠭᠯᠠᠯᠲᠠ ᠶᠢᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ ᠤᠨ ᠮᠡᠳᠡᠭᠳᠡᠯ︾ ︵ᠥᠪᠥᠷ ᠤᠰᠤ ᠲᠠᠷᠢᠶᠠᠯᠠᠩ ﹇2022﹈ 44 ᠳ᠋ᠦ᠋ᠭᠡᠷ ᠲᠣᠭᠠᠲᠤ︶ ᠤᠨ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠠᠯᠠᠱᠠ ᠵᠡᠭᠦᠨ ᠬᠤᠰᠢᠭᠤᠨ ᠤ ᠪᠣᠳᠠᠲᠤ ᠪᠠᠶᠢᠳᠠᠯ ᠲᠠᠢ | ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | | ᠬᠤᠶᠠᠳᠤᠭᠠᠷ ᠵᠦᠢᠯ ᠲᠣᠰ ᠠᠷᠭ᠎ᠠ ᠶᠢ ᠠᠯᠠᠱᠠ ᠵᠡᠭᠦᠨ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ | ᠳᠣᠲᠣᠷᠠᠬᠢ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠥᠮᠴᠢᠯᠡᠬᠦ ᠡᠷᠬᠡ ᠨᠢ ᠬᠠᠮᠲᠤ ᠶᠢᠨ ᠥᠮᠴᠢᠯᠡᠯ ᠳᠤ | ᠬᠠᠷᠢᠶᠠᠯᠠᠭᠳᠠᠬᠤ ᠵᠢᠵᠢᠭ ᠬᠡᠯᠪᠡᠷᠢ ᠶᠢᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠡᠯᠡᠳᠬᠡᠮᠵᠢ ᠶᠢᠨ ᠬᠠᠮᠢᠶᠠᠷᠤᠯᠲᠠ | ᠂ ᠬᠠᠮᠠᠭᠠᠯᠠᠯᠲᠠ ᠳᠤ ᠬᠡᠷᠡᠭᠯᠡᠵᠦ᠂ ᠬᠠᠮᠢᠶᠠᠷᠤᠨ ᠬᠠᠮᠠᠭᠠᠯᠠᠬᠤ ᠬᠦᠷᠢᠶ᠎ᠡ ᠬᠡᠪᠴᠢᠶ᠎ᠡ ᠳᠤ ᠤᠰᠤᠨ ᠴᠥᠭᠦᠷᠥᠮ᠂ ᠰᠤᠪᠠᠭ | ᠵᠢᠴᠢ ᠰᠤᠪᠠᠭ ᠤᠨ ᠰᠢᠰᠲ᠋ᠧᠮ ᠤᠨ ᠪᠠᠷᠢᠯᠭ᠎ᠠ᠂ ᠥᠨᠳᠥᠷ ᠦᠷ᠎ᠡ ᠠᠰᠢᠭᠲᠤ ᠤᠰᠤ ᠠᠷᠪᠢᠯᠠᠵᠤ ᠤᠰᠤᠯᠠᠬᠤ | ᠪᠡᠯᠡᠳᠬᠡᠮᠵᠢ᠂ ᠲᠠᠷᠢᠶᠠᠯᠠᠩ ᠤᠨ ᠤᠰᠤ ᠬᠠᠩᠭᠠᠬᠤ ᠬᠡᠮᠵᠢᠯᠲᠡ ᠶᠢᠨ ᠪᠡᠯᠡᠳᠬᠡᠮᠵᠢ ᠵᠢᠴᠢ ᠢᠵᠢ ᠪᠦᠷᠢᠳᠦᠭᠦᠯᠬᠦ | ᠪᠠᠷᠢᠯᠭ᠎ᠠ ᠶᠢᠨ ᠡᠳᠦᠷ ᠲᠤᠲᠤᠮ ᠤᠨ ᠵᠠᠰᠠᠪᠤᠷᠢ ᠦᠢᠯᠡᠴᠢᠯᠡᠭᠡ ᠶᠢ ᠪᠠᠭᠲᠠᠭᠠᠨ᠎ᠠ᠃ | | ᠭᠤᠷᠪᠠᠳᠤᠭᠠᠷ ᠵᠦᠢᠯ ᠵᠢᠵᠢᠭ ᠬᠡᠯᠪᠡᠷᠢ ᠶᠢᠨ ᠲᠠᠷᠢᠶᠠᠯᠠᠩ ᠤᠨ ᠤᠰᠤᠯᠠᠭ᠎ᠠ ᠶᠢᠨ ᠲᠥᠬᠦᠭᠡᠷᠦᠮᠵᠢ ᠶᠢ | ᠬᠠᠮᠢᠶᠠᠷᠴᠤ ᠬᠠᠮᠠᠭᠠᠯᠠᠬᠤ ᠳᠤ ᠵᠠᠰᠠᠭ ᠤᠨ ᠣᠷᠳᠣᠨ ᠠᠴᠠ ᠭᠤᠣᠯᠯᠠᠨ ᠤᠳᠤᠷᠢᠳᠬᠤ᠂ ᠠᠵᠢᠯ ᠲᠥᠷᠥᠯ ᠢᠶᠠᠷ | ᠬᠠᠮᠢᠶᠠᠷᠬᠤ᠂ ᠱᠠᠲᠤ ᠬᠤᠪᠢᠶᠠᠨ ᠬᠠᠷᠢᠭᠤᠴᠠᠬᠤ᠂ ᠠᠵᠢᠯ ᠬᠤᠪᠢᠶᠠᠷᠢᠯᠠᠨ ᠬᠠᠮᠵᠢᠯᠴᠠᠬᠤ ᠬᠢᠨᠠᠯᠲᠠ ᠬᠠᠮᠢᠶᠠᠷᠤᠯᠲᠠ ᠶᠢᠨ | ᠰᠢᠰᠲ᠋ᠧᠮ ᠢ ᠪᠠᠷᠢᠮᠲᠠᠯᠠᠵᠤ᠂ ︽ᠬᠡᠨ ᠬᠡᠷᠡᠭᠯᠡᠪᠡᠯ ᠲᠡᠷᠡ ᠬᠠᠮᠢᠶᠠᠷᠴᠤ ᠬᠠᠮᠠᠭᠠᠯᠠᠬᠤ︾ ︽ᠬᠡᠨ ᠠᠰᠢᠭ ᠭᠥᠷᠳᠡᠪᠡᠯ | ᠲᠡᠷᠡ ᠬᠠᠷᠢᠭᠤᠴᠠᠬᠤ︾ ᠵᠠᠷᠴᠢᠮ ᠶᠣᠰᠣᠭᠠᠷ ᠪᠠᠷᠢᠯᠭ᠎ᠠ ᠶᠢ ᠪᠠᠶᠢᠭᠤᠯᠤᠭᠰᠠᠨ ᠤ ᠳᠠᠷᠠᠭ᠎ᠠ ᠬᠠᠮᠢᠶᠠᠷᠴᠤ ᠬᠠᠮᠠᠭᠠᠯᠠᠵᠤ᠂ | ᠪᠠᠷᠢᠯᠭ᠎ᠠ ᠶᠢᠨ ᠪᠡᠯᠡᠳᠬᠡᠮᠵᠢ ᠶᠢᠨ ᠥᠮᠴᠢᠯᠡᠬᠦ ᠡᠷᠬᠡ ᠶᠢ ᠲᠣᠳᠣᠷᠬᠠᠶᠢᠯᠠᠵᠤ᠂ ᠪᠠᠷᠢᠯᠭ᠎ᠠ ᠶᠢᠨ ᠪᠡᠯᠡᠳᠬᠡᠮᠵᠢ ᠶᠢᠨ | ᠬᠠᠮᠢᠶᠠᠷᠴᠤ ᠬᠠᠮᠠᠭᠠᠯᠠᠬᠤ ᠭᠤᠣᠯ ᠴᠣᠭᠴᠠ ᠶᠢ ᠲᠣᠳᠣᠷᠬᠠᠶᠢᠯᠠᠨ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠳᠦᠷᠢᠮ ᠲᠣᠭᠲᠠᠭᠠᠯ ᠢ ᠪᠦᠷᠢᠨᠰᠢᠭᠦᠯᠵᠦ᠂ ᠰᠢᠨᠵᠢᠯᠡᠬᠦ ᠤᠬᠠᠭᠠᠨᠴᠢ | ᠵᠢᠷᠤᠮᠵᠢᠭᠰᠠᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠦᠷ᠎ᠡ ᠠᠰᠢᠭ ᠢ ᠣᠷᠳᠣ | ᠬᠤᠭᠤᠴᠠᠭ᠎ᠠ ᠪᠠᠷ ᠪᠠᠳᠠᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠶᠠᠮᠠᠷᠪᠠ ᠨᠢᠭᠡᠴᠢ ᠪᠠ ᠬᠤᠪᠢ ᠬᠥᠮᠥᠨ ᠴᠥᠮ | ᠵᠢᠵᠢᠭ ᠬᠡᠯᠪᠡᠷᠢ ᠶᠢᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠶᠢ ᠬᠠᠮᠠᠭᠠᠯᠠᠬᠤ | ᠡᠭᠦᠷᠭᠡ ᠲᠠᠢ᠂ ᠵᠢᠵᠢᠭ ᠬᠡᠯᠪᠡᠷᠢ ᠶᠢᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠶᠢ | ᠡᠪᠳᠡᠭᠰᠡᠨ ᠠᠵᠢᠯᠯᠠᠭ᠎ᠠ ᠶᠢ ᠬᠤᠷᠢᠭᠯᠠᠨ ᠵᠣᠭᠰᠤᠭᠠᠬᠤ᠂ ᠢᠯᠡᠴᠢᠯᠡᠬᠦ ᠡᠷᠬᠡ ᠲᠠᠢ᠃ ᠵᠢᠵᠢᠭ ᠬᠡᠯᠪᠡᠷᠢ ᠶᠢᠨ | ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠬᠡᠷᠡᠭᠯᠡᠭᠴᠢ᠂ ᠬᠠᠮᠢᠶᠠᠷᠤᠭᠴᠢ ᠨᠢ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠪᠠ ᠵᠢᠯᠣᠭᠤᠳᠤᠯᠭ᠎ᠠ ᠶᠢ | ᠬᠦᠯᠢᠶᠡᠵᠦ᠂ ᠵᠢᠵᠢᠭ ᠬᠡᠯᠪᠡᠷᠢ ᠶᠢᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠶᠢᠨ | ᠤᠯᠠᠨ ᠨᠡᠶᠢᠲᠡ ᠶᠢᠨ ᠠᠮᠤᠷ ᠲᠦᠪᠰᠢᠨ ᠳᠤ ᠬᠠᠷᠢᠭᠤᠴᠠᠬᠤ ᠬᠡᠷᠡᠭᠲᠡᠢ᠃ | | ᠬᠤᠶᠠᠳᠤᠭᠠᠷ ᠪᠦᠯᠦᠭ ᠬᠠᠮᠢᠶᠠᠷᠴᠤ ᠬᠠᠮᠠᠭᠠᠯᠠᠬᠤ ᠡᠭᠦᠷᠭᠡ ᠬᠠᠷᠢᠭᠤᠴᠠᠯᠭ᠎ᠠ | | ᠳᠥᠷᠪᠡᠳᠦᠭᠡᠷ ᠵᠦᠢᠯ ᠬᠤᠰᠢᠭᠤᠨ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯ ᠲᠠᠷᠢᠶᠠᠨ | ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯᠯᠠᠭᠠᠨ ᠢ ᠬᠠᠮᠢᠶᠠᠷᠴᠤ ᠬᠠᠮᠠᠭᠠᠯᠠᠬᠤ | ᠬᠠᠷᠢᠭᠤᠴᠠᠯᠭ᠎ᠠ ᠶᠢᠨ ᠭᠤᠣᠯ ᠴᠣᠭᠴᠠ ᠪᠠᠶᠢᠵᠤ᠂ ᠬᠠᠷᠢᠶᠠᠯᠠᠬᠤ ᠬᠡᠪᠴᠢᠶᠡᠨ ᠳᠣᠲᠣᠷᠠᠬᠢ ᠲᠠᠷᠢᠶᠠᠨ ᠭᠠᠵᠠᠷ ᠤᠨ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯᠯᠠᠭᠠᠨ ᠢ ᠬᠠᠮᠠᠭᠠᠯᠠᠬᠤ ᠠᠵᠢᠯ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ᠂ ᠳᠦᠷᠢᠮ ᠤᠨ ᠪᠠᠲᠤᠯᠠᠭ᠎ᠠ ᠶᠢ ᠬᠠᠷᠢᠭᠤᠴᠠᠵᠤ᠂ ᠬᠤᠯᠪᠣᠭᠳᠠᠬᠤ ᠰᠠᠯᠠᠭ᠎ᠠ | ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠭᠲᠠᠭᠠᠨ᠂ ᠢᠨᠵᠧᠨᠧᠷᠢᠩ ᠤᠨ | ᠠᠵᠢᠯᠯᠠᠭᠠᠨ ᠢ ᠬᠠᠮᠠᠭᠠᠯᠠᠬᠤ ᠭᠤᠣᠯ ᠴᠣᠭᠴᠠ ᠶᠢ ᠲᠣᠳᠣᠷᠬᠠᠶᠢᠯᠠᠵᠤ᠂ ᠠᠵᠢᠯᠯᠠᠭᠠᠨ ᠢ ᠬᠠᠮᠠᠭᠠᠯᠠᠬᠤ ᠵᠠᠷᠤᠳᠠᠯ ᠢ | ᠨᠠᠶᠢᠳᠠᠪᠤᠷᠢᠵᠢᠭᠤᠯᠬᠤ ᠶᠢᠨ ᠬᠠᠮᠲᠤ᠂ ᠬᠤᠯᠪᠣᠭᠳᠠᠬᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠵᠢᠯᠤᠭᠤᠳᠴᠤ ᠬᠢᠨᠠᠯᠲᠠ ᠲᠠᠯᠪᠢᠨ᠎ᠠ᠃ | | ᠲᠠᠪᠤᠳᠤᠭᠠᠷ ᠵᠦᠢᠯ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠬᠠᠷᠢᠶᠠᠲᠤ ᠣᠷᠣᠨ ᠤ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠭᠦᠢᠴᠡᠳᠬᠡᠵᠦ᠂ ᠬᠤᠰᠢᠭᠤᠨ ᠵᠠᠰᠠᠭ ᠤᠨ ᠣᠷᠳᠣᠨ ᠪᠣᠯᠣᠨ ᠬᠤᠯᠪᠣᠭᠳᠠᠬᠤ | ᠬᠤᠯᠪᠣᠭᠳᠠᠬᠤ ᠰᠠᠯᠠᠭ᠎ᠠ ᠮᠥᠴᠢᠷ ᠢ ᠬᠠᠮᠵᠢᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠠᠵᠢᠯᠯᠠᠭᠠᠨ ᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ ᠪᠠ ᠬᠢᠨᠠᠯᠲᠠ ᠲᠠᠯᠪᠢᠬᠤ ᠶᠢ ᠰᠠᠶᠢᠲᠤᠷ | ᠬᠢᠵᠦ᠂ ᠵᠣᠬᠢᠬᠤ ᠬᠠᠮᠢᠶᠠᠷᠤᠯᠲᠠ ᠶᠢᠨ ᠠᠵᠢᠯᠲᠠᠨ ᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠨ᠎ᠠ᠃ | | ᠵᠢᠷᠭᠤᠳᠤᠭᠠᠷ ᠵᠦᠢᠯ ᠠᠰᠢᠭ ᠬᠦᠷᠲᠡᠭᠴᠢᠳ ᠪᠣᠯᠣᠨ ᠨᠥᠯᠥᠭᠡᠯᠡᠬᠦ ᠬᠡᠪᠴᠢᠶ᠎ᠡ ᠶᠢ ᠦᠨᠳᠦᠰᠦᠯᠡᠨ᠂ ︽ | ᠬᠡᠨ ᠠᠰᠢᠭ ᠬᠥᠷᠳᠡᠬᠦ ᠶᠢ ᠨᠢ ᠬᠡᠨ ᠬᠠᠮᠢᠶᠠᠷᠴᠤ ᠬᠠᠮᠠᠭᠠᠯᠠᠬᠤ᠂ ᠬᠡᠨ ᠡᠭᠦᠷᠭᠡᠯᠡᠬᠦ᠂ ᠡᠳ᠋ ᠤᠨ ᠵᠠᠰᠠᠭ ᠠᠴᠠ ᠵᠣᠬᠢᠰᠲᠠᠢ | ᠲᠤᠰᠠᠯᠠᠬᠤ︾ ᠵᠠᠷᠴᠢᠮ ᠤᠨ ᠶᠣᠰᠣᠭᠠᠷ᠂ ︽ᠪᠡᠶ᠎ᠡ ᠪᠠᠨ ᠳᠠᠭᠠᠭᠠᠵᠤ ᠬᠠᠮᠢᠶᠠᠷᠬᠤ᠂ ᠰᠠᠶᠢᠨ ᠳᠤᠷ᠎ᠠ ᠠᠴᠠ ᠪᠠᠨ | ᠬᠤᠷᠰᠢᠬᠤ᠂ ᠵᠠᠰᠠᠭ ᠤᠨ ᠣᠷᠳᠣᠨ ᠠᠴᠠ ᠲᠡᠳᠬᠦᠬᠦ᠂ ᠠᠷᠠᠳᠴᠢᠯᠠᠯ ᠢᠶᠠᠷ ᠢᠯᠡ ᠪᠠᠶᠢᠯᠭᠠᠬᠤ︾ ᠰᠡᠳᠬᠢᠴᠡ ᠶᠢ | ᠵᠢᠷᠤᠮᠯᠠᠨ᠂ ᠵᠢᠵᠢᠭ ᠬᠡᠯᠪᠡᠷᠢ ᠶᠢᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠡᠯᠡᠳᠬᠡᠮᠵᠢ ᠶᠢ | ᠨᠢᠭᠡᠳᠦᠯᠲᠡᠢ ᠬᠠᠮᠢᠶᠠᠷᠬᠤ ᠪᠠ ᠱᠠᠲᠤ ᠬᠤᠪᠢᠶᠠᠨ ᠬᠠᠮᠢᠶᠠᠷᠬᠤ ᠶᠢ ᠤᠶᠠᠯᠳᠤᠭᠤᠯᠬᠤ᠂ ᠲᠤᠰᠬᠠᠢ ᠬᠠᠮᠢᠶᠠᠷᠤᠯᠲᠠ ᠪᠣᠯᠣᠨ | ᠤᠯᠠᠨ ᠲᠦᠮᠡᠨ ᠬᠠᠮᠢᠶᠠᠷᠬᠤ ᠶᠢ ᠬᠠᠮᠲᠤᠳᠬᠠᠨ ᠬᠡᠷᠡᠭᠵᠢᠭᠦᠯᠦᠨ᠎ᠡ᠃ | | ᠳᠣᠯᠣᠳᠤᠭᠠᠷ ᠵᠦᠢᠯ ᠬᠠᠩᠭᠠᠬᠤ ᠬᠡᠷᠡᠭᠰᠡᠬᠦ ᠬᠤᠶᠠᠷ ᠲᠠᠯ᠎ᠠ ᠪᠠᠷ ᠢᠶᠠᠨ ᠵᠥᠪᠳᠡᠯᠴᠡᠵᠦ ᠪᠠᠶᠢᠭᠠᠳ | ᠲᠠᠷᠢᠶᠠᠯᠠᠩ ᠤᠨ ᠬᠠᠩᠭᠠᠬᠤ ᠤᠰᠤᠨ ᠤ ᠦᠨ᠎ᠡ ᠬᠠᠩᠰᠢ ᠶᠢ ᠲᠣᠭᠲᠠᠭᠠᠭᠰᠠᠨ ᠪᠠᠶᠢᠪᠠᠯ᠂ ᠤᠰᠤᠨ ᠠᠰᠢᠭᠯᠠᠯᠲᠠ ᠶᠢᠨ | ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠣᠷ᠎ᠠ ᠵᠥᠪᠳᠡᠯᠴᠡᠵᠦ ᠪᠠᠶᠢᠭᠠᠳ ᠦᠨ᠎ᠡ | ᠲᠣᠭᠲᠠᠭᠠᠬᠤ ᠠᠵᠢᠯ ᠢ ᠰᠠᠶᠢᠲᠤᠷ ᠬᠢᠵᠦ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠰᠤᠨ ᠤ ᠰᠦᠢᠳᠬᠡᠯ | ᠬᠤᠷᠢᠶᠠᠨ᠎ᠠ᠃ | | ᠭᠤᠷᠪᠠᠳᠤᠭᠠᠷ ᠪᠦᠯᠦᠭ ᠬᠠᠮᠢᠶᠠᠷᠴᠤ ᠬᠠᠮᠠᠭᠠᠯᠠᠬᠤ ᠪᠠᠷᠢᠮᠵᠢᠶ᠎ᠠ | | | | ᠨᠠᠢᠮᠠᠳᠤᠭᠠᠷ ᠵᠦᠢᠯ ᠤᠰᠤᠨ ᠴᠥᠭᠦᠷᠥᠮ ᠢ ᠬᠠᠮᠢᠶᠠᠷᠴᠤ ᠬᠠᠮᠠᠭᠠᠯᠠᠬᠤ ᠪᠠᠷᠢᠮᠵᠢᠶ᠎ᠠ᠄ ᠤᠰᠤ ᠬᠤᠷᠢᠭᠯᠠᠬᠤ᠂ | ᠤᠰᠤ ᠭᠤᠭᠤᠵᠢᠬᠤ᠂ ᠤᠰᠤ ᠳᠠᠮᠵᠢᠭᠤᠯᠬᠤ ᠪᠠᠷᠢᠯᠭ᠎ᠠ ᠨᠢ ᠬᠦᠴᠦᠨ ᠲᠡᠭᠦᠯᠳᠡᠷ᠂ ᠠᠶᠤᠯᠭᠦᠢ ᠪᠠᠷ ᠤᠰᠤ | ᠬᠠᠳᠠᠭᠠᠯᠠᠵᠤ ᠤᠰᠤ ᠶᠢ ᠬᠠᠯᠬᠠᠯᠠᠵᠤ ᠴᠢᠳᠠᠬᠤ︔ ᠬᠠᠰᠢᠯᠭ᠎ᠠ ᠶᠢᠨ ᠨᠢᠭᠤᠷ ᠨᠢ ᠴᠡᠪᠡᠷ ᠴᠡᠮᠴᠡᠭᠡᠷ᠂ ᠳᠣᠲᠣᠷ᠎ᠠ | ᠭᠠᠳᠠᠨᠠᠬᠢ ᠬᠠᠵᠠᠭᠤ ᠪᠠᠯ ᠨᠢ ᠲᠣᠭᠲᠠᠭᠤᠨ ᠪᠠᠶᠢᠵᠤ᠂ ᠰᠠᠭᠤᠭᠳᠠᠬᠤ ᠪᠠ ᠠᠩ ᠵᠠᠪᠰᠠᠷ ᠦᠭᠡᠢ ᠪᠠᠶᠢᠳᠠᠭ︔ | ᠭᠤᠯᠳᠤᠩ ᠬᠥᠨᠳᠡᠢ᠂ ᠦᠶᠡᠷ ᠪᠢᠯᠬᠠᠬᠤ ᠵᠠᠮ ᠨᠢ ᠬᠤᠷᠠᠵᠤ ᠪᠥᠭᠯᠡᠷᠡᠬᠦ ᠦᠭᠡᠢ᠂ ᠨᠡᠪᠴᠢᠵᠦ ᠭᠤᠭᠤᠵᠢᠬᠤ ᠦᠭᠡᠢ | ᠪᠠᠶᠢᠳᠠᠭ᠃ | | ᠶᠢᠰᠦᠳᠦᠭᠡᠷ ᠵᠦᠢᠯ ᠭᠤᠣᠯ ᠤᠨ ᠵᠠᠮ᠂ ᠰᠤᠪᠠᠭ ᠬᠢᠭᠡᠳ ᠰᠤᠪᠠᠭ ᠤᠨ ᠰᠢᠰᠲ᠋ᠧᠮ ᠤᠨ ᠪᠠᠷᠢᠯᠭ᠎ᠠ ᠶᠢᠨ | ᠬᠠᠮᠢᠶᠠᠷᠴᠤ ᠬᠠᠮᠠᠭᠠᠯᠠᠬᠤ ᠪᠠᠷᠢᠮᠵᠢᠶ᠎ᠠ᠄ ᠭᠤᠤ ᠰᠤᠪᠠᠭ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠳᠤ ᠬᠤᠷᠠᠵᠤ | ᠪᠥᠭᠯᠡᠷᠡᠬᠦ ᠦᠭᠡᠢ᠂ ᠢᠯᠡᠷᠬᠡᠢ ᠲᠥᠪᠯᠡᠷᠡᠨ ᠨᠡᠪᠴᠢᠬᠦ ᠴᠡᠭ ᠦᠭᠡᠢ ᠪᠠᠶᠢᠬᠤ ᠶᠢ ᠪᠠᠲᠤᠯᠠᠨ᠎ᠠ︔ ᠰᠤᠪᠠᠭ ᠤᠨ | ᠬᠠᠵᠠᠭᠤ ᠶᠢᠨ ᠪᠠᠯ ᠲᠣᠭᠲᠠᠭᠤᠨ ᠪᠠᠶᠢᠵᠤ᠂ ᠰᠤᠪᠠᠭ ᠤᠨ ᠳᠠᠯᠠᠩ ᠰᠠᠭᠤᠭᠳᠠᠭᠰᠠᠨ ᠦᠭᠡᠢ᠂ ᠬᠠᠭᠠᠯᠲᠠ᠂ ᠭᠠᠲᠤᠯᠭ᠎ᠠ | ᠵᠡᠷᠭᠡ ᠢᠵᠢ ᠪᠦᠷᠢᠳᠦᠭᠰᠡᠨ ᠪᠦᠲᠦᠭᠡᠨ ᠪᠠᠶᠢᠭᠤᠯᠤᠯᠲᠠ ᠬᠦᠴᠦᠨ ᠲᠡᠭᠦᠯᠳᠡᠷ ᠪᠠᠶᠢᠵᠤ᠂ ᠬᠡᠪ ᠤᠨ ᠠᠵᠢᠯᠯᠠᠭ᠎ᠠ ᠶᠢ | ᠪᠠᠲᠤᠯᠠᠨ᠎ᠠ᠃᠂ | | ᠠᠷᠪᠠᠳᠤᠭᠠᠷ ᠵᠦᠢᠯ ᠥᠨᠳᠥᠷ ᠦᠷ᠎ᠡ ᠠᠰᠢᠭ ᠲᠠᠢ ᠤᠰᠤ ᠠᠷᠪᠢᠯᠠᠬᠤ ᠪᠡᠯᠡᠳᠬᠡᠮᠵᠢ ᠶᠢᠨ ᠬᠠᠮᠢᠶᠠᠷᠴᠤ | ᠬᠠᠮᠠᠭᠠᠯᠠᠬᠤ ᠪᠠᠷᠢᠮᠵᠢᠶ᠎ᠠ᠄ ᠮᠠᠰᠢᠨ ᠴᠠᠬᠢᠯᠭᠠᠨ ᠤ ᠲᠥᠬᠦᠭᠡᠷᠦᠮᠵᠢ᠂ ᠡᠵᠡᠮᠳᠡᠬᠦ ᠲᠥᠬᠦᠭᠡᠷᠦᠮᠵᠢ᠂ ᠬᠡᠮᠵᠢᠬᠦ | ᠪᠡᠯᠡᠳᠬᠡᠮᠵᠢ ᠶᠢᠨ ᠬᠦᠴᠦᠨ ᠲᠡᠭᠦᠯᠳᠡᠷ᠂ ᠳᠠᠮᠵᠢᠭᠤᠯᠬᠤ ᠬᠤᠭᠤᠯᠠᠢ ᠶᠢᠨ ᠰᠠᠭᠠᠳ ᠦᠭᠡᠢ ᠨᠡᠪᠲᠡᠷᠡᠭᠡᠳ ᠤᠰᠤ | ᠭᠤᠭᠤᠵᠢᠬᠤ ᠦᠵᠡᠭᠳᠡᠯ ᠦᠭᠡᠢ ᠪᠠᠶᠢᠵᠤ᠂ ᠤᠰᠤᠨ ᠤ ᠬᠠᠪᠬᠠᠯᠭᠠ᠂ ᠡᠵᠡᠮᠳᠡᠬᠦ ᠨᠡᠭᠡᠯᠡᠭᠡᠢ ᠶᠢᠨ ᠨᠡᠭᠡᠭᠡᠵᠦ ᠬᠠᠭᠠᠬᠤ | ᠨᠢ ᠠᠮᠢᠳᠤᠯᠢᠭ᠂ ᠠᠶᠦᠯᠭᠦᠢ ᠶᠢᠨ ᠬᠠᠮᠠᠭᠠᠯᠠᠯᠲᠠ ᠶᠢᠨ ᠲᠣᠨᠣᠭᠯᠠᠯ ᠤᠨ ᠴᠢᠳᠠᠮᠵᠢ ᠨᠢ ᠨᠠᠶᠢᠳᠠᠪᠤᠷᠢᠲᠠᠢ᠃ | | ᠠᠷᠪᠠᠨ ᠨᠢᠭᠡᠳᠦᠭᠡᠷ ᠵᠦᠢᠯ ᠲᠠᠷᠢᠶᠠᠯᠠᠩ ᠤᠨ ᠤᠰᠤ ᠬᠠᠩᠭᠠᠬᠤ ᠬᠡᠮᠵᠢᠯᠲᠡ ᠶᠢᠨ ᠪᠡᠯᠡᠳᠬᠡᠮᠵᠢ ᠶᠢᠨ | ᠬᠠᠮᠢᠶᠠᠷᠴᠤ ᠬᠠᠮᠠᠭᠠᠯᠠᠬᠤ ᠪᠠᠷᠢᠮᠵᠢᠶ᠎ᠠ᠄ ᠬᠡᠮᠵᠢᠯᠲᠡ ᠶᠢᠨ ᠪᠡᠯᠡᠳᠬᠡᠮᠵᠢ ᠨᠢ ᠬᠦᠴᠦᠨ ᠲᠡᠭᠦᠯᠳᠡᠷ᠂ ᠲᠤᠭ᠎ᠠ | ᠪᠠᠷᠢᠮᠲᠠ ᠶᠢᠨ ᠳᠠᠮᠵᠢᠭᠤᠯᠭ᠎ᠠ ᠨᠢ ᠬᠡᠪ ᠤᠨ᠂ ᠠᠵᠢᠯᠯᠠᠭᠠᠨ ᠨᠢ ᠬᠡᠪ ᠤᠨ ᠪᠠᠶᠢᠬᠤ ᠬᠡᠷᠡᠭᠲᠡᠢ᠃ ᠬᠡᠮᠵᠢᠯᠲᠡ ᠶᠢᠨ | ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠲᠣᠭᠲᠠᠭᠠᠬᠤ ᠪᠤᠶᠤ ᠬᠢᠨᠠᠨ ᠵᠥᠪᠰᠢᠶᠡᠷᠡᠵᠦ᠂ | ᠬᠡᠮᠵᠢᠯᠲᠡ ᠶᠢᠨ ᠲᠥᠬᠦᠭᠡᠷᠦᠮᠵᠢ ᠶᠢᠨ ᠬᠡᠪ ᠤᠨ ᠬᠡᠮᠵᠢᠯᠲᠡ ᠪᠠ ᠬᠡᠮᠵᠢᠶ᠎ᠡ ᠶᠢᠨ ᠵᠥᠪ ᠣᠨᠣᠪᠴᠢᠲᠠᠶ᠂ ᠨᠠᠶᠢᠳᠠᠪᠤᠷᠢᠲᠠᠢ | ᠪᠠᠶᠢᠬᠤ ᠶᠢ ᠪᠠᠲᠤᠯᠠᠨ᠎ᠠ᠃ | | ᠳᠥᠷᠪᠡᠳᠦᠭᠡᠷ ᠪᠦᠯᠦᠭ ᠬᠠᠮᠢᠶᠠᠷᠴᠤ ᠬᠠᠮᠠᠭᠠᠯᠠᠬᠤ ᠠᠷᠭ᠎ᠠ ᠮᠠᠶ᠋ᠢᠭ | | ᠠᠷᠪᠠᠨ ᠬᠤᠶᠠᠳᠤᠭᠠᠷ ᠵᠦᠢᠯ ᠲᠠᠷᠢᠶᠠᠯᠠᠩ ᠤᠨ ᠤᠰᠤᠯᠠᠯᠲᠠ ᠶᠢᠨ ᠬᠡᠷᠡᠭᠯᠡᠬᠦ ᠤᠰᠤᠨ ᠤ ᠬᠡᠮᠵᠢᠯᠲᠡ ᠶᠢᠨ | ᠰᠦᠢᠳᠬᠡᠯ ᠬᠤᠷᠢᠶᠠᠬᠤ ᠪᠠ ︽ᠴᠠᠬᠢᠯᠭᠠᠨ ᠢᠶᠠᠷ ᠤᠰᠤᠨ ᠤ ᠬᠡᠮᠵᠢᠶ᠎ᠡ ᠶᠢ ᠬᠢᠨᠠᠬᠤ︾ ᠠᠵᠢᠯ ᠢ ᠦᠷᠭᠦᠯᠵᠢᠯᠡᠨ | ᠲᠦᠯᠬᠢᠨ ᠠᠬᠢᠭᠤᠯᠬᠤ ᠬᠡᠷᠡᠭᠲᠡᠢ᠃ ᠲᠠᠷᠢᠶᠠᠯᠠᠩ ᠤᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠪᠠ | ᠨᠣᠷᠮ᠎ᠠ ᠲᠣᠭᠲᠠᠭᠠᠨ ᠬᠠᠮᠢᠶᠠᠷᠬᠤ ᠶᠢ ᠬᠡᠷᠡᠭᠵᠢᠭᠦᠯᠵᠦ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢ | ᠠᠵᠢᠯᠯᠠᠭᠤᠯᠵᠤ ᠪᠠᠲᠤᠯᠠᠬᠤ ᠥᠪᠡᠷ ᠤᠨ ᠥᠷᠲᠡᠭ ᠢ ᠪᠠᠲᠤᠯᠠᠬᠤ ᠵᠠᠷᠴᠢᠮ ᠶᠣᠰᠣᠭᠠᠷ᠂ ᠡᠯ᠎ᠡ ᠬᠠᠮᠢᠶᠠᠷᠤᠨ ᠬᠠᠮᠠᠭᠠᠯᠠᠬᠤ | ᠨᠢᠭᠡᠴᠢ ᠠᠴᠠ ᠲᠠᠷᠢᠶᠠᠴᠢᠳ ᠤᠨ ᠤᠰᠤ ᠬᠡᠷᠡᠭᠯᠡᠬᠦ ᠨᠡᠶᠢᠭᠡᠮᠯᠢᠭ ᠢ ᠵᠣᠬᠢᠶᠠᠨ ᠪᠠᠶᠢᠭᠤᠯᠵᠤ ᠪᠠᠶᠢᠭᠠᠳ ᠵᠥᠪᠳᠡᠯᠴᠡᠨ | ᠲᠣᠭᠲᠠᠭᠠᠭᠰᠠᠨ ᠦᠨ᠎ᠡ ᠶᠣᠰᠣᠭᠠᠷ ᠬᠤᠷᠢᠶᠠᠨ ᠠᠪᠴᠤ᠂ ᠬᠡᠮᠵᠢᠶ᠎ᠡ ᠠᠴᠠ ᠳᠠᠪᠠᠭᠤᠯᠤᠨ ᠬᠡᠷᠡᠭᠯᠡᠭᠰᠡᠨ ᠤᠰᠤᠨ ᠤ | ᠠᠬᠢᠭᠤᠯᠤᠨ ᠪᠤᠳᠤᠵᠤ ᠦᠨ᠎ᠡ ᠨᠡᠮᠡᠬᠦ ᠲᠣᠭᠲᠠᠴᠠ ᠶᠢ ᠠᠯᠬᠤᠮ ᠠᠯᠬᠤᠮ ᠢᠶᠠᠷ ᠬᠡᠷᠡᠭᠵᠢᠭᠦᠯᠵᠦ᠂ ᠤᠰᠤ | ᠠᠷᠪᠢᠯᠠᠭᠰᠠᠨ ᠢ ᠱᠠᠩᠨᠠᠬᠤ ᠪᠠ ᠨᠠᠷᠢᠯᠢᠭ ᠣᠨᠣᠴᠠᠲᠠᠢ ᠪᠠᠷ ᠨᠥᠬᠦᠪᠦᠷᠢ ᠣᠯᠭᠤᠬᠤ ᠲᠣᠭᠲᠠᠴᠠ ᠶᠢ ᠪᠠᠶᠢᠭᠤᠯᠤᠨ᠎ᠠ᠃ | | ᠠᠷᠪᠠᠨ ᠭᠤᠷᠪᠠᠳᠤᠭᠠᠷ ᠵᠦᠢᠯ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ | ᠰᠢᠨᠵᠢᠯᠡᠬᠦ ᠤᠬᠠᠭᠠᠨᠴᠢ ᠵᠦᠢ ᠵᠣᠬᠢᠰᠲᠠᠢ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠠᠪᠴᠤ᠂ ᠵᠠᠰᠠᠭ ᠤᠨ ᠣᠷᠳᠣᠨ ᠤ | ᠪᠡᠯᠡ ᠣᠷᠣᠭᠤᠯᠤᠯᠲᠠ ᠶᠢᠨ ᠵᠠᠭᠪᠤᠷ ᠢᠶᠠᠷ ᠭᠤᠣᠯ ᠴᠣᠭᠴᠠ ᠪᠣᠯᠭᠠᠭᠰᠠᠨ᠂ ᠲᠠᠷᠢᠶᠠᠴᠢᠳ ᠤᠨ ᠤᠰᠤ ᠬᠡᠷᠡᠭᠯᠡᠬᠦ | ᠨᠡᠶᠢᠭᠡᠮᠯᠢᠭ ᠤᠨ ᠵᠠᠭᠪᠤᠷ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠪᠡᠶᠡᠴᠢ ᠴᠣᠭᠴᠠ ᠶᠢᠨ ᠵᠠᠭᠪᠤᠷ᠂ ᠲᠠᠷᠢᠶᠠᠴᠢᠨ | ᠡᠷᠦᠭᠡ ᠥᠪᠡᠰᠦᠪᠡᠨ ᠬᠠᠮᠢᠶᠠᠷᠬᠤ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠬᠠᠮᠢᠶᠠᠷᠤᠨ | ᠬᠠᠮᠠᠭᠠᠯᠠᠬᠤ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠵᠦ᠂ ᠲᠠᠷᠢᠶᠠᠯᠠᠩ ᠤᠨ | ᠡᠵᠡᠩᠨᠡᠯᠲᠡ ᠶᠢᠨ ᠪᠡᠶᠡᠴᠢ ᠴᠣᠭᠴᠠ ᠶᠢᠨ ᠢᠳᠡᠪᠬᠢᠵᠢᠯ ᠢ ᠤᠯᠠᠮ ᠲᠠᠶᠢᠴᠢᠯᠠᠨ᠂ ᠵᠢᠵᠢᠭ ᠬᠡᠯᠪᠡᠷᠢ ᠶᠢᠨ | ᠲᠠᠷᠢᠶᠠᠯᠠᠩ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠬᠢᠷᠢ | ᠬᠡᠮᠵᠢᠶ᠎ᠡ ᠶᠢ ᠲᠦᠷᠭᠡᠪᠴᠢᠯᠡᠨ ᠳᠡᠭᠡᠭᠰᠢᠯᠡᠭᠦᠯᠦᠨ᠎ᠡ᠃ | | ︵ᠨᠢᠭᠡ︶ ᠤᠰᠤ ᠬᠡᠷᠡᠭᠯᠡᠬᠦ ᠬᠤᠷᠰᠢᠶ᠎ᠠ ᠶᠢᠨ ᠵᠣᠬᠢᠶᠠᠨ ᠪᠠᠶᠢᠭᠤᠯᠤᠯᠲᠠ ᠳᠤ ᠲᠦᠰᠢᠭᠯᠡᠨ ᠬᠠᠮᠢᠶᠠᠷᠴᠤ | ᠬᠠᠮᠠᠭᠠᠯᠠᠨ᠎ᠠ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠨᠢᠭᠡᠳᠦᠯᠲᠡᠢ | ᠲᠥᠯᠥᠪᠯᠡᠨ ᠲᠦᠯᠬᠢᠨ ᠠᠬᠢᠭᠤᠯᠬᠤ ᠪᠠ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠵᠦ᠂ | ᠲᠠᠷᠢᠶᠠᠴᠢᠳ ᠤᠨ ᠤᠰᠤ ᠬᠡᠷᠡᠭᠯᠡᠬᠦ ᠨᠡᠶᠢᠭᠡᠮᠯᠢᠭ ᠤᠨ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ | ᠰᠦᠢᠳᠬᠡᠯ ᠢ ᠪᠤᠳᠤᠵᠤ ᠬᠤᠷᠢᠶᠠᠬᠤ᠂ ᠪᠠᠷᠢᠯᠭ᠎ᠠ ᠶᠢᠨ ᠬᠠᠮᠢᠶᠠᠷᠤᠨ ᠬᠠᠮᠠᠭᠠᠯᠠᠬᠤ ᠵᠡᠷᠭᠡ ᠲᠠᠯ᠎ᠠ ᠶᠢᠨ ᠳᠠᠪᠠᠭᠤᠯᠢᠭ ᠢ | ᠪᠠᠳᠠᠷᠠᠭᠤᠯᠤᠨ᠂ ᠲᠠᠷᠢᠶᠠᠯᠠᠩ ᠳᠤ ᠬᠤᠯᠪᠣᠭᠳᠠᠬᠤ ᠤᠰᠤ ᠬᠡᠷᠡᠭᠯᠡᠬᠦ ᠦᠢᠯᠡᠴᠢᠯᠡᠭᠡ ᠬᠠᠩᠭᠠᠵᠤ᠂ ᠪᠣᠳᠠᠲᠠᠢ ᠬᠠᠮᠢᠶᠠᠷᠤᠨ | ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | | ︵ᠬᠤᠶᠠᠷ︶ ᠡᠵᠡᠩᠨᠡᠯᠲᠡ ᠶᠢᠨ ᠭᠤᠣᠯ ᠴᠣᠭᠴᠠ ᠳᠤ ᠨᠠᠶᠢᠳᠠᠵᠤ ᠬᠠᠮᠢᠶᠠᠷᠤᠭᠤᠯᠤᠨ᠎ᠠ᠃ ᠠᠮᠤ ᠪᠤᠳᠠᠭ᠎ᠠ | ᠳᠠᠷᠢᠬᠤ ᠲᠣᠮᠣ ᠡᠷᠦᠬᠡ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠲᠠᠷᠢᠶᠠᠴᠢᠳ ᠤᠨ ᠲᠤᠰᠬᠠᠢ ᠠᠵᠢᠯ ᠤᠨ | ᠬᠤᠷᠰᠢᠶ᠎ᠠ ᠵᠡᠷᠭᠡ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠬᠡᠷᠡᠭᠯᠡᠬᠦ | ᠬᠠᠮᠢᠶᠠᠷᠬᠤ ᠶᠢ ᠨᠢᠭᠡ ᠴᠣᠭᠴᠠᠵᠢᠭᠤᠯᠤᠭᠰᠠᠨ ᠳᠠᠪᠠᠭᠤᠯᠢᠭ ᠢ ᠪᠠᠳᠠᠷᠠᠭᠤᠯᠵᠤ᠂ ᠰᠢᠨ᠎ᠡ ᠮᠠᠶ᠋ᠢᠭ ᠤᠨ ᠲᠠᠷᠢᠶᠠᠯᠠᠩ ᠤᠨ | ᠡᠵᠡᠩᠨᠡᠯᠲᠡ ᠶᠢᠨ ᠭᠤᠣᠯ ᠴᠣᠭᠴᠠ ᠳᠤ ᠨᠠᠶᠢᠳᠠᠵᠤ ᠭᠡᠷ᠎ᠡ ᠶᠢᠨ ᠪᠣᠯᠵᠣᠯ ᠶᠣᠰᠣᠭᠠᠷ ᠬᠠᠮᠢᠶᠠᠷᠴᠤ ᠬᠠᠮᠠᠭᠠᠯᠠᠬᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠭᠦᠢᠴᠡᠳᠬᠡᠨ᠎ᠡ᠃ | | ︵ᠭᠤᠷᠪᠠ︶ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠮᠢᠶᠠᠷᠴᠤ ᠬᠠᠮᠠᠭᠠᠯᠠᠬᠤ ᠳᠤ ᠣᠷᠣᠯᠴᠠᠬᠤ ᠶᠢ | ᠵᠣᠷᠢᠭᠵᠢᠭᠤᠯᠤᠨ᠎ᠠ᠃ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠵᠠᠬ᠎ᠠ | ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠯᠡᠨ᠂ ᠬᠠᠮᠢᠶᠠᠷᠴᠤ ᠬᠠᠮᠠᠭᠠᠯᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ | ᠂ ︽ᠶᠡᠭᠡ ᠪᠠᠷ ᠪᠠᠭ᠎ᠠ ᠶᠢ ᠳᠠᠶᠢᠴᠢᠯᠠᠬᠤ᠂ ᠵᠢᠵᠢᠭ ᠢᠶᠠᠷ ᠬᠤᠯᠪᠣᠭᠠᠯᠠᠬᠤ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠲᠤᠰᠬᠠᠶᠢᠵᠢᠭᠰᠠᠨ ᠠᠳᠠᠯ ᠠᠬᠤᠢ ᠶᠢᠨ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠨᠡᠶᠢᠭᠡᠮ ᠤᠨ ᠡᠬᠢ | ᠪᠠᠶᠠᠯᠢᠭ ᠢ ᠲᠡᠳᠡᠨ ᠣᠷᠣᠭᠤᠯᠵᠤ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠳᠤ ᠣᠷᠣᠯᠴᠠᠭᠤᠯᠬᠤ ᠶᠢ ᠬᠠᠶᠢᠨ | ᠰᠦᠪᠡᠭᠴᠢᠯᠡᠵᠦ᠂ ᠪᠡᠯᠡᠳᠬᠡᠮᠵᠢ ᠶᠢᠨ ᠬᠠᠮᠢᠶᠠᠷᠴᠤ ᠬᠠᠮᠠᠭᠠᠯᠠᠬᠤ ᠠᠰᠠᠭᠤᠳᠠᠯ ᠢ ᠰᠢᠢᠳᠪᠦᠷᠢᠯᠡᠬᠦ ᠶᠢ ᠵᠣᠷᠢᠭᠵᠢᠭᠤᠯᠤᠨ᠎ᠠ᠃ | | | ᠠᠷᠪᠠᠨ ᠳᠥᠷᠪᠡᠳᠦᠭᠡᠷ ᠵᠦᠢᠯ ᠭᠠᠵᠠᠷ ᠲᠠᠷᠢᠶᠠᠯᠠᠩ ᠤᠨ ᠤᠰᠤᠯᠠᠭ᠎ᠠ ᠶᠢᠨ ᠲᠥᠬᠦᠭᠡᠷᠦᠮᠵᠢ ᠳᠤ ᠬᠤᠣᠷ | ᠬᠥᠨᠥᠭᠡᠯ ᠤᠴᠠᠷᠠᠭᠤᠯᠬᠤ ᠳᠠᠷᠠᠭᠠᠬᠢ ᠦᠢᠯᠡᠳᠦᠯ ᠢ ᠬᠤᠷᠢᠭᠯᠠᠨ᠎ᠠ᠄ | | ︵ᠨᠢᠭᠡ︶ ᠵᠢᠵᠢᠭ ᠬᠡᠯᠪᠡᠷᠢ ᠶᠢᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ | ᠲᠥᠬᠦᠭᠡᠷᠦᠮᠵᠢ ᠶᠢ ᠡᠵᠡᠯᠡᠨ ᠠᠪᠬᠤ᠂ ᠡᠪᠳᠡᠨ ᠰᠦᠢᠳᠬᠡᠬᠦ︔ | | ︵ᠬᠤᠶᠠᠷ︶ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠶᠢᠨ ᠠᠶᠤᠯᠭᠦᠢ ᠳᠤ | ᠬᠤᠣᠷ ᠬᠥᠨᠥᠭᠡᠯ ᠤᠴᠠᠷᠠᠭᠤᠯᠬᠤ ᠳᠡᠯᠪᠡᠴᠢᠬᠦ᠂ ᠬᠤᠳᠳᠤᠭ ᠣᠯᠪᠤᠷᠢᠯᠠᠬᠤ᠂ ᠴᠢᠯᠠᠭᠤ ᠭᠠᠷᠭᠠᠬᠤ᠂ ᠰᠢᠷᠣᠢ ᠠᠪᠬᠤ | ᠵᠡᠷᠭᠡ ᠠᠵᠢᠯᠯᠠᠭ᠎ᠠ︔ | | ︵ᠭᠤᠷᠪᠠ︶ ᠤᠰᠤ ᠬᠤᠷᠠᠮᠳᠤᠯᠠᠭᠤᠯᠬᠤ᠂ ᠤᠰᠤ ᠳᠠᠮᠵᠢᠭᠤᠯᠬᠤ᠂ ᠤᠰᠤ ᠵᠠᠯᠠᠬᠤ ᠶᠢ ᠬᠠᠷᠰᠢᠯᠠᠬᠤ ᠪᠣᠳᠠᠰ ᠢ | ᠣᠪᠣᠭᠠᠯᠠᠨ ᠲᠠᠯᠪᠢᠬᠤ︔ | | ︵ᠳᠥᠷᠪᠡ︶ ᠤᠰᠤ ᠬᠤᠷᠠᠮᠳᠤᠯᠠᠭᠤᠯᠬᠤ᠂ ᠤᠰᠤ ᠳᠠᠮᠵᠢᠭᠤᠯᠬᠤ᠂ ᠤᠰᠤ ᠵᠠᠯᠠᠬᠤ ᠶᠢ ᠬᠠᠷᠰᠢᠯᠠᠬᠤ ᠪᠠᠷᠢᠯᠭ᠎ᠠ | ᠪᠠ ᠪᠠᠷᠢᠯᠭ᠎ᠠ ᠶᠢᠨ ᠵᠦᠢᠯ ᠢ ᠪᠦᠲᠦᠭᠡᠨ ᠪᠠᠶᠢᠭᠤᠯᠬᠤ︔ | | ︵ᠲᠠᠪᠤ︶ ᠭᠤᠣᠯ ᠤᠨ ᠵᠠᠮ᠂ ᠭᠤᠤ ᠰᠤᠪᠠᠭ ᠲᠤ ᠪᠣᠬᠢᠷ ᠤᠰᠤ ᠭᠠᠳᠠᠭᠰᠢᠯᠠᠭᠤᠯᠬᠤ᠂ ᠬᠤᠭ ᠨᠣᠪᠰᠢ ᠵᠢᠴᠢ | ᠪᠤᠰᠤᠳ ᠬᠠᠶᠠᠭᠳᠠᠮᠠᠯ ᠪᠣᠳᠠᠰ ᠴᠢᠳᠬᠤᠬᠤ᠃ | | ᠠᠷᠪᠠᠨ ᠲᠠᠪᠤᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠥᠨ ᠲᠠᠷᠢᠶᠠᠯᠠᠩ ᠤᠨ ᠤᠰᠤᠯᠠᠯᠲᠠ ᠶᠢᠨ | ᠤᠰᠦᠠ ᠰᠤᠷᠪᠤᠯᠵᠢ᠂ ᠲᠠᠷᠢᠶᠠᠯᠠᠩ ᠤᠨ ᠤᠰᠦᠠ ᠠᠰᠢᠭᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠶᠢ ᠳᠤᠷ᠎ᠠ ᠮᠡᠳᠡᠨ | ᠡᠵᠡᠯᠡᠨ ᠬᠡᠷᠡᠭᠯᠡᠵᠦ ᠪᠣᠯᠬᠤ ᠦᠭᠡᠢ᠃ | | ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠨᠢ ᠲᠠᠷᠢᠶᠠᠯᠠᠩ ᠤᠨ ᠤᠰᠤᠯᠠᠯᠲᠠ ᠶᠢᠨ ᠤᠰᠤᠨ ᠰᠤᠷᠪᠤᠯᠵᠢ᠂ ᠲᠠᠷᠢᠶᠠᠯᠠᠩ ᠤᠨ | ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠶᠢ ᠦᠨᠡᠬᠡᠷ ᠡᠵᠡᠯᠡᠨ ᠬᠡᠷᠡᠭᠯᠡᠬᠦ ᠴᠢᠬᠤᠯᠠᠲᠠᠢ ᠪᠠᠶᠢᠪᠠᠯ᠂ | ᠤᠰᠤ ᠲᠠᠲᠠᠵᠤ ᠬᠡᠷᠡᠭᠯᠡᠬᠦ ᠨᠢᠭᠡᠴᠢ᠂ ᠬᠤᠪᠢ ᠬᠥᠮᠥᠨ ᠪᠤᠶᠤ ᠲᠠᠷᠢᠶᠠᠯᠠᠩ ᠤᠨ ᠤᠰᠤᠨ ᠠᠰᠢᠭᠯᠠᠯᠲᠠ ᠶᠢᠨ | ᠪᠠᠷᠢᠯᠭ᠎ᠠ ᠶᠢᠨ ᠥᠮᠴᠢᠯᠡᠯ ᠤᠨ ᠡᠷᠬᠡᠲᠦ ᠬᠥᠮᠥᠨ ᠲᠠᠢ ᠵᠥᠪᠳᠡᠯᠴᠡᠬᠦ ᠶᠢᠨ ᠬᠠᠮᠲᠤ ᠬᠠᠷᠢᠶᠠᠯᠠᠯ ᠤᠨ ᠡᠷᠬᠡ ᠲᠠᠢ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠬᠦ | ᠬᠡᠷᠡᠭᠲᠡᠢ᠃ | | ᠡᠵᠡᠯᠡᠨ ᠬᠡᠷᠡᠭᠯᠡᠭᠴᠢ ᠨᠢ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ | ᠪᠠᠷᠢᠯᠭ᠎ᠠ ᠶᠢᠨ ᠲᠥᠬᠦᠭᠡᠷᠦᠮᠵᠢ ᠶᠢᠨ ᠦᠷ᠎ᠡ ᠠᠰᠢᠭ ᠪᠠ ᠴᠢᠳᠠᠮᠵᠢ ᠲᠠᠢ ᠠᠳᠠᠯᠢᠪᠲᠤᠷ ᠣᠷᠣᠯᠠᠬᠤ ᠪᠠᠷᠢᠯᠭ᠎ᠠ ᠶᠢ | ᠪᠦᠲᠦᠭᠡᠨ ᠪᠠᠶᠢᠭᠤᠯᠬᠤ ᠬᠡᠷᠡᠭᠲᠡᠢ︔ ᠪᠦᠲᠦᠭᠡᠨ ᠪᠠᠶᠢᠭᠤᠯᠤᠯᠲᠠ ᠶᠢᠨ ᠣᠷᠣᠯᠠᠬᠤ ᠪᠠᠷᠢᠯᠭ᠎ᠠ ᠶᠢᠨ ᠨᠥᠬᠦᠴᠡᠯ ᠢ | ᠪᠦᠷᠢᠯᠳᠦᠭᠦᠯᠦᠭᠰᠡᠨ ᠦᠭᠡᠢ ᠪᠠᠶᠢᠪᠠᠯ᠂ ᠪᠦᠲᠦᠭᠡᠨ ᠪᠠᠶᠢᠭᠤᠯᠤᠯᠲᠠ ᠶᠢᠨ ᠣᠷᠣᠯᠠᠬᠤ ᠪᠠᠷᠢᠯᠭ᠎ᠠ ᠶᠢᠨ ᠪᠦᠬᠦ ᠪᠡᠯᠡ | ᠣᠷᠣᠭᠤᠯᠤᠯᠲᠠ ᠶᠢᠨ ᠲᠤᠭ᠎ᠠ ᠶᠣᠰᠣᠭᠠᠷ ᠡᠵᠡᠯᠡᠨ ᠬᠡᠷᠡᠭᠯᠡᠭᠰᠡᠨ ᠨᠥᠬᠦᠪᠦᠷᠢ ᠰᠦᠢᠳᠬᠡᠯ ᠣᠯᠭᠤᠬᠤ ᠬᠡᠷᠡᠭᠲᠡᠢ︔ | ᠠᠵᠢᠯᠯᠠᠭᠠᠨ ᠤ ᠥᠪᠡᠷ ᠤᠨ ᠦᠷᠳᠡᠭ ᠢ ᠨᠡᠮᠡᠭᠳᠡᠭᠦᠯᠬᠦ ᠵᠡᠷᠭᠡ ᠪᠤᠰᠤᠳ ᠬᠤᠬᠢᠷᠠᠯ ᠢ ᠪᠤᠢ ᠪᠣᠯᠭᠠᠭᠰᠠᠨ ᠪᠠᠶᠢᠪᠠᠯ᠂ | ᠬᠠᠤᠯᠢ ᠶᠣᠰᠣᠭᠠᠷ ᠨᠥᠬᠦᠪᠦᠷᠢ ᠣᠯᠭᠤᠬᠤ ᠬᠡᠷᠡᠭᠲᠡᠢ᠃ | | ᠲᠠᠪᠤᠳᠤᠭᠠᠷ ᠪᠦᠯᠦᠭ ᠬᠠᠮᠢᠶᠠᠷᠴᠤ ᠬᠠᠮᠠᠭᠠᠯᠠᠬᠤ ᠵᠠᠷᠤᠳᠠᠯ ᠢ ᠬᠤᠷᠠᠮᠳᠤᠭᠤᠯᠤᠨ ᠬᠠᠮᠢᠶᠠᠷᠬᠤ ᠪᠠ ᠬᠡᠷᠡᠭᠯᠡᠬᠦ | | ᠠᠷᠪᠠᠨ ᠵᠢᠷᠭᠤᠳᠤᠭᠠᠷ ᠵᠦᠢᠯ ᠲᠠᠷᠢᠶᠠᠨ ᠭᠠᠵᠠᠷ ᠤᠨ ᠵᠢᠵᠢᠭ ᠬᠡᠯᠪᠡᠷᠢ ᠶᠢᠨ ᠤᠰᠤᠨ ᠠᠰᠢᠭᠯᠠᠯᠲᠠ ᠶᠢᠨ | ᠪᠡᠯᠡᠳᠬᠡᠮᠵᠢ ᠶᠢ ᠬᠠᠮᠢᠶᠠᠷᠴᠤ ᠬᠠᠮᠠᠭᠠᠯᠠᠬᠤ ᠪᠡᠯᠡ ᠮᠥᠩᠭᠦ ᠶᠢᠨ ᠢᠷᠡᠯᠲᠡ ᠨᠢ ᠡᠯ᠎ᠡ ᠱᠠᠲᠤᠨ ᠤ ᠡᠳ᠋ ᠤᠨ ᠵᠠᠰᠠᠭ ᠤᠨ | ᠲᠤᠰᠬᠠᠶ ᠵᠦᠢᠯ ᠤᠨ ᠲᠤᠰᠠᠯᠠᠮᠵᠢ ᠶᠢᠨ ᠪᠡᠯᠡ ᠮᠥᠩᠭᠦ᠂ ᠬᠠᠮᠢᠶᠠᠷᠴᠤ ᠬᠠᠮᠠᠭᠠᠯᠠᠬᠤ ᠨᠢᠭᠡᠴᠢ ᠶᠢᠨ ᠬᠤᠷᠢᠶᠠᠭᠰᠠᠨ | ᠲᠠᠷᠢᠶᠠᠯᠠᠩ ᠤᠨ ᠤᠰᠤᠯᠠᠯᠲᠠ ᠶᠢᠨ ᠤᠰᠤᠨ ᠤ ᠰᠦᠢᠳᠬᠡᠯ ᠵᠢᠴᠢ ᠠᠰᠢᠭ ᠬᠦᠷᠲᠡᠬᠦ ᠭᠤᠤᠯ ᠴᠣᠭᠴᠠ ᠶᠢᠨ | ᠥᠪᠡᠷ ᠢᠶᠠᠨ ᠪᠡᠯᠡ ᠮᠥᠩᠭᠦ ᠪᠣᠯᠤᠨ᠎ᠠ᠃ ᠬᠠᠮᠢᠶᠠᠷᠤᠨ ᠬᠠᠮᠠᠭᠠᠯᠠᠬᠤ ᠪᠡᠯᠡ ᠮᠥᠩᠭᠦ ᠳᠤ ᠲᠤᠰᠬᠠᠶ ᠵᠣᠭᠤᠰ ᠢ ᠲᠤᠰᠬᠠᠶ | ᠵᠦᠢᠯ ᠳᠤᠨᠢ ᠬᠡᠷᠡᠭᠯᠡᠬᠦ ᠶᠢ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠰᠡᠯᠪᠢᠨ ᠵᠠᠰᠠᠬᠤ ᠪᠠ | ᠬᠠᠮᠢᠶᠠᠷᠬᠤ ᠳᠤ ᠬᠡᠷᠡᠭᠯᠡᠵᠦ᠂ ᠡᠳ᠋ ᠤᠨ ᠵᠠᠰᠠᠭ᠂ ᠬᠢᠨᠠᠨ ᠪᠣᠳᠣᠬᠤ ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ | ᠪᠠᠶᠢᠴᠠᠭᠠᠬᠤ ᠶᠢ ᠬᠦᠯᠢᠶᠡᠬᠦ ᠬᠡᠷᠡᠭᠲᠡᠶ᠃ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠳᠤ ᠵᠠᠰᠠᠭ ᠤᠨ ᠣᠷᠳᠣᠨ ᠠᠴᠠ ᠣᠷᠣᠭᠤᠯᠬᠤ ᠪᠠ ᠨᠡᠶᠢᠭᠡᠮ ᠤᠨ ᠬᠦᠴᠦᠨ ᠤ ᠣᠷᠣᠭᠤᠯᠤᠯᠲᠠ ᠶᠢ | ᠤᠶᠠᠯᠳᠤᠭᠤᠯᠬᠤ ᠠᠷᠭ᠎ᠠ ᠮᠠᠶ᠋ᠢᠭ ᠢ ᠬᠡᠷᠡᠭᠵᠢᠭᠦᠯᠬᠦ ᠬᠡᠷᠡᠭᠲᠡᠶ᠃ ᠬᠤᠰᠢᠭᠤᠨ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠣᠯᠠᠨ ᠠᠷᠭ᠎ᠠ ᠵᠠᠮ ᠢᠶᠠᠷ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ | ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠴᠤᠭᠯᠠᠭᠤᠯᠵᠤ᠂ ᠲᠠᠷᠢᠶᠠᠨ ᠭᠠᠵᠠᠷ ᠤᠨ ᠤᠰᠤᠨ | ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠣᠷᠣᠭᠤᠯᠤᠯᠲᠠ ᠶᠢ ᠪᠠᠲᠤᠯᠠᠬᠤ ᠬᠡᠷᠡᠭᠲᠡᠶ᠃ | | ᠠᠷᠪᠠᠨ ᠳᠣᠯᠣᠳᠤᠭᠠᠷ ᠵᠦᠢᠯ ᠬᠤᠰᠢᠭᠤᠨ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠨᠢ ᠨᠡᠶᠢᠭᠡᠮ ᠤᠨ ᠬᠦᠴᠦᠨ ᠤ ᠲᠠᠷᠢᠶᠠᠨ ᠭᠠᠵᠠᠷ ᠤᠨ ᠤᠰᠤᠯᠠᠯᠲᠠ ᠶᠢᠨ ᠦᠢᠯᠡᠴᠢᠯᠡᠭᠡ | ᠬᠠᠩᠭᠠᠬᠤ᠂ ᠤᠰᠤ ᠬᠠᠩᠭᠠᠬᠤ ᠤᠰᠤᠨ ᠤ ᠰᠦᠢᠳᠬᠡᠯ ᠬᠤᠷᠢᠶᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠬᠦ ᠶᠢ | ᠳᠡᠮᠵᠢᠵᠦ᠂ ᠲᠡᠳᠡᠨ ᠤ ᠬᠠᠤᠯᠢ ᠶᠣᠰᠣᠨ ᠤ ᠡᠵᠡᠩᠨᠡᠯᠲᠡ ᠶᠢᠨ ᠠᠰᠢᠭ ᠣᠯᠵᠠᠪᠤᠷᠢ ᠶᠢ ᠪᠠᠲᠤᠯᠠᠬᠤ ᠬᠡᠷᠡᠭᠲᠡᠢ᠃ | | ᠠᠷᠪᠠᠨ ᠨᠠᠢᠮᠠᠳᠤᠭᠠᠷ ᠵᠦᠢᠯ ᠪᠠᠭ᠎ᠠ ᠬᠡᠯᠪᠡᠷᠢ ᠶᠢᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ | ᠪᠠᠷᠢᠯᠭ᠎ᠠ ᠶᠢᠨ ᠬᠠᠮᠢᠶᠠᠷᠴᠤ ᠬᠠᠮᠠᠭᠠᠯᠠᠬᠤ ᠵᠠᠷᠤᠳᠠᠯ ᠤᠨ ᠲᠤᠰᠬᠠᠢ ᠵᠣᠭᠤᠰ ᠢ ᠲᠤᠰᠬᠠᠢ ᠵᠦᠢᠯ ᠳᠤᠨᠢ ᠬᠡᠷᠡᠭᠯᠡᠵᠦ᠂ | ᠬᠠᠮᠢᠶᠠᠷᠴᠤ ᠠᠵᠢᠯᠯᠠᠭᠤᠯᠬᠤ ᠠᠵᠢᠯᠲᠠᠨ ᠤ ᠴᠠᠯᠢᠩ᠂ ᠪᠡᠯᠡᠳᠬᠡᠮᠵᠢ ᠶᠢᠨ ᠡᠳᠦᠷ ᠲᠤᠳᠤᠮ ᠤᠨ ᠵᠠᠰᠠᠪᠤᠷᠢ | ᠦᠢᠯᠡᠴᠢᠯᠡᠭᠡ ᠪᠠ ᠰᠡᠯᠪᠢᠨ ᠵᠠᠰᠠᠬᠤ ᠵᠠᠷᠤᠳᠠᠯ ᠢ ᠣᠯᠭᠤᠬᠤ ᠳᠤ ᠬᠡᠷᠡᠭᠯᠡᠨ᠎ᠡ᠃ | | ᠠᠷᠪᠠ ᠶᠢᠰᠦᠳᠦᠭᠡᠷ ᠵᠦᠢᠯ ᠪᠠᠭ᠎ᠠ ᠬᠡᠯᠪᠡᠷᠢ ᠶᠢᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ | ᠪᠠᠷᠢᠯᠭ᠎ᠠ ᠶᠢᠨ ᠰᠡᠯᠪᠢᠨ ᠵᠠᠰᠠᠵᠤ ᠵᠠᠰᠠᠪᠤᠷᠢ ᠦᠢᠯᠡᠴᠢᠯᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠡᠰ | ᠳᠠᠷᠠᠭᠠᠯᠠᠯ᠄ ᠬᠠᠮᠢᠶᠠᠷᠤᠨ ᠬᠠᠮᠠᠭᠠᠯᠠᠬᠤ ᠭᠤᠣᠯ ᠴᠣᠭᠴᠠ ᠠᠴᠠ ᠵᠢᠯ ᠪᠦᠷᠢ ᠪᠢᠴᠢᠭᠯᠡᠭᠰᠡᠨ ᠭᠤᠶᠤᠴᠢᠯᠠᠯ ᠭᠠᠷᠭᠠᠵᠤ᠂ | ᠭᠠᠴᠠᠭ᠎ᠠ ︵ᠲᠣᠰᠬᠤᠨ︶ ᠪᠠᠷ ᠬᠢᠨᠠᠨ ᠬᠠᠷᠭᠤᠭᠤᠯᠵᠤ ᠬᠤᠷᠢᠶᠠᠩᠭᠤᠶᠢᠯᠠᠭᠠᠳ᠂ ᠰᠤᠮᠤ ᠪᠠᠯᠭᠠᠰᠤ ᠶᠢᠨ ᠵᠠᠰᠠᠭ ᠤᠨ | ᠣᠷᠳᠣᠨ ᠳᠤ ᠮᠡᠳᠡᠭᠦᠯᠦᠨ ᠬᠢᠨᠠᠨ ᠲᠣᠭᠲᠠᠭᠠᠯᠭᠠᠭᠰᠠᠨ ᠤ ᠳᠠᠷᠠᠭ᠎ᠠ ᠰᠡᠷᠭᠦᠭᠡᠨ ᠵᠠᠰᠠᠪᠤᠷᠢᠯᠠᠬᠤ ᠲᠥᠯᠥᠪᠯᠡᠭᠡ | ᠪᠠᠭᠤᠯᠭᠠᠵᠤ᠂ ᠬᠠᠮᠢᠶᠠᠷᠤᠨ ᠬᠠᠮᠠᠭᠠᠯᠠᠬᠤ ᠭᠤᠣᠯ ᠴᠣᠭᠴᠠ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠷᠢᠯᠭ᠎ᠠ | ᠳᠠᠭᠤᠰᠤᠭᠰᠠᠨ ᠤ ᠳᠠᠷᠠᠭ᠎ᠠ᠂ ᠰᠤᠮᠤ ᠪᠠᠯᠭᠠᠰᠤ ᠶᠢᠨ ᠵᠠᠰᠠᠭ ᠤᠨ ᠣᠷᠳᠣᠨ᠂ ᠤᠰᠤᠨ ᠠᠰᠢᠭᠯᠠᠯᠲᠠ ᠶᠢᠨ | ᠬᠠᠮᠢᠶᠠᠷᠤᠯᠲᠠ ᠶᠢᠨ ᠥᠷᠲᠡᠭᠡ᠂ ᠮᠠᠯᠴᠢᠨ ᠲᠠᠷᠢᠶᠠᠴᠢᠨ ᠤ ᠤᠰᠤ ᠬᠡᠷᠡᠭᠯᠡᠬᠦ ᠵᠣᠬᠢᠶᠠᠨ ᠪᠠᠶᠢᠭᠤᠯᠤᠯᠲᠠ ᠵᠢᠴᠢ ᠭᠠᠴᠠᠭ᠎ᠠ | ︵ᠲᠣᠰᠬᠤᠨ︶ ᠶᠢᠨ ᠵᠥᠪᠯᠡᠯ ᠬᠠᠮᠲᠤᠷᠠᠨ ᠰᠢᠯᠭᠠᠨ ᠠᠪᠬᠤ ᠳᠤ ᠬᠢᠷᠢ ᠲᠡᠩᠴᠡᠪᠡᠯ᠂ ᠲᠤᠰᠬᠠᠢ ᠵᠦᠢᠯ ᠤᠨ | ᠨᠥᠬᠦᠪᠦᠷᠢ ᠶᠢᠨ ᠪᠡᠯᠡ ᠮᠥᠩᠭᠦ ᠰᠠᠯᠭᠠᠨ ᠣᠯᠭᠤᠬᠤ ᠬᠡᠷᠡᠭᠲᠡᠢ᠃ ᠲᠥᠪ᠂ ᠮᠤᠵᠢ ᠶᠢᠨ ᠱᠠᠲᠤᠨ ᠤ ᠲᠠᠷᠢᠶᠠᠯᠠᠩ ᠤᠨ | ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠰᠡᠯᠪᠢᠨ ᠵᠠᠰᠠᠵᠤ ᠵᠠᠰᠠᠪᠤᠷᠢ ᠦᠢᠯᠡᠴᠢᠯᠡᠭᠡ ᠲᠥᠷᠥᠯ ᠵᠦᠢᠯ ᠤᠨ | ᠨᠥᠬᠦᠪᠦᠷᠢ ᠮᠥᠩᠭᠦ ᠶᠢ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠶᠣᠰᠣᠭᠠᠷ ᠬᠡᠷᠡᠭᠵᠢᠭᠦᠯᠵᠦ᠂ | ᠬᠠᠮᠢᠶᠠᠷᠴᠤ ᠬᠠᠮᠠᠭᠠᠯᠠᠭᠰᠠᠨ ᠦᠷ᠎ᠡ ᠪᠦᠲᠦᠮᠵᠢ ᠪᠠᠷ ᠰᠠᠶᠢᠨ ᠰᠤᠮᠤ ᠪᠠᠯᠭᠠᠰᠤᠨ ᠳᠤ ᠭᠤᠣᠯᠳᠠᠯᠭ᠎ᠠ ᠲᠠᠢ ᠬᠡᠯᠪᠡᠶᠢᠯᠭᠡᠨ᠎ᠡ | ᠃ | | ᠬᠤᠷᠢᠳᠤᠭᠠᠷ ᠵᠦᠢᠯ ᠪᠠᠭ᠎ᠠ ᠬᠡᠯᠪᠡᠷᠢ ᠶᠢᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ | ᠪᠠᠷᠢᠯᠭ᠎ᠠ ᠶᠢᠨ ᠬᠠᠮᠢᠶᠠᠷᠴᠤ ᠬᠠᠮᠠᠭᠠᠯᠠᠬᠤ ᠵᠠᠷᠤᠳᠠᠯ ᠢ ᠬᠡᠷᠡᠭᠯᠡᠭᠰᠡᠨ ᠪᠠᠶᠢᠳᠠᠯ ᠢ ᠬᠠᠮᠢᠶᠠᠷᠴᠤ ᠬᠠᠮᠠᠭᠠᠯᠠᠬᠤ ᠭᠤᠣᠯ | ᠴᠣᠭᠴᠠ ᠠᠴᠠ ᠡᠯ᠎ᠡ ᠲᠥᠷᠥᠯ ᠵᠦᠢᠯ ᠤᠨ ᠲᠣᠭᠤᠷᠢᠭ ᠲᠤ ᠨᠡᠶᠢᠳᠡ ᠳᠤ ᠵᠠᠷᠯᠠᠵᠤ᠂ ᠨᠡᠶᠢᠭᠡᠮ ᠤᠨ ᠬᠢᠨᠠᠯᠲᠠ | ᠲᠠᠯᠪᠢᠬᠤ ᠶᠢ ᠬᠦᠯᠢᠶᠡᠬᠦ ᠬᠡᠷᠡᠭᠲᠡᠢ᠃ | | ᠵᠢᠷᠭᠤᠳᠤᠭᠠᠷ ᠪᠦᠯᠦᠭ ᠬᠠᠷᠢᠭᠤᠴᠠᠯᠭ᠎ᠠ ᠬᠦᠯᠢᠶᠡᠯᠭᠡᠬᠦ | | ᠬᠤᠷᠢᠨ ᠨᠢᠭᠡᠳᠦᠭᠡᠷ ᠵᠦᠢᠯ ᠬᠠᠮᠢᠶᠠᠷᠴᠤ ᠬᠠᠮᠠᠭᠠᠯᠠᠬᠤ ᠳᠦᠷᠢᠮ ᠪᠠᠶᠢᠭᠤᠯᠤᠭᠰᠠᠨ ᠦᠭᠡᠢ ᠪᠤᠶᠤ ᠳᠦᠷᠢᠮ | ᠶᠣᠰᠣᠭᠠᠷ ᠬᠠᠮᠢᠶᠠᠷᠬᠤ ᠪᠠ ᠬᠠᠮᠠᠭᠠᠯᠠᠬᠤ ᠠᠵᠢᠯ ᠢ ᠰᠠᠶᠢᠲᠤᠷ ᠬᠢᠭᠰᠡᠨ ᠦᠭᠡᠢ ᠵᠢᠵᠢᠭ ᠬᠡᠯᠪᠡᠷᠢ ᠶᠢᠨ ᠲᠠᠷᠢᠶᠠᠨ | ᠭᠠᠵᠠᠷ ᠤᠨ ᠤᠰᠤᠨ ᠠᠰᠢᠭᠯᠠᠯᠲᠠ ᠶᠢᠨ ᠪᠡᠯᠡᠳᠬᠡᠮᠵᠢ ᠶᠢᠨ ᠬᠠᠮᠢᠶᠠᠷᠴᠤ ᠬᠠᠮᠠᠭᠠᠯᠠᠬᠤ ᠨᠢᠭᠡᠴᠢ ᠶᠢ ᠬᠤᠯᠪᠣᠭᠳᠠᠬᠤ | ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠨ ᠵᠠᠯᠠᠷᠠᠭᠤᠯᠬᠤ ᠬᠡᠷᠡᠭᠲᠡᠢ︔ | ᠬᠠᠷᠢᠭᠤᠴᠠᠯᠭ᠎ᠠ ᠶᠢᠨ ᠠᠳᠡᠯ ᠭᠠᠷᠤᠭᠰᠠᠨ ᠪᠤᠶᠤ ᠪᠤᠰᠤᠳ ᠬᠦᠨᠳᠦ ᠬᠡᠴᠡᠭᠦᠦ ᠬᠤᠬᠢᠷᠠᠯ ᠤᠴᠠᠷᠠᠭᠤᠯᠤᠭᠰᠠᠨ ᠵᠢᠵᠢᠭ | ᠬᠡᠯᠪᠡᠷᠢ ᠶᠢᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠡᠯᠡᠳᠬᠡᠮᠵᠢ ᠶᠢ ᠬᠠᠮᠢᠶᠠᠷᠤᠨ ᠬᠠᠮᠠᠭᠠᠯᠠᠬᠤ | ᠨᠢᠭᠡᠴᠢ ᠶᠢ ᠬᠠᠤᠯᠢ ᠲᠣᠭᠲᠠᠭᠠᠯ ᠶᠣᠰᠣᠭᠠᠷ ᠬᠤᠯᠪᠣᠭᠳᠠᠬᠤ ᠬᠠᠷᠢᠭᠤᠴᠠᠯᠭᠠᠲᠠᠨ ᠢ ᠰᠢᠢᠳᠪᠦᠷᠢᠯᠡᠨ᠎ᠡ︔ ᠶᠠᠯ᠎ᠠ ᠪᠣᠯᠵᠤ | ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠨ᠎ᠡ᠃ | | ᠬᠤᠷᠢᠨ ᠬᠤᠶᠠᠳᠤᠭᠠᠷ ᠵᠦᠢᠯ ᠳᠠᠷᠠᠭᠠᠬᠢ ᠬᠡᠳᠦᠨ ᠲᠠᠯ᠎ᠠ ᠪᠠᠷ ᠥᠢᠯᠡ ᠠᠵᠢᠯᠯᠠᠭ᠎ᠠ ᠶᠢᠨ ᠨᠢᠭᠡ ᠨᠢ | ᠪᠠᠶᠢᠪᠠᠯ᠂ ︽ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠳᠦᠷᠢᠮ︾ ᠤᠨ ᠶᠣᠰᠣᠭᠠᠷ ᠰᠢᠢᠳᠪᠦᠷᠢᠯᠡᠨ᠎ᠡ᠃ | | ︵ᠨᠢᠭᠡ︶ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠶᠢᠨ ᠤᠰᠤ | ᠬᠤᠷᠠᠮᠳᠤᠯᠠᠭᠤᠯᠬᠤ᠂ ᠤᠰᠤ ᠳᠠᠮᠵᠢᠭᠤᠯᠬᠤ᠂ ᠤᠰᠤ ᠵᠠᠯᠠᠬᠤ ᠶᠢ ᠬᠠᠷᠰᠢᠯᠠᠬᠤ ᠪᠣᠳᠠᠰ ᠢ ᠣᠪᠣᠭᠠᠯᠠᠨ ᠲᠠᠯᠪᠢᠭᠰᠠᠨ︔ | | | ︵ᠬᠤᠶᠠᠷ︶ ᠪᠠᠷᠢᠯᠭ᠎ᠠ ᠪᠤᠶᠤ ᠪᠠᠷᠢᠯᠭ᠎ᠠ ᠶᠢᠨ ᠵᠦᠢᠯ ᠢ ᠪᠦᠲᠦᠭᠡᠨ ᠪᠠᠶᠢᠭᠤᠯᠤᠭᠠᠳ ᠲᠠᠷᠢᠶᠠᠯᠠᠩ ᠤᠨ ᠤᠰᠤᠨ | ᠠᠰᠢᠭᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠶᠢᠨ ᠤᠰᠤ ᠬᠤᠷᠠᠮᠳᠤᠯᠠᠭᠤᠯᠬᠤ᠂ ᠤᠰᠤ ᠳᠠᠮᠵᠢᠭᠤᠯᠬᠤ᠂ ᠤᠰᠤ | ᠵᠠᠯᠠᠬᠤ ᠪᠣᠳᠠᠰ ᠢ ᠬᠠᠷᠰᠢᠯᠠᠭᠰᠠᠨ︔ | | ︵ᠭᠤᠷᠪᠠ︶ ᠲᠠᠷᠢᠶᠠᠯᠠᠩ ᠤᠨ ᠤᠰᠤᠯᠠᠯᠲᠠ ᠶᠢᠨ ᠤᠰᠤᠨ ᠰᠤᠷᠪᠤᠯᠵᠢ᠂ ᠲᠠᠷᠢᠶᠠᠯᠠᠩ ᠤᠨ ᠤᠰᠤᠨ | ᠠᠰᠢᠭᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠶᠢ ᠳᠤᠷ᠎ᠠ ᠮᠡᠳᠡᠨ ᠡᠵᠡᠯᠡᠨ ᠬᠡᠷᠡᠭᠯᠡᠭᠰᠡᠨ ᠪᠤᠶᠤ ᠡᠪᠳᠡᠭᠰᠡᠨ᠃ | | ᠳᠣᠯᠣᠳᠤᠭᠠᠷ ᠪᠦᠯᠦᠭ ᠬᠠᠪᠰᠤᠷᠤᠯᠲᠠ ᠳᠦᠷᠢᠮ | | ᠬᠤᠷᠢᠨ ᠭᠤᠷᠪᠠᠳᠤᠭᠠᠷ ᠵᠦᠢᠯ ᠲᠤᠰ ᠠᠷᠭ᠎ᠠ ︵ᠲᠤᠷᠰᠢᠨ ᠬᠡᠷᠡᠭᠵᠢᠭᠦᠯᠬᠦ︶ ᠶᠢ ᠨᠡᠶᠢᠲᠡᠯᠡᠭᠰᠡᠨ | ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 2 ᠵᠢᠯ | ᠪᠣᠯᠣᠨ᠎ᠠ᠃ | | | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠭᠡᠷ ᠤᠨ ︽ᠠᠯᠠᠱᠠ ᠵᠡᠭᠦᠨ ᠬᠤᠰᠢᠭᠤᠨ ᠤ ᠲᠠᠷᠢᠶᠠᠯᠠᠩ ᠤᠨ ᠤᠰᠤᠯᠠᠭ᠎ᠠ ᠶᠢᠨ | ᠲᠥᠬᠦᠭᠡᠷᠦᠮᠵᠢ ᠶᠢ ᠬᠠᠮᠢᠶᠠᠷᠤᠨ ᠬᠠᠮᠠᠭᠠᠯᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠲᠤᠬᠠᠢ ᠠᠯᠠᠱᠠ ᠵᠡᠭᠦᠨ | ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠶᠢᠨ ᠲᠠᠶᠢᠯᠤᠮᠵᠢ | | ᠮᠡᠳᠡᠭᠡᠯᠡᠯ ᠤᠨ ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ | | | |