ᠠᠯᠠᠱᠠ ᠵᠡᠭᠦᠨ ᠬᠤᠰᠢᠭᠤ᠄ ᠡᠯᠡᠰᠦ ᠶᠢ ᠬᠠᠰᠢᠵᠤ ᠡᠯᠡᠰᠦ ᠶᠢ ᠵᠠᠰᠠᠵᠤ ᠪᠠᠶᠢᠨ᠎ᠠ
ᠨᠡᠶᠢᠲᠡᠯᠡᠭᠰᠡᠨ ᠴᠠᠭ᠄
2024/7/4
     ᠣᠶᠢᠷ᠎ᠠ ᠶᠢᠨ ᠵᠢᠯ ᠳᠤ᠂ ᠠᠯᠠᠱᠠ ᠵᠡᠭᠦᠨ ᠬᠤᠰᠢᠭᠤ ᠤᠷᠲᠤ ᠬᠤᠭᠤᠴᠠᠭᠠᠨ ᠤ ᠰᠠᠯᠬᠢ ᠰᠢᠭᠤᠷᠭ᠎ᠠ ᠲᠠᠢ ᠲᠡᠮᠡᠴᠡᠬᠦ ᠲᠡᠮᠡᠴᠡᠯᠳᠦᠭᠡᠨ ᠢᠶᠠᠷ ᠳᠠᠮᠵᠢᠨ᠂ ︽ᠡᠯᠡᠰᠦᠨ ᠴᠥᠯ ᠤᠨ ᠬᠦᠪᠡᠭᠡ ᠵᠠᠬ᠎ᠠ ᠶᠢ ᠬᠢᠵᠠᠭᠠᠷᠯᠠᠬᠤ︾ ︽ᠬᠤᠲᠠ ᠶᠢ ᠬᠠᠮᠠᠭᠠᠯᠠᠬᠤ︾  ᠵᠠᠰᠠᠨ ᠰᠠᠶᠢᠵᠢᠷᠠᠭᠤᠯᠬᠤ ᠰᠡᠳᠬᠢᠮᠵᠢ ᠶᠢᠨ ᠲᠣᠭᠤᠷᠢᠨ ᠳᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠬᠤᠣᠷ ᠬᠦᠨᠦᠭᠡᠯ ᠪᠣᠯᠬᠤ ᠮᠠᠭᠠᠳᠯᠠᠯ ᠲᠠᠢ ᠶᠢ ᠨᠢ ᠰᠡᠷᠭᠡᠶᠢᠯᠡᠬᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠶᠡᠷᠦᠩᠬᠡᠶᠢᠯᠡᠨ ᠵᠠᠰᠠᠬᠤ ᠵᠠᠷᠴᠢᠮ ᠶᠣᠰᠣᠭᠠᠷ᠂ ᠨᠢᠰᠬᠡᠯ ᠢᠶᠠᠷ ᠲᠠᠷᠢᠵᠤ ᠣᠶᠢᠵᠢᠭᠤᠯᠬᠤ᠂ ᠬᠦᠷᠢᠶᠡᠯᠡᠨ ᠪᠢᠲᠡᠭᠦᠮᠵᠢᠯᠡᠬᠦ᠂ ᠬᠥᠮᠦᠨ ᠤ ᠬᠦᠴᠦ ᠪᠠᠷ ᠣᠶᠢᠵᠢᠭᠤᠯᠵᠤ ᠡᠪᠡᠰᠦ ᠲᠠᠷᠢᠬᠤ ︽ᠭᠤᠷᠪᠠ ᠶᠢ ᠨᠢᠭᠡ ᠴᠤᠭᠴᠠᠵᠢᠭᠤᠯᠬᠤ︾ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠮᠢ ᠠᠬᠤᠢ ᠶᠢᠨ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠪᠦᠬᠦ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠪᠦᠲᠦᠮᠵᠢᠲᠡᠢ ᠰᠠᠶᠢᠵᠢᠷᠠᠵᠤ᠂ ᠪᠠᠶᠢᠭᠠᠯᠢ ᠶᠢᠨ ᠤᠷᠭᠤᠮᠠᠯ ᠤᠨ ᠬᠤᠴᠢᠯᠭ᠎ᠠ ᠰᠡᠷᠭᠦᠪᠡ᠃    ᠴᠦᠯᠯᠡᠷᠭᠡᠭᠵᠢᠯ ᠢ ᠵᠠᠰᠠᠬᠤ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶᠎ ᠤᠨ ᠠᠯᠠᠱᠠ ᠵᠡᠭᠦᠨ ᠬᠤᠰᠢᠭᠤᠨ ᠤ ᠬᠡᠰᠡᠭ ᠣᠷᠣᠨ ᠤ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 8.8154 ᠳ᠋ᠦᠩᠰᠢᠭᠤᠷ ᠲᠥᠭᠦᠷᠢᠭ ᠲᠤ ᠬᠦᠷᠴᠦ᠂ 2023 ᠣᠨ ᠠᠴᠠ 2025 ᠣᠨ ᠪᠣᠯᠲᠠᠯᠠᠬᠢ ᠬᠤᠭᠤᠴᠠᠭᠠᠨ ᠳᠤ᠂ ᠭᠤᠤᠯᠳᠠᠭᠤ ᠡᠯᠡᠰᠦᠨ ᠴᠥᠯ ᠤᠨ ᠬᠥᠪᠡᠭᠡ ᠵᠠᠬ᠎ᠠ᠂ ᠴᠢᠬᠤᠯᠠ ᠵᠠᠮ ᠤᠨ ᠬᠤᠶᠠᠷ ᠲᠠᠯ᠎ᠠ᠂ ᠭᠤᠤᠯ ᠬᠤᠲᠠ ᠪᠠᠯᠭᠠᠰᠤ ᠶᠢᠨ ᠡᠷᠬᠢᠨ ᠲᠣᠭᠤᠷᠢᠨ ᠳᠤ ᠨᠢᠰᠬᠡᠯ ᠢᠶᠠᠷ ᠣᠶᠢᠵᠢᠭᠤᠯᠬᠤ᠂ ᠬᠥᠮᠦᠨ ᠤ ᠬᠦᠴᠦ ᠪᠠᠷ ᠡᠪᠡᠰᠦ ᠲᠠᠷᠢᠬᠤ᠂ ᠡᠯᠡᠰᠦ ᠶᠢ ᠪᠢᠲᠡᠭᠦᠮᠵᠢᠯᠡᠨ ᠣᠶᠢᠵᠢᠭᠤᠯᠬᠤ᠂ ᠲᠠᠴᠢᠷᠳᠠᠭᠰᠠᠨ ᠣᠶ ᠶᠢ ᠰᠡᠷᠭᠦᠭᠡᠬᠦ ᠵᠡᠷᠭᠡ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠪᠠ᠃    2024 ᠣᠨ ᠳᠤ ᠠᠯᠠᠱᠠ ᠵᠡᠭᠦᠨ ᠬᠤᠰᠢᠭᠤ 179.1 ᠲᠦᠮᠡᠨ ᠮᠥ ᠪᠥᠲᠥᠭᠡᠨ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠂ ᠡᠭᠦᠨ ᠳᠤ ᠨᠢᠰᠬᠡᠯ ᠢᠶᠠᠷ ᠳᠠᠷᠢᠵᠤ ᠣᠶᠢᠵᠢᠭᠤᠯᠬᠤ 29.1 ᠲᠦᠮᠡᠨ ᠮᠥ᠂ ᠢᠨᠵᠧᠨᠧᠷᠢᠩ ᠢᠶᠠᠷ ᠡᠯᠡᠰᠦ ᠶᠢ ᠲᠣᠭᠲᠠᠪᠤᠷᠢᠵᠢᠭᠤᠯᠬᠤ 71.7 ᠲᠦᠮᠡᠨ ᠮᠥ᠂ ᠬᠥᠮᠦᠨ ᠤ ᠬᠦᠴᠦ ᠪᠠᠷ ᠡᠪᠡᠰᠦ ᠳᠠᠷᠢᠬᠤ 55.3 ᠲᠦᠮᠡᠨ ᠮᠥ᠂  ᠲᠣᠣᠷ ᠲᠠᠲᠠᠵᠤ ᠣᠶᠢᠵᠢᠭᠤᠯᠬᠤ 3 ᠲᠦᠮᠡᠨ ᠮᠥ᠂ ᠲᠠᠴᠢᠷᠳᠠᠭᠰᠠᠨ ᠣᠶ ᠶᠢ 20 ᠲᠦᠮᠡᠨ ᠮᠥ ᠵᠠᠰᠠᠨ ᠰᠡᠷᠭᠦᠭᠡᠬᠦ ᠵᠡᠷᠭᠡ ᠪᠠᠭᠲᠠᠨ᠎ᠠ᠃    ᠣᠳᠣ ᠪᠣᠯᠲᠠᠯ᠎ᠠ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠡᠯᠡᠰᠦᠨ ᠴᠥᠯ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶᠎ ᠤᠨ ᠠᠯᠠᠱᠠ ᠵᠡᠭᠦᠨ ᠬᠤᠰᠢᠭᠤᠨ ᠤ ᠬᠡᠰᠡᠭ ᠣᠷᠣᠨ ᠨᠢ ᠨᠡᠶᠢᠲᠡ 104.8349 ᠲᠦᠮᠡᠨ ᠮᠥ ᠶᠢ ᠪᠡᠶᠡᠯᠡᠭᠦᠯᠪᠡ᠂ ᠡᠭᠦᠨ ᠳᠤ᠄ ᠬᠥᠮᠦᠨ ᠤ ᠬᠦᠴᠦ ᠪᠠᠷ ᠡᠪᠡᠰᠦ ᠲᠠᠷᠢᠭᠰᠠᠨ 44.0014 ᠲᠦᠮᠡᠨ ᠮᠥ᠂ ᠢᠨᠵᠧᠨᠧᠷᠢᠩ ᠢᠶᠠᠷ ᠡᠯᠡᠰᠦ ᠶᠢ ᠲᠣᠭᠲᠠᠪᠤᠷᠢᠵᠢᠭᠤᠯᠤᠭᠰᠠᠨ 37.8335 ᠲᠦᠮᠡᠨ ᠮᠥ᠂ ᠲᠠᠴᠢᠷᠳᠠᠭᠰᠠᠨ ᠣᠶ ᠶᠢ 20 ᠲᠦᠮᠡᠨ ᠮᠥ ᠰᠡᠷᠭᠦᠭᠡᠵᠤ᠂  ᠲᠣᠣᠷ ᠲᠠᠲᠠᠵᠤ ᠪᠥᠲᠥᠭᠡᠨ ᠪᠠᠶᠢᠭᠤᠯᠬᠤ ᠶᠢ 3 ᠲᠦᠮᠡᠨ ᠮᠥ ᠪᠡᠶᠡᠯᠡᠭᠦᠯᠪᠡ᠃
 
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号