ᠠᠯᠠᠱᠠ ᠵᠡᠭᠦᠨ ᠬᠤᠰᠢᠭᠤ᠄ ᠵᠢᠯᠣᠭᠤᠴᠢ ᠥᠬᠡᠶ ᠨᠢᠰᠬᠡᠯ ᠢᠶᠠᠷ ᠣᠶ ᠰᠢᠭᠤᠶ ᠨᠤᠲᠤᠭ ᠪᠡᠯᠴᠢᠭᠡᠷ ᠢ ᠲᠣᠭᠤᠷᠢᠨ ᠬᠠᠮᠠᠭᠠᠯᠠᠪᠠ
ᠨᠡᠶᠢᠲᠡᠯᠡᠭᠰᠡᠨ ᠴᠠᠭ᠄
2024/7/4
         ᠣᠶᠢᠷ᠎ᠠ ᠳᠤ᠂ ᠠᠯᠠᠱᠠ ᠠᠶᠢᠮᠠᠭ ᠤᠨ ᠠᠭᠠᠷ ᠠᠶᠠᠯᠠᠯ ᠤᠨ ᠣᠶ ᠰᠢᠭᠤᠶ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠥᠷᠳᠡᠭᠡᠨ ᠤ ᠭᠤᠶᠤᠴᠢᠯᠠᠭᠰᠠᠨ ᠠᠩᠬᠠᠳᠠᠭᠴᠢ ᠪᠦᠯᠦᠭ ᠠᠯᠠᠱᠠ ᠶᠢᠨ ᠣᠶ ᠰᠢᠭᠤᠶ ᠨᠤᠲᠤᠭ ᠪᠡᠯᠴᠢᠭᠡᠷ ᠤᠨ ᠵᠢᠯᠣᠭᠤᠴᠢ ᠥᠬᠡᠶ ᠨᠢᠰᠬᠡᠯ ᠤᠨ ᠠᠭᠠᠷ ᠤᠨ ᠣᠷᠣᠨ ᠪᠠ ᠠᠶᠠᠯᠠᠯ ᠤᠨ ᠱᠤᠭᠤᠮ ᠨᠢ ᠵᠥᠪᠰᠢᠶᠡᠷᠡᠭᠳᠡᠪᠡ ᠃ ᠡᠨᠡ ᠨᠢ ᠣᠶ ᠰᠢᠭᠤᠶ ᠨᠤᠲᠤᠭ ᠪᠡᠯᠴᠢᠭᠡᠷ ᠤᠨ ᠠᠭᠠᠷ ᠠᠶᠠᠯᠠᠯ ᠤᠨ ᠲᠣᠭᠤᠷᠢᠨ ᠬᠠᠮᠠᠭᠠᠯᠠᠬᠤ ᠨᠢ ᠮᠡᠷᠭᠡᠵᠢᠯ ᠤᠨ ᠲᠠᠰ ᠳᠠᠪᠬᠤᠷᠭ᠎ᠠ᠂ ᠠᠵᠢᠯᠯᠠᠬᠤ ᠬᠡᠮᠵᠢᠶ᠎ᠡ᠂ ᠲᠣᠭᠤᠷᠢᠨ ᠬᠠᠮᠠᠭᠠᠯᠠᠬᠤ ᠠᠷᠭ᠎ᠠ ᠵᠠᠮ ᠤᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠵᠣ᠂ ︽ᠡᠭᠴᠡ ᠨᠢᠰᠬᠡᠯ + ᠵᠢᠯᠣᠭᠤᠴᠢ ᠥᠬᠡᠶ ᠨᠢᠰᠬᠡᠯ︾᠎ ᠤᠨ  ᠬᠠᠮᠲᠣᠷᠠᠭᠰᠠᠨ ᠡᠭᠦᠷᠭᠡ ᠶᠢ ᠭᠦᠢᠴᠡᠳᠬᠡᠬᠦ ᠰᠢᠨ᠎ᠡ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃    ᠠᠯᠠᠱᠠ ᠵᠡᠭᠦᠨ ᠬᠤᠰᠢᠭᠤᠨ ᠤ ᠱᠠᠰᠢᠨ ᠪᠠᠳᠠᠷᠠᠭᠤᠯᠤᠭᠴᠢ ᠰᠦᠮ᠎ᠡ ᠶᠢᠨ ᠣᠶ ᠰᠢᠭᠤᠶ ᠨᠤᠲᠤᠭ ᠪᠡᠯᠴᠢᠭᠡᠷ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ᠂ ᠠᠵᠢᠯᠲᠠᠳ ᠶᠠᠭ ᠵᠢᠯᠣᠭᠤᠴᠢ ᠥᠬᠡᠶ ᠨᠢᠰᠬᠡᠯ ᠢᠶᠠᠷ ᠲᠣᠭᠤᠷᠢᠨ ᠬᠠᠮᠠᠭᠠᠯᠠᠬᠤ ᠠᠵᠢᠯ ᠢ ᠥᠷᠨᠢᠭᠦᠯᠵᠦ ᠪᠠᠶᠢᠨ᠎ᠠ᠃ ᠨᠢᠰᠦᠯᠲᠡ ᠶᠢᠨ ᠡᠭᠦᠷᠭᠡ ᠶᠢ ᠡᠭᠦᠷᠭᠡᠯᠡᠵᠦ ᠪᠠᠶᠢᠭ᠎ᠠ 2 ᠲᠤᠰᠬᠠᠶ ᠬᠡᠷᠡᠭᠯᠡᠭᠡᠨ ᠤ ᠵᠢᠯᠣᠭᠤᠴᠢ ᠥᠬᠡᠶ ᠨᠢᠰᠬᠡᠯ ᠢ ᠪᠥᠬᠦ ᠲᠠᠯ᠎ᠠ ᠪᠠᠷ᠂ ᠣᠯᠠᠨ ᠬᠠᠷᠠᠭᠠᠰᠤ ᠲᠠᠢ ᠪᠠᠷ᠂ ᠲᠠᠰᠤᠷᠠᠯᠲᠠ ᠥᠬᠡᠶ ᠰᠡᠭᠦᠳᠡᠷᠯᠡᠨ ᠠᠵᠢᠯᠯᠠᠬᠤ ᠶᠢᠨ ᠬᠠᠮᠲᠤ ᠬᠥᠳᠡᠯᠦᠩᠭᠦᠶ ᠮᠡᠳᠡᠭᠡ ᠵᠠᠩᠭᠢ ᠶᠢ ᠴᠠᠭ ᠲᠤᠬᠠᠶ ᠳᠤᠨᠢ ᠭᠠᠵᠠᠷ ᠳᠡᠭᠡᠷᠡᠬᠢ ᠮᠡᠳᠡᠭᠡ ᠵᠠᠩᠭᠢ ᠶᠢ ᠭᠥᠯᠢᠶᠡᠨ ᠠᠪᠬᠤ ᠰᠢᠰᠲ᠋ᠧᠮ ᠳᠤ ᠳᠠᠮᠵᠢᠭᠤᠯᠵᠤ᠂ ︽ᠠᠭᠠᠷ ᠢᠶᠠᠷ ᠮᠥᠷᠳᠡᠨ ᠪᠠᠶᠢᠴᠠᠭᠠᠬᠤ — ᠲᠤᠭ᠎ᠠ ᠪᠠᠷᠢᠮᠲᠠ ᠶᠢ ᠵᠠᠳᠠᠯᠬᠤ — ᠭᠠᠯ ᠤᠨ ᠪᠠᠶᠢᠳᠠᠯ ᠢ ᠮᠡᠳᠡᠭᠦᠯᠬᠦ — ᠭᠠᠵᠠᠷ ᠤᠨ ᠭᠠᠳᠠᠷᠭᠤ ᠶᠢᠨ ᠪᠠᠶᠢᠳᠠᠯ ᠢ ᠮᠡᠳᠡᠭᠦᠯᠬᠦ︾ ᠪᠢᠲᠡᠭᠦᠦ ᠡᠷᠭᠢᠯᠲᠡ ᠶᠢᠨ ᠠᠵᠢᠯ ᠤᠨ ᠴᠤᠪᠤᠷᠠᠯ ᠢ ᠠᠩᠬ᠎ᠠ ᠠᠯᠬᠤᠮ ᠪᠣᠶ ᠪᠣᠯᠭᠠᠪᠠ᠃    ᠲᠣᠰ ᠤᠳᠠᠭ᠎ᠠ ᠵᠥᠪᠰᠢᠶᠡᠷᠡᠭᠳᠡᠭᠰᠡᠨ ᠵᠢᠯᠣᠭᠤᠴᠢ ᠥᠬᠡᠶ ᠨᠢᠰᠬᠡᠯ ᠤᠨ ᠠᠶᠠᠯᠠᠯ ᠨᠡᠪᠲᠡᠷᠡᠬᠦ ᠨᠢᠰᠦᠯᠲᠡ ᠶᠢᠨ ᠲᠤᠬᠠᠶᠢᠯᠠᠭᠰᠠᠨ ᠠᠵᠢᠯ ᠤᠨ ᠲᠣᠭᠤᠷᠢᠨ ᠬᠠᠮᠠᠭᠠᠯᠠᠬᠤ ᠣᠷᠣᠨ ᠪᠣᠯ ᠠᠯᠠᠱᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠬᠠᠷᠠᠭᠠᠯᠵᠠᠭᠰᠠᠨ ᠠᠭᠠᠷ ᠤᠨ ᠣᠷᠣᠨ ᠪᠣᠯᠤᠨ᠎ᠠ᠃ 6 ᠰᠠᠷ᠎ᠠ ᠶᠢᠨ 14᠎ ᠤ ᠡᠳᠦᠷ ᠪᠣᠯᠲᠠᠯ᠎ᠠ᠂ ᠵᠢᠯᠣᠭᠤᠴᠢ ᠥᠬᠡᠶ ᠨᠢᠰᠬᠡᠯ ᠤᠨ ᠲᠣᠭᠤᠷᠢᠨ ᠬᠠᠮᠠᠭᠠᠯᠠᠬᠤ ᠠᠵᠢᠯ ᠨᠡᠶᠢᠲᠡ 11 ᠤᠳᠠᠭ᠎ᠠ ᠶᠠᠪᠣᠭᠳᠠᠵᠤ᠂  ᠨᠢᠰᠦᠯᠳᠡ ᠶᠢᠨ ᠬᠤᠭᠤᠴᠠᠭ᠎ᠠ ᠨᠢ 4 ᠴᠠᠭ 38 ᠮᠢᠨᠦ᠋ᠲ᠂ ᠨᠢᠰᠦᠯᠲᠡ ᠶᠢᠨ ᠵᠠᠶ ᠨᠢ 105 ᠺᠢᠯᠣᠮᠧᠲᠷ᠂ ᠲᠣᠭᠤᠷᠢᠨ ᠬᠠᠮᠠᠭᠠᠯᠠᠬᠤ ᠲᠠᠯᠠᠪᠠᠶ ᠨᠢ 246 ᠲᠡᠭᠰᠢ ᠳᠥᠷᠪᠡᠯᠵᠢᠨ ᠺᠢᠯᠣᠮᠧᠲᠷ  ᠪᠣᠯᠣᠭᠰᠠᠨ ᠪᠠᠶᠢᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号