ᠯᠢᠦ ᡁᠢ ᠴᠢᠶᠠᠩ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/7/4
   6 ᠰᠠᠷ᠎ᠠ ᠶᠢᠨ 18᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠪᠣᠯᠬᠤ ᠪᠠᠷᠠᠭᠤᠨ ᠪᠠᠯ ᠪᠠᠯᠭᠠᠰᠤᠨ ᠤ ᠲᠡᠮᠦᠷ ᠡᠭᠦᠳᠡ ᠭᠠᠴᠠᠭᠠᠨ ᠳᠤ ᠬᠦᠷᠴᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠭᠰᠠᠨ ᠪᠥᠭᠡᠳ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠣᠭᠴᠠᠵᠢᠭᠤᠯᠤᠨ ᠠᠬᠢᠭᠤᠯᠬᠤ᠂ ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠪᠠᠶᠢᠳᠠᠯ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠶᠤᠯᠭᠦᠶ ᠦᠢᠯᠡᠳᠪᠦᠷᠢᠯᠡᠯ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠡᠷᠭᠡ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ᠃    ᠯᠢᠦ ᡁᠢ ᠴᠢᠶᠠᠩ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠠᠬᠢᠭᠤᠯᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠡᠩ ᠤᠨ ᠨᠠᠮ ᠤᠨ ᠭᠡᠰᠢᠭᠦᠨ ᠤ ᠬᠤᠪᠢ ᠪᠠᠷ ᠭᠠᠴᠠᠭᠠᠨ ᠤ ᠨᠠᠮ ᠤᠨ ᠡᠭᠦᠷ ᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠵᠤ᠂ ᠭᠠᠴᠠᠭᠠᠨ ᠤ ᠨᠠᠮ ᠤᠨ ᠭᠡᠰᠢᠭᠦᠨ ᠲᠠᠢ ᠬᠠᠮᠲᠤ ᠪᠠᠷ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ︵ ᠳᠠᠷᠠᠭ᠎ᠠ ᠨᠢ ︽ᠲᠦᠷᠢᠮ︾ ᠭᠡᠵᠦ ᠲᠣᠪᠴᠢᠯᠠᠨ᠎ᠠ︶᠎ ᠢ ᠰᠤᠷᠤᠯᠴᠠᠭᠰᠠᠨ ᠣᠯᠤᠯᠲᠠ ᠲᠥᠷᠥᠭᠳᠡᠯ ᠢᠶᠠᠨ ᠬᠤᠪᠢᠶᠠᠯᠴᠠᠭᠰᠠᠨ ᠪᠥᠭᠡᠳ ᠨᠠᠮ ᠤᠨ ᠬᠢᠴᠢᠶᠡᠯ ᠣᠷᠣᠬᠤ ᠬᠡᠯᠪᠡᠷᠢ ᠪᠠᠷ ᠮᠠᠯᠵᠢᠬᠤ ᠲᠠᠷᠢᠶᠠᠯᠠᠬᠤ ᠣᠷᠣᠨ ᠤ ᠨᠠᠮ ᠤᠨ ᠭᠡᠰᠢᠭᠦᠳ ᠲᠤ ︽ᠲᠦᠷᠢᠮ︾᠎ ᠤᠨ ᠠᠭᠤᠯᠭ᠎ᠠ ᠵᠢᠴᠢ ︽ᠵᠢᠷᠭᠤᠭᠠᠨ ᠦᠭᠡ︾᠎ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠵᠤ᠂ ᠣᠯᠠᠨ ᠢ ᠬᠥᠲᠥᠯᠦᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠨᠠᠮ ᠤᠨ ᠠᠴᠢ ᠳᠤ ᠦᠨᠡᠨ ᠰᠡᠳᠬᠢᠯ ᠠᠴᠠ ᠪᠠᠨ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠴᠢᠳᠠᠪᠤᠷᠢ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯ ᠬᠢᠵᠦ ᠦᠢᠯᠡᠰ ᠴᠣᠭᠴᠠᠯᠠᠬᠤ ᠴᠤᠭ ᠰᠦᠯᠳᠡ ᠶᠢ ᠲᠠᠰᠤᠷᠠᠯᠲᠠ ᠥᠬᠡᠶ ᠬᠥᠭᠵᠢᠭᠡᠵᠦ᠂ ︽ᠵᠢᠷᠭᠤᠭᠠᠨ ᠭᠤᠷᠪᠠ︾᠎ ᠶᠢᠨ ᠪᠣᠳᠠᠲᠠᠶ ᠠᠷᠭ᠎ᠠ ᠬᠡᠮᠵᠢᠶ᠎ᠡ ᠪᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠪᠠ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠳᠥᠯᠭᠢᠨ ᠠᠬᠢᠭᠤᠯᠪᠠ᠃    ᠳᠠᠷᠠᠭ᠎ᠠ ᠨᠢ᠂ ᠯᠢᠦ ᡁᠢ ᠴᠢᠶᠠᠩ ᠠᠯᠠᠱᠠ ᠠᠶᠢᠮᠠᠭ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦ ᠪᠠᠷ ᠭᠡᠷᠡᠯ ᠭᠠᠷᠭᠠᠬᠤ ᠴᠠᠬᠢᠯᠭᠠᠨ ᠢᠶᠠᠷ ᠭᠡᠷᠡᠯ ᠭᠠᠷᠭᠠᠬᠤ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ ᠪᠠᠷᠠᠭᠤᠨ ᠪᠡᠯ ᠪᠠᠯᠭᠠᠰᠤᠨ ᠤ ᠬᠡᠰᠡᠭ᠂ ᠠᠯᠠᠱᠠ ᠶᠢᠨ ᠲᠩᠷᠢ ᠡᠯᠡᠰᠦᠨ ᠴᠥᠯ ᠤᠨ ᠬᠥᠪᠡᠭᠡ ᠵᠠᠬ᠎ᠠ ᠶᠢ ᠬᠢᠵᠠᠭᠠᠷᠯᠠᠬᠤ ᠠᠮᠢ ᠠᠬᠤᠶ ᠶᠢᠨ ᠨᠡᠶᠢᠲᠡ ᠶᠢᠨ ᠠᠰᠠᠷᠠᠮᠵᠢ ᠶᠢᠨ ᠰᠠᠭᠤᠷᠢᠨ ᠭᠠᠵᠠᠷ᠂ ᠦᠵᠦᠮ ᠲᠠᠷᠢᠶᠠᠨ ᠬᠦᠷᠢᠶᠡᠯᠡᠩ ᠤᠨ ᠶᠡᠷᠦᠩᠬᠡᠶᠢᠯᠡᠭᠰᠡᠨ ᠠᠵᠤ ᠦᠢᠯᠡᠰ ᠤᠨ ᠬᠦᠷᠢᠶᠡᠯᠡᠩ ᠪᠠ ᠪᠠᠷᠠᠭᠤᠨ ᠪᠡᠯ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠨ ᠡᠯᠡᠰᠦᠨ ᠴᠦᠯ ᠤᠨ ᠠᠮᠢ ᠠᠬᠤᠶ ᠶᠢᠨ ᠵᠠᠰᠠᠯᠲᠠ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠵᠢᠭᠤᠯᠴᠢᠯᠠᠯ ᠤᠨ ᠲᠠᠯ᠎ᠠ ᠪᠠᠷ ᠰᠤᠳᠤᠯᠤᠨ ᠰᠤᠷᠤᠯᠴᠠᠬᠤ  ᠂ ᠲᠠᠷᠢᠶᠠᠯᠠᠩ ᠮᠠᠯ ᠠᠵᠤ ᠠᠬᠤᠶ ᠶᠢᠨ ᠳᠠᠷᠢᠵᠤ ᠲᠡᠵᠢᠭᠡᠨ ᠦᠷᠡᠵᠢᠭᠦᠯᠬᠦ ᠵᠢᠴᠢ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠪᠠᠶᠢᠳᠠᠯ ᠢ ᠨᠠᠷᠢᠨ ᠪᠠᠶᠢᠴᠠᠭᠠᠨ ᠰᠤᠳᠤᠯᠤᠭᠰᠠᠨ ᠪᠥᠭᠡᠳ ᠭᠤᠤᠯ ᠴᠠᠭᠳᠠᠬᠤ ᠠᠵᠢᠯ ᠢ ᠥᠷᠨᠢᠭᠦᠯᠪᠡ᠃ ᠲᠡᠷᠡ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦ ᠪᠠᠷ ᠭᠡᠷᠡᠯ ᠭᠠᠷᠭᠠᠬᠤ ᠴᠠᠬᠢᠯᠭᠠᠨ ᠢᠶᠠᠷ ᠭᠡᠷᠡᠯ ᠭᠠᠷᠭᠠᠬᠤ ᠶᠢ ᠨᠢᠭᠡ  ᠴᠣᠭᠴᠠᠵᠢᠭᠤᠯᠤᠭᠰᠠᠨ ᠢᠨᠵᠧᠨᠧᠷᠢᠩ ᠢ ᠬᠡᠷᠡᠭᠵᠢᠭᠦᠯᠬᠦ ᠪᠠᠷ ᠭᠤᠣᠯ ᠪᠣᠯᠭᠠᠵᠤ᠂ ᠵᠣᠷᠢᠭᠲᠠᠶ ᠪᠠᠷ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠲᠠᠭᠤᠵᠢᠯᠲᠠᠶ ᠠᠵᠢᠯᠯᠠᠵᠤ ᠪᠣᠳᠠᠲᠠᠶ ᠠᠵᠢᠯᠯᠠᠵᠤ᠂ ︽ᠭᠤᠷᠪᠠᠨ ᠤᠮᠠᠷᠠᠲᠤ︾᠎ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠤᠯᠳᠠᠯᠭ᠎ᠠ ᠲᠠᠢ ᠡᠭᠦᠷᠭᠡ ᠶᠢ ᠡᠷᠡᠰ ᠰᠠᠶᠢᠲᠤᠷ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠦᠨᠡᠨ ᠬᠦ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠨᠢᠭᠡᠳᠦᠯᠲᠡᠶ ᠲᠥᠯᠥᠪᠯᠡᠨ ᠠᠬᠢᠭᠤᠯᠵᠤ᠂ ᠪᠣᠬᠢᠷ ᠤᠰᠤ ᠶᠢ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠮᠠᠯᠴᠢᠨ ᠲᠠᠷᠢᠶᠠᠴᠢᠨ ᠢ ᠬᠥᠲᠥᠯᠦᠨ ᠵᠢᠯᠣᠭᠤᠳᠴᠤ ᠪᠠᠶᠢᠭᠠᠳ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠤ ᠵᠠᠰᠠᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ᠰᠠᠶᠢᠨ ᠰᠠᠶᠢᠬᠠᠨ ᠬᠡᠷ ᠣᠷᠣᠨ ᠢ ᠬᠠᠮᠲᠤ ᠪᠠᠷ ᠪᠥᠲᠥᠭᠡᠨ ᠪᠠᠶᠢᠭᠤᠯᠬᠤ ᠬᠡᠷᠡᠭᠲᠡᠶ᠃ ᠠᠶᠤᠯ ᠲᠦᠭᠰᠢᠭᠦᠷᠢ ᠶᠢᠨ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠨᠠᠭᠰᠢᠳᠠ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠪᠣᠯᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠵᠤ ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨᠬᠦ ᠪᠠᠲᠤᠯᠠᠬᠤ ᠬᠡᠷᠡᠭᠲᠡᠢ ᠭᠡᠪᠡ᠃    ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠯᠢᠦ ᡁᠢ ᠴᠢᠶᠠᠩ ᠪᠠᠰᠠ ᠪᠠᠷᠠᠭᠤᠨ ᠪᠠᠯ ᠪᠠᠯᠭᠠᠰᠤᠨ ᠤ ᠭᠠᠩᠭ᠎ᠠ ᠭᠠᠴᠠᠭᠠᠨ ᠤ 92 ᠨᠠᠰᠤᠲᠠᠶ ᠠᠬᠠᠮᠠᠳ ᠨᠠᠮ ᠤᠨ ᠭᠡᠰᠢᠭᠦᠨ ᠵᠣᠣ ᠸᠧᠶ ᠰᠢᠨ ᠢ ᠪᠣᠯᠭᠤᠭᠠᠨ ᠲᠣᠬᠤᠨᠢᠭᠤᠯᠵᠤ ᠂ ᠠᠬᠠᠮᠠᠳ ᠨᠥᠬᠦᠳ ᠤᠨ ᠪᠡᠶ᠎ᠡ ᠮᠠᠬᠠᠪᠣᠳ ᠪᠠ ᠠᠮᠢᠳᠤᠷᠠᠯ ᠤᠨ ᠪᠠᠶᠢᠳᠠᠯ ᠢ ᠳᠣᠲᠣᠨᠣ ᠪᠠᠷ ᠠᠰᠠᠭᠤᠨ ᠯᠠᠪᠯᠠᠭᠰᠠᠨ ᠪᠥᠭᠡᠳ ᠠᠬᠠᠮᠠᠳ ᠨᠥᠬᠦᠳ ᠲᠤ ᠴᠢᠩ ᠰᠡᠳᠬᠢᠯ ᠤᠨ ᠮᠡᠨᠳᠦᠴᠢᠯᠡᠯ ᠪᠠ ᠵᠥᠩᠨᠡᠯ ᠳᠡᠪᠰᠢᠭᠦᠯᠪᠡ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号