ᠵᠠᠰᠠᠭ ᠪᠠᠩᠬᠢ ᠶᠢᠨ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠲᠡᠮᠳᠡᠭᠯᠡᠭᠰᠡᠨ ᠨᠢ ᠥᠯᠵᠡᠶ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/7/4
       6 ᠳ᠋ᠤᠭᠠᠷ ᠰᠠᠷ᠎ᠠ ᠶᠢᠨ 18᠎ ᠤ ᠡᠳᠦᠷ᠂ ᠠᠯᠠᠱᠠ ᠠᠶᠢᠮᠠᠭ ᠤᠨ ᠵᠠᠬᠢᠷᠭ᠎ᠠ ᠳᠤᠮᠳᠠᠳᠤ ᠤᠯᠤᠰ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠲᠠᠢ ︽ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ︾᠎ ᠲᠤ ᠭᠠᠷ ᠤᠨ ᠥᠰᠥᠭ ᠵᠢᠷᠤᠪᠠ᠃ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠪᠠᠶᠢᠩᠭᠤ ᠶᠢᠨ ᠳᠡᠳ᠋ ᠠᠶᠢᠮᠠᠭ ᠤᠨ ᠳᠠᠷᠤᠭ᠎ᠠ ᠮᠥᠩᠬᠡ᠂ ᠳᠤᠮᠳᠠᠳᠤ ᠤᠯᠤᠰ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠭᠤᠤ ᠨᠢᠩ᠂ ᠨᠠᠮ ᠤᠨ ᠬᠤᠷᠢᠶᠠᠨ ᠤ ᠭᠡᠰᠢᠭᠦᠨ᠂ ᠪᠠᠩᠬᠢ ᠶᠢᠨ ᠳᠡᠳ᠋ ᠳᠠᠷᠤᠭ᠎ᠠ ᠯᠢᠦ ᠶᠦᠩ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠠᠭᠠᠨ᠎ᠠ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠯᠵᠡᠶ ᠪᠣᠭᠤᠮᠲᠠ ᠶᠢᠨ ᠨᠠᠮ ᠤᠨ ᠠᠵᠢᠯ ᠤᠨ ᠬᠤᠷᠢᠶᠠᠨ ᠤ ᠱᠦᠵᠢ ᠡᠩᠬᠡᠨᠮᠣᠷ ᠨᠠᠷ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃    ᠲᠣᠰ ᠤᠳᠠᠭᠠᠨ ᠤ ᠭᠡᠷ᠎ᠡ ᠲᠣᠭᠲᠠᠭᠰᠠᠨ ᠨᠢ ᠪᠠᠯᠠ ᠲᠣᠬᠢᠷᠠᠭᠤᠯᠭ᠎ᠠ ᠶᠢᠨ ᠳᠡᠮᠵᠢᠯᠭᠡ ᠶᠢᠨ ᠭᠠᠳᠠᠭᠠᠳᠤ ᠨᠡᠭᠡᠭᠡᠯᠲᠡ ᠶᠢᠨ ᠰᠢᠨ᠎ᠡ ᠪᠠᠶᠢᠷᠢᠰᠢᠯᠠᠭᠤᠯᠤᠯᠲᠠ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠥᠲᠥᠭᠡᠨ ᠪᠠᠶᠢᠭᠤᠯᠤᠯᠲᠠ ᠬᠥᠭᠵᠢᠯᠲᠡ᠂ ᠣᠲᠣ ᠦᠶ᠎ᠡ ᠶᠢᠨ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠳᠤ ᠬᠤᠯᠪᠣᠭᠳᠠᠵᠠᠶ᠃ ᠬᠤᠶᠠᠷ ᠲᠠᠯ᠎ᠠ ᠪᠠᠷ ᠢᠶᠠᠨ ᠤᠯᠠᠨ ᠶᠠᠩᠵᠤ ᠶᠢᠨ ᠬᠠᠮᠲᠤᠷᠠᠯᠴᠠᠭᠠᠨ ᠤ ᠵᠠᠭᠪᠤᠷ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠬᠠᠮᠲᠤᠪᠠᠷ ᠬᠥᠭᠵᠢᠬᠦ ᠶᠢ ᠰᠦᠪᠡᠭᠴᠢᠯᠡᠵᠦ᠂ ᠲᠦᠷᠦ ᠶᠢᠨ ᠪᠤᠳᠤᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠯᠠᠱᠠ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ ᠬᠦᠷᠢᠶᠡᠨ ᠳᠤ ᠰᠠᠨᠠᠮᠵᠢ ᠶᠢᠨ ᠴᠢᠨᠠᠷᠲᠠᠢ ᠢᠲᠡᠭᠡᠮᠵᠢ ᠪᠠ ᠪᠡᠯᠡ ᠣᠷᠣᠭᠤᠯᠤᠯᠲᠠ ᠶᠢᠨ ᠲᠤᠭ᠎ᠠ ᠬᠡᠮᠵᠢᠶ᠎ᠡ ᠬᠠᠩᠭᠠᠵᠤ᠂ ᠠᠯᠠᠱᠠ ᠠᠶᠢᠮᠠᠭ ᠤᠨ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠶᠢ ᠪᠡᠶᠡᠯᠡᠭᠦᠯᠬᠦ ᠳᠤ ᠲᠦᠷᠦ ᠶᠢᠨ ᠪᠤᠳᠤᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ ᠬᠦᠴᠦᠨ ᠴᠢᠳᠠᠯ ᠢᠶᠠᠨ ᠡᠷᠭᠦᠪᠡ᠃    ᠲᠣᠰ ᠤᠳᠠᠭᠠᠨ ᠤ ᠭᠡᠷ᠎ᠡ ᠪᠠᠶᠢᠭᠤᠯᠤᠭᠰᠠᠨ ᠰᠠᠶᠢᠨ ᠰᠠᠶᠢᠬᠠᠨ ᠬᠠᠮᠲᠤᠷᠠᠯᠴᠠᠭᠠᠨ ᠤ ᠲᠠᠪᠴᠠᠩ ᠢᠶᠠᠷ ᠳᠠᠮᠵᠢᠭᠤᠯᠤᠨ᠂ ᠥᠯᠵᠡᠶ ᠪᠣᠭᠤᠮᠲᠠ ᠨᠢ ᠠᠵᠠ ᠲᠣᠬᠢᠶᠠᠯ ᠢ ᠠᠮᠵᠢᠵᠤ᠂ ᠳᠤᠮᠳᠠᠳᠤ ᠤᠯᠤᠰ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠯᠤᠭ᠎ᠠ ᠵᠣᠯᠭᠠᠭᠤᠯᠤᠨ ᠨᠡᠪᠲᠡᠷᠡᠯᠴᠡᠬᠦ ᠪᠠᠨ ᠴᠢᠩᠭᠠᠳᠬᠠᠵᠤ᠂ ᠵᠡᠷᠭᠡ ᠪᠠᠷ ᠬᠦᠴᠦᠯᠡᠵᠦ᠂ ᠵᠡᠷᠭᠡ ᠪᠠᠷ ᠤᠷᠤᠭᠰᠢᠯᠠᠵᠤ᠂ ︽ᠡᠮᠦᠨᠡᠰᠢ ᠬᠤᠯᠪᠣᠭᠠᠯᠠᠵᠤ ᠤᠮᠠᠷᠠᠰᠢ ᠨᠡᠭᠡᠭᠡᠬᠦ᠂ ᠵᠡᠭᠦᠨᠰᠢ ᠠᠭᠤᠰᠤᠯᠴᠠᠵᠤ ᠪᠠᠷᠠᠭᠤᠨᠰᠢ ᠨᠡᠭᠡᠭᠡᠬᠦ︾ ᠪᠥᠬᠦ ᠲᠠᠯ᠎ᠠ ᠪᠠᠷ ᠨᠡᠭᠡᠭᠡᠯᠲᠡ ᠬᠢᠬᠦ ᠰᠢᠨ᠎ᠡ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号