ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠢ ᠬᠦᠴᠦᠨ ᠥᠬᠡᠶ ᠪᠣᠯᠭᠠᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/7/3
            ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ             ᠵᠠᠰᠠᠭ ᠵᠠᠬᠢᠷᠭᠠᠨ ᠤ ᠵᠥᠪᠰᠢᠶᠡᠷᠡᠯ ᠢ ᠬᠦᠴᠦᠨ ᠦᠭᠡᠢ ᠪᠣᠯᠭᠠᠬᠤ                         ᠠᠯᠠᠱᠠ ᠵᠡᠭᠦᠨ ᠬᠤᠰᠢᠭᠤᠨ ᠤ ᠬᠤᠳᠠ ᠶᠢᠨ ᠬᠢᠨᠠᠯᠲᠠ ᠶᠢᠨ ᠵᠥᠪᠰᠢᠶᠡᠷᠡᠯ ᠢ ᠬᠦᠴᠦᠨ ᠦᠭᠡᠢ ᠪᠣᠯᠭᠠᠬᠤ ᠵᠠᠭᠠᠯᠳᠤᠯᠭ᠎ᠠ﹇2024﹈ 1 ᠳ᠋ᠦ᠋ᠭᠡᠷ ᠲᠣᠭᠠᠲᠤ                         ᠠᠯᠠᠱᠠ ᠠᠶᠢᠮᠠᠭ ᠤᠨ ᠰᠢᠨ ᠦ᠋ ᠠᠭᠤᠷᠬᠠᠶ ᠶᠢᠨ ᠦᠶᠯᠡᠰ ᠤᠨ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠵᠥᠩ ᠾᠧ ᠬᠤᠳᠠᠯᠳᠤᠭᠠᠨ ᠤ ᠪᠠᠲᠤᠯᠠᠨ ᠬᠠᠮᠢᠶᠠᠷᠬᠤ ᠬᠢᠵᠠᠭᠠᠷᠲᠤ ᠺᠣᠮᠫᠠᠨᠢ ︵᠎  ᠤᠤᠯ ᠤᠨ ᠬᠤᠪᠢ ᠣᠷᠣᠭᠤᠯᠤᠭᠴᠢ︶᠎ ᠂ ᠮᠠ ᠰᠢᠶᠤᠤ ᠹᠠᠩ ︵᠎  ᠬᠤᠪᠢ ᠣᠷᠣᠭᠤᠯᠤᠭᠴᠢ᠂ ᠬᠢᠨᠠᠭᠴᠢ︶᠎ ᠂ ᠠᠯᠠᠱᠠ ᠠᠶᠢᠮᠠᠭ ᠤᠨ ᠶᠢᠩ ᠹᠧᠩ ᠠᠵᠤ ᠦᠶᠯᠡᠰ ᠤᠨ ᠬᠢᠵᠠᠭᠠᠷᠲᠤ ᠺᠣᠮᠫᠠᠨᠢ ︵᠎  ᠬᠤᠪᠢ ᠣᠷᠣᠭᠤᠯᠤᠭᠴᠢ︶᠎ ᠂ ᠸᠠᠩ ᠬᠠᠶ ᠵᠢᠶᠦ᠋ᠨ ︵᠎  ᠣᠲᠣ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ︶᠎ ᠂ ᠮᠠ ᠶᠢᠨ ᠴᠦᠨ ︵᠎  ᠤᠤᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ︶᠎ ᠂ ᠮᠠ ᠶᠢᠨ ᠹᠧᠩ ︵᠎  ᠡᠳ᠋ ᠤᠨ ᠶᠠᠪᠤᠳᠠᠯ ᠤᠨ ᠬᠠᠷᠢᠭᠤᠴᠠᠯᠭᠠᠲᠠᠨ︶᠎ ᠄              2024 ᠣᠨ ᠤ 6 ᠳ᠋ᠤᠭᠠᠷ ᠰᠠᠷ᠎ᠠ ᠶᠢᠨ 3᠎ ᠤ ᠡᠳᠦᠷ᠂ ᠮᠠᠨ ᠤ ᠲᠣᠪᠴᠢᠶ᠎ᠠ ᠵᠧᠵᠢᠶᠠᠩ ᠮᠤᠵᠢ ᠶᠢᠨ ᠬᠠᠩᠵᠧᠦ ᠬᠤᠲᠠ ᠶᠢᠨ ᠱᠠᠩᠴᠧᠩ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ︽ᠠᠰᠠᠭᠤᠨ ᠯᠠᠪᠯᠠᠬᠤ ᠵᠠᠬᠢᠳᠠᠯ︾᠎ ᠎ ᠢ ᠣᠯᠵᠤ ᠠᠪᠤᠪᠠ᠂ ᠮᠠᠨ ᠤ ᠲᠣᠪᠴᠢᠶ᠎ᠠ ᠠᠴᠠ ᠵᠥᠩ ᠾᠧ ᠬᠤᠳᠠᠯᠳᠤᠭᠠᠨ ᠤ ᠪᠠᠲᠤᠯᠠᠨ ᠬᠠᠮᠢᠶᠠᠷᠬᠤ ᠬᠢᠵᠠᠭᠠᠷᠲᠤ ᠺᠣᠮᠫᠠᠨᠢ ᠶᠢᠨ ᠠᠯᠠᠱᠠ ᠠᠶᠢᠮᠠᠭ ᠤᠨ ᠰᠢᠨ ᠶᠤᠸᠠᠨ ᠠᠭᠤᠷᠬᠠᠶ ᠶᠢᠨ ᠦᠶᠯᠡᠰ ᠤᠨ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 80%᠎ ᠶᠢᠨ ᠰᠲ᠋ᠣᠺ ᠤᠨ ᠡᠷᠬᠡ ︵᠎  ᠪᠠᠯᠠ ᠭᠠᠷᠭᠠᠭᠰᠠᠨ ᠲᠤᠭ᠎ᠠ ᠨᠢ 2400 ᠲᠦᠮᠡᠨ ᠲᠥᠭᠦᠷᠢᠭ︶᠎ ᠎ ᠶᠢ ᠥᠯᠥ ᠬᠥᠳᠡᠯᠭᠡᠯᠭᠡᠭᠰᠡᠨ ᠪᠠᠶᠢᠳᠠᠯ ᠢ ᠠᠰᠠᠭᠤᠨ ᠯᠠᠪᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠵᠠᠰᠠᠭ ᠤᠨ ᠶᠠᠪᠤᠳᠠᠯ ᠤᠨ ᠵᠥᠩ ᠾᠧ ᠬᠤᠳᠠᠯᠳᠤᠭᠠᠨ ᠤ ᠪᠠᠲᠤᠯᠠᠨ ᠬᠠᠮᠢᠶᠠᠷᠬᠤ ᠬᠢᠵᠠᠭᠠᠷᠲᠤ ᠺᠣᠮᠫᠠᠨᠢ ᠶᠢᠨ ᠡᠵᠡᠮᠰᠢᠵᠦ ᠪᠠᠶᠢᠭ᠎ᠠ ᠠᠯᠠᠱᠠ ᠠᠶᠢᠮᠠᠭ ᠤᠨ ᠰᠢᠨ ᠦ᠋ ᠠᠭᠤᠷᠬᠠᠶ ᠶᠢᠨ ᠦᠶᠯᠡᠰ ᠤᠨ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 80%᠎ ᠶᠢᠨ ᠰᠲ᠋ᠣᠺ ᠤᠨ ᠡᠷᠬᠡ ᠶᠢᠨ ᠴᠡᠪᠳᠡᠭᠯᠡᠯ ᠨᠢ ᠨᠢᠭᠡᠨᠲᠡ ᠬᠦᠴᠦᠨ ᠥᠬᠡᠶ ᠪᠣᠯᠵᠠᠶ᠂ ᠴᠡᠪᠳᠡᠭᠯᠡᠬᠦ ᠶᠢ ᠭᠦᠶᠴᠡᠳᠬᠡᠬᠦ ᠲᠣᠭᠲᠠᠭᠠᠯᠲᠠ ᠶᠢᠨ ᠪᠢᠴᠢᠭ ᠤᠨ ᠳ᠋ᠤᠭᠠᠷ ︵᠎  2017︶᠎  ᠵᠧᠵᠢᠶᠠᠩ 0102 ᠭᠦᠶᠴᠡᠳᠬᠡᠬᠦ ᠪᠢᠴᠢᠭ ᠤᠨ ᠳ᠋ᠤᠭᠠᠷ ︵᠎  2017︶᠎  ᠵᠧᠵᠢᠶᠠᠩ 0102 ᠭᠦᠶᠴᠡᠳᠬᠡᠬᠦ 2855 ᠳ᠋ᠤᠭᠠᠷ ᠲᠣᠭᠠᠲᠤ᠂ ᠴᠡᠪᠳᠡᠭᠯᠡᠭᠰᠡᠨ ᠲᠤᠭ᠎ᠠ ᠨᠢ 2400 ᠲᠦᠮᠡᠨ ᠲᠥᠭᠦᠷᠢᠭ᠂ ᠴᠡᠪᠳᠡᠭᠯᠡᠭᠰᠡᠨ ᠬᠠᠷᠢᠴᠠᠯ ᠨᠢ 100% ᠪᠠᠶᠢᠵᠤ᠂ ᠴᠡᠪᠳᠡᠭᠯᠡᠬᠦ ᠶᠢᠨ ᠡᠬᠢᠯᠡᠭᠰᠡᠨ ᠡᠳᠦᠷ ᠬᠤᠭᠤᠴᠠᠭ᠎ᠠ ᠨᠢ 2021 — 04 — 22 — 2024 — 04 — 21 ᠪᠠᠶᠢᠵᠤ᠂ ᠰᠢᠰᠲ᠋ᠧᠮ ᠤᠨ ᠢᠯᠡᠷᠡᠭᠦᠯᠦᠭᠰᠡᠨ ᠢᠶᠠᠷ ︽ᠴᠡᠪᠳᠡᠭᠯᠡᠬᠦ ᠬᠤᠭᠤᠴᠠᠭ᠎ᠠ ᠨᠢ ᠳᠦᠭᠦᠷᠦᠭᠰᠡᠨ ᠮᠥᠷᠲᠡᠭᠡᠨ ᠴᠡᠪᠳᠡᠭᠯᠡᠬᠦ ᠪᠠᠨ ᠦᠷᠭᠦᠯᠵᠢᠯᠡᠭᠦᠯᠦᠭᠰᠡᠨ ᠥᠬᠡᠶ ᠪᠣᠯ ᠠᠶᠠᠨᠳᠠᠭᠠᠨ ᠬᠦᠴᠦᠨ ᠥᠬᠡᠶ ᠪᠣᠯᠤᠨ᠎ᠠ︾᠎ ᠃ 2024 ᠣᠨ ᠤ 6 ᠳ᠋ᠤᠭᠠᠷ ᠰᠠᠷ᠎ᠠ ᠶᠢᠨ 5᠎ ᠤ ᠡᠳᠦᠷ ᠮᠠᠨ ᠤ ᠲᠣᠪᠴᠢᠶ᠎ᠠ ᠵᠧᠵᠢᠶᠠᠩ ᠮᠤᠵᠢ ᠶᠢᠨ ᠬᠠᠩᠵᠧᠦ ᠬᠤᠲᠠ ᠶᠢᠨ ᠱᠠᠩᠴᠧᠩ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠳᠤ ︽︿ᠵᠧᠵᠢᠶᠠᠩ ᠮᠤᠵᠢ ᠶᠢᠨ ᠬᠠᠩᠵᠧᠦ ᠬᠤᠲᠠ ᠶᠢᠨ ᠱᠠᠩᠴᠧᠩ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠶᠢᠨ ᠠᠰᠠᠭᠤᠨ ᠯᠠᠪᠯᠠᠬᠤ ᠵᠠᠬᠢᠳᠠᠯ﹀᠎ ᠤᠨ ᠲᠤᠬᠠᠶ ᠮᠠᠨ ᠤ ᠲᠣᠪᠴᠢᠶ᠎ᠠ ᠶᠢᠨ ᠬᠠᠷᠢᠭᠤ ᠵᠠᠬᠢᠳᠠᠯ︾᠎ ᠎ ᠢ ᠢᠯᠡᠭᠡᠪᠡ᠃ ᠵᠧᠵᠢᠶᠠᠩ ᠮᠤᠵᠢ ᠶᠢᠨ ᠬᠠᠩᠵᠧᠦ ᠬᠤᠲᠠ ᠶᠢᠨ ᠱᠠᠩᠴᠧᠩ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠬᠠᠷᠢᠭᠤ ᠵᠠᠬᠢᠳᠠᠯ ᠢ ᠣᠯᠤᠭᠰᠠᠨ ᠤ ᠳᠠᠷᠠᠭ᠎ᠠ᠂ 2024 ᠣᠨ ᠤ 6 ᠳ᠋ᠤᠭᠠᠷ ᠰᠠᠷ᠎ᠠ ᠶᠢᠨ 7᠎ ᠤ ᠡᠳᠦᠷ ᠤᠨ ᠦᠳᠡ ᠶᠢᠨ ᠬᠤᠶᠢᠨ᠎ᠠ ᠮᠠᠨ ᠤ ᠲᠣᠪᠴᠢᠶ᠎ᠠ ᠳᠤ ᠨᠢᠭᠡᠨᠲᠡ 2023 ᠣᠨ ᠤ 4ᠳ᠋ᠦ᠋ᠭᠡᠷ ᠰᠠᠷ᠎ᠠ ᠶᠢᠨ 21᠎ ᠤ ᠡᠳᠦᠷ ᠮᠠᠨ ᠤ ᠲᠣᠪᠴᠢᠶ᠎ᠠ ᠳᠤ ︽ᠭᠦᠶᠴᠡᠳᠬᠡᠬᠦ ᠲᠣᠭᠲᠠᠭᠠᠯᠲᠠ ᠶᠢᠨ ᠪᠢᠴᠢᠭ︾᠎  ︽ᠬᠠᠮᠵᠢᠨ ᠭᠦᠶᠴᠡᠳᠬᠡᠬᠦ ᠮᠡᠳᠡᠭᠳᠡᠯ ᠤᠨ ᠪᠢᠴᠢᠭ︾᠎  ︽ᠬᠠᠮᠵᠢᠨ ᠵᠠᠷᠯᠠᠨ ᠨᠡᠶᠢᠲᠡᠯᠡᠬᠦ ᠭᠦᠶᠴᠡᠳᠬᠡᠬᠦ ᠬᠡᠷᠡᠭᠴᠡᠭᠡ ᠶᠢᠨ ᠪᠢᠴᠢᠭ︾᠎  ︽ᠬᠠᠮᠵᠢᠨ ᠵᠠᠷᠯᠠᠨ ᠨᠡᠶᠢᠲᠡᠯᠡᠬᠦ ᠮᠡᠳᠡᠭᠳᠡᠯ ᠤᠨ ᠪᠢᠴᠢᠭ︾᠎  ︵᠎  2017︶᠎  ᠵᠧᠵᠢᠶᠠᠩ 0102 ᠭᠦᠶᠴᠡᠳᠬᠡᠬᠦ 2854 ᠳ᠋ᠦ᠋ᠭᠡᠷ ᠲᠣᠭᠠᠲᠤ︶᠎ ᠎ ᠢ ᠬᠦᠷᠭᠡᠵᠦ ᠥᠭᠭᠦᠭᠰᠡᠨ ᠢ ᠲᠤᠰᠬᠠᠪᠠ᠃ ᠳᠤᠮᠳᠠᠳᠤ ᠤᠯᠤᠰ ᠤᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠤᠳᠠᠯᠳᠤᠭᠠᠨ ᠤ ᠪᠠᠲᠤᠯᠠᠨ ᠬᠠᠮᠢᠶᠠᠷᠬᠤ ᠬᠢᠵᠠᠭᠠᠷᠲᠤ ᠺᠣᠮᠫᠠᠨᠢ ᠶᠢᠨ ᠨᠡᠷ᠎ᠡ ᠳᠡᠭᠡᠷ᠎ᠡ ᠡᠵᠡᠮᠰᠢᠵᠦ ᠪᠠᠶᠢᠭ᠎ᠠ ᠠᠯᠠᠱᠠ ᠠᠶᠢᠮᠠᠭ ᠤᠨ ᠰᠢᠨ ᠦ᠋ ᠠᠭᠤᠷᠬᠠᠶ ᠶᠢᠨ ᠦᠶᠯᠡᠰ ᠤᠨ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 80%᠎ ᠶᠢᠨ ᠰᠲ᠋ᠣᠺ ᠤᠨ ᠡᠷᠬᠡ ᠶᠢ ᠬᠠᠮᠵᠢᠨ ᠴᠡᠪᠳᠡᠭᠰᠢᠭᠦᠯᠵᠦ᠂ 2400 ᠲᠦᠮᠡᠨ ᠲᠥᠭᠦᠷᠢᠭ ᠤᠨ ᠪᠠᠯᠠ ᠮᠥᠩᠭᠦ ᠭᠠᠷᠭᠠᠵᠤ᠂ ᠴᠡᠪᠳᠡᠭᠰᠢᠭᠦᠯᠬᠦ ᠬᠤᠭᠤᠴᠠᠭ᠎ᠠ ᠨᠢ ᠭᠤᠷᠪᠠᠨ ᠵᠢᠯ ᠪᠣᠯᠤᠨ᠎ᠠ᠃             ᠳᠠᠩᠰᠠ ᠡᠪᠬᠡᠮᠡᠯ ᠢ ᠪᠠᠶᠢᠴᠠᠭᠠᠨ ᠯᠠᠪᠯᠠᠬᠤ ᠪᠠᠷ ᠳᠠᠮᠵᠢᠭᠠᠳ ᠮᠠᠨ ᠤ ᠲᠣᠪᠴᠢᠶ᠎ᠠ 2023 ᠣᠨ ᠤ 4ᠳ᠋ᠦ᠋ᠭᠡᠷ ᠰᠠᠷ᠎ᠠ ᠶᠢᠨ 24᠎ ᠤ ᠡᠳᠦᠷ ︽ᠬᠠᠩᠵᠧᠦ ᠬᠤᠲᠠ ᠶᠢᠨ ᠱᠠᠩᠴᠧᠩ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠶᠢᠨ ᠨᠠᠶᠢᠳᠠᠨ ᠬᠦᠷᠭᠡᠭᠦᠯᠬᠦ ᠵᠠᠬᠢᠳᠠᠯ︾᠎  