ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠨᠢ ᠮᠠᠯᠴᠢᠨ ᠲᠠᠷᠢᠶᠠᠴᠢᠨ ᠳᠤ ᠰᠠᠨᠠᠭ᠎ᠠ ᠠᠮᠤᠷ ᠤᠰᠤ ᠤᠤᠭᠤᠯᠭᠠᠪᠠ
ᠨᠡᠶᠢᠲᠡᠯᠡᠭᠰᠡᠨ ᠴᠠᠭ᠄
2024/7/4
         ᠤᠤᠭᠤᠬᠤ ᠤᠰᠤᠨ ᠤ ᠠᠮᠤᠷ ᠲᠦᠪᠰᠢᠨ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠪᠣᠴᠠ ᠲᠣᠮᠳᠠᠬᠢ ᠴᠢᠬᠤᠯᠠ ᠠᠰᠠᠭᠤᠳᠠᠯ ᠮᠥᠨ᠂ ᠪᠠᠰᠠ ᠴᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ᠂ ᠣᠯᠠᠨ ᠲᠦᠮᠡᠨ ᠤ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠ ᠶᠡᠭᠡ ᠢᠨᠵᠧᠨᠧᠷᠢᠩ ᠮᠥᠨ᠃ ᠮᠠᠯᠴᠢᠳ ᠤᠨ ᠤᠰᠤ ᠬᠡᠷᠡᠭᠯᠡᠬᠦ ᠶᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠵᠢᠯ ᠳᠤ᠂ ᠠᠯᠠᠱᠠ ᠵᠡᠭᠦᠨ ᠬᠤᠰᠢᠭᠤ ᠤᠤᠭᠤᠬᠤ ᠤᠰᠤᠨ ᠤ ᠠᠮᠤᠷ ᠲᠦᠪᠰᠢᠨ ᠢ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠢᠨᠵᠧᠨᠧᠷᠢᠩ ᠪᠣᠯᠭᠠᠨ ᠠᠳᠬᠤᠵᠤ᠂ ᠮᠠᠯᠵᠢᠬᠤ ᠣᠷᠣᠨ ᠤ ᠲᠠᠷᠠᠬᠠᠶ ᠪᠤᠲᠠᠷᠬᠠᠶ ᠬᠡᠯᠪᠡᠷᠢ ᠶᠢᠨ ᠤᠰᠤᠨ ᠤ ᠢᠷᠡᠯᠲᠡ ᠶᠢᠨ ᠢᠨᠵᠧᠨᠧᠷᠢᠩ ᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠵᠦ᠂ ᠬᠤᠳᠳᠤᠭ ᠮᠠᠯᠲᠠᠵᠤ ᠤᠰᠤ ᠲᠠᠲᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠬᠢᠯᠢ ᠶᠢᠨ ᠮᠠᠯᠴᠢᠳ ᠤᠨ ᠤᠤᠭᠤᠬᠤ ᠤᠰᠤᠨ ᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠮᠠᠯᠵᠢᠬᠤ ᠣᠷᠣᠨ ᠤ ᠬᠥᠮᠦᠨ ᠮᠠᠯ ᠤᠨ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠭᠰᠠᠨ ᠪᠠᠶᠢᠨ᠎ᠠ᠃    ᠰᠤᠷᠪᠤᠯᠵᠢᠯᠠᠭᠴᠢ ᠠᠯᠠᠱᠠ ᠵᠡᠭᠦᠨ ᠬᠤᠰᠢᠭᠤᠨ ᠤ ᠪᠠᠶᠠᠠᠨᠢᠷᠤᠭᠤᠨ ᠰᠤᠮᠤᠨ ᠤ ᠰᠢᠷᠠᠪᠣᠯᠠᠭ ᠭᠠᠴᠠᠭ᠎ᠠ ᠶᠢᠨ ᠤᠰᠤ ᠴᠤᠭᠯᠠᠭᠤᠯᠬᠤ ᠬᠤᠳᠳᠤᠭ ᠤᠨ ᠪᠠᠷᠢᠯᠭ᠎ᠠ ᠶᠢᠨ ᠠᠬᠤᠶ ᠲᠠᠯᠠᠪᠠᠶ ᠳᠤ ᠬᠦᠷᠬᠦ ᠳᠤ᠂ ᠮᠠᠰᠢᠨ ᠤ ᠳᠠᠭᠤᠨ ᠨᠢᠵᠢᠭᠢᠨᠡᠵᠦ᠂ ᠠᠵᠢᠯᠴᠢᠳ ᠶᠠᠭ ᠮᠠᠰᠢᠨ ᠮᠧᠬᠠᠨᠢᠭ ᠢ ᠲᠠᠰᠤᠷᠠᠯᠲᠠ ᠥᠬᠡᠶ ᠠᠵᠢᠯᠯᠠᠭᠤᠯᠵᠤ᠂ ᠬᠤᠭᠤᠯᠠᠶ ᠶᠢ ᠱᠠᠯᠠᠪᠳᠠᠨ ᠵᠥᠭᠡᠭᠡᠪᠦᠷᠢᠯᠡᠵᠦ ᠪᠠᠶᠢᠪᠠ᠃    ᠣᠶᠢᠯᠠᠭᠠᠭᠰᠠᠨ ᠢᠶᠠᠷ᠂ ᠪᠠᠶᠠᠨᠨᠢᠷᠤᠭᠤᠨ ᠰᠤᠮᠤᠨ ᠤ ᠰᠢᠷᠠᠪᠣᠯᠠᠭ ᠭᠠᠴᠠᠭ᠎ᠠ ᠨᠢ ᠭᠤᠪᠢ ᠭᠠᠵᠠᠷ ᠲᠤ ᠪᠠᠶᠢᠷᠢᠯᠠᠵᠤ᠂ ᠴᠤᠯ ᠮᠠᠯ ᠠᠵᠤ ᠠᠬᠤᠢ ᠶᠢᠨ ᠭᠠᠴᠠᠭ᠎ᠠ ᠪᠠᠶᠢᠵᠤ᠂ ᠮᠠᠯᠴᠢᠳ ᠲᠠᠷᠬᠠᠢ ᠰᠠᠭᠤᠷᠢᠰᠢᠵᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠤᠰᠤ ᠨᠢ ᠨᠠᠶᠢᠳᠡᠮ ᠳᠡᠭᠡᠨ ᠨᠡᠯᠢᠶᠡᠳ ᠬᠤᠯᠠ ᠪᠠᠶᠢᠵᠤ᠂ ᠤᠰᠤᠨ ᠤ ᠡᠬᠢ ᠪᠠᠶᠠᠯᠢᠭ ᠨᠢ ᠬᠠᠷᠢᠴᠠᠩᠭᠤᠢ ᠡᠯᠪᠡᠭ ᠭᠠᠵᠠᠷ ᠣᠷᠣᠨ ᠠᠴᠠ ᠤᠰᠤ ᠲᠠᠲᠠᠨ ᠬᠠᠳᠠᠭᠠᠯᠠᠵᠤ ᠬᠡᠷᠡᠭᠯᠡᠳᠡᠭ ᠪᠠᠶᠢᠪᠠ᠃ ᠣᠶᠢᠷ᠎ᠠ ᠶᠢᠨ ᠬᠤᠶᠠᠷ ᠵᠢᠯ ᠳᠤ᠂ ᠵᠢᠯ ᠳᠠᠷᠠᠭᠠᠯᠠᠨ ᠭᠠᠩ ᠬᠠᠭᠰᠠᠷᠠᠭᠠᠨ ᠳᠤ ᠠᠪᠳᠠᠵᠤ᠂ ᠤᠰᠤᠨ ᠲᠦᠪᠰᠢᠨ ᠦᠷᠭᠦᠯᠵᠢᠯᠡᠨ ᠳᠣᠷᠣᠭᠰᠢᠯᠠᠵᠤ᠂ ᠭᠠᠴᠠᠭᠠᠨ ᠤ ᠬᠡᠰᠡᠭ ᠮᠠᠯᠵᠢᠬᠤ ᠡᠷᠦᠬᠡ ᠶᠢᠨ ᠤᠰᠤ ᠬᠡᠷᠡᠭᠯᠡᠬᠦ ᠠᠰᠠᠭᠤᠳᠠᠯ ᠤᠯᠠᠮ ᠬᠦᠨᠳᠦ ᠨᠣᠴᠢᠲᠠᠶ ᠪᠣᠯᠪᠠ᠃ ᠮᠠᠯᠴᠢᠳ ᠤᠨ ᠤᠰᠤ ᠬᠡᠷᠡᠭᠯᠡᠬᠦ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢᠨ ᠲᠥᠯᠥᠭᠡ᠂ ᠪᠠᠶᠠᠨᠨᠢᠷᠤᠭᠤᠨ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠭᠠᠴᠠᠭᠠᠨ ᠤ ︽ᠬᠤᠶᠠᠷ ᠵᠥᠪᠯᠡᠯ︾᠎ ᠨᠢ ᠠᠯᠠᠱᠠ ᠵᠡᠭᠦᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠲᠠᠢ ᠢᠳᠡᠪᠬᠢᠲᠠᠢ ᠬᠠᠷᠢᠯᠴᠠᠵᠤ᠂ ᠲᠤᠰᠬᠠᠶ ᠮᠡᠷᠭᠡᠵᠢᠯ ᠤᠨ ᠠᠵᠢᠯᠲᠠᠨ ᠭᠠᠴᠠᠭᠠᠨ ᠳᠤ ᠲᠤᠬᠠᠶ ᠶᠢᠨ ᠭᠠᠵᠠᠷ ᠤᠨ ᠬᠠᠶᠢᠨ ᠰᠢᠨᠵᠢᠯᠡᠯᠲᠡ ᠬᠢᠵᠦ᠂ ᠤᠰᠤᠨ ᠤ ᠡᠬᠢ ᠰᠤᠷᠪᠤᠯᠵᠢ ᠨᠢ ᠭᠦᠢᠴᠡᠳ ᠪᠥᠭᠡᠳ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠲᠣᠭᠤᠷᠢᠭ ᠠᠴᠠ ᠨᠠᠩ ᠣᠶᠢᠷᠠᠬᠠᠨ ᠣᠷᠣᠨ ᠪᠦᠰᠡ ᠳᠤ 6 ᠤᠰᠤ ᠴᠤᠭᠯᠠᠭᠤᠯᠬᠤ ᠬᠤᠳᠳᠤᠭ ᠪᠠᠶᠢᠭᠤᠯᠵᠤ᠂ ᠮᠠᠯᠴᠢᠳ ᠤᠨ ︽ᠤᠰᠤ ᠲᠠᠲᠠᠬᠤ ᠳᠤ ᠬᠤᠯᠠ︾᠂ ︽ᠤᠰᠤ ᠬᠡᠷᠡᠭᠯᠡᠬᠦ ᠳᠤ ᠬᠦᠴᠢᠷ︾ ᠠᠰᠠᠭᠤᠳᠠᠯ ᠢ ᠰᠢᠢᠳᠪᠦᠷᠢᠯᠡᠬᠦ ᠪᠠᠷ ᠲᠣᠭᠲᠠᠪᠠ᠃    ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠨᠢ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤ ᠪᠠᠷ ᠪᠠᠷᠠᠬᠤ ᠦᠭᠡᠢ ᠪᠠᠰᠠ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠃ ᠣᠶᠢᠷ᠎ᠠ ᠶᠢᠨ ᠵᠢᠯ ᠤᠳ ᠲᠤ᠂ ᠠᠯᠠᠱᠠ ᠵᠡᠭᠦᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠮᠠᠯᠵᠢᠬᠤ ᠣᠷᠣᠨ ᠤ ᠬᠥᠮᠦᠨ ᠮᠠᠯ ᠤᠨ ᠤᠤᠭᠤᠬᠤ ᠤᠰᠤᠨ ᠤ ᠬᠦᠴᠢᠷᠳᠡᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠠᠵᠢᠯᠯᠠᠭ᠎ᠠ ᠲᠠᠢ ᠤᠶᠠᠯᠳᠤᠭᠤᠯᠤᠨ᠂ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠲᠡᠶ ᠪᠠᠷ ᠴᠢᠷᠮᠠᠶᠢᠨ ᠣᠯᠵᠤ᠂ ᠮᠠᠯᠵᠢᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠦᠨ᠂ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠡᠯ᠎ᠡ ᠰᠤᠮᠤ ᠪᠠᠯᠭᠠᠰᠤᠨ ᠳᠤ ᠭᠦᠨᠵᠡᠭᠡᠶᠢᠷᠡᠨ ᠤᠰᠤ ᠡᠷᠢᠵᠦ ᠬᠤᠳᠳᠤᠭ ᠮᠠᠯᠲᠠᠬᠤ ᠠᠵᠢᠯ ᠢ ᠥᠷᠨᠢᠭᠦᠯᠬᠦ ᠶᠢᠨ ᠬᠠᠮᠲᠤ ᠮᠡᠷᠭᠡᠵᠢᠯ ᠤᠨ ᠵᠢᠯᠣᠭᠤᠳᠣᠯᠭ᠎ᠠ ᠬᠠᠩᠭᠠᠵᠤ᠂ ᠲᠣᠰ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠡᠷᠡᠨ ᠤ ᠡᠨᠧᠷᠭᠢ ᠶᠢᠨ ᠲᠣᠭᠲᠠᠮᠠᠯ ᠭᠦᠶᠦᠳᠡᠯ ᠢᠶᠠᠷ ᠤᠰᠤ ᠲᠠᠲᠠᠬᠤ᠂ ᠬᠤᠭᠤᠯᠠᠶ ᠪᠠᠷ ᠤᠰᠤ ᠳᠠᠮᠵᠢᠭᠤᠯᠬᠤ ᠪᠠ ᠤᠰᠤ ᠬᠠᠳᠠᠭᠠᠯᠠᠬᠤ ᠴᠥᠭᠦᠷᠥᠮ ᠢ ᠲᠣᠬᠢᠷᠠᠭᠤᠯᠤᠨ ᠤᠰᠤ ᠬᠠᠳᠠᠭᠠᠯᠠᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠶᠢ ᠬᠠᠶᠢᠨ ᠰᠦᠪᠡᠭᠴᠢᠯᠡᠵᠦ᠂ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠲᠥᠷᠥᠯ ᠬᠤᠪᠢᠶᠠᠨ ᠬᠡᠷᠡᠭᠵᠢᠭᠦᠯᠪᠡ᠃ 2024 ᠣᠨ ᠳᠤ ᠠᠯᠠᠱᠠ ᠵᠡᠭᠦᠨ ᠬᠤᠰᠢᠭᠤ ᠨᠡᠶᠢᠲᠡ 2067 ᠲᠦᠮᠡᠨ ᠲᠥᠭᠦᠷᠢᠭ ᠤᠨ ᠪᠠᠯᠠ ᠮᠥᠩᠭᠦ ᠣᠯᠵᠤ᠂ ᠲᠠᠷᠠᠬᠠᠶ ᠪᠤᠲᠠᠷᠬᠠᠶ ᠮᠠᠯᠵᠢᠬᠤ ᠡᠷᠦᠬᠡ ᠶᠢᠨ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠢᠩᠭᠡᠨ᠂ ᠥᠯᠵᠡᠶ᠂ ᠪᠠᠶᠠᠨᠨᠢᠷᠤᠭᠤᠨ ᠵᠡᠷᠭᠡ ᠵᠢᠷᠭᠤᠭᠠᠨ ᠰᠤᠮᠤ ᠪᠠᠯᠭᠠᠰᠤᠨ ᠤ ᠲᠠᠷᠠᠬᠠᠶ ᠪᠤᠲᠠᠷᠬᠠᠶ ᠮᠠᠯᠵᠢᠬᠤ ᠡᠷᠦᠬᠡ ᠶᠢᠨ ᠤᠰᠤ ᠲᠠᠲᠠᠬᠤ ᠳᠤ ᠬᠦᠴᠢᠷ ᠪᠠᠶᠢᠬᠤ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠪᠡ᠃
   
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号