ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠦᠰᠦᠭ ᠵᠢᠷᠤᠵᠤ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ﹀᠎ ᠶᠢᠨ ᠪᠦᠷᠢᠳᠬᠡᠭᠦᠯᠦᠭᠰᠡᠨ ᠬᠥᠷᠥᠩᠭᠡ ᠶᠢ ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾᠎ ᠢ ᠨᠡᠶᠢᠲᠡᠯᠡᠪᠡ
ᠨᠡᠶᠢᠲᠡᠯᠡᠭᠰᠡᠨ ᠴᠠᠭ᠄
2024/7/3
                  ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠦᠰᠦᠭ ᠵᠢᠷᠤᠵᠤ᠂ 2024 ᠣᠨ ᠤ 7 ᠳ᠋ᠤᠭᠠᠷ ᠰᠠᠷ᠎ᠠ ᠶᠢᠨ 1᠎ ᠤ ᠡᠳᠦᠷ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ﹀᠎ ᠶᠢᠨ ᠪᠦᠷᠢᠳᠬᠡᠭᠦᠯᠦᠭᠰᠡᠨ ᠬᠥᠷᠥᠩᠭᠡ ᠶᠢ ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ︵ᠳᠣᠷᠣᠭᠰᠢ ︽ᠲᠣᠭᠲᠠᠭᠠᠯ︾ ᠬᠡᠮᠡᠨ ᠲᠣᠪᠴᠢᠯᠠᠪᠠ︶᠎ ᠢ ᠨᠡᠶᠢᠲᠡᠯᠡᠪᠡ᠂ ᠲᠤᠰ ︽ᠲᠣᠭᠲᠠᠭᠠᠯ︾᠎ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠲᠣᠭᠲᠠᠭᠠᠯ︾᠎ ᠳᠤ ᠨᠡᠶᠢᠲᠡ 13 ᠵᠦᠢᠯ ᠪᠠᠶᠢᠵᠤ᠂ ᠭᠤᠣᠯᠳᠠᠭᠤ ᠳᠠᠷᠠᠭᠠᠬᠢ ᠠᠭᠤᠯᠭ᠎ᠠ ᠨᠤᠭᠤᠳ ᠢ ᠪᠠᠭᠲᠠᠭᠠᠨ᠎ᠠ᠃             ᠨᠢᠭᠡᠳᠦᠭᠡᠷ ᠲᠤ᠂ ᠺᠤᠮᠫᠠᠨᠢ ᠶᠢᠨ ᠳᠠᠭᠠᠭᠠᠨ ᠲᠤᠰᠢᠶᠠᠬᠤ ᠪᠡᠯᠡ ᠭᠠᠷᠭᠠᠬᠤ ᠴᠠᠭ ᠤᠨ ᠬᠢᠵᠠᠭᠠᠷ ᠤᠨ ᠰᠢᠯᠵᠢᠯᠲᠡ ᠶᠢᠨ ᠬᠤᠭᠤᠴᠠᠭᠠᠨ ᠤ ᠲᠣᠬᠢᠷᠠᠭᠤᠯᠤᠯᠲᠠ ᠶᠢ ᠲᠣᠳᠣᠷᠬᠠᠶᠢᠯᠠᠪᠠ᠃ 2024 ᠣᠨ ᠤ 6 ᠳ᠋ᠤᠭᠠᠷ ᠰᠠᠷ᠎ᠠ ᠶᠢᠨ 30᠎ ᠤ ᠡᠳᠦᠷ ᠠᠴᠠ ᠡᠮᠦᠨ᠎ᠡ ᠳᠠᠩᠰᠠᠯᠠᠭᠤᠯᠤᠨ ᠪᠠᠶᠢᠭᠤᠯᠤᠭᠰᠠᠨ ᠺᠣᠮᠫᠠᠨᠢ᠂ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠯᠡᠳᠡᠭᠰᠡᠨ ᠳᠠᠭᠠᠭᠠᠨ ᠲᠤᠰᠢᠶᠠᠬᠤ ᠪᠡᠯᠡ ᠭᠠᠷᠭᠠᠬᠤ ᠴᠠᠭ ᠤᠨ ᠬᠢᠵᠠᠭᠠᠷ ᠨᠢ 2027 ᠣᠨ ᠤ 7 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠭᠡᠳ 5 ᠵᠢᠯ ᠠᠴᠠ ᠢᠯᠡᠭᠦᠦ ᠪᠠᠶᠢᠪᠠᠯ᠂ 2027 ᠣᠨ ᠤ 6 ᠳ᠋ᠤᠭᠠᠷ ᠰᠠᠷ᠎ᠠ ᠶᠢᠨ 30᠎ ᠤ ᠡᠳᠦᠷ ᠠᠴᠠ ᠡᠮᠦᠨ᠎ᠡ ᠲᠡᠭᠦᠨ ᠤ ᠦᠯᠡᠳᠡᠭᠰᠡᠨ ᠳᠠᠭᠠᠭᠠᠨ ᠲᠤᠰᠢᠶᠠᠬᠤ ᠪᠡᠯᠡ ᠭᠠᠷᠭᠠᠬᠤ ᠴᠠᠭ ᠤᠨ ᠬᠢᠵᠠᠭᠠᠷ ᠢ 5 ᠵᠢᠯ ᠤᠨ ᠳᠣᠲᠣᠷ᠎ᠠ ᠵᠢᠯ ᠪᠣᠯᠭᠠᠨ ᠲᠣᠬᠢᠷᠠᠭᠤᠯᠬᠤ ᠶᠢᠨ ᠬᠠᠮᠲᠤ ᠺᠣᠮᠫᠠᠨᠢ ᠶᠢᠨ ᠳᠦᠷᠢᠮ ᠳᠤ ᠲᠡᠮᠳᠡᠭᠯᠡᠪᠡᠯ ᠵᠣᠬᠢᠨ᠎ᠠ᠃ ᠬᠤᠪᠢ ᠣᠷᠣᠭᠤᠯᠤᠭᠴᠢ ᠲᠣᠬᠢᠷᠠᠭᠤᠯᠤᠭᠰᠠᠨ ᠳᠠᠭᠠᠭᠠᠨ ᠲᠤᠰᠢᠶᠠᠬᠤ ᠪᠡᠯᠡ ᠭᠠᠷᠭᠠᠬᠤ ᠬᠤᠭᠤᠴᠠᠭᠠᠨ ᠳᠤ ᠲᠤᠭ᠎ᠠ ᠶᠣᠰᠣᠭᠠᠷ ᠳᠠᠭᠠᠭᠠᠨ ᠲᠤᠰᠢᠶᠠᠬᠤ ᠪᠡᠯᠡ ᠪᠠᠨ ᠲᠤᠰᠢᠶᠠᠪᠠᠯ ᠵᠣᠬᠢᠨ᠎ᠠ︔ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠡᠭᠦᠰᠬᠡᠨ ᠪᠠᠶᠢᠭᠤᠯᠤᠭᠴᠢ 2027 ᠣᠨ ᠤ 6 ᠳ᠋ᠤᠭᠠᠷ ᠰᠠᠷ᠎ᠠ ᠶᠢᠨ 30᠎ ᠤ ᠡᠳᠦᠷ ᠠᠴᠠ ᠡᠮᠦᠨ᠎ᠡ ᠲᠡᠭᠦᠨ ᠤ ᠬᠤᠳᠠᠯᠳᠤᠨ ᠠᠪᠤᠭᠰᠠᠨ ᠬᠤᠪᠢ ᠶᠢᠨ ᠲᠤᠭ᠎ᠠ ᠪᠠᠨ ᠪᠦᠬᠦ ᠲᠤᠭ᠎ᠠ ᠪᠠᠷ ᠨᠢ ᠲᠤᠰᠢᠶᠠᠪᠠᠯ ᠵᠣᠬᠢᠨ᠎ᠠ᠃ ᠺᠣᠮᠫᠠᠨᠢ ᠶᠢᠨ ᠦᠢᠯᠡᠳᠪᠦᠷᠢᠯᠡᠯ ᠡᠵᠡᠩᠨᠡᠯᠲᠡ ᠤᠯᠤᠰ ᠤᠨ ᠠᠰᠢᠭ ᠲᠤᠰᠠ ᠪᠤᠶᠤ ᠣᠯᠠᠨ ᠨᠡᠶᠢᠲᠡ ᠶᠢᠨ ᠴᠢᠬᠤᠯᠠ ᠶᠡᠭᠡ ᠠᠰᠢᠭ ᠲᠤᠰᠠ ᠳᠤ ᠬᠤᠯᠪᠣᠭᠳᠠᠬᠤ ᠪᠥᠭᠡᠳ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠰᠠᠨᠠᠯ ᠳᠤᠷᠠᠳᠤᠭᠰᠠᠨ ᠪᠣᠯ᠂ ᠲᠥᠷᠥ ᠶᠢᠨ ᠶᠠᠪᠤᠳᠠᠯ ᠤᠨ ᠬᠤᠷᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠤᠯ ᠤᠨ ᠪᠡᠯᠡ ᠭᠠᠷᠭᠠᠬᠤ ᠴᠠᠭ ᠤᠨ ᠬᠢᠵᠠᠭᠠᠷ ᠢᠶᠠᠷ ᠢᠶᠠᠨ ᠪᠡᠯᠡ ᠭᠠᠷᠭᠠᠬᠤ ᠶᠢ ᠨᠢ ᠵᠥᠪᠰᠢᠶᠡᠷᠡᠵᠦ ᠪᠣᠯᠣᠨ᠎ᠠ᠃             ᠬᠤᠶᠠᠳᠤᠭᠠᠷ ᠲᠤ᠂ ᠺᠣᠮᠫᠠᠨᠢ ᠶᠢᠨ ᠪᠡᠯᠡ ᠭᠠᠷᠭᠠᠬᠤ ᠬᠡᠪ ᠤᠨ ᠪᠤᠰᠤ ᠪᠠᠶᠢᠳᠠᠯ ᠢ ᠰᠢᠢᠳᠪᠦᠷᠢᠯᠡᠬᠦ ᠶᠢ ᠲᠣᠭᠲᠠᠭᠠᠪᠠ᠃ ᠺᠣᠮᠫᠠᠨᠢ ᠶᠢᠨ ᠪᠡᠯᠡ ᠭᠠᠷᠭᠠᠬᠤ ᠴᠠᠭ ᠤᠨ ᠬᠢᠵᠠᠭᠠᠷ᠂ ᠪᠦᠷᠢᠳᠬᠡᠭᠦᠯᠦᠭᠰᠡᠨ ᠬᠥᠷᠥᠩᠭᠡ ᠨᠢ ᠢᠯᠡᠷᠬᠡᠢ ᠬᠡᠪ ᠤᠨ ᠪᠤᠰᠤ ᠪᠠᠶᠢᠪᠠᠯ ᠂ ᠺᠣᠮᠫᠠᠨᠢ ᠳᠠᠩᠰᠠᠯᠠᠬᠤ ᠪᠠᠶᠢᠭᠤᠯᠭ᠎ᠠ ᠺᠣᠮᠫᠠᠨᠢ ᠶᠢᠨ ᠡᠵᠡᠩᠨᠡᠯᠲᠡ ᠶᠢᠨ ᠬᠡᠪᠴᠢᠶ᠎ᠡ᠂ ᠡᠵᠡᠩᠨᠡᠯᠲᠡ ᠶᠢᠨ ᠪᠠᠶᠢᠳᠠᠯ ᠵᠢᠴᠢ ᠬᠤᠪᠢ ᠣᠷᠣᠭᠤᠯᠤᠭᠴᠢ ᠶᠢᠨ ᠪᠡᠯᠡ ᠭᠠᠷᠭᠠᠬᠤ ᠴᠢᠳᠠᠪᠤᠷᠢ᠂ ᠭᠤᠣᠯ ᠡᠵᠡᠩᠨᠡᠯᠲᠡ ᠶᠢᠨ ᠲᠥᠷᠥᠯ ᠵᠦᠢᠯ᠂ ᠡᠳ᠋ ᠬᠥᠷᠥᠩᠭᠡ ᠶᠢᠨ ᠬᠡᠪᠴᠢᠶ᠎ᠡ ᠵᠡᠷᠭᠡ ᠶᠢ ᠤᠶᠠᠯᠳᠤᠭᠤᠯᠤᠨ ᠪᠠᠶᠢᠵᠤ ᠰᠤᠳᠤᠯᠤᠨ ᠮᠠᠭᠠᠳᠯᠠᠵᠤ ᠪᠣᠯᠣᠨ᠎ᠠ᠂ ᠦᠨᠡᠨ ᠪᠣᠳᠠᠲᠤ ᠴᠢᠨᠠᠷ᠂ ᠵᠦᠢ ᠶᠣᠰᠣᠴᠢ ᠴᠢᠨᠠᠷ ᠤᠨ ᠵᠠᠷᠴᠢᠮ ᠠᠴᠠ ᠵᠥᠷᠢᠴᠡᠭᠰᠡᠨ ᠪᠠᠶᠢᠪᠠᠯ᠂ ᠴᠠᠭ ᠲᠤᠬᠠᠢ ᠳᠤ ᠨᠢ ᠬᠠᠤᠯᠢ ᠶᠣᠰᠣᠭᠠᠷ ᠲᠣᠬᠢᠷᠠᠭᠤᠯᠬᠤ ᠶᠢ ᠱᠠᠭᠠᠷᠳᠠᠵᠤ ᠪᠣᠯᠣᠨ᠎ᠠ᠃             ᠭᠤᠷᠪᠠᠳᠤᠭᠠᠷ ᠲᠤ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠪᠡ᠃ ᠺᠣᠮᠫᠠᠨᠢ ᠨᠢ ᠬᠤᠪᠢ ᠣᠷᠣᠭᠤᠯᠤᠭᠴᠢ ᠶᠢᠨ ᠳᠠᠭᠠᠭᠠᠨ ᠲᠤᠰᠢᠶᠠᠬᠤ ᠪᠠ ᠪᠣᠳᠠᠲᠠᠢ ᠲᠤᠰᠢᠶᠠᠬᠤ ᠪᠡᠯᠡ ᠭᠠᠷᠭᠠᠬᠤ ᠲᠤᠭ᠎ᠠ᠂ ᠪᠡᠯᠡ ᠭᠠᠷᠭᠠᠬᠤ ᠠᠷᠭ᠎ᠠ ᠮᠠᠶ᠋ᠢᠭ᠂ ᠪᠡᠯᠡ ᠭᠠᠷᠭᠠᠬᠤ ᠴᠠᠭ ᠤᠨ ᠬᠢᠵᠠᠭᠠᠷ ᠲᠤ ᠲᠣᠬᠢᠷᠠᠭᠤᠯᠤᠯᠲᠠ ᠬᠢᠬᠦ ᠪᠤᠶᠤ ᠡᠭᠦᠰᠬᠡᠨ ᠪᠠᠶᠢᠭᠤᠯᠤᠭᠴᠢ ᠶᠢᠨ ᠬᠤᠳᠠᠯᠳᠤᠨ ᠠᠪᠤᠭᠰᠠᠨ ᠬᠤᠪᠢ ᠶᠢᠨ ᠲᠤᠭ᠎ᠠ ᠵᠡᠷᠭᠡ ᠳᠤ ᠲᠣᠬᠢᠷᠠᠭᠤᠯᠤᠯᠲᠠ ᠬᠢᠬᠦ ᠳᠤ᠂ ᠬᠠᠤᠯᠢ ᠶᠣᠰᠣᠭᠠᠷ ᠨᠡᠶᠢᠭᠡᠮ ᠨᠡᠶᠢᠲᠡ ᠳᠤ ᠵᠠᠷᠯᠠᠪᠠᠯ ᠵᠣᠬᠢᠨ᠎ᠠ᠃ ᠺᠣᠮᠫᠠᠨᠢ ᠳᠠᠩᠰᠠᠯᠠᠬᠤ ᠪᠠᠶᠢᠭᠤᠯᠭ᠎ᠠ ᠨᠢ ᠺᠣᠮᠫᠠᠨᠢ ᠶᠢᠨ ᠳᠠᠭᠠᠭᠠᠨ ᠲᠤᠰᠢᠶᠠᠭᠰᠠᠨ ᠪᠠ ᠪᠣᠳᠠᠲᠠᠢ ᠲᠤᠰᠢᠶᠠᠭᠰᠠᠨ ᠪᠠᠶᠢᠳᠠᠯ ᠢ ᠬᠢᠨᠠᠨ ᠪᠠᠶᠢᠴᠠᠭᠠᠵᠤ᠂ ᠺᠣᠮᠫᠠᠨᠢ ᠶᠢᠨ ᠢᠲᠡᠭᠡᠮᠵᠢ ᠶᠢᠨ ᠲᠦᠭᠰᠢᠭᠦᠷᠢ ᠶᠢᠨ ᠪᠠᠶᠢᠳᠠᠯ ᠢ ᠦᠨᠳᠦᠰᠦᠯᠡᠨ ᠲᠥᠷᠥᠯ ᠬᠤᠪᠢᠶᠠᠨ ᠬᠢᠨᠠᠨ ᠬᠠᠮᠢᠶᠠᠷᠤᠨ᠎ᠠ᠃ ᠺᠣᠮᠫᠠᠨᠢ ᠨᠢ ᠪᠡᠯᠡ ᠭᠠᠷᠭᠠᠬᠤ ᠴᠠᠭ ᠤᠨ ᠬᠢᠵᠠᠭᠠᠷ ᠪᠠ ᠪᠦᠷᠢᠳᠬᠡᠭᠦᠯᠦᠭᠰᠡᠨ ᠬᠥᠷᠥᠩᠭᠡ ᠪᠠᠨ ᠲᠣᠭᠲᠠᠭᠠᠯ ᠶᠣᠰᠣᠭᠠᠷ ᠲᠣᠬᠢᠷᠠᠭᠤᠯᠤᠭᠰᠠᠨ ᠦᠭᠡᠢ ᠪᠠᠶᠢᠪᠠᠯ᠂ ᠺᠣᠮᠫᠠᠨᠢ ᠳᠠᠩᠰᠠᠯᠠᠬᠤ ᠪᠠᠶᠢᠭᠤᠯᠭ᠎ᠠ ᠵᠠᠷᠯᠢᠭᠳᠠᠨ ᠪᠠᠶᠢᠵᠤ ᠵᠠᠯᠠᠷᠠᠭᠤᠯᠤᠨ᠎ᠠ︔ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠵᠠᠯᠠᠷᠠᠭᠤᠯᠤᠭᠰᠠᠨ ᠦᠭᠡᠢ ᠪᠣᠯ᠂ ᠺᠣᠮᠫᠠᠨᠢ ᠳᠠᠩᠰᠠᠯᠠᠬᠤ ᠪᠠᠶᠢᠭᠤᠯᠭ᠎ᠠ ᠤᠯᠤᠰ ᠤᠨ ᠠᠵᠤ ᠠᠬᠤᠶᠢᠯᠠᠯ ᠤᠳ ᠤᠨ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡ ᠳᠤ ᠵᠠᠷᠯᠠᠬᠤ ᠰᠢᠰᠲ᠋ᠧᠮ ᠳᠤ ᠣᠨᠴᠠᠭᠠᠶᠢᠯᠠᠨ ᠲᠣᠳᠣᠷᠬᠠᠶᠢᠯᠠᠬᠤ ᠶᠢᠨ ᠬᠠᠮᠲᠤ ᠨᠡᠶᠢᠭᠡᠮ ᠨᠡᠶᠢᠲᠡ ᠳᠤ ᠨᠡᠶᠢᠲᠡᠯᠡᠨ᠎ᠡ᠃             ᠡᠭᠦᠨ ᠠᠴᠠ ᠭᠠᠳᠠᠨ᠎ᠠ᠂ ︽ᠲᠣᠭᠲᠠᠭᠠᠯ︾᠎ ᠳᠤ ᠺᠣᠮᠫᠠᠨᠢ ᠳᠠᠩᠰᠠᠯᠠᠬᠤ ᠪᠠᠶᠢᠭᠤᠯᠭ᠎ᠠ ᠨᠢ ᠺᠣᠮᠫᠠᠨᠢ ᠶᠢᠨ ᠪᠡᠯᠡ ᠭᠠᠷᠭᠠᠬᠤ ᠴᠠᠭ ᠤᠨ ᠬᠢᠵᠠᠭᠠᠷ ᠢᠶᠠᠨ ᠲᠣᠬᠢᠷᠠᠭᠤᠯᠬᠤ᠂ ᠪᠦᠷᠢᠳᠬᠡᠭᠦᠯᠦᠭᠰᠡᠨ ᠬᠥᠷᠥᠩᠭᠡ ᠪᠠᠨ ᠲᠣᠬᠢᠷᠠᠭᠤᠯᠬᠤ ᠶᠢ ᠨᠢ ᠵᠢᠯᠤᠭᠤᠳᠬᠤ ᠪᠠᠨ ᠴᠢᠩᠭᠠᠳᠬᠠᠵᠤ᠂ ᠪᠣᠳᠠᠲᠠᠢ ᠠᠵᠢᠯᠯᠠᠬᠤ ᠬᠥᠲᠥᠯᠪᠦᠷᠢ ᠲᠣᠭᠲᠠᠭᠠᠨ᠂ ᠭᠦᠢᠴᠡᠳᠬᠡᠬᠦ ᠴᠤᠪᠤᠷᠠᠯ ᠢ ᠰᠢᠯᠢᠳᠡᠭᠵᠢᠭᠦᠯᠵᠦ᠂ ᠳᠠᠩᠰᠠᠯᠠᠯᠲᠠ ᠶᠢ ᠳᠥᠭᠦᠮᠯᠡᠬᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号