| | | ᠯᠢ ᠴᠢᠶᠠᠩ ᠵᠢᠶᠠᠩᠰᠢ ᠳᠤ ᠦᠶᠡᠷ ᠤᠰᠤᠨ ᠤ ᠭᠠᠮᠰᠢᠭ ᠠᠴᠠ ᠰᠡᠷᠭᠡᠶᠢᠯᠡᠬᠦ ᠠᠵᠢᠯ ᠢ ᠪᠠᠶᠢᠴᠠᠭᠠᠨ | ᠵᠢᠯᠤᠭᠤᠳᠬᠤ ᠳᠤ ᠪᠠᠨ ᠴᠢᠬᠤᠯᠠᠴᠢᠯᠠᠭᠰᠠᠨ ᠨᠢ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ ᠭᠠᠢ ᠭᠠᠮᠰᠢᠭ | ᠭᠠᠷᠬᠤ ᠠᠴᠠ ᠡᠮᠦᠨ᠎ᠡ ᠰᠡᠷᠭᠡᠶᠢᠯᠡᠬᠦ ᠶᠢ ᠪᠠᠷᠢᠮᠲᠠᠯᠠᠨ ᠦᠶᠡᠷ ᠤᠰᠤᠨ ᠤ ᠭᠠᠮᠰᠢᠭ ᠠᠴᠠ ᠰᠡᠷᠭᠡᠶᠢᠯᠡᠵᠦ ᠠᠶᠤᠯ ᠭᠠᠮᠰᠢᠭ ᠠᠴᠠ | ᠠᠪᠤᠷᠠᠬᠤ ᠡᠯ᠎ᠡ ᠵᠦᠢᠯ ᠤᠨ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠭᠦᠢᠴᠡᠳᠬᠡᠬᠦ ᠬᠡᠷᠡᠭᠲᠡᠢ | | | | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 7 ᠳ᠋ᠤᠭᠠᠷ ᠰᠠᠷ᠎ᠠ ᠶᠢᠨ 1 ᠤ ᠡᠳᠦᠷ ᠠᠴᠠ 2 ᠤᠨ ᠡᠳᠦᠷ | ᠪᠣᠯᠲᠠᠯ᠎ᠠ ᠵᠢᠶᠠᠩᠰᠢ ᠶᠢᠨ ᠵᠢᠤᠵᠢᠶᠠᠩ ᠳᠤ ᠦᠶᠡᠷ ᠤᠰᠤᠨ ᠤ ᠭᠠᠮᠰᠢᠭ ᠠᠴᠠ ᠰᠡᠷᠭᠡᠶᠢᠯᠡᠬᠦ ᠠᠵᠢᠯ ᠢ ᠪᠠᠶᠢᠴᠠᠭᠠᠨ | ᠵᠢᠯᠣᠭᠤᠳᠪᠠ᠃ ᠲᠡᠷᠡ᠂ ᠣᠳᠣᠬᠠᠨ ᠳᠤ ᠶᠠᠭ ᠦᠶᠡᠷ ᠤᠨ ᠭᠤᠣᠯ ᠬᠤᠭᠤᠴᠠᠭ᠎ᠠ ᠪᠠᠶᠢᠵᠤ᠂ ᠦᠶᠡᠷ ᠤᠰᠤᠨ ᠤ | ᠭᠠᠮᠰᠢᠭ ᠠᠴᠠ ᠰᠡᠷᠭᠡᠶᠢᠯᠡᠬᠦ ᠠᠵᠢᠯ ᠵᠠᠩᠭᠢᠯᠠᠭ᠎ᠠ ᠶᠢᠨ ᠱᠠᠲᠤᠨ ᠳᠤ ᠪᠠᠨ ᠣᠷᠣᠪᠠ᠂ ᠶᠡᠷᠦᠩᠬᠡᠢ ᠱᠦᠵᠢ ᠰᠢ ᠶᠢᠨ ᠫᠢᠩ | ᠦᠶᠡᠷ ᠤᠨ ᠪᠠᠶᠢᠳᠠᠯ ᠭᠠᠮᠰᠢᠭ ᠤᠨ ᠪᠠᠶᠢᠳᠠᠯ ᠢ ᠮᠠᠰᠢ ᠠᠩᠬᠠᠷᠴᠤ᠂ ᠤᠯᠠᠨ ᠲᠦᠮᠡᠨ ᠤ ᠠᠮᠤᠷ ᠲᠦᠪᠰᠢᠨ ᠢ ᠮᠠᠰᠢ | ᠬᠠᠯᠠᠮᠵᠢᠯᠠᠵᠤ᠂ ᠤᠯᠠᠨ ᠤᠳᠠᠭ᠎ᠠ ᠴᠢᠬᠤᠯᠠ ᠵᠢᠭᠠᠪᠤᠷᠢ ᠥᠭᠴᠡᠢ᠃ ᠪᠢᠳᠡ ᠡᠷᠴᠢᠮᠲᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢᠨ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠨᠠᠭᠰᠢᠳᠠ | ᠤᠯᠠᠮ ᠴᠢᠩᠭᠠᠳᠬᠠᠵᠤ᠂ ᠭᠠᠢ ᠭᠠᠮᠰᠢᠭ ᠭᠠᠷᠬᠤ ᠠᠴᠠ ᠡᠮᠦᠨ᠎ᠡ ᠰᠡᠷᠭᠡᠶᠢᠯᠡᠬᠦ ᠶᠢ ᠪᠠᠷᠢᠮᠲᠠᠯᠠᠨ᠂ ᠶᠡᠭᠡ ᠦᠶᠡᠷ ᠤᠰᠤᠨ ᠤ | ᠭᠠᠮᠰᠢᠭ ᠠᠴᠠ ᠰᠡᠷᠭᠡᠶᠢᠯᠡᠬᠦ᠂ ᠶᠡᠭᠡ ᠠᠶᠤᠯ ᠠᠴᠠ ᠠᠪᠤᠷᠠᠬᠤ᠂ ᠶᠡᠭᠡ ᠭᠠᠮᠰᠢᠭ ᠠᠴᠠ ᠠᠪᠤᠷᠠᠬᠤ ᠳᠤ ᠰᠠᠭᠤᠷᠢᠯᠠᠨ᠂ | ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠦᠶᠡᠷ | ᠤᠰᠤᠨ ᠤ ᠭᠠᠮᠰᠢᠭ ᠠᠴᠠ ᠰᠡᠷᠭᠡᠶᠢᠯᠡᠵᠦ ᠠᠶᠤᠯ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠥᠴᠥᠬᠡᠨ ᠴᠦ | ᠰᠤᠯᠠᠷᠠᠭᠤᠯᠤᠯ ᠦᠭᠡᠢ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ | ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | | | | | | | | | | | 7 ᠳ᠋ᠤᠭᠠᠷ ᠰᠠᠷ᠎ᠠ ᠶᠢᠨ 1 ᠤ ᠡᠳᠦᠷ ᠠᠴᠠ 2 ᠤᠨ ᠡᠳᠦᠷ ᠪᠤᠯᠲᠠᠯ᠎ᠠ ᠳᠣᠮᠲᠠᠲᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ | ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠵᠢᠶᠠᠩᠰᠢ ᠶᠢᠨ ᠵᠢᠣᠵᠢᠶᠠᠩ ᠳᠤ ᠦᠶᠡᠷ ᠤᠰᠤᠨ ᠤ ᠭᠠᠮᠰᠢᠭ ᠠᠴᠠ ᠰᠡᠷᠭᠡᠶᠢᠯᠡᠬᠦ | ᠠᠵᠢᠯ ᠢ ᠪᠠᠶᠢᠴᠠᠭᠠᠨ ᠵᠢᠯᠤᠭᠤᠳᠪᠠ᠃ ᠡᠨᠡ ᠪᠣᠯ 7 ᠳ᠋ᠤᠭᠠᠷ ᠰᠠᠷ᠎ᠠ ᠶᠢᠨ 1 ᠤ ᠡᠳᠦᠷ᠂ ᠯᠢ ᠴᠢᠶᠠᠩ ᠵᠢᠦᠵᠢᠶᠠᠩ | ᠬᠤᠳᠠ ᠶᠢᠨ ᠨᠢᠦ ᠵᠢᠶᠣᠤ ᠦ᠋ ᠬᠠᠰᠢᠯᠭ᠎ᠠ ᠳᠤ ᠪᠠᠴᠢᠮ ᠪᠠᠶᠢᠳᠠᠯ ᠢ ᠲᠦᠷᠭᠡᠨ ᠠᠷᠭᠠᠴᠠᠭᠠᠬᠤ ᠵᠢᠵᠢᠭᠦᠷᠯᠡᠭᠴᠢ ᠲᠠᠢ ᠰᠠᠨᠠᠯ ᠢᠶᠠᠨ | ᠰᠣᠯᠢᠯᠴᠠᠵᠤ ᠪᠠᠶᠢᠭ᠎ᠠ ᠨᠢ᠃ | | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠸᠠᠩ ᠶᠧ ᠰᠡᠭᠦᠳᠡᠷᠯᠡᠪᠡ | | | | ᠯᠢ ᠴᠢᠶᠠᠩ ᠬᠥᠬᠡᠮᠥ᠋ᠷᠡᠨ ᠪᠠ ᠫᠥᠸᠧ ᠶᠠᠩ ᠬᠤ᠋ ᠨᠠᠭᠤᠷ ᠤᠨ ᠠᠭᠤᠯᠵᠠᠷ ᠲᠠᠬᠢ ᠨᠠᠭᠤᠷ ᠤᠨ ᠤᠰᠤ ᠰᠢᠨᠵᠢᠯᠡᠭᠡᠨ ᠤ | ᠥᠷᠲᠡᠭᠡᠨ ᠳᠤ ᠬᠦᠷᠦᠭᠡᠳ᠂ ᠬᠥᠬᠡᠮᠥ᠋ᠷᠡᠨ᠂ ᠫᠥᠸᠧ ᠶᠠᠩ ᠬᠤ᠋ ᠨᠠᠭᠤᠷ ᠤᠨ ᠦᠶᠡᠷ ᠤᠰᠤᠨ ᠤ ᠭᠠᠮᠰᠢᠭ ᠠᠴᠠ | ᠰᠡᠷᠭᠡᠶᠢᠯᠡᠵᠦ ᠦᠶᠡᠷ ᠲᠤ ᠪᠡᠯᠡᠳᠬᠡᠬᠦ ᠠᠵᠢᠯ ᠢ ᠣᠶᠢᠯᠠᠭᠠᠨ᠂ ᠨᠠᠭᠤᠷ ᠮᠦᠷᠡᠨ ᠤ ᠤᠰᠤᠨ ᠤ ᠪᠠᠶᠢᠳᠠᠯ ᠢ ᠪᠠᠶᠢᠴᠠᠭᠠᠨ | ᠦᠵᠡᠵᠦ᠂ ᠤᠰᠤᠨ ᠲᠦᠪᠰᠢᠨ᠂ ᠤᠷᠤᠰᠬᠠᠯ ᠤᠨ ᠬᠤᠷᠳᠤᠴᠠ ᠵᠡᠷᠭᠡ ᠤᠰᠤ ᠰᠢᠨᠵᠢᠯᠡᠭᠡᠨ ᠤ ᠬᠢᠨᠠᠨ ᠬᠡᠮᠵᠢᠯᠲᠡ ᠶᠢᠨ | ᠪᠠᠶᠢᠳᠠᠯ ᠢ ᠨᠠᠷᠢᠨ ᠠᠰᠠᠭᠤᠪᠠ᠃ ᠯᠢ ᠴᠢᠶᠠᠩ᠂ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠪᠣᠯ ᠭᠠᠮᠰᠢᠭ ᠢ ᠰᠡᠷᠭᠡᠶᠢᠯᠡᠵᠦ | ᠠᠶᠤᠯ ᠠᠴᠠ ᠵᠠᠶᠢᠯᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠮᠥᠨ᠂ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨᠴᠢ | ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠵᠦ᠂ ᠰᠠᠯᠠᠭ᠎ᠠ ᠮᠥᠴᠢᠷ ᠤᠳ ᠤᠨ ᠬᠠᠮᠲᠤᠷᠠᠭᠰᠠᠨ ᠬᠤᠷᠠᠯ ᠪᠠ | ᠦᠷᠭᠦᠯᠵᠢᠯᠡᠨ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠠᠯᠢ ᠴᠢᠳᠠᠬᠤ ᠪᠠᠷ ᠤᠷᠢᠳᠴᠢᠯᠠᠨ ᠮᠡᠳᠡᠭᠦᠯᠬᠦ | ᠬᠤᠭᠤᠴᠠᠭ᠎ᠠ ᠶᠢ ᠤᠷᠲᠤᠳᠬᠠᠵᠤ᠂ ᠤᠷᠢᠳᠴᠢᠯᠠᠭᠰᠠᠨ ᠬᠡᠮᠵᠢᠶ᠎ᠡ ᠶᠢ ᠢᠯᠡᠭᠦᠬᠡᠨ ᠥᠭᠴᠦ᠂ ᠣᠨᠣᠪᠴᠢ ᠶᠢᠨ ᠬᠡᠮᠵᠢᠶ᠎ᠡ ᠪᠠᠨ | ᠳᠡᠭᠡᠭᠰᠢᠯᠡᠭᠦᠯᠬᠦ ᠬᠡᠷᠡᠭᠲᠡᠢ᠃ ᠯᠢ ᠴᠢᠶᠠᠩ ᠨᠢᠦ ᠵᠢᠶᠣᠤ ᠦ᠋ ᠬᠠᠰᠢᠯᠭ᠎ᠠ ᠳᠡᠭᠡᠷ᠎ᠡ ᠭᠠᠷᠴᠤ᠂ ᠬᠥᠬᠡᠮᠥ᠋ᠷᠡᠨ ᠤ ᠬᠠᠰᠢᠯᠭ᠎ᠠ ᠶᠢ | ᠵᠠᠰᠠᠵᠤ ᠪᠠᠬᠢᠯᠡᠭᠰᠡᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠦᠶᠡᠷ ᠤᠰᠤᠨ ᠤ ᠭᠠᠮᠰᠢᠭ ᠠᠴᠠ ᠰᠡᠷᠭᠡᠶᠢᠯᠡᠬᠦ ᠡᠳ᠋ | ᠪᠣᠳᠠᠰ ᠤᠨ ᠨᠥᠭᠡᠴᠡ ᠶᠢ ᠪᠠᠶᠢᠴᠠᠭᠠᠨ ᠦᠵᠡᠵᠦ᠂ ᠪᠠᠴᠢᠮ ᠪᠠᠶᠢᠳᠠᠯ ᠢ ᠲᠦᠷᠭᠡᠨ ᠠᠷᠭᠠᠴᠠᠭᠠᠬᠤ ᠵᠢᠵᠢᠭᠦᠷᠯᠡᠭᠴᠢᠳ ᠲᠠᠢ | ᠰᠠᠨᠠᠯ ᠢᠶᠠᠨ ᠰᠣᠯᠢᠯᠴᠠᠪᠠ᠃ ᠯᠢ ᠴᠢᠶᠠᠩ ᠤᠯᠠᠨ ᠳᠤ ᠮᠡᠨᠳᠦᠴᠢᠯᠡᠯ ᠪᠠ ᠲᠠᠯᠠᠷᠬᠠᠯ ᠳᠡᠪᠰᠢᠭᠦᠯᠪᠡ᠃ ᠲᠡᠷᠡ᠂ ᠲᠦᠭᠰᠢᠭᠦᠷᠢᠲᠦ | ᠪᠠᠶᠢᠳᠠᠯ ᠭᠠᠷᠬᠤ ᠠᠴᠠ ᠠᠶᠤᠬᠤ ᠦᠭᠡᠢ᠂ ᠰᠠᠯᠬᠢ ᠶᠡᠭᠡ ᠪᠣᠷᠣᠭᠠᠨ ᠶᠡᠭᠡ ᠪᠣᠯᠬᠤ ᠲᠤᠳᠤᠮ ᠬᠠᠰᠢᠯᠭ᠎ᠠ ᠶᠢ ᠲᠣᠭᠤᠷᠢᠨ | ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ ᠪᠠᠨ ᠤᠯᠠᠮ ᠴᠢᠩᠭᠠᠳᠬᠠᠵᠤ᠂ ᠠᠶᠤᠯᠲᠠᠢ ᠪᠠᠷᠢᠯᠭ᠎ᠠ ᠶᠢᠨ ᠠᠶᠤᠯᠲᠠᠢ ᠬᠡᠰᠡᠭ ᠵᠡᠷᠭᠡ | ᠪᠠᠭᠤᠷᠠᠢ ᠭᠤᠭᠴᠣᠭᠠᠨ ᠳᠤ ᠬᠥᠮᠥᠨ ᠨᠡᠮᠡᠨ ᠲᠣᠮᠢᠯᠠᠵᠤ᠂ ᠳᠠᠪᠲᠠᠮᠵᠢ ᠪᠠᠨ ᠨᠢᠭᠲᠠᠷᠠᠭᠤᠯᠵᠤ᠂ ᠠᠶᠤᠯ ᠠᠴᠠ ᠠᠪᠤᠷᠠᠬᠤ ᠡᠳ᠋ | ᠪᠣᠳᠠᠰ ᠢ ᠭᠦᠢᠴᠡᠳ ᠪᠡᠯᠡᠳᠬᠡᠵᠦ᠂ ᠠᠶᠤᠯ ᠲᠦᠭᠰᠢᠭᠦᠷᠢ ᠶᠢ ᠡᠷᠲᠡ ᠢᠯᠡᠷᠡᠭᠦᠯᠦᠨ᠂ ᠡᠷᠲᠡ ᠠᠷᠭᠠᠴᠠᠭᠠᠬᠤ ᠬᠡᠷᠡᠭᠲᠡᠢ ᠭᠡᠯᠡ᠃ | | | ᠯᠢ ᠴᠢᠶᠠᠩ ᠯᠦ ᠱᠠᠨ ᠬᠤᠲᠠ ᠶᠢᠨ ᠪᠠᠢ ᠯᠦ ᠪᠠᠯᠭᠠᠰᠤᠨ ᠤ ᠸᠠᠩ ᠵᠢᠶᠠ ᠯᠥᠩ ᠳᠤᠭᠤᠶᠢᠯᠠᠩ ᠤᠨ ᠭᠠᠵᠠᠷ | ᠰᠢᠨᠵᠢᠯᠡᠭᠡᠨ ᠤ ᠭᠠᠮᠰᠢᠭ ᠤᠨ ᠴᠡᠭ ᠲᠤ ᠬᠦᠷᠦᠭᠡᠳ᠂ ᠶᠡᠭᠦᠷᠡᠭᠰᠡᠨ ᠪᠡᠯ ᠢ ᠵᠠᠰᠠᠬᠤ ᠲᠤᠬᠠᠢ ᠶᠢᠨ ᠲᠠᠯᠠᠪᠠᠶ ᠳᠤ ᠶᠡᠭᠦᠷᠡᠭᠰᠡᠨ | ᠪᠡᠯ ᠪᠠ ᠮᠧᠬᠠᠨᠢᠭ ᠤᠨ ᠠᠵᠢᠯ ᠤᠨ ᠠᠬᠢᠴᠠ ᠶᠢ ᠪᠠᠶᠢᠴᠠᠭᠠᠨ ᠦᠵᠡᠵᠦ᠂ ᠣᠯᠠᠨ ᠲᠦᠮᠡᠨ ᠢ ᠲᠥᠪᠬᠢᠨᠡᠭᠦᠯᠦᠭᠰᠡᠨ ᠪᠠᠶᠢᠳᠠᠯ ᠢ | ᠨᠠᠷᠢᠨ ᠠᠰᠠᠭᠤᠨ ᠯᠠᠪᠯᠠᠵᠠᠢ᠃ ᠯᠢ ᠴᠢᠶᠠᠩ᠂ ᠣᠳᠣ ᠪᠡᠯ ᠶᠡᠭᠦᠷᠡᠬᠦ᠂ ᠰᠢᠪᠠᠷ ᠴᠢᠯᠠᠭᠤᠨ ᠤᠷᠤᠰᠬᠠᠯ ᠵᠡᠷᠭᠡ ᠭᠠᠵᠠᠷ | ᠰᠢᠨᠵᠢᠯᠡᠭᠡᠨ ᠤ ᠭᠠᠢ ᠭᠠᠮᠰᠢᠭ ᠣᠯᠠᠨ ᠡᠭᠦᠰᠬᠦ ᠬᠤᠭᠤᠴᠠᠭ᠎ᠠ ᠪᠠᠶᠢᠵᠤ᠂ ᠠᠮᠤᠷ ᠲᠦᠪᠰᠢᠨ ᠤ ᠰᠡᠷᠭᠡᠶᠢᠯᠡᠯᠲᠡ ᠡᠨᠡ ᠬᠦ | ᠬᠥᠪᠴᠢ ᠶᠢ ᠨᠢᠭᠡ ᠮᠥᠴᠡ ᠴᠦ ᠰᠤᠯᠠᠷᠠᠭᠤᠯᠵᠤ ᠪᠣᠯᠬᠤ ᠦᠭᠡᠢ᠃ ︽ᠰᠡᠷᠭᠡᠶᠢᠯᠡᠯᠲᠡ︾ ᠶᠢ ᠲᠡᠷᠢᠭᠦᠨ ᠪᠠᠶᠢᠷᠢᠨ ᠳᠤ | ᠲᠠᠯᠪᠢᠵᠤ᠂ ᠠᠷᠭᠠᠴᠠᠬᠤ ᠪᠡᠯᠡᠳᠬᠡᠯ ᠢ ᠤᠷᠢᠳᠴᠢᠯᠠᠨ ᠰᠠᠶᠢᠲᠤᠷ ᠬᠢᠵᠦ᠂ ᠭᠠᠵᠠᠷ ᠰᠢᠨᠵᠢᠯᠡᠭᠡᠨ ᠤ ᠭᠠᠢ ᠭᠠᠮᠰᠢᠭ ᠤᠨ ︽ | ᠳᠠᠯᠳᠠ ᠬᠡᠮ ᠲᠠᠢ ᠭᠠᠵᠠᠷ + ᠠᠶᠤᠯ ᠲᠦᠭᠰᠢᠭᠦᠷᠢᠲᠦ ᠣᠷᠣᠨ︾ ᠤ ᠬᠤᠣᠰ ᠡᠵᠡᠮᠳᠡᠯ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ᠂ ᠬᠥᠮᠥᠨ ᠪᠠ ᠮᠡᠷᠭᠡᠵᠢᠯ ᠢᠶᠠᠷ ᠰᠡᠷᠭᠡᠶᠢᠯᠡᠬᠦ ᠶᠢ ᠨᠠᠩ ᠰᠠᠶᠢᠲᠤᠷ ᠤᠶᠠᠯᠳᠤᠭᠤᠯᠵᠤ᠂ ᠬᠦᠨᠳᠦ ᠶᠡᠭᠡ | ᠠᠶᠤᠯ ᠲᠦᠭᠰᠢᠭᠦᠷᠢ ᠶᠢ ᠢᠯᠡᠷᠡᠭᠦᠯᠪᠡᠯ ᠲᠦᠭᠰᠢᠭᠦᠷᠢ ᠳᠤ ᠦᠷᠲᠦᠬᠦ ᠣᠷᠣᠨ ᠪᠦᠰᠡ ᠶᠢᠨ ᠰᠠᠭᠤᠭᠠᠯᠢ ᠠᠷᠠᠳ ᠢ ᠰᠢᠭᠤᠷᠬᠠᠢ | ᠰᠢᠯᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠢ | ᠪᠠᠲᠤᠯᠠᠬᠤ ᠬᠡᠷᠡᠭᠲᠡᠢ ᠬᠡᠮᠡᠨ ᠵᠢᠭᠠᠵᠤ ᠭᠠᠷᠭᠠᠵᠠᠢ᠃ | | | | | 7 ᠳ᠋ᠤᠭᠠᠷ ᠰᠠᠷ᠎ᠠ ᠶᠢᠨ 1 ᠤ ᠡᠳᠦᠷ ᠠᠴᠠ 2 ᠤᠨ ᠡᠳᠦᠷ ᠪᠤᠯᠲᠠᠯ᠎ᠠ ᠳᠣᠮᠲᠠᠲᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ | ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠵᠢᠶᠠᠩᠰᠢ ᠶᠢᠨ ᠵᠢᠣᠵᠢᠶᠠᠩ ᠳᠤ ᠦᠶᠡᠷ ᠤᠰᠤᠨ ᠤ ᠭᠠᠮᠰᠢᠭ ᠠᠴᠠ ᠰᠡᠷᠭᠡᠶᠢᠯᠡᠬᠦ | ᠠᠵᠢᠯ ᠢ ᠪᠠᠶᠢᠴᠠᠭᠠᠨ ᠵᠢᠯᠤᠭᠤᠳᠪᠠ᠃ 7 ᠳ᠋ᠤᠭᠠᠷ ᠰᠠᠷ᠎ᠠ ᠶᠢᠨ 2 ᠤᠨ ᠡᠳᠦᠷ᠂ ᠯᠢ ᠴᠢᠶᠠᠩ ᠯᠦ ᠱᠠᠨ ᠬᠤᠲᠠ ᠶᠢᠨ ᠪᠠᠢ | ᠯᠦ ᠪᠠᠯᠭᠠᠰᠤᠨ ᠳᠤ ᠦᠶᠡᠷ ᠤᠰᠤᠨ ᠤ ᠭᠠᠮᠰᠢᠭ ᠠᠴᠠ ᠰᠡᠷᠭᠡᠶᠢᠯᠡᠬᠦ ᠪᠠᠶᠢᠳᠠᠯ ᠢ ᠵᠠᠳᠠᠯᠬᠤ ᠬᠤᠷᠠᠯ ᠡᠷᠭᠢᠯᠡᠨ ᠬᠤᠷᠠᠯᠳᠤᠭᠤᠯᠪᠠ | ᠃ | | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠸᠠᠩ ᠶᠧ ᠰᠡᠭᠦᠳᠡᠷᠯᠡᠪᠡ | | | ᠪᠠᠢ ᠯᠦ ᠪᠠᠯᠭᠠᠰᠤᠨ ᠳᠤ᠂ ᠯᠢ ᠴᠢᠶᠠᠩ ᠦᠶᠡᠷ ᠤᠰᠤᠨ ᠤ ᠭᠠᠮᠰᠢᠭ ᠠᠴᠠ ᠰᠡᠷᠭᠡᠶᠢᠯᠡᠬᠦ ᠪᠠᠶᠢᠳᠠᠯ ᠢ ᠵᠠᠳᠠᠯᠬᠤ | ᠬᠤᠷᠠᠯ ᠡᠷᠬᠢᠯᠡᠨ ᠬᠤᠷᠠᠯᠳᠤᠭᠤᠯᠪᠠ᠃ ᠵᠢᠶᠠᠩᠰᠢ ᠮᠤᠵᠢ᠂ ᠯᠦ ᠱᠠᠨ ᠬᠤᠲᠠ᠂ ᠪᠠᠢ ᠯᠦ ᠪᠠᠯᠭᠠᠰᠤ ᠬᠢᠭᠡᠳ ᠪᠠᠴᠢᠮ | ᠪᠠᠶᠢᠳᠠᠯ ᠢ ᠲᠦᠷᠭᠡᠨ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠰᠤᠨ | ᠠᠰᠢᠭᠯᠠᠯᠲᠠ ᠶᠢᠨ ᠶᠠᠮᠤᠨ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶᠠᠨ ᠤ ᠬᠠᠷᠢᠭᠤᠴᠠᠯᠭᠠᠲᠠᠳ ᠤᠨ ᠬᠠᠷᠢᠭᠤ | ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠯᠢ ᠴᠢᠶᠠᠩ᠂ ᠡᠨᠡ ᠵᠢᠯ ᠲᠦᠢᠯ ᠤᠨ ᠶᠡᠷᠦ ᠪᠤᠰᠤ ᠶᠢᠨ ᠴᠠᠭ ᠠᠭᠤᠷ | ᠣᠯᠠᠨ ᠡᠭᠦᠰᠴᠦ ᠪᠠᠶᠢᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠦᠨᠡᠨ ᠬᠦ ᠰᠣᠨᠣᠷ ᠰᠡᠷᠡᠮᠵᠢ ᠲᠠᠢ ᠪᠠᠶᠢᠵᠤ᠂ | ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠪᠥᠭᠡᠳ ᠨᠠᠷᠢᠯᠢᠭ ᠠᠳᠬᠤᠵᠤ᠂ ᠦᠶᠡᠷ ᠢ ᠠᠮᠤᠷ ᠲᠦᠪᠰᠢᠨ ᠢᠶᠠᠷ | ᠥᠩᠭᠡᠷᠡᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠭᠠᠮᠰᠢᠭ ᠢ ᠤᠷᠢᠳᠴᠢᠯᠠᠨ ᠮᠡᠳᠡᠭᠡᠯᠡᠵᠦ | ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠲᠦᠷᠭᠡᠨ ᠠᠷᠭᠠᠴᠠᠭᠠᠬᠤ ᠠᠵᠢᠯᠯᠠᠭ᠎ᠠ ᠶᠢ ᠴᠢᠩᠭᠠᠳᠬᠠᠵᠤ᠂ ᠦᠨᠳᠦᠰᠦᠨ ᠱᠠᠲᠤᠨ ᠤ | ᠨᠢᠭᠡᠳᠦᠭᠡᠷ ᠹᠷᠣᠨᠲ ᠲᠤ ᠰᠢᠭᠤᠳ ᠬᠦᠷᠬᠦ ᠭᠠᠮᠰᠢᠭ ᠢ ᠰᠡᠷᠭᠡᠶᠢᠯᠡᠵᠦ ᠰᠡᠷᠡᠮᠵᠢᠯᠡᠭᠦᠯᠬᠦ ︽ᠬᠠᠷᠠᠵᠤ ᠬᠠᠨᠳᠤᠬᠤ︾ | ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠰᠢᠷᠦᠭᠦᠨ ᠪᠣᠷᠣᠭᠠᠨ ᠠᠴᠠ ᠪᠣᠯᠤᠭᠰᠠᠨ ᠡᠯ᠎ᠡ | ᠵᠦᠢᠯ ᠤᠨ ᠡᠭᠦᠰᠦᠮᠡᠯ ᠭᠠᠮᠰᠢᠭ ᠤᠳ ᠢ ᠴᠢᠩᠭ᠎ᠠ ᠰᠡᠷᠭᠡᠶᠢᠯᠡᠵᠦ᠂ ᠬᠤᠳᠠ ᠶᠢᠨ ᠦᠶᠡᠷ ᠤᠰᠤᠨ ᠤ ᠭᠠᠮᠰᠢᠭ ᠠᠴᠠ | ᠰᠡᠷᠭᠡᠶᠢᠯᠡᠨ ᠤᠰᠤᠲᠤᠯ ᠢ ᠵᠠᠯᠠᠬᠤ ᠪᠠᠭᠤᠷᠠᠢ ᠭᠤᠭᠴᠤᠭ᠎ᠠ ᠶᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠲᠠᠷᠢᠶᠠᠨ | ᠭᠠᠵᠠᠷ ᠲᠠᠬᠢ ᠦᠶᠡᠷ ᠤᠰᠤᠨ ᠤ ᠭᠠᠮᠰᠢᠭ ᠠᠴᠠ ᠰᠡᠷᠭᠡᠶᠢᠯᠡᠵᠦ ᠤᠰᠤᠲᠤᠯ ᠢ ᠵᠠᠯᠠᠬᠤ ᠳᠤᠲᠠᠭᠳᠠᠯ ᠢ ᠲᠦᠷᠭᠡᠨ | ᠨᠥᠬᠦᠪᠦᠷᠢᠯᠡᠬᠦ ᠬᠡᠷᠡᠭᠲᠡᠢ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠦᠢᠯᠡᠳᠦᠯ ᠢ ᠦᠨᠡᠨ ᠬᠦ ᠪᠠᠳᠠᠷᠠᠭᠤᠯᠵᠤ᠂ | ᠳᠡᠭᠡᠳᠦ ᠳᠣᠣᠷᠠᠳᠤ ᠤᠷᠤᠰᠬᠠᠯ᠂ ᠵᠡᠭᠦᠨ ᠪᠠᠷᠠᠭᠤᠨ ᠡᠷᠭᠢ᠂ ᠭᠤᠣᠯ ᠰᠠᠯᠪᠤᠷᠢ ᠤᠷᠤᠰᠬᠠᠯ᠂ ᠮᠤᠵᠢ ᠬᠤᠭᠤᠷᠣᠨᠳᠤ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠪᠣᠷᠣᠭᠠᠨ ᠤ ᠭᠤᠣᠯ ᠪᠦᠰᠡ ᠶᠢ ᠦᠷᠭᠦᠯᠵᠢᠯᠡᠨ ᠤᠮᠠᠷᠠᠰᠢ | ᠰᠢᠯᠵᠢᠭᠦᠯᠬᠦ ᠪᠡᠯᠡᠳᠬᠡᠯ ᠢ ᠤᠷᠢᠳᠴᠢᠯᠠᠨ ᠰᠠᠶᠢᠲᠤᠷ ᠭᠦᠢᠴᠡᠳᠬᠡᠬᠦ ᠬᠡᠷᠡᠭᠲᠡᠢ᠃ ᠠᠶᠤᠯ ᠠᠴᠠ ᠠᠪᠤᠷᠠᠨ ᠲᠤᠰᠠᠯᠠᠬᠤ ᠪᠠ | ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠠᠭᠤᠷᠢ ᠲᠥᠬᠦᠭᠡᠷᠦᠮᠵᠢ ᠶᠢᠨ | ᠭᠠᠮᠰᠢᠭ ᠰᠡᠷᠭᠡᠶᠢᠯᠡᠬᠦ ᠲᠦᠪᠰᠢᠨ ᠢ ᠳᠡᠭᠡᠭᠰᠢᠯᠡᠭᠦᠯᠵᠦ᠂ ᠲᠦᠢᠯ ᠤᠨ ᠪᠠᠶᠢᠳᠠᠯ ᠳᠤ ᠰᠡᠷᠭᠡᠶᠢᠯᠡᠨ ᠠᠷᠭᠠᠴᠠᠬᠤ ᠠᠷᠭ᠎ᠠ ᠬᠡᠮᠵᠢᠶ᠎ᠡ | ᠠᠪᠬᠤ ᠬᠡᠷᠡᠭᠲᠡᠢ᠃ ᠭᠠᠮᠰᠢᠭ ᠭᠠᠷᠤᠮᠠᠭᠴᠠ ᠠᠪᠤᠷᠠᠨ ᠲᠤᠰᠠᠯᠠᠬᠤ ᠡᠯ᠎ᠡ ᠲᠥᠷᠥᠯ ᠤᠨ ᠬᠦᠴᠦᠨ ᠢ ᠨᠢᠭᠡᠳᠦᠯᠲᠡᠢ ᠲᠥᠯᠥᠪᠯᠡᠨ | ᠰᠢᠯᠵᠢᠭᠦᠯᠦᠨ ᠲᠣᠮᠢᠯᠠᠵᠤ᠂ ᠲᠡᠷᠡ ᠳᠠᠷᠤᠢ ᠳᠤ ᠨᠢ ᠠᠪᠤᠷᠠᠨ ᠲᠤᠰᠠᠯᠠᠬᠤ ᠠᠵᠢᠯ ᠢ ᠥᠷᠨᠢᠭᠦᠯᠦᠨ᠂ ᠬᠥᠮᠥᠨ ᠬᠠᠷ᠎ᠠ ᠠᠳᠡᠵᠦ | ᠰᠢᠷᠬᠠᠲᠤᠬᠤ ᠪᠠ ᠭᠠᠮᠰᠢᠭ ᠤᠨ ᠬᠤᠬᠢᠷᠠᠯ ᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠬᠤ | ᠬᠡᠷᠡᠭᠲᠡᠢ᠃ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ | ᠠᠳᠬᠤᠵᠤ᠂ ᠭᠠᠩ ᠬᠠᠭᠰᠠᠷᠠᠭᠠᠨ ᠲᠠᠢ ᠲᠡᠮᠡᠴᠡᠬᠦ ᠤᠰᠤᠨ ᠤ ᠡᠬᠢ ᠰᠤᠷᠪᠤᠯᠵᠢ ᠶᠢ ᠰᠢᠯᠵᠢᠭᠦᠯᠦᠨ ᠲᠣᠬᠢᠷᠠᠭᠤᠯᠬᠤ ᠶᠢ | ᠴᠢᠩᠭᠠᠳᠬᠠᠵᠤ᠂ ᠤᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠬᠢᠭᠡᠳ ᠨᠠᠮᠤᠷ ᠤᠨ ᠠᠮᠤ ᠪᠤᠳᠠᠭᠠᠨ ᠤ | ᠡᠯᠪᠡᠭ ᠬᠤᠷᠢᠶᠠᠯᠲᠠ ᠶᠢ ᠪᠠᠲᠤᠯᠠᠬᠤ ᠬᠡᠷᠡᠭᠲᠡᠢ ᠬᠡᠮᠡᠨ ᠵᠢᠭᠠᠵᠤ ᠭᠠᠷᠭᠠᠵᠠᠢ᠃ | ᠦ᠋ ᠵᠧᠩ ᠯᠦᠩ ᠪᠠᠷ᠎ᠠ ᠪᠣᠯᠪᠠ᠃ | | | |