ᠠᠯᠠᠱᠠ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠬᠢᠨ ᠢᠩᠭᠢᠵᠤ ᠠᠵᠢᠯ ᠢᠶᠠᠨ ᠡᠬᠢᠯᠡᠭᠦᠯᠪᠡ
ᠨᠡᠶᠢᠲᠡᠯᠡᠭᠰᠡᠨ ᠴᠠᠭ᠄
2024/7/4
     ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠤᠨ ᠭᠡᠰᠢᠭᠦᠳ ᠲᠤ ᠥᠭᠭᠦᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ︽ᠰᠤᠷᠤᠯᠴᠠᠬᠤ᠂ ᠡᠭᠦᠳᠬᠦ᠂ ᠲᠣᠭᠯᠠᠬᠤ︾ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ 6 ᠳ᠋ᠤᠭᠠᠷ ᠰᠠᠷ᠎ᠠ ᠶᠢᠨ 17᠎ ᠤ ᠡᠳᠦᠷ᠂ ᠠᠯᠠᠱᠠ ᠵᠡᠭᠦᠨ ᠬᠤᠰᠢᠭᠤᠨ ᠤ ᠤᠯᠠᠭᠠᠨᠮᠥ᠋ᠴᠢᠷ ᠪᠠᠭ᠎ᠠ ᠠᠩᠭᠢ ᠶᠢᠨ ᠬᠡᠯᠪᠡᠷᠢ ᠪᠠᠷ ᠥᠯᠵᠡᠶ ᠪᠣᠭᠤᠮᠲᠠ᠂ ᠥᠯᠵᠡᠶ ᠰᠤᠮᠤᠨ ᠤ ᠤᠨᠳᠤᠷᠮᠤᠲᠤ ᠭᠠᠴᠠᠭᠠᠨ ᠤ ᠬᠢᠯᠢ ᠬᠠᠮᠠᠭᠠᠯᠠᠬᠤ ᠡᠷᠦᠬᠡ ᠪᠣᠯᠤᠨ ᠡᠮᠤᠨ᠎ᠡ ᠲᠣᠭᠤᠷᠢᠯᠲᠠ ᠶᠢᠨ ᠵᠠᠮ ᠤᠨ ᠵᠡᠭᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ ᠤᠨ ᠪᠤᠭᠤᠲᠤ ᠨᠡᠶᠢᠭᠡᠮ ᠲᠣᠭᠤᠷᠢᠭ ᠲᠤ ᠬᠦᠷᠴᠦ ︽ᠠᠷᠠᠳ ᠲᠦᠮᠡᠨ ᠤ ᠳᠤᠮᠳᠠ ᠣᠴᠢᠵᠤ᠂ 2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠰᠠᠷ᠎ᠠ︾᠎ ᠶᠢᠨ ᠠᠵᠢᠯᠯᠠᠭ᠎ᠠ ᠥᠷᠨᠢᠭᠦᠯᠪᠡ᠃    ᠥᠯᠵᠡᠶ ᠪᠣᠭᠤᠮᠲᠠ ᠳᠤ᠂ ᠣᠷᠭᠢᠯᠤᠮ᠎ᠠ ᠬᠠᠯᠠᠭᠤᠨ ᠳᠠᠭᠤᠤ ᠬᠥᠭᠵᠢᠮ᠂ ᠪᠠᠶᠠᠯᠢᠭ ᠰᠠᠶᠢᠬᠠᠨ ᠪᠥᠵᠢᠭ᠂ ᠰᠡᠳᠬᠢᠯ ᠬᠥᠳᠡᠯᠭᠡᠮ᠎ᠡ ᠮᠣᠷᠢᠨ ᠬᠤᠭᠤᠷ ᠤᠨ ᠭᠤᠴᠣᠯᠠᠯ ᠬᠥᠭᠵᠢᠮ ᠨᠢ ᠴᠠᠭᠳᠠᠭ᠎ᠠ ᠠᠷᠠᠳ ᠨᠢᠭᠡ ᠬᠡᠷ ᠤᠨ ᠬᠥᠮᠦᠨ ᠮᠡᠲᠦ ᠳᠣᠲᠣᠨᠣ ᠪᠠᠶᠢᠬᠤ ᠶᠢ ᠮᠠᠭᠲᠠᠨ ᠳᠠᠭᠤᠯᠠᠵᠤ᠂ ᠰᠡᠳᠬᠢᠯ ᠰᠠᠨᠠᠭ᠎ᠠ ᠪᠠᠨ ᠨᠢᠭᠡᠳᠬᠡᠨ ᠬᠤᠪᠢ ᠵᠠᠶᠠᠭ᠎ᠠ ᠪᠠᠨ ᠬᠠᠮᠲᠤᠳᠬᠠᠵᠤ᠂ ᠥᠯᠵᠡᠶ ᠪᠣᠭᠤᠮᠲᠠ ᠶᠢᠨ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠪᠣᠯᠤᠨ ᠬᠢᠯᠢ ᠶᠢᠨ ᠪᠠᠶᠢᠴᠠᠭᠠᠭᠴᠢᠳ ᠲᠤ ᠪᠠᠶᠠᠷ ᠪᠠᠭ᠋ᠠᠳᠤᠯ ᠪᠠ ᠴᠢᠩ ᠰᠡᠳᠬᠢᠯ ᠤᠨ ᠵᠥᠩᠨᠡᠯ ᠳᠡᠪᠰᠢᠭᠦᠯᠪᠡ︕   ᠥᠯᠵᠡᠶ ᠰᠤᠮᠤ ᠶᠢᠨ ᠥᠨᠳᠦᠷᠮᠣᠳᠣ ᠭᠠᠴᠠᠭ᠎ᠠ ᠶᠢᠨ ᠬᠢᠯᠢ ᠶᠢᠨ ᠬᠠᠮᠠᠭᠠᠯᠠᠭᠴᠢ ᠬᠤᠪᠢᠰᠬᠠᠯᠲᠤ ᠶᠢᠨ ᠬᠡᠷ ᠲᠤ᠂ ᠤᠯᠠᠭᠠᠨᠮᠥ᠋ᠴᠢᠷ ᠤᠨ ᠭᠡᠰᠢᠭᠦᠳ ᠳᠤᠮᠳᠠᠳᠤ ᠮᠣᠩᠭᠤᠯ ᠤᠨ ᠬᠢᠯᠢ ᠶᠢᠨ ᠱᠤᠭᠤᠮ ᠳᠡᠭᠡᠷᠡᠬᠢ ᠬᠢᠯᠢ ᠶᠢᠨ ᠬᠠᠮᠠᠭᠠᠯᠠᠭᠴᠢᠳ ᠲᠤ ᠨᠠᠮ ᠤᠨ ᠬᠠᠶᠢᠷ᠎ᠠ ᠬᠠᠯᠠᠮᠵᠢ ᠬᠦᠷᠭᠡᠪᠡ᠃     ᠡᠮᠦᠨ᠎ᠡ ᠲᠣᠭᠤᠷᠢᠯᠳᠡ ᠶᠢᠨ ᠵᠠᠮ ᠵᠡᠭᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ ᠤᠨ ᠪᠤᠭᠤᠲᠤ ᠨᠡᠶᠢᠭᠡᠮ ᠲᠣᠭᠤᠷᠢᠭ ᠲᠤ᠂ ᠭᠡᠰᠢᠭᠦᠳ ᠭᠤᠶᠢᠳᠠ ᠰᠠᠶᠢᠬᠠᠨ ᠲᠠᠭᠤᠣ ᠪᠥᠵᠢᠭ ᠢᠶᠠᠷ ᠢᠶᠠᠨ ᠬᠠᠶᠢᠷ᠎ᠠ ᠰᠡᠳᠬᠢᠯᠭᠡ ᠪᠠᠨ ᠳᠠᠮᠵᠢᠭᠤᠯᠪᠠ᠃ ᠤᠯᠠᠮᠵᠢᠯᠠᠯᠲᠦ ᠮᠣᠩᠭᠤᠯ ᠦᠨᠳᠦᠰᠦᠲᠡᠨ ᠤ ᠳᠠᠭᠤᠤ ᠪᠥᠵᠢᠭ ᠤᠨ ᠲᠣᠭᠯᠠᠯᠲᠠ ᠠᠴᠠ ᠭᠠᠳᠠᠨ᠎ᠠ ᠪᠠᠰᠠ ᠣᠳᠣ ᠦᠶ᠎ᠡ ᠶᠢᠨ ᠣᠷᠣᠰᠬᠠᠯ ᠳᠠᠭᠤᠤ ᠬᠥᠭᠵᠢᠮ ᠪᠠ ᠶᠧᠯᠸᠢ ᠶᠢᠨ ᠲᠣᠭᠯᠠᠯᠲᠠ ᠪᠠᠶᠢᠵᠤ᠂ ᠠᠳᠠᠯᠢ ᠪᠤᠰᠤ ᠨᠠᠰᠤᠨ ᠤ ᠦᠵᠡᠭᠴᠢᠳ ᠤᠨ ᠬᠡᠷᠡᠭᠴᠡᠭᠡ ᠶᠢ ᠬᠠᠩᠭᠠᠭᠰᠠᠨ ᠪᠠᠶᠢᠨ᠎ᠠ᠃    ᠲᠣᠰ ᠤᠳᠠᠭᠠᠨ ᠤ ᠤᠯᠠᠭᠠᠨᠮᠥ᠋ᠴᠢᠷ ᠤᠨ ᠰᠠᠷ᠎ᠠ ᠶᠢᠨ ᠠᠵᠢᠯᠯᠠᠭ᠎ᠠ ᠨᠢ 6 ᠳ᠋ᠤᠭᠠᠷ ᠰᠠᠷ᠎ᠠ ᠶᠢᠨ 17᠎ ᠤ ᠡᠳᠦᠷ ᠠᠴᠠ 7 ᠳ᠋ᠤᠭᠠᠷ ᠰᠠᠷ᠎ᠠ ᠶᠢᠨ 17᠎ ᠤ ᠡᠳᠦᠷ ᠪᠣᠯᠲᠠᠯ᠎ᠠ ᠪᠦᠲᠦᠨ ᠨᠢᠭᠡ ᠰᠠᠷ᠎ᠠ ᠦᠷᠭᠦᠯᠵᠢᠯᠡᠵᠦ᠂ ᠠᠵᠢᠯᠯᠠᠭ᠎ᠠ ᠶᠢᠨ ᠬᠤᠭᠤᠴᠠᠭᠠᠨ ᠳᠤ᠂ ᠠᠯᠠᠱᠠ ᠵᠡᠭᠦᠨ ᠬᠤᠰᠢᠭᠤᠨ ᠤ ᠤᠯᠠᠭᠠᠨᠮᠥ᠋ᠴᠢᠷ ︽ᠠᠮᠢᠳᠤᠷᠠᠯ ᠳᠤ ᠭᠦᠨᠵᠡᠭᠡᠶᠢᠷᠡᠬᠦ᠂ ᠠᠷᠠᠳ ᠲᠦᠮᠡᠨ ᠤ ᠳᠤᠮᠳᠠ ᠦᠨᠳᠦᠰᠦᠯᠡᠬᠦ︾  ᠵᠣᠷᠢᠯᠭ᠎ᠠ ᠪᠠᠷ ᠵᠣᠬᠢᠶᠠᠨ ᠪᠦᠲᠦᠭᠡᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠤᠯᠠᠭᠠᠨᠮᠥ᠋ᠴᠢᠷ ᠤᠨ ᠲᠣᠰᠬᠤᠨ ᠲᠣᠰᠬᠤᠨ ᠢᠶᠠᠷ ᠲᠣᠭᠯᠠᠯᠳᠠ ᠭᠠᠷᠭᠠᠬᠤ ᠲᠠᠢ ᠤᠶᠠᠯᠳᠤᠭᠤᠯᠤᠨ᠂ ︽ᠨᠠᠮ ᠤᠨ ᠲᠠᠭᠤᠨ ᠪᠠ ᠬᠠᠯᠠᠮᠵᠢᠯᠠᠯ ᠢ ᠳᠠᠮᠵᠢᠭᠤᠯᠬᠤ︾᠂ ᠮᠣᠩᠭᠤᠯ ᠮᠣᠷᠢᠨ ᠤ ᠵᠣᠷᠢᠭ ᠰᠠᠨᠠᠭ᠎ᠠ᠂ ᠤᠮᠠᠷᠠᠲᠤ ᠬᠢᠯᠢ ᠶᠢᠨ ᠰᠣᠶᠣᠯ ᠵᠡᠷᠭᠡ ᠭᠤᠤᠯ ᠰᠡᠳᠦᠪ ᠤᠨ ᠲᠣᠭᠤᠷᠢᠨ ᠳᠤ ᠮᠠᠯᠵᠢᠬᠤ ᠲᠠᠷᠢᠶᠠᠯᠠᠬᠤ ᠣᠷᠣᠨ ᠂ ᠵᠡᠭᠡᠯᠢ ᠭᠤᠳᠤᠮᠵᠢ ᠨᠡᠶᠢᠭᠡᠮ ᠲᠣᠭᠤᠷᠢᠭ᠂ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠲᠤ ᠢᠳᠡᠪᠬᠢᠲᠡᠶ ᠭᠦᠨᠵᠡᠭᠡᠶᠢᠷᠡᠵᠦ᠂ ᠤᠷᠠᠨ ᠰᠠᠶᠢᠬᠠᠨ ᠤ ᠲᠣᠭᠯᠠᠯᠲᠠ᠂ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ᠂ ᠦᠨᠳᠦᠰᠦᠨ ᠱᠠᠲᠤᠨ ᠳᠤ ᠦᠢᠯᠡᠴᠢᠯᠡᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠣᠯᠠᠨ ᠲᠦᠮᠡᠨ ᠳᠤ ᠨᠠᠷᠢᠯᠢᠭ ᠣᠨᠣᠴᠠᠲᠠᠶ ᠦᠢᠯᠡᠴᠢᠯᠡᠭᠡ ᠬᠠᠩᠭᠠᠵᠤ᠂ ᠰᠢᠨ᠎ᠡ ᠴᠠᠭ ᠦᠶ᠎ᠡ ᠶᠢᠨ ᠰᠣᠶᠣᠯ ᠤᠬᠠᠭᠤᠯᠭ᠎ᠠ ᠶᠢᠨ ᠦᠢᠯᠡᠴᠢᠯᠡᠭᠡᠨ ᠤ ᠠᠩᠭᠢ ᠶᠢ ᠪᠠᠶᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠰᠣᠶᠣᠯ ᠤᠨ ᠦᠢᠯᠡᠰ ᠤᠨ ᠬᠥᠭᠵᠢᠯ ᠴᠡᠴᠡᠭᠯᠡᠯ ᠢ ᠠᠬᠢᠭᠤᠯᠵᠤ᠂ ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠭᠠᠪᠰᠢᠭᠠᠢ ᠮᠣᠷᠢᠲᠤ ᠴᠡᠷᠢᠭ  ᠪᠣᠯᠤᠨ᠎ᠠ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号