ᠪᠠᠶ ᠬᠠᠶ ᠯᠢᠨ ᠠᠯᠠᠱᠠ ᠵᠡᠭᠦᠨ ᠬᠤᠰᠢᠭᠤᠨ ᠳᠤ ᠭᠦᠨᠵᠡᠭᠡᠶᠢᠷᠡᠨ ᠨᠡᠶᠢᠭᠡᠮ ᠤᠨ ᠬᠡᠷᠡᠭᠯᠡᠭᠡᠨ ᠤ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/4
       6 ᠳ᠋ᠤᠭᠠᠷ ᠰᠠᠷ᠎ᠠ ᠶᠢᠨ 24᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠠᠯᠠᠱᠠ ᠵᠡᠭᠦᠨ ᠬᠤᠰᠢᠭᠤᠨ ᠤ ᠪᠠᠶᠠᠨᠬᠤᠲᠠ ᠣᠷᠣᠨ ᠳᠤ ᠭᠦᠨᠵᠡᠭᠡᠶᠢᠷᠡᠵᠦ᠂ ᠨᠡᠶᠢᠭᠡᠮ ᠤᠨ ᠬᠡᠷᠡᠭᠯᠡᠭᠡᠨ ᠤ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃    ᠳ᠋ᠦᠩ ᠾᠧ ᠠᠷᠠᠯᠵᠢᠶ᠎ᠠ ᠬᠤᠳᠠᠯᠳᠤᠭᠠᠨ ᠤ ᠺᠣᠮᠫᠠᠨᠢ ᠪᠣᠯᠤᠨ ᠪᠥᠸᠧ ᠯᠦᠩ ᠢᠳᠡᠭᠡᠨ ᠪᠣᠯᠪᠠᠰᠤᠷᠠᠭᠤᠯᠬᠤ ᠬᠦᠷᠢᠶᠡᠯᠡᠩ ᠳᠤ᠂ ᠪᠠᠢ ᠬᠠᠢ ᠯᠢᠨ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠪᠣᠷᠣᠯᠠᠭᠤᠯᠭ᠎ᠠ᠂ ᠨᠥᠬᠦᠴᠡᠯ ᠳᠤ ᠨᠡᠶᠢᠴᠡᠬᠦ ᠬᠢᠵᠠᠭᠠᠷ ᠠᠴᠠ ᠳᠡᠭᠡᠭᠰᠢᠬᠢ ᠠᠵᠤ ᠠᠬᠤᠶᠢᠯᠠᠯ ᠤᠨ ᠲᠠᠰ ᠳᠡᠪᠰᠢᠨ ᠨᠢᠭᠡᠳᠦᠯᠲᠡᠶ ᠪᠠᠶᠢᠬᠤ᠂ ᠢᠳᠡᠭᠡᠨ ᠤ ᠠᠮᠤᠷ ᠲᠦᠪᠰᠢᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠵᠢᠭᠠᠵᠤ ᠭᠠᠷᠭᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠬᠥᠳᠡᠯᠦᠯ ᠪᠠᠶᠢᠳᠠᠯ ᠪᠣᠯᠤᠨ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠠᠵᠤ ᠠᠬᠤᠶᠢᠯᠠᠯ ᠳᠤ ᠲᠤᠯᠭᠠᠷᠠᠭᠰᠠᠨ ᠬᠦᠴᠢᠷ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠰᠢᠢᠳᠪᠦᠷᠢᠯᠡᠵᠦ᠂ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠵᠤ᠂ ᠬᠤᠳᠠᠯᠳᠤᠭᠠᠴᠢᠳ ᠤᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠠᠷᠠᠭᠠᠯᠵᠠᠯ ᠤᠨ ᠬᠡᠮᠵᠢᠶ᠎ᠡ ᠪᠠᠨ ᠥᠷᠭᠡᠳᠬᠡᠬᠦ ᠶᠢ ᠵᠣᠷᠢᠭᠵᠢᠭᠤᠯᠤᠨ ᠳᠡᠮᠵᠢᠵᠦ᠂ ᠥᠷᠭᠡᠨ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠦᠨᠡᠨ ᠬᠦ ᠬᠦᠷᠲᠡᠭᠡᠵᠦ᠂ ᠬᠡᠷᠡᠭᠯᠡᠭᠡᠨ ᠤ ᠳᠠᠯᠳᠠ ᠬᠦᠴᠦᠨ ᠢ ᠤᠯᠠᠮ ᠴᠢᠨᠠᠭᠰᠢᠳᠠ ᠬᠥᠭᠵᠢᠭᠡᠬᠦ ᠬᠡᠷᠡᠭᠲᠡᠶ᠃  ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠤᠯᠠᠭᠠᠨ ᠬᠠᠷ᠎ᠠ ᠰᠠᠮᠪᠠᠷ᠎ᠠ︾᠎ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠢᠳᠡᠭᠡᠨ ᠤ ᠢᠷᠡᠯᠲᠡ ᠶᠢ ᠡᠷᠢᠬᠦ ᠪᠠ ᠡᠷᠡᠭᠦᠯ ᠬᠠᠮᠠᠭᠠᠯᠠᠯ ᠬᠢᠵᠢᠭ ᠠᠴᠠ ᠰᠡᠷᠭᠡᠶᠢᠯᠡᠬᠦ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠪᠥᠬᠦ ᠬᠦᠴᠦᠨ ᠢᠶᠠᠷ ᠢᠶᠠᠨ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠶ ᠭᠡᠵᠡᠶ᠃    ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠪᠠ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠤᠶᠢᠲᠤ ᠲᠣᠭᠤᠷᠢᠯ ᠵᠠᠮ ᠤᠨ ᠲᠣᠰᠣ ᠨᠡᠮᠡᠬᠦ ᠥᠷᠲᠡᠭᠡ ᠳᠤ᠂ ᠪᠠᠶ ᠬᠠᠶ ᠯᠢᠨ ᠠᠵᠢᠯᠲᠠᠨ ᠠᠴᠠ ᠲᠣᠰᠣᠨ ᠤ ᠵᠦᠢᠯ᠂ ᠲᠣᠰᠣᠨ ᠤ ᠪᠤᠰᠤ ᠵᠦᠢᠯ ᠤᠨ ᠪᠣᠷᠣᠯᠠᠭᠤᠯᠭ᠎ᠠ ᠵᠢᠴᠢ ᠨᠢᠭᠡᠳᠦᠯᠲᠡᠶ ᠪᠦᠷᠢᠳᠬᠡᠯ ᠳᠤ ᠣᠷᠣᠭᠤᠯᠤᠭᠰᠠᠨ ᠪᠠᠶᠢᠳᠠᠯ ᠢ ᠯᠠᠪᠯᠠᠨ ᠠᠰᠠᠭᠤᠪᠠ᠃ ᠲᠡᠷᠡ᠂ ᠲᠣᠰᠣᠨ ᠤ ᠵᠦᠢᠯ ᠢ ᠪᠣᠷᠣᠯᠠᠭᠤᠯᠬᠤ ᠠᠵᠤ ᠠᠬᠤᠶᠢᠯᠠᠯ ᠤᠨ ᠨᠢᠭᠡᠳᠦᠯᠲᠡᠶ ᠪᠦᠷᠢᠳᠬᠡᠯ ᠳᠤ ᠣᠷᠣᠬᠤ ᠠᠵᠢᠯ ᠨᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠠᠵᠤ ᠠᠬᠤᠶᠢᠯᠠᠯ ᠤᠳ ᠲᠣᠰᠣᠨ ᠤ ᠵᠦᠢᠯ ᠤᠨ ᠢᠷᠡᠯᠲᠡ ᠶᠢᠨ ᠣᠷᠣᠬᠤ ᠪᠣᠭᠤᠮᠲᠠ᠂ ᠲᠣᠰᠣᠨ ᠤ ᠵᠦᠢᠯ ᠤᠨ ᠬᠡᠮᠵᠢᠯᠲᠡ ᠶᠢᠨ ᠭᠠᠳᠠᠭᠠᠳᠤ ᠳᠤ ᠭᠠᠷᠭᠠᠬᠤ ᠪᠣᠭᠤᠮᠲᠠ ᠶᠢ ᠴᠢᠩᠭ᠎ᠠ ᠠᠳᠬᠤᠵᠤ᠂ ᠨᠡᠩ ᠤᠯᠠᠨ ᠬᠠᠷᠠᠭᠠᠯᠵᠠᠯᠲᠤ ᠡᠵᠡᠩᠨᠡᠨ ᠪᠣᠷᠣᠯᠠᠭᠤᠯᠬᠤ ᠠᠷᠭ᠎ᠠ ᠪᠠᠷᠢᠯ ᠠᠪᠴᠤ᠂ ᠬᠡᠷᠡᠭᠯᠡᠭᠴᠢᠳ ᠲᠤ ᠪᠣᠳᠠᠲᠤ ᠠᠰᠢᠭ ᠬᠦᠷᠲᠡᠭᠡᠬᠦ ᠬᠡᠷᠡᠭᠲᠡᠶ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠤᠷᠢᠳᠴᠢᠯᠠᠨ ᠦᠢᠯᠡᠴᠢᠯᠡᠵᠦ᠂ ᠪᠣᠯᠪᠠᠰᠤᠷᠠᠭᠤᠯᠤᠯ ᠢᠶᠠᠨ ᠴᠢᠩᠭᠠᠳᠬᠠᠨ᠂ ᠨᠥᠬᠦᠴᠡᠯ ᠳᠤ ᠨᠡᠶᠢᠴᠡᠬᠦ ᠬᠢᠵᠠᠭᠠᠷ ᠠᠴᠠ ᠳᠡᠭᠡᠭᠰᠢᠬᠢ ᠠᠵᠤ ᠠᠬᠤᠶᠢᠯᠠᠯ ᠤᠨ ᠲᠠᠰ ᠳᠡᠪᠰᠢᠨ ᠨᠢᠭᠡᠳᠦᠯᠲᠡᠶ ᠪᠠᠶᠢᠬᠤ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠬᠦ ᠶᠢ ᠵᠢᠯᠣᠭᠤᠳᠤᠨ ᠬᠠᠪᠰᠤᠷᠬᠤ ᠬᠡᠷᠡᠭᠲᠡᠶ ᠭᠡᠵᠤ ᠴᠢᠬᠤᠯᠠᠴᠢᠯᠠᠪᠠ᠃    ᠪᠠᠶ ᠬᠠᠶ ᠯᠢᠨ ᠬᠤᠶᠢᠳᠣ ᠲᠣᠭᠤᠷᠢᠯ ᠵᠠᠮ ᠤᠨ ᠪᠢ ᠶᠠ ᠳ᠋ᠢ 4S ᠳᠡᠯᠭᠡᠭᠦᠷ ᠪᠣᠯᠤᠨ ᠵᠢᠩ ᠳ᠋ᠦᠩ ᠬᠡᠷ ᠤᠨ ᠴᠠᠬᠢᠯᠭᠠᠨ ᠬᠡᠷᠡᠭᠰᠡᠯ ᠤᠨ ᠲᠦᠷᠭᠡᠨ 8 ᠳᠡᠯᠭᠡᠭᠦᠷ ᠲᠤ ᠣᠷᠣᠵᠤ ᠮᠠᠰᠢᠨ ᠲᠡᠷᠭᠡ᠂ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠵᠠᠬ᠎ᠠ ᠳᠡᠯᠭᠡᠭᠦᠷ ᠤᠨ ᠲᠤᠰᠬᠠᠯ ᠵᠡᠷᠭᠡ ᠪᠠᠶᠢᠳᠠᠯ ᠢ ᠣᠶᠢᠯᠠᠭᠠᠪᠠ᠃ ᠲᠡᠷᠡ᠂ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠪᠣᠯ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠥᠬᠦᠭᠡᠷᠦᠮᠵᠢ ᠪᠠᠨ ᠰᠢᠨᠡᠳᠬᠡᠬᠦ᠂ ᠬᠡᠷᠡᠭᠯᠡᠭᠡᠨ ᠤ ᠵᠦᠢᠯ ᠢᠶᠠᠨ ᠬᠠᠭᠤᠴᠢᠨ ᠢᠶᠠᠷ ᠰᠢᠨ᠎ᠡ ᠶᠢ ᠰᠣᠯᠢᠬᠤ᠂ ᠡᠭᠡᠭᠦᠯᠦᠨ ᠬᠤᠷᠢᠶᠠᠵᠤ ᠡᠷᠭᠢᠯᠳᠦᠭᠦᠯᠦᠨ ᠠᠰᠢᠭᠯᠠᠬᠤ᠂ ᠪᠠᠷᠢᠮᠵᠢᠶ᠎ᠠ ᠪᠠᠨ ᠳᠡᠭᠡᠭᠰᠢᠯᠡᠭᠦᠯᠬᠦ ᠵᠡᠷᠭᠡ ᠳᠥᠷᠪᠡᠨ ᠶᠡᠭᠡ ᠠᠵᠢᠯᠯᠠᠭ᠎ᠠ ᠶᠢ ᠡᠮᠬᠢ ᠵᠢᠷᠤᠮ ᠲᠠᠢ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠬᠡᠷ ᠤᠨ ᠴᠠᠬᠢᠯᠭᠠᠨ ᠬᠡᠷᠡᠭᠰᠡᠯ᠂ ᠬᠡᠷ ᠤᠨ ᠴᠢᠮᠡᠭᠯᠡᠯ ᠤᠨ ᠬᠡᠷᠡᠭᠰᠡᠯ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠥᠷᠨᠢᠭᠦᠯᠵᠦ᠂ ᠨᠥᠬᠦᠪᠥᠷᠢ ᠥᠭᠬᠦ᠂ ᠰᠣᠯᠢᠵᠤ ᠬᠤᠳᠠᠯᠳᠤᠨ ᠠᠪᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ᠬᠤᠳᠠᠯᠳᠤᠭᠠᠴᠢᠳ ᠢ ᠵᠢᠯᠣᠭᠤᠳᠤᠨ ᠦᠨᠡᠨ ᠪᠣᠳᠠᠲᠠᠶ ᠬᠠᠷᠠᠭᠠᠯᠵᠠᠯ ᠤᠨ ︽ᠶᠡᠭᠡ ᠪᠡᠯᠡᠭ︾ ᠭᠠᠷᠭᠠᠵᠤ᠂ ᠠᠷᠠᠳ ᠣᠯᠠᠨ ᠳᠤ ᠦᠨᠡᠨ ᠬᠦ ᠪᠣᠳᠠᠰ ᠤᠨ ᠦᠨ᠎ᠡ ᠬᠢᠮᠳᠠ᠂ ᠬᠡᠷᠡᠭᠯᠡᠭᠡᠨ ᠤ ᠦᠢᠯᠡᠴᠢᠯᠡᠭᠡ ᠰᠠᠶᠢᠨ᠂ ᠦᠨᠡᠲᠡᠢ ᠪᠡᠨᠡᠲᠡᠢ ᠡᠳ᠋ ᠪᠠᠷᠠᠭ᠎ᠠ ᠶᠢ ᠡᠳ᠋ᠯᠡᠭᠦᠯᠬᠦ ᠬᠡᠷᠡᠭᠲᠡᠢ ᠭᠡᠵᠤ ᠵᠢᠭᠠᠵᠣ ᠭᠠᠷᠭᠠᠪᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号