ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠯᠠᠱᠠ ᠠᠶᠢᠮᠠᠭ ᠤᠨ ᠵᠢᠨᠱᠠᠨ ᠳ᠋ᠦᠩ ᠹᠠᠩ ᠴᠢᠯᠠᠭᠤᠨ ᠦᠶᠯᠡᠰ ᠤᠨ ᠬᠢᠵᠠᠭᠠᠷᠲᠤ ᠺᠣᠮᠫᠠᠨᠢ ᠵᠡᠷᠭᠡ 6 ᠠᠵᠤ ᠠᠬᠤᠶᠢᠯᠠᠯ ᠤᠨ ᠠᠶᠤᠯᠭᠦᠶ ᠦᠶᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢ ᠪᠠᠷᠢᠮᠵᠢᠶ᠎ᠠ ᠳᠤ ᠬᠦᠷᠭᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2024/7/3
            ︽ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠦᠨᠳᠦᠰᠦᠨ ᠵᠢᠷᠤᠮᠵᠢᠯ︾᠎  ︵᠎  GB/T3300-2016︶᠎ ᠂ ︽ᠲᠡᠮᠦᠷᠯᠢᠭ ᠬᠠᠶᠢᠯᠤᠭᠤᠯᠬᠤ ᠵᠡᠷᠭᠡ ᠠᠵᠤ ᠦᠶᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠵᠢᠵᠢᠭ ᠪᠢᠴᠢᠯ ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢ ᠦᠨᠡᠯᠡᠨ ᠲᠣᠭᠲᠠᠭᠠᠬᠤ ᠪᠠᠷᠢᠮᠵᠢᠶ᠎ᠠ ᠶᠢ ᠬᠡᠪᠯᠡᠨ ᠲᠠᠷᠬᠠᠭᠠᠬᠤ ᠲᠤᠬᠠᠶ ᠮᠡᠳᠡᠭᠳᠡᠯ︾᠎  ︵᠎  ᠠᠶᠤᠯ ᠥᠬᠡᠶ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠳᠥᠷᠪᠡᠳᠦᠭᠡᠷ ﹇2014﹈ 17 ᠳ᠋ᠤᠭᠠᠷ ᠲᠣᠭᠠᠲᠤ︶᠎ ᠂ ︽ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢᠨ ᠲᠠᠰ ᠲᠣᠭᠲᠠᠭᠠᠬᠤ ᠠᠷᠭ᠎ᠠ︾᠎  ︵᠎  ᠪᠠᠴᠢᠮ ᠪᠠᠶᠢᠳᠠᠯ ᠢ ᠲᠦᠷᠭᠡᠨ ᠠᠷᠭᠠᠴᠠᠬᠤ ﹇2021﹈ 83 ᠳ᠋ᠤᠭᠠᠷ ᠲᠣᠭᠠᠲᠤ ︶᠎  ᠵᠡᠷᠭᠡ ᠬᠤᠯᠪᠣᠭᠳᠠᠯ ᠪᠥᠬᠦᠶ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠠᠵᠤ ᠠᠬᠤᠶᠢᠯᠠᠯ ᠤᠨ ᠭᠤᠶᠤᠴᠢᠯᠠᠯ ᠢᠶᠠᠷ᠂ ᠬᠢᠨᠠᠨ ᠲᠣᠭᠲᠠᠭᠠᠬᠤ ᠨᠢᠭᠡᠴᠡ ᠲᠤᠬᠠᠶ ᠶᠢᠨ ᠭᠠᠵᠠᠷ ᠲᠤᠨᠢ ᠬᠢᠨᠠᠨ ᠲᠣᠭᠲᠠᠭᠠᠵᠤ᠂ ᠡᠳᠦᠭᠡ ᠠᠯᠠᠱᠠ ᠠᠶᠢᠮᠠᠭ ᠤᠨ ᠶᠢᠨ ᠱᠠᠨ ᠳ᠋ᠦᠩ ᠹᠠᠩ ᠴᠢᠯᠠᠭᠤᠨ ᠦᠢᠯᠡᠰ ᠤᠨ ᠬᠢᠵᠠᠭᠠᠷᠲᠤ ᠺᠣᠮᠫᠠᠨᠢ  ᠶᠢ ᠬᠢᠨᠠᠨ ᠵᠥᠪᠰᠢᠶᠡᠷᠡᠵᠦ᠂ ᠠᠯᠠᠱᠠ ᠠᠶᠢᠮᠠᠭ ᠤᠨ ᠶᠢᠨ ᠱᠢ ᠱᠢ ᠱᠧᠩ ᠢᠦᠶ ᠴᠢᠯᠠᠭᠤᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠂ ᠠᠯᠠᠱᠠ ᠠᠶᠢᠮᠠᠭ ᠤᠨ ᠶᠢᠨ ᠱᠢ ᠱᠧᠩ ᠢᠦᠶ ᠮᠢᠨ ᠬᠦᠦ ᠴᠢᠯᠠᠭᠤᠨ ᠦᠶᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠥᠩ ᠨᠦᠸᠧ ᠠᠭᠤᠷᠬᠠᠶ ᠶᠢᠨ ᠦᠶᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠾᠦᠢ ᠬᠤᠰᠢᠭᠤᠨ ᠤ ᠡᠨᠧᠷᠭᠢ ᠶᠢᠨ ᠬᠢᠵᠠᠭᠠᠷᠲᠤ ᠺᠣᠮᠫᠠᠨᠢ ︵᠎  ᠳᠡᠭᠡᠷᠡᠬᠢ ᠨᠢ ᠴᠥᠮ ᠴᠢᠯᠠᠭᠤᠨ ᠮᠠᠲ᠋ᠧᠷᠢᠶᠠᠯ ᠡᠳ᠋ᠰᠢᠭᠦᠯᠬᠦ ᠲᠥᠷᠥᠯ ᠵᠦᠶᠯ︶᠎  ᠵᠢᠴᠢ ᠠᠯᠠᠱᠠ ᠠᠶᠢᠮᠠᠭ ᠤᠨ ᠵᠥᠩ ᠺᠠᠶ ᠪᠦᠯᠦᠭᠯᠡᠯ ᠤᠨ ᠬᠢᠵᠠᠭᠠᠷᠲᠤ ᠺᠣᠮᠫᠠᠨᠢ ︵᠎  ᠾᠯᠣᠷᠲᠤ ᠺᠠᠯᠼ ᠤᠨ ᠲᠥᠷᠥᠯ ᠵᠦᠶᠯ︶᠎  ᠪᠣᠯ ᠲᠡᠮᠦᠷᠯᠢᠭ ᠬᠠᠶᠢᠯᠤᠭᠤᠯᠬᠤ ᠠᠵᠤ ᠦᠶᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠠᠶᠤᠯ ᠥᠬᠡᠶ ᠦᠶᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ ᠪᠣᠯᠤᠨ᠎ᠠ᠂ ᠬᠦᠴᠦᠨ ᠲᠠᠢ ᠬᠤᠭᠤᠴᠠᠭ᠎ᠠ ᠨᠢ ᠪᠠᠷᠢᠮᠵᠢᠶ᠎ᠠ ᠳᠤ ᠬᠦᠷᠦᠭᠰᠡᠨ ᠡᠳᠦᠷ ᠠᠴᠠ ᠡᠬᠢᠯᠡᠨ ᠭᠤᠷᠪᠠᠨ ᠵᠢᠯ ᠪᠣᠯᠤᠨ᠎ᠠ᠃                         ᠡᠭᠦᠨ ᠤ ᠲᠤᠯᠠ ᠣᠨᠴᠠᠭᠠᠶᠢᠯᠠᠨ ᠵᠠᠷᠯᠠᠪᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号