ᠬᠤᠸᠠᠩ ᠶᠠ ᠯᠢ ᠠᠯᠠᠱᠠ ᠵᠡᠭᠦᠨ ᠬᠤᠰᠢᠭᠤᠨ ᠳᠤ ᠭᠦᠨᠵᠡᠭᠡᠶᠢᠷᠡᠨ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/4
         6 ᠳ᠋ᠤᠭᠠᠷ ᠰᠠᠷ᠎ᠠ ᠶᠢᠨ 22᠎ ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠯᠠᠱᠠ ᠵᠡᠭᠦᠨ ᠬᠤᠰᠢᠭᠤᠨ ᠤ ᠪᠠᠶᠠᠨᠨᠢᠷᠤᠭᠤᠨ ᠰᠤᠮᠤᠨ ᠳᠤ ᠭᠦᠨᠵᠡᠭᠡᠶᠢᠷᠡᠨ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ ᠪᠠᠶᠢᠴᠠᠭᠠᠨ ᠰᠤᠳᠤᠯᠪᠠ᠃    ᠬᠤᠸᠠᠩ ᠶᠠ ᠯᠢ ᠭᠠᠩ ᠬᠠᠭᠰᠠᠷᠠᠭᠠᠨ ᠳᠤ ᠨᠥᠯᠥᠭᠡᠯᠡᠭᠳᠡᠭᠰᠡᠨ ᠰᠤᠬᠠᠶᠢᠲᠤ ᠭᠠᠴᠠᠭᠠᠨ ᠤ ᠮᠠᠯᠴᠢᠨ ᠯᠢ ᠵᠦᠩ ᠭᠤᠸᠠᠩ᠂ ᠳᠦᠷᠦᠯᠵᠢ ᠭᠠᠴᠠᠭᠠᠨ ᠤ ᠮᠠᠯᠴᠢᠨ ᠨᠠᠰᠤᠨ᠂ ᠲᠣᠯᠢ ᠭᠠᠴᠠᠭᠠᠨ ᠤ ᠮᠠᠯᠴᠢᠨ ᠪᠦᠬᠡ᠂ ᠠᠷᠤ ᠬᠤᠳᠳᠤᠭ ᠭᠠᠴᠠᠭᠠᠨ ᠤ ᠮᠠᠯᠴᠢᠨ ᠸᠠᠩ ᠳ᠋ᠦᠸᠧ ᠼᠠᠢ ᠶᠢᠨ ᠭᠡᠷ ᠲᠤ ᠬᠦᠷᠴᠦ᠂ ᠬᠤᠯᠪᠣᠭᠳᠠᠯ ᠪᠦᠬᠦᠢ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠬᠡᠳᠦᠢ ᠮᠠᠯ ᠲᠠᠢ ᠪᠤᠢ︖ ᠬᠡᠳᠦᠢ ᠶᠡᠭᠡ ᠪᠡᠯᠴᠢᠭᠡᠷ ᠲᠠᠢ ᠪᠤᠢ︖ ᠡᠪᠡᠰᠦ ᠪᠣᠷᠳᠤᠭ᠎ᠠ ᠭᠦᠢᠴᠡᠨ᠎ᠡ ᠤᠤ︖ ᠪᠠᠩᠬᠢ ᠶᠢᠨ ᠵᠢᠭᠡᠯᠡᠯᠭᠡ ᠬᠡᠳᠦᠢ ᠪᠠᠢᠳᠠᠭ ᠪᠤᠢ︖ ᠬᠤᠸᠠᠩ ᠶᠠ ᠯᠢ  ᠮᠠᠯᠴᠢᠳ ᠤᠨ ᠭᠡᠷ ᠲᠤᠨᠢ ᠬᠦᠷᠬᠦ ᠪᠦᠷᠢ᠂ ᠮᠠᠰᠢ ᠨᠠᠷᠢᠨ ᠬᠢᠨᠠᠮᠠᠭᠠᠢ ᠠᠰᠠᠭᠤᠨ ᠯᠠᠪᠯᠠᠭᠰᠠᠨ ᠪᠥᠭᠡᠳ ᠪᠡᠯᠴᠢᠭᠡᠷ ᠢᠶᠠᠷ ᠨᠢ ᠶᠠᠪᠣᠵᠣ᠂ ᠬᠥᠷᠥᠰᠥ ᠰᠢᠷᠣᠢ ᠶᠢ ᠤᠷᠪᠠᠭᠤᠯᠤᠨ ᠴᠢᠭᠢᠭ ᠤᠨ ᠪᠠᠶᠢᠳᠠᠯ ᠢ ᠪᠠᠶᠢᠴᠠᠭᠠᠨ ᠦᠵᠡᠵᠦ᠂ ᠬᠥᠮᠥᠷᠭᠡ ᠳᠤ ᠣᠷᠣᠵᠤ ᠡᠪᠡᠰᠦ ᠪᠣᠷᠳᠤᠭ᠎ᠠ ᠶᠢᠨ ᠨᠥᠭᠡᠴᠡ ᠶᠢᠨ ᠪᠠᠶᠢᠳᠠᠯ ᠢ ᠪᠠᠶᠢᠴᠠᠭᠠᠨ ᠦᠵᠡᠵᠦ᠂ ᠮᠠᠯᠴᠢᠨ ᠪᠣᠯᠤᠨ ᠬᠤᠯᠪᠣᠭᠳᠠᠯ ᠪᠦᠬᠦᠢ ᠨᠥᠬᠦᠳ ᠲᠠᠢ ᠬᠠᠮᠲᠤ ᠪᠠᠷ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠷᠭ᠎ᠠ ᠬᠡᠮᠵᠢᠶ᠎ᠡ ᠶᠢ ᠰᠤᠳᠤᠯᠤᠨ ᠶᠠᠷᠢᠯᠴᠠᠪᠠ᠃ ᠲᠡᠷᠡ᠂ ᠣᠶᠢᠷ᠎ᠠ ᠶᠢᠨ ᠵᠢᠯ ᠳᠤ᠂ ᠪᠦᠬᠦ ᠠᠶᠢᠮᠠᠭ ᠤᠨ ᠬᠤᠷ᠎ᠠ ᠲᠤᠨᠳᠠᠰᠤ ᠪᠠᠭ᠎ᠠ᠂ ᠭᠠᠩ ᠤᠨ ᠪᠠᠶᠢᠳᠠᠯ ᠦᠷᠭᠦᠯᠵᠢᠯᠡᠭᠰᠡᠨ ᠴᠠᠭ ᠣᠷᠳᠣ᠂ ᠬᠡᠮᠵᠢᠶ᠎ᠡ ᠬᠦᠨᠳᠦ ᠪᠠᠶᠢᠵᠤ᠂ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠮᠠᠰᠢ ᠶᠡᠭᠡ ᠨᠥᠯᠥᠭᠡ ᠦᠵᠡᠭᠦᠯᠵᠦ᠂ ᠣᠯᠠᠨ ᠲᠦᠮᠡᠨ ᠤ ᠠᠮᠢᠳᠤᠷᠠᠯ ᠳᠤ ᠮᠠᠰᠢ ᠣᠯᠠᠨ ᠬᠦᠴᠢᠷᠳᠡᠯ ᠲᠤᠯᠭᠠᠷᠠᠭᠤᠯᠵᠤ᠂ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠨᠢᠭᠡᠨᠲᠡ ᠣᠳᠣᠬᠠᠨ ᠤ ᠪᠠᠴᠢᠮ ᠲᠤᠯᠭᠠᠮ ᠲᠦᠢᠯ ᠤᠨ ᠴᠢᠬᠤᠯᠠ ᠠᠵᠢᠯ ᠪᠣᠯᠵᠠᠶ᠃ ᠡᠯ᠎ᠡ ᠱᠠᠲᠤᠨ ᠤ ᠨᠠᠮ ᠵᠠᠰᠠᠭ ᠤᠨ ᠬᠠᠷᠢᠭᠤᠴᠠᠯᠭᠠᠲᠠᠨ ᠨᠥᠬᠦᠳ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠨ ᠪᠠᠲᠤᠯᠠᠵᠤ᠂ ᠶᠡᠭᠡ ᠭᠠᠩ ᠬᠠᠭᠰᠠᠷᠠᠭᠠᠨ ᠢ ᠡᠰᠡᠷᠭᠦᠴᠡᠬᠦ ᠳᠤ ᠰᠠᠭᠤᠷᠢᠯᠠᠨ᠂ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠬᠡᠷᠡᠭᠲᠡᠶ᠃ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠢᠯᠡᠭᠦᠬᠡᠨ ᠭᠦᠨᠵᠡᠭᠡᠶᠢᠷᠡᠵᠦ᠂ ᠤᠯᠠᠨ ᠲᠦᠮᠡᠨ ᠤ ᠳᠡᠷᠭᠡᠳᠡ ᠢᠯᠡᠭᠦᠬᠡᠨ ᠬᠦᠷᠴᠦ᠂ ᠭᠠᠮᠰᠢᠭᠳᠠᠭᠰᠠᠨ ᠤᠯᠠᠨ ᠲᠦᠮᠡᠨ ᠳᠤ ᠦᠨᠡᠨ ᠪᠣᠳᠠᠲᠠᠢ ᠪᠠᠷ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠬᠡᠷᠡᠭᠲᠡᠢ᠃ ᠴᠠᠭ ᠠᠭᠤᠷ ᠤᠨ ᠪᠠᠶᠢᠳᠠᠯ ᠢ ᠨᠢᠭᠲᠠ ᠬᠢᠨᠠᠨ ᠬᠡᠮᠵᠢᠵᠦ᠂ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠢ ᠴᠠᠭ ᠲᠤᠨᠢ ᠲᠣᠬᠢᠷᠠᠭᠤᠯᠤᠨ ᠥᠷᠨᠢᠭᠦᠯᠵᠦ᠂ ᠬᠤᠷ᠎ᠠ ᠲᠣᠨᠣᠳᠠᠰᠤ ᠨᠥᠬᠦᠪᠥᠷᠢᠯᠡᠬᠦ ᠠᠵᠢᠯ ᠢ ᠪᠦᠲᠦᠮᠵᠢᠲᠡᠶ ᠨᠡᠮᠡᠭᠳᠡᠭᠦᠯᠵᠦ᠂ ᠮᠠᠯ ᠤᠨ ᠤᠤᠭᠤᠬᠤ ᠤᠰᠤᠨ ᠤ ᠠᠮᠤᠷ ᠲᠦᠪᠰᠢᠨ ᠢ ᠰᠠᠶᠢᠲᠤᠷ ᠪᠠᠲᠤᠯᠠᠬᠤ ᠬᠡᠷᠡᠭᠲᠡᠶ᠃ ᠮᠥᠩᠭᠦᠨ ᠭᠦᠢᠯᠭᠡᠭᠡᠨ ᠤ ᠳᠠᠭᠠᠳᠬᠠᠯ ᠤᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠵᠢᠭᠡᠯᠡᠯᠭᠡ ᠪᠤᠴᠠᠭᠠᠬᠤ ᠂ ᠬᠦᠦ ᠮᠥᠩᠭᠦ ᠶᠢ ᠪᠠᠭᠤᠷᠠᠭᠤᠯᠬᠤ᠂ ᠬᠤᠭᠤᠴᠠᠭ᠎ᠠ ᠶᠢ ᠤᠷᠲᠤᠳᠬᠠᠬᠤ ᠵᠡᠷᠭᠡ ᠮᠥᠩᠭᠦᠨ ᠭᠦᠢᠯᠭᠡᠭᠡᠨ ᠤ ᠲᠦᠷᠦ ᠶᠢᠨ ᠪᠤᠳᠤᠯᠭ᠎ᠠ ᠶᠢ ᠠᠮᠢᠳᠤᠯᠢᠭ ᠢᠶᠠᠷ ᠬᠡᠷᠡᠭᠯᠡᠵᠦ᠂ ᠭᠠᠮᠰᠢᠭᠳᠠᠭᠰᠠᠨ ᠤᠯᠠᠨ ᠲᠦᠮᠡᠨ ᠢ ᠬᠠᠪᠰᠤᠷᠤᠨ ᠪᠡᠯᠡ ᠮᠥᠩᠭᠦ ᠬᠦᠷᠦᠯᠴᠡᠬᠦ ᠦᠭᠡᠢ ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾᠎ ᠶᠢ ᠬᠡᠷᠡᠭᠵᠢᠭᠦᠯᠵᠦ᠂ ᠤᠯᠠᠨ ᠲᠦᠮᠡᠨ ᠳᠤ ᠣᠷᠣᠯᠭ᠎ᠠ ᠶᠢ ᠨᠡᠮᠡᠭᠳᠡᠭᠦᠯᠬᠦ ᠨᠡᠩ ᠤᠯᠠᠨ ᠠᠷᠭ᠎ᠠ ᠵᠠᠮ ᠢ ᠥᠷᠭᠡᠳᠬᠡᠬᠦ ᠬᠡᠷᠡᠭᠲᠡᠶ᠃ ᠡᠭᠦᠨ ᠤ ᠬᠠᠮᠲᠤ᠂ ᠭᠠᠮᠰᠢᠭᠳᠠᠭᠰᠠᠨ ᠣᠯᠠᠨ ᠲᠦᠮᠡᠨ ᠤ ᠢᠲᠡᠭᠡᠯ ᠵᠣᠷᠢᠭ ᠢᠶᠠᠨ ᠪᠠᠲᠤᠳᠬᠠᠬᠤ ᠶᠢ ᠵᠣᠷᠢᠭᠵᠢᠭᠤᠯᠵᠤ᠂ ᠶᠡᠷᠦᠩᠬᠡᠶ ᠲᠤᠭ᠎ᠠ ᠬᠡᠮᠵᠢᠶ᠎ᠡ ᠶᠢ ᠬᠢᠵᠠᠭᠠᠷᠯᠠᠨ᠂ ᠪᠦᠲᠦᠴᠡ ᠶᠢ ᠳᠣᠭᠢᠷᠠᠭᠤᠯᠤᠨ ᠰᠢᠯᠢᠳᠡᠭᠵᠢᠭᠦᠯᠵᠦ᠂ ᠰᠠᠭᠤᠷᠢ ᠡᠬᠡ ᠬᠤᠨᠢ ᠶᠢ ᠰᠠᠶᠢᠲᠤᠷ ᠪᠠᠲᠤᠯᠠᠵᠤ᠂ ᠲᠣᠰ ᠭᠠᠵᠠᠷ ᠤᠨ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠳᠤ ᠢᠳᠡᠪᠬᠢᠲᠡᠶ ᠣᠷᠣᠯᠴᠠᠵᠤ᠂ ᠬᠤᠬᠢᠷᠠᠯ ᠢ ᠠᠯᠢ ᠴᠢᠳᠠᠬᠤ ᠪᠠᠷ ᠪᠠᠭᠠᠰᠬᠠᠵᠤ᠂ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ ᠭᠡᠵᠡᠢ᠃    ᠬᠤᠸᠠᠩ ᠶᠠ ᠯᠢ ᠪᠠᠰᠠ ᠶᠡᠬᠡᠪᠤᠯᠠᠭ ᠭᠠᠴᠠᠭᠠᠨ ᠤ ᠡᠪᠡᠰᠦ ᠪᠣᠷᠳᠤᠭ᠎ᠠ ᠨᠥᠭᠡᠴᠡᠯᠡᠵᠦ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠯᠤᠰ ᠬᠡᠲᠦ ᠠᠴᠠ ᠪᠣᠳᠣᠯᠬᠢᠯᠠᠨ᠂ ᠲᠦᠭᠦᠮ ᠳᠦᠳᠡ ᠪᠠᠷ ᠵᠠᠷᠴᠢᠮ ᠪᠣᠯᠭᠠᠵᠤ᠂ ᠭᠠᠩ ᠬᠠᠭᠰᠠᠷᠠᠭᠠᠨ ᠲᠠᠢ ᠲᠡᠮᠡᠴᠡᠬᠦ ᠡᠪᠡᠰᠦ ᠪᠣᠷᠳᠤᠭ᠎ᠠ ᠨᠥᠭᠡᠴᠡᠯᠡᠬᠦ ᠬᠥᠮᠥᠷᠭᠡ ᠶᠢ ᠵᠦᠶ ᠵᠣᠬᠢᠰᠲᠠᠶ ᠪᠠᠶᠢᠷᠢᠰᠢᠭᠤᠯᠤᠨ ᠪᠥᠲᠥᠭᠡᠨ ᠪᠠᠶᠢᠭᠤᠯᠵᠤ᠂ ᠡᠪᠡᠰᠦ ᠪᠣᠷᠳᠤᠭ᠎ᠠ ᠨᠥᠭᠡᠴᠡᠯᠡᠬᠦ ᠡᠷᠴᠢᠮ ᠢᠶᠠᠨ ᠴᠢᠩᠭᠠᠷᠠᠭᠤᠯᠤᠨ᠂ ᠪᠠᠷᠠᠭᠠᠨ ᠤ ᠦᠨ᠎ᠡ ᠶᠢ ᠬᠥᠭᠡᠷᠭᠡᠨ ᠥᠰᠬᠡᠬᠦ ᠶᠢ ᠰᠡᠷᠭᠡᠶᠢᠯᠡᠵᠦ᠂ ᠭᠠᠩ ᠬᠠᠭᠰᠠᠷᠠᠭᠠᠨ ᠲᠠᠢ ᠲᠡᠮᠡᠴᠡᠬᠦ ᠡᠪᠡᠰᠦ ᠪᠣᠷᠳᠣᠭᠠᠨ ᠤ ᠬᠠᠩᠭᠠᠯᠭ᠎ᠠ ᠭᠦᠢᠴᠡᠳ ᠪᠠᠶᠢᠬᠤ᠂ ᠴᠠᠭ ᠲᠤᠬᠠᠶ ᠳᠤᠨᠢ ᠰᠢᠯᠵᠢᠭᠦᠯᠦᠨ ᠲᠡᠭᠡᠭᠡᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃    ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠧᠶ ᡁᠢ ᠭᠦᠸᠧ ᠣᠷᠣᠯᠴᠠᠵᠠᠶ
   
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号