ᠨᠢᠭᠡ ᠬᠤᠪᠢ᠂ ︽ᠭᠦᠶᠴᠡᠳᠬᠡᠬᠦ ᠲᠣᠭᠲᠠᠭᠠᠯᠲᠠ ᠶᠢᠨ ᠪᠢᠴᠢᠭ︾᠎  ᠬᠤᠶᠠᠷ ᠬᠤᠪᠢ᠂ ︽ᠬᠠᠮᠵᠢᠨ ᠭᠦᠶᠴᠡᠳᠬᠡᠬᠦ ᠮᠡᠳᠡᠭᠳᠡᠯ ᠤᠨ ᠪᠢᠴᠢᠭ︾᠎  ᠬᠤᠶᠠᠷ ᠬᠤᠪᠢ᠂ ︽ᠬᠠᠮᠵᠢᠨ ᠵᠠᠷᠯᠠᠬᠤ ᠭᠦᠶᠴᠡᠳᠬᠡᠬᠦ ᠬᠡᠷᠡᠭᠴᠡᠭᠡ ᠶᠢ ᠬᠠᠮᠵᠢᠨ ᠵᠠᠷᠯᠠᠬᠤ ᠪᠢᠴᠢᠭ︾᠎  ᠬᠤᠶᠠᠷ ᠬᠤᠪᠢ᠂ ︽ᠬᠠᠮᠵᠢᠨ ᠵᠠᠷᠯᠠᠬᠤ ᠮᠡᠳᠡᠭᠳᠡᠯ ᠤᠨ ᠪᠢᠴᠢᠭ︾᠎  ᠬᠤᠶᠠᠷ ᠬᠤᠪᠢ ᠶᠢ ᠭᠥᠯᠢᠶᠡᠨ ᠠᠪᠤᠪᠠ᠂ ᠮᠠᠨ ᠤ ᠲᠣᠪᠴᠢᠶ᠎ᠠ 2023 ᠣᠨ ᠤ 4ᠳ᠋ᠦ᠋ᠭᠡᠷ ᠰᠠᠷ᠎ᠠ ᠶᠢᠨ 24᠎ ᠤ ᠡᠳᠦᠷ ︽ᠬᠠᠩᠵᠧᠦ ᠬᠤᠲᠠ ᠶᠢᠨ ᠱᠠᠩᠴᠧᠩ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠶᠢᠨ ᠨᠠᠶᠢᠳᠠᠨ ᠬᠦᠷᠭᠡᠭᠦᠯᠬᠦ ᠵᠠᠬᠢᠳᠠᠯ︾᠎  ᠨᠢᠭᠡ ᠬᠤᠪᠢ᠂ ︽ᠬᠠᠮᠵᠢᠨ ᠵᠠᠷᠯᠠᠬᠤ ᠮᠡᠳᠡᠭᠳᠡᠯ ᠤᠨ ᠪᠢᠴᠢᠭ︾᠎  ᠬᠤᠶᠠᠷ ᠬᠤᠪᠢ᠂ ᠡᠭᠦᠨ ᠳᠤ ᠨᠢᠭᠡ ᠬᠤᠪᠢ ᠨᠢ ᠵᠥᠩ ᠾᠧ ᠬᠤᠳᠠᠯᠳᠤᠭᠠᠨ ᠤ ᠪᠠᠲᠤᠯᠠᠨ ᠬᠠᠮᠢᠶᠠᠷᠬᠤ ᠬᠢᠵᠠᠭᠠᠷᠲᠤ ᠺᠣᠮᠫᠠᠨᠢ ᠶᠢᠨ ᠠᠯᠠᠱᠠ ᠠᠶᠢᠮᠠᠭ ᠤᠨ ᠶᠢᠨ ᠶᠤᠸᠠᠢ  ᠲᠠᠢ ᠯᠠᠨ ᠠᠭᠤᠷᠬᠠᠶ ᠶᠢᠨ ᠭᠠᠷᠤᠯᠲᠠ ᠶᠢᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠡᠵᠡᠮᠰᠢᠵᠦ ᠪᠠᠶᠢᠭ᠎ᠠ 20%᠎ ᠶᠢᠨ ᠰᠲ᠋ᠣᠺ ᠤᠨ ᠡᠷᠬᠡ ︵᠎  ᠪᠡᠯᠡ ᠭᠠᠷᠭᠠᠭᠰᠠᠨ ᠲᠤᠭ᠎ᠠ ᠎ ᠨᠢ 3500 ᠲᠦᠮᠡᠨ ᠲᠥᠭᠦᠷᠢᠭ︶᠎ ᠎ ᠶᠢ ᠥᠯᠥ ᠬᠥᠳᠡᠯᠭᠡᠯᠭᠡᠬᠦ  ᠶᠢ ᠱᠠᠭᠠᠷᠳᠠᠵᠤ᠂ ᠴᠡᠪᠳᠡᠭᠯᠡᠬᠦ ᠬᠤᠭᠤᠴᠠᠭ᠎ᠠ ᠨᠢ ᠭᠤᠷᠪᠠᠨ ᠵᠢᠯ᠂ 2023 ᠣᠨ ᠤ 4ᠳ᠋ᠦ᠋ᠭᠡᠷ ᠰᠠᠷ᠎ᠠ ᠶᠢᠨ 24᠎ ᠤ ᠡᠳᠦᠷ ᠠᠴᠠ 2026 ᠣᠨ ᠤ 4ᠳ᠋ᠦ᠋ᠭᠡᠷ ᠰᠠᠷ᠎ᠠ ᠶᠢᠨ 23᠎ ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠬᠠᠮᠲᠤᠷᠠᠯᠴᠠᠭᠠᠨ ᠤ ᠺᠣᠮᠫᠠᠨᠢ ᠶᠢᠨ ᠬᠤᠳᠠᠯᠳᠤᠭᠠᠨ ᠤ ᠪᠠᠲᠤᠯᠠᠨ ᠬᠠᠮᠢᠶᠠᠷᠬᠤ ᠬᠢᠵᠠᠭᠠᠷᠲᠤ ᠺᠣᠮᠫᠠᠨᠢ ᠶᠢᠨ ᠠᠯᠠᠱᠠ ᠠᠶᠢᠮᠠᠭ ᠤᠨ ᠰᠢᠨ᠂ ᠠᠭᠤᠷᠬᠠᠶ ᠶᠢᠨ ᠦᠶᠯᠡᠰ ᠤᠨ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠠᠬᠢ 80%᠎ ᠶᠢᠨ ᠰᠲ᠋ᠣᠺ ᠤᠨ ᠡᠷᠬᠡ ︵᠎  ᠪᠠᠯᠠ ᠭᠠᠷᠭᠠᠭᠰᠠᠨ ᠲᠤᠭ᠎ᠠ ᠨᠢ 2400 ᠲᠦᠮᠡᠨ ᠲᠥᠭᠦᠷᠢᠭ︶᠎ ᠎ ᠶᠢ ᠴᠡᠪᠳᠡᠭᠯᠡᠬᠦ ᠪᠠᠷ ᠱᠠᠭᠠᠷᠳᠠᠭᠰᠠᠨ ᠨᠥᠭᠦᠭᠡ ᠨᠢᠭᠡ ᠬᠤᠪᠢ ᠱᠠᠭᠠᠷᠳᠠᠯᠭ᠎ᠠ ᠭᠠᠷᠭᠠᠵᠤ᠂ ᠴᠡᠪᠳᠡᠭᠯᠡᠬᠦ ᠬᠤᠭᠤᠴᠠᠭ᠎ᠠ ᠨᠢ ᠭᠤᠷᠪᠠᠨ ᠵᠢᠯ ᠪᠣᠯᠤᠨ᠎ᠠ᠂ ᠭᠡᠪᠡᠴᠦ ᠴᠡᠪᠳᠡᠭᠯᠡᠬᠦ ᠶᠢᠨ ᠡᠬᠢᠯᠡᠵᠦ ᠳᠠᠭᠤᠰᠬᠤ ᠡᠳᠦᠷ ᠬᠤᠭᠤᠴᠠᠭ᠎ᠠ ᠶᠢ ᠲᠣᠳᠣᠷᠬᠠᠶ ᠪᠢᠴᠢᠭᠰᠡᠨ ᠥᠬᠡᠶ᠃ ᠮᠠᠨ ᠤ ᠲᠣᠪᠴᠢᠶ᠎ᠠ ᠶᠢᠨ ᠠᠵᠢᠯᠲᠠᠨ ︽ᠭᠦᠢᠴᠡᠳᠬᠡᠬᠦ ᠬᠢᠨᠠᠨ ᠲᠠᠰᠤᠯᠤᠯᠲᠠ ᠶᠢᠨ ᠪᠢᠴᠢᠭ︾᠎ ᠎ ᠤᠨ ᠱᠠᠭᠠᠷᠳᠠᠯᠭ᠎ᠠ  ᠶᠢ ᠦᠨᠳᠦᠰᠦᠯᠡᠨ᠂ ᠥᠪᠥᠷ ᠮᠣᠩᠭᠤᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠵᠥᠩ ᠾᠧ ᠬᠤᠳᠠᠯᠳᠤᠭᠠᠨ ᠤ ᠪᠠᠲᠤᠯᠠᠨ ᠬᠠᠮᠢᠶᠠᠷᠬᠤ ᠬᠢᠵᠠᠭᠠᠷᠲᠤ ᠺᠣᠮᠫᠠᠨᠢ ᠶᠢᠨ ᠠᠯᠠᠱᠠ ᠠᠶᠢᠮᠠᠭ ᠤᠨ ᠶᠢᠨ ᠶᠤᠸᠠᠢ  ᠲᠠᠢ ᠯᠠᠨ ᠠᠭᠤᠷᠬᠠᠶ ᠶᠢᠨ ᠭᠠᠷᠤᠯᠲᠠ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠡᠵᠡᠮᠰᠢᠵᠦ ᠪᠠᠶᠢᠭ᠎ᠠ 20%᠎ ᠶᠢᠨ ᠰᠲ᠋ᠣᠺ ᠤᠨ ᠡᠷᠬᠡ ᠪᠠ ᠠᠯᠠᠱᠠ ᠠᠶᠢᠮᠠᠭ ᠤᠨ ᠰᠢᠨ ᠢᠦᠶ ᠠᠭᠤᠷᠬᠠᠶ ᠶᠢᠨ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠡᠵᠡᠮᠰᠢᠵᠦ ᠪᠠᠶᠢᠭ᠎ᠠ 80%᠎ ᠶᠢᠨ ᠰᠲ᠋ᠣᠺ ᠤᠨ ᠡᠷᠬᠡ ᠶᠢ ᠲᠤᠰ ᠲᠤᠰ ᠥᠯᠥ ᠬᠥᠳᠡᠯᠭᠡᠯᠭᠡᠭᠰᠡᠨ ᠪᠠᠶᠢᠨ᠎ᠠ᠃ ᠭᠡᠪᠡᠴᠦ ᠰᠢᠰᠲ᠋ᠧᠮ ᠤᠨ ᠰᠢᠯᠲᠠᠭᠠᠨ ᠠᠴᠠ ᠪᠣᠯᠵᠣ᠂ ᠠᠯᠠᠱᠠ ᠠᠶᠢᠮᠠᠭ ᠤᠨ ᠰᠢᠨ ᠦ᠋ ᠠᠭᠤᠷᠬᠠᠶ ᠶᠢᠨ ᠦᠶᠯᠡᠰ ᠤᠨ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠲ᠋ᠣᠺ ᠤᠨ ᠡᠷᠬᠡ ᠶᠢ ᠬᠠᠳᠠᠭᠠᠯᠠᠵᠤ ᠥᠯᠥ ᠬᠥᠳᠡᠯᠭᠡᠯᠭᠡᠬᠦ ᠲᠤᠬᠠᠶᠢᠯᠠᠭᠰᠠᠨ ᠠᠵᠢᠯ ᠢ ᠦᠷᠭᠦᠯᠵᠢᠯᠡᠨ ᠬᠢᠵᠦ ᠳᠡᠶᠢᠯᠦᠭᠰᠡᠨ ᠥᠬᠡᠶ᠃ 2024 ᠣᠨ ᠤ 4ᠳ᠋ᠦ᠋ᠭᠡᠷ ᠰᠠᠷ᠎ᠠ ᠶᠢᠨ 22᠎ ᠤᠨ ᠡᠳᠦᠷ᠂ ᠠᠯᠠᠱᠠ ᠠᠶᠢᠮᠠᠭ ᠤᠨ ᠰᠢᠨ ᠦ᠋ ᠠᠭᠤᠷᠬᠠᠶ ᠶᠢᠨ ᠦᠶᠯᠡᠰ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠰᠲ᠋ᠣᠺ ᠤᠨ ᠡᠷᠬᠡ ᠪᠠᠨ ᠬᠤᠪᠢᠷᠠᠭᠤᠯᠬᠤ ᠲᠤᠬᠠᠶᠢᠯᠠᠭᠰᠠᠨ ᠠᠵᠢᠯ ᠭᠤᠶᠤᠴᠢᠯᠠᠵᠤ᠂ ᠬᠤᠪᠢ ᠣᠷᠣᠭᠤᠯᠤᠭᠴᠢ ᠵᠥᠩ ᠾᠧ ᠬᠤᠳᠠᠯᠳᠤᠭᠠᠨ ᠤ ᠪᠠᠲᠤᠯᠠᠨ ᠬᠠᠮᠢᠶᠠᠷᠬᠤ ᠬᠢᠵᠠᠭᠠᠷᠲᠤ ᠺᠣᠮᠫᠠᠨᠢ ᠶᠢ ᠬᠤᠪᠢᠷᠠᠭᠤᠯᠤᠨ ᠠᠯᠠᠱᠠ ᠠᠶᠢᠮᠠᠭ ᠤᠨ ᠰᠢᠩ ᠹᠧᠩ ᠠᠵᠤ ᠦᠶᠯᠡᠰ ᠤᠨ ᠬᠢᠵᠠᠭᠠᠷᠲᠤ ᠺᠣᠮᠫᠠᠨᠢ ᠪᠣᠯᠭᠠᠨ ᠳᠡᠩᠰᠡᠯᠡᠵᠦ᠂ ᠪᠠᠯᠠ ᠮᠥᠩᠭᠦ ᠶᠢᠨ ᠲᠤᠭ᠎ᠠ ᠨᠢ 2400 ᠲᠦᠮᠡᠨ ᠲᠥᠭᠦᠷᠢᠭ ᠪᠠᠶᠢᠵᠤ᠂ ᠳᠠᠩᠰᠠᠯᠠᠭᠤᠯᠤᠭᠰᠠᠨ ᠬᠥᠷᠥᠩᠭᠡ ᠶᠢᠨ 80%᠎ ᠶᠢ ᠡᠵᠡᠯᠡᠵᠡᠶ᠂ ᠰᠢᠰᠲ᠋ᠧᠮ ᠤᠨ ᠬᠢᠨ ᠬᠢᠵᠠᠭᠠᠷᠯᠠᠭᠳᠠᠬᠤ ᠰᠠᠨᠠᠭᠤᠯᠤᠮᠵᠢ ᠥᠭᠭᠦᠭᠰᠡᠨ ᠥᠬᠡᠶ ᠠᠴᠠ ᠪᠣᠯᠵᠣ ᠲᠣᠰ ᠲᠤᠬᠠᠶᠢᠯᠠᠭᠰᠠᠨ ᠠᠵᠢᠯ ᠤᠨ ᠳᠡᠩᠰᠡᠯᠡᠯᠲᠡ ᠎ ᠨᠢ ᠠᠮᠵᠢᠯᠲᠠ ᠣᠯᠤᠭᠰᠠᠨ ᠪᠠᠶᠢᠨ᠎ᠠ᠃             ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾᠎ ᠎ ᠶᠢᠨ ᠵᠢᠷᠠ ᠶᠢᠰᠦᠳᠦᠭᠡᠷ ᠵᠦᠢᠯ ᠤᠨ ︽ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠭᠠᠷᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠲᠡᠭᠦᠨ ᠤ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠰᠢᠭ ᠬᠤᠣᠷ ᠤᠨ ᠬᠠᠷᠢᠴᠠᠭ᠎ᠠ ᠲᠠᠢ ᠬᠥᠮᠦᠨ ᠤ ᠭᠤᠶᠤᠴᠢᠯᠠᠯ ᠢ ᠦᠨᠳᠦᠰᠦᠯᠡᠬᠦ ᠪᠤᠶᠤ ᠡᠷᠬᠡ ᠲᠤᠰᠢᠶᠠᠯ ᠢᠶᠠᠨ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠢ ᠬᠦᠴᠦᠨ ᠦᠭᠡᠢ ᠪᠣᠯᠭᠠᠵᠤ ᠪᠣᠯᠤᠨ᠎ᠠ᠄  ︵ᠲᠦᠷᠪᠡ︶᠎  ᠭᠤᠶᠤᠴᠢᠯᠠᠬᠤ ᠬᠢᠷᠢ ᠬᠡᠮ ᠢ ᠪᠦᠷᠢᠯᠳᠦᠭᠦᠯᠦᠭᠰᠡᠨ ᠦᠭᠡᠢ ᠪᠤᠶᠤ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠢ ᠭᠤᠶᠤᠴᠢᠯᠠᠭᠴᠢ ᠳᠤ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠭᠰᠠᠨ︔ ︽ᠠᠷᠠᠳ ᠤᠨ ᠰᠢᠭᠦᠬᠦ ᠬᠤᠷᠢᠶᠠᠨ ᠤ ᠭᠦᠢᠴᠡᠳᠬᠡᠬᠦ ᠠᠵᠢᠯ ᠤᠨ ᠠᠰᠠᠭᠤᠳᠠᠯ ᠤᠳ ᠤᠨ ᠲᠤᠬᠠᠶ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠣᠭᠲᠠᠭᠠᠯ ︵ᠲᠤᠷᠰᠢᠨ ᠬᠡᠷᠡᠭᠵᠢᠭᠦᠯᠬᠦ︶᠎ ︾᠎ ᠎ ᠤᠨ ᠭᠤᠴᠢᠨ ᠨᠠᠢᠮᠠᠳᠤᠭᠠᠷ ᠵᠦᠢᠯ︾᠎ ᠎ ᠢᠶᠠᠷ ᠯᠠᠪᠯᠠᠯᠲᠠ ᠪᠣᠯᠭᠠᠵᠤ ᠭᠦᠢᠴᠡᠳᠬᠡᠭᠳᠡᠭᠴᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠪᠤᠰᠤᠳ ᠬᠠᠤᠯᠢ ᠶᠢᠨ ᠬᠥᠮᠦᠨ ᠤ ᠠᠵᠤ ᠠᠬᠤᠶᠢᠯᠠᠯ ᠳᠠᠬᠢ ᠪᠡᠯᠡ ᠣᠷᠣᠭᠤᠯᠤᠯᠲᠠ ᠶᠢᠨ ᠡᠷᠬᠡ ᠠᠰᠢᠭ ᠪᠤᠶᠤ ᠰᠲ᠋ᠣᠺ ᠤᠨ ᠡᠷᠬᠡ ᠳᠤ ᠠᠷᠠᠳ ᠤᠨ ᠰᠢᠭᠦᠬᠦ ᠬᠤᠷᠢᠶ᠎ᠠ ᠴᠡᠪᠳᠡᠭᠯᠡᠬᠦ ᠠᠷᠭ᠎ᠠ ᠬᠡᠮᠵᠢᠶ᠎ᠡ ᠠᠪᠴᠤ ᠪᠣᠯᠤᠨ᠎ᠠ᠃ ᠪᠡᠯᠡ ᠣᠷᠣᠭᠤᠯᠤᠯᠲᠠ ᠶᠢᠨ ᠡᠷᠬᠡ ᠠᠰᠢᠭ ᠪᠤᠶᠤ ᠰᠲ᠋ᠣᠺ ᠤᠨ ᠡᠷᠬᠡ ᠶᠢ ᠴᠡᠪᠳᠡᠭᠰᠢᠭᠦᠯᠦᠭᠰᠡᠨ ᠪᠠᠶᠢᠪᠠᠯ᠂ ᠴᠡᠪᠳᠡᠭᠰᠢᠭᠦᠯᠦᠭᠰᠡᠨ ᠪᠡᠯᠡ ᠣᠷᠣᠭᠤᠯᠤᠯᠲᠠ ᠶᠢᠨ ᠡᠷᠬᠡ ᠠᠰᠢᠭ ᠪᠤᠶᠤ ᠰᠲ᠋ᠣᠺ ᠤᠨ ᠡᠷᠬᠡ ᠶᠢ ᠰᠢᠯᠵᠢᠭᠦᠯᠬᠦ ᠭᠠᠷ ᠭᠦᠢᠴᠡᠳᠬᠡᠯ ᠬᠢᠵᠦ ᠪᠣᠯᠬᠤ ᠦᠭᠡᠢ᠂ ᠭᠦᠢᠴᠡᠳᠬᠡᠭᠳᠡᠭᠴᠢ ᠳᠤ ᠰᠲ᠋ᠣᠺ ᠤᠨ ᠬᠦᠦ ᠮᠥᠩᠭᠦ ᠪᠤᠶᠤ ᠴᠡᠪᠡᠷ ᠠᠰᠢᠭ ᠥᠭᠴᠦ ᠪᠣᠯᠬᠤ ᠦᠭᠡᠢ ᠭᠡᠵᠦ ᠬᠤᠯᠪᠣᠭᠳᠠᠯ ᠪᠦᠬᠦᠢ ᠠᠵᠤ ᠠᠬᠤᠶᠢᠯᠠᠯ ᠳᠤ ᠮᠡᠳᠡᠭᠳᠡᠬᠦ ᠬᠡᠷᠡᠭᠲᠡᠶ᠃ ᠴᠡᠪᠳᠡᠭᠰᠢᠭᠦᠯᠦᠭᠰᠡᠨ ᠪᠡᠯᠡ ᠣᠷᠣᠭᠤᠯᠤᠯᠲᠠ ᠶᠢᠨ ᠡᠷᠬᠡ ᠠᠰᠢᠭ ᠪᠤᠶᠤ ᠰᠲ᠋ᠣᠺ ᠤᠨ ᠡᠷᠬᠡ ᠶᠢ ᠭᠦᠢᠴᠡᠳᠬᠡᠭᠳᠡᠭᠴᠢ ᠥᠪᠡᠷ ᠢᠶᠠᠨ ᠰᠢᠯᠵᠢᠭᠦᠯᠦᠨ ᠥᠭᠴᠦ ᠪᠣᠯᠬᠤ ᠦᠭᠡᠢ︾᠎  ᠭᠡᠰᠡᠨ ᠲᠣᠭᠲᠠᠭᠠᠯ ᠳᠤ᠂ ᠭᠤᠶᠤᠴᠢᠯᠠᠭᠴᠢ ᠠᠯᠠᠱᠠ ᠠᠶᠢᠮᠠᠭ ᠤᠨ ᠰᠢᠨ ᠦ᠋ ᠠᠭᠤᠷᠬᠠᠶ ᠶᠢᠨ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠰᠲ᠋ᠣᠺ ᠤᠨ ᠡᠷᠬᠡ ᠶᠢ ᠴᠡᠪᠳᠡᠭᠰᠢᠭᠦᠯᠦᠭᠰᠡᠨ ᠨᠢᠭᠡᠨᠲᠡ ᠲᠣᠭᠲᠠᠭᠠᠭᠰᠠᠨ ᠪᠣᠳᠠᠲᠤ ᠬᠡᠷᠡᠭ ᠣᠷᠣᠰᠢᠵᠤ ᠪᠠᠶᠢᠬᠤ ᠤᠴᠢᠷ ᠠᠴᠠ ᠰᠲ᠋ᠣᠺ ᠤᠨ ᠡᠷᠬᠡ ᠶᠢ ᠬᠤᠪᠢᠷᠠᠭᠤᠯᠬᠤ ᠲᠠᠩᠰᠠᠯᠠᠯᠳᠠ ᠬᠢᠯᠭᠡᠬᠦ ᠪᠠᠷ ᠭᠤᠶᠤᠴᠢᠯᠠᠬᠤ ᠬᠢᠷᠢ ᠬᠡᠮ ᠪᠠᠶᠢᠬᠤ ᠦᠭᠡᠢ᠂ ᠳᠣᠣᠷᠠᠬᠢ ᠮᠡᠲᠦ ᠲᠣᠭᠲᠠᠭᠠᠯ ᠭᠠᠷᠭᠠᠬᠤ ᠪᠠᠷ ᠲᠥᠯᠥᠪᠯᠡᠵᠦ ᠪᠠᠶᠢᠨ᠎ᠠ᠄              1. ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠯᠠᠱᠠ ᠠᠶᠢᠮᠠᠭ ᠤᠨ ᠰᠢᠨ ᠠᠭᠤᠷᠬᠠᠶ ᠶᠢᠨ ᠦᠶᠯᠡᠰ ᠤᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 2024 ᠣᠨ ᠤ 4ᠳ᠋ᠦ᠋ᠭᠡᠷ ᠰᠠᠷ᠎ᠠ ᠶᠢᠨ 22᠎ ᠤᠨ ᠡᠳᠦᠷ ᠭᠠᠷᠭᠠᠭᠰᠠᠨ ᠪᠠᠯᠠ ᠣᠷᠣᠭᠤᠯᠤᠭᠴᠢ ᠶᠢᠨ ᠳᠡᠩᠰᠡᠯᠡᠯᠲᠡ ᠶᠢ ᠬᠦᠴᠦᠨ ᠥᠬᠡᠶ ᠪᠣᠯᠭᠠᠨ᠎ᠠ᠃             ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾᠎ ᠎ ᠶᠢᠨ ᠳᠥᠴᠢᠨ ᠳᠣᠯᠣᠳᠤᠭᠠᠷ ᠵᠦᠢᠯ ᠢ ᠦᠨᠳᠦᠰᠦᠯᠡᠪᠡᠯ᠄  ︽ᠵᠠᠰᠠᠭ ᠵᠠᠬᠢᠷᠭᠠᠨ ᠤ ᠵᠥᠪᠰᠢᠶᠡᠷᠡᠯ ᠨᠢ ᠭᠤᠶᠤᠴᠢᠯᠠᠭᠴᠢ ᠪᠣᠯᠤᠨ ᠪᠤᠰᠤᠳ ᠬᠥᠮᠦᠨ ᠤ ᠬᠤᠭᠤᠷᠣᠨᠳᠣᠬᠢ ᠴᠢᠬᠤᠯᠠ ᠶᠡᠭᠡ ᠠᠰᠢᠭ ᠲᠤᠰᠠ ᠶᠢᠨ ᠬᠠᠷᠢᠴᠠᠭ᠎ᠠ ᠳᠤ ᠰᠢᠭᠤᠳ ᠬᠤᠯᠪᠣᠭᠳᠠᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠭᠠᠷᠭᠠᠬᠤ ᠠᠴᠠ ᠡᠮᠦᠨ᠎ᠡ᠂ ᠭᠤᠶᠤᠴᠢᠯᠠᠭᠴᠢ᠂ ᠠᠰᠢᠭ ᠬᠤᠣᠷ ᠤᠨ ᠬᠠᠷᠢᠴᠠᠭ᠎ᠠ ᠲᠠᠢ ᠬᠥᠮᠦᠨ ᠳᠤ ᠰᠠᠨᠠᠯ ᠰᠣᠨᠣᠰᠤᠭᠤᠯᠬᠤ ᠪᠠᠷ ᠱᠠᠭᠠᠷᠳᠠᠬᠤ ᠡᠷᠬᠡ ᠲᠠᠢ ᠭᠡᠳᠡᠭ ᠢ ᠬᠡᠯᠡᠵᠦ ᠥᠭᠬᠦ ᠬᠡᠷᠡᠭᠲᠡᠶ᠂ ᠭᠤᠶᠤᠴᠢᠯᠠᠭᠴᠢ᠂ ᠠᠰᠢᠭ ᠬᠤᠣᠷ ᠤᠨ ᠬᠠᠷᠢᠴᠠᠭ᠎ᠠ ᠲᠠᠢ ᠬᠥᠮᠦᠨ ᠨᠢ ᠰᠠᠨᠠᠯ ᠰᠣᠨᠣᠰᠬᠤ ᠡᠷᠬᠡ ᠶᠢ ᠮᠡᠳᠡᠭᠳᠡᠭᠰᠡᠨ ᠡᠳᠦᠷ ᠠᠴᠠ ᠡᠬᠢᠯᠡᠨ ᠲᠠᠪᠤᠨ ᠡᠳᠦᠷ ᠤᠨ ᠳᠣᠲᠣᠷ᠎ᠠ ᠰᠠᠨᠠᠯ ᠰᠣᠨᠣᠰᠤᠭᠤᠯᠬᠤ ᠭᠤᠶᠤᠴᠢᠯᠠᠯ ᠭᠠᠷᠭᠠᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠬᠤᠷᠢᠨ ᠡᠳᠦᠷ ᠤᠨ ᠳᠣᠲᠣᠷ᠎ᠠ ᠰᠠᠨᠠᠯ ᠰᠣᠨᠣᠰᠤᠯᠲᠠ ᠶᠢ ᠵᠣᠬᠢᠶᠠᠨ ᠪᠠᠶᠢᠭᠤᠯᠬᠤ ᠬᠡᠷᠡᠭᠲᠡᠶ︾᠎  ᠭᠡᠵᠦ ᠵᠠᠰᠠᠪᠠ᠃ ᠲᠤᠬᠠᠶ ᠶᠢᠨ ᠬᠥᠮᠦᠨ ᠲᠤᠰ ᠮᠡᠳᠡᠭᠳᠡᠯ ᠢ ᠣᠯᠤᠭᠰᠠᠨ ᠡᠳᠦᠷ ᠠᠴᠠ ᠡᠬᠢᠯᠡᠨ ᠲᠠᠪᠤᠨ ᠡᠳᠦᠷ ᠤᠨ ᠳᠣᠲᠣᠷ᠎ᠠ ᠮᠠᠨ ᠤ ᠲᠣᠪᠴᠢᠶ᠎ᠠ ᠳᠤ ᠭᠡᠷᠡᠴᠢᠯᠡᠭᠡ ᠰᠣᠨᠣᠰᠬᠤ ᠱᠠᠭᠠᠷᠳᠠᠯᠭ᠎ᠠ ᠪᠠᠨ ᠪᠢᠴᠢᠭ ᠢᠶᠠᠷ ᠪᠤᠶᠤ ᠠᠮᠠᠨ ᠬᠡᠯᠪᠡᠷᠢ ᠪᠠᠷ ᠳᠤᠷᠠᠳᠬᠤ ᠬᠡᠷᠡᠭᠲᠡᠶ ᠭᠡᠵᠦ ᠲᠣᠭᠲᠠᠭᠠᠵᠠᠶ᠃ ᠬᠤᠭᠤᠴᠠᠭ᠎ᠠ ᠬᠡᠲᠦᠷᠡᠲᠡᠯ᠎ᠡ ᠳᠤᠷᠠᠳᠤᠭᠰᠠᠨ ᠦᠭᠡᠢ ᠪᠠᠶᠢᠪᠠᠯ᠂ ᠳᠡᠭᠡᠷ᠎ᠡ ᠳᠤᠷᠠᠳᠤᠭᠰᠠᠨ ᠡᠷᠬᠡ ᠶᠢ ᠬᠠᠶᠠᠭᠰᠠᠨ ᠢᠶᠠᠷ ᠪᠤᠳᠦᠨ᠎ᠡ᠃                         ᠬᠠᠷᠢᠯᠴᠠᠬᠤ ᠬᠥᠮᠦᠨ᠄  ᠸᠠᠩ ᠰᠢᠶᠤᠤ             ᠬᠠᠷᠢᠯᠴᠠᠬᠤ ᠤᠲᠠᠰᠤ᠄  0483-8221906                                     ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ             2024 ᠣᠨ ᠤ 6 ᠳ᠋ᠤᠭᠠᠷ ᠰᠠᠷ᠎ᠠ ᠶᠢᠨ 25
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号