ᠮᠥᠩᠬᠡ ᠠᠯᠠᠱᠠ ᠵᠡᠭᠦᠨ ᠬᠤᠰᠢᠭᠤᠨ ᠳᠤ ᠬᠦᠷᠴᠦ ᠭᠠᠩ ᠬᠠᠭᠰᠠᠷᠠᠭᠠᠨ ᠲᠠᠢ ᠲᠡᠮᠡᠴᠡᠬᠦ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/4
   6 ᠳ᠋ᠤᠭᠠᠷ ᠰᠠᠷ᠎ᠠ ᠶᠢᠨ 24᠎ ᠤ ᠡᠳᠦᠷ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠮᠥᠩᠬᠡ ᠠᠯᠠᠱᠠ ᠵᠡᠭᠦᠨ ᠬᠤᠰᠢᠭᠤᠨ ᠳᠤ ᠬᠦᠷᠴᠦ ᠭᠠᠩ ᠬᠠᠭᠰᠠᠷᠠᠭᠠᠨ ᠲᠠᠢ ᠲᠡᠮᠡᠴᠡᠬᠦ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠬᠤᠷᠠᠯᠳᠤᠭᠤᠯᠵᠤ᠂ ᠡᠯ᠎ᠡ ᠬᠠᠮᠢᠶ᠎ᠠ ᠪᠥᠬᠦᠶ ᠨᠢᠭᠡᠴᠡ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ ᠵᠢᠴᠢ ᠳᠠᠭᠠᠳᠬᠠᠯ ᠤᠨ ᠺᠣᠮᠫᠠᠨᠢ ᠶᠢᠨ ᠬᠠᠷᠢᠭᠤᠴᠠᠯᠭᠠᠲᠠᠨ ᠲᠠᠢ ᠭᠠᠩ ᠬᠠᠭᠰᠠᠷᠠᠭᠠᠨ ᠤ ᠪᠠᠶᠢᠳᠠᠯ ᠢ ᠠᠷᠭᠠᠴᠠᠭᠠᠬᠤ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠵᠤ᠂ ᠣᠳᠣᠬᠠᠨ ᠤ ᠭᠠᠩ ᠤᠨ ᠪᠠᠶᠢᠳᠠᠯ ᠢ ᠵᠠᠳᠠᠯᠵᠤ᠂ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ ᠪᠠᠶᠢᠷᠢᠯᠠᠭᠤᠯᠪᠠ᠃    ᠬᠤᠷᠠᠯ ᠠᠴᠠ᠂ ᠡᠯ᠎ᠡ ᠬᠠᠮᠢᠶ᠎ᠠ ᠪᠦᠬᠦᠢ ᠨᠢᠭᠡᠴᠡ ᠭᠠᠩ ᠤᠨ ᠪᠠᠶᠢᠳᠠᠯ ᠤᠨ ᠬᠦᠨᠳᠦ ᠨᠣᠴᠢᠲᠠᠢ ᠴᠢᠨᠠᠷ ᠢ ᠭᠦᠢᠴᠡᠳ ᠲᠠᠨᠢᠵᠤ᠂ ︽ᠶᠡᠭᠡ ᠭᠠᠩ ᠬᠠᠭᠰᠠᠷᠠᠭᠠᠨ ᠢ ᠰᠡᠷᠭᠡᠶᠢᠯᠡᠵᠦ᠂ ᠤᠳᠠᠭᠠᠨ ᠳᠠᠭᠠᠭᠠᠮᠠᠭᠠᠢ ᠭᠠᠩ ᠬᠠᠭᠰᠠᠷᠠᠭᠠᠨ ᠢ ᠡᠰᠡᠷᠭᠦᠴᠡᠬᠦ︾ ᠦᠵᠡᠯ ᠰᠠᠨᠠᠭ᠎ᠠ ᠶᠢ ᠤᠯᠠᠮ ᠴᠢᠨᠠᠭᠰᠢᠳᠠ ᠪᠠᠲᠤ ᠪᠤᠢ ᠪᠣᠯᠭᠠᠵᠤ᠂ ︽ᠲᠤᠯᠤᠭᠠᠨ ᠨᠢᠭᠡ ᠪᠦᠯᠦᠭ︾᠎ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠮᠠᠯᠴᠢᠨ ᠲᠠᠷᠢᠶᠠᠴᠢᠨ ᠤ ᠬᠠᠮᠤᠭ ᠤᠨ ᠲᠤᠯᠭᠠᠮ᠎ᠠ ᠲᠡᠵᠢᠭᠡᠯ ᠡᠪᠡᠰᠦ ᠪᠣᠷᠳᠤᠭ᠎ᠠ ᠪᠣᠯᠤᠨ ᠪᠡᠯᠡ ᠮᠥᠩᠭᠦ ᠶᠢᠨ ᠬᠡᠷᠡᠭᠴᠡᠭᠡ ᠶᠢ ᠰᠢᠢᠳᠪᠦᠷᠢᠯᠡᠬᠦ ᠬᠡᠷᠡᠭᠲᠡᠢ᠃ ᠨᠢᠭᠡ ᠪᠦᠯᠦᠭ ᠲᠤᠰᠬᠠᠶ ᠵᠦᠢᠯ ᠤᠨ ᠪᠡᠯᠡ ᠮᠥᠩᠭᠦ ᠲᠣᠬᠢᠷᠠᠭᠤᠯᠵᠤ᠂ ᠲᠡᠵᠢᠭᠡᠯ ᠪᠣᠷᠳᠣᠭᠠᠨ ᠤ ᠦᠨ᠎ᠡ ᠬᠠᠩᠰᠢ᠂ ᠲᠡᠭᠡᠭᠡᠪᠦᠷᠢ ᠶᠢᠨ ᠰᠦᠢᠳᠬᠡᠯ ᠤᠨ ᠲᠠᠯ᠎ᠠ ᠪᠠᠷ ᠭᠠᠩ ᠲᠠᠢ ᠲᠡᠮᠡᠴᠡᠬᠦ ᠨᠥᠬᠦᠪᠥᠷᠢ ᠣᠯᠭᠤᠬᠤ ᠬᠡᠷᠡᠭᠲᠡᠶ᠃ ᠨᠢᠭᠡ ᠪᠦᠯᠦᠭ ᠡᠪᠡᠰᠦ ᠪᠣᠷᠳᠤᠭ᠎ᠠ ᠰᠢᠯᠵᠢᠭᠦᠯᠦᠨ ᠲᠡᠭᠡᠭᠡᠪᠦᠷᠢᠯᠡᠵᠦ᠂ ᠨᠥᠭᠡᠴᠡᠯᠡᠬᠦ ᠶᠢᠨ ᠬᠠᠮᠲᠤ ᠬᠥᠳᠡᠯᠦᠩᠭᠦᠶ ᠪᠠᠷ ᠨᠥᠭᠡᠴᠡᠯᠡᠬᠦ ᠡᠭᠡᠯᠵᠢᠯᠡᠨ ᠰᠣᠯᠢᠬᠤ ᠲᠣᠭᠲᠠᠴᠠ ᠶᠢ ᠪᠠᠶᠢᠭᠤᠯᠵᠤ᠂ ᠪᠠᠯᠠ ᠮᠥᠩᠭᠦ ᠣᠷᠳᠣ ᠬᠤᠭᠤᠴᠠᠭ᠎ᠠ ᠪᠠᠷ ᠬᠡᠷᠡᠭᠴᠡᠭᠡ ᠲᠠᠢ ᠪᠠᠶᠢᠬᠤ ᠶᠢ ᠦᠨᠡᠨ ᠬᠦ ᠪᠠᠲᠤᠯᠠᠵᠤ᠂ ᠵᠠᠩᠭᠢᠯᠠᠭ᠎ᠠ ᠶᠢᠨ ᠦᠶ᠎ᠡ ᠳᠤ ᠡᠪᠡᠰᠦ ᠪᠣᠷᠳᠤᠭ᠎ᠠ ᠲᠣᠬᠢᠷᠠᠭᠤᠯᠤᠨ ᠭᠠᠷᠭᠠᠵᠤ᠂ ᠮᠠᠯᠴᠢᠨ ᠲᠠᠷᠢᠶᠠᠴᠢᠨ ᠣᠶᠢᠷ᠎ᠠ ᠬᠠᠪᠢ ᠳᠠᠭᠠᠨ ︽ᠪᠠᠴᠢᠮ ᠪᠠᠶᠢᠳᠠᠯ ᠢ ᠠᠷᠭᠠᠴᠠᠭᠠᠬᠤ ᠠᠮᠤ ᠪᠤᠳᠠᠭ᠎ᠠ︾ ᠬᠤᠳᠠᠯᠳᠤᠨ ᠠᠪᠴᠤ ᠳᠡᠶᠢᠯᠬᠦ ᠬᠡᠷᠡᠭᠲᠡᠶ᠃ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ ᠢ ᠪᠠᠶᠢᠭᠤᠯᠵᠤ᠂ ᠮᠠᠯᠴᠢᠨ ᠲᠠᠷᠢᠶᠠᠴᠢᠨ ᠢ ᠬᠠᠪᠰᠤᠷᠤᠨ ᠨᠢᠭᠡ ᠪᠦᠯᠦᠭ ᠮᠠᠯ ᠢ ᠵᠦᠢᠴᠢ ᠪᠠᠷ ᠬᠤᠳᠠᠯᠳᠤᠨ ᠭᠠᠷᠭᠠᠵᠤ᠂ ᠭᠠᠩ ᠬᠠᠭᠰᠠᠷᠠᠭᠠᠨ ᠤ ᠬᠤᠬᠢᠷᠠᠯ ᠢ ᠪᠠᠭᠠᠰᠬᠠᠬᠤ ᠬᠡᠷᠡᠭᠲᠡᠶ᠃ ᠡᠯ᠎ᠡ ᠳᠠᠭᠠᠳᠬᠠᠯ ᠤᠨ ᠺᠣᠮᠫᠠᠨᠢ ᠬᠢᠨᠠᠨ ᠬᠠᠷᠭᠤᠭᠤᠯᠬᠤ᠂ ᠲᠥᠯᠥᠪᠦᠷᠢ ᠥᠭᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠰᠠᠭᠠᠳ ᠦᠭᠡᠶ ᠨᠡᠪᠲᠡᠷᠡᠬᠦ ᠵᠠᠮ ᠨᠡᠭᠡᠭᠡᠨ᠂ ᠴᠠᠭ ᠬᠤᠭᠤᠴᠠᠭ᠎ᠠ ᠶᠢ ᠠᠮᠵᠢᠨ ᠲᠥᠯᠥᠪᠦᠷᠢ ᠶᠢ ᠪᠣᠳᠠᠲᠠᠶᠢᠵᠢᠭᠤᠯᠵᠤ᠂ ᠲᠠᠷᠢᠶᠠᠴᠢᠳ ᠮᠠᠯᠴᠢᠳ ᠢ ᠬᠠᠪᠰᠤᠷᠤᠨ ᠦᠢᠯᠡᠳᠪᠦᠷᠢᠯᠡᠯ ᠢᠶᠠᠨ ᠰᠡᠷᠭᠦᠭᠡᠬᠦ ᠬᠡᠷᠡᠭᠲᠡᠶ᠃ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠳ ᠨᠢᠭᠡ ᠪᠦᠯᠦᠭ ᠵᠢᠭᠡᠯᠡᠯᠭᠡ ᠶᠢ ᠵᠣᠬᠢᠰᠲᠠᠶ ᠲᠠᠯᠪᠢᠬᠤ ᠶᠢᠨ ᠬᠠᠮᠲᠤ ᠳᠠᠮ ᠬᠦᠦ᠂ ᠬᠦᠦ ᠮᠥᠩᠭᠦ ᠶᠢ ᠨᠢ ᠪᠠᠭᠤᠷᠠᠭᠤᠯᠬᠤ ᠲᠠᠯ᠎ᠠ ᠪᠠᠷ ᠮᠠᠯᠴᠢᠨ ᠲᠠᠷᠢᠶᠠᠴᠢᠳ ᠲᠤ ᠨᠡᠩ ᠶᠡᠭᠡ ᠨᠥᠬᠦᠪᠥᠷᠢ ᠥᠭᠬᠦ ᠡᠷᠴᠢᠮ ᠢᠶᠠᠨ ᠨᠡᠮᠡᠭᠳᠡᠭᠦᠯᠦᠨ᠂ ᠮᠠᠯᠴᠢᠨ ᠲᠠᠷᠢᠶᠠᠴᠢᠳ ᠢ ᠬᠠᠪᠰᠤᠷᠤᠨ ᠬᠦᠴᠢᠷ ᠢ ᠳᠤᠭᠤᠯᠵᠤ᠂ ᠵᠠᠩᠭᠢᠯᠠᠭ᠎ᠠ ᠶᠢᠨ ᠴᠠᠭ ᠲᠤ ᠵᠢᠭᠡᠯᠡᠯᠭᠡ ᠲᠠᠲᠠᠨ᠂ ᠵᠢᠭᠡᠯᠡᠯᠭᠡ ᠶᠢ ᠨᠢ ᠵᠣᠭᠰᠣᠭᠠᠬᠤ᠂ ᠵᠢᠭᠡᠯᠡᠯᠭᠡ ᠶᠢ ᠨᠢ ᠳᠠᠷᠤᠵᠤ ᠶᠠᠭᠠᠬᠢᠭᠰᠠᠨ ᠴᠤ ᠪᠣᠯᠬᠤ ᠦᠭᠡᠶ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠷᠡᠰᠳᠡᠯ ᠠᠴᠠ ᠰᠡᠷᠭᠡᠶᠢᠯᠡᠬᠦ ᠶᠢ ᠴᠢᠩᠭᠠᠳᠬᠠᠵᠤ᠂ ᠦᠷᠭᠦᠯᠵᠢᠯᠡᠨ ᠵᠢᠭᠡᠯᠡᠯᠭᠡ ᠬᠡᠷᠡᠭᠯᠡᠬᠦ ᠲᠡᠵᠢᠭᠡᠨ ᠦᠷᠡᠵᠢᠭᠦᠯᠬᠦ ᠡᠷᠦᠬᠡ ᠶᠢᠨ ᠣᠯᠠᠨ ᠲᠠᠯ᠎ᠠ ᠠᠴᠠ ᠵᠢᠭᠡᠯᠡᠯᠭᠡ ᠠᠪᠬᠤ᠂ ᠣᠯᠠᠨ  ᠲᠠᠯ᠎ᠠ ᠠᠴᠠ ᠵᠢᠭᠡᠯᠡᠯᠭᠡ ᠠᠪᠴᠤ ᠬᠤᠭᠤᠷᠣᠨᠳᠣ ᠨᠢ ᠪᠤᠴᠠᠭᠠᠬᠤ ᠡᠷᠡᠰᠳᠡᠯ ᠢ ᠪᠦᠲᠦᠮᠵᠢᠲᠡᠶ ᠰᠡᠷᠭᠡᠶᠢᠯᠡᠵᠦ᠂ ᠵᠢᠭᠡᠯᠡᠯᠭᠡ ᠶᠢᠨ ᠨᠠᠷᠢᠯᠢᠭ ᠣᠨᠣᠴᠠᠲᠠᠶ ᠪᠠᠷ ᠭᠠᠩ ᠬᠠᠭᠰᠠᠷᠠᠭᠠᠨ ᠲᠠᠢ ᠲᠡᠮᠡᠴᠡᠬᠦ ᠳᠤ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠤ ᠱᠠᠭᠠᠷᠳᠠᠪᠠ᠃    ᠬᠤᠷᠠᠯ ᠎ ᠳᠤ᠂ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠨᠢ ᠮᠠᠯᠴᠢᠨ ᠲᠠᠷᠢᠶᠠᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠠᠮᠤᠷ ᠲᠦᠪᠰᠢᠨ ᠲᠠᠢ ᠬᠤᠯᠪᠣᠭᠳᠠᠨ᠎ᠠ᠂ ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠬᠢᠨ ᠳᠡᠭᠡᠷ᠎ᠡ ᠠᠴᠠ ᠪᠡᠯᠡ ᠮᠥᠩᠭᠦ ᠪᠣᠯᠤᠨ ᠨᠥᠬᠦᠪᠥᠷᠢ ᠣᠯᠭᠤᠬᠤ ᠡᠷᠴᠢᠮ ᠢᠶᠠᠨ ᠴᠢᠩᠭᠠᠷᠠᠭᠤᠯᠵᠤ᠂ ᠡᠪᠡᠰᠦ ᠪᠣᠷᠳᠤᠭ᠎ᠠ ᠶᠢᠨ ᠬᠥᠳᠡᠯᠦᠩᠭᠦᠢ ᠨᠥᠭᠡᠴᠡᠯᠡᠬᠦ ᠡᠭᠡᠯᠵᠢᠯᠡᠨ ᠰᠣᠯᠢᠬᠤ ᠲᠣᠭᠲᠠᠴᠠ ᠶᠢ ᠲᠦᠷᠭᠡᠨ ᠪᠠᠶᠢᠭᠤᠯᠵᠤ᠂ ᠥᠷᠭᠡᠨ ᠤᠯᠠᠨ ᠮᠠᠯᠴᠢᠨ ᠲᠠᠷᠢᠶᠠᠴᠢᠨ ᠤ ᠮᠠᠯ ᠢᠶᠠᠨ ᠵᠠᠷᠣᠭᠰᠠᠨ ᠤ ᠳᠠᠷᠠᠭ᠎ᠠ ᠲᠤᠯᠭᠠᠷᠠᠵᠤ ᠪᠠᠶᠢᠭ᠎ᠠ ᠠᠵᠢᠯ ᠣᠯᠭᠤᠯᠲᠠ ᠶᠢᠨ ᠠᠰᠠᠭᠤᠳᠠᠯ ᠢ ᠰᠦᠪᠡᠭᠴᠢᠯᠡᠨ ᠰᠢᠢᠳᠪᠦᠷᠢᠯᠡᠬᠦ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠢᠳᠡᠪᠬᠢᠲᠡᠢ ᠵᠣᠯᠭᠠᠭᠤᠯᠵᠤ᠂ ᠠᠷᠠᠳ ᠲᠦᠮᠡᠨ ᠳᠤ ᠰᠠᠶᠢᠲᠤᠷ ᠦᠢᠯᠡᠴᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠰᠢᠨ᠎ᠡ ᠳᠠᠭᠠᠳᠬᠠᠯ ᠤᠨ ᠲᠦᠷᠦᠯ ᠎ ᠢ ᠬᠠᠶᠢᠨ ᠰᠦᠪᠡᠭᠴᠢᠯᠡᠵᠦ᠂ ᠲᠤᠷᠰᠢᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠯᠬᠤᠮ ᠠᠯᠬᠤᠮ ᠢᠶᠠᠷ ᠳᠡᠯᠭᠡᠷᠡᠭᠦᠯᠬᠦ ᠬᠡᠷᠡᠭᠲᠡᠶ᠃ ᠤᠬᠠᠭᠤᠯᠬᠤ ᠰᠠᠯᠠᠭ᠎ᠠ ᠮᠥᠴᠢᠷ ᠤᠨ ᠬᠢᠨ ᠤᠬᠠᠭᠤᠯᠤᠨ ᠮᠡᠳᠡᠭᠡᠯᠡᠬᠦ ᠪᠠᠨ ᠴᠢᠩᠭᠠᠳᠬᠠᠵᠤ᠂ ᠨᠠᠮ ᠤᠨ ᠲᠥᠷᠥ ᠶᠢᠨ ᠪᠣᠳᠣᠯᠭ᠎ᠠ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠦᠨᠳᠦᠳᠬᠡᠯ᠂ ᠮᠠᠨ ᠤ ᠠᠶᠢᠮᠠᠭ ᠤᠨ ᠳᠡᠮᠵᠢᠯᠭᠡ ᠶᠢᠨ ᠠᠷᠭ᠎ᠠ ᠬᠡᠮᠵᠢᠶ᠎ᠡ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠦᠢᠯᠡᠳᠬᠦᠨ ᠪᠠ ᠬᠤᠪᠢ ᠨᠡᠮᠡᠷᠢ ᠵᠡᠷᠭᠡ ᠶᠢ ᠠᠷᠠᠳ ᠣᠯᠠᠨ ᠳᠤ ᠤᠬᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠬᠤ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠶ ᠭᠡᠵᠤ ᠴᠢᠬᠤᠯᠠᠴᠢᠯᠠᠪᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号