ᠠᠯᠠᠱᠠ ᠵᠡᠭᠦᠨ ᠬᠤᠰᠢᠭᠤᠨ ᠤ 2023 ᠣᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠨᠥᠬᠦᠪᠥᠷᠢ
ᠨᠡᠶᠢᠲᠡᠯᠡᠭᠰᠡᠨ ᠴᠠᠭ᠄
2024/7/3
            ︵ᠨᠢᠭᠡ︶᠎  ᠪᠡᠯᠡ ᠮᠥᠩᠭᠦ ᠶᠢᠨ ᠬᠠᠮᠢᠶᠠᠷᠤᠯᠲᠠ ᠶᠢᠨ ᠲᠠᠯ᠎ᠠ ᠪᠠᠷ             1. ᠪᠡᠯᠡ ᠮᠥᠩᠭᠦ ᠴᠤᠭᠯᠠᠭᠤᠯᠬᠤ             ᠣᠷᠣᠨ ᠨᠤᠲᠤᠭ ᠤᠨ ᠡᠳ᠋ ᠤᠨ ᠵᠠᠰᠠᠭ ᠠᠴᠠ ᠪᠡᠯᠡ ᠮᠥᠩᠭᠦ ᠲᠣᠬᠢᠷᠠᠭᠤᠯᠵᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ᠂ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠴᠤᠭᠯᠠᠭᠤᠯᠬᠤ ᠳᠤ ᠬᠡᠷᠡᠭᠯᠡᠵᠦ᠂ ᠨᠥᠬᠦᠴᠡᠯ ᠳᠤ ᠨᠡᠶᠢᠴᠡᠬᠦ ᠵᠠᠬ᠎ᠠ ᠳᠡᠯᠭᠡᠭᠦᠷ ᠲᠤ ᠲᠦᠷᠢᠶᠡᠰᠦᠯᠡᠬᠦ ᠣᠷᠣᠨ ᠰᠠᠭᠤᠴᠠ ᠲᠠᠢ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠡᠲᠡᠭᠡᠳ ᠲᠤ ᠲᠦᠷᠢᠶᠡᠰᠦᠯᠡᠬᠦ ᠨᠥᠬᠦᠪᠥᠷᠢ ᠵᠡᠷᠭᠡ ᠲᠦᠷᠢᠶᠡᠰᠦᠯᠡᠬᠦ ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ ᠶᠢᠨ ︵᠎  5 ᠬᠤᠪᠢ︶᠎  ᠣᠯᠭᠤᠪᠠᠯ᠂ ᠦᠨᠡᠯᠡᠭᠰᠡᠨ ᠬᠤᠪᠢ ᠨᠢ 5 ᠬᠤᠪᠢ ᠪᠣᠯᠤᠨ᠎ᠠ᠂ ᠦᠨᠡᠯᠡᠬᠦ ᠦᠨᠳᠦᠰᠦᠯᠡᠯ᠄  ᠲᠥᠪ ᠤᠨ ᠡᠳ᠋ ᠤᠨ ᠵᠠᠰᠠᠭ ᠤᠨ ᠨᠥᠬᠦᠪᠥᠷᠢ ᠪᠠᠯᠠ ᠮᠥᠩᠭᠦ 6 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠥᠬᠦᠪᠥᠷᠢ ᠪᠠᠯᠠ ᠮᠥᠩᠭᠦ 8 ᠲᠦᠮᠡᠨ ᠲᠥᠭᠦᠷᠢᠭ᠂ ᠣᠷᠣᠨ ᠨᠤᠲᠤᠭ ᠤᠨ ᠡᠳ᠋ ᠤᠨ ᠵᠠᠰᠠᠭ ᠤᠨ ᠨᠥᠬᠦᠪᠥᠷᠢ ᠪᠠᠯᠠ ᠮᠥᠩᠭᠦ 7.3384 ᠲᠦᠮᠡᠨ ᠲᠥᠭᠦᠷᠢᠭ᠂ 2024 ᠣᠨ ᠤ ᠲᠥᠰᠦᠪ ᠲᠤ 7.548 ᠲᠦᠮᠡᠨ ᠲᠥᠭᠦᠷᠢᠭ ᠤᠨ ᠪᠠᠯᠠ ᠮᠥᠩᠭᠦ ᠪᠠᠭᠤᠯᠭᠠᠨ᠎ᠠ᠃             2. ᠪᠡᠯᠡ ᠮᠥᠩᠭᠦ ᠶᠢᠨ ᠬᠤᠪᠢᠶᠠᠷᠢᠯᠠᠯᠲᠠ             ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠪᠦᠷᠢᠨᠰᠢᠭᠦᠯᠦᠨ ᠵᠢᠷᠤᠮᠵᠢᠭᠤᠯᠵᠤ ︵᠎  2 ᠬᠤᠪᠢ︶᠎ ᠂ ᠦᠨᠡᠯᠡᠭᠰᠡᠨ ᠬᠤᠪᠢ 2 ᠬᠤᠪᠢ᠂ ᠦᠨᠡᠯᠡᠬᠦ ᠦᠨᠳᠦᠰᠦᠯᠡᠯ᠄  ︽︿ᠲᠥᠪ ᠤᠨ ᠡᠳ᠋ ᠤᠨ ᠵᠠᠰᠠᠭ ᠤᠨ ᠬᠤᠲᠠ ᠪᠠᠯᠭᠠᠰᠤ ᠶᠢᠨ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠨᠥᠬᠦᠪᠥᠷᠢ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ﹀᠎ ᠶᠢ ᠬᠡᠪᠯᠡᠨ ᠲᠠᠷᠬᠠᠭᠠᠬᠤ ᠲᠤᠬᠠᠶ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾᠎  ︵᠎  ᠡᠳ᠋ ᠤᠨ ᠵᠠᠰᠠᠭ ᠶᠡᠷᠦᠩᠬᠡᠶᠢᠯᠡᠭᠰᠡᠨ ﹇2022﹈ 37 ᠳ᠋ᠤᠭᠠᠷ ᠲᠣᠭᠠᠲᠤ︶᠎  ᠵᠢᠴᠢ ︽ᠠᠯᠠᠱᠠ ᠵᠡᠭᠦᠨ ᠬᠤᠰᠢᠭᠤᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠠᠷᠭ᠎ᠠ︾᠎ ᠎ ᠶᠢᠨ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠦᠨ᠎ᠡ᠃ ᠪᠠᠯᠠ ᠮᠥᠩᠭᠦ ᠶᠢ ᠲᠣᠭᠲᠠᠭᠰᠠᠨ ᠴᠠᠭ ᠤᠨ ᠶᠣᠰᠣᠭᠠᠷ ᠬᠤᠪᠢᠶᠠᠷᠢᠯᠠᠭᠠᠳ ᠬᠤᠲᠠ ︵᠎  ᠰᠢᠶᠠᠨ︶᠎ ᠎ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠪᠤᠶᠤ ᠲᠥᠷᠥᠯ ᠵᠦᠶᠯ ᠤᠨ ᠨᠢᠭᠡᠴᠡ ︵᠎  3 ᠬᠤᠪᠢ︶᠎ ᠎ ᠳᠤ ᠬᠦᠷᠦᠭᠦᠯᠵᠦ᠂ ᠦᠨᠡᠯᠡᠭᠰᠡᠨ ᠬᠤᠪᠢ᠄  3 ᠬᠤᠪᠢ᠂ ᠬᠤᠪᠢ ᠲᠣᠭᠲᠠᠭᠠᠬᠤ ᠦᠨᠳᠦᠰᠦᠯᠡᠯ᠄  ᠳᠡᠭᠡᠳᠦ ᠱᠠᠲᠤᠨ ᠤ ᠪᠠᠯᠠ ᠮᠥᠩᠭᠦ ᠶᠢᠨ ᠭᠦᠶᠴᠡᠳᠬᠡᠯ ᠲᠤᠭ᠎ᠠ ᠶᠢᠨ ᠪᠢᠴᠢᠭ ᠮᠠᠲ᠋ᠧᠷᠢᠶᠠᠯ ᠢ ᠦᠨᠳᠦᠰᠦᠯᠡᠨ ᠴᠠᠭ ᠲᠤᠬᠠᠶ ᠳᠤᠨᠢ ᠡᠳ᠋ ᠤᠨ ᠵᠠᠰᠠᠭ ᠤᠨ ᠰᠠᠯᠠᠭ᠎ᠠ ᠮᠥᠴᠢᠷ ᠪᠠ ᠲᠥᠷᠥᠯ ᠵᠦᠶᠯ ᠤᠨ ᠨᠢᠭᠡᠴᠡ ᠳᠤ ᠪᠠᠭᠤᠯᠭᠠᠨ᠎ᠠ᠃             3. ᠲᠥᠰᠦᠪ ᠢ ᠭᠦᠢᠴᠡᠳᠬᠡᠬᠦ             ᠲᠥᠰᠦᠪ ᠢ ᠭᠦᠢᠴᠡᠳᠬᠡᠬᠦ᠂ ᠠᠵᠢᠯ ᠤᠨ ᠦᠷ᠎ᠡ ᠪᠦᠲᠦᠮᠵᠢ ᠶᠢ ᠬᠢᠨᠠᠨ ᠡᠵᠡᠮᠳᠡᠬᠦ ᠲᠣᠭᠲᠠᠴᠠ  ᠶᠢ ᠪᠠᠶᠢᠭᠤᠯᠤᠭᠰᠠᠨ ᠡᠰᠡᠬᠦ ︵᠎  2 ᠬᠤᠪᠢ︶᠎ ᠂ ᠦᠨᠡᠯᠡᠭᠰᠡᠨ ᠬᠤᠪᠢ᠄  2 ᠬᠤᠪᠢ᠂ ᠦᠨᠡᠯᠡᠬᠦ ᠦᠨᠳᠦᠰᠦᠯᠡᠯ᠄  ᠲᠥᠰᠦᠪ ᠎ ᠢ ᠴᠢᠩᠭ᠎ᠠ ᠵᠢᠷᠤᠮᠯᠠᠨ ᠭᠦᠢᠴᠡᠳᠬᠡᠬᠦ ᠎ ᠶᠢᠨ ᠬᠠᠮᠲᠤ ︽ᠲᠥᠪ ᠤᠨ ᠡᠳ᠋ ᠤᠨ ᠵᠠᠰᠠᠭ ᠤᠨ ᠬᠤᠲᠠ ᠪᠠᠯᠭᠠᠰᠤ ᠶᠢᠨ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠲᠤᠰᠬᠠᠶ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢᠨ ᠮᠡᠳᠡᠭᠳᠡᠯ︾᠎  ︵᠎  ᠡᠳ᠋ ᠤᠨ ᠵᠠᠰᠠᠭ ᠶᠡᠷᠦᠩᠬᠡᠶᠢᠯᠡᠭᠰᠡᠨ ﹇2022﹈ 37 ᠳ᠋ᠤᠭᠠᠷ ᠲᠣᠭᠠᠲᠤ︶᠎ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠨᠥᠬᠦᠪᠥᠷᠢ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾᠎ ᠎ ᠶᠢᠨ ᠮᠡᠳᠡᠭᠳᠡᠯ ︵᠎  ᠥᠪᠥᠷ ᠡᠳ᠋ ᠤᠨ ᠵᠠᠰᠠᠭ ᠪᠥᠲᠥᠭᠡᠨ ᠪᠠᠶᠢᠭᠤᠯᠤᠯᠲᠠ ᠲᠣᠭᠲᠠᠭᠠᠯ ﹇2023﹈ 7 ᠳ᠋ᠤᠭᠠᠷ ᠲᠣᠭᠠᠲᠤ︶᠎  ᠵᠢᠴᠢ ︽2023 ᠣᠨ ᠤ ᠬᠤᠲᠠ ᠪᠠᠯᠭᠠᠰᠤ ᠶᠢᠨ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠠᠮᠵᠢᠯᠲᠠ ᠪᠦᠲᠦᠮᠵᠢ ᠶᠢ ᠦᠨᠡᠯᠡᠵᠦ ᠥᠪᠡᠰᠦᠪᠡᠨ ᠦᠨᠡᠯᠡᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ︾᠎  ︵᠎  ᠥᠪᠥᠷ ᠡᠳ᠋ ᠤᠨ ᠵᠠᠰᠠᠭ ᠪᠥᠲᠥᠭᠡᠨ ᠪᠠᠶᠢᠭᠤᠯᠤᠯᠲᠠ ᠵᠠᠬᠢᠳᠠᠯ ﹇2024﹈ 62 ᠳ᠋ᠤᠭᠠᠷ ᠲᠣᠭᠠᠲᠤ︶᠎ ᠎ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ᠂ ᠠᠮᠵᠢᠯᠲᠠ ᠪᠦᠲᠦᠮᠵᠢ ᠶᠢ ᠦᠨᠡᠯᠡᠬᠦ ᠠᠵᠢᠯ ᠢ ᠴᠠᠭ ᠲᠤᠬᠠᠶ ᠳᠤᠨᠢ ᠥᠷᠨᠢᠭᠦᠯᠵᠦ᠂ ᠡᠭᠦᠨ ᠤ ᠬᠠᠮᠲᠤ ︽ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︿ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠵᠠᠷᠤᠯᠭ᠎ᠠ ᠎ ᠶᠢᠨ ᠠᠮᠵᠢᠯᠲᠠ ᠪᠦᠲᠦᠮᠵᠢ ᠎ ᠶᠢ ᠦᠨᠡᠯᠡᠬᠦ ᠬᠠᠮᠢᠶᠠᠷᠤᠯᠲᠠ ᠎ ᠶᠢᠨ ᠠᠷᠭ᠎ᠠ﹀᠎ ᠎ ᠶᠢ ᠬᠡᠪᠯᠡᠨ ᠲᠠᠷᠬᠠᠭᠠᠬᠤ ᠲᠤᠬᠠᠶ ᠮᠡᠳᠡᠭᠳᠡᠯ︾᠎  ︵᠎  ᠠᠯᠠᠱᠠ ᠵᠡᠭᠦᠨ ᠬᠤᠰᠢᠭᠤᠨ ᠤ ᠵᠠᠰᠠᠭ ᠲᠠᠷᠬᠠᠭᠠᠭᠰᠠᠨ ﹇2019﹈ 33 ᠳ᠋ᠤᠭᠠᠷ ᠲᠣᠭᠠᠲᠤ︶᠎ ᠎ ᠢ ᠦᠨᠳᠦᠰᠦᠯᠡᠨ᠂ ︽ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠲᠥᠰᠦᠪ ᠤᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠲᠤᠬᠠᠶ ᠮᠡᠳᠡᠭᠳᠡᠯ︾᠎  ︵᠎  ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ︿ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠲᠥᠰᠦᠪ ᠤᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠳᠣᠲᠣᠭᠠᠳᠤ ᠶᠢᠨ ᠠᠵᠢᠯ ᠤᠨ ᠲᠦᠷᠢᠮ﹀᠎ ᠢ ᠬᠡᠪᠯᠡᠨ ᠲᠠᠷᠬᠠᠭᠠᠬᠤ ᠲᠤᠬᠠᠶ ᠮᠡᠳᠡᠭᠳᠡᠯ︾᠎ ᠎ ᠳᠤ᠂ ᠲᠥᠰᠦᠪ ᠢ ᠭᠦᠶᠴᠡᠳᠬᠡᠬᠦ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠡᠵᠡᠮᠳᠡᠬᠦ ᠲᠣᠭᠲᠠᠴᠠ ᠶᠢ ᠪᠠᠶᠢᠭᠤᠯᠪᠠ︔ ᠲᠥᠰᠦᠪ ᠤᠨ ᠭᠦᠶᠴᠡᠳᠬᠡᠯᠲᠡ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠡᠵᠡᠮᠳᠡᠬᠦ ᠲᠣᠭᠲᠠᠴᠠ ᠶᠢ ᠪᠠᠶᠢᠭᠤᠯᠵᠤ᠂ ᠲᠥᠰᠦᠪ ᠤᠨ ᠶᠣᠰᠣᠭᠠᠷ ᠭᠦᠶᠴᠡᠳᠬᠡᠭᠰᠡᠨ ᠡᠰᠡᠬᠦ ︵᠎  8 ᠬᠤᠪᠢ︶᠎ ᠂ ᠦᠨᠡᠯᠡᠭᠰᠡᠨ ᠬᠤᠪᠢ᠄  8 ᠬᠤᠪᠢ᠃ ᠬᠤᠪᠢ ᠣᠯᠭᠤᠬᠤ ᠦᠨᠳᠦᠰᠦᠯᠡᠯ᠄  ᠱᠠᠭᠠᠷᠳᠠᠯᠭ᠎ᠠ ᠶᠣᠰᠣᠭᠠᠷ ᠲᠥᠰᠦᠪ ᠤᠨ ᠭᠦᠶᠴᠡᠳᠬᠡᠯ ᠲᠤᠭ᠎ᠠ ᠶᠢ ᠪᠠᠭᠤᠯᠭᠠᠵᠤ ᠬᠡᠷᠡᠭᠵᠢᠭᠦᠯᠦᠨ᠎ᠡ᠃             4. ᠪᠡᠯᠡ ᠮᠥᠩᠭᠦ ᠶᠢᠨ ᠬᠡᠷᠡᠭᠯᠡᠯᠲᠡ ᠶᠢᠨ ᠬᠠᠮᠢᠶᠠᠷᠤᠯᠲᠠ             ᠲᠣᠭᠲᠠᠭᠠᠯ ᠎ ᠠᠴᠠ ᠵᠥᠷᠢᠴᠡᠵᠦ ᠰᠠᠬᠢᠯᠭ᠎ᠠ ᠪᠠᠲᠤ ᠎ ᠠᠴᠠ ᠵᠥᠷᠢᠴᠡᠭᠰᠡᠨ ᠪᠠᠶᠢᠳᠠᠯ ᠥᠬᠡᠶ ᠪᠣᠯ ︵᠎  5 ᠬᠤᠪᠢ ︶᠎  ᠬᠤᠪᠢ ᠣᠯᠭᠤᠵᠤ᠂ 5 ᠬᠤᠪᠢ ᠣᠯᠭᠤᠨ᠎ᠠ᠃ ᠦᠨᠡᠯᠡᠬᠦ ᠦᠨᠳᠦᠰᠦᠯᠡᠯ᠄  ᠬᠢᠨᠠᠨ ᠪᠤᠳᠤᠬᠤ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠪᠠᠶᠢᠴᠠᠭᠠᠭᠰᠠᠨ ᠤ ᠳᠠᠷᠠᠭ᠎ᠠ ᠠᠯᠠᠱᠠ ᠵᠡᠭᠦᠨ ᠬᠤᠰᠢᠭᠤᠨ ᠤ ᠪᠠᠲᠤᠯᠠᠭ᠎ᠠ ᠶᠢᠨ ᠴᠢᠨᠠᠷᠲᠠᠶ ᠬᠢᠮᠳᠠ ᠲᠣᠬᠢᠯᠢᠭ ᠣᠷᠣᠨ ᠰᠠᠭᠤᠴᠠ ᠶᠢᠨ ᠢᠨᠵᠧᠨᠧᠷᠢᠩ ᠤᠨ ᠲᠠᠯ᠎ᠠ ᠪᠠᠷ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠵᠣᠬᠢᠴᠠᠩᠭᠤᠶ ᠪᠠᠶᠢᠳᠠᠯ ᠥᠬᠡᠶ᠃             ︵᠎  ᠬᠤᠶᠠᠷ︶᠎  ᠲᠥᠷᠥᠯ ᠵᠦᠢᠯ ᠤᠨ ᠬᠠᠮᠢᠶᠠᠷᠤᠯᠲᠠ ᠶᠢᠨ ᠲᠠᠯ᠎ᠠ ᠪᠠᠷ             1. ᠲᠥᠷᠥᠯ ᠵᠦᠶᠯ ᠤᠨ ᠬᠥᠮᠥᠷᠭᠡ ᠶᠢᠨ ᠬᠠᠮᠢᠶᠠᠷᠤᠯᠲᠠ             ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠶᠯ ᠤᠨ ᠨᠥᠭᠡᠴᠡᠯᠡᠬᠦ ᠬᠥᠮᠥᠷᠭᠡ ︵᠎  4 ᠬᠤᠪᠢ︶᠎  ᠪᠠᠶᠢᠭᠤᠯᠵᠤ᠂ ᠦᠨᠡᠯᠡᠭᠰᠡᠨ ᠬᠤᠪᠢ᠄  4 ᠬᠤᠪᠢ᠃ ᠦᠨᠡᠯᠡᠬᠦ ᠦᠨᠳᠦᠰᠦᠯᠡᠯ᠄  ᠪᠠᠶᠢᠴᠠᠭᠠᠯᠲᠠ ᠪᠠᠷ ᠳᠡᠮᠵᠢᠨ ᠠᠯᠠᠱᠠ ᠵᠡᠭᠦᠨ ᠬᠤᠰᠢᠭᠤᠨ ᠤ ᠪᠠᠶᠢᠩᠭᠤ ᠰᠠᠭᠤᠭ᠎ᠠ ᠬᠥᠮᠦᠨ ᠠᠮᠠ ᠴᠥᠭᠡᠨ᠂ ᠬᠥᠮᠦᠨ ᠠᠮᠠ ᠶᠢᠨ ᠰᠢᠯᠵᠢᠯᠲᠡ ᠶᠢᠨ ᠴᠢᠨᠠᠷ ᠳᠣᠤᠷ᠎ᠠ᠂ ᠣᠳᠣᠬᠠᠨ ᠳᠤ ᠠᠯᠠᠱᠠ ᠵᠡᠭᠦᠨ ᠬᠤᠰᠢᠭᠤᠨ ᠤ ᠣᠲᠣ ᠪᠠᠶᠢᠭ᠎ᠠ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠨᠢ ᠪᠠᠲᠤᠯᠠᠭ᠎ᠠ ᠶᠢᠨ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠵᠤ ᠳᠡᠶᠢᠯᠬᠦ ᠤᠴᠢᠷ ᠠᠴᠠ ︽ᠠᠷᠪᠠᠨ ᠳᠥᠷᠪᠡᠳᠦᠭᠡᠷ ᠲᠠᠪᠤᠨ ᠵᠢᠯ︾᠎ ᠎ ᠤᠨ ᠬᠤᠭᠤᠴᠠᠭᠠᠨ ᠳᠤ ᠠᠯᠠᠱᠠ ᠵᠡᠭᠦᠨ ᠬᠤᠰᠢᠭᠤᠨ ᠳᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠰᠢᠨ᠎ᠡ ᠪᠠᠷ ᠨᠡᠮᠡᠭᠳᠡᠭᠰᠡᠨ ᠥᠬᠡᠶ᠂ ᠲᠦᠷᠢᠶᠡᠰᠦᠯᠡᠯ ᠤᠨ ᠨᠥᠬᠦᠪᠥᠷᠢ ᠣᠯᠭᠤᠬᠤ ᠪᠠᠷ ᠭᠤᠤᠯ ᠪᠣᠯᠭᠠᠵᠤ᠂ ᠨᠢᠭᠡᠨᠲᠡ ᠲᠥᠷᠥᠯ ᠵᠦᠶᠯ ᠤᠨ ᠬᠠᠳᠠᠭᠠᠯᠠᠮᠵᠢ ᠶᠢᠨ ᠬᠥᠮᠥᠷᠭᠡ ᠳᠤ ᠣᠷᠣᠭᠤᠯᠪᠠ︔ ᠬᠥᠮᠥᠷᠭᠡ ᠳᠤ ᠣᠷᠣᠭᠤᠯᠬᠤ ᠲᠥᠷᠥᠯ ᠵᠦᠶᠯ ᠳᠤ ᠲᠠᠩᠰᠠ ᠡᠪᠬᠡᠮᠡᠯ ᠪᠠᠶᠢᠭᠤᠯᠵᠤ᠂ ᠲᠥᠷᠥᠯ ᠵᠦᠶᠯ ᠤᠨ ᠪᠣᠯᠪᠠᠰᠤᠷᠠᠩᠭᠤᠶ ᠪᠣᠯᠤᠭᠰᠠᠨ ᠬᠡᠮᠵᠢᠶ᠎ᠡ ᠶᠢ ᠦᠨᠳᠦᠰᠦᠯᠡᠨ ᠵᠢᠭᠰᠠᠭᠠᠬᠤ ᠶᠢᠨ ᠬᠠᠮᠲᠤ ᠣᠨ ᠤ ᠲᠥᠯᠥᠪᠯᠡᠭᠡ ︵᠎  6 ᠬᠤᠪᠢ︶᠎ ᠎ ᠳᠤ ᠣᠷᠣᠭᠤᠯᠵᠤ᠂ ᠦᠨᠡᠯᠡᠭᠰᠡᠨ ᠬᠤᠪᠢ᠄  6 ᠬᠤᠪᠢ᠂ ᠨᠢᠭᠡᠨᠲᠡ ᠣᠨ ᠤ ᠲᠥᠯᠥᠪᠯᠡᠭᠡ ᠳᠤ ᠣᠷᠣᠭᠤᠯᠪᠠ᠃             2. ᠦᠨᠡᠯᠡᠯᠲᠡ ᠶᠢᠨ ᠮᠡᠳᠡᠭᠦᠯᠦᠯᠲᠡ ᠶᠢ ᠴᠠᠭ ᠲᠤᠬᠠᠶ ᠳᠤᠨᠢ ᠮᠡᠳᠡᠭᠦᠯᠦᠨ ᠬᠦᠷᠭᠡᠬᠦ᠂ ᠪᠦᠷᠢᠨ ᠪᠦᠲᠦᠨ ᠴᠢᠨᠠᠷ             ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠨᠠᠶᠢᠷᠠᠭᠤᠯᠤᠨ ᠵᠣᠬᠢᠶᠠᠵᠤ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠠᠵᠢᠯ ᠢ ᠴᠠᠭ ᠲᠤᠬᠠᠶ ᠳᠤᠨᠢ ᠥᠷᠨᠢᠭᠦᠯᠵᠦ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠭᠰᠡᠨ ᠮᠡᠳᠡᠭᠦᠯᠦᠯᠲᠡ ᠪᠠᠨ ᠴᠠᠭ ᠲᠤᠬᠠᠶ ᠳᠤᠨᠢ ᠮᠡᠳᠡᠭᠦᠯᠦᠨ ᠬᠦᠷᠭᠡᠭᠰᠡᠨ ᠪᠥᠭᠡᠳ ᠠᠭᠤᠯᠭ᠎ᠠ ᠨᠢ ᠪᠦᠷᠢᠨ ᠪᠦᠲᠦᠨ ︵᠎  5 ᠬᠤᠪᠢ︶᠎  ᠪᠠᠶᠢᠵᠤ᠂ ᠦᠨᠡᠯᠡᠭᠰᠡᠨ ᠬᠤᠪᠢ᠄  5 ᠬᠤᠪᠢ ᠪᠣᠯᠤᠨ᠎ᠠ᠃ ᠦᠨᠡᠯᠡᠬᠦ ᠦᠨᠳᠦᠰᠦᠯᠡᠯ᠄  ︽2023 ᠣᠨ ᠤ ᠬᠤᠲᠠ ᠪᠠᠯᠭᠠᠰᠤ ᠶᠢᠨ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠠᠮᠵᠢᠯᠲᠠ ᠪᠦᠲᠦᠮᠵᠢ ᠶᠢ ᠦᠨᠡᠯᠡᠵᠦ ᠥᠪᠡᠰᠦᠪᠡᠨ ᠦᠨᠡᠯᠡᠬᠦ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾᠎  ︵᠎  ᠥᠪᠥᠷ ᠡᠳ᠋ ᠤᠨ ᠵᠠᠰᠠᠭ ᠪᠥᠲᠥᠭᠡᠨ ᠪᠠᠶᠢᠭᠤᠯᠤᠯᠲᠠ ᠶᠢᠨ ᠵᠠᠬᠢᠳᠠᠯ ﹇2024﹈ 62 ᠳ᠋ᠤᠭᠠᠷ ᠲᠣᠭᠠᠲᠤ︶᠎ ᠎ ᠢ ᠦᠨᠳᠦᠰᠦᠯᠡᠨ ᠴᠠᠭ ᠲᠤᠬᠠᠶ ᠳᠤᠨᠢ ᠱᠠᠭᠠᠷᠳᠠᠯᠭ᠎ᠠ ᠱᠠᠭᠠᠷᠳᠠᠯᠭ᠎ᠠ ᠶᠣᠰᠣᠭᠠᠷ ᠮᠡᠳᠡᠭᠦᠯᠦᠨ ᠬᠦᠷᠭᠡᠨ᠎ᠡ᠃             ︵ᠭᠤᠷᠪᠠ︶᠎  ᠦᠢᠯᠡᠳᠪᠦᠷᠢᠯᠡᠯ ᠤᠨ ᠦᠷ᠎ᠡ ᠠᠰᠢᠭ ᠤᠨ ᠲᠠᠯ᠎ᠠ ᠪᠠᠷ             1. ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠲᠥᠯᠥᠪᠯᠡᠭᠡ ᠶᠢ ᠪᠡᠶᠡᠯᠡᠭᠦᠯᠦᠭᠰᠡᠨ ᠨᠤᠷᠮ᠎ᠠ             ᠲᠥᠷᠥᠯ ᠵᠦᠶᠯ ᠤᠨ ᠪᠣᠳᠠᠲᠠᠶ ᠴᠤᠭᠯᠠᠭᠤᠯᠤᠭᠰᠠᠨ ᠲᠤᠭ᠎ᠠ ᠬᠡᠮᠵᠢᠶ᠎ᠡ ᠨᠢ ᠣᠨ ᠤ ᠲᠥᠯᠥᠪᠯᠡᠭᠡ ᠠᠴᠠ ᠶᠡᠭᠡ ᠪᠤᠶᠤ ᠲᠡᠭᠦᠨ ᠲᠠᠢ ᠲᠡᠩᠴᠡᠪᠡᠯ ︵᠎  10 ᠬᠤᠪᠢ︶᠎  ᠦᠨᠡᠯᠡᠵᠦ ᠣᠯᠤᠭᠰᠠᠨ ᠬᠤᠪᠢ᠄  8 ᠬᠤᠪᠢ ᠪᠣᠯᠤᠨ᠎ᠠ᠃ ᠦᠨᠡᠯᠡᠬᠦ ᠦᠨᠳᠦᠰᠦᠯᠡᠯ᠄  2023 ᠣᠨ ᠳᠤ ᠠᠯᠠᠱᠠ ᠵᠡᠭᠦᠨ ᠬᠤᠰᠢᠭᠤᠨ ᠳᠤ 80 ᠡᠷᠦᠬᠡ ᠳᠤ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠨᠥᠬᠦᠪᠥᠷᠢ ᠣᠯᠭᠤᠬᠤ ᠶᠢ ᠬᠡᠷᠡᠭᠵᠢᠭᠦᠯᠬᠦ ᠪᠠᠷ ᠲᠥᠯᠥᠪᠯᠡᠵᠦ᠂ 80 ᠡᠷᠦᠬᠡ ᠳᠤ ᠪᠣᠳᠠᠲᠠᠶ ᠣᠯᠭᠤᠵᠤ᠂ ᠲᠠᠷᠬᠠᠭᠠᠭᠰᠠᠨ ᠨᠣᠷᠮ᠎ᠠ ᠨᠢ 100%᠎ ᠳᠤ ᠬᠦᠷᠴᠦ᠂ 2023 ᠣᠨ ᠳᠤ ᠠᠯᠠᠱᠠ ᠵᠡᠭᠦᠨ ᠬᠤᠰᠢᠭᠤᠨ ᠳᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠣᠨ ᠤ ᠲᠥᠯᠥᠪᠯᠡᠭᠡ ᠶᠢᠨ ᠡᠭᠦᠷᠭᠡ ᠴᠤᠭᠯᠠᠭᠤᠯᠤᠭᠰᠠᠨ ᠥᠬᠡᠶ᠃             2. ᠰᠢᠨ᠎ᠡ ᠪᠠᠷ ᠴᠤᠭᠯᠠᠭᠤᠯᠤᠭᠰᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠣᠨ ᠤ ᠲᠥᠯᠥᠪᠯᠡᠭᠡ ᠶᠢ ᠪᠡᠶᠡᠯᠡᠭᠦᠯᠦᠭᠰᠡᠨ ᠨᠤᠷᠮ᠎ᠠ             ᠲᠥᠷᠥᠯ ᠵᠦᠶᠯ ᠤᠨ ᠪᠣᠳᠠᠲᠠᠶ ᠴᠤᠭᠯᠠᠭᠤᠯᠤᠭᠰᠠᠨ ᠲᠤᠭ᠎ᠠ ᠬᠡᠮᠵᠢᠶ᠎ᠡ ᠨᠢ ᠣᠨ ᠤ ᠲᠥᠯᠥᠪᠯᠡᠭᠡ ᠠᠴᠠ ᠶᠡᠭᠡ ᠪᠤᠶᠤ ᠲᠡᠭᠦᠨ ᠲᠠᠢ ᠲᠡᠩᠴᠡᠭᠦᠤ ᠪᠠᠶᠢᠪᠠᠯ ︵᠎  8 ᠬᠤᠪᠢ︶᠎  ᠦᠨᠡᠯᠡᠵᠦ ᠣᠯᠤᠭᠰᠠᠨ ᠬᠤᠪᠢ ᠨᠢ᠄  6 ᠬᠤᠪᠢ ᠪᠣᠯᠤᠨ᠎ᠠ᠃ ᠦᠨᠡᠯᠡᠬᠦ ᠦᠨᠳᠦᠰᠦᠯᠡᠯ᠄  ᠠᠯᠠᠱᠠ ᠵᠡᠭᠦᠨ ᠬᠤᠰᠢᠭᠤᠨ ᠤ 2023 ᠣᠨ ᠳᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠴᠤᠭᠯᠠᠭᠤᠯᠤᠨ ᠪᠥᠲᠥᠭᠡᠨ ᠪᠠᠶᠢᠭᠤᠯᠬᠤ ᠣᠨ ᠤ ᠲᠥᠯᠥᠪᠯᠡᠭᠡ ᠶᠢᠨ ᠡᠭᠦᠷᠭᠡ ᠥᠬᠡᠶ᠃             3. ᠲᠦᠷᠢᠶᠡᠰᠦᠯᠡᠯ ᠤᠨ ᠨᠥᠬᠦᠪᠥᠷᠢ ᠶᠢᠨ ᠣᠨ ᠤ ᠲᠥᠯᠥᠪᠯᠡᠭᠡ ᠶᠢ ᠪᠡᠶᠡᠯᠡᠭᠦᠯᠦᠭᠰᠡᠨ ᠨᠤᠷᠮ᠎ᠠ             ᠪᠣᠳᠠᠲᠠᠶ ᠣᠯᠭᠤᠭᠰᠠᠨ ᠨᠥᠬᠦᠪᠥᠷᠢ ᠶᠢᠨ ᠡᠷᠦᠬᠡ ᠶᠢᠨ ᠲᠤᠭ᠎ᠠ ᠨᠢ ᠲᠥᠯᠥᠪᠯᠡᠭᠡ ᠪᠠᠷ ᠣᠯᠭᠤᠭᠰᠠᠨ ᠲᠤᠭ᠎ᠠ ᠬᠡᠮᠵᠢᠶ᠎ᠡ ᠠᠴᠠ ᠶᠡᠭᠡ ᠪᠤᠶᠤ ᠲᠡᠩᠴᠡᠭᠦᠦ ᠪᠠᠶᠢᠪᠠᠯ ︵᠎  5 ᠬᠤᠪᠢ︶᠎  ᠦᠨᠡᠯᠡᠭᠰᠡᠨ ᠬᠤᠪᠢ᠄  5 ᠬᠤᠪᠢ᠂ ᠦᠨᠡᠯᠡᠬᠦ ᠦᠨᠳᠦᠰᠦᠯᠡᠯ᠄  2023 ᠣᠨ ᠳᠤ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠷ ᠪᠦᠯᠢ ᠶᠢᠨ ᠲᠦᠷᠢᠶᠡᠰᠦᠯᠡᠯ ᠤᠨ ᠨᠥᠬᠦᠪᠥᠷᠢ ᠶᠢ 80 ᠡᠷᠦᠬᠡ ᠳᠤ ᠲᠠᠷᠬᠠᠭᠠᠬᠤ ᠪᠠᠷ ᠲᠥᠯᠥᠪᠯᠡᠵᠦ᠂ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠷ ᠪᠦᠯᠢ ᠶᠢᠨ ᠲᠦᠷᠢᠶᠡᠰᠦᠯᠡᠯ ᠤᠨ ᠨᠥᠬᠦᠪᠥᠷᠢ ᠶᠢ 80 ᠡᠷᠦᠬᠡ ᠳᠤ ᠪᠣᠳᠠᠲᠠᠶ ᠪᠡᠶᠡᠯᠡᠭᠦᠯᠵᠦ᠂ 28.8864 ᠲᠦᠮᠡᠨ ᠲᠥᠭᠦᠷᠢᠭ ᠢ ᠲᠠᠷᠬᠠᠭᠠᠨ᠎ᠠ᠂ ᠡᠭᠦᠨ ᠳᠤ᠄  ᠲᠥᠪ ᠤᠨ ᠡᠳ᠋ ᠤᠨ ᠵᠠᠰᠠᠭ ᠤᠨ ᠨᠥᠬᠦᠪᠥᠷᠢ ᠪᠠᠯᠠ ᠮᠥᠩᠭᠦ 6 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠥᠬᠦᠪᠥᠷᠢ ᠪᠠᠯᠠ ᠮᠥᠩᠭᠦ 8 ᠲᠦᠮᠡᠨ ᠲᠥᠭᠦᠷᠢᠭ᠂ ᠣᠷᠣᠨ ᠨᠤᠲᠤᠭ ᠤᠨ ᠡᠳ᠋ ᠤᠨ ᠵᠠᠰᠠᠭ ᠤᠨ ᠨᠥᠬᠦᠪᠥᠷᠢ ᠪᠠᠯᠠ ᠮᠥᠩᠭᠦ 7.3384 ᠲᠦᠮᠡᠨ ᠲᠥᠭᠦᠷᠢᠭ᠂ 2024 ᠣᠨ ᠤ ᠲᠥᠰᠦᠪ ᠲᠤ ᠪᠠᠭᠤᠯᠭᠠᠭᠰᠠᠨ ᠪᠠᠯᠠ ᠮᠥᠩᠭᠦ 7.548 ᠲᠦᠮᠡᠨ ᠲᠥᠭᠦᠷᠢᠭ ᠪᠣᠯᠤᠨ᠎ᠠ᠃ ᠪᠣᠳᠠᠲᠠᠶ ᠪᠠᠶᠢᠳᠠᠯ ᠨᠢ ᠳᠣᠣᠷᠠᠬᠢ ᠮᠡᠲᠦ ᠄              ︵᠎  1︶᠎  2023 ᠣᠨ ᠤ ᠨᠢᠭᠡᠳᠦᠭᠡᠷ ᠤᠯᠠᠷᠢᠯ ᠳᠤ 59 ᠪᠠᠲᠤᠯᠠᠭ᠎ᠠ ᠶᠢᠨ ᠬᠡᠷ ᠪᠦᠯᠢ ᠳᠤ 7.2216 ᠲᠦᠮᠡᠨ ᠲᠥᠭᠦᠷᠢᠭ ᠤᠨ ᠲᠦᠷᠢᠶᠡᠰᠦᠯᠡᠯ ᠤᠨ ᠨᠥᠬᠦᠪᠥᠷᠢ ᠣᠯᠭᠤᠨ᠎ᠠ︔             ︵᠎  2︶᠎  2023 ᠣᠨ ᠤ 2 ᠳ᠋ᠤᠭᠠᠷ ᠤᠯᠠᠷᠢᠯ ᠳᠤ 58 ᠪᠠᠲᠤᠯᠠᠭ᠎ᠠ ᠶᠢᠨ ᠬᠡᠷ ᠪᠦᠯᠢ ᠳᠤ 7.0992 ᠲᠦᠮᠡᠨ ᠲᠥᠭᠦᠷᠢᠭ ᠤᠨ ᠲᠦᠷᠢᠶᠡᠰᠦᠯᠡᠯ ᠤᠨ ᠨᠥᠬᠦᠪᠥᠷᠢ ᠣᠯᠭᠤᠨ᠎ᠠ︔             ︵᠎  3︶᠎  2023 ᠣᠨ ᠤ 3 ᠳ᠋ᠤᠭᠠᠷ ᠤᠯᠠᠷᠢᠯ ᠳᠤ 65 ᠡᠷᠦᠬᠡ ︵᠎  ᠰᠢᠨ᠎ᠡ ᠪᠠᠷ ᠨᠡᠮᠡᠭᠳᠡᠭᠰᠡᠨ 8 ᠡᠷᠦᠬᠡ ︶᠎ ᠎ ᠶᠢᠨ ᠪᠠᠲᠤᠯᠠᠭ᠎ᠠ ᠲᠠᠢ ᠬᠡᠷ ᠪᠦᠯᠢ ᠳᠤ 7.0176 ᠲᠦᠮᠡᠨ ᠲᠥᠭᠦᠷᠢᠭ ᠤᠨ ᠲᠦᠷᠢᠶᠡᠰᠦᠯᠡᠯ ᠤᠨ ᠨᠥᠬᠦᠪᠥᠷᠢ ᠣᠯᠭᠤᠨ᠎ᠠ︔             ︵᠎  4︶᠎  2023 ᠣᠨ ᠤ 4 ᠳ᠋ᠦ᠋ᠭᠡᠷ ᠤᠯᠠᠷᠢᠯ ᠳᠤ 72 ᠡᠷᠦᠬᠡ ︵᠎  ᠰᠢᠨ᠎ᠡ ᠪᠠᠷ 13 ᠡᠷᠦᠬᠡ ᠨᠡᠮᠡᠭᠳᠡᠭᠰᠡᠨ︶᠎ ᠎ ᠶᠢᠨ ᠪᠠᠲᠤᠯᠠᠭ᠎ᠠ ᠶᠢᠨ ᠬᠡᠷ ᠪᠦᠯᠢ ᠳᠤ 7.548 ᠲᠦᠮᠡᠨ ᠲᠥᠭᠦᠷᠢᠭ ᠤᠨ ᠲᠦᠷᠢᠶᠡᠰᠦᠯᠡᠯ ᠤᠨ ᠨᠥᠬᠦᠪᠥᠷᠢ ᠣᠯᠭᠤᠪᠠ᠃             ᠲᠦᠷᠢᠶᠡᠰᠦᠯᠡᠯ ᠤᠨ ᠨᠥᠬᠦᠪᠥᠷᠢ ᠶᠢᠨ ᠪᠠᠯᠠ ᠮᠥᠩᠭᠦ ᠶᠢ ︽ᠪᠦᠬᠦᠨ ᠳᠤ ᠳᠣᠭᠢᠷᠠᠬᠤ ᠺᠠᠷᠲ︾᠎ ᠎ ᠢᠶᠠᠷ ᠳᠠᠮᠵᠢᠭᠤᠯᠤᠨ ᠪᠠᠲᠤᠯᠠᠭ᠎ᠠ ᠶᠢᠨ ᠬᠡᠷ ᠪᠦᠯᠢ ᠶᠢᠨ ᠬᠤᠪᠢ ᠬᠥᠮᠦᠨ ᠤ ᠲᠠᠩᠰᠠᠨ ᠡᠷᠦᠬᠡ ᠳᠤ                   4. ᠬᠤᠲᠠ ᠪᠠᠯᠭᠠᠰᠤᠨ ᠤ ᠡᠷᠦᠬᠡ ᠠᠮᠠ ᠶᠢᠨ ᠬᠠᠷᠢᠶ᠎ᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠷᠣᠯᠭ᠎ᠠ ᠪᠠᠭᠠᠲᠠᠶ ᠪᠥᠭᠡᠳ ᠣᠷᠣᠨ ᠰᠠᠭᠤᠴᠠ ᠶᠢᠨ ᠬᠦᠴᠢᠷᠳᠡᠯ ᠲᠠᠢ ᠬᠡᠷ ᠪᠦᠯᠢ ᠶᠢᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠭᠤᠶᠤᠴᠢᠯᠠᠬᠤ ᠶᠢᠨ             ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠭᠤᠶᠤᠴᠢᠯᠠᠬᠤ ᠶᠢᠨ ᠬᠠᠮᠲᠤ ᠬᠢᠨᠠᠨ ᠬᠠᠷᠭᠤᠭᠤᠯᠵᠤ ᠪᠠᠲᠤᠯᠠᠭᠰᠠᠨ ᠬᠤᠲᠠ ᠪᠠᠯᠭᠠᠰᠤᠨ ᠤ ᠡᠷᠦᠬᠡ ᠠᠮᠠ ᠶᠢᠨ ᠬᠠᠷᠢᠶ᠎ᠠ ᠪᠦᠬᠦᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠷᠣᠯᠭ᠎ᠠ ᠪᠠᠭᠠᠲᠠᠶ ᠣᠷᠣᠨ ᠰᠠᠭᠤᠴᠠ ᠨᠢ ᠬᠦᠴᠢᠷᠳᠡᠯ ᠲᠠᠢ ᠭᠡᠷ ᠪᠦᠯᠢ ᠳᠤ᠂ 6 ᠳ᠋ᠤᠭᠠᠷ ᠰᠠᠷ᠎ᠠ ᠶᠢᠨ ᠡᠭᠡᠯᠵᠢᠯᠡᠨ ᠬᠦᠯᠢᠶᠡᠬᠦ ᠬᠤᠭᠤᠴᠠᠭᠠᠨ ᠳᠤ᠂ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢ ᠲᠣᠬᠢᠷᠠᠭᠤᠯᠤᠨ ᠲᠦᠷᠢᠶᠡᠰᠦᠯᠡᠬᠦ ᠪᠤᠶᠤ ᠲᠦᠷᠢᠶᠡᠰᠦᠯᠡᠯ ᠤᠨ ᠨᠥᠬᠦᠪᠥᠷᠢ ᠣᠯᠭᠤᠬᠤ ᠪᠠᠷ ᠳᠠᠮᠵᠢᠭᠤᠯᠤᠨ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢᠨ ᠪᠠᠲᠤᠯᠠᠭ᠎ᠠ ᠳᠤ ᠣᠯᠭᠤᠭᠰᠠᠨ ᠬᠠᠷᠢᠴᠠᠯ ᠨᠢ 100%᠎ ᠳᠤ ᠬᠦᠷᠦᠭᠰᠡᠨ ᠪᠠᠶᠢᠪᠠᠯ ︵᠎  5 ᠬᠤᠪᠢ︶᠎ ᠂ ᠦᠨᠡᠯᠡᠭᠰᠡᠨ ᠬᠤᠪᠢ᠄  5 ᠬᠤᠪᠢ᠂ ᠦᠨᠡᠯᠡᠬᠦ ᠦᠨᠳᠦᠰᠦᠯᠡᠯ᠄  ︽ᠠᠯᠠᠱᠠ ᠵᠡᠭᠦᠨ ᠬᠤᠰᠢᠭᠤᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠠᠷᠭ᠎ᠠ︾᠎  ︵᠎  ᠠᠯᠠᠱᠠ ᠵᠡᠭᠦᠨ ᠵᠠᠰᠠᠭ ᠠᠯᠪᠠᠨ ᠲᠠᠷᠬᠠᠭᠠᠭᠰᠠᠨ ﹇2020﹈ 30 ᠳ᠋ᠤᠭᠠᠷ ᠲᠣᠭᠠᠲᠤ︶᠎ ᠎ ᠶᠢᠨ ᠲᠣᠭᠲᠠᠭᠠᠯ ᠢ ᠦᠨᠳᠦᠰᠦᠯᠡᠪᠡᠯ᠂ ᠠᠯᠠᠱᠠ ᠵᠡᠭᠦᠨ ᠬᠤᠰᠢᠭᠤᠨ ᠤ ᠬᠤᠲᠠ ᠪᠠᠯᠭᠠᠰᠤᠨ ᠤ ᠡᠷᠦᠬᠡ ᠠᠮᠠ ᠶᠢᠨ ᠬᠠᠷᠢᠶ᠎ᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠬᠦ᠂ ᠣᠷᠣᠯᠭ᠎ᠠ ᠪᠠᠭᠠᠲᠠᠶ ᠣᠷᠣᠨ ᠰᠠᠭᠤᠴᠠ ᠶᠢᠨ ᠬᠦᠴᠢᠷᠳᠡᠯ ᠲᠠᠢ ᠬᠡᠷ ᠪᠦᠯᠢ ᠳᠤ ᠴᠥᠮ ᠨᠡᠶᠢᠲᠡ ᠶᠢᠨ ᠲᠦᠷᠢᠶᠡᠰᠦᠨ ᠬᠡᠷ ᠲᠣᠬᠢᠷᠠᠭᠤᠯᠤᠨ ᠲᠦᠷᠢᠶᠡᠰᠦᠯᠡᠬᠦ ᠪᠤᠶᠤ ᠲᠦᠷᠢᠶᠡᠰᠦᠨ ᠨᠥᠬᠦᠪᠥᠷᠢ ᠣᠯᠭᠤᠬᠤ ᠪᠠᠷ ᠳᠠᠮᠵᠢᠭᠤᠯᠤᠨ ᠨᠡᠶᠢᠲᠡ ᠶᠢᠨ ᠲᠦᠷᠢᠶᠡᠰᠦᠨ ᠬᠡᠷ ᠪᠠᠶᠢᠰᠢᠩ ᠤᠨ ᠪᠠᠲᠤᠯᠠᠭ᠎ᠠ ᠣᠯᠭᠤᠵᠤ ᠪᠠᠶᠢᠨ᠎ᠠ᠃             5. ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠬᠥᠭᠵᠢᠯᠲᠡ ᠶᠢᠨ ᠬᠠᠷᠠᠯᠲᠠ ᠶᠢ ᠲᠣᠭᠲᠠᠭᠠᠨ᠎ᠠ             ᠰᠢᠨ᠎ᠡ ᠬᠤᠳᠠ ᠶᠢᠨ ᠠᠷᠠᠳ ᠪᠠ ᠵᠠᠯᠠᠭᠤᠴᠤᠳ ᠤᠯᠠᠨ᠂ ᠭᠡᠷ ᠪᠠᠶᠢᠰᠢᠩ ᠤᠨ ᠦᠨ᠎ᠡ ᠬᠠᠩᠰᠢ ᠥᠨᠳᠥᠷ ᠰᠢᠭ ᠪᠤᠶᠤ ᠥᠰᠥᠯᠲᠡ ᠶᠢᠨ ᠳᠠᠷᠤᠯᠲᠠ ᠨᠡᠯᠢᠶᠡᠳ ᠶᠡᠭᠡ ᠪᠠᠶᠢᠭ᠎ᠠ ᠶᠡᠭᠡ ᠬᠤᠳᠠ ᠳᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠬᠠᠩᠭᠠᠯᠭ᠎ᠠ ᠶᠢ ᠶᠡᠭᠡ ᠪᠠᠷ ᠨᠡᠮᠡᠭᠳᠡᠭᠦᠯᠬᠦ ᠬᠡᠷᠡᠭᠲᠡᠶ᠃ ᠪᠥᠲᠥᠭᠡᠨ ᠪᠠᠶᠢᠭᠤᠯᠬᠤ ᠬᠠᠷᠠᠯᠲᠠ ᠪᠠᠨ ᠨᠡᠶᠢᠲᠡᠯᠡᠭᠰᠡᠨ ᠥᠬᠡᠶ ᠪᠤᠶᠤ ᠰᠢᠨ᠎ᠡ ᠪᠠᠷ ᠨᠡᠮᠡᠭᠳᠡᠭᠰᠡᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠰᠢᠨ᠎ᠡ ᠪᠠᠷ ᠨᠡᠮᠡᠭᠳᠡᠭᠰᠡᠨ ᠣᠷᠣᠨ ᠰᠠᠭᠤᠴᠠ ᠶᠢᠨ ᠬᠠᠩᠭᠠᠯᠭ᠎ᠠ ᠶᠢᠨ ᠶᠡᠷᠦᠩᠬᠡᠶ ᠬᠡᠮᠵᠢᠶ᠎ᠡ ᠳᠠᠬᠢ ᠡᠵᠡᠯᠡᠬᠦ ᠬᠠᠷᠢᠴᠠᠯ ᠨᠢ 10%᠎ ᠎ ᠠᠴᠠ ᠳᠣᠤᠷ᠎ᠠ ᠪᠠᠶᠢᠪᠠᠯ ᠴᠥᠮ ᠬᠤᠪᠢ ᠣᠯᠵᠤ ᠪᠣᠯᠬᠤ ᠥᠬᠡᠶ᠂ ᠡᠵᠡᠯᠡᠬᠦ ᠬᠠᠷᠢᠴᠠᠯ ᠨᠢ 10%-20%᠎ ᠳᠤ 3 ᠬᠤᠪᠢ ᠣᠯᠭᠤᠵᠤ᠂ ᠡᠵᠡᠯᠡᠬᠦ ᠬᠠᠷᠢᠴᠠᠯ ᠨᠢ 20%-30%᠎ ᠳᠤ 5 ᠬᠤᠪᠢ ᠣᠯᠭᠤᠵᠤ᠂ 30% ᠵᠢᠴᠢ 30%᠎ ᠎ ᠠᠴᠠ ᠳᠡᠭᠡᠭᠰᠢ ᠪᠠᠶᠢᠪᠠᠯ 7 ᠬᠤᠪᠢ ᠣᠯᠭᠤᠵᠤ᠂ ᠦᠨᠡᠯᠡᠭᠰᠡᠨ ᠬᠤᠪᠢ᠄  7 ᠬᠤᠪᠢ ᠣᠯᠭᠤᠨ᠎ᠠ᠃ ᠦᠨᠡᠯᠡᠬᠦ ᠦᠨᠳᠦᠰᠦᠯᠡᠯ᠄  ᠠᠯᠠᠱᠠ ᠵᠡᠭᠦᠨ ᠬᠤᠰᠢᠭᠤᠨ ᠤ ᠪᠠᠶᠢᠩᠭᠤ ᠰᠠᠭᠤᠭ᠎ᠠ ᠬᠥᠮᠦᠨ ᠠᠮᠠ ᠴᠥᠭᠡᠨ᠂ ᠬᠥᠮᠦᠨ ᠠᠮᠠ ᠶᠢᠨ ᠰᠢᠯᠵᠢᠯᠲᠡ ᠶᠢᠨ ᠴᠢᠨᠠᠷ ᠳᠣᠤᠷ᠎ᠠ ᠤᠴᠢᠷ ᠎ ᠠᠴᠠ ᠣᠳᠣᠬᠠᠨ ᠳᠤ ᠠᠯᠠᠱᠠ ᠵᠡᠭᠦᠨ ᠬᠤᠰᠢᠭᠤᠨ ᠤ ᠣᠲᠣ ᠪᠠᠶᠢᠭ᠎ᠠ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠨᠢ ᠪᠠᠲᠤᠯᠠᠭ᠎ᠠ ᠶᠢᠨ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠵᠤ ᠳᠡᠶᠢᠯᠬᠦ ᠤᠴᠢᠷ ᠎ ᠠᠴᠠ ︽ᠠᠷᠪᠠᠨ ᠳᠥᠷᠪᠡᠳᠦᠭᠡᠷ ᠲᠠᠪᠤᠨ ᠵᠢᠯ︾᠎ ᠎ ᠤᠨ ᠬᠤᠭᠤᠴᠠᠭᠠᠨ ᠳᠤ ᠠᠯᠠᠱᠠ ᠵᠡᠭᠦᠨ ᠬᠤᠰᠢᠭᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠯᠡᠭᠰᠡᠨ ᠥᠬᠡᠶ᠂ ᠡᠭᠦᠨ ᠳᠤ ᠲᠦᠷᠢᠶᠡᠰᠦᠨ ᠨᠥᠬᠦᠪᠥᠷᠢ ᠣᠯᠭᠤᠬᠤ ᠪᠠᠷ ᠭᠤᠤᠯ ᠪᠣᠯᠭᠠᠨ᠎ᠠ᠃             6. ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠪᠠ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠤᠨ᠎ᠠ             ᠬᠥᠮᠦᠨ ᠠᠮᠠ ᠴᠡᠪᠡᠷ ᠣᠷᠣᠵᠤ ᠢᠷᠡᠭᠰᠡᠨ ᠲᠣᠮᠣ ᠬᠤᠲᠠ ᠪᠠ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠎ ᠠᠴᠠ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠬᠥᠭᠵᠢᠭᠦᠯᠬᠦ ᠪᠠᠷ ᠲᠣᠭᠲᠠᠭᠠᠭᠰᠠᠨ ᠬᠤᠲᠠ ᠳᠤ ᠲᠥᠷᠥ ᠠᠯᠪᠠᠨ ᠲᠠᠷᠬᠠᠭᠠᠭᠰᠠᠨ ﹇2021﹈ 22 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ ᠨᠠᠶᠢᠳᠠᠪᠤᠷᠢᠵᠢᠭᠤᠯᠬᠤ ᠪᠣᠳᠠᠲᠠᠶ ᠠᠵᠢᠯᠯᠠᠬᠤ ᠠᠷᠭ᠎ᠠ ︵᠎  2 ᠬᠤᠪᠢ︶᠎ ᠎ ᠶᠢ ᠨᠡᠶᠢᠲᠡᠯᠡᠵᠦ᠂ ᠦᠨᠡᠯᠡᠭᠰᠡᠨ ᠬᠤᠪᠢ᠄  2 ᠬᠤᠪᠢ᠂ ᠦᠨᠡᠯᠡᠬᠦ ᠦᠨᠳᠦᠰᠦᠯᠡᠯ᠄  2023 ᠣᠨ ᠤ ᠠᠯᠠᠱᠠ ᠵᠡᠭᠦᠨ ᠬᠤᠰᠢᠭᠤᠨ ᠳᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠣᠨ ᠤ ᠲᠥᠯᠥᠪᠯᠡᠭᠡ ᠶᠢᠨ ᠡᠭᠦᠷᠭᠡ ᠶᠢ ᠴᠤᠭᠯᠠᠭᠤᠯᠵᠤ ᠪᠠᠶᠢᠭᠤᠯᠤᠭᠰᠠᠨ ᠥᠬᠡᠶ᠃ ᠣᠲᠣ ᠶᠢᠨ ᠪᠠᠶᠢᠭ᠎ᠠ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠪᠠᠷ ᠳᠡᠮᠵᠢᠵᠦ ᠪᠠᠶᠢᠭ᠎ᠠ ᠲᠦᠷᠢᠶᠡᠰᠦᠨ ᠣᠷᠣᠨ ᠰᠠᠭᠤᠴᠠ ᠶᠢ ᠡᠮᠬᠢᠯᠡᠨ ᠳᠢᠭᠯᠡᠵᠦ᠂ ᠲᠣᠭᠲᠠᠭᠠᠯ ᠳᠤ ᠨᠡᠶᠢᠴᠡᠭᠰᠡᠨ ᠢ ᠨᠢ ᠴᠥᠮ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠵᠢᠷᠤᠮᠵᠢᠭᠤᠯᠤᠨ ᠬᠠᠮᠢᠶᠠᠷᠬᠤ ︵᠎  2 ᠬᠤᠪᠢ ︶᠎ ᠎ ᠳᠤ ᠣᠷᠣᠭᠤᠯᠵᠤ᠂ ᠦᠨᠡᠯᠡᠭᠰᠡᠨ ᠬᠤᠪᠢ᠄  2 ᠬᠤᠪᠢ᠂ ᠦᠨᠡᠯᠡᠬᠦ ᠦᠨᠳᠦᠰᠦᠯᠡᠯ᠄  2023 ᠣᠨ ᠤ ᠠᠯᠠᠱᠠ ᠵᠡᠭᠦᠨ ᠬᠤᠰᠢᠭᠤᠨ ᠳᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠪᠥᠲᠥᠭᠡᠨ ᠪᠠᠶᠢᠭᠤᠯᠬᠤ ᠣᠨ ᠤ ᠲᠥᠯᠥᠪᠯᠡᠭᠡ ᠶᠢᠨ ᠡᠭᠦᠷᠭᠡ ᠴᠤᠭᠯᠠᠭᠤᠯᠤᠭᠰᠠᠨ ᠥᠬᠡᠶ᠃ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠠᠵᠢᠯ ᠤᠨ ᠤᠳᠤᠷᠢᠳᠤᠯᠭ᠎ᠠ ᠪᠠ ᠠᠬᠢᠭᠤᠯᠬᠤ ᠲᠣᠭᠲᠠᠴᠠ  ᠶᠢ ᠪᠠᠶᠢᠭᠤᠯᠤᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠰᠦᠯ ᠢ ᠬᠠᠮᠲᠤᠷᠠᠨ ᠬᠢᠨᠠᠨ ᠪᠠᠶᠢᠴᠠᠭᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠡᠷᠬᠡ ᠣᠯᠭᠤᠵᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠶᠯ ᠢ ᠮᠠᠭᠠᠳᠯᠠᠨ ᠲᠣᠭᠲᠠᠭᠠᠭᠰᠠᠨ ᠪᠢᠴᠢᠭ ᠢ ᠭᠠᠷᠳᠠᠭᠤᠯᠤᠭᠰᠠᠨ ᠤ ᠳᠠᠷᠠᠭ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠭᠦᠯᠬᠦ ᠭᠠᠷᠳᠠᠮ ᠭᠦᠶᠴᠡᠳᠬᠡᠵᠦ᠂ ᠲᠥᠪᠯᠡᠷᠡᠩᠭᠦᠶ ᠮᠠᠶ᠋ᠢᠭ ᠤᠨ ᠲᠦᠷᠢᠶᠡᠰᠦᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠪᠠᠷᠢᠮᠵᠢᠶ᠎ᠠ ︵᠎  2 ᠬᠤᠪᠢ︶᠎ ᠎ ᠶᠢ ᠨᠠᠶᠢᠳᠠᠪᠤᠷᠢᠵᠢᠭᠤᠯᠤᠨ᠂ ᠦᠨᠡᠯᠡᠭᠰᠡᠨ ᠬᠤᠪᠢ᠄  2 ᠬᠤᠪᠢ᠂ ᠦᠨᠡᠯᠡᠬᠦ ᠦᠨᠳᠦᠰᠦᠯᠡᠯ᠄  2023 ᠣᠨ ᠤ ᠠᠯᠠᠱᠠ ᠵᠡᠭᠦᠨ ᠬᠤᠰᠢᠭᠤᠨ ᠳᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠣᠨ ᠤ ᠲᠥᠯᠥᠪᠯᠡᠭᠡ ᠶᠢᠨ ᠡᠭᠦᠷᠭᠡ ᠶᠢ ᠴᠤᠭᠯᠠᠭᠤᠯᠤᠭᠰᠠᠨ ᠥᠬᠡᠶ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠥᠲᠥᠯᠦᠨ ᠵᠢᠯᠣᠭᠤᠳᠴᠤ ᠪᠠᠶᠢᠭᠠᠳ ᠪᠠᠩᠬᠢ ᠶᠢᠨ ᠦᠶᠯᠡᠰ ᠤᠨ ᠮᠥᠩᠭᠦᠨ ᠭᠦᠶᠯᠭᠡᠭᠡᠨ ᠤ ᠪᠠᠶᠢᠭᠤᠯᠤᠮᠵᠢ ᠯᠤᠭ᠎ᠠ ᠨᠡᠪᠲᠡᠷᠡᠯᠴᠡᠨ ᠤᠶᠠᠯᠳᠤᠭᠤᠯᠵᠤ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠡᠵᠡᠩᠨᠡᠯᠲᠡ ᠶᠢᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ ︵᠎  1 ᠬᠤᠪᠢ︶᠎ ᠂ ᠦᠨᠡᠯᠡᠭᠰᠡᠨ ᠬᠤᠪᠢ᠄  1 ᠬᠤᠪᠢ᠂ ᠦᠨᠡᠯᠡᠬᠦ ᠦᠨᠳᠦᠰᠦᠯᠡᠯ᠄  2023 ᠣᠨ ᠤ ᠠᠯᠠᠱᠠ ᠵᠡᠭᠦᠨ ᠬᠤᠰᠢᠭᠤᠨ ᠳᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠣᠨ ᠤ ᠲᠥᠯᠥᠪᠯᠡᠭᠡ ᠶᠢᠨ ᠡᠭᠦᠷᠭᠡ ᠶᠢ ᠴᠤᠭᠯᠠᠭᠤᠯᠤᠭᠰᠠᠨ ᠥᠬᠡᠶ᠃             7. ᠲᠦᠷᠢᠶᠡᠰᠦᠨ ᠣᠷᠣᠨ ᠰᠠᠭᠤᠴᠠ ᠶᠢᠨ ᠡᠵᠡᠩᠨᠡᠯᠲᠡ ᠬᠠᠮᠢᠶᠠᠷᠤᠯᠲᠠ             ᠠᠵᠤ ᠠᠬᠤᠶᠢᠯᠠᠯ ᠪᠠ ᠪᠤᠰᠤᠳ ᠪᠠᠶᠢᠭᠤᠯᠤᠮᠵᠢ ᠶᠢᠨ ᠡᠵᠡᠩᠨᠡᠯᠲᠡ ᠳᠤ ᠣᠷᠣᠯᠴᠠᠭᠰᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠡᠵᠡᠯᠡᠬᠦ ᠬᠠᠷᠢᠴᠠᠯ ᠨᠢ ᠲᠣᠰ ᠲᠣᠰ 30% ᠵᠢᠴᠢ ᠲᠡᠭᠦᠨ ᠠᠴᠠ ᠳᠡᠭᠡᠭᠰᠢ ᠪᠠᠶᠢᠪᠠᠯ 4 ᠬᠤᠪᠢ ᠣᠯᠭᠤᠵᠤ᠂ ᠡᠵᠡᠯᠡᠬᠦ ᠬᠠᠷᠢᠴᠠᠯ ᠨᠢ 20%-30%᠎ ᠳᠤ ᠭᠦᠷᠪᠡᠯ 3 ᠬᠤᠪᠢ ᠣᠯᠭᠤᠵᠤ᠂ ᠡᠵᠡᠯᠡᠬᠦ ᠬᠠᠷᠢᠴᠠᠯ ᠨᠢ 10%-20%᠎ ᠳᠤ ᠭᠦᠷᠪᠡᠯ 2 ᠬᠤᠪᠢ ᠣᠯᠭᠤᠵᠤ᠂ 10%᠎ ᠎ ᠠᠴᠠ ᠳᠣᠷᠣᠭᠰᠢ ᠪᠠᠶᠢᠪᠠᠯ ᠬᠤᠪᠢ ᠣᠯᠭᠤᠬᠤ ᠥᠬᠡᠶ︔ ᠠᠵᠤ ᠠᠬᠤᠶᠢᠯᠠᠯ ᠪᠠ ᠪᠤᠰᠤᠳ ᠪᠠᠶᠢᠭᠤᠯᠤᠮᠵᠢ ᠶᠢᠨ ᠡᠵᠡᠩᠨᠡᠯᠲᠡ ᠳᠤ ᠣᠷᠣᠯᠴᠠᠭᠰᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠡᠵᠡᠯᠡᠬᠦ ᠬᠠᠷᠢᠴᠠᠯ ᠨᠢ ᠲᠣᠰ ᠲᠣᠰ 30%᠎ ᠎ ᠠᠴᠠ ᠳᠡᠭᠡᠭᠰᠢ ᠪᠠᠶᠢᠪᠠᠯ 4 ᠬᠤᠪᠢ ᠣᠯᠭᠤᠵᠤ᠂ ᠡᠵᠡᠯᠡᠬᠦ ᠬᠠᠷᠢᠴᠠᠯ ᠨᠢ 20%᠎ ᠎ ᠠᠴᠠ 30%᠎ ᠳᠤ ᠭᠦᠷᠪᠡᠯ 3 ᠬᠤᠪᠢ ᠣᠯᠭᠤᠨ᠎ᠠ︔ ᠦᠨᠡᠯᠡᠭᠰᠡᠨ ᠬᠤᠪᠢ᠄  4 ᠬᠤᠪᠢ᠂ ᠦᠨᠡᠯᠡᠭᠰᠡᠨ ᠦᠨᠳᠦᠰᠦᠯᠡᠯ᠄  2023 ᠣᠨ ᠤ ᠠᠯᠠᠱᠠ ᠵᠡᠭᠦᠨ ᠬᠤᠰᠢᠭᠤᠨ ᠳᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠣᠨ ᠤ ᠲᠥᠯᠥᠪᠯᠡᠭᠡ ᠶᠢᠨ ᠡᠭᠦᠷᠭᠡ ᠴᠤᠭᠯᠠᠭᠤᠯᠤᠭᠰᠠᠨ ᠥᠬᠡᠶ᠃ ᠬᠥᠮᠦᠨ ᠠᠮᠠ ᠴᠡᠪᠡᠷ ᠣᠷᠣᠵᠤ ᠢᠷᠡᠭᠰᠡᠨ ᠲᠣᠮᠣ ᠬᠤᠲᠠ ᠪᠠ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠎ ᠠᠴᠠ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠬᠥᠭᠵᠢᠭᠦᠯᠬᠦ ᠬᠤᠲᠠ ᠳᠤ ᠣᠷᠣᠨ ᠰᠠᠭᠤᠴᠠ ᠶᠢᠨ ᠲᠦᠷᠢᠶᠡᠰᠦᠯᠡᠯ ᠤᠨ ᠬᠠᠮᠢᠶᠠᠷᠤᠯᠲᠠ ᠶᠢᠨ ᠦᠶᠯᠡᠴᠢᠯᠡᠭᠡᠨ ᠤ ᠲᠠᠪᠴᠠᠩ ᠢ ᠪᠠᠶᠢᠭᠤᠯᠤᠨ ᠪᠦᠷᠢᠨᠰᠢᠭᠦᠯᠬᠦ ᠪᠠᠷ ᠲᠣᠭᠲᠠᠭᠠᠵᠤ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠶᠯ ᠢ ᠲᠠᠪᠴᠠᠩ ᠳᠤ ᠣᠷᠣᠭᠤᠯᠤᠨ ᠨᠢᠭᠡᠳᠦᠯᠲᠡᠶ ᠬᠠᠮᠢᠶᠠᠷᠤᠨ᠎ᠠ ︵᠎  1 ᠬᠤᠪᠢ︶᠎ ᠂ ᠦᠨᠡᠯᠡᠭᠰᠡᠨ ᠬᠤᠪᠢ᠄  1 ᠬᠤᠪᠢ᠂ ᠦᠨᠡᠯᠡᠬᠦ ᠦᠨᠳᠦᠰᠦᠯᠡᠯ᠄  2023 ᠣᠨ ᠤ ᠠᠯᠠᠱᠠ ᠵᠡᠭᠦᠨ ᠬᠤᠰᠢᠭᠤᠨ ᠳᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠣᠨ ᠤ ᠲᠥᠯᠥᠪᠯᠡᠭᠡ ᠶᠢᠨ ᠡᠭᠦᠷᠭᠡ ᠴᠤᠭᠯᠠᠭᠤᠯᠤᠭᠰᠠᠨ ᠥᠬᠡᠶ᠃ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠳᠤ ᠣᠷᠣᠭᠤᠯᠬᠤ ᠶᠢᠨ ᠬᠠᠮᠲᠤ ᠬᠢᠨᠠᠯᠲᠠ ᠲᠠᠯᠪᠢᠵᠤ ᠪᠠᠶᠢᠴᠠᠭᠠᠬᠤ ᠶᠢᠨ ᠭᠤᠤᠯᠳᠠᠯᠭ᠎ᠠ ︵᠎  1 ᠬᠤᠪᠢ︶᠎  ᠪᠣᠯᠭᠠᠵᠤ᠂ ᠦᠨᠡᠯᠡᠬᠦ ᠬᠤᠪᠢ᠄  1 ᠬᠤᠪᠢ᠂ ᠦᠨᠡᠯᠡᠬᠦ ᠦᠨᠳᠦᠰᠦᠯᠡᠯ᠄  2023 ᠣᠨ ᠤ ᠠᠯᠠᠱᠠ ᠵᠡᠭᠦᠨ ᠬᠤᠰᠢᠭᠤᠨ ᠳᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠪᠥᠲᠥᠭᠡᠨ ᠪᠠᠶᠢᠭᠤᠯᠬᠤ ᠣᠨ ᠤ ᠲᠥᠯᠥᠪᠯᠡᠭᠡ ᠶᠢᠨ ᠡᠭᠦᠷᠭᠡ ᠶᠢ ᠴᠤᠭᠯᠠᠭᠤᠯᠤᠭᠰᠠᠨ ᠥᠬᠡᠶ᠃ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠵᠥᠪᠰᠢᠶᠡᠷᠡᠨ ᠣᠷᠣᠭᠤᠯᠬᠤ ᠪᠠ ᠪᠤᠴᠠᠭᠠᠨ ᠭᠠᠷᠭᠠᠬᠤ ᠶᠢᠨ ᠪᠣᠳᠠᠲᠠᠶ ᠨᠥᠬᠦᠴᠡᠯ᠂ ᠵᠢᠵᠢᠭ ᠬᠡᠷ ᠪᠠᠶᠢᠰᠢᠩ ᠤᠨ ᠪᠣᠳᠠᠲᠠᠶ ᠲᠠᠯᠠᠪᠠᠶ ᠶᠢᠨ ᠪᠠᠷᠢᠮᠵᠢᠶ᠎ᠠ ᠵᠢᠴᠢ ᠳᠣᠤᠷ᠎ᠠ ᠲᠦᠷᠢᠶᠡᠰᠦᠨ ᠮᠥᠩᠭᠦ ᠶᠢᠨ ᠪᠣᠳᠠᠲᠠᠶ ᠪᠠᠷᠢᠮᠵᠢᠶ᠎ᠠ ᠶᠢ ᠲᠣᠳᠣᠷᠬᠠᠶᠢᠯᠠᠬᠤ ᠶᠢᠨ ᠬᠠᠮᠲᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ ︵᠎  1 ᠬᠤᠪᠢ︶᠎  ᠂ ᠦᠨᠡᠯᠡᠭᠰᠡᠨ ᠬᠤᠪᠢ᠄  1 ᠬᠤᠪᠢ᠂ ᠦᠨᠡᠯᠡᠬᠦ ᠦᠨᠳᠦᠰᠦᠯᠡᠯ᠄  2023 ᠣᠨ ᠤ ᠠᠯᠠᠱᠠ ᠵᠡᠭᠦᠨ ᠬᠤᠰᠢᠭᠤᠨ ᠳᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠣᠨ ᠤ ᠲᠥᠯᠥᠪᠯᠡᠭᠡ ᠶᠢᠨ ᠡᠭᠦᠷᠭᠡ ᠴᠤᠭᠯᠠᠭᠤᠯᠤᠭᠰᠠᠨ ᠥᠬᠡᠶ᠃ ᠡᠵᠡᠩᠨᠡᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠣᠳᠠᠲᠠᠶ ᠠᠷᠭ᠎ᠠ ᠬᠡᠮᠵᠢᠶ᠎ᠡ ᠲᠣᠭᠲᠠᠭᠠᠨ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠵᠠᠬ᠎ᠠ ᠳᠡᠯᠭᠡᠭᠦᠷ ᠲᠤ ᠭᠠᠷᠭᠠᠨ ᠪᠣᠷᠣᠯᠠᠭᠤᠯᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠪᠣᠷᠣᠯᠠᠭᠤᠯᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠨᠡᠷ᠎ᠡ ᠪᠠᠷ ᠲᠣᠭᠲᠠᠭᠠᠯ ᠎ ᠠᠴᠠ ᠵᠥᠷᠢᠴᠡᠨ ᠡᠵᠡᠩᠨᠡᠬᠦ ᠪᠤᠶᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ︵᠎  1 ᠬᠤᠪᠢ︶᠎  ᠮᠡᠬᠡᠯᠡᠨ ᠤᠯᠬᠤ ᠶᠢ ᠬᠠᠲᠠᠭᠤ ᠬᠤᠷᠢᠭᠯᠠᠵᠤ᠂ ᠦᠨᠡᠯᠡᠭᠰᠡᠨ ᠬᠤᠪᠢ᠄  1 ᠬᠤᠪᠢ᠂ ᠦᠨᠡᠯᠡᠬᠦ ᠦᠨᠳᠦᠰᠦᠯᠡᠯ᠄  2023 ᠣᠨ ᠤ ᠠᠯᠠᠱᠠ ᠵᠡᠭᠦᠨ ᠬᠤᠰᠢᠭᠤᠨ ᠳᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠣᠨ ᠤ ᠲᠥᠯᠥᠪᠯᠡᠭᠡ ᠶᠢᠨ ᠡᠭᠦᠷᠭᠡ ᠶᠢ ᠴᠤᠭᠯᠠᠭᠤᠯᠤᠭᠰᠠᠨ ᠥᠬᠡᠶ᠃             8. ᠪᠠᠷᠢᠯᠭ᠎ᠠ ᠶᠢᠨ ᠴᠢᠨᠠᠷ ᠴᠢᠨᠰᠠᠭ᠎ᠠ             ᠪᠠᠷᠢᠯᠭ᠎ᠠ ᠶᠢᠨ ᠴᠢᠨᠠᠷ ᠴᠢᠨᠰᠠᠭ᠎ᠠ ᠨᠢ ᠪᠠᠷᠢᠮᠵᠢᠶ᠎ᠠ ᠳᠤ ᠨᠡᠶᠢᠴᠡᠪᠡᠯ ︵᠎  5 ᠬᠤᠪᠢ︶᠎ ᠂ ᠦᠨᠡᠯᠡᠭᠰᠡᠨ ᠬᠤᠪᠢ ᠄  5 ᠬᠤᠪᠢ᠂ ᠦᠨᠡᠯᠡᠬᠦ ᠦᠨᠳᠦᠰᠦᠯᠡᠯ᠄  ︽ᠠᠯᠠᠱᠠ ᠵᠡᠭᠦᠨ ᠬᠤᠰᠢᠭᠤᠨ ᠤ ᠨᠡᠶᠢᠲᠡ ᠶᠢᠨ ᠲᠦᠷᠢᠶᠡᠰᠦᠨ ᠬᠡᠷ ᠪᠠᠶᠢᠰᠢᠩ ᠤᠨ ᠬᠠᠮᠢᠶᠠᠷᠤᠯᠲᠠ ᠶᠢᠨ ᠠᠷᠭ᠎ᠠ︾᠎ ᠎ ᠶᠢᠨ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ᠂ ᠲᠦᠷᠢᠶᠡᠰᠦᠯᠡᠭᠰᠡᠨ ᠨᠥᠬᠦᠪᠥᠷᠢ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠨ᠎ᠠ᠃             9. ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠠᠨᠤᠮᠵᠢ ᠶᠢᠨ             ᠬᠠᠨᠤᠮᠵᠢ ᠶᠢᠨ ᠬᠡᠮᠵᠢᠶ᠎ᠡ ᠶᠢᠨ ᠭᠦᠶᠴᠡᠳᠬᠡᠯ ᠲᠤᠭ᠎ᠠ ᠨᠢ 80%᠎ ᠎ ᠠᠴᠠ ᠳᠡᠭᠡᠭᠰᠢ ᠳᠤ ᠬᠦᠷᠦᠭᠰᠡᠨ ᠪᠠᠶᠢᠪᠠᠯ ︵᠎  5 ᠬᠤᠪᠢ︶᠎  ᠦᠨᠡᠯᠡᠵᠦ ᠣᠯᠤᠭᠰᠠᠨ ᠬᠤᠪᠢ᠄  5 ᠬᠤᠪᠢ ᠪᠣᠯᠤᠨ᠎ᠠ᠃ ᠦᠨᠡᠯᠡᠬᠦ ᠦᠨᠳᠦᠰᠦᠯᠡᠯ᠄  ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠪᠠᠷ ᠳᠡᠮᠵᠢᠨ᠂ ᠨᠡᠶᠢᠲᠡ 30 ᠡᠷᠦᠬᠡ ᠳᠤ ᠪᠠᠶᠢᠴᠠᠭᠠᠯᠲᠠ ᠬᠢᠵᠦ᠂ 30 ᠡᠷᠦᠬᠡ ᠳᠤ ᠬᠠᠨᠤᠮᠵᠢᠲᠠᠶ ᠪᠠᠶᠢᠵᠤ᠂ ᠬᠠᠨᠤᠮᠵᠢ ᠶᠢᠨ ᠬᠡᠮᠵᠢᠶ᠎ᠡ 100%᠎ ᠳᠤ ᠬᠥᠷᠪᠡ᠃             ᠳᠡᠭᠡᠷᠡᠬᠢ ᠶᠢ ᠬᠤᠷᠢᠶᠠᠩᠭᠤᠶᠢᠯᠠᠪᠠᠯ᠂ 2023 ᠣᠨ ᠤ ᠠᠯᠠᠱᠠ ᠵᠡᠭᠦᠨ ᠬᠤᠰᠢᠭᠤᠨ ᠤ ᠬᠤᠲᠠ ᠪᠠᠯᠭᠠᠰᠤᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠡᠳ᠋ ᠤᠨ ᠵᠠᠰᠠᠭ ᠤᠨ ᠪᠠᠯᠠ ᠮᠥᠩᠭᠦ ᠶᠢ ᠬᠡᠷᠡᠭᠯᠡᠭᠰᠡᠨ ᠪᠠᠶᠢᠳᠠᠯ ᠤᠨ ᠦᠷ᠎ᠡ ᠪᠦᠲᠦᠮᠵᠢ ᠶᠢᠨ ᠦᠨᠡᠯᠡᠯᠲᠡ ᠶᠢᠨ ᠶᠡᠷᠦᠩᠬᠡᠶ ᠬᠤᠪᠢ 96 ᠬᠤᠪᠢ ᠣᠯᠵᠤ᠂ ᠦᠨᠡᠯᠡᠯᠲᠡ ᠶᠢᠨ ᠦᠷ᠎ᠡ ᠳ᠋ᠦᠩ ᠨᠢ ᠰᠢᠯᠢᠳᠡᠭ ᠪᠣᠯᠵᠠᠶ᠃            ᠲᠦᠷᠪᠡ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ             ᠨᠢᠭᠡ ᠳᠤ᠂ ᠬᠠᠭᠤᠴᠢᠨ ᠬᠤᠷᠢᠶᠠᠯᠠᠯ ᠵᠢᠴᠢ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠲᠥᠷᠥ ᠶᠢᠨ ᠪᠣᠳᠣᠯᠭ᠎ᠠ ᠶᠢᠨ ᠲᠤᠬᠠᠶ ᠣᠶᠢᠯᠠᠭᠠᠯᠲᠠ ᠭᠦᠢᠴᠡᠳ ᠦᠭᠡᠶ᠂ ᠬᠠᠭᠤᠴᠢᠨ ᠬᠤᠷᠢᠶᠠᠯᠠᠯ ᠎ ᠢ ᠥᠭᠡᠷᠡᠴᠢᠯᠡᠬᠦ ᠪᠣᠯ ᠭᠤᠣᠯᠳᠠᠭᠤ ᠵᠠᠰᠠᠭ ᠤᠨ ᠣᠷᠳᠣᠨ ᠤ ᠶᠠᠪᠤᠳᠠᠯ ᠮᠥᠨ᠂ ᠥᠭᠡᠷᠡᠴᠢᠯᠡᠬᠦ ᠠᠵᠢᠯ ᠳᠤ ᠡᠳ᠋ ᠤᠨ ᠵᠠᠰᠠᠭ ᠤᠨ ᠪᠡᠯᠡ ᠮᠥᠩᠭᠦ ᠎ ᠶᠢ ︽ᠣᠷᠣᠭᠤᠯᠵᠤ ᠳᠡᠶᠢᠯᠬᠦ ᠦᠭᠡᠶ︾᠎ ᠂ ᠰᠠᠭᠤᠭᠠᠯᠢ ᠠᠷᠠᠳ ᠪᠣᠯᠤᠨ ᠨᠡᠶᠢᠭᠡᠮ ᠤᠨ ᠪᠡᠯᠡ ᠮᠥᠩᠭᠦ ᠎ ᠶᠢ ᠣᠷᠣᠭᠤᠯᠬᠤ ᠳᠤᠷ᠎ᠠ ᠦᠭᠡᠶ᠂ ᠰᠡᠭᠦᠯᠴᠢ ᠎ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠪᠡᠯᠡ ᠮᠥᠩᠭᠦ ᠳᠤᠲᠠᠭᠳᠠᠬᠤ ᠵᠡᠷᠭᠡ ᠠᠰᠠᠭᠤᠳᠠᠯ ᠲᠤᠯᠭᠠᠷᠠᠵᠤ ᠪᠠᠶᠢᠨ᠎ᠠ᠂ ᠵᠠᠰᠠᠭ ᠤᠨ ᠣᠷᠳᠣᠨ ᠤ ᠣᠷᠣᠭᠤᠯᠤᠯᠲᠠ ᠳᠤ ᠲᠦᠰᠢᠭᠯᠡᠬᠦ ᠦᠵᠡᠯ ᠰᠠᠨᠠᠭ᠎ᠠ ᠮᠠᠰᠢ ᠲᠦᠭᠡᠮᠡᠯ ᠣᠷᠣᠰᠢᠵᠤ ᠪᠠᠶᠢᠨ᠎ᠠ᠂ ᠡᠶᠢᠮᠦ ᠠᠴᠠ ᠥᠭᠡᠷᠡᠴᠢᠯᠡᠬᠦ ᠬᠦᠰᠡᠯ ᠎ ᠢᠶᠠᠷ ᠮᠠᠰᠢ ᠴᠢᠩᠭ᠎ᠠ ᠪᠠᠶᠢᠵᠤ᠂ ᠵᠣᠭᠤᠰ ᠣᠷᠣᠭᠤᠯᠬᠤ ᠎ ᠶᠢ ᠬᠡᠯᠡᠮᠡᠭᠴᠡ ᠳᠤᠭᠤᠶ ᠪᠣᠯᠳᠠᠭ᠃             ᠬᠤᠶᠠᠷ ᠲᠤ ᠥᠭᠡᠷᠡᠴᠢᠯᠡᠯᠲᠡ ᠶᠢᠨ ᠪᠡᠯᠡ ᠮᠥᠩᠭᠦ ᠴᠤᠭᠯᠠᠭᠤᠯᠬᠤ ᠳᠤ ᠬᠦᠴᠢᠷᠲᠡᠶ ᠪᠠᠶᠢᠨ᠎ᠠ᠃ ᠠᠯᠠᠱᠠ ᠵᠡᠭᠦᠨ ᠬᠤᠰᠢᠭᠤᠨ ᠤ ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠶᠢᠨ ᠪᠠᠯᠠ ᠮᠥᠩᠭᠦ ᠶᠢᠨ ᠢᠷᠡᠯᠲᠡ ᠨᠢ ᠭᠤᠤᠯᠳᠠᠭᠤ ᠳᠡᠭᠡᠳᠦ ᠱᠠᠲᠤᠨ ᠤ ᠨᠥᠬᠦᠪᠥᠷᠢ ᠳᠤ ᠲᠦᠰᠢᠭᠯᠡᠵᠦ᠂ ᠣᠷᠣᠨ ᠨᠤᠲᠤᠭ ᠤᠨ ᠡᠳ᠋ ᠤᠨ ᠬᠦᠴᠦᠨ ᠪᠠᠭᠤᠷᠠᠶ ᠂ ᠣᠯᠠᠨ ᠡᠰᠢᠲᠦ ᠪᠠᠯᠠ ᠴᠤᠭᠯᠠᠭᠤᠯᠬᠤ ᠴᠢᠳᠠᠪᠤᠷᠢ ᠨᠢ ᠴᠢᠩᠭ᠎ᠠ ᠪᠢᠰᠢ᠂ ᠥᠭᠡᠷᠡᠴᠢᠯᠡᠯᠲᠡ ᠶᠢᠨ ᠪᠠᠯᠠ ᠮᠥᠩᠭᠦ ᠬᠦᠷᠦᠯᠴᠡᠬᠦ ᠥᠬᠡᠶ ᠬᠡᠰᠡᠭ ᠲᠤ ᠨᠥᠬᠦᠪᠥᠷᠢ ᠥᠭᠬᠦ ᠶᠢᠨ ᠠᠷᠭ᠎ᠠ ᠥᠬᠡᠶ᠃ ᠬᠤᠶᠢᠰᠢᠳᠠ ᠶᠢᠨ ᠥᠭᠡᠷᠡᠴᠢᠯᠡᠯᠲᠡ ᠶᠢᠨ ᠵᠦᠢᠯᠡᠰ ᠤᠨ ᠪᠡᠯᠡ ᠮᠥᠩᠭᠦ ᠤᠯᠬᠤ ᠪᠠ ᠪᠠᠷᠢᠯᠭ᠎ᠠ ᠶᠢᠨ ᠠᠬᠢᠴᠠ ᠶᠢ ᠵᠣᠬᠢᠬᠤ ᠬᠡᠮᠵᠢᠶ᠎ᠡ ᠪᠠᠷ ᠨᠥᠯᠥᠭᠡᠯᠡᠪᠡ᠃             ᠭᠤᠷᠪᠠ ᠳᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠶᠢᠨ ᠬᠡᠷᠡᠭ ᠡᠷᠬᠢᠯᠡᠬᠦ ᠭᠠᠵᠠᠷ ᠨᠡᠶᠢᠭᠡᠮ ᠲᠣᠭᠤᠷᠢᠭ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠠᠭᠤᠴᠢᠨ ᠬᠤᠷᠢᠶᠠᠯᠠᠯ ᠢ ᠥᠭᠡᠷᠡᠴᠢᠯᠡᠬᠦ ᠠᠵᠢᠯ ᠳᠤ ᠣᠷᠣᠯᠴᠠᠵᠤ᠂ ᠭᠦᠨᠴᠡ ᠪᠠᠷ ᠬᠦᠷᠦᠯᠴᠡᠬᠦ ᠦᠭᠡᠶ᠂ ᠡᠮᠦᠨᠡᠬᠢ ᠬᠤᠭᠤᠴᠠᠭᠠᠨ ᠤ ᠠᠵᠢᠯ᠂ ᠲᠥᠰᠦᠯ ᠢ ᠵᠢᠷᠤᠵᠤ ᠲᠥᠯᠥᠪᠯᠡᠬᠦ᠂ ᠴᠠᠬᠢᠯᠭᠠᠨ ᠱᠠᠲᠤ ᠨᠡᠮᠡᠵᠦ ᠤᠭᠰᠠᠷᠠᠬᠤ ᠰᠠᠭᠤᠷᠢ ᠠᠵᠢᠯ ᠢ ᠤᠷᠤᠭᠰᠢ ᠠᠬᠢᠭᠤᠯᠬᠤ᠂ ᠰᠠᠭᠤᠭᠠᠯᠢ ᠠᠷᠠᠳ ᠢ ᠳᠠᠶᠢᠴᠢᠯᠠᠨ ᠣᠷᠣᠯᠴᠠᠭᠤᠯᠬᠤ ᠵᠡᠷᠭᠡ ᠲᠠᠯ᠎ᠠ ᠪᠠᠷ᠂ ᠬᠠᠷᠢᠯᠴᠠᠨ ᠬᠠᠮᠵᠢᠯᠴᠠᠬᠤ᠂ ᠰᠠᠨᠠᠭᠠᠴᠢᠯᠠᠭ᠎ᠠ ᠎ ᠠᠴᠠ ᠪᠠᠨ ᠠᠵᠢᠯ ᠬᠢᠬᠦ ᠡᠷᠴᠢᠮ ᠢᠶᠠᠷ ᠬᠦᠷᠦᠯᠴᠡᠬᠦ ᠥᠬᠡᠶ᠂ ᠭᠤᠤᠯᠳᠠᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠨᠢᠭᠡ ᠰᠠᠯᠠᠭ᠎ᠠ ᠮᠥᠴᠢᠷ ᠠᠴᠠ ᠬᠠᠷᠢᠭᠤᠴᠠᠵᠤ ᠪᠠᠶᠢᠭᠠᠳ ᠠᠵᠢᠯ ᠢᠶᠠᠨ ᠤᠶᠠᠯᠳᠤᠭᠤᠯᠵᠤ᠂ ᠠᠵᠢᠯ ᠤᠨ ᠲᠣᠭᠲᠠᠴᠠ ᠨᠢ ᠪᠦᠷᠢᠨ ᠲᠡᠭᠦᠯᠳᠡᠷ ᠪᠢᠰᠢ᠂ ᠬᠠᠮᠢᠶ᠎ᠠ ᠪᠥᠬᠦᠶ ᠬᠠᠷᠢᠭᠤᠴᠠᠯᠭᠠᠲᠤ ᠨᠢᠭᠡᠴᠡ ᠶᠢᠨ ᠡᠷᠬᠡ ᠬᠠᠷᠢᠭᠤᠴᠠᠯᠭ᠎ᠠ ᠨᠢ ᠲᠣᠳᠣᠷᠬᠠᠶ ᠪᠢᠰᠢ ᠪᠠᠶᠢᠵᠤ᠂ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠳᠤ ᠬᠦᠴᠢᠷᠲᠡᠶ ᠪᠠᠶᠢᠨ᠎ᠠ᠃             ᠲᠦᠷᠪᠡ ᠳᠤ ᠥᠭᠡᠷᠡᠴᠢᠯᠡᠭᠰᠡᠨ ᠤ ᠲᠠᠷᠠᠭ᠎ᠠ ᠬᠠᠮᠢᠶᠠᠷᠬᠤ ᠳᠤ ᠬᠦᠴᠢᠷ ᠲᠠᠢ ᠪᠤᠯᠵᠤ᠂ ᠬᠤᠶᠠᠷ ᠤᠳᠠᠭ᠎ᠠ ᠠᠮᠠᠷᠬᠠᠨ ᠬᠥᠭᠰᠢᠷᠡᠬᠦ ᠪᠣᠯᠤᠨ᠎ᠠ᠃ ᠠᠯᠠᠱᠠ ᠵᠡᠭᠦᠨ ᠬᠤᠰᠢᠭᠤᠨ ᠤ ᠬᠡᠰᠡᠭ ᠬᠠᠭᠤᠴᠢᠨ ᠬᠤᠷᠢᠶᠠᠯᠠᠯ ᠤᠨ ᠰᠠᠭᠤᠭᠠᠯᠢ ᠠᠷᠠᠳ ᠨᠠᠰᠤᠲᠠᠶᠢᠴᠤᠳ᠂ ᠲᠦᠷ ᠴᠠᠭ ᠤᠨ ᠲᠦᠷᠢᠶᠡᠰᠦᠨ ᠡᠷᠦᠬᠡ᠂ ᠴᠠᠯᠢᠩ ᠤᠨ ᠳᠠᠪᠬᠤᠷᠭ᠎ᠠ ᠪᠠᠷ ᠭᠤᠤᠯ ᠪᠣᠯᠭᠠᠵᠤ᠂ ᠲᠤᠰᠬᠠᠶ ᠠᠳᠠᠯ ᠠᠬᠤᠶ ᠶᠢᠨ ᠠᠵᠤ ᠠᠬᠤᠶᠢᠯᠠᠯ ᠣᠷᠣᠵᠤ ᠰᠠᠭᠤᠭᠰᠠᠨ ᠥᠬᠡᠶ᠂ ᠡᠭᠦᠨ ᠤ ᠬᠠᠮᠲᠤ᠂ ᠨᠢᠭᠡᠨᠲᠡ ᠪᠠᠶᠢᠭᠤᠯᠤᠭᠰᠠᠨ ᠠᠵᠤ ᠦᠶᠯᠡᠰ ᠤᠨ ᠵᠥᠪᠯᠡᠯ ᠤᠨ ᠵᠣᠬᠢᠶᠠᠨ ᠪᠠᠶᠢᠭᠤᠯᠤᠯᠲᠠ ᠨᠢ ᠲᠤᠰᠬᠠᠶ ᠠᠵᠢᠯ ᠤᠨ ᠭᠠᠵᠠᠷ ᠥᠬᠡᠶ᠂ ᠵᠠᠷᠤᠳᠠᠯ ᠳᠤᠲᠠᠭᠳᠠᠭᠰᠠᠨ ᠠᠴᠠ ᠪᠣᠯᠵᠣ᠂ ᠥᠭᠡᠷᠡᠴᠢᠯᠡᠨ ᠪᠠᠶᠢᠭᠤᠯᠵᠤ ᠳᠠᠭᠤᠰᠤᠭᠰᠠᠨ ᠬᠠᠭᠤᠴᠢᠨ ᠬᠤᠷᠢᠶᠠᠯᠠᠯ ᠳᠤ ᠲᠤᠰᠬᠠᠶ ᠠᠳᠠᠯ ᠠᠬᠤᠶ ᠶᠢᠨ ᠦᠶᠯᠡᠴᠢᠯᠡᠭᠡ ᠶᠢ ᠲᠡᠳᠡᠨ ᠣᠷᠣᠭᠤᠯᠬᠤ ᠪᠤᠶᠤ ᠥᠮᠴᠢᠲᠡᠨ ᠤ ᠪᠡᠶ᠎ᠡ ᠪᠠᠨ ᠳᠠᠭᠠᠭᠠᠵᠤ ᠬᠠᠮᠢᠶᠠᠷᠬᠤ ᠲᠠᠯ᠎ᠠ ᠪᠠᠷ ᠨᠡᠯᠢᠶᠡᠳ ᠶᠡᠭᠡ ᠬᠦᠴᠢᠷᠳᠡᠯ ᠲᠠᠢ ᠪᠣᠯᠤᠭᠰᠠᠨ ᠪᠠᠶᠢᠨ᠎ᠠ᠃             ᠲᠠᠪᠤ ᠳᠤ ᠥᠭᠡᠷᠡᠴᠢᠯᠡᠬᠦ ᠠᠭᠤᠯᠭ᠎ᠠ ᠬᠡᠯᠪᠡᠷᠢ ᠨᠢ ᠲᠠᠩ ᠴᠤᠯᠭᠤᠶ ᠪᠠᠶᠢᠵᠤ᠂ ᠳᠡᠭᠡᠭᠰᠢᠯᠡᠭᠦᠯᠬᠦ ᠦᠷ᠎ᠡ ᠪᠦᠲᠦᠮᠵᠢ ᠨᠢ ᠢᠯᠡᠳᠲᠡ ᠪᠢᠰᠢ ᠪᠠᠶᠢᠨ᠎ᠠ᠃ ᠠᠯᠠᠱᠠ ᠵᠡᠭᠦᠨ ᠬᠤᠰᠢᠭᠤᠨ ᠤ ᠬᠠᠭᠤᠴᠢᠨ ᠬᠤᠷᠢᠶᠠᠯᠠᠯ ᠤᠨ ᠶᠡᠬᠡᠩᠬᠢ ᠬᠡᠰᠡᠭ ᠢ 2005 ᠣᠨ ᠠᠴᠠ ᠡᠮᠦᠨ᠎ᠡ ᠪᠠᠶᠢᠭᠤᠯᠵᠤ᠂ ᠬᠡᠪᠴᠢᠶ᠎ᠡ ᠪᠠᠷ ᠨᠡᠯᠢᠶᠡᠳ ᠪᠠᠭ᠎ᠠ᠂ ᠥᠭᠡᠷᠡᠴᠢᠯᠡᠬᠦ ᠣᠷᠣᠨ ᠵᠠᠶ ᠬᠢᠵᠠᠭᠠᠷ ᠲᠠᠢ᠂ ᠡᠶᠢᠮᠦ ᠠᠴᠠ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢᠨ ᠠᠭᠤᠯᠭ᠎ᠠ ᠶᠢᠨ ᠣᠯᠠᠩᠬᠢ ᠨᠢ ᠰᠠᠭᠤᠷᠢ ᠲᠥᠷᠥᠯ ᠪᠠ ᠲᠡᠭᠦᠯᠳᠡᠷᠵᠢᠭᠦᠯᠦᠯᠲᠡ ᠶᠢᠨ ᠲᠥᠷᠥᠯ ᠪᠠᠶᠢᠵᠤ᠂ ᠥᠭᠡᠷᠡᠴᠢᠯᠡᠭᠰᠡᠨ ᠤ ᠳᠠᠷᠠᠭᠠᠬᠢ ᠴᠢᠳᠠᠮᠵᠢ᠂ ᠴᠢᠨᠠᠷ ᠴᠢᠨᠰᠠᠭ᠎ᠠ ᠶᠢᠨ ᠲᠠᠯ᠎ᠠ ᠪᠠᠷ ᠬᠢ ᠳᠡᠭᠡᠭᠰᠢᠯᠡᠯᠲᠡ ᠶᠢᠨ ᠦᠷ᠎ᠡ ᠪᠦᠲᠦᠮᠵᠢ ᠨᠢ ᠢᠯᠡᠷᠬᠡᠶ ᠪᠢᠰᠢ᠃             ᠲᠠᠪᠤ᠂ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠵᠢᠴᠢ ᠰᠠᠨᠠᠭᠤᠯᠭ᠎ᠠ             ᠨᠢᠭᠡ ᠳᠤ ᠬᠤᠰᠢᠭᠤᠨ ᠤ ᠵᠠᠰᠠᠭ ᠤᠨ ᠣᠷᠳᠣᠨ ᠲᠦᠷᠦᠭᠦᠯᠡᠨ ᠶᠡᠷᠦᠩᠬᠡᠶᠢᠯᠡᠨ ᠠᠳᠬᠤᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠬᠢᠨᠠᠨ ᠵᠢᠯᠣᠭᠤᠳᠴᠤ᠂ ᠲᠡᠷᠢᠭᠦᠨ ᠤ ᠭᠠᠵᠠᠷ ᠣᠷᠣᠨ ᠤ ᠠᠵᠢᠯ ᠤᠨ ᠲᠤᠷᠰᠢᠯᠭ᠎ᠠ ᠪᠠᠷ ᠲᠣᠯᠢ ᠪᠣᠯᠭᠠᠵᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠤᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠢ ᠣᠶᠢᠯᠠᠭᠠᠬᠤ᠂ ᠠᠷᠠᠳ ᠤᠨ ᠰᠠᠨᠠᠭ᠎ᠠ  ᠶᠢ ᠴᠤᠭᠯᠠᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠪᠠ ᠣᠯᠠᠨ ᠲᠦᠮᠡᠨ ᠢ ᠳᠠᠶᠢᠴᠢᠯᠠᠬᠤ ᠲᠠᠯ᠎ᠠ ᠪᠠᠷ ᠬᠢ ᠳᠠᠪᠠᠭᠤᠯᠢᠭ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠭᠤᠴᠢᠨ ᠬᠤᠷᠢᠶᠠᠯᠠᠯ ᠢ ᠥᠭᠡᠷᠡᠴᠢᠯᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠥᠷᠨᠢᠭᠦᠯᠵᠦ᠂ ᠨᠢᠭᠡᠨᠲᠡ ᠥᠭᠡᠷᠡᠴᠢᠯᠡᠵᠦ ᠳᠠᠭᠤᠰᠬᠠᠭᠰᠠᠨ ᠰᠠᠭᠤᠭᠠᠯᠢ ᠠᠷᠠᠳ ᠤᠨ ᠲᠣᠭᠤᠷᠢᠭ ᠤᠨ ᠨᠡᠶᠢᠲᠡᠯᠢᠭ ᠬᠡᠷᠡᠭ ᠤᠨ ᠲᠤᠬᠠᠶ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠭᠤᠴᠢᠨ ᠪᠠ ᠬᠠᠭᠤᠴᠢᠨ ᠲᠣᠭᠤᠷᠢᠭ ᠢ ᠥᠭᠡᠷᠡᠴᠢᠯᠡᠬᠦ ᠠᠵᠢᠯ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠵᠦ᠂ ᠥᠭᠡᠷᠡᠴᠢᠯᠡᠬᠦ ᠶᠢᠨ ᠡᠮᠦᠨ᠎ᠡ ᠬᠤᠶᠢᠨᠠᠬᠢ ᠬᠠᠷᠢᠴᠠᠭᠤᠯᠤᠯ ᠢᠶᠠᠷ ᠳᠠᠮᠵᠢᠭᠤᠯᠤᠨ᠂ ᠥᠷᠭᠡᠨ ᠣᠯᠠᠨ ᠲᠦᠮᠡᠨ ᠳᠤ ᠬᠠᠭᠤᠴᠢᠨ ᠪᠠ ᠬᠠᠭᠤᠴᠢᠨ ᠲᠣᠭᠤᠷᠢᠭ ᠢ ᠥᠭᠡᠷᠡᠴᠢᠯᠡᠬᠦ ᠠᠵᠢᠯ ᠤᠨ ᠠᠴᠢ ᠬᠤᠯᠪᠣᠭᠳᠠᠯ ᠢ ᠦᠨᠡᠨ ᠬᠦ ᠣᠶᠢᠯᠠᠭᠠᠭᠤᠯᠵᠤ᠂ ᠡᠭᠦᠨ ᠤ ᠤᠯᠠᠮ ᠢᠶᠠᠷ ᠦᠵᠡᠯ ᠰᠠᠨᠠᠭ᠎ᠠ ᠲᠠᠨᠢᠯᠲᠠ ᠶᠢ ᠨᠢ ᠨᠢᠭᠡᠳᠬᠡᠨ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠦᠵᠡᠯᠲᠡ ᠶᠢ ᠨᠢ ᠬᠤᠪᠢᠷᠠᠭᠤᠯᠵᠤ᠂ ᠨᠠᠮ᠎ᠠ ᠶᠢ ᠱᠠᠭᠠᠷᠳᠠᠵᠤ ᠪᠠᠶᠢᠭᠰᠠᠨ ᠢ ᠥᠭᠡᠷᠡᠴᠢᠯᠡᠭᠡᠳ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠳᠡᠮᠵᠢᠬᠦ᠂ ᠣᠯᠠᠨ ᠲᠦᠮᠡᠨ ᠤ ᠢᠳᠡᠪᠬᠢᠲᠡᠶ ᠣᠷᠣᠯᠴᠠᠬᠤ ᠭᠦᠨ ᠵᠤᠵᠠᠭᠠᠨ ᠬᠦᠷᠢᠶ᠎ᠡ ᠬᠡᠪᠴᠢᠶ᠎ᠡ ᠶᠢ ᠪᠣᠶ ᠪᠣᠯᠭᠠᠬᠤ ᠬᠡᠷᠡᠭᠲᠡᠶ᠃             ᠬᠤᠶᠠᠷ ᠲᠤ᠂ ᠤᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠤᠨ ᠬᠠᠭᠤᠴᠢᠨ ᠬᠤᠷᠢᠶᠠᠯᠠᠯ ᠢ ᠥᠭᠡᠷᠡᠴᠢᠯᠡᠨ᠎ᠡ᠃ ᠬᠤᠲᠠ ᠪᠠᠯᠭᠠᠰᠤ ᠶᠢᠨ ᠬᠠᠭᠤᠴᠢᠨ ᠪᠠ ᠬᠠᠭᠤᠴᠢᠨ ᠬᠤᠷᠢᠶᠠᠯᠠᠯ ᠢ ᠥᠭᠡᠷᠡᠴᠢᠯᠡᠨ ᠰᠢᠨᠡᠳᠬᠡᠬᠦ ᠨᠥᠬᠦᠪᠥᠷᠢ ᠶᠢᠨ ᠪᠠᠯᠠ ᠮᠥᠩᠭᠦ ᠶᠢ ᠴᠢᠷᠮᠠᠶᠢᠨ ᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠶᠢᠮᠠᠭ᠂ ᠬᠤᠰᠢᠭᠤᠨ ᠤ ᠡᠯ᠎ᠡ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠲᠠᠢ ᠨᠢᠭᠲᠠ ᠬᠠᠷᠢᠯᠴᠠᠬᠤ ᠶᠢᠨ ᠬᠠᠮᠲᠤ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠶ ᠠᠬᠢᠭᠤᠯᠵᠤ᠂ ᠲᠥᠷᠥᠯ ᠵᠦᠶᠯ᠂ ᠪᠠᠯᠠ ᠮᠥᠩᠭᠦ ᠮᠡᠳᠡᠭᠦᠯᠬᠦ ᠮᠠᠲ᠋ᠧᠷᠢᠶᠠᠯ ᠢ ᠲᠡᠭᠦᠯᠳᠡᠷᠵᠢᠭᠦᠯᠦᠨ᠂ ᠥᠭᠡᠷᠡᠴᠢᠯᠡᠨ ᠰᠢᠨᠡᠳᠬᠡᠬᠦ ᠲᠥᠷᠥᠯ ᠵᠦᠶᠯ ᠢ ᠪᠦᠬᠦᠨ ᠢ ᠮᠡᠳᠡᠭᠦᠯᠵᠦ᠂ ᠪᠠᠯᠠ ᠮᠥᠩᠭᠦ ᠶᠢ ᠨᠥᠬᠦᠪᠥᠷᠢᠯᠡᠵᠦ ᠳᠡᠶᠢᠯᠬᠦ ᠶᠢ ᠪᠦᠬᠦᠨ ᠢ ᠨᠥᠬᠦᠪᠥᠷᠢᠯᠡᠬᠦ ᠶᠢ ᠪᠠᠲᠤᠯᠠᠨ᠎ᠠ᠃ ᠡᠭᠦᠨ ᠤ ᠬᠠᠮᠲᠤ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠨᠥᠬᠦᠪᠥᠷᠢ ᠶᠢᠨ ᠪᠠᠯᠠ ᠮᠥᠩᠭᠦ ᠶᠢ ᠴᠠᠭ ᠲᠤᠬᠠᠶ ᠳᠤᠨᠢ ᠰᠠᠯᠭᠠᠨ ᠥᠭᠴᠦ᠂ ᠪᠠᠯᠠ ᠮᠥᠩᠭᠦ ᠶᠢ ᠰᠢᠬᠠᠨ ᠡᠵᠡᠯᠡᠬᠦ᠂ ᠨᠡᠭᠦᠯᠭᠡᠨ ᠬᠡᠷᠡᠭᠯᠡᠬᠦ ᠠᠴᠠ ᠵᠠᠶᠢᠯᠠᠰᠬᠢᠵᠦ᠂ ᠣᠨ ᠤ ᠨᠥᠬᠦᠪᠥᠷᠢ ᠶᠢᠨ ᠪᠠᠯᠠ ᠮᠥᠩᠭᠦ ᠶᠢ ᠰᠢᠯᠵᠢᠭᠦᠯᠦᠨ ᠥᠭᠬᠦ ᠬᠠᠷᠢᠴᠠᠯ ᠪᠠ ᠪᠠᠷᠢᠯᠭ᠎ᠠ ᠶᠢᠨ ᠠᠬᠢᠴᠠ ᠶᠢ ᠳᠡᠭᠡᠳᠦ ᠱᠠᠲᠤᠨ ᠤ ᠱᠠᠭᠠᠷᠳᠠᠯᠭ᠎ᠠ ᠳᠤ ᠬᠦᠷᠦᠭᠦᠯᠬᠦ ᠶᠢ ᠪᠠᠲᠤᠯᠠᠨ᠂ ᠲᠠᠷᠠᠭᠠᠴᠢ ᠶᠢᠨ ᠨᠥᠬᠦᠪᠥᠷᠢ ᠶᠢᠨ ᠪᠠᠯᠠ ᠮᠥᠩᠭᠦ ᠤᠯᠬᠤ ᠪᠠ ᠲᠥᠷᠥᠯ ᠵᠦᠶᠯ ᠢ ᠭᠤᠶᠤᠴᠢᠯᠠᠨ ᠮᠡᠳᠡᠭᠦᠯᠬᠦ ᠳᠤ ᠨᠥᠬᠦᠴᠡᠯ ᠪᠦᠷᠢᠯᠳᠦᠭᠦᠯᠵᠦ ᠥᠭᠭᠦᠨ᠎ᠡ᠃             ᠭᠤᠷᠪᠠ ᠳᠤ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ︽ᠬᠠᠭᠤᠴᠢᠨ ᠪᠠ ᠬᠠᠭᠤᠴᠢᠨ ᠬᠤᠷᠢᠶᠠᠯᠠᠯ ᠤᠨ ᠵᠢᠯᠣᠭᠤᠳᠬᠤ ᠠᠵᠢᠯ ᠤᠨ ᠲᠦᠷᠢᠮ︾᠎  ᠪᠣᠯᠤᠨ ᠠᠶᠢᠮᠠᠭ ᠤᠨ ᠵᠠᠬᠢᠷᠭ᠎ᠠ ᠶᠢᠨ ᠨᠡᠶᠢᠲᠡᠯᠡᠭᠰᠡᠨ ︽ᠬᠠᠭᠤᠴᠢᠨ ᠪᠠ ᠬᠠᠭᠤᠴᠢᠨ ᠬᠤᠷᠢᠶᠠᠯᠠᠯ ᠤᠨ ᠬᠠᠮᠲᠤᠷᠠᠭᠰᠠᠨ ᠠᠵᠢᠯ ᠤᠨ ᠬᠤᠷᠠᠯ ᠤᠨ ᠲᠦᠷᠢᠮ︾᠎ ᠎ ᠤᠨ ᠱᠠᠭᠠᠷᠳᠠᠯᠭ᠎ᠠ ᠶᠣᠰᠣᠭᠠᠷ᠂ ᠠᠯᠠᠱᠠ ᠵᠡᠭᠦᠨ ᠬᠤᠰᠢᠭᠤ ︽ᠠᠯᠠᠱᠠ ᠵᠡᠭᠦᠨ ᠬᠤᠰᠢᠭᠤᠨ ᠤ ᠬᠠᠭᠤᠴᠢᠨ ᠪᠠ ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠲᠦᠷᠢᠮ︾᠎ ᠎ ᠢ ᠲᠣᠭᠲᠠᠭᠠᠵᠤ᠂ ᠡᠯ᠎ᠡ ᠰᠠᠯᠠᠭ᠎ᠠ ᠮᠥᠴᠢᠷ ᠤᠨ ᠬᠢᠨ ᠬᠠᠷᠠᠯᠲᠠ ᠶᠢᠨ ᠡᠭᠦᠷᠭᠡ ᠪᠠᠨ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠬᠢᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠵᠣᠬᠢᠶᠠᠨ ᠪᠠᠶᠢᠭᠤᠯᠵᠤ ᠵᠣᠬᠢᠴᠠᠭᠤᠯᠬᠤ ᠪᠠ ᠰᠢᠪᠠᠳᠠᠨ ᠵᠢᠯᠣᠭᠤᠳᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠨ ᠬᠢᠨ ᠠᠵᠠ ᠲᠣᠬᠢᠶᠠᠯ ᠢ ᠠᠮᠵᠢᠵᠤ᠂ ᠬᠤᠳᠠ ᠪᠠᠯᠭᠠᠰᠤᠨ ᠤ ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠵᠢᠴᠢ ᠨᠥᠬᠦᠪᠥᠷᠢ ᠪᠡᠯᠡ ᠮᠥᠩᠭᠦ ᠶᠢ ᠤᠯᠬᠤ ᠪᠠᠷ ᠢᠳᠡᠪᠬᠢᠲᠡᠢ ᠴᠢᠷᠮᠠᠶᠢᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠢᠳᠡᠪᠬᠢᠲᠡᠶ ᠪᠠᠷ ᠪᠡᠯᠡ ᠮᠥᠩᠭᠦ ᠴᠤᠭᠯᠠᠭᠤᠯᠵᠤ᠂ ᠴᠠᠭ ᠲᠤᠬᠠᠶ ᠳᠤᠨᠢ᠂ ᠭᠦᠢᠴᠡᠳ ᠲᠤᠭ᠎ᠠ ᠪᠠᠷ ᠰᠠᠯᠭᠠᠨ ᠥᠭᠴᠦ᠂ ᠥᠭᠡᠷᠡᠴᠢᠯᠡᠬᠦ ᠠᠵᠢᠯ ᠢ ᠦᠨᠡᠨᠬᠦ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠭᠤᠣᠯᠳᠠᠯᠭ᠎ᠠ ᠪᠣᠯᠭᠠᠨ᠎ᠠ᠃ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠵᠡᠷᠭᠡ ᠰᠠᠯᠠᠭ᠎ᠠ ᠮᠥᠴᠢᠷ ᠤᠳ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠢ ᠢᠳᠡᠪᠬᠢᠲᠡᠶ ᠪᠠᠷ ᠬᠠᠪᠰᠤᠷᠴᠤ ᠪᠠᠶᠢᠭᠠᠳ ᠲᠣᠭᠲᠠᠭᠠᠯ ᠎ ᠠᠴᠠ ᠵᠥᠷᠢᠴᠡᠭᠰᠡᠨ ᠪᠥᠲᠥᠭᠡᠨ ᠪᠠᠶᠢᠭᠤᠯᠤᠯᠲᠠ ᠶᠢ ᠨᠤᠷᠠᠭᠠᠨ ᠠᠷᠢᠯᠭᠠᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠬᠡᠷᠡᠭᠲᠡᠶ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠤᠨ ᠬᠢᠨ ᠬᠠᠭᠤᠴᠢᠨ ᠬᠤᠷᠢᠶᠠᠯᠠᠯ ᠢ ᠥᠭᠡᠷᠡᠴᠢᠯᠡᠬᠦ ᠳᠤ ᠪᠥᠬᠦ ᠶᠠᠪᠤᠴᠠ ᠪᠠᠷ ᠣᠷᠣᠯᠴᠠᠵᠤ᠂ ᠣᠯᠠᠨ ᠲᠦᠮᠡᠨ ᠤ ᠰᠠᠨᠠᠯ ᠢ ᠬᠤᠷᠢᠶᠠᠬᠤ᠂ ᠤᠬᠠᠭᠤᠯᠤᠨ ᠬᠥᠲᠥᠯᠦᠨ ᠵᠢᠯᠣᠭᠤᠳᠬᠤ᠂ ᠵᠢᠭᠤᠷᠠᠯᠳᠤᠭᠠᠨ ᠢ ᠠᠷᠢᠯᠭᠠᠬᠤ ᠵᠡᠷᠭᠡ ᠠᠵᠢᠯ ᠢ ᠰᠠᠶᠢᠲᠤᠷ ᠬᠢᠵᠦ᠂ ᠢᠯᠠᠩᠭᠤᠶ᠎ᠠ ᠠᠳᠠᠯ ᠠᠬᠤᠶ ᠶᠢᠨ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠭᠦᠶᠴᠡᠳᠬᠡᠵᠦ᠂ ᠥᠭᠡᠷᠡᠴᠢᠯᠡᠭᠰᠡᠨ ᠤ ᠳᠠᠷᠠᠭᠠᠬᠢ ᠬᠠᠮᠢᠶᠠᠷᠤᠯᠲᠠ ᠶᠢ ᠴᠢᠩᠭᠠᠳᠬᠠᠨ᠂ ᠬᠠᠭᠤᠴᠢᠨ ᠬᠤᠷᠢᠶᠠᠯᠠᠯ ᠢ ᠥᠭᠡᠷᠡᠴᠢᠯᠡᠭᠰᠡᠨ ᠤ ᠳᠠᠷᠠᠭ᠎ᠠ ᠠᠳᠠᠯ ᠠᠬᠤᠶ ᠶᠢᠨ ᠬᠠᠮᠢᠶᠠᠷᠤᠯᠲᠠ ᠶᠢ ᠴᠠᠭ ᠲᠤᠬᠠᠶ ᠳᠤᠨᠢ ᠪᠦᠷᠢᠨ ᠪᠦᠷᠬᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠤᠰᠤ ᠬᠠᠩᠭᠠᠬᠤ᠂ ᠴᠠᠬᠢᠯᠭᠠᠨ ᠬᠠᠩᠭᠠᠬᠤ᠂ ᠳᠤᠯᠠᠭᠠᠯᠠᠭ᠎ᠠ ᠬᠠᠩᠭᠠᠬᠤ᠂ ᠴᠢᠮᠡᠭᠡ ᠬᠤᠯᠪᠣᠭ᠎ᠠ ᠵᠡᠷᠭᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠲᠣᠰ ᠪᠡᠶ᠎ᠡ ᠶᠢᠨ ᠡᠭᠦᠷᠭᠡᠯᠡᠵᠦ ᠪᠠᠶᠢᠭ᠎ᠠ ᠨᠡᠶᠢᠭᠡᠮ ᠤᠨ ᠬᠠᠷᠢᠭᠤᠴᠠᠯᠭ᠎ᠠ ᠪᠠᠨ ᠲᠣᠳᠣᠷᠬᠠᠶ ᠪᠣᠯᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠪᠣᠯᠬᠤ ᠨᠡᠶᠢᠭᠡᠮ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ᠂ ᠠᠵᠢᠯ ᠤᠨ ᠲᠥᠯᠥᠪᠯᠡᠭᠡ ᠪᠠᠨ ᠬᠢᠨᠠᠮᠠᠭᠠᠶ ᠲᠣᠭᠲᠠᠭᠠᠨ᠂ ᠢᠵᠢ ᠪᠥᠷᠢᠳᠦᠭᠦᠯᠬᠦ ᠪᠠᠯᠠ ᠮᠥᠩᠭᠦ ᠭᠠᠷᠭᠠᠵᠤ᠂ ᠲᠤᠰᠬᠠᠶ ᠮᠡᠷᠭᠡᠵᠢᠯ ᠤᠨ ᠡᠩᠨᠡᠭᠡ ᠪᠠᠶᠢᠭᠤᠯᠤᠨ᠂ ᠥᠭᠡᠷᠡᠴᠢᠯᠡᠬᠦ ᠠᠵᠢᠯ ᠳᠤ ᠢᠳᠡᠪᠬᠢᠲᠡᠶ ᠣᠷᠣᠯᠴᠠᠵᠤ᠂ ᠢᠯᠠᠩᠭᠤᠶ᠎ᠠ ᠬᠤᠭᠤᠯᠠᠶ ᠤᠲᠠᠰᠤ ᠶᠢ ᠰᠢᠨᠡᠳᠬᠡᠬᠦ᠂ ᠠᠭᠠᠷ ᠲᠠᠬᠢ ᠵᠠᠮ ᠱᠤᠭᠤᠮ ᠢ ᠲᠡᠭᠰᠢᠯᠡᠬᠦ ︵᠎  ᠭᠠᠵᠠᠷ ᠣᠷᠣᠨ ᠳᠤ ᠣᠷᠣᠭᠤᠯᠬᠤ︶᠎  ᠵᠡᠷᠭᠡ ᠲᠠᠯ᠎ᠠ ᠪᠠᠷ ᠪᠠᠯᠠ ᠮᠥᠩᠭᠦ᠂ ᠡᠳ᠋ ᠪᠣᠳᠠᠰ ᠪᠠ ᠴᠢᠳᠠᠪᠤᠷᠢᠲᠠᠨ ᠤ ᠳᠠᠪᠠᠭᠤᠯᠢᠭ ᠢᠶᠠᠨ ᠪᠠᠳᠠᠷᠠᠭᠤᠯᠬᠤ ᠬᠡᠷᠡᠭᠲᠡᠶ᠃ ᠪᠤᠰᠤᠳ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠮᠲᠤᠷᠠᠭᠰᠠᠨ ᠬᠤᠷᠠᠯ ᠤᠨ ᠠᠵᠢᠯ ᠤᠨ ᠬᠤᠪᠢᠶᠠᠷᠢᠯᠠᠯ ᠤᠨ ᠲᠣᠬᠢᠷᠠᠭᠤᠯᠤᠯᠲᠠ ᠶᠣᠰᠣᠭᠠᠷ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠶᠢᠨ ᠬᠡᠷᠡᠭ ᠡᠷᠬᠢᠯᠡᠬᠦ ᠭᠠᠵᠠᠷ ᠨᠡᠶᠢᠭᠡᠮ ᠲᠣᠭᠤᠷᠢᠭ ᠤᠨ ᠠᠵᠢᠯ ᠢᠶᠠᠨ ᠥᠷᠨᠢᠭᠦᠯᠬᠦ ᠳᠤᠨᠢ ᠢᠳᠡᠪᠬᠢᠲᠡᠶ ᠬᠠᠮᠵᠢᠯᠴᠠᠵᠤ᠂ ᠰᠠᠨᠠᠭᠠᠴᠢᠯᠠᠭ᠎ᠠ ᠎ ᠠᠴᠠ ᠪᠠᠨ ᠠᠵᠢᠯ ᠬᠢᠬᠦ ᠬᠡᠷᠡᠭᠲᠡᠶ᠃             ᠳᠥᠷᠪᠡ ᠳᠤ ᠥᠭᠡᠷᠡᠴᠢᠯᠡᠬᠦ ᠲᠥᠰᠦᠯ ᠎ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠴᠢᠨᠠᠷ ᠴᠢᠨᠰᠠᠭ᠎ᠠ ᠶᠢ ᠦᠨᠡᠨ ᠬᠦ ᠳᠡᠭᠡᠭᠰᠢᠯᠡᠭᠦᠯᠦᠨ᠎ᠡ᠃ ᠡᠩ ᠲᠡᠷᠢᠭᠦᠨ ᠳᠤ ᠨᠡᠶᠢᠭᠡᠮ ᠲᠣᠭᠤᠷᠢᠭ᠂ ᠥᠮᠴᠢᠲᠡᠨ ᠤ ᠵᠥᠪᠯᠡᠯ᠂ ᠠᠳᠠᠯ ᠠᠬᠤᠶ ᠶᠢᠨ ᠺᠣᠮᠫᠠᠨᠢ᠂ ᠤᠰᠤ ᠬᠠᠩᠭᠠᠬᠤ ᠤᠰᠤ ᠵᠠᠯᠠᠬᠤ ᠺᠣᠮᠫᠠᠨᠢ ᠵᠡᠷᠭᠡ ᠶᠢ ᠤᠷᠢᠵᠤ ᠥᠭᠡᠷᠡᠴᠢᠯᠡᠬᠦ ᠪᠠᠷ ᠲᠥᠯᠥᠪᠯᠡᠵᠦ ᠪᠠᠶᠢᠭ᠎ᠠ ᠬᠠᠭᠤᠴᠢᠨ ᠬᠤᠷᠢᠶᠠᠯᠠᠯ ᠤᠨ ᠤᠰᠤ ᠬᠠᠩᠭᠠᠬᠤ ᠤᠰᠤ ᠵᠠᠯᠠᠬᠤ ᠬᠤᠭᠤᠯᠠᠶ ᠶᠢᠨ ᠲᠣᠤᠷ᠂ ᠳᠤᠯᠠᠭᠠᠯᠠᠭ᠎ᠠ ᠬᠠᠩᠭᠠᠬᠤ ᠬᠤᠭᠤᠯᠠᠶ ᠶᠢᠨ ᠲᠣᠤᠷ᠂ ᠬᠤᠷᠢᠶᠠᠯᠠᠯ ᠤᠨ ᠬᠠᠲᠠᠭᠤᠷᠠᠯ᠂ ᠬᠤᠷᠢᠶᠠᠯᠠᠯ ᠤᠨ ᠣᠷᠴᠢᠨ ᠲᠣᠭᠤᠷᠢᠨ ᠵᠡᠷᠭᠡ ᠳᠤ ᠪᠥᠬᠦ ᠲᠠᠯ᠎ᠠ ᠶᠢᠨ ᠰᠢᠰᠲ᠋ᠧᠮ ᠲᠠᠢ ᠪᠠᠶᠢᠴᠠᠭᠠᠯᠲᠠ ᠬᠢᠵᠦ᠂ ᠤᠰᠤ᠂ ᠴᠠᠬᠢᠯᠭᠠᠨ᠂ ᠬᠡᠶ᠂ ᠵᠠᠮ᠂ ᠪᠣᠬᠢᠷᠲᠤᠯ ᠭᠠᠳᠠᠭᠰᠢᠯᠠᠭᠤᠯᠬᠤ ᠵᠡᠷᠭᠡ ᠠᠰᠠᠭᠤᠳᠠᠯ ᠢ ᠤᠷᠢᠳ ᠢᠶᠠᠷ ᠰᠢᠶᠳᠪᠦᠷᠢᠯᠡᠨ᠎ᠡ᠃ ᠬᠡᠰᠡᠭ ᠪᠤᠰᠠᠭ ᠰᠤᠯᠠ ᠬᠡᠷᠡᠭᠯᠡᠬᠦ ᠭᠠᠵᠠᠷ ᠢ ᠥᠭᠡᠷᠡᠴᠢᠯᠡᠬᠦ᠂ ᠴᠡᠴᠡᠷᠯᠢᠭᠵᠢᠭᠦᠯᠦᠯᠲᠡ ᠶᠢᠨ ᠪᠦᠰᠡ ᠶᠢ ᠥᠭᠡᠷᠡᠴᠢᠯᠡᠬᠦ ᠪᠤᠶᠤ ᠡᠷᠬᠢᠨ ᠲᠣᠭᠤᠷᠢᠨ  ᠤ ᠨᠢᠭᠡᠴᠡ ᠯᠦᠭᠡ ᠬᠠᠮᠲᠤᠪᠠᠷ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠲᠡᠷᠭᠡ ᠵᠣᠭᠰᠣᠭᠠᠬᠤ ᠪᠠᠶᠢᠷᠢ ᠶᠢ ᠨᠡᠮᠡᠭᠳᠡᠭᠦᠯᠵᠦ᠂ ᠨᠥᠬᠦᠴᠡᠯ ᠲᠠᠢ ᠨᠢ ᠮᠠᠰᠢᠨ ᠲᠡᠷᠭᠡᠨ  ᠤ ᠴᠠᠬᠢᠯᠭᠠᠨ ᠴᠡᠨᠡᠭᠯᠡᠬᠦ ᠱᠣᠩ ᠪᠠ ᠴᠠᠬᠢᠯᠭᠠᠨ ᠬᠤᠷᠢᠶᠠᠭᠤᠷ ᠲᠡᠷᠭᠡᠨ  ᠤ ᠴᠠᠬᠢᠯᠭᠠᠨ ᠴᠡᠨᠡᠭᠯᠡᠬᠦ ᠰᠠᠷᠠᠪᠴᠢ ᠨᠡᠮᠡᠵᠦ ᠪᠠᠶᠢᠭᠤᠯᠬᠤ ᠬᠡᠷᠡᠭᠲᠡᠶ᠃ ᠰᠠᠭᠤᠭᠠᠯᠢ ᠠᠷᠠᠳ ᠤᠨ ᠣᠯᠠᠨ ᠨᠡᠶᠢᠲᠡ ᠶᠢᠨ ᠠᠵᠢᠯᠯᠠᠭᠠᠨ ᠤ ᠣᠷᠣᠨ ᠵᠠᠶ ᠶᠢ ᠥᠷᠭᠡᠳᠬᠡᠵᠦ᠂ ᠬᠤᠷᠢᠶᠠᠯᠠᠯ ᠤᠨ ᠳᠣᠲᠣᠷᠠᠬᠢ ᠡᠪᠳᠡᠷᠡᠵᠦ ᠰᠦᠶᠳᠦᠭᠰᠡᠨ ᠣᠯᠠᠨ ᠨᠡᠶᠢᠲᠡ ᠶᠢᠨ ᠰᠡᠯᠡᠭᠦᠴᠡᠯ ᠤᠨ ᠪᠡᠯᠡᠳᠬᠡᠮᠵᠢ ᠶᠢ ᠴᠠᠭ ᠲᠤᠬᠠᠶ ᠳᠤᠨᠢ ᠰᠡᠯᠪᠢᠨ ᠵᠠᠰᠠᠵᠤ ᠰᠢᠨᠡᠳᠬᠡᠵᠦ᠂ ᠬᠤᠷᠢᠶᠠᠯᠠᠯ ᠤᠨ ᠡᠷᠡᠭᠦᠯ ᠡᠩᠬᠡ ᠶᠢᠨ ᠵᠠᠮ᠂ ᠰᠡᠯᠡᠭᠦᠴᠡᠯ ᠤᠨ ᠲᠠᠯᠠᠪᠤᠷ ᠭᠠᠵᠠᠷ ᠪᠠ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠨᠡᠮᠡᠨ ᠪᠠᠶᠢᠭᠤᠯᠵᠤ᠂ ᠨᠥᠬᠦᠴᠡᠯ ᠪᠥᠷᠢᠳᠦᠭᠰᠡᠨ ᠪᠠᠶᠢᠪᠠᠯ ᠨᠠᠰᠤᠲᠠᠶᠢᠴᠤᠳ ᠤᠨ ᠠᠵᠢᠯᠯᠠᠭᠠᠨ ᠤ ᠲᠥᠪ ᠢ ᠪᠠᠶᠢᠭᠤᠯᠤᠨ ᠲᠡᠭᠦᠯᠳᠡᠷᠵᠢᠭᠦᠯᠵᠦ᠂ ᠨᠡᠶᠢᠭᠡᠮ ᠤᠨ ᠬᠥᠷᠥᠩᠭᠡ ᠶᠢ ᠣᠷᠣᠭᠤᠯᠤᠨ ᠠᠪᠴᠢᠷᠠᠵᠤ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠦᠵᠢᠭᠦᠯᠬᠦ ᠪᠠᠶᠢᠭᠤᠯᠤᠮᠵᠢ ᠶᠢ ᠪᠥᠲᠥᠭᠡᠨ ᠪᠠᠶᠢᠭᠤᠯᠬᠤ ᠬᠡᠷᠡᠭᠲᠡᠶ᠃ ᠳᠠᠷᠠᠭ᠎ᠠ ᠳᠤᠨᠢ ᠲᠥᠷᠥᠯ ᠵᠦᠶᠯ ᠤᠨ ᠲᠠᠰ ᠳᠠᠷᠠᠭᠠᠯᠠᠯ ᠢ ᠴᠢᠩᠳᠠᠯᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠥᠷᠥᠯ ᠵᠦᠶᠯ ᠤᠨ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠲᠠᠰ ᠳᠠᠷᠠᠭᠠᠯᠠᠯ ᠤᠨ ᠶᠣᠰᠣᠭᠠᠷ᠂ ᠲᠥᠷᠥᠯ ᠵᠦᠶᠯ ᠢ ᠬᠢᠨᠠᠨ ᠵᠥᠪᠰᠢᠶᠡᠷᠡᠬᠦ ᠪᠠ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠲᠠᠰ ᠳᠠᠷᠠᠭᠠᠯᠠᠯ ᠢ ᠴᠢᠩᠳᠠᠯᠠᠵᠤ᠂ ᠲᠤᠷᠰᠢᠯᠭ᠎ᠠ ᠪᠠᠷ ᠪᠠᠶᠠᠯᠢᠭ᠂ ᠪᠣᠳᠠᠲᠤ ᠬᠦᠴᠦᠨ ᠢᠶᠠᠷ ᠴᠢᠩᠭ᠎ᠠ᠂ ᠢᠲᠡᠭᠡᠯ ᠬᠦᠨᠳᠦ ᠪᠠᠷ ᠰᠠᠶᠢᠨ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠨᠢᠭᠡᠴᠡ ᠶᠢᠨ ᠰᠢᠯᠢᠳᠡᠭ ᠢ ᠰᠣᠩᠭᠤᠵᠤ ᠢᠨᠵᠧᠨᠧᠷᠢᠩ ᠤᠨ ᠬᠡᠷᠡᠭᠵᠢᠭᠦᠯᠦᠯᠲᠡ ᠳᠤ ᠣᠷᠣᠯᠴᠠᠭᠤᠯᠤᠨ᠎ᠠ᠃ ᠬᠢᠨᠠᠨ ᠬᠠᠮᠢᠶᠠᠷᠴᠤ ᠰᠢᠮᠳᠠᠭᠤᠯᠤᠨ ᠪᠠᠶᠢᠴᠠᠭᠠᠬᠤ ᠲᠠᠯ᠎ᠠ ᠪᠠᠷ᠂ ᠴᠢᠨᠠᠷ ᠴᠢᠨᠰᠠᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠡᠷᠴᠢᠮ ᠢ ᠴᠢᠩᠭᠠᠳᠬᠠᠵᠤ᠂ ᠪᠠᠷᠢᠯᠭ᠎ᠠ ᠶᠢᠨ ᠴᠢᠨᠠᠷ ᠴᠢᠨᠰᠠᠭ᠎ᠠ ᠶᠢᠨ ᠠᠮᠤᠷ ᠲᠦᠪᠰᠢᠨ ᠤ ᠲᠤᠰᠬᠠᠶ ᠵᠦᠶᠯ ᠤᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠥᠭᠡᠷᠡᠴᠢᠯᠡᠬᠦ ᠲᠥᠷᠥᠯ ᠵᠦᠶᠯ ᠤᠨ ᠪᠠᠷᠢᠯᠭ᠎ᠠ ᠶᠢᠨ ᠴᠢᠨᠠᠷ ᠴᠢᠨᠰᠠᠭ᠎ᠠ ᠪᠠ ᠪᠠᠷᠢᠯᠭ᠎ᠠ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠪᠠᠷᠢᠯᠭ᠎ᠠ ᠶᠢᠨ ᠠᠵᠢᠯ ᠳᠠᠭᠤᠰᠤᠭᠰᠠᠨ  ᠤ ᠲᠠᠷᠠᠭ᠎ᠠ᠂ ᠪᠠᠷᠢᠯᠭ᠎ᠠ ᠶᠢᠨ ᠠᠵᠢᠯ ᠳᠤ ᠣᠷᠣᠯᠴᠠᠭᠰᠠᠨ ᠨᠢᠭᠡᠴᠡ ᠶᠢ ᠵᠣᠬᠢᠶᠠᠨ ᠪᠠᠶᠢᠭᠤᠯᠤᠨ ᠰᠢᠯᠭᠠᠨ ᠠᠪᠴᠤ᠂ ᠡᠯ᠎ᠡ ᠭᠤᠭᠴᠤᠭ᠎ᠠ ᠶᠢᠨ ᠦᠷ᠎ᠡ ᠪᠦᠲᠦᠭᠡᠯ ᠳᠤ ᠪᠠᠶᠢᠴᠠᠭᠠᠯᠲᠠ ᠦᠨᠡᠯᠡᠯᠲᠡ ᠬᠢᠵᠦ᠂ ᠪᠠᠷᠢᠯᠭ᠎ᠠ ᠶᠢᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠬᠤᠷᠢᠶᠠᠩᠭᠤᠶᠢᠯᠠᠨ ᠰᠢᠶᠳᠪᠦᠷᠢᠯᠡᠵᠦ᠂ ᠰᠢᠯᠭᠠᠨ ᠠᠪᠬᠤ ᠨᠥᠬᠦᠴᠡᠯ ᠳᠤ ᠨᠡᠶᠢᠴᠡᠬᠦ ᠥᠭᠡᠢ ᠶᠢ ᠨᠢ ᠰᠢᠯᠭᠠᠨ ᠠᠪᠬᠤ ᠥᠭᠡᠢ᠂ ᠵᠠᠷᠯᠢᠭᠳᠠᠨ ᠵᠠᠯᠠᠷᠠᠭᠤᠯᠵᠤ᠂ ᠴᠡᠭᠴᠡᠯᠡᠨ ᠰᠠᠶᠢᠵᠢᠷᠠᠭᠤᠯᠤᠭᠠᠳ ᠬᠢᠷᠢ ᠲᠡᠩᠴᠡᠭᠰᠡᠨ  ᠤ ᠲᠠᠷᠠᠭ᠎ᠠ ᠲᠠᠬᠢᠵᠦ ᠰᠢᠯᠭᠠᠨ ᠠᠪᠴᠤ᠂ ᠪᠠᠷᠢᠯᠭ᠎ᠠ ᠶᠢᠨ ᠴᠢᠨᠠᠷ ᠴᠢᠨᠰᠠᠭ᠎ᠠ ᠢ ᠦᠨᠡᠨᠬᠦ ᠪᠠᠲᠤᠯᠠᠬᠤ ᠬᠡᠷᠡᠭᠲᠡᠶ᠃             ᠲᠠᠪᠤ ᠳᠤ᠂ ᠠᠷᠭ᠎ᠠ ᠪᠦᠬᠦᠨ ᠢ ᠰᠦᠪᠡᠭᠴᠢᠯᠡᠨ ᠥᠭᠡᠷᠡᠴᠢᠯᠡᠭᠰᠡᠨ ᠤ ᠳᠠᠷᠠᠭᠠᠬᠢ ᠬᠠᠭᠤᠴᠢᠨ ᠬᠤᠷᠢᠶᠠᠯᠠᠯ ᠤᠨ ᠲᠤᠰᠬᠠᠢ ᠠᠳᠠᠯ ᠠᠬᠤᠢ ᠶᠢᠨ ᠬᠠᠮᠢᠶᠠᠷᠤᠯᠲᠠ ᠶᠢ ᠪᠦᠬᠦᠨ ᠢ ᠪᠦᠷᠬᠦᠬᠦᠯᠬᠦ ᠶᠢ ᠠᠬᠢᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠬᠠᠭᠤᠴᠢᠨ ᠬᠤᠷᠢᠶᠠᠯᠠᠯ ᠤᠨ ᠠᠳᠠᠯ ᠠᠬᠤᠢ ᠶᠢᠨ ᠠᠵᠤ ᠠᠬᠤᠶᠢᠯᠠᠯ ᠢ ᠬᠦᠯᠢᠶᠡᠨ ᠠᠪᠬᠤ ᠲᠡᠳᠬᠦᠮᠵᠢ ᠶᠢᠨ ᠲᠦᠷᠦ ᠶᠢᠨ ᠪᠤᠳᠤᠯᠭ᠎ᠠ ᠶᠢ ᠲᠣᠭᠲᠠᠭᠠᠵᠤ᠂ ᠠᠳᠠᠯ ᠠᠬᠤᠢ ᠦᠭᠡᠢ ᠪᠤᠶᠤ ᠳᠣᠣᠷ᠎ᠠ ᠦᠨ᠎ᠡ ᠲᠠᠢ ᠴᠢᠨᠠᠷ ᠰᠠᠶᠢᠲᠠᠢ ᠠᠳᠠᠯ ᠠᠬᠤᠢ ᠶᠢᠨ ᠬᠠᠮᠢᠶᠠᠷᠤᠯᠲᠠ ᠶᠢᠨ ᠰᠠᠭᠤᠭᠠᠯᠢ ᠠᠷᠠᠳ ᠤᠨ ᠲᠣᠭᠤᠷᠢᠭ ᠤᠨ ᠬᠤᠶᠠᠳᠠᠬᠢ ᠤᠳᠠᠭᠠᠨ ᠤ ᠨᠠᠰᠤᠵᠢᠯᠲᠠ ᠶᠢ ᠲᠦᠷᠭᠡᠳᠬᠡᠬᠦ ᠠᠴᠠ ᠵᠠᠶᠢᠯᠠᠰᠬᠢᠨ᠎ᠡ᠃ ᠲᠣᠰ ᠵᠦᠶᠯ ᠤᠨ ᠠᠵᠢᠯ ᠢ ᠥᠭᠡᠷᠡᠴᠢᠯᠡᠨ ᠰᠢᠨᠡᠳᠬᠡᠬᠦ ᠠᠵᠢᠯ ᠲᠠᠢ ᠵᠡᠷᠭᠡ ᠪᠠᠷ ᠤᠷᠤᠭᠰᠢ ᠠᠬᠢᠭᠤᠯᠵᠤ᠂ ᠠᠳᠠᠯ ᠠᠬᠤᠶ ᠶᠢᠨ ᠠᠵᠢᠯ ᠳᠠᠭᠤᠰᠪᠠᠯ ᠳᠠᠷᠤᠶ ᠣᠷᠣᠵᠤ ᠰᠠᠭᠤᠬᠤ ᠶᠢ ᠪᠡᠶᠡᠯᠡᠭᠦᠯᠦᠨ᠎ᠡ᠃ ᠲᠤᠰᠬᠠᠶ ᠠᠳᠠᠯ ᠠᠬᠤᠶ ᠶᠢᠨ ᠣᠷᠣᠵᠤ ᠰᠠᠭᠤᠬᠤ ᠨᠥᠬᠦᠴᠡᠯ ᠢ ᠪᠦᠷᠢᠯᠳᠦᠭᠦᠯᠦᠭᠡᠳᠦᠶ ᠬᠤᠷᠢᠶᠠᠯᠠᠯ ᠳᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠲᠥᠯᠦᠨ ᠳᠠᠭᠠᠭᠤᠯᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠵᠥᠪᠯᠡᠯ ᠢ ᠳᠠᠷᠦ᠋ᠢᠬᠠᠨ ᠵᠣᠬᠢᠶᠠᠨ ᠪᠠᠶᠢᠭᠤᠯᠤᠨ ᠪᠠᠶᠢᠭᠤᠯᠵᠤ ᠣᠷᠣᠯᠠᠨ ᠬᠠᠮᠢᠶᠠᠷᠬᠤ ᠡᠭᠦᠷᠭᠡ ᠴᠢᠳᠠᠪᠤᠷᠢ ᠶᠢ ᠨᠢ ᠭᠦᠶᠴᠡᠳᠬᠡᠬᠦ ᠪᠤᠶᠤ ᠬᠤᠷᠢᠶᠠᠯᠠᠯ ᠤᠨ ᠥᠪᠡᠷᠲᠡᠭᠡᠨ ᠵᠠᠰᠠᠬᠤ ᠬᠠᠮᠢᠶᠠᠷᠤᠯᠲᠠ ᠶᠢᠨ ᠵᠠᠭᠪᠤᠷ ᠲᠤ ᠰᠢᠨ᠎ᠡ ᠶᠢ ᠡᠭᠦᠳᠬᠦ ᠬᠡᠷᠡᠭᠲᠡᠶ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号