ᠠᠯᠠᠱᠠ ᠵᠡᠭᠦᠨ ᠬᠤᠰᠢᠭᠤᠨ ᠤ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/7/4
     6 ᠳ᠋ᠤᠭᠠᠷ ᠰᠠᠷ᠎ᠠ ᠶᠢᠨ 18᠎ ᠤ ᠡᠳᠦᠷ ᠤᠨ ᠦᠳᠡ ᠶᠢᠨ ᠡᠮᠦᠨ᠎ᠡ᠂ ᠠᠯᠠᠱᠠ ᠵᠡᠭᠦᠨ ᠬᠤᠰᠢᠭᠤᠨ ᠤ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠩᠬᠢᠨᠢ ᠪᠠᠷ ᠪᠠᠶᠢᠭᠤᠯᠤᠭᠳᠠᠪᠠ᠂ ᠡᠨᠡ ᠨᠢ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠴᠣ ᠰᠢᠨ᠎ᠡ ᠠᠶᠠᠨ ᠵᠠᠮ ᠳᠤ ᠣᠷᠣᠭᠰᠠᠨ ᠢ ᠬᠠᠷᠠᠭᠤᠯᠵᠤ ᠪᠠᠶᠢᠨ᠎ᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢᠨ ᠸᠧᠶ ᠶᠣᠰᠣᠯᠠᠯ ᠳᠤ ᠣᠷᠣᠯᠴᠠᠵᠤ ᠫᠠᠶᠢᠰᠠ ᠰᠡᠬᠦᠪᠡ᠃    ᠰᠢᠨ᠎ᠡ ᠪᠠᠷ ᠵᠣᠬᠢᠶᠠᠨ ᠪᠠᠶᠢᠭᠤᠯᠤᠭᠰᠠᠨ ᠠᠯᠠᠱᠠ ᠵᠡᠭᠦᠨ ᠬᠤᠰᠢᠭᠤᠨ ᠤ ᠠᠭᠤᠷᠬᠠᠶ ᠶᠢᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯ ᠠᠯᠠᠱᠠ ᠵᠡᠭᠦᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠰᠢᠨ᠎ᠡ ᠴᠠᠭ ᠦᠶ᠎ᠡ ᠶᠢᠨ ᠠᠭᠤᠷᠬᠠᠶ ᠶᠢᠨ ᠬᠦᠷᠢᠶᠡᠨ ᠳᠠᠬᠢ ᠠᠶᠦᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠳᠤ ᠵᠣᠬᠢᠴᠠᠬᠤ ᠶᠢᠨ ᠪᠣᠳᠠᠲᠠᠶ ᠬᠡᠷᠡᠭᠴᠡᠭᠡ ᠮᠥᠨ᠃ ᠪᠥᠬᠦ ᠬᠤᠰᠢᠭᠤᠨ ᠤ ᠨᠡᠭᠦᠷᠡᠰᠦᠨ ᠠᠭᠤᠷᠬᠠᠶ ᠪᠠ ᠨᠡᠭᠦᠷᠡᠰᠦᠨ ᠤ ᠪᠤᠰᠤ ᠠᠭᠤᠷᠬᠠᠶ ︵ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ ᠶᠢ ᠪᠠᠭᠲᠠᠭᠠᠨ᠎ᠠ︶᠎ ᠶᠢᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠬᠠᠷᠢᠭᠤᠴᠠᠵᠤ᠂ ᠠᠭᠤᠷᠬᠠᠶ ᠶᠢᠨ ᠠᠶᠦᠯᠭᠦᠢ ᠦᠢᠯᠡᠳᠪᠦᠷᠢᠯᠡᠯ ᠤᠨ ᠲᠠᠯ᠎ᠠ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠡᠭᠦᠷᠭᠡᠯᠡᠨ᠂ ᠠᠭᠤᠷᠬᠠᠶ ᠶᠢᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢᠨ ᠵᠣᠬᠢᠶᠠᠨ ᠪᠠᠶᠢᠭᠤᠯᠤᠨ ᠵᠢᠯᠣᠭᠤᠳᠬᠤ ᠪᠠ ᠠᠶᠦᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢ ᠬᠠᠷᠢᠭᠤᠴᠠᠵᠤ᠂ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠵᠡᠷᠭᠡ ᠠᠵᠢᠯ ᠢ ᠵᠢᠯᠣᠭᠤᠳᠬᠤ ᠪᠠ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠪᠥᠬᠦ ᠬᠤᠰᠢᠭᠤᠨ ᠤ ᠨᠡᠭᠦᠷᠡᠰᠦᠨ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠨᠡᠭᠦᠷᠡᠰᠦᠨ ᠤ ᠪᠤᠰᠤ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ ᠰᠢᠯᠢᠳᠡᠭᠵᠢᠭᠦᠯᠵᠦ᠂ ᠪᠥᠬᠦ ᠬᠤᠰᠢᠭᠤᠨ ᠤ ᠠᠭᠤᠷᠬᠠᠶ ᠶᠢᠨ ᠠᠮᠤᠷ ᠲᠦᠪᠰᠢᠨ ᠤ ᠠᠵᠢᠯ ᠢ ᠪᠥᠬᠦ ᠲᠠᠯ᠎ᠠ ᠪᠠᠷ ᠴᠢᠩᠭᠠᠳᠬᠠᠨ᠂ ᠠᠭᠤᠷᠬᠠᠶ ᠶᠢᠨ ᠠᠮᠤᠷ ᠲᠦᠪᠰᠢᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号