ᠠᠯᠠᠱᠠ ᠡᠳ᠋ ᠤᠨ ᠵᠠᠰᠠᠭ ᠤᠨ ᠪᠦᠲᠦᠭᠡᠨ ᠪᠠᠶᠢᠭᠤᠯᠤᠯᠲᠠ ︽2023︾᠎  40 ᠳ᠋ᠦ᠋ᠭᠡᠷ ᠲᠣᠭᠠᠲᠤ 2023 ᠣᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠨᠥᠬᠦᠪᠥᠷᠢ ᠣᠯᠭᠤᠬᠤ ᠵᠦᠶᠯᠡᠰ ᠤᠨ ᠠᠮᠵᠢᠯᠲᠠ ᠪᠦᠲᠦᠮᠵᠢ ᠶᠢᠨ ᠥᠪᠡᠷ ᠤᠨ ᠦᠨᠡᠯᠡᠯᠲᠡ ᠶᠢᠨ ᠮᠡᠳᠡᠭᠦᠯᠦᠯᠲᠡ
ᠨᠡᠶᠢᠲᠡᠯᠡᠭᠰᠡᠨ ᠴᠠᠭ᠄
2024/7/3
            ᠨᠢᠭᠡ᠂ ᠲᠥᠷᠥᠯ ᠵᠦᠶᠯ ᠤᠨ ᠦᠨᠳᠦᠰᠦᠨ ᠪᠠᠶᠢᠳᠠᠯ             ︵᠎  ᠨᠢᠭᠡ︶᠎  ᠲᠥᠷᠥᠯ ᠵᠦᠶᠯ ᠤᠨ ᠦᠨᠳᠦᠰᠦᠨ ᠪᠠᠶᠢᠳᠠᠯ ᠤᠨ ᠲᠣᠪᠴᠢ ᠲᠠᠨᠢᠯᠴᠠᠭᠤᠯᠭ᠎ᠠ᠃             2023 ᠣᠨ ᠳᠤ 80 ᠡᠷᠦᠬᠡ ᠳᠤ ᠲᠦᠷᠢᠶᠡᠰᠦᠯᠡᠯ ᠤᠨ ᠨᠥᠬᠦᠪᠥᠷᠢ ᠣᠯᠭᠤᠪᠠ             ︵᠎  ᠬᠤᠶᠠᠷ︶᠎  ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠲᠣᠭᠲᠠᠭᠠᠭᠰᠠᠨ ᠵᠢᠴᠢ ᠭᠦᠶᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ᠃             ᠵᠢᠱᠢᠭᠰᠡᠨ ᠬᠠᠷᠠᠯᠲᠠ᠄  ᠬᠤᠲᠠ ᠪᠠᠯᠭᠠᠰᠤ ᠶᠢᠨ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠬᠤᠲᠠ ᠪᠠᠯᠭᠠᠰᠤ ᠶᠢᠨ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠶᠢ ᠨᠠᠩ ᠰᠠᠶᠢᠲᠤᠷ ᠪᠡᠶᠡᠯᠡᠭᠦᠯᠵᠦ᠂ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠷ ᠪᠦᠯᠢ ᠶᠢᠨ ᠲᠦᠷᠢᠶᠡᠰᠦᠯᠡᠯ ᠤᠨ ᠨᠥᠬᠦᠪᠥᠷᠢ ᠣᠯᠭᠤᠬᠤ ᠡᠭᠦᠷᠭᠡ ᠶᠢᠨ ᠬᠡᠮᠵᠢᠶ᠎ᠡ ᠶᠢ ᠪᠡᠶᠡᠯᠡᠭᠦᠯᠦᠨ᠎ᠡ᠃             ᠠᠮᠵᠢᠯᠲᠠ ᠪᠦᠲᠦᠮᠵᠢ ᠶᠢᠨ ᠬᠠᠷᠠᠯᠲᠠ ᠶᠢ ᠪᠣᠳᠠᠲᠠᠶ ᠪᠡᠶᠡᠯᠡᠭᠦᠯᠦᠭᠰᠡᠨ ᠪᠠᠶᠢᠳᠠᠯ᠄  80 ᠡᠷᠦᠬᠡ ᠶᠢᠨ ᠲᠦᠷᠢᠶᠡᠰᠦᠯᠡᠯ ᠤᠨ ᠨᠥᠬᠦᠪᠥᠷᠢ ᠣᠯᠭᠤᠬᠤ ᠠᠵᠢᠯ ᠢ ᠨᠢᠭᠡᠨᠲᠡ ᠪᠡᠶᠡᠯᠡᠭᠦᠯᠪᠡ᠃                         ᠬᠤᠶᠠᠷ᠂ ᠠᠵᠢᠯ ᠤᠨ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠭᠰᠡᠨ ᠠᠵᠢᠯ ᠤᠨ ᠪᠠᠶᠢᠳᠠᠯ             ︵᠎  ᠨᠢᠭᠡ︶᠎  ᠠᠵᠢᠯ ᠤᠨ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠵᠣᠷᠢᠯᠭ᠎ᠠ᠃             ᠠᠯᠠᠱᠠ ᠵᠡᠭᠦᠨ ᠬᠤᠰᠢᠭᠤᠨ ᠤ ᠬᠤᠲᠠ ᠪᠠᠯᠭᠠᠰᠤᠨ ᠤ ᠪᠠᠲᠤᠯᠠᠭ᠎ᠠ ᠶᠢᠨ ᠴᠢᠨᠠᠷᠲᠠᠶ ᠬᠢᠮᠳᠠ ᠲᠣᠬᠢᠯᠢᠭ ᠣᠷᠣᠨ ᠰᠠᠭᠤᠴᠠ ᠶᠢᠨ ᠢᠨᠵᠧᠨᠧᠷᠢᠩ ᠪᠣᠯ ᠠᠯᠠᠱᠠ ᠵᠡᠭᠦᠨ ᠬᠤᠰᠢᠭᠤᠨ ᠤ ᠬᠡᠷᠡᠭᠵᠢᠭᠦᠯᠵᠦ ᠪᠠᠶᠢᠭ᠎ᠠ ᠠᠷᠠᠳ ᠤᠨ ᠠᠮᠢᠳᠤᠷᠠᠯ ᠤᠨ ᠳᠦᠷᠦᠯ ᠵᠦᠢᠯ ᠪᠠ ᠭᠤᠣᠯᠳᠠᠯᠭ᠎ᠠ ᠲᠠᠢ ᠢᠨᠵᠧᠨᠧᠷᠢᠩ ᠪᠣᠯᠤᠨ᠎ᠠ᠃ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠢᠶᠠᠷ ᠬᠤᠳᠠ ᠶᠢᠨ ᠣᠷᠣᠯᠭ᠎ᠠ ᠪᠠᠭᠠᠲᠠᠶ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠢᠯᠠᠩᠭᠤᠶ᠎ᠠ ᠣᠷᠣᠯᠭ᠎ᠠ ᠪᠠᠭᠠᠲᠠᠶ ᠰᠠᠭᠤᠭᠠᠯᠢ ᠠᠷᠠᠳ ᠤᠨ ᠬᠡᠷᠡᠭᠯᠡᠭᠡ ᠶᠢ ᠥᠷᠭᠡᠳᠬᠡᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠡᠷᠡᠭᠯᠡᠭᠡᠨ ᠤ ᠣᠷᠴᠢᠨ ᠨᠥᠬᠦᠴᠡᠯ ᠪᠠ ᠨᠥᠬᠦᠴᠡᠯ ᠢ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠤᠨ᠎ᠠ᠃ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠷ ᠪᠦᠯᠢ ᠶᠢᠨ ᠲᠦᠷᠢᠶᠡᠰᠦᠯᠡᠯ ᠤᠨ ᠨᠥᠬᠦᠪᠥᠷᠢ ᠶᠢᠨ ᠲᠥᠷᠥᠯ ᠵᠦᠶᠯ ᠢ ᠥᠪᠡᠰᠦᠪᠡᠨ ᠦᠨᠡᠯᠡᠪᠡᠯ᠂ ᠲᠦᠷᠢᠶᠡᠰᠦᠯᠡᠯ ᠤᠨ ᠨᠥᠬᠦᠪᠥᠷᠢ ᠣᠯᠭᠤᠬᠤ ᠶᠠᠪᠤᠴᠠ ᠳᠤ ᠣᠷᠣᠰᠢᠵᠤ ᠪᠠᠶᠢᠭ᠎ᠠ ᠳᠠᠯᠳᠠ ᠠᠰᠠᠭᠤᠳᠠᠯ ᠢ ᠪᠠᠶᠢᠴᠠᠭᠠᠨ ᠡᠮᠬᠢᠯᠡᠵᠦ᠂ ᠠᠯᠠᠱᠠ ᠵᠡᠭᠦᠨ ᠬᠤᠰᠢᠭᠤᠨ ᠤ ᠪᠠᠲᠤᠯᠠᠭ᠎ᠠ ᠶᠢᠨ ᠴᠢᠨᠠᠷᠲᠠᠶ ᠬᠢᠮᠳᠠ ᠲᠣᠬᠢᠯᠢᠭ ᠣᠷᠣᠨ ᠰᠠᠭᠤᠴᠠ ᠶᠢᠨ ᠢᠨᠵᠧᠨᠧᠷᠢᠩ ᠤᠨ ᠡᠳ᠋ ᠤᠨ ᠵᠠᠰᠠᠭ ᠤᠨ ᠪᠠᠯᠠ ᠮᠥᠩᠭᠦ ᠶᠢᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃                     ︵᠎  ᠬᠤᠶᠠᠷ︶᠎  ᠲᠥᠷᠥᠯ ᠵᠦᠶᠯ ᠤᠨ ᠪᠠᠯᠠ ᠮᠥᠩᠭᠦ ᠶᠢᠨ ᠣᠷᠣᠭᠤᠯᠤᠯᠲᠠ ᠶᠢᠨ ᠪᠠᠶᠢᠳᠠᠯ᠃             ᠲᠣᠰ ᠵᠢᠯ ᠤᠨ ᠪᠠᠯᠠ ᠮᠥᠩᠭᠦ ᠶᠢᠨ ᠵᠢᠯ ᠤᠨ ᠡᠬᠢᠨ ᠤ ᠲᠥᠰᠦᠪ ᠤᠨ ᠲᠤᠭ᠎ᠠ ᠨᠢ 0.00 ᠲᠦᠮᠡᠨ ᠲᠥᠭᠦᠷᠢᠭ᠂ ᠡᠭᠦᠨ ᠳᠤ᠄  ᠡᠳ᠋ ᠤᠨ ᠵᠠᠰᠠᠭ ᠎ ᠠᠴᠠ ᠰᠠᠯᠭᠠᠨ ᠥᠭᠭᠦᠭᠰᠡᠨ ᠵᠣᠭᠤᠰ 0.00 ᠲᠦᠮᠡᠨ ᠲᠥᠭᠦᠷᠢᠭ᠂ ᠪᠤᠰᠤᠳ ᠪᠠᠯᠠ ᠮᠥᠩᠭᠦ ᠨᠢ 0.00 ᠲᠦᠮᠡᠨ ᠲᠥᠭᠦᠷᠢᠭ ᠪᠣᠯᠤᠨ᠎ᠠ᠃             ᠲᠣᠰ ᠵᠢᠯ ᠤᠨ ᠪᠠᠯᠠ ᠮᠥᠩᠭᠦ ᠶᠢᠨ ᠪᠥᠬᠦ ᠵᠢᠯ ᠤᠨ ᠲᠥᠰᠦᠪ ᠤᠨ ᠲᠤᠭ᠎ᠠ ᠨᠢ 5.00 ᠲᠦᠮᠡᠨ ᠲᠥᠭᠦᠷᠢᠭ᠂ ᠡᠭᠦᠨ ᠳᠤ᠄  ᠡᠳ᠋ ᠤᠨ ᠵᠠᠰᠠᠭ ᠎ ᠠᠴᠠ ᠰᠠᠯᠭᠠᠨ ᠥᠭᠭᠦᠭᠰᠡᠨ ᠵᠣᠭᠤᠰ 5.00 ᠲᠦᠮᠡᠨ ᠲᠥᠭᠦᠷᠢᠭ᠂ ᠪᠤᠰᠤᠳ ᠪᠠᠯᠠ ᠮᠥᠩᠭᠦ ᠨᠢ 0 ᠲᠦᠮᠡᠨ ᠲᠥᠭᠦᠷᠢᠭ ᠪᠣᠯᠤᠨ᠎ᠠ᠃             ᠲᠣᠰ ᠵᠢᠯ ᠤᠨ ᠪᠠᠯᠠ ᠮᠥᠩᠭᠦ ᠶᠢᠨ ᠪᠥᠬᠦ ᠵᠢᠯ ᠤᠨ ᠬᠡᠷᠡᠭᠵᠢᠭᠦᠯᠦᠭᠰᠡᠨ ᠲᠤᠭ᠎ᠠ 5.00 ᠲᠦᠮᠡᠨ ᠲᠥᠭᠦᠷᠢᠭ ᠲᠤ ᠬᠦᠷᠴᠦ᠂ ᠡᠭᠦᠨ ᠳᠤ᠄  ᠡᠳ᠋ ᠤᠨ ᠵᠠᠰᠠᠭ ᠤᠨ ᠰᠠᠯᠭᠠᠨ ᠥᠭᠭᠦᠭᠰᠡᠨ ᠵᠣᠭᠤᠰ 5.00 ᠲᠦᠮᠡᠨ ᠲᠥᠭᠦᠷᠢᠭ᠂ ᠪᠤᠰᠤᠳ ᠪᠠᠯᠠ ᠮᠥᠩᠭᠦ 0.00 ᠲᠦᠮᠡᠨ ᠲᠥᠭᠦᠷᠢᠭ ᠪᠣᠯᠤᠨ᠎ᠠ᠃             ︵᠎  ᠬᠤᠶᠠᠷ︶᠎  ᠲᠥᠷᠥᠯ ᠵᠦᠶᠯ ᠤᠨ ᠪᠠᠯᠠ ᠮᠥᠩᠭᠦ ᠶᠢᠨ ᠭᠠᠷᠭᠠᠯᠲᠠ ᠶᠢᠨ ᠪᠠᠶᠢᠳᠠᠯ᠃             2023 ᠣᠨ ᠤ ᠲᠦᠷᠢᠶᠡᠰᠦᠯᠡᠯ ᠤᠨ ᠨᠥᠬᠦᠪᠥᠷᠢ ᠶᠢᠨ ᠲᠥᠷᠥᠯ ᠵᠦᠶᠯ ᠤᠨ ᠵᠢᠱᠢᠭᠰᠡᠨ ᠬᠠᠷᠠᠯᠲᠠ ᠪᠣᠯ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠷ ᠪᠦᠯᠢ ᠶᠢᠨ ᠲᠦᠷᠢᠶᠡᠰᠦᠯᠡᠯ ᠤᠨ ᠨᠥᠬᠦᠪᠥᠷᠢ ᠶᠢ 80 ᠡᠷᠦᠬᠡ ᠳᠤ ᠣᠯᠭᠤᠵᠤ᠂ 80 ᠡᠷᠦᠬᠡ ᠶᠢ ᠪᠣᠳᠠᠲᠠᠶ ᠪᠠᠷ ᠪᠡᠶᠡᠯᠡᠭᠦᠯᠵᠦ᠂ ᠲᠣᠭᠲᠠᠭᠠᠭᠰᠠᠨ ᠬᠠᠷᠠᠯᠲᠠ ᠪᠠᠨ ᠨᠢᠭᠡᠨᠲᠡ ᠪᠦᠬᠦᠨ ᠢ ᠪᠡᠶᠡᠯᠡᠭᠦᠯᠪᠡ᠃ ︽ᠠᠯᠠᠱᠠ ᠵᠡᠭᠦᠨ ᠬᠤᠰᠢᠭᠤᠨ ᠤ ᠣᠯᠠᠨ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠠᠷᠭ᠎ᠠ︾᠎  ︵᠎  ᠠᠯᠠᠱᠠ ᠵᠡᠭᠦᠨ ᠵᠠᠰᠠᠭ ᠠᠯᠪᠠᠨ ᠲᠠᠷᠬᠠᠭᠠᠭᠰᠠᠨ ﹇2020﹈ 30 ᠳ᠋ᠤᠭᠠᠷ ᠲᠣᠭᠠᠲᠤ︶᠎ ᠎ ᠶᠢᠨ ᠲᠣᠭᠲᠠᠭᠠᠯ ᠢ ᠦᠨᠳᠦᠰᠦᠯᠡᠪᠡᠯ᠂ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢᠨ ᠪᠠᠲᠤᠯᠠᠭ᠎ᠠ ᠶᠢ ᠭᠤᠶᠤᠴᠢᠯᠠᠬᠤ ᠶᠢᠨ ᠬᠠᠮᠲᠤ ᠬᠢᠨᠠᠨ ᠬᠠᠷᠭᠤᠭᠤᠯᠵᠤ ᠪᠠᠲᠤᠯᠠᠭᠰᠠᠨ ᠬᠤᠲᠠ ᠪᠠᠯᠭᠠᠰᠤ ᠶᠢᠨ ᠡᠷᠦᠬᠡ ᠠᠮᠠ ᠶᠢᠨ ᠬᠠᠷᠢᠶ᠎ᠠ ᠲᠠᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠡᠷᠦᠬᠡ ᠳᠤ ᠲᠦᠷᠢᠶᠡᠰᠦᠯᠡᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ 2023 ᠣᠨ ᠳᠤ 28.8864 ᠲᠦᠮᠡᠨ ᠲᠥᠭᠦᠷᠢᠭ ᠤᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠨᠥᠬᠦᠪᠥᠷᠢ ᠳᠤ ᠬᠡᠷᠡᠭᠯᠡᠵᠦ᠂ 80 ᠡᠷᠦᠬᠡ ᠳᠤ 28.8864 ᠲᠦᠮᠡᠨ ᠲᠥᠭᠦᠷᠢᠭ ᠤᠨ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠷ ᠪᠦᠯᠢ ᠶᠢᠨ ᠲᠦᠷᠢᠶᠡᠰᠦᠯᠡᠯ ᠤᠨ ᠨᠥᠬᠦᠪᠥᠷᠢ ᠣᠯᠭᠤᠬᠤ ᠶᠢ ᠪᠣᠳᠠᠲᠠᠶ ᠪᠡᠶᠡᠯᠡᠭᠦᠯᠪᠡ᠃ ᠲᠦᠷᠢᠶᠡᠰᠦᠯᠡᠯ ᠤᠨ ᠨᠥᠬᠦᠪᠥᠷᠢ ᠶᠢᠨ ᠪᠠᠯᠠ ᠮᠥᠩᠭᠦ ᠶᠢ ︽ᠪᠦᠬᠦᠨ ᠳᠤ ᠳᠣᠭᠢᠷᠠᠬᠤ ᠺᠠᠷᠲ︾᠎ ᠎ ᠢᠶᠠᠷ ᠳᠠᠮᠵᠢᠭᠤᠯᠤᠨ ᠪᠠᠲᠤᠯᠠᠭ᠎ᠠ ᠶᠢᠨ ᠬᠡᠷ ᠪᠦᠯᠢ ᠶᠢᠨ ᠬᠤᠪᠢ ᠬᠥᠮᠦᠨ ᠤ ᠲᠠᠩᠰᠠᠨ ᠡᠷᠦᠬᠡ ᠳᠤ ᠲᠣᠭᠠᠴᠠᠭ᠎ᠠ ᠶᠢ ᠨᠢ ᠥᠭᠭᠦᠨ᠎ᠡ᠃             ︵᠎  ᠭᠤᠷᠪᠠ︶᠎  ᠲᠥᠷᠥᠯ ᠵᠦᠶᠯ ᠤᠨ ᠪᠠᠯᠠ ᠮᠥᠩᠭᠦ ᠶᠢᠨ ᠬᠠᠮᠢᠶᠠᠷᠤᠯᠲᠠ ᠶᠢᠨ ᠪᠠᠶᠢᠳᠠᠯ᠃             ᠪᠠᠯᠠ ᠮᠥᠩᠭᠦ ᠴᠤᠭᠯᠠᠭᠤᠯᠬᠤ ᠲᠠᠯ᠎ᠠ ᠪᠠᠷ᠂ 2023 ᠣᠨ ᠳᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠨᠥᠬᠦᠪᠥᠷᠢ ᠪᠠᠯᠠ ᠮᠥᠩᠭᠦ ᠶᠢ 28.8864 ᠲᠦᠮᠡᠨ ᠲᠥᠭᠦᠷᠢᠭ ᠬᠡᠷᠡᠭᠯᠡᠵᠦ᠂ ᠡᠭᠦᠨ ᠳᠤ᠂ ᠲᠥᠪ ᠤᠨ ᠡᠳ᠋ ᠤᠨ ᠵᠠᠰᠠᠭ ᠤᠨ ᠨᠥᠬᠦᠪᠥᠷᠢ ᠪᠠᠯᠠ ᠮᠥᠩᠭᠦ 6 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠥᠬᠦᠪᠥᠷᠢ ᠪᠠᠯᠠ ᠮᠥᠩᠭᠦ 8 ᠲᠦᠮᠡᠨ ᠲᠥᠭᠦᠷᠢᠭ᠂ ᠣᠷᠣᠨ ᠨᠤᠲᠤᠭ ᠤᠨ ᠡᠳ᠋ ᠤᠨ ᠵᠠᠰᠠᠭ ᠤᠨ ᠨᠥᠬᠦᠪᠥᠷᠢ ᠪᠠᠯᠠ ᠮᠥᠩᠭᠦ 7.3384 ᠲᠦᠮᠡᠨ ᠲᠥᠭᠦᠷᠢᠭ᠂ 2024 ᠣᠨ ᠤ ᠲᠥᠰᠦᠪ ᠲᠤ ᠪᠠᠭᠤᠯᠭᠠᠭᠰᠠᠨ ᠪᠠᠯᠠ ᠮᠥᠩᠭᠦ 7.548 ᠲᠦᠮᠡᠨ ᠲᠥᠭᠦᠷᠢᠭ ᠪᠣᠯᠤᠨ᠎ᠠ᠃ ᠪᠠᠯᠠ ᠮᠥᠩᠭᠦ ᠶᠢᠨ ᠬᠤᠪᠢᠶᠠᠷᠢᠯᠠᠯᠲᠠ ᠶᠢᠨ ᠲᠠᠯ᠎ᠠ ᠪᠠᠷ᠂ ᠠᠯᠠᠱᠠ ᠡᠳ᠋ ᠤᠨ ᠵᠠᠰᠠᠭ ᠤᠨ ᠪᠦᠲᠦᠭᠡᠨ ᠪᠠᠶᠢᠭᠤᠯᠤᠯᠲᠠ ﹇2023﹈ 40 ᠳ᠋ᠦ᠋ᠭᠡᠷ ᠲᠣᠭᠠᠲᠤ᠂ ᠠᠯᠠᠱᠠ ᠡᠳ᠋ ᠤᠨ ᠵᠠᠰᠠᠭ ᠤᠨ ᠪᠦᠲᠦᠭᠡᠨ ᠪᠠᠶᠢᠭᠤᠯᠤᠯᠲᠠ ﹇2023﹈ 41 ᠳ᠋ᠦ᠋ᠭᠡᠷ ᠲᠣᠭᠠᠲᠤ᠂ ᠠᠯᠠᠱᠠ ᠡᠳ᠋ ᠤᠨ ᠵᠠᠰᠠᠭ ᠤᠨ ᠪᠦᠲᠦᠭᠡᠨ ᠪᠠᠶᠢᠭᠤᠯᠤᠯᠲᠠ ﹇2023﹈ 561 ᠳ᠋ᠦ᠋ᠭᠡᠷ ᠲᠣᠭᠠᠲᠤ᠂ ᠠᠯᠠᠱᠠ ᠡᠳ᠋ ᠤᠨ ᠵᠠᠰᠠᠭ ᠤᠨ ᠪᠦᠲᠦᠭᠡᠨ ᠪᠠᠶᠢᠭᠤᠯᠤᠯᠲᠠ ﹇2023﹈ 561 ᠳ᠋ᠦ᠋ᠭᠡᠷ ᠲᠣᠭᠠᠲᠤ᠂ ᠣᠷᠣᠨ ᠨᠤᠲᠤᠭ ᠤᠨ ᠪᠠᠯᠠ ᠮᠥᠩᠭᠦ ᠶᠢᠨ ᠬᠡᠷᠡᠭᠯᠡᠬᠦ ᠵᠣᠭᠤᠰ ᠢ ᠬᠢᠨᠠᠨ ᠬᠠᠷᠭᠤᠭᠤᠯᠬᠤ ᠪᠠᠯᠠ ᠮᠥᠩᠭᠦ ᠵᠢᠴᠢ 2024 ᠣᠨ ᠤ ᠲᠥᠰᠦᠪ ᠤᠨ ᠪᠠᠭᠤᠯᠭᠠᠭᠰᠠᠨ ᠪᠠᠯᠠ ᠮᠥᠩᠭᠦ ᠶᠢ ᠴᠥᠮ ᠴᠠᠭ ᠲᠤᠬᠠᠶ ᠳᠤᠨᠢ ᠪᠠᠭᠤᠯᠭᠠᠪᠠ᠃ ᠲᠥᠰᠦᠪ ᠢ ᠭᠦᠶᠴᠡᠳᠬᠡᠬᠦ ᠲᠠᠯ᠎ᠠ ᠪᠠᠷ᠂ ︽ᠲᠥᠪ ᠤᠨ ᠡᠳ᠋ ᠤᠨ ᠵᠠᠰᠠᠭ ᠤᠨ ᠬᠤᠲᠠ ᠪᠠᠯᠭᠠᠰᠤ ᠶᠢᠨ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠲᠤᠰᠬᠠᠶ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾᠎  ᠵᠢᠴᠢ ︽ᠠᠯᠠᠱᠠ ᠵᠡᠭᠦᠨ ᠬᠤᠰᠢᠭᠤᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠠᠷᠭ᠎ᠠ︾᠎ ᠎ ᠶᠢᠨ ᠲᠣᠭᠲᠠᠭᠠᠯ ᠶᠣᠰᠣᠭᠠᠷ ᠴᠢᠩᠭ᠎ᠠ ᠬᠡᠷᠡᠭᠵᠢᠭᠦᠯᠪᠡ᠃ ᠪᠠᠯᠠ ᠮᠥᠩᠭᠦ ᠶᠢ ᠲᠣᠭᠲᠠᠭᠰᠠᠨ ᠴᠠᠭ ᠬᠤᠭᠤᠴᠠᠭᠠᠨ ᠳᠤ ᠬᠤᠲᠠ ︵᠎  ᠰᠢᠶᠠᠨ︶᠎ ᠎ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠪᠤᠶᠤ ᠲᠥᠷᠥᠯ ᠵᠦᠶᠯ ᠤᠨ ᠨᠢᠭᠡᠴᠡ ᠳᠤ ᠬᠤᠪᠢᠶᠠᠷᠢᠯᠠᠨ ᠥᠭᠬᠦ ᠶᠢᠨ ᠬᠠᠮᠲᠤ ᠥᠭᠴᠦ᠂ ᠪᠠᠯᠠ ᠮᠥᠩᠭᠦ ᠶᠢ ᠬᠡᠷᠡᠭᠯᠡᠵᠦ ᠬᠠᠮᠢᠶᠠᠷᠬᠤ ᠶᠠᠪᠤᠴᠠ ᠳᠤ ᠲᠣᠭᠲᠠᠭᠠᠯ ᠎ ᠠᠴᠠ ᠵᠥᠷᠢᠴᠡᠵᠦ ᠰᠠᠬᠢᠯᠭ᠎ᠠ ᠪᠠᠲᠤ ᠎ ᠠᠴᠠ ᠵᠥᠷᠢᠴᠡᠭᠰᠡᠨ ᠵᠣᠬᠢᠴᠠᠩᠭᠤᠶ ᠦᠶᠯᠡ ᠠᠵᠢᠯᠯᠠᠭ᠎ᠠ ᠪᠠᠶᠢᠬᠤ ᠥᠬᠡᠶ᠃                         ᠭᠤᠷᠪᠠ᠂ ᠲᠥᠷᠥᠯ ᠵᠦᠶᠯ ᠤᠨ ᠠᠮᠵᠢᠯᠲᠠ ᠪᠦᠲᠦᠮᠵᠢ ᠶᠢᠨ ᠪᠠᠶᠢᠳᠠᠯ             ︵᠎  ᠨᠢᠭᠡ︶᠎  ᠦᠢᠯᠡᠳᠪᠦᠷᠢᠯᠡᠵᠦ ᠭᠠᠷᠭᠠᠬᠤ ᠭᠦᠢᠴᠡᠳᠬᠡᠬᠦ ᠲᠤᠭ᠎ᠠ ᠶᠢ ᠪᠡᠶᠡᠯᠡᠭᠦᠯᠦᠭᠰᠡᠨ ᠪᠠᠶᠢᠳᠠᠯ             1. ᠲᠤᠭ᠎ᠠ ᠬᠡᠮᠵᠢᠶᠡᠨ ᠤ ᠭᠦᠢᠴᠡᠳᠬᠡᠯ ᠲᠤᠭ᠎ᠠ             1︶᠎  ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠷ ᠪᠦᠯᠢ ᠶᠢᠨ ᠲᠦᠷᠢᠶᠡᠰᠦᠯᠡᠯ ᠤᠨ ᠨᠥᠬᠦᠪᠥᠷᠢ ᠣᠯᠭᠤᠬᠤ ᠶᠡᠷᠦᠩᠬᠡᠶ ᠡᠷᠦᠬᠡ ᠶᠢᠨ ᠲᠤᠭ᠎ᠠ᠂ ᠬᠠᠷᠠᠯᠲᠠ ᠶᠢᠨ ᠥᠷᠲᠡᠭ ᠨᠢ 80 ᠡᠷᠦᠬᠡ ᠠᠴᠠ ᠶᠡᠭᠡ ᠪᠤᠶᠤ ᠲᠡᠩᠴᠡᠭᠦᠤ ᠪᠠᠶᠢᠵᠤ᠂ 80 ᠡᠷᠦᠬᠡ ᠶᠢ ᠪᠣᠳᠠᠲᠠᠶ ᠪᠠᠷ ᠪᠡᠶᠡᠯᠡᠭᠦᠯᠵᠦ᠂ ᠬᠤᠪᠢ ᠣᠯᠭᠤᠮᠵᠢ ᠨᠢ 10᠂ ᠣᠯᠤᠭᠰᠠᠨ ᠬᠤᠪᠢ ᠨᠢ 10 ᠪᠣᠯᠤᠨ᠎ᠠ᠃             2︶᠎  ᠡᠭᠦᠨ ᠳᠤ ᠬᠤᠲᠠ ᠪᠠᠯᠭᠠᠰᠤ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠣᠤᠷ᠎ᠠ ᠣᠷᠣᠯᠭ᠎ᠠ ᠲᠠᠢ ᠣᠷᠣᠨ ᠰᠠᠭᠤᠴᠠ ᠶᠢᠨ ᠬᠦᠴᠢᠷᠳᠡᠯ ᠲᠠᠢ ᠬᠡᠷ ᠪᠦᠯᠢ ᠶᠢᠨ ᠲᠦᠷᠢᠶᠡᠰᠦᠯᠡᠯ ᠤᠨ ᠨᠥᠬᠦᠪᠥᠷᠢ ᠣᠯᠭᠤᠬᠤ ᠡᠷᠦᠬᠡ ᠶᠢᠨ ᠲᠤᠭ᠎ᠠ ᠶᠢᠨ ᠬᠠᠷᠠᠯᠲᠠ ᠶᠢᠨ ᠥᠷᠲᠡᠭ ᠨᠢ 50 ᠡᠷᠦᠬᠡ ᠠᠴᠠ ᠶᠡᠭᠡ ᠪᠤᠶᠤ ᠲᠡᠩᠴᠡᠭᠦᠤ ᠪᠠᠶᠢᠵᠤ᠂ 76 ᠡᠷᠦᠬᠡ ᠶᠢ ᠪᠣᠳᠠᠲᠠᠶ ᠪᠠᠷ ᠪᠡᠶᠡᠯᠡᠭᠦᠯᠵᠦ᠂ ᠬᠤᠪᠢ ᠣᠯᠭᠤᠮᠵᠢ ᠨᠢ 5᠂ ᠣᠯᠤᠭᠰᠠᠨ ᠬᠤᠪᠢ ᠨᠢ 5 ᠪᠣᠯᠤᠨ᠎ᠠ᠃             2. ᠴᠢᠨᠠᠷ ᠴᠢᠨᠰᠠᠭ᠎ᠠ ᠶᠢᠨ ᠭᠦᠢᠴᠡᠳᠬᠡᠯ ᠲᠤᠭ᠎ᠠ             3︶᠎  ᠲᠦᠷᠢᠶᠡᠰᠦᠯᠡᠯ ᠤᠨ ᠨᠥᠬᠦᠪᠥᠷᠢ ᠣᠯᠭᠤᠬᠤ ᠨᠥᠬᠦᠴᠡᠯ ᠳᠤ ᠨᠡᠶᠢᠴᠡᠭᠰᠡᠨ ᠰᠢᠯᠭᠠᠨ ᠠᠪᠬᠤ ᠳᠤ ᠬᠢᠷᠢ ᠲᠡᠩᠴᠡᠭᠰᠡᠨ ᠨᠣᠷᠮ᠎ᠠ ᠶᠢᠨ ᠬᠠᠷᠠᠯᠲᠠ ᠶᠢᠨ ᠥᠷᠲᠡᠭ ᠨᠢ 100%᠎ ᠲᠠᠢ ᠲᠡᠩᠴᠡᠵᠦ᠂ 100%᠎ ᠶᠢ ᠪᠣᠳᠠᠲᠠᠶ ᠪᠠᠷ ᠪᠡᠶᠡᠯᠡᠭᠦᠯᠵᠦ᠂ ᠬᠤᠪᠢ ᠣᠯᠭᠤᠮᠵᠢ ᠨᠢ 10᠂ ᠣᠯᠤᠭᠰᠠᠨ ᠬᠤᠪᠢ ᠨᠢ 10 ᠪᠣᠯᠤᠨ᠎ᠠ᠃             4︶᠎  ᠲᠦᠷᠢᠶᠡᠰᠦᠯᠡᠯ ᠤᠨ ᠨᠥᠬᠦᠪᠥᠷᠢ ᠶᠢ ᠣᠯᠭᠤᠬᠤ ᠣᠨᠣᠪᠴᠢ ᠶᠢᠨ ᠨᠣᠷᠮ᠎ᠠ᠂ ᠬᠠᠷᠠᠯᠲᠠ ᠶᠢᠨ ᠥᠷᠲᠡᠭ ᠎ ᠨᠢ 100%᠎ ᠲᠠᠢ ᠲᠡᠩᠴᠡᠵᠦ᠂ 100%᠎ ᠶᠢ ᠪᠣᠳᠠᠲᠠᠶ ᠪᠡᠶᠡᠯᠡᠭᠦᠯᠵᠦ᠂ ᠬᠤᠪᠢ ᠣᠯᠭᠤᠮᠵᠢ ᠨᠢ 5᠂ ᠣᠯᠤᠭᠰᠠᠨ ᠬᠤᠪᠢ ᠨᠢ 5 ᠪᠣᠯᠤᠨ᠎ᠠ᠃             3. ᠬᠦᠴᠦᠨ ᠲᠠᠢ ᠬᠤᠭᠤᠴᠠᠭ᠎ᠠ ᠶᠢᠨ ᠭᠦᠢᠴᠡᠳᠬᠡᠯ ᠲᠤᠭ᠎ᠠ             5︶᠎  ᠵᠢᠯ ᠤᠨ ᠳᠣᠲᠣᠷ᠎ᠠ ᠨᠥᠬᠦᠪᠥᠷᠢ ᠣᠯᠭᠤᠬᠤ ᠶᠢ ᠪᠡᠶᠡᠯᠡᠭᠦᠯᠦᠭᠰᠡᠨ ᠨᠣᠷᠮ᠎ᠠ ᠶᠢᠨ ᠬᠠᠷᠠᠯᠲᠠ ᠶᠢᠨ ᠣᠯᠭᠤᠮᠵᠢ ᠨᠢ 100%᠎ ᠲᠠᠢ ᠲᠡᠩᠴᠡᠵᠦ᠂ 100%᠎ ᠪᠠᠷ ᠪᠣᠳᠠᠲᠠᠶ ᠪᠡᠶᠡᠯᠡᠭᠦᠯᠵᠦ᠂ ᠬᠤᠪᠢ ᠣᠯᠭᠤᠮᠵᠢ ᠨᠢ 5᠂ ᠣᠯᠤᠭᠰᠠᠨ ᠬᠤᠪᠢ ᠨᠢ 5 ᠪᠣᠯᠤᠨ᠎ᠠ᠃             6︶᠎  ᠨᠥᠬᠦᠪᠥᠷᠢ ᠣᠯᠭᠤᠬᠤ ᠬᠠᠷᠠᠯᠲᠠ ᠶᠢ ᠪᠡᠶᠡᠯᠡᠭᠦᠯᠦᠭᠰᠡᠨ ᠨᠣᠷᠮ᠎ᠠ᠂ ᠬᠠᠷᠠᠯᠲᠠ ᠶᠢᠨ ᠥᠷᠲᠡᠭ ᠨᠢ 100%᠎ ᠲᠠᠢ ᠲᠡᠩᠴᠡᠵᠦ᠂ 100%᠎ ᠶᠢ ᠪᠣᠳᠠᠲᠠᠶ ᠪᠡᠶᠡᠯᠡᠭᠦᠯᠵᠦ᠂ ᠬᠤᠪᠢ ᠣᠯᠭᠤᠮᠵᠢ ᠨᠢ 5᠂ ᠣᠯᠤᠭᠰᠠᠨ ᠬᠤᠪᠢ ᠨᠢ 5 ᠪᠣᠯᠤᠨ᠎ᠠ᠃             4. ᠥᠪᠡᠷ ᠤᠨ ᠥᠷᠲᠡᠭ ᠤᠨ ᠭᠦᠢᠴᠡᠳᠬᠡᠯ ᠲᠤᠭ᠎ᠠ             7︶᠎  ᠣᠨ ᠤ ᠣᠯᠭᠤᠬᠤ ᠲᠦᠷᠢᠶᠡᠰᠦᠯᠡᠯ ᠤᠨ ᠨᠥᠬᠦᠪᠥᠷᠢ ᠶᠢᠨ ᠶᠡᠷᠦᠩᠬᠡᠶ ᠥᠪᠡᠷ ᠤᠨ ᠥᠷᠲᠡᠭ ᠤᠨ ᠬᠠᠷᠠᠯᠲᠠ ᠶᠢᠨ ᠥᠷᠲᠡᠭ ᠨᠢ 30 ᠲᠦᠮᠡᠨ ᠲᠥᠭᠦᠷᠢᠭ ᠠᠴᠠ ᠪᠠᠭ᠎ᠠ ᠪᠤᠶᠤ ᠲᠡᠩᠴᠡᠭᠦᠤ ᠪᠠᠶᠢᠵᠤ᠂ 28.89 ᠲᠦᠮᠡᠨ ᠲᠥᠭᠦᠷᠢᠭ ᠢ ᠪᠣᠳᠠᠲᠠᠶ ᠪᠠᠷ ᠪᠡᠶᠡᠯᠡᠭᠦᠯᠵᠦ᠂ ᠬᠤᠪᠢ ᠣᠯᠭᠤᠮᠵᠢ ᠨᠢ 5᠂ ᠣᠯᠤᠭᠰᠠᠨ ᠬᠤᠪᠢ ᠨᠢ 5 ᠪᠣᠯᠤᠨ᠎ᠠ᠃             8︶᠎  ᠲᠣᠰ ᠤᠳᠠᠭᠠᠨ ᠤ ᠲᠥᠯᠥᠪᠦᠷᠢ ᠶᠢ ᠪᠡᠶᠡᠯᠡᠭᠦᠯᠦᠭᠰᠡᠨ ᠲᠤᠭ᠎ᠠ᠂ ᠬᠠᠷᠠᠯᠲᠠ ᠶᠢᠨ ᠥᠷᠲᠡᠭ ᠨᠢ 1 ᠲᠦᠮᠡᠨ ᠲᠥᠭᠦᠷᠢᠭ ᠲᠠᠢ ᠲᠡᠩᠴᠡᠨ᠎ᠡ᠂ ᠪᠣᠳᠠᠲᠠᠶ ᠪᠡᠶᠡᠯᠡᠭᠦᠯᠦᠭᠰᠡᠨ ᠨᠢ 1 ᠲᠦᠮᠡᠨ ᠲᠥᠭᠦᠷᠢᠭ᠂ ᠬᠤᠪᠢ ᠣᠯᠭᠤᠮᠵᠢ ᠎ ᠨᠢ 5᠂ ᠣᠯᠤᠭᠰᠠᠨ ᠬᠤᠪᠢ ᠨᠢ 5 ᠪᠣᠯᠤᠨ᠎ᠠ᠃             ︵᠎  ᠬᠤᠶᠠᠷ︶᠎  ᠦᠷ᠎ᠡ ᠠᠰᠢᠭ ᠤᠨ ᠭᠦᠢᠴᠡᠳᠬᠡᠬᠦ ᠲᠤᠭ᠎ᠠ ᠶᠢ ᠪᠡᠶᠡᠯᠡᠭᠦᠯᠦᠭᠰᠡᠨ ᠪᠠᠶᠢᠳᠠᠯ             5. ᠠᠵᠤ ᠠᠬᠤᠶ ᠶᠢᠨ ᠦᠷ᠎ᠡ ᠠᠰᠢᠭ             9︶᠎  ᠨᠢᠭᠡᠨᠲᠡ ᠪᠠᠲᠤᠯᠠᠭᠰᠠᠨ ᠬᠡᠷ ᠪᠦᠯᠢ ᠶᠢᠨ ᠡᠷᠦᠬᠡ ᠶᠢᠨ ᠲᠤᠭ᠎ᠠ ᠶᠢᠨ ᠪᠠᠲᠤᠯᠠᠬᠤ ᠶᠣᠰᠣᠲᠠᠶ ᠬᠡᠷ ᠪᠦᠯᠢ ᠶᠢᠨ ᠡᠷᠦᠬᠡ ᠶᠢᠨ ᠲᠤᠭ᠎ᠠ ᠳᠠᠬᠢ ᠡᠵᠡᠯᠡᠬᠦ ᠬᠠᠷᠢᠴᠠᠯ ᠤᠨ ᠨᠣᠷᠮ᠎ᠠ ᠨᠢ᠂ ᠬᠠᠷᠠᠯᠲᠠ ᠶᠢᠨ ᠣᠯᠭᠤᠮᠵᠢ ᠨᠢ 80%᠎ ᠎ ᠠᠴᠠ ᠶᠡᠭᠡ ᠪᠤᠶᠤ ᠲᠡᠩᠴᠡᠭᠦᠤ ᠪᠠᠶᠢᠵᠤ᠂ 100%᠎ ᠶᠢ ᠪᠣᠳᠠᠲᠠᠶ ᠪᠠᠷ ᠪᠡᠶᠡᠯᠡᠭᠦᠯᠵᠦ᠂ ᠬᠤᠪᠢ ᠣᠯᠭᠤᠮᠵᠢ ᠨᠢ 10᠂ ᠣᠯᠤᠭᠰᠠᠨ ᠬᠤᠪᠢ ᠨᠢ 10 ᠪᠣᠯᠤᠨ᠎ᠠ᠃             6. ᠨᠡᠶᠢᠭᠡᠮ ᠤᠨ ᠦᠷ᠎ᠡ ᠠᠰᠢᠭ             10︶᠎  ᠬᠢᠨᠠᠨ ᠬᠠᠷᠭᠤᠭᠤᠯᠵᠤ ᠪᠠᠲᠤᠯᠠᠭᠰᠠᠨ ᠬᠤᠲᠠ ᠪᠠᠯᠭᠠᠰᠤ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠣᠤᠷ᠎ᠠ ᠣᠷᠣᠯᠭ᠎ᠠ ᠲᠠᠢ ᠣᠷᠣᠨ ᠰᠠᠭᠤᠴᠠ ᠶᠢᠨ ᠬᠦᠴᠢᠷᠳᠡᠯ ᠲᠠᠢ ᠬᠡᠷ ᠪᠦᠯᠢ ᠶᠢᠨ ᠪᠠᠲᠤᠯᠠᠭ᠎ᠠ ᠶᠢᠨ ᠡᠭᠡᠯᠵᠢᠯᠡᠨ ᠬᠦᠯᠢᠶᠡᠬᠦ ᠬᠤᠭᠤᠴᠠᠭ᠎ᠠ ᠬᠢᠵᠠᠭᠠᠷ ᠤᠨ ᠬᠠᠷᠠᠯᠲᠠ ᠶᠢᠨ ᠥᠷᠲᠡᠭ ᠨᠢ 6 ᠳ᠋ᠤᠭᠠᠷ ᠰᠠᠷ᠎ᠠ ᠎ ᠠᠴᠠ ᠪᠠᠭ᠎ᠠ ᠪᠤᠶᠤ ᠲᠡᠩᠴᠡᠭᠦᠤ ᠪᠠᠶᠢᠵᠤ᠂ 1ᠳ᠋ᠦ᠋ᠭᠡᠷ ᠰᠠᠷ᠎ᠠ ᠶᠢ ᠪᠣᠳᠠᠲᠠᠶ ᠪᠡᠶᠡᠯᠡᠭᠦᠯᠵᠦ᠂ ᠬᠤᠪᠢ ᠣᠯᠭᠤᠮᠵᠢ ᠨᠢ 10᠂ ᠣᠯᠤᠭᠰᠠᠨ ᠬᠤᠪᠢ ᠨᠢ 10 ᠪᠣᠯᠤᠨ᠎ᠠ᠃             7. ᠠᠮᠢ ᠠᠬᠤᠶ ᠎ ᠶᠢᠨ ᠦᠷ᠎ᠡ ᠠᠰᠢᠭ             8. ᠦᠷᠭᠦᠯᠵᠢᠯᠡᠬᠦ᠋ᠢᠴᠡ ᠨᠥᠯᠥᠭᠡ             11︶᠎  ᠪᠦᠷᠢᠨ ᠲᠡᠭᠦᠯᠳᠡᠷ ᠬᠠᠮᠢᠶᠠᠷᠤᠯᠲᠠ ᠶᠢᠨ ᠲᠦᠷᠢᠮ ᠳᠤ᠂ ᠬᠠᠷᠠᠯᠲᠠ ᠶᠢᠨ ᠣᠯᠭᠤᠮᠵᠢ ᠨᠢ 80%᠎ ᠎ ᠠᠴᠠ ᠶᠡᠭᠡ ᠪᠤᠶᠤ ᠲᠡᠩᠴᠡᠭᠦᠤ ᠪᠠᠶᠢᠵᠤ᠂ 100%᠎ ᠶᠢ ᠪᠣᠳᠠᠲᠠᠶ ᠪᠠᠷ ᠪᠡᠶᠡᠯᠡᠭᠦᠯᠵᠦ᠂ ᠬᠤᠪᠢ ᠣᠯᠭᠤᠮᠵᠢ ᠨᠢ 10᠂ ᠣᠯᠤᠭᠰᠠᠨ ᠬᠤᠪᠢ ᠨᠢ 10 ᠪᠣᠯᠤᠨ᠎ᠠ᠃             ︵᠎  ᠭᠤᠷᠪᠠ︶᠎  ᠬᠠᠨᠤᠮᠵᠢ ᠶᠢᠨ ᠬᠡᠮᠵᠢᠶ᠎ᠡ ᠶᠢᠨ ᠭᠦᠶᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ             9. ᠦᠶᠯᠡᠴᠢᠯᠡᠬᠦ ᠡᠲᠡᠭᠡᠳ ᠤᠨ ᠬᠠᠨᠤᠮᠵᠢ ᠶᠢᠨ ᠬᠡᠮᠵᠢᠶ᠎ᠡ             12︶᠎  ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ ᠵᠢᠴᠢ ᠣᠷᠣᠯᠭ᠎ᠠ ᠪᠠᠭᠠᠲᠠᠶ ᠣᠷᠣᠨ ᠰᠠᠭᠤᠴᠠ ᠶᠢᠨ ᠬᠦᠴᠢᠷᠳᠡᠯ ᠲᠠᠢ ᠬᠡᠷ ᠪᠦᠯᠢ ᠶᠢᠨ ᠬᠠᠨᠤᠮᠵᠢ ᠶᠢᠨ ᠬᠡᠮᠵᠢᠶ᠎ᠡ ᠶᠢᠨ ᠬᠠᠷᠠᠯᠲᠠ ᠶᠢᠨ ᠣᠯᠭᠤᠮᠵᠢ ᠨᠢ 80%᠎ ᠎ ᠠᠴᠠ ᠶᠡᠭᠡ ᠪᠤᠶᠤ ᠲᠡᠩᠴᠡᠭᠦᠤ ᠪᠠᠶᠢᠵᠤ᠂ 100%᠎ ᠶᠢ ᠪᠣᠳᠠᠲᠠᠶ ᠪᠡᠶᠡᠯᠡᠭᠦᠯᠵᠦ᠂ ᠬᠤᠪᠢ ᠣᠯᠭᠤᠮᠵᠢ ᠨᠢ 10᠂ ᠣᠯᠤᠭᠰᠠᠨ ᠬᠤᠪᠢ ᠨᠢ 10 ᠪᠣᠯᠤᠨ᠎ᠠ᠃             ︵᠎  ᠳᠥᠷᠪᠡ︶᠎  ᠬᠤᠪᠢ ᠪᠠᠨ ᠥᠪᠡᠰᠦᠪᠡᠨ ᠦᠨᠡᠯᠡᠭᠰᠡᠨ ᠪᠠᠶᠢᠳᠠᠯ             ᠲᠣᠰ ᠲᠥᠷᠥᠯ ᠵᠦᠶᠯ ᠤᠨ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠭᠰᠡᠨ ᠬᠤᠪᠢ ᠨᠢ 100 ᠬᠤᠪᠢ ᠂ ᠵᠡᠷᠭᠡ ᠳᠡᠰ ᠨᠢ A ᠪᠣᠯᠤᠨ᠎ᠠ᠃             ᠳᠥᠷᠪᠡ᠂ ᠣᠷᠣᠰᠢᠵᠤ ᠪᠠᠶᠢᠭ᠎ᠠ ᠠᠰᠠᠭᠤᠳᠠᠯ             ︵᠎  ᠨᠢᠭᠡ︶᠎  ᠲᠥᠷᠥᠯ ᠵᠦᠶᠯ ᠢ ᠲᠣᠭᠲᠠᠭᠠᠬᠤ᠂ ᠬᠡᠷᠡᠭᠵᠢᠭᠦᠯᠬᠦ ᠳᠤ ᠠᠰᠠᠭᠤᠳᠠᠯ ᠣᠷᠣᠰᠢᠵᠤ ᠪᠠᠶᠢᠨ᠎ᠠ᠃             ᠲᠣᠰ ᠲᠥᠷᠥᠯ ᠵᠦᠶᠯ ᠢ ᠲᠣᠭᠲᠠᠭᠠᠬᠤ ᠶᠠᠪᠤᠴᠠ ᠳᠤ ᠠᠰᠠᠭᠤᠳᠠᠯ ᠣᠷᠣᠰᠢᠬᠤ ᠥᠬᠡᠶ︔ ᠬᠡᠷᠡᠭᠵᠢᠭᠦᠯᠬᠦ ᠶᠠᠪᠤᠴᠠ ᠳᠤ ᠠᠰᠠᠭᠤᠳᠠᠯ ᠣᠷᠣᠰᠢᠬᠤ ᠦᠭᠡᠢ᠃                   ︵᠎  ᠬᠤᠶᠠᠷ︶᠎  ᠪᠠᠯᠠ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠳᠤ ᠠᠰᠠᠭᠤᠳᠠᠯ ᠣᠷᠣᠰᠢᠵᠤ ᠪᠠᠶᠢᠨ᠎ᠠ᠃             ᠲᠤᠰ ᠲᠥᠷᠥᠯ ᠵᠦᠢᠯ ᠨᠢ ᠪᠡᠯᠡ ᠮᠥᠩᠭᠦ ᠶᠢ ᠬᠠᠮᠢᠶᠠᠷᠴᠤ ᠬᠡᠷᠡᠭᠯᠡᠬᠦ ᠶᠠᠪᠤᠴᠠ ᠳᠤ ᠠᠰᠠᠭᠤᠳᠠᠯ ᠦᠭᠡᠶ᠃             ᠲᠠᠪᠤ᠂ ᠪᠤᠰᠤᠳ ᠲᠣᠳᠣᠷᠬᠠᠶᠢᠯᠠᠬᠤ ᠴᠢᠬᠤᠯᠠᠲᠠᠢ ᠠᠰᠠᠭᠤᠳᠠᠯ                   ︵᠎  ᠨᠢᠭᠡ︶᠎  ᠬᠤᠶᠢᠰᠢᠳᠠ ᠶᠢᠨ ᠠᠵᠢᠯ ᠤᠨ ᠲᠥᠯᠥᠪᠯᠡᠭᠡ᠃             ᠴᠠᠭᠠᠰᠢᠳᠠ᠂ ᠲᠦᠷᠢᠶᠡᠰᠦᠯᠡᠯ ᠤᠨ ᠨᠥᠬᠦᠪᠥᠷᠢ ᠶᠢᠨ ᠪᠠᠲᠤᠯᠠᠭ᠎ᠠ ᠶᠢᠨ ᠭᠤᠶᠤᠴᠢᠯᠠᠬᠤ᠂ ᠬᠢᠨᠠᠨ ᠬᠠᠷᠭᠤᠭᠤᠯᠬᠤ᠂ ᠲᠠᠷᠬᠠᠭᠠᠬᠤ ᠪᠠ ᠦᠷᠭᠦᠯᠵᠢᠯᠡᠨ ᠬᠠᠮᠢᠶᠠᠷᠬᠤ ᠵᠡᠷᠭᠡ ᠠᠵᠢᠯᠯᠠᠭᠠᠨ ᠤ ᠴᠤᠪᠤᠷᠠᠯ ᠢ ᠦᠷᠭᠦᠯᠵᠢᠯᠡᠨ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠬᠠᠮᠲᠤᠷᠠᠨ ᠬᠢᠨᠠᠬᠤ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠲᠦᠷᠢᠶᠡᠰᠦᠯᠡᠯ ᠤᠨ ᠨᠥᠬᠦᠪᠥᠷᠢ ᠶᠢᠨ ᠣᠨ ᠤ ᠬᠢᠨᠠᠯᠲᠠ ᠶᠢᠨ ᠲᠦᠷᠢᠮ ᠢ ᠵᠢᠷᠤᠮᠵᠢᠭᠤᠯᠤᠨ᠂ ᠣᠨ ᠤ ᠬᠢᠨᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠨᠥᠬᠦᠴᠡᠯ ᠳᠤ ᠨᠡᠶᠢᠴᠡᠬᠦ ᠪᠠᠲᠤᠯᠠᠭ᠎ᠠ ᠶᠢᠨ ᠡᠲᠡᠭᠡᠳ ᠲᠤ ᠦᠷᠭᠦᠯᠵᠢᠯᠡᠨ ᠨᠥᠬᠦᠪᠥᠷᠢ ᠣᠯᠭᠤᠵᠤ᠂ ᠨᠥᠬᠦᠴᠡᠯ ᠳᠤ ᠨᠡᠶᠢᠴᠡᠬᠦ ᠥᠬᠡᠶ ᠪᠣᠯ ᠨᠥᠬᠦᠪᠥᠷᠢ ᠣᠯᠭᠤᠬᠤ ᠶᠢ ᠵᠣᠭᠰᠣᠭᠠᠨ᠎ᠠ᠃ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢᠨ ᠲᠦᠷᠢᠶᠡᠰᠦᠯᠡᠯ ᠤᠨ ᠨᠥᠬᠦᠪᠥᠷᠢ ᠶᠢ ᠣᠯᠭᠤᠬᠤ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠲᠦᠷᠢᠶᠡᠰᠦᠯᠡᠯ ᠤᠨ ᠣᠷᠣᠨ ᠰᠠᠭᠤᠴᠠ ᠪᠠᠷ ᠳᠠᠮᠵᠢᠭᠤᠯᠤᠨ ᠣᠷᠣᠰᠢᠨ ᠰᠠᠭᠤᠬᠤ ᠶᠢᠨ ᠬᠦᠴᠢᠷᠳᠡᠯ ᠢ ᠰᠢᠶᠳᠪᠦᠷᠢᠯᠡᠬᠦ ᠶᠢ ᠦᠨᠡᠨᠬᠦ ᠰᠠᠶᠢᠵᠢᠷᠠᠭᠤᠯᠵᠤ᠂ ᠪᠣᠳᠠᠲᠤ ᠶᠠᠭᠤᠮ᠎ᠠ ᠪᠠᠷ ᠲᠦᠷᠢᠶᠡᠰᠦ ᠳᠣᠭᠢᠷᠠᠭᠤᠯᠬᠤ ᠪᠠ ᠲᠦᠷᠢᠶᠡᠰᠦᠯᠡᠯ ᠤᠨ ᠨᠥᠬᠦᠪᠥᠷᠢ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ︽ᠲᠦᠷᠢᠶᠡᠰᠦᠯᠡᠯ ᠤᠨ ᠨᠥᠬᠦᠪᠥᠷᠢ ᠪᠠᠷ ᠭᠤᠤᠯ ᠪᠣᠯᠭᠠᠬᠤ︾᠎  ᠱᠠᠭᠠᠷᠳᠠᠯᠭ᠎ᠠ ᠳᠠᠰᠢ ᠠᠯᠬᠤᠮ ᠠᠯᠬᠤᠮ ᠢᠶᠠᠷ ᠬᠤᠪᠢᠷᠠᠭᠤᠯᠵᠤ᠂ ᠨᠠᠩ ᠣᠯᠠᠨ ᠲᠦᠮᠡᠨ ᠳᠤ ᠴᠠᠭ ᠲᠤᠬᠠᠶ ᠳᠤᠨᠢ᠂ ᠲᠦᠷᠭᠡᠨ᠂ ᠲᠥᠬᠦᠮ ᠳᠥᠲᠡ ᠪᠠᠲᠤᠯᠠᠭ᠎ᠠ ᠬᠦᠷᠲᠡᠭᠡᠨ᠎ᠡ᠃             ︵᠎  ᠬᠤᠶᠠᠷ︶᠎  ᠠᠷᠭ᠎ᠠ ᠬᠡᠮᠵᠢᠶ᠎ᠡ ᠬᠢᠭᠡᠳ ᠠᠷᠭ᠎ᠠ᠃             ᠬᠤᠰᠢᠭᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠨᠢᠭᠲᠠ ᠬᠠᠷᠢᠯᠴᠠᠵᠤ᠂ ᠪᠠᠯᠠ ᠮᠥᠩᠭᠦ ᠰᠢᠯᠵᠢᠭᠦᠯᠦᠨ ᠥᠭᠬᠦ ᠬᠥᠳᠡᠯᠦᠯ ᠪᠠᠶᠢᠳᠠᠯ ᠢ ᠴᠠᠭ ᠲᠤᠬᠠᠶ ᠳᠤᠨᠢ ᠡᠵᠡᠮᠰᠢᠨ᠂ ᠬᠠᠮᠢᠶ᠎ᠠ ᠪᠥᠬᠦᠶ ᠲᠠᠰ ᠳᠠᠷᠠᠭᠠᠯᠠᠯ ᠢᠶᠠᠷ ᠪᠠᠯᠠ ᠮᠥᠩᠭᠦ ᠶᠢ ᠴᠠᠭ ᠲᠤᠬᠠᠶ ᠳᠤᠨᠢ ᠰᠢᠯᠵᠢᠭᠦᠯᠦᠨ ᠥᠭᠭᠦᠨ᠎ᠡ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号