ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠠ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ 2023 ᠣᠨ ᠤ ᠪᠠᠶᠢᠭᠠᠯᠢ ᠶᠢᠨ ᠣᠶ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠢᠨᠵᠧᠨᠧᠷᠢᠩ ᠤᠨ ᠣᠶ ᠰᠢᠭᠤᠶ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠲᠥᠷᠥᠯ ᠵᠦᠶᠯ ᠤᠨ ᠨᠥᠬᠦᠪᠥᠷᠢ ᠪᠠᠯᠠ ᠮᠥᠩᠭᠦ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠤᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2024/7/3
            ᠰᠡᠳᠦᠪ ᠤᠨ ᠦᠨᠳᠦᠰᠦᠨ ᠪᠠᠶᠢᠳᠠᠯ       ︵᠎  ᠨᠢᠭᠡ︶᠎  ᠲᠥᠷᠥᠯ ᠵᠦᠢᠯ ᠤᠨ ᠦᠨᠳᠦᠰᠦᠨ ᠪᠠᠶᠢᠳᠠᠯ ᠤᠨ ᠲᠣᠪᠴᠢ ᠲᠠᠨᠢᠯᠴᠠᠭᠤᠯᠭ᠎ᠠ             ᠪᠠᠶᠢᠭᠠᠯᠢ ᠶᠢᠨ ᠤᠢ ᠰᠢᠭᠤᠶ ᠶᠢ ᠬᠠᠮᠠᠭᠠᠯᠠᠬᠤ ᠢᠨᠵᠧᠨᠧᠷᠢᠩ ᠭᠡᠳᠡᠭ ᠪᠣᠯ ᠠᠮᠢ ᠠᠬᠤᠶ ᠶᠢᠨ ᠣᠷᠴᠢᠨ ᠨᠥᠬᠦᠴᠡᠯ ᠤᠨ ᠮᠠᠭᠤᠳᠠᠬᠤ ᠶᠢ ᠦᠨᠳᠦᠰᠦᠨ ᠠᠴᠠ ᠨᠢ ᠬᠤᠷᠢᠭᠯᠠᠵᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠵᠤ᠂ ᠨᠡᠶᠢᠭᠡᠮ᠂ ᠠᠵᠤ ᠠᠬᠤᠶ ᠶᠢᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠭᠰᠠᠨ ᠤᠯᠤᠰ ᠤᠨ ᠳᠤᠮᠳᠠ ᠵᠡᠷᠭᠡ ᠶᠢᠨ ᠠᠯᠤᠰ ᠭᠡᠳᠤ ᠶᠢᠨ ᠲᠥᠯᠥᠪᠯᠡᠭᠡᠨ ᠤ ᠢᠨᠵᠧᠨᠧᠷᠢᠩ ᠢ ᠵᠢᠭᠠᠵᠤ ᠪᠠᠶᠢᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠣᠷᠣᠨ ᠤ ᠣᠶ ᠰᠢᠭᠤᠶ ᠶᠢᠨ ᠬᠠᠮᠢᠶᠠᠷᠴᠤ ᠬᠠᠮᠠᠭᠠᠯᠠᠬᠤ ᠰᠦᠶᠳᠬᠡᠯ ᠳᠤ ᠤᠯᠤᠰ ᠤᠨ ᠥᠮᠴᠢᠯᠡᠯᠲᠦ ᠣᠶ ᠰᠢᠭᠤᠶ ᠶᠢᠨ ᠬᠠᠮᠢᠶᠠᠷᠴᠤ ᠬᠠᠮᠠᠭᠠᠯᠠᠬᠤ᠂ ᠬᠠᠮᠲᠤ ᠨᠡᠶᠢᠲᠡ ᠪᠠ ᠣᠷᠣᠨ ᠨᠤᠲᠤᠭ ᠤᠨ ᠪᠣᠶ ᠪᠥᠬᠦᠶ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠢᠶᠠᠷᠴᠤ ᠬᠠᠮᠠᠭᠠᠯᠠᠬᠤ ᠰᠦᠶᠳᠬᠡᠯ ᠤᠨ ᠨᠥᠬᠦᠪᠥᠷᠢ ᠪᠠᠭᠲᠠᠨ᠎ᠠ᠂ ᠬᠠᠮᠢᠶᠠᠷᠴᠤ ᠬᠠᠮᠠᠭᠠᠯᠠᠬᠤ ᠲᠠᠯᠠᠪᠠᠶ ᠨᠢ 1215.9 ᠲᠦᠮᠡᠨ ᠮᠥ ︵᠎  ᠡᠭᠦᠨ ᠳᠤ ᠳᠤᠮᠳᠠᠳᠤ ᠤᠯᠤᠰ ᠤᠨ ᠥᠮᠴᠢᠯᠡᠯ ᠤᠨ ᠣᠶ ᠰᠢᠭᠤᠶ 4.74 ᠲᠦᠮᠡᠨ ᠮᠥ᠂ ᠬᠠᠮᠲᠤ ᠨᠡᠶᠢᠲᠡ ᠪᠠ ᠣᠷᠣᠨ ᠨᠤᠲᠤᠭ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠲᠠᠯᠠᠪᠠᠶ ᠨᠢ 1211.16 ᠲᠦᠮᠡᠨ ᠮᠥ︶᠎  ᠪᠣᠯᠤᠨ᠎ᠠ ᠃ ᠭᠤᠣᠯᠳᠠᠭᠤ ᠪᠠᠷᠢᠯᠭ᠎ᠠ ᠶᠢᠨ ᠣᠷᠣᠨ  ᠤ ᠪᠣᠳᠠᠲᠠᠶ ᠪᠠᠶᠢᠳᠠᠯ ᠲᠠᠢ ᠤᠶᠠᠯᠳᠤᠭᠤᠯᠤᠨ ᠬᠠᠮᠢᠶᠠᠷᠴᠤ ᠬᠠᠮᠠᠭᠠᠯᠠᠬᠤ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠪᠠ ᠬᠠᠮᠠᠭᠠᠯᠠᠯᠲᠠ᠂ ᠤᠢ ᠮᠣᠳᠣ ᠤᠢ ᠮᠣᠳᠣᠨ  ᠤ ᠭᠠᠵᠠᠷ ᠎ ᠤᠨ ᠡᠬᠢ ᠪᠠᠶᠠᠯᠢᠭ ᠤᠨ ᠬᠠᠮᠢᠶᠠᠷᠤᠯᠲᠠ᠂ ᠬᠡᠭᠡᠷ᠎ᠡ ᠶᠢᠨ ᠠᠮᠢᠳᠠᠨ ᠤᠷᠭᠤᠮᠠᠯ ᠤᠨ ᠬᠠᠮᠠᠭᠠᠯᠠᠯᠲᠠ᠂ ᠤᠢ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠵᠡᠷᠭᠡ ᠶᠢ ᠪᠠᠭᠲᠠᠭᠠᠪᠠ᠃             ᠠᠯᠠᠱᠠ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ 2023 ᠣᠨ ᠤ ᠲᠥᠪ ᠤᠨ ᠡᠳ᠋ ᠤᠨ ᠵᠠᠰᠠᠭ ᠤᠨ ᠣᠶ ᠰᠢᠭᠤᠶ ᠨᠤᠲᠤᠭ ᠪᠡᠯᠴᠢᠭᠡᠷ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ ᠪᠠᠯᠠ ᠮᠥᠩᠭᠦ ᠶᠢᠨ ᠲᠥᠰᠦᠪ ︵᠎  ᠬᠤᠶᠠᠳᠤᠭᠠᠷ ᠪᠦᠯᠦᠭ ᠤᠨ ᠰᠢᠭᠤᠳ ᠬᠦᠷᠭᠡᠬᠦ ᠪᠠᠯᠠ ᠮᠥᠩᠭᠦ︶᠎ ᠎ ᠢ ᠪᠠᠭᠤᠯᠭᠠᠬᠤ ᠲᠤᠬᠠᠶ ᠮᠡᠳᠡᠭᠳᠡᠯ ︵᠎  ᠠᠯᠠᠱᠠ ᠡᠳ᠋ ᠤᠨ ᠵᠠᠰᠠᠭ ᠪᠠᠶᠢᠭᠠᠯᠢ ᠶᠢᠨ ᠡᠬᠢ ᠪᠠᠶᠠᠯᠢᠭ ᠠᠮᠢ ᠠᠬᠤᠢ ᠤᠷᠴᠢᠨ ᠲᠤᠭᠤᠷᠢᠨ ﹇2024﹈ 1 ᠳ᠋ᠦ᠋ᠭᠡᠷ ᠲᠣᠭᠠᠲᠤ︶᠎ ᠎ ᠠᠴᠠ ᠠᠯᠠᠱᠠ ᠵᠡᠭᠦᠨ ᠬᠤᠰᠢᠭᠤᠨ ᠤ ᠪᠠᠶᠢᠭᠠᠯᠢᠯᠢᠬ ᠤᠢ ᠰᠢᠭᠤᠢ ᠶᠢ ᠬᠠᠮᠠᠭᠠᠯᠠᠬᠤ ᠢᠨᠵᠧᠨᠧᠷᠢᠩ ᠤᠨ ᠣᠶ ᠰᠢᠭᠤᠶ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠲᠥᠷᠥᠯ ᠵᠦᠶᠯ ᠳᠤ 3634 ᠲᠦᠮᠡᠨ ᠲᠥᠭᠦᠷᠢᠭ ᠤᠨ ᠲᠥᠪ ᠠᠴᠠ ᠰᠢᠯᠵᠢᠭᠦᠯᠦᠨ ᠥᠭᠬᠦ ᠪᠠᠯᠠ ᠮᠥᠩᠭᠦ ᠶᠢ ᠪᠠᠭᠤᠯᠭᠠᠪᠠ᠃ ᠠᠯᠠᠱᠠ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ 2023 ᠣᠨ ᠤ ᠲᠥᠪ ᠤᠨ ᠡᠳ᠋ ᠤᠨ ᠵᠠᠰᠠᠭ ᠤᠨ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠰᠡᠷᠭᠦᠭᠡᠯᠲᠡ ᠶᠢᠨ ᠪᠠᠯᠠ ᠮᠥᠩᠭᠦ ᠶᠢᠨ ᠲᠥᠰᠦᠪ ᠢ ᠤᠷᠢᠳᠴᠢᠯᠠᠨ ᠪᠠᠭᠤᠯᠭᠠᠬᠤ ᠲᠤᠬᠠᠶ ᠮᠡᠳᠡᠭᠳᠡᠯ ︵᠎  ᠠᠯᠠᠱᠠ ᠡᠳ᠋ ᠤᠨ ᠵᠠᠰᠠᠭ ᠪᠠᠶᠢᠭᠠᠯᠢ ᠶᠢᠨ ᠡᠬᠢ ᠪᠠᠶᠠᠯᠢᠭ ᠠᠮᠢ ᠠᠬᠤᠢ ᠤᠷᠴᠢᠨ ᠲᠤᠭᠤᠷᠢᠨ ﹇2023 ﹈ 242 ᠳ᠋ᠤᠭᠠᠷ ᠲᠣᠭᠠᠲᠤ︶᠎ ᠎ ᠠᠴᠠ ᠠᠯᠠᠱᠠ ᠵᠡᠭᠦᠨ ᠬᠤᠰᠢᠭᠤᠨ ᠤ ᠪᠠᠶᠢᠭᠠᠯᠢᠯᠢᠬ ᠤᠢ ᠰᠢᠭᠤᠢ ᠶᠢ ᠬᠠᠮᠠᠭᠠᠯᠠᠬᠤ ᠢᠨᠵᠧᠨᠧᠷᠢᠩ ᠤᠨ ᠣᠶ ᠰᠢᠭᠤᠶ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠤᠯᠤᠰ ᠤᠨ ᠥᠮᠴᠢᠯᠡᠯᠲᠦ ᠣᠶ ᠰᠢᠭᠤᠶ ᠶᠢᠨ ᠨᠥᠬᠦᠪᠥᠷᠢ ᠪᠠᠯᠠ ᠮᠥᠩᠭᠦ ᠶᠢ 72 ᠲᠦᠮᠡᠨ ᠲᠥᠭᠦᠷᠢᠭ ᠪᠠᠭᠤᠯᠭᠠᠵᠤ᠂ ᠨᠡᠶᠢᠲᠡ 3706 ᠲᠥᠭᠦᠷᠢᠭ ᠤᠨ ᠪᠠᠯᠠ ᠮᠥᠩᠭᠦ ᠪᠠᠭᠤᠯᠭᠠᠪᠠ᠂ ᠪᠣᠳᠠᠲᠠᠶ ᠪᠠᠯᠠ ᠮᠥᠩᠭᠦ ᠶᠢᠨ ᠬᠤᠪᠢᠶᠠᠷᠢᠯᠠᠯᠲᠠ ᠪᠠ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠵᠠᠳᠠᠯᠤᠭᠰᠠᠨ ᠪᠠᠶᠢᠳᠠᠯ ᠢ ︽ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠥᠪᠡᠰᠦᠪᠡᠨ ᠦᠨᠡᠯᠡᠬᠦ ᠬᠦᠰᠦᠨᠦᠭᠲᠦ︾᠎ ᠎ ᠳᠤ ᠨᠠᠷᠢᠪᠴᠢᠯᠠᠨ ᠦᠵᠡᠭᠡᠷᠡᠶ᠃             ︵᠎  ᠬᠤᠶᠠᠷ︶᠎  ᠠᠮᠵᠢᠯᠲᠠ ᠪᠦᠲᠦᠮᠵᠢ ᠶᠢᠨ ᠬᠠᠷᠠᠯᠲᠠ ᠶᠢ ᠲᠣᠭᠲᠠᠭᠠᠭᠰᠠᠨ ᠵᠢᠴᠢ ᠪᠡᠶᠡᠯᠡᠭᠦᠯᠦᠭᠰᠡᠨ ᠪᠠᠶᠢᠳᠠᠯ             ᠵᠢᠱᠢᠭᠰᠡᠨ ᠬᠠᠷᠠᠯᠲᠠ᠄  ᠳᠡᠭᠡᠳᠦ ᠱᠠᠲᠤᠨ ᠎ ᠠᠴᠠ 2023 ᠣᠨ ᠤ ᠪᠠᠶᠢᠭᠠᠯᠢᠯᠢᠬ ᠤᠢ ᠰᠢᠭᠤᠢ ᠶᠢ ᠬᠠᠮᠠᠭᠠᠯᠠᠬᠤ ᠶᠢᠨ ᠢᠨᠵᠧᠨᠧᠷᠢᠩ ᠤᠨ ᠣᠷᠣᠨ ᠤ ᠣᠶ ᠰᠢᠭᠤᠶ ᠶᠢᠨ ᠬᠠᠮᠢᠶᠠᠷᠤᠨ ᠬᠠᠮᠠᠭᠠᠯᠠᠬᠤ ᠲᠥᠷᠥᠯ ᠵᠦᠶᠯ ᠤᠨ ᠲᠥᠪ ᠤᠨ ᠡᠳ᠋ ᠤᠨ ᠵᠠᠰᠠᠭ ᠤᠨ ᠲᠤᠰᠬᠠᠶ ᠪᠠᠯᠠ ᠮᠥᠩᠭᠦ 3706 ᠲᠦᠮᠡᠨ ᠲᠥᠭᠦᠷᠢᠭ ᠪᠠᠭᠤᠯᠭᠠᠵᠤ᠂ ᠬᠠᠮᠢᠶᠠᠷᠤᠨ ᠬᠠᠮᠠᠭᠠᠯᠠᠬᠤ ᠲᠠᠯᠠᠪᠠᠶ ᠨᠢ 1215.9 ᠲᠦᠮᠡᠨ ᠮᠥ ︵᠎  ᠡᠭᠦᠨ ᠤ ᠳᠣᠲᠣᠷ᠎ᠠ ᠤᠯᠤᠰ ᠤᠨ ᠥᠮᠴᠢᠯᠡᠯ ᠤᠨ ᠣᠶ 4.74 ᠲᠦᠮᠡᠨ ᠮᠥ᠂ ᠬᠠᠮᠲᠤ ᠶᠢᠨ ᠪᠠ ᠣᠷᠣᠨ ᠨᠤᠲᠤᠭ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠲᠠᠯᠠᠪᠠᠶ ᠨᠢ 1211.16 ᠲᠦᠮᠡᠨ ᠮᠥ︶᠎  ᠪᠣᠯᠤᠨ᠎ᠠ᠃                   ᠠᠮᠵᠢᠯᠲᠠ ᠪᠦᠲᠦᠮᠵᠢ ᠶᠢᠨ ᠬᠠᠷᠠᠯᠲᠠ ᠶᠢ ᠪᠣᠳᠠᠲᠠᠶ ᠪᠡᠶᠡᠯᠡᠭᠦᠯᠦᠭᠰᠡᠨ ᠪᠠᠶᠢᠳᠠᠯ᠄  2023 ᠣᠨ ᠤ ᠪᠠᠶᠢᠭᠠᠯᠢᠯᠢᠬ ᠤᠢ ᠰᠢᠭᠤᠢ ᠶᠢ ᠬᠠᠮᠠᠭᠠᠯᠠᠬᠤ ᠢᠨᠵᠧᠨᠧᠷᠢᠩ ᠤᠨ ᠣᠷᠣᠨ ᠤ ᠣᠶ ᠰᠢᠭᠤᠶ ᠶᠢᠨ ᠬᠠᠮᠢᠶᠠᠷᠤᠨ ᠬᠠᠮᠠᠭᠠᠯᠠᠬᠤ ᠲᠥᠷᠥᠯ ᠵᠦᠶᠯ ᠤᠨ ᠲᠥᠪ ᠤᠨ ᠡᠳ᠋ ᠤᠨ ᠵᠠᠰᠠᠭ ᠤᠨ ᠲᠤᠰᠬᠠᠶ ᠪᠠᠯᠠ ᠮᠥᠩᠭᠦ 3706 ᠲᠦᠮᠡᠨ ᠲᠥᠭᠦᠷᠢᠭ᠂ ᠬᠠᠮᠢᠶᠠᠷᠤᠨ ᠬᠠᠮᠠᠭᠠᠯᠠᠬᠤ ᠲᠠᠯᠠᠪᠠᠶ 1215.9 ᠲᠦᠮᠡᠨ ᠮᠥ ︵᠎  ᠡᠭᠦᠨ ᠳᠤ ᠤᠯᠤᠰ ᠤᠨ ᠥᠮᠴᠢᠯᠡᠯ ᠤᠨ ᠣᠶ 4.74 ᠲᠦᠮᠡᠨ ᠮᠥ᠂ ᠬᠠᠮᠲᠤ ᠶᠢᠨ ᠪᠠ ᠣᠷᠣᠨ ᠨᠤᠲᠤᠭ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠲᠠᠯᠠᠪᠠᠶ 1211.16 ᠲᠦᠮᠡᠨ ᠮᠥ︶᠎ ᠎ ᠶᠢ ᠪᠣᠳᠠᠲᠠᠶ ᠪᠡᠶᠡᠯᠡᠭᠦᠯᠪᠡ᠃             ᠬᠤᠶᠠᠷ᠂ ᠠᠵᠢᠯ ᠤᠨ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠭᠰᠡᠨ ᠠᠵᠢᠯ ᠤᠨ ᠪᠠᠶᠢᠳᠠᠯ       ︵᠎  ᠨᠢᠭᠡ︶᠎  ᠠᠵᠢᠯ ᠤᠨ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠵᠣᠷᠢᠯᠭ᠎ᠠ             ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠤᠨ ᠡᠳ᠋ ᠤᠨ ᠵᠠᠰᠠᠭ ᠤᠨ ᠣᠶ ᠰᠢᠭᠤᠶ ᠶᠢᠨ ᠥᠭᠡᠷᠡᠴᠢᠯᠡᠯᠲᠡ ᠬᠥᠭᠵᠢᠯᠲᠡ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾᠎ ᠎ ᠶᠢᠨ ᠠᠵᠢᠯ ᠤᠨ ᠬᠠᠷᠠᠯᠲᠠ ᠪᠠᠨ ᠴᠠᠭ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠲᠠᠷᠢᠶᠠᠴᠢᠨ ᠮᠠᠯᠴᠢᠳ ᠤᠨ ᠣᠳᠣᠬᠠᠨ  ᠤ ᠤᠢ ᠰᠢᠭᠤᠶ ᠶᠢᠨ ᠡᠬᠢ ᠪᠠᠶᠠᠯᠢᠭ ᠢ ᠬᠠᠮᠢᠶᠠᠷᠴᠤ ᠬᠠᠮᠠᠭᠠᠯᠠᠬᠤ ᠠᠵᠢᠯ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠦᠨ᠂ ᠤᠢ ᠰᠢᠭᠤᠶ ᠡᠪᠡᠰᠦ ᠤᠷᠭᠤᠮᠠᠯ ᠤᠨ ᠬᠤᠴᠢᠯᠭ᠎ᠠ ᠶᠢ ᠳᠡᠭᠡᠭᠰᠢᠯᠡᠭᠦᠯᠦᠨ᠂ ᠰᠠᠯᠬᠢ ᠡᠯᠡᠰᠦ ᠶᠢᠨ ᠬᠥᠨᠥᠭᠡᠯ ᠢ ᠪᠠᠭᠠᠰᠬᠠᠨ᠂ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠥᠷᠭᠡᠳᠬᠦ ᠶᠢ ᠬᠤᠷᠢᠭᠯᠠᠵᠤ᠂ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ  ᠤ ᠮᠠᠭᠤᠵᠢᠷᠠᠵᠤ ᠪᠠᠶᠢᠭ᠎ᠠ ᠪᠠᠶᠢᠳᠠᠯ ᠢ ᠨᠠᠮᠳᠠᠭᠤᠯᠤᠨ᠂ ᠤᠢ ᠰᠢᠭᠤᠶ ᠶᠢᠨ ᠡᠬᠢ ᠪᠠᠶᠠᠯᠢᠭ ᠤᠨ ᠲᠤᠭ᠎ᠠ ᠬᠡᠮᠵᠢᠶ᠎ᠡ ᠶᠢ ᠨᠡᠮᠡᠭᠳᠡᠭᠦᠯᠬᠦ ᠪᠠ ᠴᠢᠨᠠᠷ ᠴᠢᠨᠰᠠᠭ᠎ᠠ ᠢ ᠳᠡᠭᠡᠭᠰᠢᠯᠡᠭᠦᠯᠬᠦ ᠶᠢ ᠴᠢᠷᠮᠠᠶᠢᠨ ᠪᠡᠶᠡᠯᠡᠭᠦᠯᠪᠡ᠃ ᠡᠭᠦᠨ ᠤ ᠬᠠᠮᠲᠤ ᠲᠠᠷᠢᠶᠠᠯᠠᠩ ᠮᠠᠯ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠳᠤ ᠢᠳᠡᠪᠬᠢᠲᠡᠶ ᠠᠬᠢᠭᠤᠯᠬᠤ ᠦᠶᠯᠡᠳᠦᠯ ᠦᠵᠡᠭᠦᠯᠵᠦ᠂ ᠲᠤᠬᠠᠶ ᠶᠢᠨ ᠭᠠᠵᠠᠷ ᠤᠨ ᠮᠠᠯᠴᠢᠳ ᠤᠨ ᠦᠶᠯᠡᠳᠪᠦᠷᠢᠯᠡᠯ ᠢᠶᠠᠨ ᠬᠤᠪᠢᠷᠠᠭᠤᠯᠤᠨ ᠠᠵᠢᠯ ᠤᠯᠬᠤ ᠶᠢ ᠠᠬᠢᠭᠤᠯᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠮᠠᠯᠴᠢᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠵᠦ ᠬᠠᠮᠲᠤ ᠪᠠᠷ ᠠᠰᠢᠭ ᠭᠥᠷᠳᠡᠬᠦ ᠬᠠᠷᠠᠯᠲᠠ ᠶᠢ ᠪᠡᠶᠡᠯᠡᠭᠦᠯᠵᠦ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠤᠨ᠂ ᠠᠮᠢ ᠠᠬᠤᠶ᠂ ᠠᠵᠤ ᠠᠬᠤᠶ᠂ ᠨᠡᠶᠢᠭᠡᠮ ᠤᠨ ᠭᠤᠷᠪᠠᠨ ᠶᠡᠭᠡ ᠦᠷ᠎ᠡ ᠠᠰᠢᠭ ᠢ ᠭᠦᠶᠴᠡᠳ ᠪᠠᠳᠠᠷᠠᠭᠤᠯᠵᠤ᠂ ᠠᠯᠠᠱᠠ ᠵᠡᠭᠦᠨ ᠬᠤᠰᠢᠭᠤᠨ ᠤ ᠶᠠᠳᠠᠭᠤ ᠎ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠢᠯᠠᠯᠲᠠ ᠶᠢ ᠣᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃             ︵᠎  ᠬᠤᠶᠠᠷ︶᠎  ᠠᠵᠢᠯ ᠤᠨ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠠᠵᠢᠯ ᠤᠨ ᠶᠠᠪᠤᠴᠠ             ᠲᠥᠷᠥᠯ ᠵᠦᠶᠯ ᠢ ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠠ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠎ ᠠᠴᠠ ᠨᠢᠭᠡᠳᠦᠯᠲᠡᠶ ᠳᠣᠭᠢᠷᠠᠭᠤᠯᠵᠤ᠂ ᠡᠯ᠎ᠡ ᠬᠠᠷᠢᠶ᠎ᠠ ᠣᠷᠣᠨ ᠤ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠂ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠥᠷᠲᠡᠭᠡ ᠠᠴᠠ ᠨᠢᠭᠡᠳᠦᠯᠲᠡᠶ ᠬᠠᠮᠢᠶᠠᠷᠴᠤ᠂ ᠣᠶ ᠰᠢᠭᠤᠶ ᠶᠢᠨ ᠬᠠᠮᠢᠶᠠᠷᠤᠯᠲᠠ ᠬᠠᠮᠠᠭᠠᠯᠠᠯᠲᠠ ᠶᠢ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ᠂ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠥᠷᠲᠡᠭᠡ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠬᠥᠮᠦᠨ ᠳᠤᠨᠢ ᠨᠠᠶᠢᠳᠠᠪᠤᠷᠢᠵᠢᠭᠤᠯᠪᠠ᠃ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ᠂ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠥᠷᠲᠡᠭᠡ ᠎ ᠨᠢ ᠬᠠᠮᠢᠶᠠᠷᠴᠤ ᠬᠠᠮᠠᠭᠠᠯᠠᠬᠤ ᠠᠵᠢᠯᠲᠠᠨ ᠯᠤᠭ᠎ᠠ ᠬᠠᠮᠢᠶᠠᠷᠴᠤ ᠬᠠᠮᠠᠭᠠᠯᠠᠬᠤ ᠭᠡᠷ᠎ᠡ ᠲᠣᠭᠲᠠᠬᠤ ᠬᠡᠷᠡᠭᠲᠡᠶ᠃ ᠲᠥᠪ ᠤᠨ ᠡᠳ᠋ ᠤᠨ ᠵᠠᠰᠠᠭ ᠤᠨ ᠶᠠᠮᠤᠨ ᠤ ᠪᠠᠭᠤᠯᠭᠠᠭᠰᠠᠨ ᠪᠠᠯᠠ ᠮᠥᠩᠭᠦ ᠵᠢᠴᠢ ᠪᠥᠬᠦ ᠵᠢᠯ ᠤᠨ ᠲᠥᠷᠥᠯ ᠵᠦᠶᠯ ᠤᠨ ᠬᠡᠷᠡᠭᠯᠡᠬᠦ ᠪᠠᠯᠠ ᠮᠥᠩᠭᠦ ᠶᠢ ᠦᠨᠳᠦᠰᠦᠯᠡᠨ᠂ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠣᠰᠣᠭᠠᠷ ᠡᠭᠦᠷᠭᠡ ᠪᠠᠨ ᠪᠡᠶᠡᠯᠡᠭᠦᠯᠬᠦ ᠶᠢᠨ ᠬᠠᠮᠲᠤ ᠣᠶ ᠰᠢᠭᠤᠶ ᠬᠠᠮᠠᠭᠠᠯᠠᠭᠴᠢ ᠶᠢ ᠰᠤᠷᠭᠠᠯᠲᠠ ᠳᠤ ᠬᠠᠮᠤᠷᠤᠭᠤᠯᠬᠤ ᠵᠢᠴᠢ ᠡᠷᠦᠬᠡ ᠪᠠᠷ ᠰᠤᠷᠪᠤᠯᠵᠢᠯᠠᠬᠤ ᠵᠡᠷᠭᠡ ᠠᠷᠭ᠎ᠠ ᠵᠠᠮ ᠢ ᠠᠰᠢᠭᠯᠠᠨ᠂ ᠣᠶ ᠰᠢᠭᠤᠶ ᠬᠠᠮᠠᠭᠠᠯᠠᠭᠴᠢ ᠵᠢᠴᠢ ᠮᠠᠯᠴᠢᠨ ᠲᠠᠷᠢᠶᠠᠴᠢᠨ ᠳᠤ ᠬᠠᠨᠤᠮᠵᠢ ᠶᠢᠨ ᠬᠡᠮᠵᠢᠶ᠎ᠡ ᠶᠢᠨ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠵᠦ᠂ ᠬᠠᠮᠤᠭ ᠡᠴᠦᠰ ᠲᠤ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠣᠶ ᠰᠢᠭᠤᠶ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠲᠥᠷᠥᠯ ᠵᠦᠶᠯ ᠳᠤ ︽ᠦᠨᠡᠨ ᠪᠣᠳᠠᠲᠠᠶ᠂ ᠣᠨᠣᠪᠴᠢᠲᠠᠶ᠂ ᠵᠦᠶ ᠵᠣᠬᠢᠰᠲᠠᠶ︾᠎  ᠶᠡᠷᠦᠩᠬᠡᠶᠢᠯᠡᠭᠰᠡᠨ ᠠᠵᠢᠯ ᠤᠨ ᠠᠮᠵᠢᠯᠲᠠ ᠪᠦᠲᠦᠮᠵᠢ ᠶᠢᠨ ᠬᠤᠪᠢ ᠥᠭᠭᠦᠨ᠎ᠡ᠃             ᠭᠤᠷᠪᠠ᠂ ᠲᠥᠷᠥᠯ ᠵᠦᠶᠯ ᠤᠨ ᠪᠠᠯᠠ ᠮᠥᠩᠭᠦ ᠶᠢᠨ ᠬᠠᠮᠢᠶᠠᠷᠤᠯᠲᠠ       ︵᠎  ᠨᠢᠭᠡ︶᠎  ᠲᠥᠷᠥᠯ ᠵᠦᠢᠯ ᠤᠨ ᠪᠡᠯᠡ ᠮᠥᠩᠭᠦ ᠶᠢᠨ ᠣᠷᠣᠭᠤᠯᠤᠯᠲᠠ ᠶᠢᠨ ᠪᠠᠶᠢᠳᠠᠯ             2023 ᠣᠨ ᠳᠤ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠣᠷᠣᠨ ᠤ ᠣᠶ ᠰᠢᠭᠤᠶ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠲᠥᠷᠥᠯ ᠵᠦᠶᠯ ᠤᠨ ᠲᠥᠪ ᠤᠨ ᠡᠳ᠋ ᠤᠨ ᠵᠠᠰᠠᠭ ᠤᠨ ᠲᠤᠰᠬᠠᠶ ᠪᠠᠯᠠ ᠮᠥᠩᠭᠦ 3706 ᠲᠦᠮᠡᠨ ᠲᠥᠭᠦᠷᠢᠭ ᠲᠤ ᠬᠦᠷᠴᠦ᠂ ᠡᠭᠦᠨ ᠳᠤ ᠲᠥᠪ ᠠᠴᠠ ᠰᠢᠯᠵᠢᠭᠦᠯᠦᠨ ᠥᠭᠬᠦ ᠪᠠᠯᠠ ᠮᠥᠩᠭᠦ 3706 ᠲᠦᠮᠡᠨ ᠲᠥᠭᠦᠷᠢᠭ ᠲᠤ ᠬᠦᠷᠴᠡᠶ᠃ 3706 ᠲᠦᠮᠡᠨ ᠲᠥᠭᠦᠷᠢᠭ ᠤᠨ ᠲᠥᠪ ᠠᠴᠠ ᠰᠢᠯᠵᠢᠭᠦᠯᠦᠨ ᠥᠭᠬᠦ ᠪᠡᠯᠡ ᠮᠥᠩᠭᠦ ᠶᠢ ᠨᠢᠭᠡᠨᠲᠡ ᠪᠣᠳᠠᠲᠠᠶᠢᠵᠢᠭᠤᠯᠪᠠ᠃             ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠣᠷᠣᠨ ᠤ ᠣᠶ ᠰᠢᠭᠤᠶ ᠶᠢᠨ ᠬᠠᠮᠢᠶᠠᠷᠤᠨ ᠬᠠᠮᠠᠭᠠᠯᠠᠬᠤ ᠲᠥᠷᠥᠯ ᠵᠦᠶᠯ ᠤᠨ ᠪᠠᠯᠠ ᠮᠥᠩᠭᠦ 3706 ᠲᠦᠮᠡᠨ ᠲᠥᠭᠦᠷᠢᠭ ᠪᠠᠶᠢᠵᠤ᠂ ᠭᠤᠤᠯᠳᠠᠭᠤ ᠢᠨᠵᠧᠨᠧᠷᠢᠩ ᠤᠨ ᠣᠷᠣᠨ ᠤ ᠪᠣᠳᠠᠲᠠᠶ ᠪᠠᠶᠢᠳᠠᠯ ᠲᠠᠢ ᠤᠶᠠᠯᠳᠤᠭᠤᠯᠤᠨ ᠬᠠᠮᠢᠶᠠᠷᠤᠨ ᠬᠠᠮᠠᠭᠠᠯᠠᠬᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠬᠠᠮᠠᠭᠠᠯᠠᠯᠲᠠ᠂ ᠣᠶ ᠮᠣᠳᠣ ᠣᠶᠢᠲᠤ ᠭᠠᠵᠠᠷ ᠤᠨ ᠡᠬᠢ ᠪᠠᠶᠠᠯᠢᠭ ᠤᠨ ᠬᠠᠮᠢᠶᠠᠷᠤᠯᠲᠠ᠂ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ᠂ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠰᠡᠷᠭᠡᠶᠢᠯᠡᠨ ᠵᠠᠰᠠᠯᠲᠠ ᠵᠡᠷᠭᠡ ᠶᠢ ᠪᠠᠭᠲᠠᠭᠠᠪᠠ᠃ ᠦᠨᠡᠯᠡᠬᠦ ᠬᠤᠭᠤᠴᠠᠭ᠎ᠠ ᠪᠣᠯᠲᠠᠯ᠎ᠠ ᠂ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠣᠶ ᠰᠢᠭᠤᠶ ᠶᠢᠨ ᠬᠠᠮᠢᠶᠠᠷᠤᠨ ᠬᠠᠮᠠᠭᠠᠯᠠᠬᠤ ᠨᠥᠬᠦᠪᠥᠷᠢ ᠶᠢᠨ ᠲᠠᠯᠠᠪᠠᠶ 1215.9 ᠲᠦᠮᠡᠨ ᠮᠥ ︵᠎  ᠡᠭᠦᠨ ᠳᠤ ᠳᠤᠮᠳᠠᠳᠤ ᠤᠯᠤᠰ ᠤᠨ 4.74 ᠲᠦᠮᠡᠨ ᠮᠥ ᠣᠶ᠂ ᠬᠠᠮᠲᠤ ᠶᠢᠨ ᠪᠠ ᠣᠷᠣᠨ ᠨᠤᠲᠤᠭ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠲᠠᠯᠠᠪᠠᠶ 1211.16 ᠲᠦᠮᠡᠨ ᠮᠥ︶᠎ ᠎ ᠶᠢᠨ ᠬᠠᠮᠢᠶᠠᠷᠤᠨ ᠬᠠᠮᠠᠭᠠᠯᠠᠬᠤ ᠲᠠᠯᠠᠪᠠᠶ ᠶᠢᠨ ᠡᠭᠦᠷᠭᠡ ᠶᠢ ᠪᠡᠶᠡᠯᠡᠭᠦᠯᠵᠦ᠂ 100%᠎ ᠪᠠᠷ ᠪᠡᠶᠡᠯᠡᠭᠦᠯᠦᠭᠰᠡᠨ ᠪᠠᠶᠢᠨ᠎ᠠ᠃ ᠲᠣᠰ ᠲᠣᠰ ᠪᠥᠬᠦ ᠬᠤᠰᠢᠭᠤᠨ ᠤ 12 ᠰᠤᠮᠤ ᠪᠠᠯᠭᠠᠰᠤ ᠪᠠ 6 ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠳᠤ ᠪᠠᠶᠢᠷᠢᠯᠠᠨ᠎ᠠ᠃             ᠦᠨᠡᠯᠡᠬᠦ ᠬᠤᠭᠤᠴᠠᠭ᠎ᠠ ᠬᠦᠷᠲᠡᠯ᠎ᠡ᠂ ᠬᠡᠷᠡᠭᠵᠢᠭᠦᠯᠦᠭᠰᠡᠨ ᠨᠣᠷᠮ᠎ᠠ ᠨᠢ 0% ᠪᠣᠯᠤᠨ᠎ᠠ᠃             ︵᠎  ᠬᠤᠶᠠᠷ︶᠎  ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ             ᠠᠯᠠᠱᠠ ᠵᠡᠭᠦᠨ ᠬᠤᠰᠢᠭᠤᠨ ᠤ 2023 ᠣᠨ ᠤ ᠪᠠᠶᠢᠭᠠᠯᠢ ᠶᠢᠨ ᠣᠶ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠢᠨᠵᠧᠨᠧᠷᠢᠩ ᠤᠨ ᠣᠶ ᠰᠢᠭᠤᠶ ᠶᠢᠨ ᠬᠠᠮᠢᠶᠠᠷᠤᠨ ᠬᠠᠮᠠᠭᠠᠯᠠᠬᠤ ᠲᠥᠷᠥᠯ ᠵᠦᠶᠯ ᠳᠤ 3706 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠣᠳᠠᠲᠠᠶ ᠪᠡᠶᠡᠯᠡᠭᠦᠯᠵᠦ᠂ 1215.9 ᠲᠦᠮᠡᠨ ᠮᠥ ︵᠎  ᠡᠭᠦᠨ ᠳᠤ 4.74 ᠲᠦᠮᠡᠨ ᠮᠥ ᠪᠠᠶᠢᠭᠠᠯᠢ ᠶᠢᠨ ᠣᠶ᠂ ᠬᠠᠮᠲᠤ ᠶᠢᠨ ᠪᠠ ᠣᠷᠣᠨ ᠨᠤᠲᠤᠭ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠲᠠᠯᠠᠪᠠᠶ 1211.16 ᠲᠦᠮᠡᠨ ᠮᠥ︶᠎  ᠬᠠᠮᠢᠶᠠᠷᠤᠨ ᠬᠠᠮᠠᠭᠠᠯᠠᠬᠤ ᠶᠢ ᠪᠣᠳᠠᠲᠠᠶ ᠪᠡᠶᠡᠯᠡᠭᠦᠯᠪᠡ᠃ ᠲᠣᠰ ᠲᠣᠰ ᠪᠥᠬᠦ ᠬᠤᠰᠢᠭᠤᠨ ᠤ 12 ᠰᠤᠮᠤ ᠪᠠᠯᠭᠠᠰᠤ ᠪᠠ 6 ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠳᠤ ᠪᠠᠶᠢᠷᠢᠯᠠᠨ᠎ᠠ᠃ 4.74 ᠲᠦᠮᠡᠨ ᠮᠥ ᠤᠯᠤᠰ ᠤᠨ ᠥᠮᠴᠢᠯᠡᠯ ᠤᠨ ᠣᠶ ᠰᠢᠭᠤᠶ ᠲᠣᠰ ᠲᠣᠰ ᠵᠢᠷᠠᠲᠠᠢ ᠶᠢᠨ ᠡᠯᠡᠰᠦ ᠶᠢ ᠵᠠᠰᠠᠬᠤ ᠥᠷᠲᠡᠭᠡ 0.6813 ᠲᠦᠮᠡᠨ ᠮᠥ᠂ ᠪᠠᠶᠠᠨᠬᠤᠲᠠ ᠶᠢᠨ ᠡᠯᠡᠰᠦ ᠶᠢ ᠵᠠᠰᠠᠬᠤ ᠥᠷᠲᠡᠭᠡ 0.5 ᠲᠦᠮᠡᠨ ᠮᠥ᠂ ᠰᠢᠷ᠎ᠠ ᠬᠥᠳᠡᠭᠡ ᠶᠢᠨ ᠡᠯᠡᠰᠦ ᠶᠢ ᠵᠠᠰᠠᠬᠤ ᠥᠷᠲᠡᠭᠡ 