ᠭᠡᠷ ᠤᠨ ᠴᠠᠬᠢᠯᠭᠠᠨ ᠬᠡᠷᠡᠭᠰᠡᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠥᠨᠥᠳᠦᠷ ᠠᠴᠠ ᠡᠬᠢᠯᠡᠵᠡᠶ
ᠨᠡᠶᠢᠲᠡᠯᠡᠭᠰᠡᠨ ᠴᠠᠭ᠄
2024/7/4
     6 ᠳ᠋ᠤᠭᠠᠷ ᠰᠠᠷ᠎ᠠ ᠶᠢᠨ 22᠎ ᠤᠨ ᠡᠳᠦᠷ᠂ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠭᠤᠤᠯᠯᠠᠨ ᠡᠷᠭᠢᠯᠡᠭᠰᠡᠨ 2024 ᠣᠨ ᠤ ᠵᠢᠩ ᠳ᠋ᠦᠩ ᠬᠡᠷ ᠤᠨ ᠴᠠᠬᠢᠯᠭᠠᠨ ᠬᠡᠷᠡᠭᠰᠡᠯ ᠤᠨ ︽ᠰᠠᠶᠢᠨ ᠰᠠᠶᠢᠬᠠᠨ ᠬᠥᠳᠡᠭᠡ ᠲᠣᠰᠬᠤᠨ ᠤ ᠲᠥᠯᠥᠪᠯᠡᠭᠡ︾ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠪᠠᠶᠠᠨᠬᠤᠲᠠ ᠪᠠᠯᠭᠠᠰᠤᠨ ᠳᠤ ᠵᠢᠩᠬᠢᠨᠢ ᠪᠠᠷ ᠡᠬᠢᠯᠡᠪᠡ᠃    ᠲᠣᠰ ᠤᠳᠠᠭᠠᠨ ᠤ ᠠᠵᠢᠯᠯᠠᠭ᠎ᠠ ᠳᠤ᠂ ᠠᠯᠠᠱᠠ ᠵᠡᠭᠦᠨ ᠬᠤᠰᠢᠭᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ᠂  ᠬᠢᠨᠠᠯᠳᠡ ᠶᠢᠨ ᠡᠷᠦᠬᠡ᠂ ᠵᠡᠮᠳᠡᠭᠴᠦᠳ᠂ ᠴᠡᠷᠢᠭ ᠠᠴᠠ ᠬᠠᠯᠠᠭᠳᠠᠭᠰᠠᠳ ᠵᠡᠷᠭᠡ ᠬᠥᠮᠦᠰ ᠲᠤ 80 ᠣᠶᠤᠨᠴᠢ ᠵᠢᠵᠢᠭ ᠬᠡᠷ ᠤᠨ ᠴᠠᠬᠢᠯᠭᠠᠨ ᠬᠡᠷᠡᠭᠰᠡᠯ ᠬᠠᠨᠳᠢᠪᠯᠠᠵᠤ᠂ ᠨᠡᠶᠢᠲᠡ 1000 ᠬᠤᠪᠢ ᠬᠡᠷ ᠤᠨ ᠴᠠᠬᠢᠯᠭᠠᠨ ᠬᠡᠷᠡᠭᠰᠡᠯ ᠤᠨ ᠨᠥᠬᠦᠪᠥᠷᠢ ᠪᠠᠷ ᠠᠷᠠᠳ ᠲᠤ ᠠᠰᠢᠭ ᠬᠦᠷᠲᠡᠭᠡᠵᠦ᠂ ᠨᠡᠶᠢᠲᠡ 50 ᠲᠦᠮᠡᠨ ᠲᠥᠭᠦᠷᠢᠭ ᠲᠤ ᠬᠦᠷᠪᠡ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠪᠣᠯ ᠣᠶᠢᠷ᠎ᠠ ᠶᠢᠨ ᠵᠢᠯ ᠤᠨ ᠲᠤᠷᠰᠢ ᠬᠡᠷ ᠤᠨ ᠴᠠᠬᠢᠯᠭᠠᠨ ᠬᠡᠷᠡᠭᠰᠡᠯ ᠬᠡᠷ ᠤᠨ ᠬᠡᠷᠡᠭᠰᠡᠯ ᠤᠨ ᠬᠡᠷᠡᠭᠯᠡᠭᠡ ᠪᠠᠷ ᠠᠷᠠᠳ ᠲᠤ ᠠᠰᠢᠭ ᠬᠦᠷᠲᠡᠭᠡᠬᠦ ᠬᠦᠷᠢᠶᠡᠨ ᠳᠠᠬᠢ ᠬᠠᠨᠳᠢᠪᠯᠠᠨ ᠬᠦᠷᠭᠡᠬᠦ ᠡᠷᠴᠢᠮ ᠢᠶᠠᠷ ᠬᠠᠮᠤᠭ ᠤᠨ ᠶᠡᠭᠡ᠂ ᠨᠥᠬᠦᠪᠥᠷᠢ ᠪᠠᠯᠠ ᠮᠥᠩᠭᠦ ᠪᠠᠷ ᠬᠠᠮᠤᠭ ᠤᠨ ᠥᠨᠳᠥᠷ ᠨᠢᠭᠡ ᠤᠳᠠᠭᠠᠨ ᠤ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠪᠣᠯᠤᠨ᠎ᠠ᠂ ᠠᠵᠢᠯᠯᠠᠭ᠎ᠠ 7 ᠰᠠᠷ᠎ᠠ ᠶᠢᠨ ᠰᠢᠨᠡᠳ ᠢᠶᠠᠷ ᠳᠠᠭᠤᠰᠤᠨ᠎ᠠ᠃    2024 ᠣᠨ ᠠᠴᠠ ᠨᠠᠰᠢ᠂ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠬᠤᠰᠢᠭᠤᠨ ᠤ ᠳᠣᠲᠣᠷᠠᠬᠢ ᠭᠤᠤᠯᠳᠠᠯᠭ᠎ᠠ ᠲᠠᠢ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠨᠡᠶᠢᠲᠡ 40 ᠤᠳᠠᠭ᠎ᠠ ᠡᠯ᠎ᠡ ᠲᠥᠷᠥᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ 8700 ᠭᠠᠷᠤᠶ ᠲᠦᠮᠡᠨ ᠲᠥᠭᠦᠷᠢᠭ ᠤᠨ ᠶᠡᠷᠦᠩᠬᠡᠶ ᠪᠣᠷᠣᠯᠠᠭᠤᠯᠤᠯᠲᠠ ᠶᠢᠨ ᠬᠡᠮᠵᠢᠶ᠎ᠡ ᠶᠢ ᠪᠡᠶᠡᠯᠡᠭᠦᠯᠪᠡ᠃ ᠲᠠᠷᠠᠭᠠᠴᠢ ᠶᠢᠨ ᠠᠯᠬᠤᠮ ᠳᠤ᠂ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠠᠩ ᠣᠯᠠᠨ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠠᠷᠠᠳ ᠲᠤ ᠠᠰᠢᠭ ᠬᠦᠷᠲᠡᠭᠡᠬᠦ ᠡᠯ᠎ᠡ ᠲᠥᠷᠥᠯ ᠤᠨ ᠠᠵᠢᠯᠯᠠᠭ᠎ᠠ ᠥᠷᠨᠢᠭᠦᠯᠬᠦ ᠶᠢ ᠦᠷᠭᠦᠯᠵᠢᠯᠡᠨ ᠵᠣᠷᠢᠭᠵᠢᠭᠤᠯᠤᠨ ᠳᠡᠮᠵᠢᠵᠦ᠂ ᠬᠡᠷᠡᠭᠯᠡᠭᠴᠢᠳ ᠲᠤ ᠠᠰᠢᠭ ᠬᠦᠷᠲᠡᠭᠡᠵᠦ᠂ ᠠᠷᠠᠳ ᠣᠯᠠᠨ ᠳᠤ ᠬᠠᠮᠤᠭ ᠤᠨ ᠪᠠᠭ᠎ᠠ ᠵᠣᠭᠤᠰ ᠵᠠᠷᠤᠴᠠᠭᠤᠯᠤᠨ ᠨᠠᠩ ᠰᠢᠯᠢᠳᠡᠭ ᠪᠦᠲᠦᠭᠡᠭᠳᠡᠬᠦᠨ ᠪᠠ ᠦᠢᠯᠡᠴᠢᠯᠡᠭᠡ ᠬᠦᠷᠲᠡᠭᠡᠵᠦ᠂ ᠪᠥᠬᠦ ᠬᠤᠰᠢᠭᠤᠨ ᠤ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号