0.0577 ᠲᠦᠮᠡᠨ ᠮᠥ᠂ ᠪᠠᠶᠠᠨᠨᠠᠭᠤᠷ ᠴᠡᠴᠡᠷᠯᠢᠭ ᠤᠨ ᠣᠶ ᠰᠢᠭᠤᠶ ᠶᠢᠨ ᠲᠠᠯᠠᠪᠠᠶ 0.1218 ᠲᠦᠮᠡᠨ ᠮᠥ᠂ ᠡᠮᠦᠨᠡᠭᠤᠣᠯ ᠨᠠᠭᠤᠷ ᠤᠨ ᠡᠯᠡᠰᠦ ᠶᠢ ᠵᠠᠰᠠᠬᠤ ᠥᠷᠲᠡᠭᠡ 2.6319 ᠲᠦᠮᠡᠨ ᠮᠥ᠂ ᠪᠠᠶᠠᠨᠬᠤᠲᠠ ᠶᠢᠨ ᠣᠶ ᠰᠢᠭᠤᠶ ᠶᠢᠨ ᠲᠠᠯᠠᠪᠠᠶ 0.7473 ᠲᠦᠮᠡᠨ ᠮᠥ ᠪᠣᠯᠤᠨ᠎ᠠ᠃ ᠬᠠᠮᠲᠤ ᠶᠢᠨ ᠪᠠ ᠣᠷᠣᠨ ᠨᠤᠲᠤᠭ ᠤᠨ ᠨᠡᠶᠢᠲᠡ ᠶᠢᠨ ᠠᠰᠠᠷᠠᠮᠵᠢ ᠶᠢᠨ ᠣᠶ 1211.16 ᠲᠦᠮᠡᠨ ᠮᠥ ᠶᠢ ᠲᠣᠰ ᠲᠣᠰ ᠥᠯᠵᠡᠢ ᠰᠤᠮᠤ ᠶᠢᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠲᠤ 16.1058 ᠲᠦᠮᠡᠨ ᠮᠥ ᠳᠤ ᠬᠦᠷᠭᠡᠵᠦ᠂ ᠢᠩᠭᠡᠨ ᠰᠤᠮᠤ ᠶᠢᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ 34.5435 ᠲᠦᠮᠡᠨ ᠮᠥ᠂ ᠤᠨᠳᠤᠷᠤᠯᠲᠤ ᠪᠠᠯᠭᠠᠰᠤ ᠶᠢᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠤᠨ ᠳᠡᠯᠭᠡᠷᠡᠭᠦᠯᠦᠯᠲᠡ ᠶᠢᠨ ᠲᠥᠪ 100.4323 ᠲᠦᠮᠡᠨ ᠮᠥ ᠳᠤ ᠬᠦᠷᠴᠦ᠂ ᠣᠯᠠᠨᠪᠤᠯᠠᠭ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠤᠨ ᠳᠡᠯᠭᠡᠷᠡᠭᠦᠯᠦᠯᠲᠡ ᠶᠢᠨ ᠲᠥᠪ 53.0430 ᠲᠦᠮᠡᠨ ᠮᠥ ᠪᠠᠶᠢᠵᠤ᠂ ᠡᠷᠬᠡᠬᠠᠰᠢᠬ᠎ᠠ ᠰᠤᠮᠤ ᠶᠢᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ 72.2467 ᠲᠦᠮᠡᠨ ᠮᠥ᠂ ᠪᠠᠶᠠᠨᠮᠥ᠋ᠷᠡᠨ ᠰᠤᠮᠤ ᠶᠢᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ 35.9959 ᠲᠦᠮᠡᠨ ᠮᠥ᠂ ᠴᠣᠭᠲᠤᠬᠦ᠋ᠷᠢᠶ᠎ᠡ ᠰᠤᠮᠤ ᠶᠢᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠤᠨ ᠳᠡᠯᠭᠡᠷᠡᠭᠦᠯᠦᠯᠲᠡ ᠶᠢᠨ ᠲᠥᠪ 90.4587 ᠲᠦᠮᠡᠨ ᠮᠥ ᠳᠤ ᠬᠦᠷᠴᠦ᠂ ᠪᠠᠶᠠᠠᠨᠢᠷᠤᠭᠤᠨ ᠰᠤᠮᠤ ᠶᠢᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ 214.5691 ᠲᠦᠮᠡᠨ ᠮᠥ᠂ ᠵᠢᠷᠠᠲᠠᠢ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ 371.3515 ᠲᠦᠮᠡᠨ ᠮᠥ᠂ ᠪᠠᠶᠠᠨᠬᠤᠲᠠ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ 105.5424 ᠲᠦᠮᠡᠨ ᠮᠥ᠂ ᠪᠠᠷᠠᠭᠤᠨ ᠪᠡᠯ ᠤᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ 52.8204 ᠲᠦᠮᠡᠨ ᠮᠥ᠂ ᠵᠡᠭᠦᠨ ᠪᠡᠯ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ 64.0507 ᠲᠦᠮᠡᠨ ᠮᠥ ᠪᠠᠶᠢᠨ᠎ᠠ᠃             ︵᠎  ᠭᠤᠷᠪᠠ︶᠎  ᠲᠥᠷᠥᠯ ᠵᠦᠢᠯ ᠤᠨ ᠪᠡᠯᠡ ᠮᠥᠩᠭᠦ ᠦᠢᠯᠡᠳᠪᠦᠷᠢᠯᠡᠵᠦ ᠭᠠᠷᠭᠠᠭᠰᠠᠨ ᠪᠠᠶᠢᠳᠠᠯ             ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠣᠷᠣᠨ ᠤ ᠣᠶ ᠰᠢᠭᠤᠶ ᠶᠢᠨ ᠬᠠᠮᠢᠶᠠᠷᠤᠨ ᠬᠠᠮᠠᠭᠠᠯᠠᠬᠤ ᠲᠥᠷᠥᠯ ᠵᠦᠶᠯ ᠤᠨ ᠪᠠᠯᠠ ᠮᠥᠩᠭᠦ 3706 ᠲᠦᠮᠡᠨ ᠲᠥᠭᠦᠷᠢᠭ ᠪᠠᠶᠢᠵᠤ᠂ ᠭᠤᠤᠯᠳᠠᠭᠤ ᠢᠨᠵᠧᠨᠧᠷᠢᠩ ᠤᠨ ᠣᠷᠣᠨ ᠤ ᠪᠣᠳᠠᠲᠠᠶ ᠪᠠᠶᠢᠳᠠᠯ ᠲᠠᠢ ᠤᠶᠠᠯᠳᠤᠭᠤᠯᠤᠨ ᠬᠠᠮᠢᠶᠠᠷᠤᠨ ᠬᠠᠮᠠᠭᠠᠯᠠᠬᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠬᠠᠮᠠᠭᠠᠯᠠᠯᠲᠠ᠂ ᠣᠶ ᠮᠣᠳᠣ ᠣᠶᠢᠲᠤ ᠭᠠᠵᠠᠷ ᠤᠨ ᠡᠬᠢ ᠪᠠᠶᠠᠯᠢᠭ ᠤᠨ ᠬᠠᠮᠢᠶᠠᠷᠤᠯᠲᠠ᠂ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ᠂ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠰᠡᠷᠭᠡᠶᠢᠯᠡᠨ ᠵᠠᠰᠠᠯᠲᠠ ᠵᠡᠷᠭᠡ ᠶᠢ ᠪᠠᠭᠲᠠᠭᠠᠪᠠ᠃ ᠦᠨᠡᠯᠡᠬᠦ ᠬᠤᠭᠤᠴᠠᠭ᠎ᠠ ᠪᠣᠯᠲᠠᠯ᠎ᠠ ᠂ 1215.9 ᠲᠦᠮᠡᠨ ᠮᠥ ︵᠎  ᠡᠭᠦᠨ ᠤ ᠳᠣᠲᠣᠷ᠎ᠠ ᠤᠯᠤᠰ ᠤᠨ ᠥᠮᠴᠢᠯᠡᠯ ᠤᠨ ᠣᠶ 4.74 ᠲᠦᠮᠡᠨ ᠮᠥ᠂ ᠬᠠᠮᠲᠤ ᠶᠢᠨ ᠪᠠ ᠣᠷᠣᠨ ᠨᠤᠲᠤᠭ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠲᠠᠯᠠᠪᠠᠶ 1211.16 ᠲᠦᠮᠡᠨ ᠮᠥ ︶᠎  ᠬᠠᠮᠢᠶᠠᠷᠤᠨ ᠬᠠᠮᠠᠭᠠᠯᠠᠬᠤ ᠶᠢ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 100%᠎ ᠳᠤ ᠬᠥᠷᠪᠡ᠃ ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠣᠶ ᠰᠢᠭᠤᠶ ᠶᠢᠨ ᠬᠠᠮᠢᠶᠠᠷᠤᠯᠲᠠ ᠬᠠᠮᠠᠭᠠᠯᠠᠯᠲᠠ ᠶᠢ ᠬᠡᠷᠡᠭᠵᠢᠭᠦᠯᠦᠭᠰᠡᠨ ᠠᠴᠠ ᠨᠠᠰᠢ᠂ ᠣᠶ ᠰᠢᠭᠤᠶ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠣᠶ ᠰᠢᠭᠤᠶ ᠶᠢᠨ ᠡᠬᠢ ᠪᠠᠶᠠᠯᠢᠭ ᠤᠨ ᠦᠷᠭᠦᠯᠵᠢᠯᠡᠨ ᠨᠡᠮᠡᠭᠳᠡᠬᠦ ᠶᠢ ᠠᠬᠢᠭᠤᠯᠤᠨ᠂ ᠣᠶ ᠰᠢᠭᠤᠶ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠣᠶ ᠰᠢᠭᠤᠶ ᠶᠢᠨ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠵᠤ᠂ ᠰᠢᠭᠤᠶᠢᠲᠤ ᠣᠷᠣᠨ ᠤ ᠨᠡᠶᠢᠭᠡᠮ ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠭᠰᠠᠨ ᠪᠠᠶᠢᠨ᠎ᠠ᠃             ︵᠎  ᠲᠥᠷᠪᠡ︶᠎  ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠪᠠᠶᠢᠳᠠᠯ             ᠲᠥᠷᠥᠯ ᠵᠦᠶᠯ ᠤᠨ ᠪᠠᠯᠠ ᠮᠥᠩᠭᠦ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠤᠨ ᠡᠳ᠋ ᠤᠨ ᠵᠠᠰᠠᠭ ᠤᠨ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠪᠠᠯᠠ ᠮᠥᠩᠭᠦ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾᠎ ᠎ ᠶᠢ ᠴᠢᠩᠭ᠎ᠠ ᠵᠢᠷᠤᠮᠯᠠᠨ᠂ ᠲᠥᠷᠥᠯ ᠵᠦᠶᠯ ᠤᠨ ᠪᠠᠯᠠ ᠮᠥᠩᠭᠦ ᠳᠤ ᠲᠤᠰᠬᠠᠶ ᠵᠣᠭᠤᠰ ᠢ ᠲᠤᠰᠬᠠᠶ ᠵᠦᠶᠯ ᠳᠤ ᠬᠡᠷᠡᠭᠯᠡᠬᠦ᠂ ᠨᠢᠭᠲᠠᠯᠠᠨ ᠪᠤᠳᠤᠵᠤ ᠲᠣᠭᠠᠴᠠᠭ᠎ᠠ ᠬᠢᠬᠦ ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠴᠠᠭ ᠲᠤᠬᠠᠶ ᠳᠤᠨᠢ᠂ ᠲᠠᠩᠰᠠ ᠲᠡᠮᠳᠡᠭᠯᠡᠬᠦ ᠦᠨᠳᠦᠰᠦᠯᠡᠯ ᠪᠦᠷᠢᠨ ᠭᠦᠶᠴᠡᠳ ᠪᠠᠶᠢᠵᠤ᠂ ᠲᠤᠰᠬᠠᠶ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠪᠠᠲᠤᠯᠠᠪᠠ᠃ ᠲᠥᠷᠥᠯ ᠵᠦᠶᠯ ᠢ ᠬᠡᠷᠡᠭᠵᠢᠭᠦᠯᠬᠦ ᠶᠠᠪᠤᠴᠠ ᠳᠤ ᠨᠢᠭᠡᠴᠡ ᠶᠢᠨ ᠤᠳᠤᠷᠢᠳᠤᠯᠭ᠎ᠠ ᠶᠢᠨ ᠬᠠᠷᠢᠭᠤᠴᠠᠬᠤ ᠲᠦᠷᠢᠮ ᠢ ᠪᠠᠶᠢᠭᠤᠯᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ ᠡᠳᠦᠷ ᠲᠤᠲᠤᠮ ᠤᠨ ᠬᠠᠮᠢᠶᠠᠷᠤᠯᠲᠠ ᠬᠢᠨᠠᠯᠲᠠ ᠶᠢ ᠴᠢᠩᠭᠠᠳᠬᠠᠵᠤ᠂ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ᠂ ᠡᠳ᠋ ᠤᠨ ᠵᠠᠰᠠᠭ᠂ ᠬᠢᠨᠠᠨ ᠪᠤᠳᠤᠬᠤ ᠰᠠᠯᠠᠭ᠎ᠠ ᠮᠥᠴᠢᠷ ᠤᠨ ᠰᠠᠨᠠᠯ ᠢ ᠢᠳᠡᠪᠬᠢᠲᠡᠶ ᠰᠣᠨᠣᠰᠴᠤ᠂ ᠪᠠᠯᠠ ᠮᠥᠩᠭᠦ ᠶᠢᠨ ᠠᠮᠤᠷ ᠲᠦᠪᠰᠢᠨ ᠪᠦᠲᠦᠮᠵᠢᠲᠡᠶ ᠠᠵᠢᠯᠯᠠᠭᠠᠨ ᠢ ᠪᠠᠲᠤᠯᠠᠪᠠ᠃ ᠡᠭᠦᠨ ᠤ ᠬᠠᠮᠲᠤ ᠡᠳ᠋ ᠤᠨ ᠵᠠᠰᠠᠭ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠶᠢ ᠬᠦᠯᠢᠶᠡᠵᠦ᠂ ᠪᠠᠯᠠ ᠮᠥᠩᠭᠦ ᠶᠢ ᠦᠯᠡᠳᠡᠭᠡᠨ ᠠᠪᠤᠭᠰᠠᠨ᠂ ᠰᠢᠬᠠᠨ ᠡᠵᠡᠯᠡᠭᠰᠡᠨ᠂ ᠨᠡᠭᠦᠯᠭᠡᠨ ᠬᠡᠷᠡᠭᠯᠡᠭᠰᠡᠨ ᠵᠢᠴᠢ ᠵᠠᠷᠤᠯᠭ᠎ᠠ ᠨᠢ ᠲᠣᠭᠲᠠᠭᠠᠯ ᠳᠤ ᠨᠡᠶᠢᠴᠡᠬᠦ ᠥᠬᠡᠶ᠂ ᠵᠦᠶᠯᠡᠰ ᠤᠨ ᠵᠠᠷᠤᠯᠭ᠎ᠠ ᠶᠢ ᠬᠠᠭᠤᠷᠮᠠᠭ ᠢᠶᠠᠷ ᠵᠢᠭᠰᠠᠭᠠᠭᠰᠠᠨ᠂ ᠪᠠᠷᠢᠮᠵᠢᠶ᠎ᠠ ᠎ ᠠᠴᠠ ᠳᠠᠪᠠᠭᠰᠠᠨ ᠵᠠᠷᠤᠯᠭ᠎ᠠ ᠵᠡᠷᠭᠡ ᠪᠠᠶᠢᠳᠠᠯ ᠢ ᠣᠯᠵᠤ ᠮᠡᠳᠡᠭᠰᠡᠨ ᠥᠬᠡᠶ᠃             ᠳᠥᠷᠪᠡ᠂ ᠲᠥᠷᠥᠯ ᠵᠦᠶᠯ ᠤᠨ ᠠᠮᠵᠢᠯᠲᠠ ᠪᠦᠲᠦᠮᠵᠢ ᠶᠢᠨ ᠪᠠᠶᠢᠳᠠᠯ             ︵᠎  ᠨᠢᠭᠡ︶᠎  ᠦᠢᠯᠡᠳᠪᠦᠷᠢᠯᠡᠵᠦ ᠭᠠᠷᠭᠠᠬᠤ ᠭᠦᠢᠴᠡᠳᠬᠡᠬᠦ ᠲᠤᠭ᠎ᠠ ᠶᠢ ᠪᠡᠶᠡᠯᠡᠭᠦᠯᠦᠭᠰᠡᠨ ᠪᠠᠶᠢᠳᠠᠯ             1. ᠲᠤᠭ᠎ᠠ ᠬᠡᠮᠵᠢᠶᠡᠨ ᠤ ᠭᠦᠢᠴᠡᠳᠬᠡᠯ ᠲᠤᠭ᠎ᠠ             ︵᠎ 1︶᠎  ᠤᠤᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠣᠷᠣᠨ ᠤ ᠤᠯᠤᠰ ᠤᠨ ᠥᠮᠴᠢᠯᠡᠯ ᠤᠨ ᠤᠢ ᠰᠢᠭᠤᠶ ᠶᠢᠨ ᠬᠠᠮᠢᠶᠠᠷᠴᠤ ᠬᠠᠮᠠᠭᠠᠯᠠᠬᠤ ᠲᠠᠯᠠᠪᠠᠢ             ᠪᠠᠶᠢᠭᠠᠯᠢᠯᠢᠬ ᠤᠢ ᠰᠢᠭᠤᠢ ᠶᠢ ᠬᠠᠮᠠᠭᠠᠯᠠᠬᠤ ᠢᠨᠵᠧᠨᠧᠷᠢᠩ ᠤᠨ ᠣᠷᠣᠨ ᠤ ᠤᠯᠤᠰ ᠤᠨ ᠥᠮᠴᠢᠯᠡᠯᠲᠦ ᠣᠶ ᠰᠢᠭᠤᠶ ᠶᠢᠨ ᠬᠠᠮᠢᠶᠠᠷᠴᠤ ᠬᠠᠮᠠᠭᠠᠯᠠᠬᠤ ᠲᠠᠯᠠᠪᠠᠶ ᠶᠢᠨ ᠣᠨ ᠤ ᠬᠠᠷᠠᠯᠲᠠ ᠶᠢᠨ ᠣᠯᠭᠤᠮᠵᠢ ᠨᠢ 20.82 ᠲᠦᠮᠡᠨ ᠮᠥ ᠲᠠᠢ ᠲᠡᠩᠴᠡᠵᠦ᠂ ᠪᠣᠳᠠᠲᠠᠶ ᠪᠡᠶᠡᠯᠡᠭᠦᠯᠦᠭᠰᠡᠨ ᠬᠡᠮᠵᠢᠭᠳᠡᠯ ᠨᠢ 4.74 ᠲᠦᠮᠡᠨ ᠮᠥ ᠲᠠᠢ ᠲᠡᠩᠴᠡᠵᠦ᠂ ᠬᠤᠪᠢ ᠣᠯᠭᠤᠮᠵᠢ ᠨᠢ 10 ᠬᠤᠪᠢ᠂ ᠣᠯᠤᠭᠰᠠᠨ ᠬᠤᠪᠢ ᠨᠢ 10 ᠬᠤᠪᠢ ᠪᠣᠯᠤᠨ᠎ᠠ᠃ ᠣᠨ ᠤ ᠬᠠᠷᠠᠯᠲᠠ ᠶᠢᠨ ᠣᠯᠭᠤᠮᠵᠢ ᠨᠢ ᠪᠥᠬᠦ ᠠᠶᠢᠮᠠᠭ ᠤᠨ ᠲᠤᠭ᠎ᠠ ᠪᠠᠷᠢᠮᠲᠠ ᠪᠣᠯᠬᠤᠷ᠂ ᠠᠯᠠᠱᠠ ᠵᠡᠭᠦᠨ ᠬᠤᠰᠢᠭᠤᠨ ᠤ 2023 ᠣᠨ ᠳᠤ ᠤᠯᠤᠰ ᠤᠨ ᠥᠮᠴᠢᠯᠡᠯ ᠤᠨ ᠣᠶ ᠰᠢᠭᠤᠶ ᠶᠢᠨ ᠬᠠᠮᠢᠶᠠᠷᠤᠨ ᠬᠠᠮᠠᠭᠠᠯᠠᠬᠤ ᠲᠠᠯᠠᠪᠠᠶ ᠶᠢ 4.74 ᠲᠦᠮᠡᠨ ᠮᠥ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 100%᠎ ᠳᠤ ᠬᠥᠷᠪᠡ᠃ ᠬᠥᠮᠦᠨ ᠤ ᠬᠦᠴᠦ ᠪᠠᠷ ᠬᠠᠮᠢᠶᠠᠷᠤᠨ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠪᠥᠬᠦ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠣᠷᠣᠨ ᠤ 4.74 ᠲᠦᠮᠡᠨ ᠮᠥ ᠶᠢᠨ ᠤᠯᠤᠰ ᠤᠨ ᠥᠮᠴᠢᠯᠡᠯᠲᠦ ᠣᠶ ᠰᠢᠭᠤᠶ ᠶᠢ ᠪᠦᠲᠦᠮᠵᠢᠲᠡᠶ ᠬᠠᠮᠠᠭᠠᠯᠠᠵᠤ᠂ ᠮᠠᠯᠴᠢᠨ ᠲᠠᠷᠢᠶᠠᠴᠢᠨ ᠲᠦᠮᠡᠨ ᠤ ᠣᠳᠣᠬᠠᠨ ᠤ ᠣᠶ ᠰᠢᠭᠤᠶ ᠶᠢᠨ ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠦᠨ᠂ ᠣᠶ ᠰᠢᠭᠤᠶ ᠡᠪᠡᠰᠦ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠳᠡᠭᠡᠭᠰᠢᠯᠡᠭᠦᠯᠵᠦ᠂ ᠰᠠᠯᠬᠢ ᠡᠯᠡᠰᠦᠨ ᠤ ᠬᠥᠨᠥᠭᠡᠯ ᠢ ᠪᠠᠭᠠᠰᠬᠠᠨ᠂ ᠴᠥᠯᠵᠢᠭᠰᠡᠨ ᠭᠠᠵᠠᠷ ᠰᠢᠷᠣᠶ ᠶᠢᠨ ᠥᠷᠭᠡᠳᠬᠦ ᠶᠢ ᠬᠤᠷᠢᠭᠯᠠᠵᠤ᠂ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠮᠠᠭᠤᠳᠠᠯ ᠢ ᠨᠠᠮᠳᠠᠭᠤᠯᠵᠤ᠂ ᠣᠶ ᠰᠢᠭᠤᠶ ᠶᠢᠨ ᠡᠬᠢ ᠪᠠᠶᠠᠯᠢᠭ ᠤᠨ ᠲᠤᠭ᠎ᠠ ᠬᠡᠮᠵᠢᠶ᠎ᠡ ᠶᠢᠨ ᠨᠡᠮᠡᠭᠳᠡᠯ ᠪᠠ ᠴᠢᠨᠠᠷ ᠴᠢᠨᠰᠠᠭ᠎ᠠ ᠶᠢᠨ ᠳᠡᠭᠡᠭᠰᠢᠯᠡᠯᠲᠡ ᠶᠢ ᠴᠢᠷᠮᠠᠶᠢᠨ ᠪᠡᠶᠡᠯᠡᠭᠦᠯᠪᠡ᠃             ︵᠎ 2︶᠎  ᠤᠤᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠣᠷᠣᠨ  ᠤ ᠤᠯᠤᠰ ᠤᠨ ᠥᠮᠴᠢᠯᠡᠯ ᠤᠨ ᠪᠤᠰᠤ ᠣᠷᠣᠨ ᠨᠤᠲᠤᠭ ᠤᠨ ᠨᠡᠶᠢᠲᠡ ᠶᠢᠨ ᠠᠰᠠᠷᠠᠮᠵᠢ ᠶᠢᠨ ᠤᠢ ᠶᠢᠨ ᠬᠠᠮᠢᠶᠠᠷᠴᠤ ᠬᠠᠮᠠᠭᠠᠯᠠᠬᠤ ᠲᠠᠯᠠᠪᠠᠢ             ᠪᠠᠶᠢᠭᠠᠯᠢᠯᠢᠬ ᠤᠢ ᠰᠢᠭᠤᠢ ᠶᠢ ᠬᠠᠮᠠᠭᠠᠯᠠᠬᠤ ᠢᠨᠵᠧᠨᠧᠷᠢᠩ ᠤᠨ ᠣᠷᠣᠨ ᠤ ᠤᠯᠤᠰ ᠤᠨ ᠥᠮᠴᠢᠯᠡᠯ ᠤᠨ ᠪᠤᠰᠤ ᠣᠷᠣᠨ ᠨᠤᠲᠤᠭ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠢᠶᠠᠷᠴᠤ ᠬᠠᠮᠠᠭᠠᠯᠠᠬᠤ ᠲᠠᠯᠠᠪᠠᠶ ᠶᠢᠨ ᠣᠨ ᠤ ᠬᠠᠷᠠᠯᠲᠠ ᠶᠢᠨ ᠬᠡᠮᠵᠢᠭᠳᠡᠯ ᠨᠢ 1365.16 ᠲᠦᠮᠡᠨ ᠮᠥ ᠪᠠᠶᠢᠵᠤ᠂ ᠪᠣᠳᠠᠲᠠᠶ ᠪᠡᠶᠡᠯᠡᠭᠦᠯᠦᠭᠰᠡᠨ ᠥᠷᠲᠡᠭ ᠨᠢ 1211.16 ᠲᠦᠮᠡᠨ ᠮᠥ ᠪᠠᠶᠢᠵᠤ᠂ ᠬᠤᠪᠢ ᠣᠯᠭᠤᠮᠵᠢ ᠨᠢ 10 ᠬᠤᠪᠢ᠂ ᠣᠯᠤᠭᠰᠠᠨ ᠬᠤᠪᠢ ᠨᠢ 10 ᠬᠤᠪᠢ ᠪᠣᠯᠤᠨ᠎ᠠ᠃ ᠣᠨ ᠤ ᠬᠠᠷᠠᠯᠲᠠ ᠶᠢᠨ ᠬᠡᠮᠵᠢᠭᠳᠡᠯ ᠨᠢ ᠪᠥᠬᠦ ᠠᠶᠢᠮᠠᠭ ᠤᠨ ᠲᠤᠭ᠎ᠠ ᠪᠠᠷᠢᠮᠲᠠ ᠪᠣᠯᠬᠤᠷ᠂ ᠠᠯᠠᠱᠠ ᠵᠡᠭᠦᠨ ᠬᠤᠰᠢᠭᠤᠨ ᠤ 2023 ᠣᠨ ᠳᠤ ᠪᠡᠶᠡᠯᠡᠭᠦᠯᠦᠭᠰᠡᠨ ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠣᠷᠣᠨ ᠤ ᠤᠯᠤᠰ ᠤᠨ ᠥᠮᠴᠢᠯᠡᠯ ᠤᠨ ᠪᠤᠰᠤ ᠣᠷᠣᠨ ᠨᠤᠲᠤᠭ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠲᠠᠯᠠᠪᠠᠶ ᠨᠢ 1211.16 ᠲᠦᠮᠡᠨ ᠮᠥ ᠪᠠᠶᠢᠵᠤ᠂ ᠪᠡᠶᠡᠯᠡᠭᠦᠯᠦᠭᠰᠡᠨ ᠨᠣᠷᠮ᠎ᠠ ᠨᠢ 100%᠎ ᠳᠤ ᠬᠦᠷᠴᠡᠶ᠃ ᠬᠥᠮᠦᠨ ᠤ ᠬᠦᠴᠦ ᠪᠠᠷ ᠬᠠᠮᠢᠶᠠᠷᠤᠨ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠪᠥᠬᠦ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠣᠷᠣᠨ ᠤ 1211.16 ᠲᠦᠮᠡᠨ ᠮᠥ ᠶᠢᠨ ᠤᠯᠤᠰ ᠤᠨ ᠥᠮᠴᠢᠯᠡᠯ ᠤᠨ ᠪᠤᠰᠤ ᠣᠷᠣᠨ ᠨᠤᠲᠤᠭ ᠤᠨ ᠨᠡᠶᠢᠲᠡ ᠶᠢᠨ ᠠᠰᠠᠷᠠᠮᠵᠢ ᠶᠢᠨ ᠣᠶ ᠶᠢ ᠪᠦᠲᠦᠮᠵᠢᠲᠡᠶ ᠬᠠᠮᠠᠭᠠᠯᠠᠵᠤ᠂ ᠮᠠᠯᠴᠢᠨ ᠲᠠᠷᠢᠶᠠᠴᠢᠨ ᠤ ᠣᠳᠣᠬᠠᠨ ᠤ ᠣᠶ ᠰᠢᠭᠤᠶ ᠶᠢᠨ ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠦᠨ᠂ ᠣᠶ ᠰᠢᠭᠤᠶ ᠡᠪᠡᠰᠦ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠳᠡᠭᠡᠭᠰᠢᠯᠡᠭᠦᠯᠵᠦ᠂ ᠰᠠᠯᠬᠢ ᠡᠯᠡᠰᠦᠨ ᠤ ᠬᠥᠨᠥᠭᠡᠯ ᠢ ᠪᠠᠭᠠᠰᠬᠠᠨ᠂ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠥᠷᠭᠡᠳᠬᠦ ᠶᠢ ᠬᠤᠷᠢᠭᠯᠠᠵᠤ᠂ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠮᠠᠭᠤᠳᠠᠬᠤ ᠬᠠᠨᠳᠤᠰᠢ ᠶᠢ ᠨᠠᠮᠳᠠᠭᠤᠯᠵᠤ᠂ ᠣᠶ ᠰᠢᠭᠤᠶ ᠶᠢᠨ ᠡᠬᠢ ᠪᠠᠶᠠᠯᠢᠭ ᠤᠨ ᠲᠤᠭ᠎ᠠ ᠬᠡᠮᠵᠢᠶ᠎ᠡ ᠶᠢᠨ ᠨᠡᠮᠡᠭᠳᠡᠯ ᠪᠠ ᠴᠢᠨᠠᠷ ᠴᠢᠨᠰᠠᠭ᠎ᠠ ᠶᠢᠨ ᠳᠡᠭᠡᠭᠰᠢᠯᠡᠯᠲᠡ ᠶᠢ ᠴᠢᠷᠮᠠᠶᠢᠨ ᠪᠡᠶᠡᠯᠡᠭᠦᠯᠪᠡ᠃             2. ᠴᠢᠨᠠᠷ ᠴᠢᠨᠰᠠᠭ᠎ᠠ ᠶᠢᠨ ᠭᠦᠢᠴᠡᠳᠬᠡᠯ ᠲᠤᠭ᠎ᠠ             ︵᠎ 1︶᠎  ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠨᠤᠷᠮ᠎ᠠ             ᠪᠠᠶᠢᠭᠠᠯᠢᠯᠢᠬ ᠤᠢ ᠰᠢᠭᠤᠢ ᠶᠢ ᠬᠠᠮᠠᠭᠠᠯᠠᠬᠤ ᠢᠨᠵᠧᠨᠧᠷᠢᠩ ᠤᠨ ᠲᠣᠭᠤᠷᠢᠭ ᠤᠨ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠨᠣᠷᠮ᠎ᠠ ᠶᠢᠨ ᠬᠠᠷᠠᠯᠲᠠ ᠶᠢᠨ ᠣᠯᠭᠤᠮᠵᠢ ᠨᠢ 90%᠎ ᠎ ᠠᠴᠠ ᠶᠡᠭᠡ ᠪᠤᠶᠤ ᠲᠡᠭᠦᠨ ᠲᠠᠢ ᠲᠡᠩᠴᠡᠨ᠎ᠡ᠂ ᠪᠥᠬᠦ ᠵᠢᠯ ᠤᠨ ᠪᠣᠳᠠᠲᠠᠶ ᠪᠡᠶᠡᠯᠡᠭᠦᠯᠦᠭᠰᠡᠨ ᠬᠡᠮᠵᠢᠭᠳᠡᠯ ᠨᠢ 100%᠎ ᠳᠤ ᠬᠦᠷᠴᠦ᠂ ᠬᠤᠪᠢ ᠣᠯᠭᠤᠮᠵᠢ ᠨᠢ 5 ᠬᠤᠪᠢ᠂ ᠣᠯᠤᠭᠰᠠᠨ ᠬᠤᠪᠢ ᠨᠢ 5 ᠬᠤᠪᠢ ᠪᠣᠯᠤᠨ᠎ᠠ᠃ ᠲᠣᠭᠲᠠᠭᠰᠠᠨ ᠴᠠᠭ ᠲᠠᠭᠠᠨ ᠠᠵᠢᠯ ᠤᠨ ᠬᠠᠷᠠᠯᠲᠠ ᠪᠠᠨ ᠪᠡᠶᠡᠯᠡᠭᠦᠯᠵᠦ᠂ ᠬᠥᠮᠦᠨ ᠤ ᠬᠦᠴᠦ ᠪᠠᠷ ᠬᠠᠮᠢᠶᠠᠷᠤᠨ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠪᠥᠬᠦ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠲᠣᠭᠤᠷᠢᠭ ᠤᠨ 1215.9 ᠲᠦᠮᠡᠨ ᠮᠥ ᠶᠢᠨ ᠣᠶ ᠰᠢᠭᠤᠶ ᠶᠢᠨ ᠬᠠᠮᠢᠶᠠᠷᠤᠨ ᠬᠠᠮᠠᠭᠠᠯᠠᠬᠤ ᠲᠠᠯᠠᠪᠠᠶ ᠶᠢ ᠪᠦᠲᠦᠮᠵᠢᠲᠡᠶ ᠬᠠᠮᠠᠭᠠᠯᠠᠵᠤ᠂ ᠮᠠᠯᠴᠢᠨ ᠲᠠᠷᠢᠶᠠᠴᠢᠨ ᠤ ᠣᠳᠣᠬᠠᠨ ᠤ ᠣᠶ ᠰᠢᠭᠤᠶ ᠶᠢᠨ ᠡᠬᠢ ᠪᠠᠶᠠᠯᠢᠭ ᠤᠨ ᠬᠠᠮᠢᠶᠠᠷᠤᠨ ᠬᠠᠮᠠᠭᠠᠯᠠᠬᠤ ᠠᠵᠢᠯ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠦᠨ᠂ ᠠᠮᠢ ᠠᠬᠤᠶ ᠶᠢᠨ ᠬᠠᠮᠠᠭᠠᠯᠠᠯᠲᠠ ᠶᠢᠨ ᠴᠢᠳᠠᠮᠵᠢ ᠶᠢ ᠳᠡᠭᠡᠭᠰᠢᠯᠡᠭᠦᠯᠵᠦ᠂ ᠡᠷᠡᠭᠦᠯ ᠲᠣᠭᠲᠠᠭᠤᠨ ᠠᠮᠢ ᠠᠬᠤᠶ ᠶᠢᠨ ᠰᠢᠰᠲ᠋ᠧᠮ ᠢ ᠪᠠᠶᠢᠭᠤᠯᠤᠨ᠂ ᠰᠠᠯᠬᠢ ᠡᠯᠡᠰᠦᠨ ᠤ ᠬᠥᠨᠥᠭᠡᠯ ᠢ ᠪᠦᠲᠦᠮᠵᠢᠲᠡᠶ ᠬᠤᠷᠢᠭᠯᠠᠬᠤ ᠪᠠ ᠬᠢᠵᠠᠭᠠᠷᠯᠠᠵᠤ᠂ ᠡᠯᠡᠰᠦᠨ ᠰᠢᠭᠤᠷᠭ᠎ᠠ ᠡᠭᠦᠰᠬᠦ ᠳᠠᠪᠲᠠᠮᠵᠢ ᠶᠢ ᠪᠠᠭᠠᠰᠬᠠᠨ᠂ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠪᠠ᠃             ︵᠎  2︶᠎  ᠬᠠᠮᠢᠶᠠᠷᠴᠤ ᠬᠠᠮᠠᠭᠠᠯᠠᠬᠤ ᠠᠵᠢᠯ ᠢ ᠪᠡᠶᠡᠯᠡᠭᠦᠯᠦᠭᠰᠡᠨ ᠨᠣᠷᠮ᠎ᠠ             ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠣᠷᠣᠨ ᠤ ᠣᠶ ᠰᠢᠭᠤᠶ ᠶᠢᠨ ᠬᠠᠮᠢᠶᠠᠷᠴᠤ ᠬᠠᠮᠠᠭᠠᠯᠠᠬᠤ ᠠᠵᠢᠯ ᠢ ᠪᠡᠶᠡᠯᠡᠭᠦᠯᠦᠭᠰᠡᠨ ᠨᠣᠷᠮ᠎ᠠ ᠶᠢᠨ ᠬᠠᠷᠠᠯᠲᠠ ᠶᠢᠨ ᠣᠯᠭᠤᠮᠵᠢ ᠨᠢ 90%᠎ ᠎ ᠠᠴᠠ ᠶᠡᠭᠡ ᠪᠤᠶᠤ ᠲᠡᠭᠦᠨ ᠲᠠᠢ ᠲᠡᠩᠴᠡᠨ᠎ᠡ᠂ ᠪᠥᠬᠦ ᠵᠢᠯ ᠤᠨ ᠪᠣᠳᠠᠲᠠᠶ ᠪᠡᠶᠡᠯᠡᠭᠦᠯᠦᠭᠰᠡᠨ ᠬᠡᠮᠵᠢᠭᠳᠡᠯ ᠨᠢ 100%᠎ ᠳᠤ ᠬᠦᠷᠴᠦ᠂ ᠬᠤᠪᠢ ᠣᠯᠭᠤᠮᠵᠢ ᠨᠢ 5 ᠬᠤᠪᠢ᠂ ᠣᠯᠤᠭᠰᠠᠨ ᠬᠤᠪᠢ ᠨᠢ 5 ᠬᠤᠪᠢ ᠪᠣᠯᠤᠨ᠎ᠠ᠃ ᠲᠣᠭᠲᠠᠭᠰᠠᠨ ᠬᠤᠭᠤᠴᠠᠭᠠᠨ ᠳᠤ ᠠᠵᠢᠯ ᠤᠨ ᠬᠠᠷᠠᠯᠲᠠ ᠪᠠᠨ ᠪᠡᠶᠡᠯᠡᠭᠦᠯᠵᠦ᠂ ᠬᠥᠮᠦᠨ ᠤ ᠬᠦᠴᠦ ᠪᠠᠷ ᠬᠠᠮᠢᠶᠠᠷᠤᠨ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠡᠮᠵᠢᠨ᠂ ᠪᠥᠬᠦ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠲᠣᠭᠤᠷᠢᠭ ᠤᠨ 1215.9 ᠲᠦᠮᠡᠨ ᠮᠥ ᠶᠢᠨ ᠣᠶ ᠰᠢᠭᠤᠶ ᠶᠢᠨ ᠬᠠᠮᠢᠶᠠᠷᠤᠨ ᠬᠠᠮᠠᠭᠠᠯᠠᠬᠤ ᠲᠠᠯᠠᠪᠠᠶ ᠶᠢ ᠪᠦᠲᠦᠮᠵᠢᠲᠡᠶ ᠬᠠᠮᠠᠭᠠᠯᠠᠵᠤ᠂ 519 ᠣᠶ ᠬᠠᠮᠠᠭᠠᠯᠠᠭᠴᠢ ᠶᠢ ᠤᠷᠢᠨ ᠬᠡᠷᠡᠭᠯᠡᠵᠦ᠂ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠪᠣᠯᠤᠨ ᠠᠵᠢᠯ ᠰᠢᠯᠵᠢᠭᠰᠡᠨ ᠣᠶ ᠰᠢᠭᠤᠶ ᠶᠢᠨ ᠠᠵᠢᠯᠲᠠᠨ ᠤ ᠣᠷᠣᠯᠭ᠎ᠠ ᠶᠢ ᠨᠡᠮᠡᠭᠳᠡᠭᠦᠯᠵᠦ᠂ ᠨᠡᠶᠢᠭᠡᠮ ᠤᠨ ᠲᠣᠭᠲᠠᠭᠤᠨ ᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠣᠶᠢᠵᠢᠭᠤᠯᠤᠯᠲᠠ ᠨᠢ ᠮᠠᠯᠴᠢᠨ ᠲᠠᠷᠢᠶᠠᠴᠢᠨ ᠤ ᠠᠳᠠᠯ ᠦᠶᠯᠡᠰ ᠴᠣᠭᠴᠠᠯᠠᠨ ᠪᠠᠶᠠᠵᠢᠬᠤ ᠢᠳᠡᠪᠬᠢᠵᠢᠯ ᠢ ᠳᠠᠶᠢᠴᠢᠯᠠᠨ᠂ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠤ ᠠᠵᠢᠯ ᠤᠯᠬᠤ ᠠᠷᠭ᠎ᠠ ᠵᠠᠮ ᠢ ᠪᠦᠲᠦᠮᠵᠢᠲᠡᠶ ᠨᠡᠮᠡᠭᠳᠡᠭᠦᠯᠵᠦ᠂ ᠲᠤᠬᠠᠶ ᠶᠢᠨ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠬᠤ ᠶᠢ ᠳᠡᠭᠡᠭᠰᠢᠯᠡᠭᠦᠯᠬᠦ ᠶᠢᠨ ᠬᠠᠮᠲᠤ ᠮᠠᠯᠵᠢᠬᠤ ᠲᠠᠷᠢᠶᠠᠯᠠᠬᠤ ᠣᠷᠣᠨ ᠤ ᠠᠵᠤ ᠦᠶᠯᠡᠰ ᠤᠨ ᠪᠦᠲᠦᠴᠡ ᠶᠢᠨ ᠲᠣᠬᠢᠷᠠᠭᠤᠯᠤᠯᠲᠠ ᠳᠤ ᠢᠳᠡᠪᠬᠢᠲᠡᠶ ᠠᠬᠢᠭᠤᠯᠬᠤ ᠦᠶᠯᠡᠳᠦᠯ ᠦᠵᠡᠭᠦᠯᠵᠦ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠪᠠ᠃             3. ᠬᠦᠴᠦᠨ ᠲᠠᠢ ᠬᠤᠭᠤᠴᠠᠭ᠎ᠠ ᠶᠢᠨ ᠭᠦᠢᠴᠡᠳᠬᠡᠯ ᠲᠤᠭ᠎ᠠ             ︵᠎ 1︶᠎  ᠪᠠᠶᠢᠭᠠᠯᠢ ᠶᠢᠨ ᠤᠢ ᠪᠣᠯᠤᠨ ᠤᠯᠤᠰ ᠤᠨ ᠲᠡᠰ ᠤᠨ ᠨᠡᠶᠢᠲᠡ ᠶᠢᠨ ᠠᠰᠠᠷᠠᠮᠵᠢ ᠶᠢᠨ ᠤᠢ ᠶᠢ ᠬᠠᠮᠢᠶᠠᠷᠴᠤ ᠬᠠᠮᠠᠭᠠᠯᠠᠬᠤ ᠲᠤᠰ ᠬᠤᠭᠤᠴᠠᠭᠠᠨ ᠤ ᠡᠭᠦᠷᠭᠡ ᠶᠢ ᠪᠡᠶᠡᠯᠡᠭᠦᠯᠦᠭᠰᠡᠨ ᠨᠤᠷᠮ᠎ᠠ             ᠪᠠᠶᠢᠭᠠᠯᠢ ᠶᠢᠨ ᠣᠶ ᠰᠢᠭᠤᠶ ᠶᠢ ᠬᠠᠮᠢᠶᠠᠷᠤᠨ ᠬᠠᠮᠠᠭᠠᠯᠠᠬᠤ ᠲᠣᠰ ᠬᠤᠭᠤᠴᠠᠭᠠᠨ ᠤ ᠡᠭᠦᠷᠭᠡ ᠪᠠᠨ ᠪᠡᠶᠡᠯᠡᠭᠦᠯᠦᠭᠰᠡᠨ ᠨᠣᠷᠮ᠎ᠠ ᠶᠢᠨ ᠭᠦᠶᠴᠡᠳᠬᠡᠯ ᠲᠤᠭ᠎ᠠ ᠶᠢᠨ ᠬᠡᠮᠵᠢᠭᠳᠡᠯ ᠨᠢ 95%᠎ ᠎ ᠠᠴᠠ ᠶᠡᠭᠡ ᠪᠤᠶᠤ ᠲᠡᠭᠦᠨ ᠲᠠᠢ ᠲᠡᠩᠴᠡᠨ᠎ᠡ᠂ ᠪᠥᠬᠦ ᠵᠢᠯ ᠤᠨ ᠪᠣᠳᠠᠲᠠᠶ ᠪᠡᠶᠡᠯᠡᠭᠦᠯᠦᠭᠰᠡᠨ ᠬᠡᠮᠵᠢᠭᠳᠡᠯ ᠨᠢ 100%᠎ ᠳᠤ ᠬᠦᠷᠴᠦ᠂ ᠬᠤᠪᠢ ᠣᠯᠭᠤᠮᠵᠢ ᠨᠢ 7 ᠬᠤᠪᠢ ᠪᠠᠶᠢᠵᠤ᠂ ᠣᠯᠤᠭᠰᠠᠨ ᠬᠤᠪᠢ ᠨᠢ 7 ᠬᠤᠪᠢ ᠪᠣᠯᠤᠨ᠎ᠠ᠃ ᠬᠥᠮᠦᠨ ᠤ ᠬᠦᠴᠦ ᠪᠠᠷ ᠬᠠᠮᠢᠶᠠᠷᠤᠨ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠡᠮᠵᠢᠨ᠂ ᠪᠥᠬᠦ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠲᠣᠭᠤᠷᠢᠭ ᠤᠨ 1215.9 ᠲᠦᠮᠡᠨ ᠮᠥ ᠶᠢᠨ ᠣᠶ ᠰᠢᠭᠤᠶ ᠶᠢᠨ ᠬᠠᠮᠢᠶᠠᠷᠤᠨ ᠬᠠᠮᠠᠭᠠᠯᠠᠬᠤ ᠲᠠᠯᠠᠪᠠᠶ ᠶᠢ ᠪᠦᠲᠦᠮᠵᠢᠲᠡᠶ ᠬᠠᠮᠠᠭᠠᠯᠠᠵᠤ᠂ ᠰᠠᠯᠬᠢ ᠡᠯᠡᠰᠦᠨ ᠤ ᠬᠥᠨᠥᠭᠡᠯ ᠢ ᠪᠦᠲᠦᠮᠵᠢᠲᠡᠶ ᠬᠤᠷᠢᠭᠯᠠᠬᠤ ᠪᠠ ᠬᠢᠵᠠᠭᠠᠷᠯᠠᠵᠤ᠂ ᠡᠯᠡᠰᠦᠨ ᠰᠢᠭᠤᠷᠭ᠎ᠠ ᠡᠭᠦᠰᠬᠦ ᠳᠠᠪᠲᠠᠮᠵᠢ ᠶᠢ ᠪᠠᠭᠠᠰᠬᠠᠨ᠂ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠪᠠ᠃ ᠨᠡᠶᠢᠲᠡ 519 ᠣᠶ ᠬᠠᠮᠠᠭᠠᠯᠠᠭᠴᠢ  ᠶᠢ ᠤᠷᠢᠨ ᠬᠡᠷᠡᠭᠯᠡᠵᠦ᠂ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠪᠣᠯᠤᠨ ᠠᠵᠢᠯ ᠰᠢᠯᠵᠢᠭᠰᠡᠨ ᠣᠶ ᠰᠢᠭᠤᠶ ᠶᠢᠨ ᠠᠵᠢᠯᠲᠠᠨ ᠠᠵᠢᠯᠴᠢᠨ ᠤ ᠣᠷᠣᠯᠭ᠎ᠠ ᠶᠢ ᠨᠡᠮᠡᠭᠳᠡᠭᠦᠯᠵᠦ᠂ ᠣᠶᠢᠵᠢᠭᠤᠯᠤᠯᠲᠠ ᠨᠢ ᠮᠠᠯᠴᠢᠨ ᠲᠠᠷᠢᠶᠠᠴᠢᠨ ᠤ ᠠᠳᠠᠯ ᠦᠶᠯᠡᠰ ᠴᠣᠭᠴᠠᠯᠠᠨ ᠪᠠᠶᠠᠵᠢᠬᠤ ᠢᠳᠡᠪᠬᠢᠵᠢᠯ ᠢ ᠳᠠᠶᠢᠴᠢᠯᠠᠨ᠂ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠤ ᠠᠵᠢᠯ ᠤᠯᠬᠤ ᠠᠷᠭ᠎ᠠ ᠵᠠᠮ ᠢ ᠪᠦᠲᠦᠮᠵᠢᠲᠡᠶ ᠨᠡᠮᠡᠭᠳᠡᠭᠦᠯᠵᠦ᠂ ᠲᠤᠬᠠᠶ ᠶᠢᠨ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠬᠤ ᠶᠢ ᠳᠡᠭᠡᠭᠰᠢᠯᠡᠭᠦᠯᠬᠦ ᠶᠢᠨ ᠬᠠᠮᠲᠤ ᠮᠠᠯᠵᠢᠬᠤ ᠲᠠᠷᠢᠶᠠᠯᠠᠬᠤ ᠣᠷᠣᠨ ᠤ ᠠᠵᠤ ᠦᠶᠯᠡᠰ ᠤᠨ ᠪᠦᠲᠦᠴᠡ ᠶᠢᠨ ᠲᠣᠬᠢᠷᠠᠭᠤᠯᠤᠯᠲᠠ ᠳᠤ ᠢᠳᠡᠪᠬᠢᠲᠡᠶ ᠠᠬᠢᠭᠤᠯᠬᠤ ᠦᠶᠯᠡᠳᠦᠯ ᠦᠵᠡᠭᠦᠯᠵᠦ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠪᠠ᠃             ︵᠎  2︶᠎  ᠳᠡᠭᠡᠳᠦ ᠱᠠᠲᠤᠨ ᠤ ᠪᠠᠯᠠ ᠮᠥᠩᠭᠦ ᠶᠢ ᠪᠣᠳᠠᠲᠠᠶᠢᠵᠢᠭᠤᠯᠤᠭᠰᠠᠨ ᠤ ᠳᠠᠷᠠᠭᠠᠬᠢ ᠪᠠᠯᠠ ᠮᠥᠩᠭᠦ ᠶᠢᠨ ᠲᠥᠷᠥᠯ ᠵᠦᠶᠯ ᠢ ᠨᠠᠶᠢᠳᠠᠪᠤᠷᠢᠵᠢᠭᠤᠯᠤᠭᠰᠠᠨ ᠴᠠᠭ             ᠳᠡᠭᠡᠳᠦ ᠱᠠᠲᠤᠨ ᠤ ᠪᠠᠯᠠ ᠮᠥᠩᠭᠦ ᠶᠢ ᠪᠣᠳᠠᠲᠠᠶᠢᠵᠢᠭᠤᠯᠤᠭᠰᠠᠨ ᠤ ᠳᠠᠷᠠᠭ᠎ᠠ ᠪᠠᠯᠠ ᠮᠥᠩᠭᠦ ᠶᠢᠨ ᠲᠥᠷᠥᠯ ᠵᠦᠶᠯ ᠤᠨ ᠨᠠᠶᠢᠳᠠᠪᠤᠷᠢᠵᠢᠭᠤᠯᠤᠭᠰᠠᠨ ᠴᠠᠭ ᠤᠨ ᠬᠠᠷᠠᠯᠲᠠ ᠶᠢᠨ ᠣᠯᠭᠤᠮᠵᠢ ᠨᠢ 1ᠳ᠋ᠦ᠋ᠭᠡᠷ ᠰᠠᠷ᠎ᠠ ᠎ ᠠᠴᠠ ᠪᠠᠭ᠎ᠠ ᠪᠤᠶᠤ ᠲᠡᠩᠴᠡᠭᠦᠤ ᠪᠠᠶᠢᠵᠤ᠂ ᠪᠥᠬᠦ ᠵᠢᠯ ᠤᠨ ᠪᠣᠳᠠᠲᠠᠶ ᠨᠠᠶᠢᠳᠠᠪᠤᠷᠢᠵᠢᠭᠤᠯᠤᠭᠰᠠᠨ ᠴᠠᠭ ᠨᠢ 1ᠳ᠋ᠦ᠋ᠭᠡᠷ ᠰᠠᠷ᠎ᠠ᠂ ᠬᠤᠪᠢ ᠣᠯᠭᠤᠮᠵᠢ ᠨᠢ 3 ᠬᠤᠪᠢ᠂ ᠣᠯᠤᠭᠰᠠᠨ ᠬᠤᠪᠢ ᠨᠢ 3 ᠬᠤᠪᠢ ᠪᠣᠯᠤᠨ᠎ᠠ᠃ ᠣᠶ ᠰᠢᠭᠤᠶ ᠶᠢ ᠬᠠᠮᠢᠶᠠᠷᠤᠨ ᠬᠠᠮᠠᠭᠠᠯᠠᠬᠤ ᠪᠠᠷ ᠳᠡᠮᠵᠢᠨ᠂ ᠪᠥᠬᠦ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠲᠣᠭᠤᠷᠢᠭ ᠤᠨ 1215.9 ᠲᠦᠮᠡᠨ ᠮᠥ ᠶᠢᠨ ᠣᠶ ᠰᠢᠭᠤᠶ ᠶᠢ ᠬᠠᠮᠢᠶᠠᠷᠤᠨ ᠬᠠᠮᠠᠭᠠᠯᠠᠬᠤ ᠲᠠᠯᠠᠪᠠᠶ ᠶᠢ ᠪᠦᠲᠦᠮᠵᠢᠲᠡᠶ ᠬᠠᠮᠠᠭᠠᠯᠠᠵᠤ᠂ ᠮᠠᠯᠴᠢᠨ ᠲᠠᠷᠢᠶᠠᠴᠢᠨ ᠤ ᠣᠳᠣᠬᠠᠨ ᠤ ᠣᠶ ᠰᠢᠭᠤᠶ ᠶᠢᠨ ᠡᠬᠢ ᠪᠠᠶᠠᠯᠢᠭ ᠢ ᠬᠠᠮᠢᠶᠠᠷᠤᠨ ᠬᠠᠮᠠᠭᠠᠯᠠᠬᠤ ᠠᠵᠢᠯ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠦᠨ᠂ ᠠᠮᠢ ᠠᠬᠤᠶ ᠶᠢᠨ ᠬᠠᠮᠠᠭᠠᠯᠠᠯᠲᠠ ᠶᠢᠨ ᠴᠢᠳᠠᠮᠵᠢ ᠶᠢ ᠳᠡᠭᠡᠭᠰᠢᠯᠡᠭᠦᠯᠵᠦ᠂ ᠰᠠᠯᠬᠢ ᠡᠯᠡᠰᠦᠨ ᠤ ᠬᠥᠨᠥᠭᠡᠯ ᠢ ᠪᠦᠲᠦᠮᠵᠢᠲᠡᠶ ᠡᠰᠡᠷᠭᠦᠴᠡᠨ ᠬᠢᠵᠠᠭᠠᠷᠯᠠᠵᠤ᠂ ᠡᠯᠡᠰᠦᠨ ᠰᠢᠭᠤᠷᠭ᠎ᠠ ᠡᠭᠦᠰᠬᠦ ᠳᠠᠪᠲᠠᠮᠵᠢ ᠶᠢ ᠪᠠᠭᠠᠰᠬᠠᠨ᠂ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠪᠠ᠃             4. ᠥᠪᠡᠷ ᠤᠨ ᠥᠷᠲᠡᠭ ᠤᠨ ᠭᠦᠶᠴᠡᠳᠬᠡᠯ ᠲᠤᠭ᠎ᠠ             ︵᠎ 1︶᠎  ᠤᠯᠤᠰ ᠤᠨ ᠥᠮᠴᠢᠯᠡᠯ ᠤᠨ ᠪᠠᠶᠢᠭᠠᠯᠢ ᠶᠢᠨ ᠤᠢ ᠶᠢ ᠬᠠᠮᠢᠶᠠᠷᠴᠤ ᠬᠠᠮᠠᠭᠠᠯᠠᠬᠤ ᠲᠥᠪ ᠤᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ             ᠪᠠᠶᠢᠭᠠᠯᠢᠯᠢᠬ ᠤᠢ ᠰᠢᠭᠤᠢ ᠶᠢ ᠬᠠᠮᠠᠭᠠᠯᠠᠬᠤ ᠢᠨᠵᠧᠨᠧᠷᠢᠩ ᠤᠨ ᠣᠷᠣᠨ ᠤ ᠤᠯᠤᠰ ᠤᠨ ᠥᠮᠴᠢᠯᠡᠯᠲᠦ ᠣᠶ ᠰᠢᠭᠤᠶ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ ᠤᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢᠨ ᠣᠨ ᠤ ᠭᠦᠶᠴᠡᠳᠬᠡᠯ ᠲᠤᠭ᠎ᠠ ᠶᠢᠨ ᠬᠡᠮᠵᠢᠭᠳᠡᠯ ᠨᠢ 10 ᠲᠥᠭᠦᠷᠢᠭ/ᠮᠥ ᠲᠠᠢ ᠲᠡᠩᠴᠡᠵᠦ᠂ ᠪᠠᠶᠢᠭᠠᠯᠢᠯᠢᠬ ᠤᠢ ᠰᠢᠭᠤᠢ ᠶᠢ ᠬᠠᠮᠠᠭᠠᠯᠠᠬᠤ ᠢᠨᠵᠧᠨᠧᠷᠢᠩ ᠤᠨ ᠣᠷᠣᠨ ᠤ ᠤᠯᠤᠰ ᠤᠨ ᠥᠮᠴᠢᠯᠡᠯᠲᠦ ᠣᠶ ᠰᠢᠭᠤᠶ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ ᠤᠨ ᠡᠳ᠋ ᠤᠨ ᠵᠠᠰᠠᠭ ᠤᠨ ᠨᠥᠬᠦᠪᠥᠷᠢ ᠶᠢ 10 ᠲᠥᠭᠦᠷᠢᠭ/ᠮᠥ ᠳᠤ ᠪᠣᠳᠠᠲᠠᠶ ᠪᠡᠶᠡᠯᠡᠭᠦᠯᠵᠦ ᠂ ᠬᠤᠪᠢ ᠣᠯᠭᠤᠮᠵᠢ ᠨᠢ 5 ᠬᠤᠪᠢ᠂ ᠣᠯᠤᠭᠰᠠᠨ ᠬᠤᠪᠢ ᠨᠢ 5 ᠬᠤᠪᠢ ᠪᠣᠯᠤᠨ᠎ᠠ᠃ ᠣᠶ ᠰᠢᠭᠤᠶ ᠶᠢ ᠬᠠᠮᠢᠶᠠᠷᠤᠨ ᠬᠠᠮᠠᠭᠠᠯᠠᠬᠤ ᠪᠠᠷ ᠳᠡᠮᠵᠢᠨ᠂ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠲᠣᠭᠤᠷᠢᠭ ᠤᠨ 4.74 ᠲᠦᠮᠡᠨ ᠮᠥ ᠶᠢᠨ ᠤᠯᠤᠰ ᠤᠨ ᠥᠮᠴᠢᠯᠡᠯᠲᠦ ᠣᠶ ᠰᠢᠭᠤᠶ ᠶᠢᠨ ᠬᠠᠮᠢᠶᠠᠷᠤᠨ ᠬᠠᠮᠠᠭᠠᠯᠠᠬᠤ ᠲᠠᠯᠠᠪᠠᠶ ᠶᠢ ᠪᠦᠲᠦᠮᠵᠢᠲᠡᠶ ᠬᠠᠮᠠᠭᠠᠯᠠᠵᠤ᠂ ᠮᠠᠯᠴᠢᠨ ᠲᠠᠷᠢᠶᠠᠴᠢᠨ ᠲᠦᠮᠡᠨ ᠤ ᠣᠳᠣᠬᠠᠨ ᠤ ᠣᠶ ᠰᠢᠭᠤᠶ ᠶᠢᠨ ᠡᠬᠢ ᠪᠠᠶᠠᠯᠢᠭ ᠢ ᠬᠠᠮᠢᠶᠠᠷᠤᠨ ᠬᠠᠮᠠᠭᠠᠯᠠᠬᠤ ᠠᠵᠢᠯ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠦᠨ᠂ ᠠᠮᠢ ᠠᠬᠤᠶ ᠶᠢᠨ ᠬᠠᠮᠠᠭᠠᠯᠠᠯᠲᠠ ᠶᠢᠨ ᠴᠢᠳᠠᠮᠵᠢ ᠶᠢ ᠳᠡᠭᠡᠭᠰᠢᠯᠡᠭᠦᠯᠵᠦ᠂ ᠰᠠᠯᠬᠢ ᠡᠯᠡᠰᠦᠨ ᠤ ᠬᠥᠨᠥᠭᠡᠯ ᠢ ᠪᠦᠲᠦᠮᠵᠢᠲᠡᠶ ᠡᠰᠡᠷᠭᠦᠴᠡᠨ ᠬᠢᠵᠠᠭᠠᠷᠯᠠᠵᠤ᠂ ᠡᠯᠡᠰᠦᠨ ᠰᠢᠭᠤᠷᠭ᠎ᠠ ᠡᠭᠦᠰᠬᠦ ᠳᠠᠪᠲᠠᠮᠵᠢ ᠶᠢ ᠪᠠᠭᠠᠰᠬᠠᠨ᠂ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠪᠠ᠃             ︵᠎ 2︶᠎  ᠤᠯᠤᠰ ᠤᠨ ᠥᠮᠴᠢᠯᠡᠯ ᠤᠨ ᠪᠤᠰᠤ ᠣᠷᠣᠨ ᠨᠤᠲᠤᠭ ᠤᠨ ᠨᠡᠶᠢᠲᠡ ᠶᠢᠨ ᠠᠰᠠᠷᠠᠮᠵᠢ ᠶᠢᠨ ᠤᠢ ᠶᠢ ᠬᠠᠮᠢᠶᠠᠷᠴᠤ ᠬᠠᠮᠠᠭᠠᠯᠠᠬᠤ ᠲᠥᠪ ᠤᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ             ᠪᠠᠶᠢᠭᠠᠯᠢᠯᠢᠬ ᠤᠢ ᠰᠢᠭᠤᠢ ᠶᠢ ᠬᠠᠮᠠᠭᠠᠯᠠᠬᠤ ᠢᠨᠵᠧᠨᠧᠷᠢᠩ ᠤᠨ ᠣᠷᠣᠨ ᠤ ᠬᠠᠮᠲᠤ ᠨᠡᠶᠢᠲᠡ ᠪᠠ ᠬᠤᠪᠢ ᠬᠥᠮᠦᠨ ᠤ ᠣᠷᠣᠨ ᠨᠤᠲᠤᠭ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠢᠶᠠᠷᠴᠤ ᠬᠠᠮᠠᠭᠠᠯᠠᠬᠤ ᠨᠥᠬᠦᠪᠥᠷᠢ ᠶᠢᠨ ᠪᠠᠷᠢᠮᠵᠢᠶ᠎ᠠ ᠶᠢᠨ ᠣᠨ ᠤ ᠭᠦᠶᠴᠡᠳᠬᠡᠯ ᠲᠤᠭ᠎ᠠ ᠶᠢᠨ ᠬᠡᠮᠵᠢᠭᠳᠡᠯ ᠨᠢ 3 ᠲᠥᠭᠦᠷᠢᠭ/ᠮᠥ ᠳᠤ ᠬᠦᠷᠴᠦ᠂ ᠤᠯᠤᠰ ᠤᠨ ᠥᠮᠴᠢᠯᠡᠯ ᠤᠨ ᠪᠤᠰᠤ ᠣᠷᠣᠨ ᠨᠤᠲᠤᠭ ᠤᠨ ᠣᠷᠣᠨ ᠨᠤᠲᠤᠭ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠢᠶᠠᠷᠴᠤ ᠬᠠᠮᠠᠭᠠᠯᠠᠬᠤ ᠲᠥᠪ ᠤᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ 3 ᠲᠥᠭᠦᠷᠢᠭ/ᠮᠥ ᠳᠤ ᠪᠣᠳᠠᠲᠠᠶ ᠪᠡᠶᠡᠯᠡᠭᠦᠯᠵᠦ᠂ ᠬᠤᠪᠢ ᠣᠯᠭᠤᠮᠵᠢ ᠨᠢ 5 ᠬᠤᠪᠢ ᠪᠠᠶᠢᠵᠤ᠂ 5 ᠬᠤᠪᠢ ᠣᠯᠤᠨ᠎ᠠ᠃ ᠣᠶ ᠰᠢᠭᠤᠶ ᠶᠢ ᠬᠠᠮᠢᠶᠠᠷᠤᠨ ᠬᠠᠮᠠᠭᠠᠯᠠᠬᠤ ᠪᠠᠷ ᠳᠡᠮᠵᠢᠨ᠂ ᠪᠥᠬᠦ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠲᠣᠭᠤᠷᠢᠭ ᠤᠨ 1215.9 ᠲᠦᠮᠡᠨ ᠮᠥ ᠶᠢᠨ ᠣᠶ ᠰᠢᠭᠤᠶ ᠶᠢ ᠬᠠᠮᠢᠶᠠᠷᠤᠨ ᠬᠠᠮᠠᠭᠠᠯᠠᠬᠤ ᠲᠠᠯᠠᠪᠠᠶ ᠶᠢ ᠪᠦᠲᠦᠮᠵᠢᠲᠡᠶ ᠬᠠᠮᠠᠭᠠᠯᠠᠵᠤ᠂ ᠮᠠᠯᠴᠢᠨ ᠲᠠᠷᠢᠶᠠᠴᠢᠨ ᠤ ᠣᠳᠣᠬᠠᠨ ᠤ ᠣᠶ ᠰᠢᠭᠤᠶ ᠶᠢᠨ ᠡᠬᠢ ᠪᠠᠶᠠᠯᠢᠭ ᠢ ᠬᠠᠮᠢᠶᠠᠷᠤᠨ ᠬᠠᠮᠠᠭᠠᠯᠠᠬᠤ ᠠᠵᠢᠯ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠦᠨ᠂ ᠠᠮᠢ ᠠᠬᠤᠶ ᠶᠢᠨ ᠬᠠᠮᠠᠭᠠᠯᠠᠯᠲᠠ ᠶᠢᠨ ᠴᠢᠳᠠᠮᠵᠢ ᠶᠢ ᠳᠡᠭᠡᠭᠰᠢᠯᠡᠭᠦᠯᠵᠦ᠂ ᠰᠠᠯᠬᠢ ᠡᠯᠡᠰᠦᠨ ᠤ ᠬᠥᠨᠥᠭᠡᠯ ᠢ ᠪᠦᠲᠦᠮᠵᠢᠲᠡᠶ ᠡᠰᠡᠷᠭᠦᠴᠡᠨ ᠬᠢᠵᠠᠭᠠᠷᠯᠠᠵᠤ᠂ ᠡᠯᠡᠰᠦᠨ ᠰᠢᠭᠤᠷᠭ᠎ᠠ ᠡᠭᠦᠰᠬᠦ ᠳᠠᠪᠲᠠᠮᠵᠢ ᠶᠢ ᠪᠠᠭᠠᠰᠬᠠᠨ᠂ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠪᠠ᠃             ︵᠎  ᠬᠤᠶᠠᠷ︶᠎  ᠦᠷ᠎ᠡ ᠠᠰᠢᠭ ᠤᠨ ᠭᠦᠢᠴᠡᠳᠬᠡᠬᠦ ᠲᠤᠭ᠎ᠠ ᠶᠢ ᠪᠡᠶᠡᠯᠡᠭᠦᠯᠦᠭᠰᠡᠨ ᠪᠠᠶᠢᠳᠠᠯ             ︵᠎ 1︶᠎  ᠨᠡᠶᠢᠭᠡᠮ ᠤᠨ ᠦᠷ᠎ᠡ ᠠᠰᠢᠭ             ᠰᠢᠭᠤᠶᠢᠲᠤ ᠣᠷᠣᠨ ᠤ ᠠᠷᠠᠳ ᠤᠨ ᠠᠮᠢᠳᠤᠷᠠᠯ ᠤᠨ ᠪᠠᠶᠢᠳᠠᠯ ᠤᠨ ᠣᠨ ᠤ ᠭᠦᠶᠴᠡᠳᠬᠡᠯ ᠲᠤᠭ᠎ᠠ ᠶᠢᠨ ᠬᠡᠮᠵᠢᠭᠳᠡᠯ ᠨᠢ ᠢᠯᠡᠷᠬᠡᠶ᠂ ᠪᠣᠳᠠᠲᠠᠶ ᠪᠡᠶᠡᠯᠡᠭᠦᠯᠦᠭᠰᠡᠨ ᠬᠡᠮᠵᠢᠭᠳᠡᠯ ᠨᠢ ᠢᠯᠡᠷᠬᠡᠶ ᠪᠠᠶᠢᠵᠤ᠂ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠤ ᠠᠵᠢᠯ ᠤᠯᠬᠤ ᠠᠷᠭ᠎ᠠ ᠵᠠᠮ ᠢ ᠪᠦᠲᠦᠮᠵᠢᠲᠡᠶ ᠨᠡᠮᠡᠭᠳᠡᠭᠦᠯᠵᠦ᠂ ᠲᠤᠬᠠᠶ ᠶᠢᠨ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠬᠤ ᠶᠢ ᠳᠡᠭᠡᠭᠰᠢᠯᠡᠭᠦᠯᠬᠦ ᠶᠢᠨ ᠬᠠᠮᠲᠤ ᠮᠠᠯᠵᠢᠬᠤ ᠲᠠᠷᠢᠶᠠᠯᠠᠬᠤ ᠣᠷᠣᠨ ᠤ ᠠᠵᠤ ᠦᠶᠯᠡᠰ ᠤᠨ ᠪᠦᠲᠦᠴᠡ ᠶᠢᠨ ᠲᠣᠬᠢᠷᠠᠭᠤᠯᠤᠯᠲᠠ ᠳᠤ ᠢᠳᠡᠪᠬᠢᠲᠡᠶ ᠠᠬᠢᠭᠤᠯᠬᠤ ᠦᠶᠯᠡᠳᠦᠯ ᠦᠵᠡᠭᠦᠯᠵᠦ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠪᠠ᠃ ᠬᠤᠪᠢ ᠎ ᠨᠢ 10 ᠬᠤᠪᠢ᠂ 10 ᠬᠤᠪᠢ ᠣᠯᠤᠨ᠎ᠠ᠃             ︵᠎ 2︶᠎  ᠠᠮᠢ ᠠᠬᠤᠶ ᠶᠢᠨ ᠦᠷ᠎ᠡ ᠠᠰᠢᠭ             ᠲᠥᠷᠥᠯ ᠵᠦᠶᠯ ᠢ ᠬᠡᠷᠡᠭᠵᠢᠭᠦᠯᠬᠦ ᠪᠠᠷ ᠳᠠᠮᠵᠢᠭᠤᠯᠤᠨ ᠨᠡᠶᠢᠲᠡ 519 ᠣᠶ ᠬᠠᠮᠠᠭᠠᠯᠠᠭᠴᠢ ᠤᠷᠢᠨ ᠬᠡᠷᠡᠭᠯᠡᠵᠦ ᠂ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠪᠣᠯᠤᠨ ᠠᠵᠢᠯ ᠰᠢᠯᠵᠢᠭᠰᠡᠨ ᠣᠶ ᠰᠢᠭᠤᠶ ᠶᠢᠨ ᠠᠵᠢᠯᠲᠠᠨ ᠠᠵᠢᠯᠴᠢᠨ ᠤ ᠣᠷᠣᠯᠭ᠎ᠠ ᠶᠢ ᠨᠡᠮᠡᠭᠳᠡᠭᠦᠯᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨᠬᠦ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠣᠶᠢᠵᠢᠭᠤᠯᠤᠯᠲᠠ ᠨᠢ ᠮᠠᠯᠴᠢᠨ ᠲᠠᠷᠢᠶᠠᠴᠢᠨ ᠤ ᠠᠳᠠᠯ ᠦᠶᠯᠡᠰ ᠴᠣᠭᠴᠠᠯᠠᠨ ᠪᠠᠶᠠᠵᠢᠬᠤ ᠢᠳᠡᠪᠬᠢᠵᠢᠯ ᠢ ᠳᠠᠶᠢᠴᠢᠯᠠᠨ᠂ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠤ ᠠᠵᠢᠯ ᠤᠯᠬᠤ ᠠᠷᠭ᠎ᠠ ᠵᠠᠮ ᠢ ᠪᠦᠲᠦᠮᠵᠢᠲᠡᠶ ᠨᠡᠮᠡᠭᠳᠡᠭᠦᠯᠵᠦ᠂ ᠲᠤᠬᠠᠶ ᠶᠢᠨ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠬᠤ ᠶᠢ ᠳᠡᠭᠡᠭᠰᠢᠯᠡᠭᠦᠯᠬᠦ ᠶᠢᠨ ᠬᠠᠮᠲᠤ ᠮᠠᠯᠵᠢᠬᠤ ᠲᠠᠷᠢᠶᠠᠯᠠᠬᠤ ᠣᠷᠣᠨ ᠤ ᠠᠵᠤ ᠦᠶᠯᠡᠰ ᠤᠨ ᠪᠦᠲᠦᠴᠡ ᠶᠢᠨ ᠲᠣᠬᠢᠷᠠᠭᠤᠯᠤᠯᠲᠠ ᠳᠤ ᠢᠳᠡᠪᠬᠢᠲᠡᠶ ᠠᠬᠢᠭᠤᠯᠬᠤ ᠦᠶᠯᠡᠳᠦᠯ ᠦᠵᠡᠭᠦᠯᠵᠦ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠪᠠ᠃             3. ᠬᠦᠴᠦᠨ ᠲᠠᠢ ᠬᠤᠭᠤᠴᠠᠭ᠎ᠠ ᠶᠢᠨ ᠭᠦᠢᠴᠡᠳᠬᠡᠯ ᠲᠤᠭ᠎ᠠ             ︵᠎ 1︶᠎  ᠪᠠᠶᠢᠭᠠᠯᠢ ᠶᠢᠨ ᠤᠢ ᠪᠣᠯᠤᠨ ᠤᠯᠤᠰ ᠤᠨ ᠲᠡᠰ ᠤᠨ ᠨᠡᠶᠢᠲᠡ ᠶᠢᠨ ᠠᠰᠠᠷᠠᠮᠵᠢ ᠶᠢᠨ ᠤᠢ ᠶᠢ ᠬᠠᠮᠢᠶᠠᠷᠴᠤ ᠬᠠᠮᠠᠭᠠᠯᠠᠬᠤ ᠲᠤᠰ ᠬᠤᠭᠤᠴᠠᠭᠠᠨ ᠤ ᠡᠭᠦᠷᠭᠡ ᠶᠢ ᠪᠡᠶᠡᠯᠡᠭᠦᠯᠦᠭᠰᠡᠨ ᠨᠤᠷᠮ᠎ᠠ             ᠪᠠᠶᠢᠭᠠᠯᠢ ᠶᠢᠨ ᠣᠶ ᠰᠢᠭᠤᠶ ᠶᠢ ᠬᠠᠮᠢᠶᠠᠷᠤᠨ ᠬᠠᠮᠠᠭᠠᠯᠠᠬᠤ ᠲᠣᠰ ᠬᠤᠭᠤᠴᠠᠭᠠᠨ ᠤ ᠡᠭᠦᠷᠭᠡ ᠪᠠᠨ ᠪᠡᠶᠡᠯᠡᠭᠦᠯᠦᠭᠰᠡᠨ ᠨᠣᠷᠮ᠎ᠠ ᠶᠢᠨ ᠭᠦᠶᠴᠡᠳᠬᠡᠯ ᠲᠤᠭ᠎ᠠ ᠶᠢᠨ ᠬᠡᠮᠵᠢᠭᠳᠡᠯ ᠨᠢ 95%᠎ ᠎ ᠠᠴᠠ ᠶᠡᠭᠡ ᠪᠤᠶᠤ ᠲᠡᠭᠦᠨ ᠲᠠᠢ ᠲᠡᠩᠴᠡᠨ᠎ᠡ᠂ ᠪᠥᠬᠦ ᠵᠢᠯ ᠤᠨ ᠪᠣᠳᠠᠲᠠᠶ ᠪᠡᠶᠡᠯᠡᠭᠦᠯᠦᠭᠰᠡᠨ ᠬᠡᠮᠵᠢᠭᠳᠡᠯ ᠨᠢ 100%᠎ ᠳᠤ ᠬᠦᠷᠴᠦ᠂ ᠬᠤᠪᠢ ᠣᠯᠭᠤᠮᠵᠢ ᠨᠢ 7 ᠬᠤᠪᠢ ᠪᠠᠶᠢᠵᠤ᠂ ᠣᠯᠤᠭᠰᠠᠨ ᠬᠤᠪᠢ ᠨᠢ 7 ᠬᠤᠪᠢ ᠪᠣᠯᠤᠨ᠎ᠠ᠃ ᠬᠥᠮᠦᠨ ᠤ ᠬᠦᠴᠦ ᠪᠠᠷ ᠬᠠᠮᠢᠶᠠᠷᠤᠨ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠡᠮᠵᠢᠨ᠂ ᠪᠥᠬᠦ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠲᠣᠭᠤᠷᠢᠭ ᠤᠨ 1215.9 ᠲᠦᠮᠡᠨ ᠮᠥ ᠶᠢᠨ ᠣᠶ ᠰᠢᠭᠤᠶ ᠶᠢᠨ ᠬᠠᠮᠢᠶᠠᠷᠤᠨ ᠬᠠᠮᠠᠭᠠᠯᠠᠬᠤ ᠲᠠᠯᠠᠪᠠᠶ ᠶᠢ ᠪᠦᠲᠦᠮᠵᠢᠲᠡᠶ ᠬᠠᠮᠠᠭᠠᠯᠠᠵᠤ᠂ ᠰᠠᠯᠬᠢ ᠡᠯᠡᠰᠦᠨ ᠤ ᠬᠥᠨᠥᠭᠡᠯ ᠢ ᠪᠦᠲᠦᠮᠵᠢᠲᠡᠶ ᠬᠤᠷᠢᠭᠯᠠᠬᠤ ᠪᠠ ᠬᠢᠵᠠᠭᠠᠷᠯᠠᠵᠤ᠂ ᠡᠯᠡᠰᠦᠨ ᠰᠢᠭᠤᠷᠭ᠎ᠠ ᠡᠭᠦᠰᠬᠦ ᠳᠠᠪᠲᠠᠮᠵᠢ ᠶᠢ ᠪᠠᠭᠠᠰᠬᠠᠨ᠂ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠪᠠ᠃ ᠨᠡᠶᠢᠲᠡ 519 ᠣᠶ ᠬᠠᠮᠠᠭᠠᠯᠠᠭᠴᠢ  ᠶᠢ ᠤᠷᠢᠨ ᠬᠡᠷᠡᠭᠯᠡᠵᠦ᠂ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠪᠣᠯᠤᠨ ᠠᠵᠢᠯ ᠰᠢᠯᠵᠢᠭᠰᠡᠨ ᠣᠶ ᠰᠢᠭᠤᠶ ᠶᠢᠨ ᠠᠵᠢᠯᠲᠠᠨ ᠠᠵᠢᠯᠴᠢᠨ ᠤ ᠣᠷᠣᠯᠭ᠎ᠠ ᠶᠢ ᠨᠡᠮᠡᠭᠳᠡᠭᠦᠯᠵᠦ᠂ ᠣᠶᠢᠵᠢᠭᠤᠯᠤᠯᠲᠠ ᠨᠢ ᠮᠠᠯᠴᠢᠨ ᠲᠠᠷᠢᠶᠠᠴᠢᠨ ᠤ ᠠᠳᠠᠯ ᠦᠶᠯᠡᠰ ᠴᠣᠭᠴᠠᠯᠠᠨ ᠪᠠᠶᠠᠵᠢᠬᠤ ᠢᠳᠡᠪᠬᠢᠵᠢᠯ ᠢ ᠳᠠᠶᠢᠴᠢᠯᠠᠨ᠂ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠤ ᠠᠵᠢᠯ ᠤᠯᠬᠤ ᠠᠷᠭ᠎ᠠ ᠵᠠᠮ ᠢ ᠪᠦᠲᠦᠮᠵᠢᠲᠡᠶ ᠨᠡᠮᠡᠭᠳᠡᠭᠦᠯᠵᠦ᠂ ᠲᠤᠬᠠᠶ ᠶᠢᠨ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠬᠤ ᠶᠢ ᠳᠡᠭᠡᠭᠰᠢᠯᠡᠭᠦᠯᠬᠦ ᠶᠢᠨ ᠬᠠᠮᠲᠤ ᠮᠠᠯᠵᠢᠬᠤ ᠲᠠᠷᠢᠶᠠᠯᠠᠬᠤ ᠣᠷᠣᠨ ᠤ ᠠᠵᠤ ᠦᠶᠯᠡᠰ ᠤᠨ ᠪᠦᠲᠦᠴᠡ ᠶᠢᠨ ᠲᠣᠬᠢᠷᠠᠭᠤᠯᠤᠯᠲᠠ ᠳᠤ ᠢᠳᠡᠪᠬᠢᠲᠡᠶ ᠠᠬᠢᠭᠤᠯᠬᠤ ᠦᠶᠯᠡᠳᠦᠯ ᠦᠵᠡᠭᠦᠯᠵᠦ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠪᠠ᠃             ︵᠎  2︶᠎  ᠳᠡᠭᠡᠳᠦ ᠱᠠᠲᠤᠨ ᠤ ᠪᠠᠯᠠ ᠮᠥᠩᠭᠦ ᠶᠢ ᠪᠣᠳᠠᠲᠠᠶᠢᠵᠢᠭᠤᠯᠤᠭᠰᠠᠨ ᠤ ᠳᠠᠷᠠᠭᠠᠬᠢ ᠪᠠᠯᠠ ᠮᠥᠩᠭᠦ ᠶᠢᠨ ᠲᠥᠷᠥᠯ ᠵᠦᠶᠯ ᠢ ᠨᠠᠶᠢᠳᠠᠪᠤᠷᠢᠵᠢᠭᠤᠯᠤᠭᠰᠠᠨ ᠴᠠᠭ             ᠳᠡᠭᠡᠳᠦ ᠱᠠᠲᠤᠨ ᠤ ᠪᠠᠯᠠ ᠮᠥᠩᠭᠦ ᠶᠢ ᠪᠣᠳᠠᠲᠠᠶᠢᠵᠢᠭᠤᠯᠤᠭᠰᠠᠨ ᠤ ᠳᠠᠷᠠᠭ᠎ᠠ ᠪᠠᠯᠠ ᠮᠥᠩᠭᠦ ᠶᠢᠨ ᠲᠥᠷᠥᠯ ᠵᠦᠶᠯ ᠤᠨ ᠨᠠᠶᠢᠳᠠᠪᠤᠷᠢᠵᠢᠭᠤᠯᠤᠭᠰᠠᠨ ᠴᠠᠭ ᠤᠨ ᠬᠠᠷᠠᠯᠲᠠ ᠶᠢᠨ ᠣᠯᠭᠤᠮᠵᠢ ᠨᠢ 1ᠳ᠋ᠦ᠋ᠭᠡᠷ ᠰᠠᠷ᠎ᠠ ᠎ ᠠᠴᠠ ᠪᠠᠭ᠎ᠠ ᠪᠤᠶᠤ ᠲᠡᠩᠴᠡᠭᠦᠤ ᠪᠠᠶᠢᠵᠤ᠂ ᠪᠥᠬᠦ ᠵᠢᠯ ᠤᠨ ᠪᠣᠳᠠᠲᠠᠶ ᠨᠠᠶᠢᠳᠠᠪᠤᠷᠢᠵᠢᠭᠤᠯᠤᠭᠰᠠᠨ ᠴᠠᠭ ᠨᠢ 1ᠳ᠋ᠦ᠋ᠭᠡᠷ ᠰᠠᠷ᠎ᠠ᠂ ᠬᠤᠪᠢ ᠣᠯᠭᠤᠮᠵᠢ ᠨᠢ 3 ᠬᠤᠪᠢ᠂ ᠣᠯᠤᠭᠰᠠᠨ ᠬᠤᠪᠢ ᠨᠢ 3 ᠬᠤᠪᠢ ᠪᠣᠯᠤᠨ᠎ᠠ᠃ ᠣᠶ ᠰᠢᠭᠤᠶ ᠶᠢ ᠬᠠᠮᠢᠶᠠᠷᠤᠨ ᠬᠠᠮᠠᠭᠠᠯᠠᠬᠤ ᠪᠠᠷ ᠳᠡᠮᠵᠢᠨ᠂ ᠪᠥᠬᠦ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠲᠣᠭᠤᠷᠢᠭ ᠤᠨ 1215.9 ᠲᠦᠮᠡᠨ ᠮᠥ ᠶᠢᠨ ᠣᠶ ᠰᠢᠭᠤᠶ ᠶᠢ ᠬᠠᠮᠢᠶᠠᠷᠤᠨ ᠬᠠᠮᠠᠭᠠᠯᠠᠬᠤ ᠲᠠᠯᠠᠪᠠᠶ ᠶᠢ ᠪᠦᠲᠦᠮᠵᠢᠲᠡᠶ ᠬᠠᠮᠠᠭᠠᠯᠠᠵᠤ᠂ ᠮᠠᠯᠴᠢᠨ ᠲᠠᠷᠢᠶᠠᠴᠢᠨ ᠤ ᠣᠳᠣᠬᠠᠨ ᠤ ᠣᠶ ᠰᠢᠭᠤᠶ ᠶᠢᠨ ᠡᠬᠢ ᠪᠠᠶᠠᠯᠢᠭ ᠢ ᠬᠠᠮᠢᠶᠠᠷᠤᠨ ᠬᠠᠮᠠᠭᠠᠯᠠᠬᠤ ᠠᠵᠢᠯ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠦᠨ᠂ ᠠᠮᠢ ᠠᠬᠤᠶ ᠶᠢᠨ ᠬᠠᠮᠠᠭᠠᠯᠠᠯᠲᠠ ᠶᠢᠨ ᠴᠢᠳᠠᠮᠵᠢ ᠶᠢ ᠳᠡᠭᠡᠭᠰᠢᠯᠡᠭᠦᠯᠵᠦ᠂ ᠰᠠᠯᠬᠢ ᠡᠯᠡᠰᠦᠨ ᠤ ᠬᠥᠨᠥᠭᠡᠯ ᠢ ᠪᠦᠲᠦᠮᠵᠢᠲᠡᠶ ᠡᠰᠡᠷᠭᠦᠴᠡᠨ ᠬᠢᠵᠠᠭᠠᠷᠯᠠᠵᠤ᠂ ᠡᠯᠡᠰᠦᠨ ᠰᠢᠭᠤᠷᠭ᠎ᠠ ᠡᠭᠦᠰᠬᠦ ᠳᠠᠪᠲᠠᠮᠵᠢ ᠶᠢ ᠪᠠᠭᠠᠰᠬᠠᠨ᠂ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠪᠠ᠃             4. ᠥᠪᠡᠷ ᠤᠨ ᠥᠷᠲᠡᠭ ᠤᠨ ᠭᠦᠶᠴᠡᠳᠬᠡᠯ ᠲᠤᠭ᠎ᠠ             ︵᠎ 1︶᠎  ᠤᠯᠤᠰ ᠤᠨ ᠥᠮᠴᠢᠯᠡᠯ ᠤᠨ ᠪᠠᠶᠢᠭᠠᠯᠢ ᠶᠢᠨ ᠤᠢ ᠶᠢ ᠬᠠᠮᠢᠶᠠᠷᠴᠤ ᠬᠠᠮᠠᠭᠠᠯᠠᠬᠤ ᠲᠥᠪ ᠤᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ             ᠪᠠᠶᠢᠭᠠᠯᠢᠯᠢᠬ ᠤᠢ ᠰᠢᠭᠤᠢ ᠶᠢ ᠬᠠᠮᠠᠭᠠᠯᠠᠬᠤ ᠢᠨᠵᠧᠨᠧᠷᠢᠩ ᠤᠨ ᠣᠷᠣᠨ ᠤ ᠤᠯᠤᠰ ᠤᠨ ᠥᠮᠴᠢᠯᠡᠯᠲᠦ ᠣᠶ ᠰᠢᠭᠤᠶ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ ᠤᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢᠨ ᠣᠨ ᠤ ᠭᠦᠶᠴᠡᠳᠬᠡᠯ ᠲᠤᠭ᠎ᠠ ᠶᠢᠨ ᠬᠡᠮᠵᠢᠭᠳᠡᠯ ᠨᠢ 10 ᠲᠥᠭᠦᠷᠢᠭ/ᠮᠥ ᠲᠠᠢ ᠲᠡᠩᠴᠡᠵᠦ᠂ ᠪᠠᠶᠢᠭᠠᠯᠢᠯᠢᠬ ᠤᠢ ᠰᠢᠭᠤᠢ ᠶᠢ ᠬᠠᠮᠠᠭᠠᠯᠠᠬᠤ ᠢᠨᠵᠧᠨᠧᠷᠢᠩ ᠤᠨ ᠣᠷᠣᠨ ᠤ ᠤᠯᠤᠰ ᠤᠨ ᠥᠮᠴᠢᠯᠡᠯᠲᠦ ᠣᠶ ᠰᠢᠭᠤᠶ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ ᠤᠨ ᠡᠳ᠋ ᠤᠨ ᠵᠠᠰᠠᠭ ᠤᠨ ᠨᠥᠬᠦᠪᠥᠷᠢ ᠶᠢ 10 ᠲᠥᠭᠦᠷᠢᠭ/ᠮᠥ ᠳᠤ ᠪᠣᠳᠠᠲᠠᠶ ᠪᠡᠶᠡᠯᠡᠭᠦᠯᠵᠦ ᠂ ᠬᠤᠪᠢ ᠣᠯᠭᠤᠮᠵᠢ ᠨᠢ 5 ᠬᠤᠪᠢ᠂ ᠣᠯᠤᠭᠰᠠᠨ ᠬᠤᠪᠢ ᠨᠢ 5 ᠬᠤᠪᠢ ᠪᠣᠯᠤᠨ᠎ᠠ᠃ ᠣᠶ ᠰᠢᠭᠤᠶ ᠶᠢ ᠬᠠᠮᠢᠶᠠᠷᠤᠨ ᠬᠠᠮᠠᠭᠠᠯᠠᠬᠤ ᠪᠠᠷ ᠳᠡᠮᠵᠢᠨ᠂ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠲᠣᠭᠤᠷᠢᠭ ᠤᠨ 4.74 ᠲᠦᠮᠡᠨ ᠮᠥ ᠶᠢᠨ ᠤᠯᠤᠰ ᠤᠨ ᠥᠮᠴᠢᠯᠡᠯᠲᠦ ᠣᠶ ᠰᠢᠭᠤᠶ ᠶᠢᠨ ᠬᠠᠮᠢᠶᠠᠷᠤᠨ ᠬᠠᠮᠠᠭᠠᠯᠠᠬᠤ ᠲᠠᠯᠠᠪᠠᠶ ᠶᠢ ᠪᠦᠲᠦᠮᠵᠢᠲᠡᠶ ᠬᠠᠮᠠᠭᠠᠯᠠᠵᠤ᠂ ᠮᠠᠯᠴᠢᠨ ᠲᠠᠷᠢᠶᠠᠴᠢᠨ ᠲᠦᠮᠡᠨ ᠤ ᠣᠳᠣᠬᠠᠨ ᠤ ᠣᠶ ᠰᠢᠭᠤᠶ ᠶᠢᠨ ᠡᠬᠢ ᠪᠠᠶᠠᠯᠢᠭ ᠢ ᠬᠠᠮᠢᠶᠠᠷᠤᠨ ᠬᠠᠮᠠᠭᠠᠯᠠᠬᠤ ᠠᠵᠢᠯ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠦᠨ᠂ ᠠᠮᠢ ᠠᠬᠤᠶ ᠶᠢᠨ ᠬᠠᠮᠠᠭᠠᠯᠠᠯᠲᠠ ᠶᠢᠨ ᠴᠢᠳᠠᠮᠵᠢ ᠶᠢ ᠳᠡᠭᠡᠭᠰᠢᠯᠡᠭᠦᠯᠵᠦ᠂ ᠰᠠᠯᠬᠢ ᠡᠯᠡᠰᠦᠨ ᠤ ᠬᠥᠨᠥᠭᠡᠯ ᠢ ᠪᠦᠲᠦᠮᠵᠢᠲᠡᠶ ᠡᠰᠡᠷᠭᠦᠴᠡᠨ ᠬᠢᠵᠠᠭᠠᠷᠯᠠᠵᠤ᠂ ᠡᠯᠡᠰᠦᠨ ᠰᠢᠭᠤᠷᠭ᠎ᠠ ᠡᠭᠦᠰᠬᠦ ᠳᠠᠪᠲᠠᠮᠵᠢ ᠶᠢ ᠪᠠᠭᠠᠰᠬᠠᠨ᠂ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠪᠠ᠃             ︵᠎ 2︶᠎  ᠤᠯᠤᠰ ᠤᠨ ᠥᠮᠴᠢᠯᠡᠯ ᠤᠨ ᠪᠤᠰᠤ ᠣᠷᠣᠨ ᠨᠤᠲᠤᠭ ᠤᠨ ᠨᠡᠶᠢᠲᠡ ᠶᠢᠨ ᠠᠰᠠᠷᠠᠮᠵᠢ ᠶᠢᠨ ᠤᠢ ᠶᠢ ᠬᠠᠮᠢᠶᠠᠷᠴᠤ ᠬᠠᠮᠠᠭᠠᠯᠠᠬᠤ ᠲᠥᠪ ᠤᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ             ᠪᠠᠶᠢᠭᠠᠯᠢᠯᠢᠬ ᠤᠢ ᠰᠢᠭᠤᠢ ᠶᠢ ᠬᠠᠮᠠᠭᠠᠯᠠᠬᠤ ᠢᠨᠵᠧᠨᠧᠷᠢᠩ ᠤᠨ ᠣᠷᠣᠨ ᠤ ᠬᠠᠮᠲᠤ ᠨᠡᠶᠢᠲᠡ ᠪᠠ ᠬᠤᠪᠢ ᠬᠥᠮᠦᠨ ᠤ ᠣᠷᠣᠨ ᠨᠤᠲᠤᠭ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠢᠶᠠᠷᠴᠤ ᠬᠠᠮᠠᠭᠠᠯᠠᠬᠤ ᠨᠥᠬᠦᠪᠥᠷᠢ ᠶᠢᠨ ᠪᠠᠷᠢᠮᠵᠢᠶ᠎ᠠ ᠶᠢᠨ ᠣᠨ ᠤ ᠭᠦᠶᠴᠡᠳᠬᠡᠯ ᠲᠤᠭ᠎ᠠ ᠶᠢᠨ ᠬᠡᠮᠵᠢᠭᠳᠡᠯ ᠨᠢ 3 ᠲᠥᠭᠦᠷᠢᠭ/ᠮᠥ ᠳᠤ ᠬᠦᠷᠴᠦ᠂ ᠤᠯᠤᠰ ᠤᠨ ᠥᠮᠴᠢᠯᠡᠯ ᠤᠨ ᠪᠤᠰᠤ ᠣᠷᠣᠨ ᠨᠤᠲᠤᠭ ᠤᠨ ᠣᠷᠣᠨ ᠨᠤᠲᠤᠭ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠢᠶᠠᠷᠴᠤ ᠬᠠᠮᠠᠭᠠᠯᠠᠬᠤ ᠲᠥᠪ ᠤᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ 3 ᠲᠥᠭᠦᠷᠢᠭ/ᠮᠥ ᠳᠤ ᠪᠣᠳᠠᠲᠠᠶ ᠪᠡᠶᠡᠯᠡᠭᠦᠯᠵᠦ᠂ ᠬᠤᠪᠢ ᠣᠯᠭᠤᠮᠵᠢ ᠨᠢ 5 ᠬᠤᠪᠢ ᠪᠠᠶᠢᠵᠤ᠂ 5 ᠬᠤᠪᠢ ᠣᠯᠤᠨ᠎ᠠ᠃ ᠣᠶ ᠰᠢᠭᠤᠶ ᠶᠢ ᠬᠠᠮᠢᠶᠠᠷᠤᠨ ᠬᠠᠮᠠᠭᠠᠯᠠᠬᠤ ᠪᠠᠷ ᠳᠡᠮᠵᠢᠨ᠂ ᠪᠥᠬᠦ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠲᠣᠭᠤᠷᠢᠭ ᠤᠨ 1215.9 ᠲᠦᠮᠡᠨ ᠮᠥ ᠶᠢᠨ ᠣᠶ ᠰᠢᠭᠤᠶ ᠶᠢ ᠬᠠᠮᠢᠶᠠᠷᠤᠨ ᠬᠠᠮᠠᠭᠠᠯᠠᠬᠤ ᠲᠠᠯᠠᠪᠠᠶ ᠶᠢ ᠪᠦᠲᠦᠮᠵᠢᠲᠡᠶ ᠬᠠᠮᠠᠭᠠᠯᠠᠵᠤ᠂ ᠮᠠᠯᠴᠢᠨ ᠲᠠᠷᠢᠶᠠᠴᠢᠨ ᠤ ᠣᠳᠣᠬᠠᠨ ᠤ ᠣᠶ ᠰᠢᠭᠤᠶ ᠶᠢᠨ ᠡᠬᠢ ᠪᠠᠶᠠᠯᠢᠭ ᠢ ᠬᠠᠮᠢᠶᠠᠷᠤᠨ ᠬᠠᠮᠠᠭᠠᠯᠠᠬᠤ ᠠᠵᠢᠯ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠦᠨ᠂ ᠠᠮᠢ ᠠᠬᠤᠶ ᠶᠢᠨ ᠬᠠᠮᠠᠭᠠᠯᠠᠯᠲᠠ ᠶᠢᠨ ᠴᠢᠳᠠᠮᠵᠢ ᠶᠢ ᠳᠡᠭᠡᠭᠰᠢᠯᠡᠭᠦᠯᠵᠦ᠂ ᠰᠠᠯᠬᠢ ᠡᠯᠡᠰᠦᠨ ᠤ ᠬᠥᠨᠥᠭᠡᠯ ᠢ ᠪᠦᠲᠦᠮᠵᠢᠲᠡᠶ ᠡᠰᠡᠷᠭᠦᠴᠡᠨ ᠬᠢᠵᠠᠭᠠᠷᠯᠠᠵᠤ᠂ ᠡᠯᠡᠰᠦᠨ ᠰᠢᠭᠤᠷᠭ᠎ᠠ ᠡᠭᠦᠰᠬᠦ ᠳᠠᠪᠲᠠᠮᠵᠢ ᠶᠢ ᠪᠠᠭᠠᠰᠬᠠᠨ᠂ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠪᠠ᠃             ︵᠎  ᠬᠤᠶᠠᠷ︶᠎  ᠦᠷ᠎ᠡ ᠠᠰᠢᠭ ᠤᠨ ᠭᠦᠢᠴᠡᠳᠬᠡᠬᠦ ᠲᠤᠭ᠎ᠠ ᠶᠢ ᠪᠡᠶᠡᠯᠡᠭᠦᠯᠦᠭᠰᠡᠨ ᠪᠠᠶᠢᠳᠠᠯ             ︵᠎ 1︶᠎  ᠨᠡᠶᠢᠭᠡᠮ ᠤᠨ ᠦᠷ᠎ᠡ ᠠᠰᠢᠭ             ᠰᠢᠭᠤᠶᠢᠲᠤ ᠣᠷᠣᠨ ᠤ ᠠᠷᠠᠳ ᠤᠨ ᠠᠮᠢᠳᠤᠷᠠᠯ ᠤᠨ ᠪᠠᠶᠢᠳᠠᠯ ᠤᠨ ᠣᠨ ᠤ ᠭᠦᠶᠴᠡᠳᠬᠡᠯ ᠲᠤᠭ᠎ᠠ ᠶᠢᠨ ᠬᠡᠮᠵᠢᠭᠳᠡᠯ ᠨᠢ ᠢᠯᠡᠷᠬᠡᠶ᠂ ᠪᠣᠳᠠᠲᠠᠶ ᠪᠡᠶᠡᠯᠡᠭᠦᠯᠦᠭᠰᠡᠨ ᠬᠡᠮᠵᠢᠭᠳᠡᠯ ᠨᠢ ᠢᠯᠡᠷᠬᠡᠶ ᠪᠠᠶᠢᠵᠤ᠂ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠤ ᠠᠵᠢᠯ ᠤᠯᠬᠤ ᠠᠷᠭ᠎ᠠ ᠵᠠᠮ ᠢ ᠪᠦᠲᠦᠮᠵᠢᠲᠡᠶ ᠨᠡᠮᠡᠭᠳᠡᠭᠦᠯᠵᠦ᠂ ᠲᠤᠬᠠᠶ ᠶᠢᠨ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠬᠤ ᠶᠢ ᠳᠡᠭᠡᠭᠰᠢᠯᠡᠭᠦᠯᠬᠦ ᠶᠢᠨ ᠬᠠᠮᠲᠤ ᠮᠠᠯᠵᠢᠬᠤ ᠲᠠᠷᠢᠶᠠᠯᠠᠬᠤ ᠣᠷᠣᠨ ᠤ ᠠᠵᠤ ᠦᠶᠯᠡᠰ ᠤᠨ ᠪᠦᠲᠦᠴᠡ ᠶᠢᠨ ᠲᠣᠬᠢᠷᠠᠭᠤᠯᠤᠯᠲᠠ ᠳᠤ ᠢᠳᠡᠪᠬᠢᠲᠡᠶ ᠠᠬᠢᠭᠤᠯᠬᠤ ᠦᠶᠯᠡᠳᠦᠯ ᠦᠵᠡᠭᠦᠯᠵᠦ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠪᠠ᠃ ᠬᠤᠪᠢ ᠎ ᠨᠢ 10 ᠬᠤᠪᠢ᠂ 10 ᠬᠤᠪᠢ ᠣᠯᠤᠨ᠎ᠠ᠃             ︵᠎ 2︶᠎  ᠠᠮᠢ ᠠᠬᠤᠶ ᠶᠢᠨ ᠦᠷ᠎ᠡ ᠠᠰᠢᠭ             ᠲᠥᠷᠥᠯ ᠵᠦᠶᠯ ᠢ ᠬᠡᠷᠡᠭᠵᠢᠭᠦᠯᠬᠦ ᠪᠠᠷ ᠳᠠᠮᠵᠢᠭᠤᠯᠤᠨ ᠨᠡᠶᠢᠲᠡ 519 ᠣᠶ ᠬᠠᠮᠠᠭᠠᠯᠠᠭᠴᠢ ᠤᠷᠢᠨ ᠬᠡᠷᠡᠭᠯᠡᠵᠦ ᠂ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠪᠣᠯᠤᠨ ᠠᠵᠢᠯ ᠰᠢᠯᠵᠢᠭᠰᠡᠨ ᠣᠶ ᠰᠢᠭᠤᠶ ᠶᠢᠨ ᠠᠵᠢᠯᠲᠠᠨ ᠠᠵᠢᠯᠴᠢᠨ ᠤ ᠣᠷᠣᠯᠭ᠎ᠠ ᠶᠢ ᠨᠡᠮᠡᠭᠳᠡᠭᠦᠯᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨᠬᠦ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠣᠶᠢᠵᠢᠭᠤᠯᠤᠯᠲᠠ ᠨᠢ ᠮᠠᠯᠴᠢᠨ ᠲᠠᠷᠢᠶᠠᠴᠢᠨ ᠤ ᠠᠳᠠᠯ ᠦᠶᠯᠡᠰ ᠴᠣᠭᠴᠠᠯᠠᠨ ᠪᠠᠶᠠᠵᠢᠬᠤ ᠢᠳᠡᠪᠬᠢᠵᠢᠯ ᠢ ᠳᠠᠶᠢᠴᠢᠯᠠᠨ᠂ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠤ ᠠᠵᠢᠯ ᠤᠯᠬᠤ ᠠᠷᠭ᠎ᠠ ᠵᠠᠮ ᠢ ᠪᠦᠲᠦᠮᠵᠢᠲᠡᠶ ᠨᠡᠮᠡᠭᠳᠡᠭᠦᠯᠵᠦ᠂ ᠲᠤᠬᠠᠶ ᠶᠢᠨ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠬᠤ ᠶᠢ ᠳᠡᠭᠡᠭᠰᠢᠯᠡᠭᠦᠯᠬᠦ ᠶᠢᠨ ᠬᠠᠮᠲᠤ ᠮᠠᠯᠵᠢᠬᠤ ᠲᠠᠷᠢᠶᠠᠯᠠᠬᠤ ᠣᠷᠣᠨ ᠤ ᠠᠵᠤ ᠦᠶᠯᠡᠰ ᠤᠨ ᠪᠦᠲᠦᠴᠡ ᠶᠢᠨ ᠲᠣᠬᠢᠷᠠᠭᠤᠯᠤᠯᠲᠠ ᠳᠤ ᠢᠳᠡᠪᠬᠢᠲᠡᠶ ᠠᠬᠢᠭᠤᠯᠬᠤ ᠦᠶᠯᠡᠳᠦᠯ ᠦᠵᠡᠭᠦᠯᠵᠦ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠪᠠ᠃ ᠤᠢ ᠰᠢᠭᠤᠶ᠂ ᠴᠢᠭᠢᠭᠯᠢᠭ ᠭᠠᠵᠠᠷ ᠤᠨ ᠠᠮᠢ ᠠᠬᠤᠶ ᠶᠢᠨ ᠰᠢᠰᠲ᠋ᠧᠮ ᠤᠨ ᠠᠮᠢ ᠠᠬᠤᠶ ᠶᠢᠨ ᠦᠷ᠎ᠡ ᠠᠰᠢᠭ ᠢ ᠢᠯᠡᠳᠲᠡ ᠪᠠᠳᠠᠷᠠᠭᠤᠯᠪᠠ᠃ ᠬᠤᠪᠢ ᠨᠢ 10 ᠬᠤᠪᠢ᠂ 10 ᠬᠤᠪᠢ ᠣᠯᠤᠨ᠎ᠠ᠃             ︵᠎ 3︶᠎  ᠦᠷᠭᠦᠯᠵᠢᠯᠡᠬᠦ᠋ᠢᠴᠡ ᠨᠥᠯᠥᠭᠡ             ᠲᠥᠷᠥᠯ ᠵᠦᠶᠯ ᠢ ᠬᠡᠷᠡᠭᠵᠢᠭᠦᠯᠬᠦ ᠪᠠᠷ ᠳᠡᠮᠵᠢᠨ᠂ ᠣᠶ ᠰᠢᠭᠤᠶ ᠶᠢᠨ ᠲᠠᠯᠠᠪᠠᠶ ᠶᠢ ᠠᠯᠬᠤᠮ ᠠᠯᠬᠤᠮ ᠢᠶᠠᠷ ᠥᠷᠭᠡᠳᠬᠡᠵᠦ᠂ ᠣᠶ ᠰᠢᠭᠤᠶ ᠡᠪᠡᠰᠦ ᠤᠷᠭᠤᠮᠠᠯ ᠤᠨ ᠬᠤᠴᠢᠯᠭ᠎ᠠ ᠶᠢ ᠳᠡᠭᠡᠭᠰᠢᠯᠡᠭᠦᠯᠦᠨ᠂ ᠰᠠᠯᠬᠢ ᠡᠯᠡᠰᠦᠨ ᠤ ᠬᠥᠨᠥᠭᠡᠯ ᠢ ᠪᠠᠭᠠᠰᠬᠠᠵᠤ᠂ ᠴᠥᠯᠵᠢᠭᠰᠡᠨ ᠭᠠᠵᠠᠷ ᠰᠢᠷᠣᠶ ᠶᠢᠨ ᠥᠷᠭᠡᠳᠬᠦ ᠶᠢ ᠬᠤᠷᠢᠭᠯᠠᠨ᠂ ᠣᠶ ᠰᠢᠭᠤᠶ ᠶᠢᠨ ᠡᠬᠢ ᠪᠠᠶᠠᠯᠢᠭ ᠤᠨ ᠴᠢᠨᠠᠷ ᠴᠢᠨᠰᠠᠭ᠎ᠠ ᠶᠢ ᠢᠯᠡᠳᠲᠡ ᠳᠡᠭᠡᠭᠰᠢᠯᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ ᠴᠤ ᠠᠯᠬᠤᠮ ᠠᠯᠬᠤᠮ ᠢᠶᠠᠷ ᠰᠠᠶᠢᠵᠢᠷᠠᠭᠤᠯᠪᠠ᠃ ᠣᠢ ᠰᠢᠭᠤᠶ᠂ ᠴᠢᠭᠢᠭᠯᠢᠭ ᠭᠠᠵᠠᠷ᠂ ᠴᠦᠯ ᠤᠨ ᠠᠮᠢ ᠠᠬᠤᠶ ᠶᠢᠨ ᠰᠢᠰᠲ᠋ᠧᠮ ᠤᠨ ᠴᠢᠳᠠᠮᠵᠢ ᠶᠢᠨ ᠰᠠᠶᠢᠵᠢᠷᠠᠯᠲᠠ ᠶᠢᠨ ᠦᠷᠭᠦᠯᠵᠢᠯᠡᠬᠦ ᠨᠥᠯᠥᠭᠡ ᠢᠯᠡᠷᠬᠡᠶ ᠪᠠᠶᠢᠨ᠎ᠠ᠃ ᠬᠤᠪᠢ ᠨᠢ 10 ᠬᠤᠪᠢ᠂ 10 ᠬᠤᠪᠢ ᠣᠯᠤᠨ᠎ᠠ᠃             ︵᠎  ᠭᠤᠷᠪᠠ︶᠎  ᠬᠠᠨᠤᠮᠵᠢ ᠶᠢᠨ ᠬᠡᠮᠵᠢᠶ᠎ᠡ ᠶᠢᠨ ᠭᠦᠶᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ             ᠰᠢᠭᠤᠶᠢᠲᠤ ᠣᠷᠣᠨ ᠤ ᠠᠵᠢᠯᠲᠠᠨ ᠠᠵᠢᠯᠴᠢᠨ᠂ ᠡᠷᠬᠢᠨ ᠲᠣᠭᠤᠷᠢᠨ ᠤ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ᠄  ᠭᠦᠶᠴᠡᠳᠬᠡᠯ ᠲᠤᠭ᠎ᠠ ᠶᠢᠨ ᠬᠡᠮᠵᠢᠭᠳᠡᠯ ᠨᠢ 90᠎ ᠠᠴᠠ ᠶᠡᠭᠡ ᠪᠤᠶᠤ ᠲᠡᠭᠦᠨ ᠲᠠᠢ ᠲᠡᠩᠴᠡᠨ᠎ᠡ᠂ ᠪᠥᠬᠦ ᠵᠢᠯ ᠤᠨ ᠪᠣᠳᠠᠲᠠᠶ ᠪᠡᠶᠡᠯᠡᠭᠦᠯᠦᠭᠰᠡᠨ ᠥᠷᠲᠡᠭ ᠨᠢ 93.6% ᠪᠣᠯᠤᠨ᠎ᠠ᠃ 10 ᠬᠥᠮᠦᠨ ᠳᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢᠨ ᠲᠤᠬᠠᠶ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠶᠢ 10 ᠬᠤᠪᠢ ᠲᠠᠷᠬᠠᠭᠠᠨ ᠥᠭᠴᠦ᠂ ᠰᠡᠳᠬᠢᠯ ᠬᠠᠨᠤᠮᠵᠢᠲᠠᠶ ᠪᠠᠶᠢᠬᠤ ᠨᠣᠷᠮ᠎ᠠ ᠨᠢ 93.6%᠎ ᠳᠤ ᠬᠥᠷᠪᠡ᠃ ᠬᠤᠪᠢ ᠨᠢ 10 ᠬᠤᠪᠢ᠂ 10 ᠬᠤᠪᠢ ᠣᠯᠤᠨ᠎ᠠ᠃             ︵᠎  ᠳᠥᠷᠪᠡ︶᠎  ᠬᠤᠪᠢ ᠪᠠᠨ ᠥᠪᠡᠰᠦᠪᠡᠨ ᠦᠨᠡᠯᠡᠭᠰᠡᠨ ᠪᠠᠶᠢᠳᠠᠯ             ᠲᠣᠰ ᠲᠥᠷᠥᠯ ᠵᠦᠶᠯ ᠤᠨ ᠠᠮᠵᠢᠯᠲᠠ ᠪᠦᠲᠦᠮᠵᠢ ᠶᠢᠨ ᠥᠪᠡᠷ ᠤᠨ ᠦᠨᠡᠯᠡᠯᠲᠡ ᠶᠢᠨ ᠣᠯᠤᠭᠰᠠᠨ ᠬᠤᠪᠢ ᠎ ᠨᠢ 97 ᠬᠤᠪᠢ᠂ ᠵᠡᠷᠭᠡ ᠳᠡᠰ ᠨᠢ ᠰᠠᠶᠢᠨ᠃ 2023 ᠣᠨ ᠤ ᠪᠠᠶᠢᠭᠠᠯᠢᠯᠢᠬ ᠤᠢ ᠰᠢᠭᠤᠢ ᠶᠢ ᠬᠠᠮᠠᠭᠠᠯᠠᠬᠤ ᠢᠨᠵᠧᠨᠧᠷᠢᠩ ᠤᠨ ᠣᠷᠣᠨ ᠤ ᠣᠶ ᠰᠢᠭᠤᠶ ᠶᠢᠨ ᠬᠠᠮᠢᠶᠠᠷᠤᠨ ᠬᠠᠮᠠᠭᠠᠯᠠᠬᠤ ᠲᠥᠷᠥᠯ ᠵᠦᠶᠯ ᠤᠨ ᠲᠥᠪ ᠤᠨ ᠡᠳ᠋ ᠤᠨ ᠵᠠᠰᠠᠭ ᠤᠨ ᠲᠤᠰᠬᠠᠶ ᠪᠠᠯᠠ ᠮᠥᠩᠭᠦ ᠶᠢ 3706 ᠲᠦᠮᠡᠨ ᠲᠥᠭᠦᠷᠢᠭ᠂ ᠬᠠᠮᠢᠶᠠᠷᠤᠨ ᠬᠠᠮᠠᠭᠠᠯᠠᠬᠤ ᠲᠠᠯᠠᠪᠠᠶ 1215.9 ᠲᠦᠮᠡᠨ ᠮᠥ ︵᠎  ᠡᠭᠦᠨ ᠳᠤ ᠳᠤᠮᠳᠠᠳᠤ ᠤᠯᠤᠰ ᠤᠨ ᠥᠮᠴᠢᠯᠡᠯ ᠤᠨ ᠣᠶ 4.74 ᠲᠦᠮᠡᠨ ᠮᠥ᠂ ᠬᠠᠮᠲᠤ ᠶᠢᠨ ᠪᠠ ᠣᠷᠣᠨ ᠨᠤᠲᠤᠭ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠲᠠᠯᠠᠪᠠᠶ 1211.16 ᠲᠦᠮᠡᠨ ᠮᠥ︶᠎ ᠎ ᠶᠢ ᠪᠡᠶᠡᠯᠡᠭᠦᠯᠪᠡ᠃ ᠪᠥᠬᠦ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠣᠷᠣᠨ ᠤ 1215.9 ᠲᠦᠮᠡᠨ ᠮᠥ ᠶᠢᠨ ᠣᠶ ᠰᠢᠭᠤᠶ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠲᠠᠯᠠᠪᠠᠶ ᠶᠢ ᠪᠦᠲᠦᠮᠵᠢᠲᠡᠶ ᠬᠠᠮᠠᠭᠠᠯᠠᠵᠤ᠂ ᠮᠠᠯᠴᠢᠨ ᠲᠠᠷᠢᠶᠠᠴᠢᠨ ᠤ ᠣᠳᠣᠬᠠᠨ ᠤ ᠣᠶ ᠰᠢᠭᠤᠶ ᠶᠢᠨ ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠦᠨ᠂ ᠠᠮᠢ ᠠᠬᠤᠶ ᠶᠢᠨ ᠬᠠᠮᠠᠭᠠᠯᠠᠯᠲᠠ ᠶᠢᠨ ᠴᠢᠳᠠᠮᠵᠢ ᠶᠢ ᠳᠡᠭᠡᠭᠰᠢᠯᠡᠭᠦᠯᠵᠦ᠂ ᠰᠠᠯᠬᠢ ᠡᠯᠡᠰᠦᠨ ᠤ ᠬᠥᠨᠥᠭᠡᠯ ᠢ ᠪᠦᠲᠦᠮᠵᠢᠲᠡᠶ ᠬᠤᠷᠢᠭᠯᠠᠬᠤ ᠪᠠ ᠬᠢᠵᠠᠭᠠᠷᠯᠠᠵᠤ᠂ ᠡᠯᠡᠰᠦᠨ ᠰᠢᠭᠤᠷᠭ᠎ᠠ ᠡᠭᠦᠰᠬᠦ ᠳᠠᠪᠲᠠᠮᠵᠢ ᠶᠢ ᠪᠠᠭᠠᠰᠬᠠᠨ᠂ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠪᠠ᠃ 519 ᠤᠢ ᠰᠢᠭᠤᠶ ᠬᠠᠮᠠᠭᠠᠯᠠᠭᠴᠢ ᠶᠢ ᠤᠷᠢᠨ ᠬᠡᠷᠡᠭᠯᠡᠭᠰᠡᠨ ᠨᠢ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠪᠠ ᠲᠤᠰᠢᠶᠠᠯ ᠰᠢᠯᠵᠢᠭᠰᠡᠨ ᠤᠢ ᠰᠢᠭᠤᠶ ᠶᠢᠨ ᠠᠵᠢᠯᠳᠡᠨ ᠠᠵᠢᠯᠴᠢᠨ ᠤ ᠣᠷᠣᠯᠭ᠎ᠠ ᠶᠢ ᠨᠡᠮᠡᠭᠳᠡᠭᠦᠯᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠣᠶᠢᠵᠢᠭᠤᠯᠤᠯᠲᠠ ᠨᠢ ᠮᠠᠯᠴᠢᠨ ᠲᠠᠷᠢᠶᠠᠴᠢᠨ ᠤ ᠠᠳᠠᠯ ᠦᠶᠯᠡᠰ ᠴᠣᠭᠴᠠᠯᠠᠨ ᠪᠠᠶᠠᠵᠢᠬᠤ ᠢᠳᠡᠪᠬᠢᠵᠢᠯ ᠢ ᠳᠠᠶᠢᠴᠢᠯᠠᠵᠤ᠂ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠤ ᠠᠵᠢᠯ ᠤᠯᠬᠤ ᠠᠷᠭ᠎ᠠ ᠵᠠᠮ ᠢ ᠪᠦᠲᠦᠮᠵᠢᠲᠡᠶ ᠪᠠᠷ ᠨᠡᠮᠡᠭᠳᠡᠭᠦᠯᠦᠭᠰᠡᠨ ᠪᠠᠶᠢᠨ᠎ᠠ᠃                       ᠲᠠᠪᠤ᠂ ᠣᠷᠣᠰᠢᠵᠤ ᠪᠠᠶᠢᠭ᠎ᠠ ᠠᠰᠠᠭᠤᠳᠠᠯ       ︵ᠨᠢᠭᠡ︶᠎  ᠬᠡᠷᠡᠭᠵᠢᠭᠦᠯᠬᠦ ᠳᠤ ᠣᠷᠣᠰᠢᠵᠤ ᠪᠠᠶᠢᠭ᠎ᠠ ᠠᠰᠠᠭᠤᠳᠠᠯ             ᠣᠶ ᠰᠢᠭᠤᠶ ᠬᠠᠮᠠᠭᠠᠯᠠᠭᠴᠢ ᠶᠢᠨ ᠬᠡᠪ ᠴᠢᠨᠠᠷ ᠨᠢ ᠠᠳᠠᠯᠢ ᠥᠬᠡᠶ ᠪᠠᠶᠢᠵᠤ᠂ ᠵᠠᠯᠠᠭᠤᠴᠤᠳ ᠤᠨ ᠭᠠᠳᠠᠭᠰᠢ ᠭᠠᠷᠴᠤ ᠬᠥᠯᠥᠰᠥᠨ ᠠᠵᠢᠯ ᠬᠢᠬᠦ ᠶᠢᠨ ᠨᠥᠯᠥᠭᠡ ᠠᠴᠠ ᠪᠣᠯᠵᠣ᠂ ᠣᠶ ᠰᠢᠭᠤᠶ ᠬᠠᠮᠠᠭᠠᠯᠠᠭᠴᠢ ᠶᠢᠨ ᠣᠯᠠᠩᠬᠢ ᠨᠢ ᠰᠣᠶᠣᠯ ᠤᠨ ᠬᠢᠷᠢ ᠬᠡᠮᠵᠢᠶ᠎ᠡ ᠪᠠᠷ ᠥᠨᠳᠥᠷ ᠪᠢᠰᠢ᠂ ᠨᠠᠰᠤ ᠠᠬᠠᠰᠢᠷᠠᠭᠰᠠᠨ ᠬᠥᠮᠦᠰ ᠢ ᠤᠷᠢᠨ ᠬᠡᠷᠡᠭᠯᠡᠵᠦ᠂ ᠬᠠᠮᠢᠶᠠᠷᠴᠤ ᠬᠠᠮᠠᠭᠠᠯᠠᠬᠤ ᠴᠢᠳᠠᠪᠤᠷᠢ ᠨᠢ ᠬᠢᠵᠠᠭᠠᠷ ᠲᠠᠢ᠂ ᠲᠣᠰ ᠪᠡᠶ᠎ᠡ ᠶᠢᠨ ᠰᠤᠷᠤᠯᠴᠠᠬᠤ ᠪᠠ ᠣᠶᠢᠯᠠᠭᠠᠬᠤ ᠴᠢᠳᠠᠪᠤᠷᠢ ᠨᠢ ᠴᠢᠩᠭ᠎ᠠ ᠪᠢᠰᠢ ᠪᠠᠶᠢᠵᠤ᠂ ᠵᠠᠯᠠᠭᠤ ᠣᠶ ᠰᠢᠭᠤᠶ ᠬᠠᠮᠠᠭᠠᠯᠠᠭᠴᠢ ᠶᠢ ᠤᠷᠢᠨ ᠬᠡᠷᠡᠭᠯᠡᠬᠦ ᠳᠤ ᠨᠡᠯᠢᠶᠡᠳ ᠬᠦᠴᠢᠷᠲᠡᠶ ᠪᠠᠶᠢᠳᠠᠭ᠃             ︵᠎  ᠬᠤᠶᠠᠷ︶᠎  ᠪᠠᠯᠠ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠳᠤ ᠠᠰᠠᠭᠤᠳᠠᠯ ᠣᠷᠣᠰᠢᠵᠤ ᠪᠠᠶᠢᠨ᠎ᠠ             ᠡᠳ᠋ ᠤᠨ ᠵᠠᠰᠠᠭ ᠤᠨ ᠪᠡᠯᠡ ᠮᠥᠩᠭᠦ ᠶᠢ ᠲᠣᠬᠢᠷᠠᠭᠤᠯᠬᠤ ᠳᠤ ᠬᠦᠴᠢᠷᠲᠡᠶ ᠪᠠᠶᠢᠵᠤ᠂ ᠭᠦᠢᠴᠡᠳᠬᠡᠭᠰᠡᠨ ᠨᠤᠷᠮ᠎ᠠ ᠨᠡᠯᠢᠶᠡᠳ ᠳᠣᠣᠷ᠎ᠠ ᠪᠠᠶᠢᠨ᠎ᠠ᠃             ᠵᠢᠷᠭᠤᠭ᠎ᠠ᠂ ᠪᠤᠰᠤᠳ ᠲᠣᠳᠣᠷᠬᠠᠶᠢᠯᠠᠬᠤ ᠴᠢᠬᠤᠯᠠᠲᠠᠢ ᠠᠰᠠᠭᠤᠳᠠᠯ       ︵᠎  ᠨᠢᠭᠡ︶᠎  ᠠᠵᠢᠯ ᠤᠨ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠭᠰᠡᠨ ᠦᠷ᠎ᠡ ᠳ᠋ᠦᠩ ᠢ ᠬᠡᠷᠡᠭᠯᠡᠬᠦ ᠪᠠᠷ ᠪᠠᠶᠢᠭ᠎ᠠ ᠪᠠ ᠢᠯᠡ ᠪᠣᠯᠭᠠᠭᠰᠠᠨ ᠪᠠᠶᠢᠳᠠᠯ             ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠣᠶ ᠰᠢᠭᠤᠶ ᠶᠢᠨ ᠬᠠᠮᠢᠶᠠᠷᠴᠤ ᠬᠠᠮᠠᠭᠠᠯᠠᠬᠤ ᠨᠥᠬᠦᠪᠥᠷᠢ ᠶᠢᠨ ᠪᠠᠯᠠ ᠮᠥᠩᠭᠦ ᠶᠢᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠠᠵᠢᠯ ᠢ ᠪᠠᠶᠢᠩᠭᠤᠵᠢᠭᠤᠯᠵᠤ᠂ ᠲᠤᠰᠬᠠᠶ ᠵᠦᠶᠯ ᠤᠨ ᠪᠠᠯᠠ ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠳᠤ ᠬᠢᠨᠠᠯᠲᠠ ᠲᠠᠯᠪᠢᠬᠤ ᠪᠠ ᠬᠠᠮᠢᠶᠠᠷᠴᠤ᠂ ᠲᠥᠷᠥᠯ ᠵᠦᠶᠯ ᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠬᠡᠷᠡᠭᠵᠢᠭᠦᠯᠬᠦ ᠶᠢ ᠠᠬᠢᠭᠤᠯᠤᠨ᠂ ᠦᠨᠡᠯᠡᠭᠰᠡᠨ ᠦᠷ᠎ᠡ ᠳ᠋ᠦᠩ ᠢ ᠳᠠᠷᠠᠭ᠎ᠠ ᠨᠢᠭᠡ ᠵᠢᠯ ᠤᠨ ᠲᠥᠷᠥᠯ ᠵᠦᠶᠯ ᠤᠨ ᠡᠭᠦᠷᠭᠡ ᠶᠢᠨ ᠲᠣᠬᠢᠷᠠᠭᠤᠯᠤᠯᠲᠠ ᠶᠢᠨ ᠦᠨᠳᠦᠰᠦᠯᠡᠯ ᠪᠣᠯᠭᠠᠨ᠎ᠠ᠃             ︵᠎  ᠬᠤᠶᠠᠷ︶᠎  ᠬᠤᠶᠢᠰᠢᠳᠠ ᠶᠢᠨ ᠠᠵᠢᠯ ᠤᠨ ᠲᠥᠯᠥᠪᠯᠡᠭᠡ             ᠳᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠵᠢᠯ ᠤᠨ ᠡᠬᠢᠨ ᠤ ᠲᠥᠯᠥᠪᠯᠡᠭᠡ ᠶᠢᠨ ᠡᠭᠦᠷᠭᠡ ᠶᠣᠰᠣᠭᠠᠷ ᠲᠣᠭᠲᠠᠭᠰᠠᠨ ᠴᠠᠭ ᠲᠠᠭᠠᠨ ᠪᠡᠶᠡᠯᠡᠭᠦᠯᠵᠦ᠂ ᠡᠭᠦᠨ ᠤ ᠬᠠᠮᠲᠤ ᠲᠥᠷᠥᠯ ᠵᠦᠢᠯ ᠤᠨ ᠪᠦᠬᠦ ᠶᠠᠪᠤᠴᠠ ᠶᠢ ᠮᠥᠷᠳᠡᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠪᠠ ᠪᠡᠯᠡ ᠮᠥᠩᠭᠦ ᠶᠢ ᠬᠡᠷᠡᠭᠯᠡᠵᠦ ᠪᠠᠶᠢᠭ᠎ᠠ ᠪᠠᠶᠢᠳᠠᠯ ᠢ ᠲᠣᠭᠲᠠᠮᠠᠯ ᠬᠤᠭᠤᠴᠠᠭ᠎ᠠ  ᠲᠠᠢ  ᠪᠠᠷ ᠲᠣᠭᠲᠠᠮᠠᠯ ᠪᠤᠰᠤ ᠬᠤᠭᠤᠴᠠᠭ᠎ᠠ ᠎ ᠲᠠᠢ  ᠪᠠᠷ ᠬᠢᠨᠠᠨ ᠬᠠᠮᠢᠶᠠᠷᠴᠤ᠂ ᠲᠤᠷᠰᠢᠯᠭ᠎ᠠ ᠪᠠᠨ ᠬᠢᠨᠠᠮᠠᠭᠠᠶ ᠳ᠋ᠦᠩᠨᠡᠵᠦ᠂ ᠲᠣᠭᠲᠠᠴᠠ ᠪᠣᠯᠤᠨ ᠲᠥᠷᠢᠮ ᠢ ᠲᠡᠭᠦᠯᠳᠡᠷᠵᠢᠭᠦᠯᠦᠨ᠂ ᠵᠠᠷᠤᠳᠠᠯ ᠤᠨ ᠲᠥᠰᠦᠪ ᠤᠨ ᠵᠢᠷᠤᠮᠵᠢᠭᠰᠠᠨ ᠬᠠᠮᠢᠶᠠᠷᠤᠯᠲᠠ ᠶᠢ ᠬᠦᠴᠦᠯᠡᠨ ᠰᠠᠶᠢᠲᠤᠷ ᠠᠳᠬᠤᠵᠤ᠂ ᠪᠡᠯᠡ ᠮᠥᠩᠭᠦ ᠶᠢᠨ ᠵᠠᠷᠤᠯᠭ᠎ᠠ ᠶᠢᠨ ᠠᠬᠢᠴᠠ ᠪᠠᠨ ᠵᠦᠢ ᠵᠣᠬᠢᠰᠲᠠᠶ ᠲᠣᠬᠢᠷᠠᠭᠤᠯᠵᠤ᠂ ᠪᠡᠯᠡ ᠮᠥᠩᠭᠦ ᠬᠡᠷᠡᠭᠯᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠲᠥᠷᠥᠯ ᠵᠦᠢᠯ ᠤᠨ ᠲᠥᠰᠦᠪ ᠤᠨ ᠴᠣᠬᠤᠯᠠᠪᠤᠷᠢ ᠪᠣᠯᠤᠨ ᠡᠳ᠋ ᠎ ᠤᠨ ᠵᠠᠰᠠᠭ ᠤᠨ ᠪᠠᠭᠤᠯᠭᠠᠭᠰᠠᠨ ᠪᠡᠯᠡ ᠮᠥᠩᠭᠦ ᠶᠢ ᠴᠢᠩᠭ᠎ᠠ ᠵᠢᠷᠤᠮᠯᠠᠨ᠂ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠰᠠᠯᠭᠠᠨ ᠥᠭᠴᠦ᠂ ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠬᠦ᠂ ᠲᠤᠰᠬᠠᠶ ᠵᠦᠢᠯ ᠢᠶᠠᠷ ᠲᠣᠭᠠᠴᠠᠭ᠎ᠠ ᠬᠢᠬᠦ ᠶᠢ ᠪᠡᠶᠡᠯᠡᠭᠦᠯᠵᠦ᠂ ᠬᠢᠨᠠᠨ ᠪᠠᠶᠢᠴᠠᠭᠠᠬᠤ᠂ ᠬᠢᠨᠠᠨ ᠪᠤᠳᠤᠬᠤ᠂ ᠡᠳ᠋ ᠤᠨ ᠵᠠᠰᠠᠭ ᠵᠢᠴᠢ ᠨᠡᠶᠢᠭᠡᠮ ᠤᠨ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃             ︵᠎  ᠭᠤᠷᠪᠠ︶᠎  ᠠᠷᠭ᠎ᠠ ᠬᠡᠮᠵᠢᠶ᠎ᠡ ᠬᠢᠭᠡᠳ ᠠᠷᠭ᠎ᠠ             1. ᠣᠶ ᠰᠢᠭᠤᠶ ᠬᠠᠮᠠᠭᠠᠯᠠᠭᠴᠢ ᠶᠢᠨ ᠬᠠᠮᠢᠶᠠᠷᠤᠯᠲᠠ ᠶᠢᠨ ᠠᠵᠢᠯᠲᠠᠨ ᠤ ᠠᠵᠢᠯᠯᠠᠬᠤ᠂ ᠬᠠᠮᠢᠶᠠᠷᠬᠤ ᠬᠢᠷᠢ ᠬᠡᠮᠵᠢᠶ᠎ᠡ ᠳᠣᠤᠷ᠎ᠠ ᠪᠠᠶᠢᠬᠤ ᠦᠵᠡᠭᠳᠡᠯ ᠣᠷᠣᠰᠢᠵᠤ ᠪᠠᠶᠢᠬᠤ ᠎ ᠠᠴᠠ ᠪᠣᠯᠵᠣ᠂ ᠣᠶ ᠰᠢᠭᠤᠶ ᠬᠠᠮᠠᠭᠠᠯᠠᠭᠴᠢ ᠶᠢᠨ ᠰᠠᠭᠤᠷᠢ ᠣᠨᠣᠯ ᠤᠨ ᠮᠡᠳᠡᠯᠭᠡ ᠶᠢᠨ ᠬᠢᠷᠢ ᠬᠡᠮᠵᠢᠶ᠎ᠡ ᠪᠠ ᠠᠵᠢᠯᠯᠠᠬᠤ ᠤᠷ᠎ᠠ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ᠤᠷᠢᠨ ᠬᠡᠷᠡᠭᠯᠡᠭᠰᠡᠨ ᠣᠶ ᠰᠢᠭᠤᠶ ᠬᠠᠮᠠᠭᠠᠯᠠᠭᠴᠢ ᠳᠤ ᠰᠤᠷᠭᠠᠯᠲᠠ ᠳᠤ ᠣᠷᠣᠯᠴᠠᠭᠤᠯᠬᠤ ᠬᠡᠷᠡᠭᠲᠡᠶ᠃             2. ᠪᠡᠯᠡ ᠮᠥᠩᠭᠦ ᠥᠭᠬᠦ ᠠᠬᠢᠴᠠ ᠶᠢ ᠲᠦᠷᠭᠡᠳᠬᠡᠨ᠎ᠡ᠃ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠭᠦᠶᠴᠡᠳ ᠪᠠᠳᠠᠷᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠤᠨ ᠡᠳ᠋ ᠤᠨ ᠵᠠᠰᠠᠭ ᠤᠨ ᠣᠶ ᠰᠢᠭᠤᠶ ᠶᠢᠨ ᠦᠶᠯᠡᠰ ᠤᠨ ᠥᠭᠡᠷᠡᠴᠢᠯᠡᠯᠲᠡ ᠬᠥᠭᠵᠢᠯᠲᠡ ᠶᠢᠨ ᠪᠠᠯᠠ ᠮᠥᠩᠭᠦ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾᠎ ᠎ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠬᠤᠰᠢᠭᠤᠨ ᠤ ᠡᠳ᠋ ᠤᠨ ᠵᠠᠰᠠᠭ ᠲᠠᠢ ᠢᠳᠡᠪᠬᠢᠲᠡᠶ ᠵᠣᠯᠭᠠᠭᠤᠯᠤᠨ ᠨᠡᠪᠲᠡᠷᠡᠯᠴᠡᠵᠦ᠂ ᠪᠠᠯᠠ ᠮᠥᠩᠭᠦ ᠥᠭᠬᠦ ᠶᠢ ᠲᠦᠷᠭᠡᠨ ᠪᠡᠶᠡᠯᠡᠭᠦᠯᠦᠨ᠎ᠡ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号