| | | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ | | | 721 ᠳ᠋ᠦ᠋ᠭᠡᠷ ᠲᠣᠭᠠᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ | ᠲᠦᠪᠰᠢᠨ ᠤ ᠬᠠᠤᠯᠢ ᠶᠢ ᠬᠡᠷᠡᠭᠵᠢᠭᠦᠯᠬᠦ ᠳᠦᠷᠢᠮ︾ ᠢ 2019 ᠣᠨ ᠤ 3 ᠳ᠋ᠤᠭᠠᠷ ᠰᠠᠷ᠎ᠠ ᠶᠢᠨ 26 ᠤ ᠡᠳᠦᠷ | ᠲᠥᠷᠦ ᠶᠢᠨ ᠶᠠᠪᠤᠳᠠᠯ ᠤᠨ ᠬᠤᠷᠢᠶᠠᠨ ᠤ 42 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠠᠴᠠ ᠵᠠᠰᠠᠪᠤᠷᠢ | ᠣᠷᠣᠭᠤᠯᠵᠤ ᠪᠠᠲᠤᠯᠠᠪᠠ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠳᠦᠷᠢᠮ︾ ᠢ ᠣᠳᠣ ᠨᠡᠶᠢᠲᠡᠯᠡᠪᠡ᠂ | 2019 ᠣᠨ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠶᠡᠷᠦᠩᠬᠡᠶ ᠰᠠᠶᠢᠳ ᠯᠢ ᠺᠧ ᠴᠢᠶᠠᠩ 2019 ᠣᠨ` ᠤ 10 ᠳ᠋ᠤᠭᠠᠷ ᠰᠠᠷ᠎ᠠ ᠶᠢᠨ 11 ᠤ ᠡᠳᠦᠷ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠦᠷ ᠲᠦᠪᠰᠢᠨ ᠤ ᠬᠠᠤᠯᠢ ᠶᠢ ᠬᠡᠷᠡᠭᠵᠢᠭᠦᠯᠬᠦ ᠲᠦᠷᠢᠮ ︵ | 2009 ᠣᠨ ᠤ 7 ᠳ᠋ᠤᠭᠠᠷ ᠰᠠᠷ᠎ᠠ ᠶᠢᠨ 20 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠥᠷᠥ ᠶᠢᠨ ᠶᠠᠪᠤᠳᠠᠯ ᠤᠨ ᠬᠤᠷᠢᠶᠠᠨ ᠤ 557 ᠳ᠋ᠤᠭᠠᠷ ᠵᠠᠷᠯᠢᠭ ᠢᠶᠠᠷ ᠨᠡᠶᠢᠲᠡᠯᠡᠪᠡ 2016 ᠣᠨ ᠤ 2 ᠳ᠋ᠤᠭᠠᠷ | ᠰᠠᠷ᠎ᠠ ᠶᠢᠨ 6 ᠤ ᠡᠳᠦᠷ ᠤᠨ ︽ᠬᠡᠰᠡᠭ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ | ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠢ ᠦᠨᠳᠦᠰᠦᠯᠡᠪᠡ 2019 ᠣᠨ ᠤ 3 ᠳ᠋ᠤᠭᠠᠷ | ᠰᠠᠷ᠎ᠠ ᠶᠢᠨ 26 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ 42 ᠳ᠋ᠤᠭᠠᠷ ᠤᠳᠠᠭ᠎ᠠ ᠶᠢᠨ ᠪᠠᠶᠢᠩᠭᠤ ᠶᠢᠨ | ᠬᠤᠷᠠᠯ ᠠᠴᠠ ᠵᠠᠰᠠᠪᠤᠷᠢ ᠣᠷᠣᠭᠤᠯᠵᠤ ᠪᠠᠲᠤᠯᠠᠪᠠ︶ | ᠨᠢᠭᠡᠳᠦᠭᠡᠷ ᠪᠦᠯᠦᠭ ᠶᠡᠷᠦᠩᠬᠡᠶ ᠳᠦᠷᠢᠮ | ᠨᠢᠭᠡᠳᠦᠭᠡᠷ ᠵᠤᠷᠪᠤᠰ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ | ᠲᠦᠪᠰᠢᠨ ᠤ ᠬᠠᠤᠯᠢ︾ ︵ᠳᠣᠷᠣᠭᠰᠢ ᠢᠳᠡᠭᠡᠨ ᠤ ᠠᠮᠤᠷ ᠲᠦᠪᠰᠢᠨ ᠤ ᠬᠠᠤᠯᠢ ᠭᠡᠵᠦ ᠲᠣᠪᠴᠢᠯᠠᠨ᠎ᠠ︶ ᠶᠢ | ᠦᠨᠳᠦᠰᠦᠯᠡᠨ᠂ ᠲᠣᠰ ᠳᠦᠷᠢᠮ ᠢ ᠲᠣᠭᠲᠠᠭᠠᠪᠠ᠃ | ᠬᠤᠶᠠᠳᠤᠭᠠᠷ ᠵᠤᠷᠪᠤᠰ ᠢᠳᠡᠭᠡᠨ ᠦᠶᠯᠡᠳᠪᠦᠷᠢᠯᠡᠨ ᠡᠵᠡᠩᠨᠡᠭᠴᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ | ᠢᠳᠡᠭᠡᠨ ᠤ ᠠᠮᠦᠷ ᠲᠦᠪᠰᠢᠨ ᠤ ᠪᠠᠷᠢᠮᠵᠢᠶ᠎ᠠ ᠶᠣᠰᠣᠭᠠᠷ ᠦᠶᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠬᠢᠵᠦ᠂ | ᠢᠳᠡᠭᠡᠨ ᠤ ᠠᠮᠦᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠪᠦᠲᠦᠮᠵᠢᠲᠡᠶ | ᠠᠷᠭ᠎ᠠ ᠬᠡᠮᠵᠢᠶ᠎ᠡ ᠠᠪᠴᠤ ᠢᠳᠡᠭᠡᠨ ᠤ ᠠᠮᠦᠷ ᠲᠦᠪᠰᠢᠨ ᠤ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠪᠠ | ᠬᠢᠵᠠᠭᠠᠷᠯᠠᠵᠤ᠂ ᠢᠳᠡᠭᠡᠨ ᠤ ᠠᠮᠦᠷ ᠲᠦᠪᠰᠢᠨ ᠢ ᠪᠠᠲᠤᠯᠠᠬᠤ ᠬᠡᠷᠡᠭᠲᠡᠶ᠃ | ᠭᠤᠷᠪᠠᠳᠤᠭᠠᠷ ᠵᠤᠷᠪᠤᠰ ᠲᠥᠷᠦ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠶᠤᠯᠭᠦᠶ ᠶᠢᠨ ᠵᠥᠪᠯᠡᠯ ᠨᠢ | ᠢᠳᠡᠭᠡᠨ ᠤ ᠠᠶᠤᠯᠭᠦᠶ ᠶᠢᠨ ᠪᠠᠶᠢᠳᠠᠯ ᠢ ᠵᠠᠳᠠᠯᠤᠨ ᠰᠢᠨᠵᠢᠯᠡᠬᠦ ᠶᠢ ᠬᠠᠷᠢᠭᠤᠴᠠᠵᠤ᠂ ᠢᠳᠡᠭᠡᠨ ᠤ ᠠᠶᠤᠯᠭᠦᠶ ᠶᠢᠨ | ᠠᠵᠢᠯ ᠢ ᠰᠤᠳᠤᠯᠤᠨ ᠪᠠᠶᠢᠷᠢᠯᠠᠭᠤᠯᠵᠤ᠂ ᠨᠢᠭᠡᠳᠦᠯᠲᠡᠶ ᠲᠥᠯᠥᠪᠯᠡᠨ ᠵᠢᠯᠣᠭᠤᠳᠴᠤ᠂ ᠢᠳᠡᠭᠡᠨ ᠤ ᠠᠶᠤᠯᠭᠦᠶ ᠶᠢᠨ | ᠬᠢᠨᠠᠯᠲᠠ ᠬᠠᠮᠢᠶᠠᠷᠤᠯᠲᠠ ᠶᠢᠨ ᠴᠢᠬᠤᠯᠠ ᠶᠡᠭᠡ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ | ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠰᠢᠪᠠᠳᠠᠨ ᠨᠠᠶᠢᠳᠠᠪᠤᠷᠢᠵᠢᠭᠤᠯᠤᠨ᠎ᠠ᠃ | ᠰᠢᠶᠠᠨ ︵ᠬᠤᠰᠢᠭᠤ︶ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠤ ᠢᠳᠡᠭᠡᠨ ᠤ ᠠᠶᠤᠯᠭᠦᠶ ᠶᠢᠨ ᠵᠥᠪᠯᠡᠯ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠠᠵᠢᠯ ᠢᠶᠠᠨ ᠥᠷᠨᠢᠭᠦᠯᠦᠨ᠎ᠡ᠃ | ᠳᠥᠷᠪᠡᠳᠦᠭᠡᠷ ᠵᠤᠷᠪᠤᠰ ᠰᠢᠶᠠᠨ ︵ᠬᠤᠰᠢᠭᠤ︶ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠨᠢᠭᠡᠳᠦᠯᠲᠡᠶ ᠡᠷᠬᠡ ᠰᠦᠷᠲᠦ ᠪᠠᠶᠢᠭᠤᠯᠤᠯ ᠢ | ᠪᠠᠶᠢᠭᠤᠯᠵᠤ᠂ ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ | ᠰᠢᠶᠠᠨ ︵ᠬᠤᠰᠢᠭᠤ︶ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠢᠳᠡᠭᠡᠨ ᠤ | ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠪᠤᠰᠤᠳ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠶᠴᠡᠳᠬᠡᠵᠦ᠂ ᠵᠣᠬᠢᠴᠠᠭᠤᠯᠤᠨ ᠬᠠᠮᠵᠢᠯᠴᠠᠬᠤ ᠪᠠᠨ | ᠴᠢᠩᠭᠠᠳᠬᠠᠨ᠂ ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠭᠦᠢᠴᠡᠳᠬᠡᠬᠦ | ᠬᠡᠷᠡᠭᠲᠡᠶ᠃ | ᠰᠢᠶᠠᠩ ︵ᠰᠤᠮᠤ︶ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠶᠢᠨ ᠬᠡᠷᠡᠭ ᠡᠷᠬᠢᠯᠡᠬᠦ ᠭᠠᠵᠠᠷ ᠰᠢᠶᠠᠨ ︵ᠬᠤᠰᠢᠭᠤ︶ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠲᠡᠭᠦᠨ ᠤ | ᠲᠣᠮᠢᠯᠠᠭᠰᠠᠨ ᠪᠠᠶᠢᠭᠤᠯᠤᠮᠵᠢ ᠶᠢᠨ ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠤᠯᠢ | ᠶᠣᠰᠣᠭᠠᠷ ᠥᠷᠨᠢᠭᠦᠯᠬᠦ ᠶᠢ ᠳᠠᠮᠵᠢᠨ ᠬᠠᠪᠰᠤᠷᠬᠤ ᠬᠡᠷᠡᠭᠲᠡᠶ᠃ | ᠲᠠᠪᠤᠳᠤᠭᠠᠷ ᠵᠤᠷᠪᠤᠰ ᠤᠯᠤᠰ ᠤᠨ ᠢᠳᠡᠭᠡᠨ ᠤ ᠠᠶᠤᠯᠭᠦᠶ ᠶᠢᠨ ᠮᠡᠳᠡᠯᠭᠡ ᠶᠢ ᠤᠯᠤᠰ ᠠᠷᠠᠳ ᠤᠨ ᠬᠡᠪ | ᠴᠢᠨᠠᠷ ᠤᠨ ᠬᠥᠮᠦᠵᠢᠯ ᠤᠨ ᠠᠭᠤᠯᠭ᠎ᠠ ᠳᠤ ᠣᠷᠣᠭᠤᠯᠵᠤ᠂ ᠢᠳᠡᠭᠡᠨ ᠤ ᠠᠶᠤᠯᠭᠦᠶ ᠶᠢᠨ ᠰᠢᠨᠵᠢᠯᠡᠬᠦ ᠤᠬᠠᠭᠠᠨᠴᠢ | ᠶᠡᠷᠦ ᠶᠢᠨ ᠮᠡᠳᠡᠯᠭᠡ ᠪᠠ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠪᠦᠬᠦ ᠨᠡᠶᠢᠭᠡᠮ ᠤᠨ ᠢᠳᠡᠭᠡᠨ ᠤ | ᠠᠶᠤᠯᠭᠦᠶ ᠶᠢᠨ ᠤᠬᠠᠮᠰᠠᠷ ᠢ ᠳᠡᠭᠡᠭᠰᠢᠯᠡᠭᠦᠯᠦᠨ᠎ᠡ᠃ | ᠬᠤᠶᠠᠳᠤᠭᠠᠷ ᠪᠦᠯᠦᠭ ᠢᠳᠡᠭᠡᠨ ᠤ ᠠᠶᠤᠯᠭᠦᠶ ᠶᠢᠨ ᠠᠶᠤᠯ ᠲᠦᠭᠰᠢᠭᠦᠷᠢ ᠶᠢ ᠬᠢᠨᠠᠨ ᠬᠡᠮᠵᠢᠬᠦ ᠪᠠ ᠦᠨᠡᠯᠡᠨ | ᠵᠢᠱᠢᠬᠦ | ᠵᠢᠷᠭᠤᠳᠤᠭᠠᠷ ᠵᠤᠷᠪᠤᠰ ᠰᠢᠶᠠᠨ ︵ᠬᠤᠰᠢᠭᠤ︶ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠳᠠᠯᠢ ᠱᠠᠲᠤᠨ ᠤ ᠢᠳᠡᠭᠡᠨ ᠤ | ᠠᠶᠤᠯᠭᠦᠶ ᠶᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠢᠳᠡᠭᠡᠨ ᠤ ᠠᠶᠤᠯᠭᠦᠶ ᠶᠢᠨ | ᠠᠶᠤᠯ ᠲᠦᠭᠰᠢᠭᠦᠷᠢ ᠶᠢ ᠬᠢᠨᠠᠨ ᠬᠡᠮᠵᠢᠵᠦ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠠᠶᠤᠯ ᠲᠦᠭᠰᠢᠭᠦᠷᠢ ᠶᠢ | ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠵᠠᠳᠠᠯᠵᠤ᠂ ᠢᠳᠡᠭᠡᠨ ᠤ ᠠᠶᠤᠯᠭᠦᠶ ᠶᠢᠨ ᠠᠶᠤᠯ | ᠲᠦᠭᠰᠢᠭᠦᠷᠢ ᠶᠢ ᠵᠠᠳᠠᠯᠤᠨ ᠰᠢᠨᠵᠢᠯᠡᠵᠦ᠂ ᠢᠳᠡᠭᠡᠨ ᠤ ᠠᠶᠤᠯᠭᠦᠶ ᠶᠢᠨ ᠠᠶᠤᠯ ᠲᠦᠭᠰᠢᠭᠦᠷᠢ ᠶᠢ ᠬᠢᠨᠠᠨ ᠬᠡᠮᠵᠢᠵᠦ | ᠵᠠᠳᠠᠯᠤᠭᠰᠠᠨ ᠮᠡᠳᠡᠭᠦᠯᠦᠯᠲᠡ ᠶᠢ ᠪᠤᠢ ᠪᠣᠯᠭᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠦᠨ᠎ᠡ︔ ᠰᠢᠶᠠᠨ ︵ᠬᠤᠰᠢᠭᠤ︶ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠᠰᠠ ᠢᠳᠡᠭᠡᠨ ᠤ | ᠠᠶᠤᠯᠭᠦᠶ ᠶᠢᠨ ᠠᠶᠤᠯ ᠲᠦᠭᠰᠢᠭᠦᠷᠢ ᠶᠢ ᠬᠢᠨᠠᠨ ᠬᠡᠮᠵᠢᠵᠦ ᠵᠠᠳᠠᠯᠤᠯᠲᠠ ᠬᠢᠭᠰᠡᠨ ᠮᠡᠳᠡᠭᠦᠯᠦᠯᠲᠡ ᠶᠢ ᠳᠡᠭᠡᠷ᠎ᠡ ᠨᠢᠭᠡ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ | ᠮᠡᠳᠡᠭᠦᠯᠬᠦ ᠬᠡᠷᠡᠭᠲᠡᠶ᠃ | ᠢᠳᠡᠭᠡᠨ ᠤ ᠠᠶᠤᠯᠭᠦᠶ ᠶᠢᠨ ᠠᠶᠤᠯ ᠲᠦᠭᠰᠢᠭᠦᠷᠢ ᠶᠢ ᠬᠢᠨᠠᠨ ᠬᠡᠮᠵᠢᠵᠦ ᠵᠥᠪᠳᠡᠯᠴᠡᠬᠦ ᠪᠣᠳᠠᠲᠠᠶ ᠠᠷᠭ᠎ᠠ ᠶᠢ | ᠲᠥᠷᠦ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ | ᠲᠥᠷᠦ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ | ᠮᠥᠴᠢᠷ ᠲᠠᠢ ᠬᠠᠮᠲᠤᠷᠠᠨ ᠲᠣᠭᠲᠠᠭᠠᠨ᠎ᠠ᠃ | ᠳᠣᠯᠣᠳᠤᠭᠠᠷ ᠵᠤᠷᠪᠤᠰ ᠢᠳᠡᠭᠡᠨ ᠤ ᠠᠶᠤᠯᠭᠦᠶ ᠶᠢᠨ ᠠᠶᠤᠯ ᠲᠦᠭᠰᠢᠭᠦᠷᠢ ᠶᠢ ᠬᠢᠨᠠᠨ ᠬᠡᠮᠵᠢᠭᠰᠡᠨ ᠦᠷ᠎ᠡ | ᠳ᠋ᠦᠩ ᠨᠢ ᠢᠳᠡᠭᠡᠨ ᠤ ᠠᠶᠤᠯᠭᠦᠶ ᠶᠢᠨ ᠳᠠᠯᠳᠠ ᠭᠡᠮ ᠣᠷᠣᠰᠢᠵᠤ ᠪᠠᠶᠢᠬᠤ ᠶᠢ ᠬᠠᠷᠠᠭᠤᠯᠵᠤ᠂ ᠢᠳᠡᠭᠡᠨ ᠤ | ᠠᠶᠤᠯᠭᠦᠶ ᠶᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠯᠠᠮ ᠪᠠᠶᠢᠴᠠᠭᠠᠨ ᠨᠤᠲᠠᠯᠠᠬᠤ ᠪᠠᠷ ᠳᠠᠮᠵᠢᠭᠠᠳ | ᠬᠤᠯᠪᠣᠭᠳᠠᠯ ᠪᠦᠬᠦᠢ ᠢᠳᠡᠭᠡᠨ ᠦᠶᠯᠡᠳᠪᠦᠷᠢᠯᠡᠨ ᠡᠵᠡᠩᠨᠡᠭᠴᠢ ᠳᠤ ᠮᠡᠳᠡᠭᠳᠡᠬᠦ ᠴᠢᠬᠤᠯᠠᠲᠠᠶ ᠪᠠᠶᠢᠪᠠᠯ᠂ ᠴᠠᠭ | ᠲᠤᠬᠠᠶ ᠳᠤᠨᠢ ᠮᠡᠳᠡᠭᠳᠡᠬᠦ ᠬᠡᠷᠡᠭᠲᠡᠶ᠃ | ᠮᠡᠳᠡᠭᠳᠡᠯ ᠢ ᠣᠯᠤᠭᠰᠠᠨ ᠢᠳᠡᠭᠡᠨ ᠦᠶᠯᠡᠳᠪᠦᠷᠢᠯᠡᠨ ᠡᠵᠡᠩᠨᠡᠭᠴᠢ ᠲᠡᠷᠡ ᠳᠠᠷᠤᠶ ᠳᠤᠨᠢ ᠥᠪᠡᠷ ᠢᠶᠠᠷ | ᠪᠠᠶᠢᠴᠠᠭᠠᠵᠤ᠂ ᠢᠳᠡᠭᠡᠨ ᠨᠢ ᠢᠳᠡᠭᠡᠨ ᠤ ᠠᠶᠤᠯᠭᠦᠶ ᠶᠢᠨ ᠪᠠᠷᠢᠮᠵᠢᠶ᠎ᠠ ᠳᠤ ᠨᠡᠶᠢᠴᠡᠬᠦ ᠦᠭᠡᠢ ᠪᠤᠶᠤ ᠬᠥᠮᠦᠨ ᠤ | ᠪᠡᠶ᠎ᠡ ᠶᠢᠨ ᠡᠷᠡᠭᠦᠯ ᠮᠡᠨᠳᠦ ᠳᠤ ᠬᠤᠤᠷ ᠬᠥᠨᠥᠭᠡᠯ ᠤᠴᠠᠷᠠᠭᠤᠯᠵᠤ ᠮᠡᠳᠡᠬᠦ ᠶᠢ ᠭᠡᠷᠡᠴᠢᠯᠡᠬᠦ ᠭᠡᠷᠡᠴᠢ ᠪᠠᠷᠢᠮᠲᠠ ᠲᠠᠢ | ᠪᠠᠶᠢᠬᠤ ᠶᠢ ᠣᠯᠵᠤ ᠮᠡᠳᠡᠪᠡᠯ᠂ ᠢᠳᠡᠭᠡᠨ ᠤ ᠠᠶᠤᠯᠭᠦᠶ ᠶᠢᠨ ᠬᠠᠤᠯᠢ ᠶᠢᠨ ᠵᠢᠷᠠᠨ ᠭᠤᠷᠪᠠᠳᠤᠭᠠᠷ ᠵᠦᠶᠯ ᠤᠨ | ᠲᠣᠭᠲᠠᠭᠠᠯ ᠶᠣᠰᠣᠭᠠᠷ ᠦᠶᠯᠡᠳᠪᠦᠷᠢᠯᠡᠬᠦ᠂ ᠡᠵᠡᠩᠨᠡᠬᠦ ᠪᠠᠨ ᠵᠣᠭᠰᠣᠭᠠᠵᠤ᠂ ᠢᠳᠡᠭᠡᠨ ᠤ ᠵᠦᠶᠯ ᠢ ᠪᠤᠴᠠᠭᠠᠨ | ᠠᠪᠴᠢᠷᠠᠬᠤ ᠶᠢ ᠬᠡᠷᠡᠭᠵᠢᠭᠦᠯᠬᠦ ᠪᠥᠭᠡᠳ ᠬᠤᠯᠪᠣᠭᠳᠠᠯ ᠪᠦᠬᠦᠢ ᠪᠠᠶᠢᠳᠠᠯ ᠢ ᠮᠡᠳᠡᠭᠦᠯᠬᠦ ᠬᠡᠷᠡᠭᠲᠡᠶ᠃ | ᠨᠠᠢᠮᠠᠳᠤᠭᠠᠷ ᠵᠤᠷᠪᠤᠰ ᠲᠥᠷᠦ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭ᠎ᠠ᠂ | ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠷᠢᠶᠠᠨ ᠡᠮ᠂ ᠪᠣᠷᠳᠣᠭᠤᠷ᠂ | ᠮᠠᠯ ᠤᠨ ᠡᠮ᠂ ᠲᠡᠵᠢᠭᠡᠯ ᠪᠣᠷᠳᠤᠭ᠎ᠠ ᠪᠣᠯᠤᠨ ᠲᠡᠵᠢᠭᠡᠯ ᠪᠣᠷᠳᠣᠭᠠᠨ ᠤ ᠨᠡᠮᠡᠯᠲᠡ ᠡᠳ᠋ ᠵᠡᠷᠭᠡ ᠳᠤ ᠠᠶᠤᠯᠬᠦᠢ ᠶᠢᠨ | ᠦᠨᠡᠯᠡᠨ ᠵᠢᠱᠢᠯᠲᠡ ᠬᠢᠬᠦ ᠴᠢᠬᠤᠯᠠᠲᠠᠶ ᠪᠠᠶᠢᠬᠤ ᠶᠢ ᠣᠯᠵᠤ ᠮᠡᠳᠡᠪᠡᠯ᠂ ᠲᠥᠷᠦ ᠶᠢᠨ ᠶᠠᠪᠤᠳᠠᠯ ᠤᠨ ᠬᠤᠷᠢᠶᠠᠨ ᠤ | ᠲᠠᠷᠢᠶᠠᠯᠠᠩ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠠᠶᠤᠯᠬᠦᠢ ᠶᠢᠨ ᠦᠨᠡᠯᠡᠨ ᠵᠢᠱᠢᠬᠦ ᠰᠠᠨᠠᠭᠤᠯᠭ᠎ᠠ | ᠳᠤᠷᠠᠳᠬᠤ ᠬᠡᠷᠡᠭᠲᠡᠶ᠃ | ᠲᠥᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠴᠠᠭ | ᠲᠤᠬᠠᠶ ᠳᠤᠨᠢ ᠵᠣᠬᠢᠶᠠᠨ ᠪᠠᠶᠢᠭᠤᠯᠵᠤ ᠦᠨᠡᠯᠡᠨ ᠵᠢᠱᠢᠬᠦ ᠬᠡᠷᠡᠭᠲᠡᠶ ᠪᠥᠭᠡᠳ ᠲᠥᠷᠦ ᠶᠢᠨ ᠶᠠᠪᠤᠳᠠᠯ ᠤᠨ ᠬᠤᠷᠢᠶᠠᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠦᠨᠡᠯᠡᠨ ᠵᠢᠱᠢᠭᠰᠡᠨ ᠦᠷ᠎ᠡ ᠳ᠋ᠦᠩ ᠢᠶᠠᠨ ᠮᠡᠳᠡᠭᠳᠡᠬᠦ ᠬᠡᠷᠡᠭᠲᠡᠶ᠃ | ᠶᠢᠰᠦᠳᠦᠭᠡᠷ ᠵᠤᠷᠪᠤᠰ ᠲᠥᠷᠦ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠶᠤᠯᠭᠦᠶ ᠶᠢᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠢᠳᠡᠭᠡᠨ ᠤ | ᠠᠶᠤᠯᠭᠦᠶ ᠶᠢᠨ ᠠᠶᠤᠯ ᠲᠦᠭᠰᠢᠭᠦᠷᠢ ᠶᠢᠨ ᠮᠡᠳᠡᠭᠡ ᠵᠠᠩᠭᠢ ᠶᠢ ᠰᠣᠯᠢᠯᠴᠠᠬᠤ ᠲᠣᠭᠲᠠᠴᠠ ᠶᠢ ᠪᠠᠶᠢᠭᠤᠯᠵᠤ᠂ | ᠢᠳᠡᠭᠡᠨ ᠤ ᠠᠶᠤᠯᠭᠦᠶ ᠶᠢᠨ ᠠᠶᠤᠯ ᠲᠦᠭᠰᠢᠭᠦᠷᠢ ᠶᠢᠨ ᠮᠡᠳᠡᠭᠡ ᠵᠠᠩᠭᠢ ᠶᠢ ᠰᠣᠯᠢᠯᠴᠠᠬᠤ ᠠᠭᠤᠯᠭ᠎ᠠ᠂ ᠵᠢᠷᠤᠮ ᠪᠠ | ᠱᠠᠭᠠᠷᠳᠠᠯᠭ᠎ᠠ ᠶᠢ ᠲᠣᠳᠣᠷᠬᠠᠶ ᠪᠣᠯᠭᠠᠨ᠎ᠠ᠃ | ᠭᠤᠷᠪᠠᠳᠤᠭᠠᠷ ᠪᠦᠯᠦᠭ ᠢᠳᠡᠭᠡᠨ ᠤ ᠠᠶᠤᠯᠭᠦᠶ ᠶᠢᠨ ᠪᠠᠷᠢᠮᠵᠢᠶ᠎ᠠ | ᠠᠷᠪᠠᠳᠤᠭᠠᠷ ᠵᠤᠷᠪᠤᠰ ᠲᠥᠷᠦ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠲᠥᠷᠦ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ᠂ | ᠲᠠᠷᠢᠶᠠᠯᠠᠩ ᠤᠨ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠢᠳᠡᠭᠡᠨ ᠤ ᠠᠶᠤᠯᠭᠦᠶ ᠶᠢᠨ ᠤᠯᠤᠰ ᠤᠨ | ᠪᠠᠷᠢᠮᠵᠢᠶ᠎ᠠ ᠶᠢᠨ ᠲᠥᠯᠥᠪᠵᠢᠭᠦᠯᠪᠡ ᠵᠢᠴᠢ ᠲᠡᠭᠦᠨ ᠤ ᠣᠨ ᠤ ᠬᠡᠷᠡᠭᠵᠢᠭᠦᠯᠬᠦ ᠲᠥᠯᠥᠪᠯᠡᠭᠡ ᠶᠢ ᠲᠣᠭᠲᠠᠭᠠᠨ᠎ᠠ᠃ | ᠲᠥᠷᠦ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ | ᠲᠡᠬᠦᠨ ᠤ ᠰᠦᠯᠵᠢᠶᠡᠨ ᠥᠷᠲᠡᠭᠡ ᠳᠡᠭᠡᠷ᠎ᠡ ᠪᠠᠨ ᠢᠳᠡᠭᠡᠨ ᠤ ᠠᠶᠤᠯᠭᠦᠶ ᠶᠢᠨ ᠤᠯᠤᠰ ᠤᠨ ᠪᠠᠷᠢᠮᠵᠢᠶ᠎ᠠ ᠶᠢᠨ | ᠲᠥᠯᠥᠪᠵᠢᠭᠦᠯᠪᠡ ᠵᠢᠴᠢ ᠲᠡᠭᠦᠨ ᠤ ᠣᠨ ᠤ ᠬᠡᠷᠡᠭᠵᠢᠭᠦᠯᠬᠦ ᠲᠥᠯᠥᠪᠯᠡᠭᠡ ᠶᠢᠨ ᠲᠥᠰᠦᠯ ᠢ ᠨᠡᠶᠢᠲᠡᠯᠡᠵᠦ᠂ ᠢᠯᠡ ᠪᠠᠷ | ᠰᠠᠨᠠᠯ ᠬᠤᠷᠢᠶᠠᠬᠤ ᠬᠡᠷᠡᠭᠲᠡᠶ᠃ | ᠠᠷᠪᠠᠨ ᠨᠢᠭᠡᠳᠦᠭᠡᠷ ᠵᠤᠷᠪᠤᠰ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ | ᠢᠳᠡᠭᠡᠨ ᠤ ᠠᠶᠤᠯᠬᠦᠢ ᠶᠢᠨ ᠬᠠᠤᠯᠢ ᠶᠢᠨ ᠬᠤᠷᠢ ᠶᠢᠰᠦᠳᠦᠭᠡᠷ ᠵᠤᠷᠪᠤᠰ ᠤᠨ ᠲᠣᠭᠲᠠᠭᠠᠯ ᠶᠣᠰᠣᠭᠠᠷ ᠢᠳᠡᠭᠡᠨ ᠤ | ᠠᠶᠤᠯᠬᠦᠢ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠬᠤ ᠳᠠᠭᠠᠨ ᠢᠯᠡ ᠪᠠᠷ ᠰᠠᠨᠠᠯ ᠬᠤᠷᠢᠶᠠᠬᠤ ᠬᠡᠷᠡᠭᠲᠡᠶ᠃ | | ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠳᠡᠭᠡᠨ ᠤ ᠠᠶᠤᠯᠭᠦᠶ ᠶᠢᠨ ᠣᠷᠣᠨ | ᠨᠤᠲᠤᠭ ᠤᠨ ᠪᠠᠷᠢᠮᠵᠢᠶ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠠᠵᠢᠯᠯᠠᠬᠤ ᠡᠳᠦᠷ ᠤᠨ ᠳᠣᠲᠣᠷ᠎ᠠ ᠣᠷᠣᠨ | ᠨᠤᠲᠤᠭ ᠤᠨ ᠪᠠᠷᠢᠮᠵᠢᠶ᠎ᠠ ᠶᠢ ᠲᠥᠷᠦ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | ᠲᠥᠷᠦ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ | ᠳᠠᠩᠰᠠᠯᠠᠭᠤᠯᠤᠭᠰᠠᠨ ᠢᠳᠡᠭᠡᠨ ᠤ ᠠᠶᠤᠯᠭᠦᠶ ᠶᠢᠨ ᠣᠷᠣᠨ ᠨᠤᠲᠤᠭ ᠤᠨ ᠪᠠᠷᠢᠮᠵᠢᠶ᠎ᠠ ᠨᠢ ᠬᠠᠤᠯᠢ ᠴᠠᠭᠠᠵᠠ᠂ ᠬᠠᠤᠯᠢ | ᠲᠣᠭᠲᠠᠭᠠᠯ ᠪᠤᠶᠤ ᠢᠳᠡᠭᠡᠨ ᠤ ᠠᠶᠤᠯᠭᠦᠶ ᠶᠢᠨ ᠤᠯᠤᠰ ᠤᠨ ᠪᠠᠷᠢᠮᠵᠢᠶ᠎ᠠ ᠠᠴᠠ ᠵᠥᠷᠢᠴᠡᠭᠰᠡᠨ ᠢ ᠣᠯᠵᠤ ᠮᠡᠳᠡᠪᠡᠯ᠂ | ᠴᠠᠭ ᠲᠤᠬᠠᠶ ᠳᠤᠨᠢ ᠵᠠᠯᠠᠷᠠᠭᠤᠯᠬᠤ ᠬᠡᠷᠡᠭᠲᠡᠶ᠃ | ᠢᠳᠡᠭᠡᠨ ᠤ ᠠᠶᠤᠯᠭᠦᠶ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠬᠠᠤᠯᠢ ᠶᠣᠰᠣᠭᠠᠷ ᠬᠦᠴᠦᠨ ᠦᠭᠡᠢ | ᠪᠣᠯᠭᠠᠭᠰᠠᠨ ᠪᠠᠶᠢᠪᠠᠯ᠂ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠦᠴᠦᠨ ᠦᠭᠡᠢ | ᠪᠣᠯᠭᠠᠭᠰᠠᠨ ᠪᠠᠶᠢᠳᠠᠯ ᠢᠶᠠᠨ ᠰᠦᠯᠵᠢᠶᠡᠨ ᠥᠷᠲᠡᠭᠡ ᠳᠡᠭᠡᠷ᠎ᠡ ᠪᠠᠨ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ᠃ | ᠠᠷᠪᠠᠨ ᠬᠤᠶᠠᠳᠤᠭᠠᠷ ᠵᠤᠷᠪᠤᠰ ᠲᠠᠮᠢᠷᠵᠢᠭᠤᠯᠬᠤ ᠢᠳᠡᠭᠡᠨ᠂ ᠠᠨᠠᠭᠠᠬᠤ ᠤᠬᠠᠭᠠᠨ ᠤ ᠣᠨᠴᠠᠭᠠᠢ | ᠬᠡᠷᠡᠭᠴᠡᠭᠡᠲᠦ ᠨᠠᠶᠢᠷᠠᠯᠭ᠎ᠠ ᠲᠠᠢ ᠢᠳᠡᠭᠡᠨ᠂ ᠨᠢᠯᠬ᠎ᠠ ᠨᠢᠷᠠᠶ ᠬᠡᠤᠬᠡᠳ ᠤᠨ ᠨᠠᠶᠢᠷᠠᠯᠭ᠎ᠠ ᠲᠠᠢ ᠢᠳᠡᠭᠡᠨ ᠵᠡᠷᠭᠡ ᠣᠨᠴᠠᠭᠠᠢ | ᠢᠳᠡᠭᠡᠨ ᠨᠢ ᠣᠷᠣᠨ ᠨᠤᠲᠤᠭ ᠤᠨ ᠣᠨᠴᠠᠯᠢᠭ ᠪᠦᠬᠦᠢ ᠢᠳᠡᠭᠡᠨ ᠳᠤ ᠬᠠᠷᠢᠶᠠᠯᠠᠭᠳᠠᠬᠤ ᠦᠭᠡᠢ᠂ ᠲᠡᠭᠦᠨ ᠳᠤ | ᠢᠳᠡᠭᠡᠨ ᠤ ᠠᠶᠤᠯᠭᠦᠶ ᠶᠢᠨ ᠣᠷᠣᠨ ᠨᠤᠲᠤᠭ ᠤᠨ ᠪᠠᠷᠢᠮᠵᠢᠶ᠎ᠠ ᠲᠣᠭᠲᠠᠭᠠᠵᠤ ᠪᠣᠯᠬᠤ ᠦᠭᠡᠢ᠃ | ᠠᠷᠪᠠᠨ ᠭᠤᠷᠪᠠᠳᠤᠭᠠᠷ ᠵᠤᠷᠪᠤᠰ ᠢᠳᠡᠭᠡᠨ ᠤ ᠠᠶᠤᠯᠭᠦᠶ ᠶᠢᠨ ᠪᠠᠷᠢᠮᠵᠢᠶ᠎ᠠ ᠶᠢ ᠨᠡᠶᠢᠲᠡᠯᠡᠭᠰᠡᠨ ᠤ ᠳᠠᠷᠠᠭ᠎ᠠ᠂ | ᠢᠳᠡᠭᠡᠨ ᠦᠶᠯᠡᠳᠪᠦᠷᠢᠯᠡᠨ ᠡᠵᠡᠩᠨᠡᠭᠴᠢ ᠢᠳᠡᠭᠡᠨ ᠤ ᠠᠶᠤᠯᠭᠦᠶ ᠶᠢᠨ ᠪᠠᠷᠢᠮᠵᠢᠶ᠎ᠠ ᠳᠤ ᠲᠣᠭᠲᠠᠭᠠᠭᠰᠠᠨ ᠬᠡᠷᠡᠭᠵᠢᠭᠦᠯᠬᠦ | ᠡᠳᠦᠷ ᠬᠤᠭᠤᠴᠠᠭ᠎ᠠ ᠠᠴᠠ ᠡᠮᠦᠨ᠎ᠡ ᠬᠡᠷᠡᠭᠵᠢᠭᠦᠯᠬᠦ ᠶᠢᠨ ᠬᠠᠮᠲᠤ ᠤᠷᠢᠳᠴᠢᠯᠠᠨ ᠬᠡᠷᠡᠭᠵᠢᠭᠦᠯᠦᠭᠰᠡᠨ ᠪᠠᠶᠢᠳᠠᠯ ᠢᠶᠠᠨ | ᠢᠯᠡ ᠪᠠᠷ ᠨᠡᠶᠢᠲᠡᠯᠡᠵᠦ ᠪᠣᠯᠤᠨ᠎ᠠ᠃ | ᠠᠷᠪᠠᠨ ᠳᠥᠷᠪᠡᠳᠦᠭᠡᠷ ᠵᠤᠷᠪᠤᠰ ᠢᠳᠡᠭᠡᠨ ᠦᠶᠯᠡᠳᠪᠦᠷᠢᠯᠡᠬᠦ ᠠᠵᠤ ᠠᠬᠤᠶᠢᠯᠠᠯ ᠨᠢ ᠢᠳᠡᠭᠡᠨ ᠤ | ᠠᠶᠤᠯᠭᠦᠶ ᠶᠢᠨ ᠤᠯᠤᠰ ᠤᠨ ᠪᠠᠷᠢᠮᠵᠢᠶ᠎ᠠ ᠪᠤᠶᠤ ᠣᠷᠣᠨ ᠨᠤᠲᠤᠭ ᠤᠨ ᠪᠠᠷᠢᠮᠵᠢᠶ᠎ᠠ ᠶᠢᠨ ᠱᠠᠭᠠᠷᠳᠠᠯᠭ᠎ᠠ ᠠᠴᠠ ᠳᠣᠤᠷ᠎ᠠ | ᠠᠵᠤ ᠠᠬᠤᠶᠢᠯᠠᠯ ᠤᠨ ᠪᠠᠷᠢᠮᠵᠢᠶ᠎ᠠ ᠶᠢ ᠲᠣᠭᠲᠠᠭᠠᠵᠤ ᠪᠣᠯᠬᠤ ᠦᠭᠡᠢ᠃ | ᠢᠳᠡᠭᠡᠨ ᠦᠶᠯᠡᠳᠪᠦᠷᠢᠯᠡᠬᠦ ᠠᠵᠤ ᠠᠬᠤᠶᠢᠯᠠᠯ ᠢᠳᠡᠭᠡᠨ ᠤ ᠠᠶᠤᠯᠭᠦᠶ ᠶᠢᠨ ᠭᠦᠶᠴᠡᠳᠬᠡᠬᠦ ᠲᠤᠭ᠎ᠠ ᠶᠢ | ᠢᠳᠡᠭᠡᠨ ᠤ ᠠᠶᠤᠯᠭᠦᠶ ᠶᠢᠨ ᠤᠯᠤᠰ ᠤᠨ ᠪᠠᠷᠢᠮᠵᠢᠶ᠎ᠠ ᠪᠤᠶᠤ ᠣᠷᠣᠨ ᠨᠤᠲᠤᠭ ᠤᠨ ᠪᠠᠷᠢᠮᠵᠢᠶ᠎ᠠ ᠠᠴᠠ ᠦᠨᠳᠦᠷ ᠠᠵᠤ | ᠠᠬᠤᠶᠢᠯᠠᠯ ᠤᠨ ᠪᠠᠷᠢᠮᠵᠢᠶ᠎ᠠ ᠶᠢ ᠲᠣᠭᠲᠠᠭᠠᠬᠤ ᠳᠤ ᠬᠦᠷᠪᠡᠯ᠂ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | ᠢᠳᠡᠭᠡᠨ ᠦᠶᠯᠡᠳᠪᠦᠷᠢᠯᠡᠬᠦ ᠠᠵᠤ ᠠᠬᠤᠶᠢᠯᠠᠯ ᠨᠢ ᠠᠵᠤ ᠠᠬᠤᠶᠢᠯᠠᠯ ᠤᠨ ᠪᠠᠷᠢᠮᠵᠢᠶ᠎ᠠ ᠲᠣᠭᠲᠠᠭᠠᠭᠰᠠᠨ | ᠪᠠᠶᠢᠪᠠᠯ᠂ ᠢᠯᠡ ᠪᠣᠯᠭᠠᠵᠤ᠂ ᠣᠯᠠᠨ ᠨᠡᠶᠢᠲᠡ ᠳᠤ ᠦᠨ᠎ᠡ ᠲᠥᠯᠥᠪᠦᠷᠢ ᠦᠭᠡᠢ ᠪᠠᠷ ᠪᠠᠶᠢᠴᠠᠭᠠᠨ ᠦᠵᠡᠭᠦᠯᠬᠦ ᠬᠡᠷᠡᠭᠲᠡᠶ | ᠃ | ᠳᠥᠷᠪᠡᠳᠦᠭᠡᠷ ᠪᠦᠯᠦᠭ ᠢᠳᠡᠭᠡᠨ ᠤ ᠦᠶᠯᠡᠳᠪᠦᠷᠢᠯᠡᠯ ᠡᠵᠡᠩᠨᠡᠯᠲᠡ | ᠠᠷᠪᠠᠨ ᠲᠠᠪᠤᠳᠤᠭᠠᠷ ᠵᠤᠷᠪᠤᠰ ᠢᠳᠡᠭᠡᠨ ᠢ ᠦᠶᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠬᠦᠴᠦᠨ ᠲᠠᠢ | ᠬᠤᠭᠤᠴᠠᠭ᠎ᠠ ᠨᠢ 5 ᠵᠢᠯ ᠪᠣᠯᠤᠨ᠎ᠠ᠃ | ᠢᠳᠡᠭᠡᠨ ᠦᠶᠯᠡᠳᠪᠦᠷᠢᠯᠡᠨ ᠡᠵᠡᠩᠨᠡᠭᠴᠢ ᠶᠢᠨ ᠦᠶᠯᠡᠳᠪᠦᠷᠢᠯᠡᠯ ᠡᠵᠡᠩᠨᠡᠯᠲᠡ ᠶᠢᠨ ᠨᠥᠬᠦᠴᠡᠯ ᠳᠤ | ᠬᠤᠪᠢᠷᠠᠯᠲᠠ ᠭᠠᠷᠴᠤ᠂ ᠢᠳᠡᠭᠡᠨ ᠤ ᠦᠶᠯᠡᠳᠪᠦᠷᠢᠯᠡᠯ ᠡᠵᠡᠩᠨᠡᠯᠲᠡ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ | ᠪᠣᠯᠤᠭᠰᠠᠨ ᠪᠠᠶᠢᠪᠠᠯ᠂ ᠢᠳᠡᠭᠡᠨ ᠦᠶᠯᠡᠳᠪᠦᠷᠢᠯᠡᠨ ᠡᠵᠡᠩᠨᠡᠭᠴᠢ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠬᠤ | ᠠᠷᠭ᠎ᠠ ᠬᠡᠮᠵᠢᠶ᠎ᠡ ᠠᠪᠬᠤ ᠬᠡᠷᠡᠭᠲᠡᠶ︔ ᠵᠥᠪᠰᠢᠶᠡᠷᠡᠯ ᠤᠨ ᠭᠠᠷ ᠬᠦᠢᠴᠡᠳᠬᠡᠯ ᠢ ᠳᠠᠬᠢᠵᠤ ᠭᠦᠶᠴᠡᠳᠬᠡᠬᠦ ᠴᠢᠬᠤᠯᠠᠲᠠᠶ | ᠪᠣᠯ ᠬᠠᠤᠯᠢ ᠶᠣᠰᠣᠭᠠᠷ ᠭᠦᠶᠴᠡᠳᠬᠡᠬᠦ ᠬᠡᠷᠡᠭᠲᠡᠶ᠃ | ᠠᠷᠪᠠᠨ ᠵᠢᠷᠭᠤᠳᠤᠭᠠᠷ ᠵᠤᠷᠪᠤᠰ ᠲᠥᠷᠦ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠢᠳᠡᠭᠡᠨ ᠤ ᠲᠦᠭᠦᠬᠡᠶ ᠮᠠᠲ᠋ᠧᠷᠢᠶᠠᠯ᠂ ᠢᠳᠡᠭᠡᠨ ᠤ ᠨᠡᠮᠡᠯᠲᠡ ᠡᠳ᠋ ᠤᠨ ᠰᠢᠨ᠎ᠡ | ᠲᠥᠷᠥᠯ ᠵᠦᠶᠯ ᠪᠠ ᠢᠳᠡᠭᠡᠨ ᠲᠠᠢ ᠬᠤᠯᠪᠣᠭᠳᠠᠬᠤ ᠪᠦᠲᠦᠭᠡᠭᠳᠡᠬᠦᠨ ᠤ ᠰᠢᠨ᠎ᠡ ᠲᠥᠷᠥᠯ ᠵᠦᠶᠯ ᠤᠨ ᠭᠠᠷᠴᠠᠭ ᠵᠢᠴᠢ | ᠬᠡᠷᠡᠭᠯᠡᠵᠦ ᠪᠠᠶᠢᠭ᠎ᠠ ᠢᠳᠡᠭᠡᠨ ᠤ ᠠᠶᠤᠯᠭᠦᠶ ᠶᠢᠨ ᠲᠤᠬᠠᠶ ᠤᠯᠤᠰ ᠤᠨ ᠪᠠᠷᠢᠮᠵᠢᠶ᠎ᠠ ᠶᠢ ᠴᠠᠭ ᠲᠤᠬᠠᠶ ᠳᠤᠨᠢ ᠨᠡᠶᠢᠲᠡᠯᠡᠬᠦ | ᠬᠡᠷᠡᠭᠲᠡᠶ᠃ | ᠤᠯᠠᠮᠵᠢᠯᠠᠯ ᠶᠣᠰᠣᠭᠠᠷ ᠢᠳᠡᠭᠡᠨ ᠪᠣᠯᠬᠤ ᠮᠥᠷᠲᠡᠭᠡᠨ ᠪᠠᠰᠠ ᠬᠢᠲᠠᠳ ᠡᠮ ᠤᠨ ᠮᠠᠲ᠋ᠧᠷᠢᠶᠠᠯ ᠪᠣᠯᠬᠤ | ᠪᠣᠳᠠᠰ ᠤᠨ ᠭᠠᠷᠴᠠᠭ ᠢ ᠲᠥᠷᠦ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠠᠴᠠ ᠲᠥᠷᠦ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠶᠤᠯᠭᠦᠶ ᠶᠢᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠴᠠᠭ ᠲᠤᠬᠠᠶ ᠳᠤᠨᠢ ᠰᠢᠨᠡᠳᠬᠡᠬᠦ ᠬᠡᠷᠡᠭᠲᠡᠶ᠃ | ᠠᠷᠪᠠᠨ ᠳᠣᠯᠣᠳᠤᠭᠠᠷ ᠵᠤᠷᠪᠤᠰ ᠲᠥᠷᠦ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠶᠤᠯᠭᠦᠶ ᠶᠢᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠥᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠤᠨ ᠵᠠᠰᠠᠭ | ᠵᠠᠬᠢᠷᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠢᠳᠡᠭᠡᠨ ᠤ ᠠᠶᠤᠯᠭᠦᠶ ᠶᠢᠨ ᠪᠦᠬᠦ | ᠶᠠᠪᠤᠴᠠ ᠶᠢ ᠮᠥᠷᠳᠡᠨ ᠤᠬᠤᠴᠢᠯᠠᠬᠤ ᠦᠨᠳᠦᠰᠦᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠢᠳᠡᠭᠡᠨ ᠦᠶᠯᠡᠳᠪᠦᠷᠢᠯᠡᠨ | ᠡᠵᠡᠩᠨᠡᠭᠴᠢ ᠶᠢᠨ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠢᠳᠡᠭᠡᠨ ᠤ ᠠᠶᠤᠯᠭᠦᠶ ᠶᠢᠨ ᠮᠥᠷᠳᠡᠨ | ᠤᠬᠤᠴᠢᠯᠠᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠵᠢᠭᠠᠨ ᠵᠢᠯᠣᠭᠤᠳᠤᠨ᠎ᠠ᠃ | ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢᠯᠬ᠎ᠠ ᠬᠡᠤᠬᠡᠳ ᠤᠨ | ᠢᠳᠡᠭᠡᠨ ᠤ ᠨᠠᠶᠢᠷᠠᠯᠭ᠎ᠠ ᠲᠠᠢ ᠢᠳᠡᠭᠡᠨ ᠵᠡᠷᠭᠡ ᠣᠨᠴᠠ ᠲᠣᠭᠲᠠᠭᠰᠠᠨ ᠬᠥᠮᠦᠰ ᠲᠤ ᠴᠢᠭᠯᠡᠭᠦᠯᠦᠭᠰᠡᠨ ᠢᠳᠡᠭᠡᠨ ᠵᠢᠴᠢ | ᠢᠳᠡᠭᠡᠨ ᠤ ᠠᠶᠤᠯᠭᠦᠶ ᠶᠢᠨ ᠪᠤᠰᠤᠳ ᠠᠶᠤᠯ ᠠᠶᠤᠯ ᠲᠦᠭᠰᠢᠭᠦᠷᠢ ᠪᠠᠷ ᠨᠡᠯᠢᠶᠡᠳ ᠥᠨᠳᠥᠷ ᠪᠤᠶᠤ ᠪᠣᠷᠣᠯᠠᠭᠤᠯᠬᠤ | ᠬᠡᠮᠵᠢᠶ᠎ᠡ ᠪᠠᠷ ᠶᠡᠭᠡ ᠢᠳᠡᠭᠡᠨ ᠤ ᠮᠥᠷᠳᠡᠨ ᠨᠡᠬᠡᠮᠵᠢᠯᠡᠬᠦ ᠰᠢᠰᠲ᠋ᠧᠮ ᠤᠨ ᠪᠠᠶᠢᠭᠤᠯᠤᠯᠲᠠ ᠶᠢ ᠬᠢᠨᠠᠨ ᠪᠠᠶᠢᠴᠠᠭᠠᠬᠤ | ᠭᠤᠤᠯᠳᠠᠯᠭ᠎ᠠ ᠪᠣᠯᠭᠠᠬᠤ ᠬᠡᠷᠡᠭᠲᠡᠶ᠃ | ᠠᠷᠪᠠᠨ ᠨᠠᠢᠮᠠᠳᠤᠭᠠᠷ ᠵᠤᠷᠪᠤᠰ ᠢᠳᠡᠭᠡᠨ ᠦᠢᠯᠡᠳᠪᠤᠷᠢᠯᠠᠨ ᠡᠵᠡᠩᠨᠡᠭᠴᠢ ᠢᠳᠡᠭᠡᠨ ᠤ ᠠᠶᠤᠯᠬᠦᠢ ᠶᠢᠨ | ᠮᠥᠷᠳᠡᠨ ᠤᠬᠤᠴᠢᠯᠠᠬᠤ ᠰᠢᠰᠲ᠋ᠧᠮᠵᠢ ᠶᠢ ᠪᠠᠶᠢᠭᠤᠯᠵᠤ᠂ ᠢᠳᠡᠭᠡᠨ ᠤ ᠠᠶᠤᠯᠬᠦᠢ ᠶᠢᠨ ᠬᠠᠤᠯᠢ ᠲᠣᠭᠲᠠᠭᠠᠯ ᠶᠣᠰᠣᠭᠠᠷ | ᠪᠠᠷᠠᠭ᠎ᠠ ᠤᠷᠤᠭᠤᠯᠬᠤ ᠰᠢᠯᠭᠠᠨ ᠪᠠᠶᠢᠴᠠᠭᠠᠯᠳᠠ᠂ ᠬᠦᠢᠯᠡᠯᠭᠡ ᠳᠤ ᠤᠷᠤᠭᠤᠯᠬᠤ ᠰᠢᠯᠭᠠᠨ ᠪᠠᠶᠢᠴᠠᠭᠠᠯᠳᠠ᠂ ᠢᠳᠡᠭᠡᠨ ᠤ | ᠪᠣᠷᠣᠯᠠᠭᠤᠯᠭ᠎ᠠ ᠵᠡᠷᠭᠡ ᠮᠡᠳᠡᠭᠡ ᠵᠠᠩᠭᠢ ᠶᠢ ᠦᠨᠡᠨ ᠪᠣᠳᠠᠲᠠᠶ ᠪᠠᠷ ᠲᠡᠮᠳᠡᠭᠯᠡᠬᠦ ᠶᠢᠨ ᠬᠠᠮᠲᠤ ᠬᠠᠳᠠᠭᠠᠯᠠᠵᠤ᠂ ᠢᠳᠡᠭᠡᠨ ᠤ | ᠮᠥᠷᠳᠡᠨ ᠤᠬᠤᠴᠢᠯᠠᠵᠤ ᠪᠣᠯᠬᠤ ᠶᠢ ᠪᠠᠲᠤᠯᠠᠬᠤ ᠬᠡᠷᠡᠭᠲᠡᠶ᠃ | ᠠᠷᠪᠠ ᠶᠢᠰᠦᠳᠦᠭᠡᠷ ᠵᠤᠷᠪᠤᠰ ᠢᠳᠡᠭᠡᠨ ᠦᠢᠯᠡᠳᠪᠦᠷᠢᠯᠡᠨ ᠡᠵᠡᠩᠨᠡᠭᠴᠢ ᠠᠵᠤ ᠠᠬᠤᠶᠢᠯᠠᠯ ᠤᠨ ᠭᠤᠤᠯ | ᠬᠠᠷᠢᠭᠤᠴᠠᠯᠭᠠᠲᠠᠨ ᠨᠢ ᠲᠣᠰ ᠠᠵᠤ ᠠᠬᠤᠶᠢᠯᠠᠯ ᠤᠨ ᠢᠶᠠᠨ ᠢᠳᠡᠭᠡᠨ ᠤ ᠠᠶᠤᠯᠬᠦᠢ ᠶᠢᠨ ᠠᠵᠢᠯ ᠢ ᠪᠦᠬᠦ ᠲᠠᠯ᠎ᠠ ᠪᠠᠷ | ᠬᠠᠷᠢᠭᠤᠴᠠᠵᠤ᠂ ᠲᠣᠰ ᠠᠵᠤ ᠠᠬᠤᠶᠢᠯᠠᠯ ᠤᠨ ᠢᠶᠠᠨ ᠢᠳᠡᠭᠡᠨ ᠤ ᠠᠶᠤᠯᠬᠦᠢ ᠶᠢᠨ ᠬᠠᠷᠢᠭᠤᠴᠠᠯᠭ᠎ᠠ ᠶᠢᠨ ᠳᠦᠷᠢᠮ ᠢ | ᠪᠠᠶᠢᠭᠤᠯᠤᠨ ᠨᠠᠶᠢᠳᠠᠪᠤᠷᠢᠵᠢᠭᠤᠯᠬᠤ᠂ ᠬᠤᠳᠠᠯᠳᠤᠭᠴᠢ ᠶᠢ ᠬᠠᠮᠢᠶᠠᠷᠬᠤ᠂ ᠪᠠᠷᠠᠭ᠎ᠠ ᠤᠷᠤᠭᠤᠯᠬᠤ ᠰᠢᠯᠭᠠᠨ | ᠪᠠᠶᠢᠴᠠᠭᠠᠯᠳᠠ ᠪᠠ ᠬᠦᠢᠯᠡᠯᠭᠡ ᠳᠤ ᠤᠷᠤᠭᠤᠯᠬᠤ ᠰᠢᠯᠭᠠᠨ ᠪᠠᠶᠢᠴᠠᠭᠠᠯᠳᠠ᠂ ᠦᠶᠯᠡᠳᠪᠦᠷᠢᠯᠡᠵᠦ ᠡᠵᠡᠩᠨᠡᠬᠦ ᠶᠠᠪᠤᠴᠠ ᠶᠢ | ᠡᠵᠡᠮᠳᠡᠬᠦ᠂ ᠢᠳᠡᠭᠡᠨ ᠤ ᠠᠶᠤᠯᠬᠦᠢ ᠶᠢ ᠥᠪᠡᠷ ᠲᠡᠭᠡᠨ ᠪᠠᠶᠢᠴᠠᠭᠠᠬᠤ ᠵᠡᠷᠭᠡ ᠠᠵᠢᠯ ᠢ ᠴᠢᠩᠭᠠᠳᠬᠠᠬᠤ ᠬᠡᠷᠡᠭᠲᠡᠶ᠃ | ᠢᠳᠡᠭᠡᠨ ᠦᠢᠯᠡᠳᠪᠤᠷᠢᠯᠡᠨ ᠡᠵᠡᠩᠨᠡᠭᠴᠢ ᠠᠵᠤ ᠠᠬᠤᠶᠢᠯᠠᠯ ᠤᠨ ᠢᠳᠡᠭᠡᠨ ᠤ ᠠᠶᠤᠯᠭᠦᠶ ᠶᠢᠨ | ᠬᠠᠮᠢᠶᠠᠷᠤᠯᠲᠠ ᠶᠢᠨ ᠠᠵᠢᠯᠲᠠᠨ ᠨᠢ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠢ ᠬᠠᠪᠰᠤᠷᠴᠤ ᠢᠳᠡᠭᠡᠨ ᠤ | ᠠᠶᠤᠯᠭᠦᠶ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠭᠦᠢᠴᠡᠳᠬᠡᠬᠦ ᠬᠡᠷᠡᠭᠲᠡᠶ᠃ | ᠬᠤᠷᠢᠳᠤᠭᠠᠷ ᠵᠤᠷᠪᠤᠰ ᠢᠳᠡᠭᠡᠨ ᠢ ᠦᠢᠯᠡᠳᠪᠤᠷᠢᠯᠡᠨ ᠡᠵᠡᠩᠨᠡᠭᠴᠢ ᠠᠵᠤ ᠠᠬᠤᠶᠢᠯᠠᠯ ᠢᠳᠡᠭᠡᠨ ᠤ | ᠠᠶᠤᠯᠭᠦᠶ ᠶᠢᠨ ᠬᠠᠮᠢᠶᠠᠷᠤᠯᠲᠠ ᠶᠢᠨ ᠠᠵᠢᠯᠲᠠᠨ ᠢ ᠰᠤᠷᠭᠠᠯᠲᠠ ᠳᠤ ᠬᠠᠮᠤᠷᠤᠭᠤᠯᠬᠤ ᠪᠠ ᠬᠢᠨᠠᠨ ᠰᠢᠯᠭᠠᠬᠤ ᠪᠠᠨ | ᠴᠢᠩᠭᠠᠳᠬᠠᠬᠤ ᠬᠡᠷᠡᠭᠲᠡᠶ᠃ | ᠢᠳᠡᠭᠡᠨ ᠤ ᠠᠶᠤᠯᠭᠦᠶ ᠶᠢᠨ ᠬᠠᠮᠢᠶᠠᠷᠤᠯᠲᠠ ᠶᠢᠨ ᠠᠵᠢᠯᠲᠠᠨ ᠠᠵᠢᠯ ᠤᠨ ᠪᠠᠶᠢᠷᠢ ᠲᠠᠢ ᠪᠠᠨ ᠵᠣᠬᠢᠴᠠᠭᠰᠠᠨ | ᠢᠳᠡᠭᠡᠨ ᠤ ᠠᠶᠤᠯᠭᠦᠶ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠪᠠᠷᠢᠮᠵᠢᠶ᠎ᠠ ᠪᠠ ᠲᠤᠰᠬᠠᠶ ᠮᠡᠷᠭᠡᠵᠢᠯ ᠤᠨ | ᠮᠡᠳᠡᠯᠭᠡ ᠶᠢ ᠡᠵᠡᠮᠰᠢᠵᠦ᠂ ᠢᠳᠡᠭᠡᠨ ᠤ ᠠᠶᠤᠯᠭᠦᠶ ᠶᠢᠨ ᠬᠠᠮᠢᠶᠠᠷᠤᠯᠲᠠ ᠶᠢᠨ ᠴᠢᠳᠠᠪᠤᠷᠢ ᠲᠠᠢ ᠪᠠᠶᠢᠬᠤ ᠬᠡᠷᠡᠭᠲᠡᠶ᠃ | ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠵᠤ ᠠᠬᠤᠶᠢᠯᠠᠯ ᠤᠨ | ᠢᠳᠡᠭᠡᠨ ᠤ ᠠᠶᠤᠯᠭᠦᠶ ᠶᠢᠨ ᠬᠠᠮᠢᠶᠠᠷᠤᠯᠲᠠ ᠶᠢᠨ ᠠᠵᠢᠯᠲᠠᠨ ᠳᠤ ᠲᠣᠬᠢᠶᠠᠯᠳᠤᠯ ᠢᠶᠠᠷ ᠬᠢᠨᠠᠯᠲᠠ ᠲᠠᠯᠪᠢᠵᠤ ᠰᠣᠩᠭᠤᠨ | ᠪᠠᠶᠢᠴᠠᠭᠠᠵᠤ ᠰᠢᠯᠭᠠᠨ ᠬᠢᠨᠠᠬᠤ ᠬᠡᠷᠡᠭᠲᠡᠶ᠃ | ᠬᠢᠨᠠᠨ ᠰᠢᠯᠭᠠᠬᠤ ᠵᠦᠭᠯᠡᠭᠦᠷ ᠢ ᠲᠥᠷᠥ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠶᠤᠯᠭᠦᠶ ᠶᠢᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠣᠭᠲᠠᠭᠠᠵᠤ ᠨᠡᠶᠢᠲᠡᠯᠡᠨ᠎ᠡ᠃ | ᠬᠤᠷᠢᠨ ᠨᠢᠭᠡᠳᠦᠭᠡᠷ ᠵᠤᠷᠪᠤᠰ ᠢᠳᠡᠭᠡᠨ᠂ ᠢᠳᠡᠭᠡᠨ ᠤ ᠨᠡᠮᠡᠯᠲᠡ ᠡᠳ᠋ ᠦᠶᠯᠡᠳᠪᠦᠷᠢᠯᠡᠨ ᠡᠵᠡᠩᠨᠡᠭᠴᠢ | ᠢᠳᠡᠭᠡᠨ᠂ ᠢᠳᠡᠭᠡᠨ ᠤ ᠨᠡᠮᠡᠯᠲᠡ ᠡᠳ᠋ ᠦᠶᠯᠡᠳᠪᠦᠷᠢᠯᠡᠬᠦ ᠪᠠᠷ ᠨᠠᠶᠢᠳᠠᠭᠰᠠᠨ ᠪᠠᠶᠢᠪᠠᠯ᠂ ᠢᠳᠡᠭᠡᠨ ᠦᠶᠯᠡᠳᠪᠦᠷᠢᠯᠡᠬᠦ | ᠵᠥᠪᠰᠢᠶᠡᠷᠡᠯ᠂ ᠢᠳᠡᠭᠡᠨ ᠤ ᠨᠡᠮᠡᠯᠲᠡ ᠡᠳ᠋ ᠦᠶᠯᠡᠳᠪᠦᠷᠢᠯᠡᠬᠦ ᠵᠥᠪᠰᠢᠶᠡᠷᠡᠯ ᠣᠯᠤᠭᠰᠠᠨ ᠦᠶᠯᠡᠳᠪᠦᠷᠢᠯᠡᠭᠴᠢ ᠳᠤ | ᠨᠠᠶᠢᠳᠠᠵᠤ ᠦᠶᠯᠡᠳᠪᠦᠷᠢᠯᠡᠭᠦᠯᠬᠦ ᠬᠡᠷᠡᠭᠲᠡᠶ ᠪᠥᠭᠡᠳ ᠦᠶᠯᠡᠳᠪᠦᠷᠢᠯᠡᠬᠦ ᠦᠢᠯᠡ ᠠᠵᠢᠯᠯᠠᠭ᠎ᠠ ᠳᠠᠭᠠᠨ ᠬᠢᠨᠠᠯᠲᠠ ᠲᠠᠯᠪᠢᠵᠤ | ᠂ ᠦᠶᠯᠡᠳᠪᠦᠷᠢᠯᠡᠭᠦᠯᠬᠦ ᠪᠠᠷ ᠨᠠᠶᠢᠳᠠᠭᠰᠠᠨ ᠢᠳᠡᠭᠡᠨ᠂ ᠢᠳᠡᠭᠡᠨ ᠤ ᠨᠡᠮᠡᠯᠲᠡ ᠡᠳ᠋ ᠤᠨ ᠠᠶᠤᠯᠭᠦᠶ ᠪᠠᠶᠢᠬᠤ ᠳᠤ | ᠬᠠᠷᠢᠭᠤᠴᠠᠬᠤ ᠬᠡᠷᠡᠭᠲᠡᠶ᠃ | ᠨᠠᠶᠢᠳᠠᠯᠭ᠎ᠠ ᠬᠦᠯᠢᠶᠡᠭᠰᠡᠨ ᠲᠠᠯ᠎ᠠ ᠨᠢ ᠬᠠᠤᠯᠢ ᠴᠠᠭᠠᠵᠠ᠂ ᠬᠠᠤᠯᠢ ᠲᠣᠭᠲᠠᠭᠠᠯ᠂ ᠢᠳᠡᠭᠡᠨ ᠤ ᠠᠶᠤᠯᠭᠦᠶ ᠶᠢᠨ | ᠪᠠᠷᠢᠮᠵᠢᠶ᠎ᠠ ᠵᠢᠴᠢ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠦᠶᠯᠡᠳᠪᠦᠷᠢᠯᠡᠯ ᠬᠢᠵᠦ᠂ ᠦᠶᠯᠡᠳᠪᠦᠷᠢᠯᠡᠯ ᠤᠨ | ᠦᠢᠯᠡ ᠠᠵᠢᠯᠯᠠᠭ᠎ᠠ ᠳᠤ ᠬᠠᠷᠢᠭᠤᠴᠠᠬᠤ ᠬᠡᠷᠡᠭᠲᠡᠶ ᠪᠥᠭᠡᠳ ᠨᠠᠶᠢᠳᠠᠭᠰᠠᠨ ᠲᠠᠯ᠎ᠠ ᠶᠢᠨ ᠬᠢᠨᠠᠯᠲᠠ ᠶᠢ ᠬᠦᠯᠢᠶᠡᠬᠦ | ᠬᠡᠷᠡᠭᠲᠡᠶ᠃ | ᠬᠤᠷᠢᠨ ᠬᠤᠶᠠᠳᠤᠭᠠᠷ ᠵᠤᠷᠪᠤᠰ ᠢᠳᠡᠭᠡᠨ ᠦᠶᠯᠡᠳᠪᠦᠷᠢᠯᠡᠨ ᠡᠵᠡᠩᠨᠡᠭᠴᠢ ᠢᠳᠡᠭᠡᠨ ᠦᠶᠯᠡᠳᠪᠦᠷᠢᠯᠡᠬᠦ᠂ | ᠰᠤᠷᠭᠠᠯᠲᠠ ᠳᠤ ᠬᠠᠮᠤᠷᠤᠭᠤᠯᠬᠤ ᠲᠠᠯᠠᠪᠤᠷ ᠲᠤ ᠲᠤᠰ ᠳᠦᠷᠢᠮ ᠤᠨ ᠵᠢᠷᠠᠨ ᠭᠤᠷᠪᠠᠳᠤᠭᠠᠷ ᠵᠤᠷᠪᠤᠰ ᠤᠨ ᠲᠣᠭᠲᠠᠭᠠᠯ | ᠶᠣᠰᠣᠭᠠᠷ ᠲᠣᠭᠲᠠᠭᠠᠭᠰᠠᠨ ᠨᠡᠷᠡᠰ ᠤᠨ ᠵᠢᠭᠰᠠᠭᠠᠯᠲᠠ ᠳᠠᠬᠢ ᠡᠳ᠋ ᠪᠣᠳᠠᠰ ᠢ ᠬᠠᠳᠠᠭᠠᠯᠠᠵᠤ ᠪᠣᠯᠬᠤ ᠦᠭᠡᠢ᠃ | ᠬᠤᠷᠢᠨ ᠭᠤᠷᠪᠠᠳᠤᠭᠠᠷ ᠵᠤᠷᠪᠤᠰ ᠢᠳᠡᠭᠡᠨ ᠢ ᠰᠠᠴᠤᠷᠠᠭ ᠢᠶᠠᠷ ᠰᠤᠷᠭᠠᠯᠲᠠ ᠳᠤ ᠬᠠᠮᠤᠷᠤᠭᠤᠯᠬᠤ ᠳᠠᠭᠠᠨ | ᠢᠳᠡᠭᠡᠨ ᠤ ᠠᠶᠤᠯᠭᠦᠶ ᠶᠢᠨ ᠲᠤᠬᠠᠶ ᠤᠯᠤᠰ ᠤᠨ ᠪᠠᠷᠢᠮᠵᠢᠶ᠎ᠠ ᠶᠢ ᠵᠢᠷᠤᠮᠯᠠᠬᠤ ᠬᠡᠷᠡᠭᠲᠡᠶ ᠪᠥᠭᠡᠳ ᠢᠳᠡᠭᠡᠨ ᠤ | ᠠᠶᠤᠯᠭᠦᠶ ᠶᠢᠨ ᠲᠤᠬᠠᠶ ᠤᠯᠤᠰ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ ᠰᠠᠴᠤᠷᠠᠭ ᠢᠶᠠᠷ | ᠪᠣᠯᠪᠠᠰᠤᠷᠠᠭᠤᠯᠤᠭᠰᠠᠨ ᠢᠳᠡᠭᠡᠨ ᠢ ᠰᠢᠯᠭᠠᠨ ᠪᠠᠶᠢᠴᠠᠭᠠᠬᠤ ᠪᠠ ᠲᠡᠮᠳᠡᠭ ᠬᠠᠳᠠᠬᠤ ᠬᠡᠷᠡᠭᠲᠡᠶ᠃ | ᠬᠤᠷᠢᠨ ᠳᠥᠷᠪᠡᠳᠦᠭᠡᠷ ᠵᠤᠷᠪᠤᠰ ᠳᠤᠯᠠᠭᠠᠨ ᠤ ᠬᠡᠮᠵᠢᠶ᠎ᠡ᠂ ᠴᠢᠬᠢᠭ ᠤᠨ ᠬᠡᠮᠵᠢᠶ᠎ᠠ ᠵᠡᠷᠭᠡ ᠣᠨᠴᠠᠭᠠᠢ | ᠱᠠᠭᠠᠷᠳᠠᠯᠭ᠎ᠠ ᠲᠠᠢ ᠢᠳᠡᠭᠡᠨ ᠢ ᠬᠠᠳᠠᠭᠠᠯᠠᠬᠤ᠂ ᠲᠡᠭᠡᠭᠡᠪᠦᠷᠢᠯᠡᠬᠦ ᠳᠡᠭᠡᠨ ᠳᠤᠯᠠᠭᠠᠨ ᠢ ᠬᠠᠳᠠᠭᠠᠯᠠᠬᠤ᠂ ᠬᠦᠢᠲᠡᠨ ᠢᠶᠠᠷ | ᠬᠠᠳᠠᠭᠠᠯᠠᠬᠤ ᠪᠤᠶᠤ ᠬᠥᠯᠳᠡᠭᠡᠬᠦ ᠵᠡᠷᠭᠡ ᠲᠤᠨᠤᠭ ᠲᠥᠬᠦᠭᠡᠷᠦᠮᠵᠢ ᠶᠢ ᠪᠦᠷᠢᠳᠦᠭᠦᠯᠬᠦ ᠬᠡᠷᠡᠭᠲᠡᠶ ᠪᠥᠭᠡᠳ ᠪᠦᠲᠦᠮᠵᠢᠲᠡᠶ | ᠠᠵᠢᠯᠯᠠᠬᠤ ᠶᠢ ᠪᠠᠲᠤᠯᠠᠬᠤ ᠬᠡᠷᠡᠭᠲᠡᠶ᠃ | ᠬᠤᠷᠢᠨ ᠲᠠᠪᠤᠳᠤᠭᠠᠷ ᠵᠤᠷᠪᠤᠰ ᠢᠳᠡᠭᠡᠨ ᠦᠶᠯᠡᠳᠪᠦᠷᠢᠯᠡᠨ ᠡᠵᠡᠩᠨᠡᠭᠴᠢ ᠢᠳᠡᠭᠡᠨ ᠢ ᠬᠠᠳᠠᠭᠠᠯᠠᠬᠤ᠂ | ᠲᠡᠭᠡᠭᠡᠪᠦᠷᠢᠯᠡᠭᠦᠯᠬᠦ ᠪᠠᠷ ᠨᠠᠶᠢᠳᠠᠭᠰᠠᠨ ᠪᠠᠶᠢᠪᠠᠯ᠂ ᠨᠠᠶᠢᠳᠠᠯᠭ᠎ᠠ ᠬᠦᠯᠢᠶᠡᠭᠰᠡᠨ ᠲᠠᠯ᠎ᠠ ᠶᠢᠨ ᠢᠳᠡᠭᠡᠨ ᠤ ᠠᠶᠤᠯᠭᠦᠶ ᠶᠢᠨ | ᠪᠠᠲᠤᠯᠠᠭ᠎ᠠ ᠶᠢᠨ ᠴᠢᠳᠠᠪᠤᠷᠢ ᠶᠢ ᠬᠢᠨᠠᠨ ᠬᠠᠷᠭᠤᠭᠤᠯᠬᠤ ᠶᠢᠨ ᠬᠠᠮᠲᠤ ᠨᠠᠶᠢᠳᠠᠯᠭ᠎ᠠ ᠬᠦᠯᠢᠶᠡᠭᠰᠡᠨ ᠲᠠᠯ᠎ᠠ ᠶᠢᠨ | ᠢᠳᠡᠭᠡᠨ ᠤ ᠠᠶᠤᠯᠭᠦᠶ ᠶᠢ ᠪᠠᠲᠤᠯᠠᠬᠤ ᠱᠠᠭᠠᠷᠳᠠᠯᠭ᠎ᠠ ᠶᠣᠰᠣᠭᠠᠷ ᠢᠳᠡᠭᠡᠨ ᠢ ᠬᠠᠳᠠᠭᠠᠯᠠᠬᠤ᠂ ᠲᠡᠭᠡᠭᠡᠪᠦᠷᠢᠯᠡᠬᠦ ᠳᠤ | ᠬᠢᠨᠠᠯᠲᠠ ᠲᠠᠯᠪᠢᠬᠤ ᠬᠡᠷᠡᠭᠲᠡᠶ᠃ | ᠨᠠᠶᠢᠳᠠᠯᠭ᠎ᠠ ᠬᠦᠯᠢᠶᠡᠭᠰᠡᠨ ᠲᠠᠯ᠎ᠠ ᠨᠢ ᠢᠳᠡᠭᠡᠨ ᠢ ᠬᠠᠳᠠᠭᠠᠯᠠᠬᠤ᠂ ᠲᠡᠭᠡᠭᠡᠪᠦᠷᠢᠯᠡᠬᠦ ᠨᠥᠬᠦᠴᠡᠯ ᠢ ᠢᠳᠡᠭᠡᠨ ᠤ | ᠠᠶᠤᠯᠭᠦᠶ ᠶᠢᠨ ᠱᠠᠭᠠᠷᠳᠠᠯᠭ᠎ᠠ ᠳᠤ ᠨᠡᠶᠢᠴᠡᠭᠦᠯᠬᠦ ᠶᠢ ᠪᠠᠲᠤᠯᠠᠵᠤ᠂ ᠢᠳᠡᠭᠡᠨ ᠢ ᠬᠠᠳᠠᠭᠠᠯᠠᠬᠤ᠂ ᠲᠡᠭᠡᠭᠡᠪᠦᠷᠢᠯᠡᠬᠦ | ᠶᠠᠪᠤᠴᠠ ᠶᠢᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ | ᠢᠳᠡᠭᠡᠨ ᠦᠢᠯᠡᠳᠪᠤᠷᠢᠯᠡᠨ ᠡᠵᠡᠩᠨᠡᠭᠴᠢ ᠶᠢᠨ ᠨᠠᠶᠢᠳᠠᠯᠭ᠎ᠠ ᠶᠢ ᠬᠦᠯᠢᠶᠡᠵᠦ ᠢᠳᠡᠭᠡᠨ ᠢ ᠬᠠᠳᠠᠭᠠᠯᠠᠵᠤ᠂ | ᠲᠡᠭᠡᠭᠡᠪᠦᠷᠢᠯᠡᠭᠰᠡᠨ ᠪᠠᠶᠢᠪᠠᠯ᠂ ᠨᠠᠶᠢᠳᠠᠭᠰᠠᠨ ᠲᠠᠯ᠎ᠠ ᠪᠠ ᠪᠠᠷᠠᠭ᠎ᠠ ᠬᠦᠯᠢᠶᠡᠨ ᠠᠪᠤᠭᠰᠠᠨ ᠲᠠᠯ᠎ᠠ ᠶᠢᠨ ᠨᠡᠷᠡᠶᠢᠳᠦᠯ᠂ | ᠬᠠᠶ᠋ᠢᠭ᠂ ᠬᠠᠷᠢᠯᠴᠠᠬᠤ ᠠᠷᠭ᠎ᠠ ᠵᠡᠷᠭᠡ ᠠᠭᠤᠯᠭ᠎ᠠ ᠶᠢ ᠦᠨᠡᠨ ᠮᠥᠨ ᠢᠶᠠᠷ ᠨᠢ ᠲᠡᠮᠳᠡᠭᠯᠡᠬᠦ ᠬᠡᠷᠡᠭᠲᠡᠶ᠃ | ᠬᠠᠳᠠᠭᠠᠯᠠᠬᠤ᠂ ᠲᠡᠭᠡᠭᠡᠪᠦᠷᠢᠯᠡᠬᠦ ᠠᠵᠢᠯᠯᠠᠭᠠᠨ ᠤ ᠲᠡᠮᠳᠡᠭᠯᠡᠯ ᠢ ᠬᠠᠳᠠᠭᠠᠯᠠᠬᠤ ᠬᠤᠭᠤᠴᠠᠭ᠎ᠠ ᠶᠢ ᠬᠠᠳᠠᠭᠠᠯᠠᠬᠤ | ᠂ ᠲᠡᠭᠡᠭᠡᠪᠦᠷᠢᠯᠡᠬᠦ ᠠᠵᠢᠯᠯᠠᠭ᠎ᠠ ᠳᠠᠭᠤᠰᠤᠭᠰᠠᠨ 2 ᠵᠢᠯ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ | ᠢᠳᠡᠭᠡᠨ ᠤ ᠪᠤᠰᠤ ᠦᠶᠯᠡᠳᠪᠦᠷᠢᠯᠡᠨ ᠡᠵᠡᠩᠨᠡᠭᠴᠢ ᠳᠤᠯᠠᠭᠠᠨ ᠤ ᠬᠡᠮᠵᠢᠶ᠎ᠡ᠂ ᠴᠢᠭᠢᠭ ᠤᠨ ᠬᠡᠮᠵᠢᠶ᠎ᠠ ᠵᠡᠷᠭᠡ | ᠣᠨᠴᠠᠭᠠᠢ ᠱᠠᠭᠠᠷᠳᠠᠯᠭ᠎ᠠ ᠲᠠᠢ ᠢᠳᠡᠭᠡᠨ ᠢ ᠬᠠᠳᠠᠭᠠᠯᠠᠬᠤ ᠲᠤᠬᠠᠶᠢᠯᠠᠭᠰᠠᠨ ᠠᠵᠢᠯ ᠢ ᠡᠷᠬᠢᠯᠡᠬᠦ ᠳᠤ ᠬᠦᠷᠪᠡᠯ᠂ | ᠡᠵᠡᠩᠨᠡᠯᠲᠡ ᠶᠢᠨ ᠦᠨᠡᠮᠯᠡᠯ ᠣᠯᠤᠭᠰᠠᠨ ᠡᠳᠦᠷ ᠠᠴᠠ ᠡᠬᠢᠯᠡᠨ 30 ᠠᠵᠢᠯᠯᠠᠬᠤ ᠡᠳᠦᠷ ᠤᠨ ᠳᠣᠲᠣᠷ᠎ᠠ ᠪᠠᠶᠢᠭ᠎ᠠ | ᠭᠠᠵᠠᠷ ᠤᠨ ᠢᠶᠠᠨ ᠰᠢᠶᠠᠨ ︵ᠬᠤᠰᠢᠭᠤ︶ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠢᠳᠡᠭᠡᠨ ᠤ | ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠬᠤ ᠬᠡᠷᠡᠭᠲᠡᠶ᠃ | ᠬᠤᠷᠢᠨ ᠵᠢᠷᠭᠤᠳᠤᠭᠠᠷ ᠵᠤᠷᠪᠤᠰ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ ᠢᠳᠡᠭᠡᠨ ᠤᠮᠳᠠᠭᠠᠨ ᠤ | ᠰᠠᠪᠠ ᠬᠡᠷᠡᠭᠰᠡᠯ ᠢ ᠲᠥᠪᠯᠡᠷᠡᠭᠦᠯᠦᠨ ᠠᠷᠢᠭᠤᠳᠬᠠᠬᠤ ᠦᠶᠯᠡᠴᠢᠯᠡᠭᠡᠨ ᠤ ᠨᠢᠭᠡᠴᠡ ᠳᠤ ᠨᠠᠶᠢᠳᠠᠵᠤ ᠤᠬᠢᠶᠠᠨ | ᠠᠷᠢᠭᠤᠳᠬᠠᠬᠤ ᠦᠢᠯᠡᠴᠢᠯᠡᠭᠡ ᠬᠠᠩᠭᠠᠯᠭᠠᠬᠤ ᠳᠤ᠂ ᠢᠳᠡᠭᠡᠨ ᠤᠮᠳᠠᠭᠠᠨ ᠤ ᠰᠠᠪᠠ ᠬᠡᠷᠡᠭᠰᠡᠯ ᠢ ᠲᠥᠪᠯᠡᠷᠡᠭᠦᠯᠦᠨ | ᠠᠷᠢᠭᠤᠳᠬᠠᠬᠤ ᠦᠶᠯᠡᠴᠢᠯᠡᠭᠡᠨ ᠤ ᠨᠢᠭᠡᠴᠡ ᠶᠢᠨ ᠡᠵᠡᠩᠨᠡᠯᠲᠡ ᠶᠢᠨ ᠦᠨᠡᠮᠯᠡᠯ ᠤᠨ ᠪᠠᠭᠤᠯᠭᠠᠪᠤᠷᠢ ᠪᠣᠯᠤᠨ | ᠠᠷᠢᠭᠤᠳᠬᠠᠬᠤ ᠳᠤ ᠬᠢᠷᠢ ᠲᠡᠩᠴᠡᠭᠰᠡᠨ ᠭᠡᠷᠡᠴᠢ ᠶᠢ ᠪᠠᠶᠢᠴᠠᠭᠠᠨ ᠰᠢᠯᠭᠠᠵᠤ᠂ ᠦᠯᠡᠳᠡᠭᠡᠨ ᠬᠠᠳᠠᠭᠠᠯᠠᠬᠤ ᠬᠡᠷᠡᠭᠲᠡᠶ᠃ | | ᠬᠠᠳᠠᠭᠠᠯᠠᠬᠤ ᠬᠤᠭᠤᠴᠠᠭ᠎ᠠ ᠨᠢ ᠢᠳᠡᠭᠡᠨ ᠤᠮᠳᠠᠭᠠᠨ ᠠᠷᠢᠭᠤᠳᠬᠠᠬᠤ ᠳᠤ ᠬᠡᠷᠡᠭᠯᠡᠬᠦ ᠬᠤᠭᠤᠴᠠᠭ᠎ᠠ | ᠲᠤᠯᠤᠭᠰᠠᠨ ᠤ ᠳᠠᠷᠠᠭᠠᠬᠢ 6 ᠰᠠᠷ᠎ᠠ ᠠᠴᠠ ᠲᠤᠤᠷ᠎ᠠ ᠪᠠᠶᠢᠵᠤ ᠪᠣᠯᠬᠤ ᠦᠭᠡᠢ᠃ | ᠬᠤᠷᠢᠨ ᠳᠣᠯᠣᠳᠤᠭᠠᠷ ᠵᠤᠷᠪᠤᠰ ᠢᠳᠡᠭᠡᠨ ᠤᠮᠳᠠᠭᠠᠨ ᠤ ᠰᠠᠪᠠ ᠬᠡᠷᠡᠭᠰᠡᠯ ᠢ ᠲᠥᠪᠯᠡᠷᠡᠭᠦᠯᠦᠨ ᠠᠷᠢᠭᠤᠳᠬᠠᠬᠤ | ᠦᠶᠯᠡᠴᠢᠯᠡᠭᠡᠨ ᠤ ᠨᠢᠭᠡᠴᠡ ᠢᠳᠡᠭᠡᠨ ᠤᠮᠳᠠᠭᠠᠨ ᠤ ᠰᠠᠪᠠ ᠬᠡᠷᠡᠭᠰᠡᠯ ᠢ ᠬᠦᠢᠯᠡᠯᠭᠡ ᠳᠤ ᠤᠷᠤᠭᠤᠯᠬᠤ ᠰᠢᠯᠭᠠᠨ | ᠪᠠᠶᠢᠴᠠᠭᠠᠯᠲᠠ ᠶᠢᠨ ᠲᠡᠮᠳᠡᠭᠯᠡᠯ ᠤᠨ ᠳᠦᠷᠢᠮ ᠢ ᠪᠠᠶᠢᠭᠤᠯᠵᠤ᠂ ᠦᠶᠯᠡᠳᠪᠦᠷᠢ ᠠᠴᠠ ᠭᠠᠷᠭᠠᠬᠤ ᠢᠳᠡᠭᠡᠨ ᠤᠮᠳᠠᠭᠠᠨ ᠤ | ᠪᠠᠭᠠᠵᠢ ᠬᠡᠷᠡᠭᠰᠡᠯ ᠤᠨ ᠲᠤᠭ᠎ᠠ ᠬᠡᠮᠵᠢᠶ᠎ᠡ᠂ ᠠᠷᠢᠭᠤᠳᠬᠠᠭᠰᠠᠨ ᠡᠳᠦᠷ ᠬᠤᠭᠤᠴᠠᠭ᠎ᠠ ᠪᠣᠯᠤᠨ ᠵᠥᠪᠰᠢᠶᠡᠷᠡᠭᠰᠡᠨ ᠨᠣᠮᠧᠷ | ᠂ ᠬᠡᠷᠡᠭᠯᠡᠬᠦ ᠬᠤᠭᠤᠴᠠᠭ᠎ᠠ᠂ ᠬᠦᠢᠯᠡᠯᠭᠡ ᠳᠤ ᠤᠷᠤᠭᠤᠯᠤᠭᠰᠠᠨ ᠡᠳᠦᠷ ᠬᠤᠭᠤᠴᠠᠭ᠎ᠠ ᠵᠢᠴᠢ ᠨᠠᠶᠢᠳᠠᠭᠰᠠᠨ ᠲᠠᠯ᠎ᠠ ᠶᠢᠨ | ᠨᠡᠷᠡᠶᠢᠳᠦᠯ᠂ ᠬᠠᠶ᠋ᠢᠭ᠂ ᠬᠠᠷᠢᠯᠴᠠᠬᠤ ᠠᠷᠭ᠎ᠠ ᠵᠡᠷᠭᠡ ᠠᠭᠤᠯᠭ᠎ᠠ ᠶᠢ ᠦᠨᠡᠨ ᠮᠥᠨ ᠢᠶᠠᠷ ᠨᠢ ᠲᠡᠮᠳᠡᠭᠯᠡᠬᠦ ᠬᠡᠷᠡᠭᠲᠡᠶ᠃ | ᠬᠦᠢᠯᠡᠯᠭᠡ ᠳᠤ ᠤᠷᠤᠭᠤᠯᠬᠤ ᠰᠢᠯᠭᠠᠨ ᠪᠠᠶᠢᠴᠠᠭᠠᠭᠰᠠᠨ ᠲᠡᠮᠳᠡᠭᠯᠡᠯ ᠢ ᠬᠠᠳᠠᠭᠠᠯᠠᠬᠤ ᠬᠤᠭᠤᠴᠠᠭ᠎ᠠ ᠶᠢ | ᠠᠷᠢᠭᠤᠳᠬᠠᠭᠰᠠᠨ ᠢᠳᠡᠭᠡᠨ ᠤᠮᠳᠠᠭᠠᠨ ᠤ ᠰᠠᠪᠠ ᠬᠡᠷᠡᠭᠰᠡᠯ ᠤᠨ ᠬᠡᠷᠡᠭᠯᠡᠬᠦ ᠬᠤᠭᠤᠴᠠᠭ᠎ᠠ ᠨᠢ ᠲᠤᠯᠤᠭᠰᠠᠨ ᠤ | ᠳᠠᠷᠠᠭᠠᠬᠢ 6 ᠳ᠋ᠤᠭᠠᠷ ᠰᠠᠷ᠎ᠠ ᠠᠴᠠ ᠲᠤᠤᠷ᠎ᠠ ᠪᠠᠶᠢᠯᠭᠠᠵᠤ ᠪᠣᠯᠬᠤ ᠦᠭᠡᠢ᠃ | ᠠᠷᠢᠭᠤᠳᠬᠠᠭᠰᠠᠨ ᠤ ᠳᠠᠷᠠᠭᠠᠬᠢ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠤᠨ ᠪᠣᠭᠤᠳᠠᠯ ᠳᠡᠭᠡᠷ᠎ᠡ ᠢᠳᠡᠭᠡᠨ | ᠤᠮᠳᠠᠭᠠᠨ ᠤ ᠨᠡᠷᠡᠶᠢᠳᠦᠯ᠂ ᠬᠠᠶ᠋ᠢᠭ᠂ ᠠᠷᠢᠭᠤᠳᠬᠠᠭᠰᠠᠨ ᠡᠳᠦᠷ ᠬᠤᠭᠤᠴᠠᠭ᠎ᠠ ᠪᠣᠯᠤᠨ ᠵᠥᠪᠰᠢᠶᠡᠷᠡᠭᠰᠡᠨ ᠨᠣᠮᠧᠷ | ᠵᠢᠴᠢ ᠬᠡᠷᠡᠭᠯᠡᠬᠦ ᠬᠤᠭᠤᠴᠠᠭ᠎ᠠ ᠵᠡᠷᠭᠡ ᠠᠭᠤᠯᠭ᠎ᠠ ᠪᠠᠶᠢᠬᠤ ᠬᠡᠷᠡᠭᠲᠡᠶ᠃ | ᠬᠤᠷᠢᠨ ᠨᠠᠢᠮᠠᠳᠤᠭᠠᠷ ᠵᠤᠷᠪᠤᠰ ᠰᠤᠷᠭᠠᠭᠤᠯᠢ᠂ ᠬᠡᠤᠬᠡᠳ ᠰᠠᠭᠠᠲᠠᠭᠤᠯᠬᠤ ᠪᠠᠶᠢᠭᠤᠯᠤᠮᠵᠢ᠂ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ᠂ ᠪᠠᠷᠢᠯᠭ᠎ᠠ ᠶᠢᠨ ᠭᠠᠵᠠᠷ ᠵᠡᠷᠭᠡ ᠤᠨ ᠬᠤᠭᠤᠯᠠ ᠭᠡᠷ ᠨᠢ ᠲᠦᠭᠦᠬᠡᠶ ᠮᠠᠲ᠋ᠧᠷᠢᠶᠠᠯ ᠢ | ᠡᠵᠡᠮᠳᠡᠬᠦ᠂ ᠡᠳᠡᠭᠡᠨ ᠤᠮᠳᠠᠭᠠᠨ ᠤ ᠰᠠᠪᠠ ᠬᠡᠷᠡᠭᠰᠡᠯ ᠢ ᠤᠬᠢᠶᠠᠨ ᠠᠷᠢᠭᠤᠳᠬᠠᠬᠤ᠂ ᠢᠳᠡᠭᠡᠨ ᠤ ᠶᠠᠩᠵᠤ ᠦᠯᠡᠳᠡᠭᠡᠬᠦ | ᠵᠡᠷᠭᠡ ᠳᠦᠷᠢᠮ ᠢ ᠬᠡᠷᠡᠭᠵᠢᠭᠦᠯᠬᠦ ᠶᠢᠨ ᠬᠠᠮᠲᠤ ᠢᠳᠡᠭᠡᠨ ᠤ ᠠᠶᠤᠯᠬᠦᠢ ᠶᠢᠨ ᠬᠠᠤᠯᠢ ᠶᠢᠨ ᠳᠥᠴᠢᠨ ᠳᠣᠯᠣᠳᠤᠭᠠᠷ | ᠵᠤᠷᠪᠤᠰ ᠤᠨ ᠲᠣᠭᠲᠠᠭᠠᠯ ᠶᠣᠰᠣᠭᠠᠷ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠤ ᠥᠪᠡᠰᠦᠪᠡᠨ | ᠪᠠᠶᠢᠴᠠᠭᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ ᠬᠡᠷᠡᠭᠲᠡᠶ᠃ | ᠬᠤᠭᠤᠯᠠᠨ ᠭᠡᠷ ᠢ ᠳᠠᠭᠠᠭᠠᠴᠢᠯᠠᠨ ᠡᠵᠡᠩᠨᠡᠬᠦ ᠳᠤ ᠬᠦᠷᠪᠡᠯ᠂ ᠢᠳᠡᠭᠡᠨ ᠡᠵᠡᠩᠨᠡᠬᠦ ᠵᠥᠪᠰᠢᠶᠡᠷᠡᠯ ᠢ ᠬᠠᠤᠯᠢ | ᠶᠣᠰᠣᠭᠠᠷ ᠣᠯᠬᠤ ᠬᠡᠷᠡᠭᠲᠡᠶ ᠪᠥᠭᠡᠳ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠳᠤ ᠬᠠᠷᠢᠭᠤᠴᠠᠬᠤ | ᠬᠡᠷᠡᠭᠲᠡᠶ᠃ | ᠬᠤᠭᠤᠯᠠᠨ ᠭᠡᠷ ᠤᠨ ᠳᠠᠭᠠᠭᠠᠴᠢᠯᠠᠭᠴᠢ ᠶᠢᠨ ᠢᠳᠡᠭᠡᠨ ᠤ ᠠᠶᠤᠯᠭᠦᠶ ᠶᠢᠨ ᠬᠠᠮᠢᠶᠠᠷᠤᠯᠲᠠ ᠶᠢᠨ ᠳᠦᠷᠢᠮ ᠢ | ᠨᠠᠶᠢᠳᠠᠪᠤᠷᠢᠵᠢᠭᠤᠯᠬᠤ ᠶᠢ ᠰᠢᠪᠠᠳᠠᠵᠤ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠭᠦᠯᠬᠦ ᠬᠡᠷᠡᠭᠲᠡᠶ᠃ | ᠬᠤᠷᠢ ᠶᠢᠰᠦᠳᠦᠭᠡᠷ ᠵᠤᠷᠪᠤᠰ ᠢᠳᠡᠭᠡᠨ ᠦᠢᠯᠡᠳᠪᠤᠷᠢᠯᠡᠨ ᠡᠵᠡᠩᠨᠡᠭᠴᠢ ᠴᠢᠨᠠᠷ ᠬᠤᠪᠢᠷᠠᠭᠰᠠᠨ᠂ | ᠬᠤᠭᠤᠴᠠᠭ᠎ᠠ ᠨᠢ ᠬᠡᠲᠦᠷᠡᠭᠰᠡᠨ ᠪᠤᠶᠤ ᠡᠭᠡᠭᠦᠯᠦᠨ ᠬᠤᠷᠢᠶᠠᠭᠰᠠᠨ ᠢᠳᠡᠭᠡᠨ ᠢ ᠢᠯᠡᠷᠬᠡᠶ ᠢᠯᠡᠳᠬᠡᠬᠦ ᠪᠤᠶᠤ ᠲᠣᠳᠣᠷᠬᠠᠶ | ᠲᠡᠮᠳᠡᠭ ᠲᠠᠢ ᠲᠠᠯᠠᠪᠤᠷ ᠲᠤ ᠲᠤᠰᠠᠭᠠᠷ ᠨᠢ ᠬᠠᠳᠠᠭᠠᠯᠠᠵᠤ᠂ ᠴᠠᠭ ᠲᠤᠬᠠᠶ ᠳᠤᠨᠢ ᠬᠤᠤᠷ ᠦᠭᠡᠶᠢᠵᠢᠬᠦᠯᠦᠨ | ᠰᠢᠶᠳᠪᠦᠷᠢᠯᠡᠬᠦ᠂ ᠤᠰᠠᠳᠬᠠᠬᠤ ᠵᠡᠷᠭᠡ ᠠᠷᠭ᠎ᠠ ᠬᠡᠮᠵᠢᠶ᠎ᠡ ᠠᠪᠬᠤ ᠶᠢᠨ ᠬᠠᠮᠲᠤ ᠦᠨᠡᠨ ᠮᠥᠨ ᠢᠶᠠᠷ ᠨᠢ ᠲᠡᠮᠳᠡᠭᠯᠡᠬᠦ | ᠬᠡᠷᠡᠭᠲᠡᠶ᠃ | ᠢᠳᠡᠭᠡᠨ ᠤ ᠠᠶᠤᠯᠬᠦᠢ ᠶᠢᠨ ᠬᠠᠤᠯᠢ ᠳᠤ ᠬᠡᠯᠡᠵᠦ ᠪᠠᠶᠢᠭ᠎ᠠ ᠡᠭᠡᠭᠦᠯᠦᠨ ᠬᠤᠷᠢᠶᠠᠭᠰᠠᠨ ᠢᠳᠡᠭᠡᠨ ᠭᠡᠳᠡᠭ ᠨᠢ | ᠨᠢᠭᠡᠨᠲᠡ ᠬᠤᠳᠠᠯᠳᠤᠭᠰᠠᠨ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠢᠳᠡᠭᠡᠨ ᠤ ᠠᠶᠦᠯᠭᠦᠢ ᠶᠢᠨ ᠪᠠᠷᠢᠮᠵᠢᠶ᠎ᠠ ᠶᠢ | ᠵᠥᠷᠢᠴᠡᠭᠰᠡᠨ ᠪᠤᠶᠤ ᠬᠠᠳᠠᠭᠠᠯᠠᠬᠤ ᠬᠤᠭᠤᠴᠠᠭ᠎ᠠ ᠠᠴᠠ ᠬᠡᠲᠦᠷᠡᠭᠰᠡᠨ ᠵᠡᠷᠭᠡ ᠰᠢᠯᠲᠠᠭᠠᠨ ᠠᠴᠠ ᠪᠣᠯᠵᠤ᠂ | ᠳᠠᠷᠤᠭᠳᠠᠭᠰᠠᠨ ᠪᠤᠶᠤ ᠪᠤᠴᠠᠭᠠᠭᠳᠠᠭᠰᠠᠨ ᠢᠳᠡᠭᠡᠨ ᠳᠤ ᠢᠳᠡᠭᠡᠨ ᠤ ᠠᠶᠤᠯᠬᠦᠢ ᠶᠢᠨ ᠬᠠᠤᠯᠢ ᠶᠢᠨ ᠵᠢᠷᠠᠨ | ᠭᠤᠷᠪᠠᠳᠤᠭᠠᠷ ᠵᠤᠷᠪᠤᠰ ᠤᠨ ᠭᠤᠷᠪᠠᠳᠤᠭᠠᠷ ᠪᠠᠳᠠᠭ ᠤᠨ ᠲᠣᠭᠲᠠᠭᠠᠯ ᠶᠣᠰᠣᠭᠠᠷ ᠦᠷᠭᠦᠯᠵᠢᠯᠡᠨ ᠪᠣᠷᠣᠯᠠᠭᠤᠯᠵᠤ | ᠪᠣᠯᠬᠤ ᠢᠳᠡᠭᠡᠨ ᠳᠤ ᠪᠠᠭᠳᠠᠭᠠᠬᠤ ᠦᠭᠡᠢ ᠶᠢ ᠵᠢᠭᠠᠵᠤ ᠪᠣᠢ᠃ | ᠭᠤᠴᠢᠳᠤᠭᠠᠷ ᠵᠤᠷᠪᠤᠰ ᠰᠢᠶᠠᠨ ︵ᠬᠤᠰᠢᠭᠤ︶ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠬᠡᠷᠡᠭᠴᠡᠭᠡ ᠪᠠᠨ ᠦᠨᠳᠦᠰᠦᠯᠡᠨ ᠢᠳᠡᠭᠡᠨ ᠢ ᠬᠤᠤᠷ ᠦᠭᠡᠢ ᠪᠣᠯᠭᠠᠨ | ᠰᠢᠶᠳᠪᠦᠷᠢᠯᠡᠬᠦ ᠪᠠ ᠤᠰᠠᠳᠬᠠᠬᠤ ᠴᠢᠬᠤᠯᠠ ᠪᠦᠬᠦᠢ ᠲᠥᠬᠦᠭᠡᠷᠦᠮᠵᠢ ᠪᠠᠶᠢᠭᠤᠯᠤᠨ᠎ᠠ᠃ | ᠢᠳᠡᠭᠡᠨ ᠦᠶᠯᠡᠳᠪᠦᠷᠢᠯᠡᠨ ᠡᠵᠡᠩᠨᠡᠭᠴᠢ ᠲᠣᠭᠲᠠᠭᠠᠯ ᠶᠣᠰᠣᠭᠠᠷ ᠵᠠᠰᠠᠭ ᠤᠨ ᠣᠷᠳᠣᠨ ᠤ ᠪᠠᠶᠢᠭᠤᠯᠤᠭᠰᠠᠨ | ᠲᠥᠬᠦᠭᠡᠷᠦᠮᠵᠢ ᠪᠠᠷ ᠢᠳᠡᠭᠡᠨ ᠢ ᠬᠤᠤᠷ ᠦᠭᠡᠶᠢᠵᠢᠭᠦᠯᠦᠨ ᠰᠢᠶᠳᠪᠦᠷᠢᠯᠡᠬᠦ ᠪᠤᠶᠤ ᠤᠰᠠᠳᠬᠠᠵᠤ ᠪᠣᠯᠤᠨ᠎ᠠ᠃ | ᠭᠤᠴᠢᠨ ᠨᠢᠭᠡᠳᠦᠭᠡᠷ ᠵᠤᠷᠪᠤᠰ ᠢᠳᠡᠭᠡᠨ ᠤ ᠲᠦᠪᠯᠡᠷᠡᠭᠰᠡᠨ ᠰᠤᠯᠢᠯᠴᠠᠭᠠᠨ ᠤ ᠵᠠᠬ᠎ᠠ ᠳᠡᠯᠭᠡᠬᠦᠷ ᠢ ᠡᠷᠬᠢᠯᠡᠨ | ᠬᠢᠭᠴᠢ᠂ ᠢᠳᠡᠭᠡᠨ ᠤ ᠳᠡᠯᠭᠡᠨ ᠪᠣᠷᠣᠯᠠᠭᠤᠯᠬᠤ ᠴᠤᠭᠯᠠᠭᠠᠨ ᠢ ᠡᠷᠬᠢᠯᠡᠨ ᠬᠢᠭᠴᠢ ᠨᠢ ᠵᠠᠬ᠎ᠠ ᠳᠡᠯᠭᠡᠭᠦᠷ ᠡᠷᠬᠢᠯᠡᠬᠦ ᠪᠤᠶᠤ | ᠳᠡᠯᠭᠡᠨ ᠪᠣᠷᠣᠯᠠᠭᠤᠯᠬᠤ ᠴᠤᠭᠯᠠᠭᠠᠨ ᠢ ᠡᠷᠬᠢᠯᠡᠬᠦ ᠠᠴᠠ ᠡᠮᠦᠨ᠎ᠡ᠂ ᠪᠠᠶᠢᠭ᠎ᠠ ᠭᠠᠵᠠᠷ ᠤᠨ ᠢᠶᠠᠨ ᠰᠢᠶᠠᠨ ︵ᠬᠤᠰᠢᠭᠤ︶ | ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ | ᠭᠤᠴᠢᠨ ᠬᠤᠶᠠᠳᠤᠭᠠᠷ ᠵᠤᠷᠪᠤᠰ ᠴᠠᠬᠢᠮ ᠰᠦᠯᠵᠢᠶ᠎ᠡ +ᠢᠳᠡᠭᠡᠨ ᠠᠷᠠᠯᠵᠢᠶᠠᠯᠠᠬᠤ ᠭᠤᠷᠪᠠᠳᠤᠭᠠᠷ | ᠡᠲᠡᠭᠡᠳ ᠤᠨ ᠲᠠᠪᠴᠠᠩ ᠢ ᠬᠠᠩᠭᠠᠭᠴᠢ ᠨᠢ ᠰᠦᠯᠵᠢᠶᠡᠨ ᠳᠤ ᠤᠷᠤᠭᠰᠠᠨ ᠢᠳᠡᠭᠡᠨ ᠡᠵᠡᠩᠨᠡᠭᠴᠢ ᠶᠢᠨ | ᠳᠠᠩᠰᠠᠯᠠᠭᠤᠯᠤᠭᠰᠠᠨ ᠮᠡᠳᠡᠭᠡ ᠵᠠᠩᠭᠢ ᠪᠠ ᠠᠷᠠᠯᠵᠢᠶᠠᠯᠠᠭᠰᠠᠨ ᠮᠡᠳᠡᠭᠡ ᠵᠠᠩᠭᠢ ᠶᠢ ᠲᠣᠬᠢᠲᠠᠶ ᠬᠠᠳᠠᠭᠠᠯᠠᠬᠤ ᠬᠡᠷᠡᠭᠲᠡᠶ᠃ | | ᠰᠢᠶᠠᠨ ︵ᠬᠤᠰᠢᠭᠤ︶ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠢᠳᠡᠭᠡᠨ ᠤ | ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠳᠡᠭᠡᠨ ᠤ ᠠᠶᠤᠯᠭᠦᠶ ᠶᠢᠨ ᠬᠢᠨᠠᠯᠲᠠ ᠪᠠᠶᠢᠴᠠᠭᠠᠯᠲᠠ | ᠬᠢᠬᠦ᠂ ᠢᠳᠡᠭᠡᠨ ᠤ ᠠᠶᠤᠯᠭᠦᠶ ᠶᠢᠨ ᠬᠡᠷᠡᠭ ᠢ ᠪᠠᠶᠢᠴᠠᠭᠠᠨ ᠰᠢᠶᠳᠪᠦᠷᠢᠯᠡᠬᠦ᠂ ᠢᠳᠡᠭᠡᠨ ᠤ ᠠᠶᠤᠯᠭᠦᠶ ᠶᠢᠨ ᠡ᠊ᠨᠳᠡᠯ ᠢ | ᠰᠢᠢᠳᠪᠦᠷᠢᠯᠡᠬᠦ ᠳᠤ ᠬᠤᠯᠪᠣᠭᠳᠠᠯ ᠪᠦᠬᠦᠢ ᠮᠡᠳᠡᠭᠡ ᠵᠠᠩᠭᠢ ᠶᠢ ᠣᠶᠢᠯᠠᠭᠠᠬᠤ ᠴᠢᠬᠤᠯᠠᠲᠠᠶ ᠪᠠᠶᠢᠪᠠᠯ᠂ ᠲᠡᠭᠦᠨ ᠤ | ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ᠂ ᠴᠠᠬᠢᠮ ᠰᠦᠯᠵᠢᠶ᠎ᠡ +ᠢᠳᠡᠭᠡᠨ ᠠᠷᠠᠯᠵᠢᠶᠠᠯᠠᠬᠤ ᠭᠤᠷᠪᠠᠳᠤᠭᠠᠷ | ᠡᠲᠡᠭᠡᠳ ᠤᠨ ᠲᠠᠪᠴᠠᠩ ᠢ ᠬᠠᠩᠭᠠᠭᠴᠢ ᠢ ᠬᠠᠩᠭᠠᠯᠭᠠᠬᠤ ᠪᠠᠷ ᠱᠠᠭᠠᠷᠳᠠᠵᠤ ᠪᠣᠯᠤᠨ᠎ᠠ᠂ ᠴᠠᠬᠢᠮ ᠰᠦᠯᠵᠢᠶ᠎ᠡ | +ᠢᠳᠡᠭᠡᠨ ᠠᠷᠠᠯᠵᠢᠶᠠᠯᠠᠬᠤ ᠭᠤᠷᠪᠠᠳᠤᠭᠠᠷ ᠡᠲᠡᠭᠡᠳ ᠤᠨ ᠲᠠᠪᠴᠠᠩ ᠢ ᠬᠠᠩᠭᠠᠭᠴᠢ ᠨᠢ ᠱᠠᠭᠠᠷᠳᠠᠯᠭ᠎ᠠ ᠶᠣᠰᠣᠭᠠᠷ | ᠬᠠᠩᠭᠠᠬᠤ ᠬᠡᠷᠡᠭᠲᠡᠶ᠃ | ᠰᠢᠶᠠᠨ ︵ᠬᠤᠰᠢᠭᠤ︶ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠢᠳᠡᠭᠡᠨ ᠤ | ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠨ ᠴᠠᠬᠢᠮ ᠰᠦᠯᠵᠢᠶ᠎ᠡ | +ᠢᠳᠡᠭᠡᠨ ᠠᠷᠠᠯᠵᠢᠶᠠᠯᠠᠬᠤ ᠭᠤᠷᠪᠠᠳᠤᠭᠠᠷ ᠡᠲᠡᠭᠡᠳ ᠤᠨ ᠲᠠᠪᠴᠠᠩ ᠢ ᠬᠠᠩᠭᠠᠭᠴᠢ ᠶᠢᠨ ᠮᠡᠳᠡᠭᠡ ᠵᠠᠩᠭᠢ ᠶᠢᠨ | ᠨᠢᠭᠤᠴᠠ ᠶᠢ ᠬᠠᠮᠠᠭᠠᠯᠠᠬᠤ ᠡᠭᠦᠷᠭᠡ ᠶᠢ ᠬᠠᠤᠯᠢ ᠶᠣᠰᠣᠭᠠᠷ ᠡᠭᠦᠷᠭᠡᠯᠡᠨ᠎ᠡ᠃ | ᠭᠤᠴᠢᠨ ᠭᠤᠷᠪᠠᠳᠤᠭᠠᠷ ᠵᠤᠷᠪᠤᠰ ᠭᠧᠨ ᠬᠤᠪᠢᠷᠠᠭᠤᠯᠤᠭᠰᠠᠨ ᠢᠳᠡᠭᠡᠨ ᠢ ᠦᠶᠯᠡᠳᠪᠦᠷᠢᠯᠡᠵᠦ | ᠡᠵᠡᠩᠨᠡᠬᠦ ᠳᠡᠭᠡᠨ ᠢᠯᠡᠷᠬᠡᠶ ᠢᠯᠡᠳᠬᠡᠮᠵᠢ ᠲᠡᠮᠳᠡᠭ ᠲᠠᠯᠪᠢᠬᠤ ᠬᠡᠷᠡᠭᠲᠡᠶ᠂ ᠢᠯᠡᠷᠬᠡᠶᠢᠯᠡᠬᠦ ᠠᠷᠭ᠎ᠠ ᠶᠢ ᠲᠥᠷᠥ ᠶᠢᠨ | ᠶᠠᠪᠤᠳᠠᠯ ᠤᠨ ᠬᠤᠷᠢᠶᠠᠨ ᠤ ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ | ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠲᠤᠷᠠᠨ | ᠲᠣᠭᠲᠠᠭᠠᠨ᠎ᠠ᠃ | ᠭᠤᠴᠢᠨ ᠳᠥᠷᠪᠡᠳᠦᠭᠡᠷ ᠵᠤᠷᠪᠤᠰ ᠬᠤᠷᠠᠯ᠂ ᠢᠯᠡᠳᠬᠡᠯ᠂ ᠡᠷᠡᠭᠦᠯ ᠮᠡᠨᠳᠦ ᠶᠢᠨ ᠯᠠᠪᠯᠠᠯᠭ᠎ᠠ ᠵᠡᠷᠭᠡ ᠶᠢ | ᠪᠠᠭᠲᠠᠭᠠᠭᠰᠠᠨ ᠶᠠᠮᠠᠷᠪᠠ ᠠᠷᠭ᠎ᠠ ᠮᠠᠶ᠋ᠢᠭ ᠢ ᠠᠰᠢᠭᠯᠠ ᠢᠳᠡᠭᠡᠨ ᠳᠤ ᠬᠤᠳᠠᠯ ᠬᠠᠭᠤᠷᠮᠠᠭ ᠤᠬᠠᠭᠤᠯᠭ᠎ᠠ ᠬᠢᠬᠦ ᠶᠢ | ᠬᠤᠷᠢᠭᠯᠠᠨ᠎ᠠ᠃ | ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠤᠳᠠᠯ ᠬᠠᠭᠤᠷᠮᠠᠭ | ᠤᠬᠠᠭᠤᠯᠭ᠎ᠠ ᠶᠢᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠬᠠᠤᠯᠢ ᠶᠣᠰᠣᠭᠠᠷ ᠴᠠᠭ ᠲᠤᠬᠠᠢ ᠳᠤᠨᠢ | ᠰᠢᠢᠳᠪᠦᠷᠢᠯᠡᠬᠦ ᠬᠡᠷᠡᠭᠲᠡᠶ᠃ | ᠭᠤᠴᠢᠨ ᠲᠠᠪᠤᠳᠤᠭᠠᠷ ᠵᠤᠷᠪᠤᠰ ᠲᠠᠮᠢᠷᠵᠢᠭᠤᠯᠬᠤ ᠢᠳᠡᠭᠡᠨ ᠤ ᠦᠶᠯᠡᠳᠪᠦᠷᠢᠯᠡᠯ ᠤᠨ ᠤᠷᠠᠯᠠᠯ ᠳᠤ ᠲᠦᠭᠦᠬᠡᠶ | ᠮᠠᠲ᠋ᠧᠷᠢᠶᠠᠯ ᠭᠠᠷᠭᠠᠨ ᠠᠪᠬᠤ᠂ ᠴᠡᠪᠡᠷᠵᠢᠭᠦᠯᠬᠦ ᠵᠡᠷᠭᠡ ᠠᠴᠠ ᠡᠮᠦᠨ᠎ᠡ ᠰᠢᠶᠳᠪᠦᠷᠢᠯᠡᠬᠦ ᠠᠵᠢᠯ ᠤᠨ ᠳᠡᠰ ᠳᠠᠷᠠᠭᠠᠯᠠᠯ | ᠪᠠᠶᠢᠪᠠᠯ᠂ ᠦᠶᠯᠡᠳᠪᠦᠷᠢᠯᠡᠬᠦ ᠠᠵᠤ ᠠᠬᠤᠶᠢᠯᠠᠯ ᠨᠢ ᠲᠦᠭᠦᠬᠡᠶ ᠮᠠᠲ᠋ᠧᠷᠢᠶᠠᠯ ᠭᠠᠷᠭᠠᠬᠤ ᠠᠴᠠ ᠡᠮᠦᠨ᠎ᠡ ᠰᠢᠶᠳᠪᠦᠷᠢᠯᠡᠬᠦ | ᠵᠣᠬᠢᠴᠠᠩᠭᠤᠶ ᠴᠢᠳᠠᠪᠤᠷᠢ ᠲᠠᠢ ᠪᠠᠶᠢᠬᠤ ᠬᠡᠷᠡᠭᠲᠡᠶ᠃ | ᠭᠤᠴᠢᠨ ᠵᠢᠷᠭᠤᠳᠤᠭᠠᠷ ᠵᠤᠷᠪᠤᠰ ᠠᠨᠠᠭᠠᠬᠤ ᠤᠬᠠᠭᠠᠨ ᠤ ᠣᠨᠴᠠᠭᠠᠢ ᠬᠡᠷᠡᠭᠴᠡᠭᠡᠲᠦ ᠨᠠᠶᠢᠷᠠᠯᠭ᠎ᠠ ᠲᠠᠢ | ᠢᠳᠡᠭᠡᠨ ᠦᠶᠯᠡᠳᠪᠦᠷᠢᠯᠡᠬᠦ ᠠᠵᠤ ᠠᠬᠤᠶᠢᠯᠠᠯ ᠢᠳᠡᠭᠡᠨ ᠤ ᠠᠶᠤᠯᠭᠦᠶ ᠶᠢᠨ ᠤᠯᠤᠰ ᠤᠨ ᠪᠠᠷᠢᠮᠵᠢᠶ᠎ᠠ ᠳᠤ | ᠲᠣᠭᠲᠠᠭᠠᠭᠰᠠᠨ ᠰᠢᠯᠭᠠᠨ ᠪᠠᠶᠢᠴᠠᠭᠠᠬᠤ ᠵᠦᠶᠯᠡᠰ ᠤᠨ ᠶᠣᠰᠣᠭᠠᠷ ᠬᠦᠢᠯᠡᠯᠭᠡ ᠳᠤ ᠤᠷᠤᠭᠤᠯᠬᠤ ᠦᠶᠯᠡᠳᠬᠦᠨ ᠳᠤ | ᠪᠦᠯᠦᠭ ᠳᠠᠷᠠᠭᠠᠯᠠᠨ ᠰᠢᠯᠭᠠᠨ ᠪᠠᠶᠢᠴᠠᠭᠠᠯᠲᠠ ᠬᠢᠬᠦ ᠬᠡᠷᠡᠭᠲᠡᠶ᠃ | ᠠᠨᠠᠭᠠᠬᠤ ᠤᠬᠠᠭᠠᠨ ᠤ ᠣᠨᠴᠠᠭᠠᠢ ᠬᠡᠷᠡᠭᠴᠡᠭᠡᠲᠦ ᠨᠠᠶᠢᠷᠠᠯᠭ᠎ᠠ ᠲᠠᠢ ᠢᠳᠡᠭᠡᠨ ᠤ ᠳᠣᠲᠣᠷᠠᠬᠢ ᠲᠤᠰᠬᠠᠶ | ᠲᠣᠭᠲᠠᠭᠠᠭᠰᠠᠨ ᠪᠦᠷᠢᠨ ᠲᠡᠵᠢᠭᠡᠯᠲᠦ ᠨᠠᠶᠢᠷᠠᠯᠭ᠎ᠠ ᠲᠠᠢ ᠢᠳᠡᠭᠡᠨ ᠢ ᠡᠮᠴᠢᠯᠡᠭᠡᠨ ᠤ ᠪᠠᠶᠢᠭᠤᠯᠤᠮᠵᠢ ᠪᠤᠶᠤ ᠡᠮ ᠤᠨ | ᠵᠦᠶᠯ ᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠢᠶᠠᠷ ᠳᠠᠮᠵᠢᠭᠤᠯᠤᠨ ᠬᠡᠷᠡᠭᠯᠡᠭᠴᠢᠳ ᠲᠤ ᠪᠣᠷᠣᠯᠠᠭᠤᠯᠬᠤ ᠬᠡᠷᠡᠭᠲᠡᠶ | ᠃ | ᠡᠮᠴᠢᠯᠡᠭᠡᠨ ᠤ ᠪᠠᠶᠢᠭᠤᠯᠤᠮᠵᠢ᠂ ᠡᠮ ᠤᠨ ᠵᠦᠶᠯ ᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠲᠤᠰᠬᠠᠶ | ᠲᠣᠭᠲᠠᠭᠠᠭᠰᠠᠨ ᠪᠦᠬᠦ ᠰᠢᠮ᠎ᠡ ᠲᠡᠵᠢᠭᠡᠯᠲᠦ ᠨᠠᠶᠢᠷᠠᠯᠭ᠎ᠠ ᠲᠠᠢ ᠢᠳᠡᠭᠡᠨ ᠢ ᠪᠣᠷᠣᠯᠠᠭᠤᠯᠬᠤ ᠳᠤ᠂ ᠢᠳᠡᠭᠡᠨ ᠤ | ᠡᠵᠡᠩᠨᠡᠯᠲᠡ ᠶᠢᠨ ᠵᠥᠪᠰᠢᠶᠡᠷᠡᠯ ᠣᠯᠬᠤ ᠴᠢᠬᠤᠯᠠ ᠦᠭᠡᠢ᠂ ᠭᠡᠪᠡᠴᠦ ᠢᠳᠡᠭᠡᠨ ᠤ ᠠᠶᠤᠯᠭᠦᠶ ᠶᠢᠨ ᠬᠠᠤᠯᠢ ᠪᠠ ᠲᠤᠰ | ᠳᠦᠷᠢᠮ ᠤᠨ ᠢᠳᠡᠭᠡᠨ ᠤ ᠪᠣᠷᠣᠯᠠᠭᠤᠯᠤᠯᠲᠠ ᠶᠢᠨ ᠲᠤᠬᠠᠶ ᠲᠣᠭᠲᠠᠭᠠᠯ ᠢ ᠵᠢᠷᠤᠮᠯᠠᠬᠤ ᠬᠡᠷᠡᠭᠲᠡᠶ᠃ | ᠭᠤᠴᠢᠨ ᠳᠣᠯᠣᠳᠤᠭᠠᠷ ᠵᠤᠷᠪᠤᠰ ᠠᠨᠠᠭᠠᠬᠤ ᠤᠬᠠᠭᠠᠨ ᠤ ᠣᠨᠴᠠᠭᠠᠢ ᠬᠡᠷᠡᠭᠴᠡᠭᠡᠲᠦ ᠨᠠᠶᠢᠷᠠᠯᠭ᠎ᠠ ᠲᠠᠢ | ᠢᠳᠡᠭᠡᠨ ᠤ ᠳᠣᠲᠣᠷᠠᠬᠢ ᠲᠤᠰᠬᠠᠶ ᠲᠣᠭᠲᠠᠭᠠᠭᠰᠠᠨ ᠪᠦᠷᠢᠨ ᠲᠡᠵᠢᠭᠡᠯᠲᠦ ᠨᠠᠶᠢᠷᠠᠯᠭ᠎ᠠ ᠲᠠᠢ ᠢᠳᠡᠭᠡᠨ ᠤ ᠵᠠᠷ ᠢ | ᠵᠣᠷ ᠤᠨ ᠡᠮ ᠤᠨ ᠵᠠᠷ ᠤᠨ ᠬᠠᠮᠢᠶᠠᠷᠤᠯᠲᠠ ᠶᠢᠨ ᠶᠣᠰᠣᠭᠠᠷ᠂ ᠠᠨᠠᠭᠠᠬᠤ ᠤᠬᠠᠭᠠᠨ ᠤ ᠣᠨᠴᠠᠭᠠᠢ ᠬᠡᠷᠡᠭᠴᠡᠭᠡᠲᠦ | ᠨᠠᠶᠢᠷᠠᠯᠭ᠎ᠠ ᠲᠠᠢ ᠢᠳᠡᠭᠡᠨ ᠤ ᠪᠤᠰᠤᠳ ᠲᠥᠷᠥᠯ ᠤᠨ ᠵᠠᠷ ᠢ ᠵᠣᠷ ᠤᠨ ᠪᠤᠰᠤ ᠡᠮ ᠤᠨ ᠵᠠᠷ ᠤᠨ ᠶᠣᠰᠣᠭᠠᠷ | ᠬᠠᠮᠢᠶᠠᠷᠤᠨ᠎ᠠ᠃ | ᠭᠤᠴᠢᠨ ᠨᠠᠢᠮᠠᠳᠤᠭᠠᠷ ᠵᠤᠷᠪᠤᠰ ᠲᠠᠮᠢᠷᠵᠢᠭᠤᠯᠬᠤ ᠢᠳᠡᠭᠡᠨ ᠠᠴᠠ ᠭᠠᠳᠠᠨᠠᠬᠢ ᠪᠤᠰᠤᠳ ᠢᠳᠡᠭᠡᠨ ᠳᠤ ᠡᠷᠡᠭᠦᠯ | ᠮᠡᠨᠳᠦ ᠶᠢ ᠬᠠᠮᠠᠭᠠᠯᠠᠬᠤ ᠴᠢᠳᠠᠪᠤᠷᠢ ᠲᠠᠢ ᠬᠡᠮᠡᠨ ᠲᠤᠭᠠᠴᠢᠵᠤ ᠪᠣᠯᠬᠤ ᠦᠭᠡᠢ᠃ | ᠢᠳᠡᠭᠡᠨ ᠤ ᠠᠶᠤᠯᠬᠦᠢ ᠶᠢᠨ ᠤᠯᠤᠰ ᠤᠨ ᠪᠠᠷᠢᠮᠵᠢᠶ᠎ᠠ ᠳᠤ ᠲᠣᠭᠲᠠᠭᠠᠭᠰᠠᠨ ᠰᠤᠩᠭᠤᠯᠳᠠ ᠶᠢᠨ ᠴᠢᠨᠠᠷᠳᠠᠢ | ᠨᠢᠯᠬ᠎ᠠ ᠬᠡᠤᠬᠡᠳ ᠤᠨ ᠨᠠᠶᠢᠷᠠᠯᠭ᠎ᠠ ᠲᠠᠢ ᠢᠳᠡᠭᠡᠨ ᠳᠤ ᠰᠤᠩᠭᠤᠯᠳᠠ ᠶᠢᠨ ᠴᠢᠨᠠᠷᠳᠠᠢ ᠨᠡᠮᠡᠯᠲᠡ ᠡᠳ᠋ ᠨᠡᠮᠡᠬᠦ ᠪᠠᠷ | ᠨᠡᠷᠡᠶᠢᠳᠴᠦ ᠪᠣᠯᠬᠤ ᠦᠭᠡᠢ᠃ | ᠭᠤᠴᠢ ᠶᠢᠰᠦᠳᠦᠭᠡᠷ ᠵᠤᠷᠪᠤᠰ ᠣᠨᠴᠠᠭᠠᠢ ᠢᠳᠡᠭᠡᠨ ᠤ ᠱᠣᠰᠢᠭ᠎ᠠ᠂ ᠲᠣᠳᠣᠷᠬᠠᠶᠢᠯᠠᠯᠲᠠ ᠶᠢᠨ ᠪᠢᠴᠢᠭ ᠤᠨ | ᠠᠭᠤᠯᠭ᠎ᠠ ᠨᠢ ᠳᠠᠩᠰᠠᠯᠠᠭᠤᠯᠤᠭᠰᠠᠨ ᠪᠤᠶᠤ ᠳᠠᠩᠰᠠᠯᠠᠭᠤᠯᠤᠭᠰᠠᠨ ᠱᠣᠰᠢᠭ᠎ᠠ᠂ ᠲᠣᠳᠣᠷᠬᠠᠶᠢᠯᠠᠯᠲᠠ ᠶᠢᠨ ᠪᠢᠴᠢᠭ ᠲᠠᠢ | ᠨᠢᠭᠡᠳᠦᠯᠲᠡᠶ ᠪᠠᠶᠢᠬᠤ ᠬᠡᠷᠡᠭᠲᠡᠶ᠃ | ᠣᠨᠴᠠᠭᠠᠢ ᠢᠳᠡᠭᠡᠨ ᠪᠣᠷᠣᠯᠠᠭᠤᠯᠬᠤ ᠳᠠᠭᠠᠨ ᠢᠳᠡᠭᠡᠨ ᠤ ᠱᠣᠰᠢᠭ᠎ᠠ᠂ ᠲᠣᠳᠣᠷᠬᠠᠶᠢᠯᠠᠯᠲᠠ ᠶᠢᠨ ᠪᠢᠴᠢᠭ ᠤᠨ | ᠠᠭᠤᠯᠭ᠎ᠠ ᠨᠢ ᠳᠠᠩᠰᠠᠯᠠᠭᠤᠯᠤᠭᠰᠠᠨ ᠪᠤᠶᠤ ᠳᠠᠩᠰᠠᠯᠠᠭᠤᠯᠤᠭᠰᠠᠨ ᠱᠣᠰᠢᠭ᠎ᠠ᠂ ᠲᠣᠳᠣᠷᠬᠠᠶᠢᠯᠠᠯᠲᠠ ᠶᠢᠨ ᠪᠢᠴᠢᠭ ᠲᠠᠢ | ᠨᠢᠭᠡᠳᠦᠯᠲᠡᠶ ᠪᠠᠶᠢᠬᠤ ᠡᠰᠡᠬᠦ ᠶᠢ ᠬᠠᠷᠭᠤᠭᠤᠯᠬᠤ ᠬᠡᠷᠡᠭᠲᠡᠶ᠂ ᠨᠢᠭᠡᠳᠦᠯ ᠦᠭᠡᠢ ᠪᠠᠶᠢᠪᠠᠯ ᠪᠣᠷᠣᠯᠠᠭᠤᠯᠵᠤ ᠪᠣᠯᠬᠤ ᠦᠭᠡᠢ | ᠃ | ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠠᠶᠤᠯᠭᠦᠶ ᠶᠢᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠰᠦᠯᠵᠢᠶᠡᠨ ᠥᠷᠲᠡᠭᠡ ᠳᠡᠭᠡᠷ᠎ᠡ ᠪᠠᠨ ᠳᠠᠩᠰᠠᠯᠠᠭᠤᠯᠤᠭᠰᠠᠨ ᠪᠤᠶᠤ | ᠳᠠᠩᠰᠠᠯᠠᠭᠤᠯᠤᠭᠰᠠᠨ ᠣᠨᠴᠠᠭᠠᠢ ᠢᠳᠡᠭᠡᠨ ᠤ ᠱᠣᠰᠢᠭ᠎ᠠ᠂ ᠲᠣᠳᠣᠷᠬᠠᠶᠢᠯᠠᠯᠲᠠ ᠶᠢᠨ ᠪᠢᠴᠢᠭ ᠢ ᠨᠡᠶᠢᠲᠡᠯᠡᠬᠦ ᠬᠡᠷᠡᠭᠲᠡᠶ᠃ | | ᠣᠨᠴᠠᠭᠠᠢ ᠢᠳᠡᠭᠡᠨ ᠢ ᠡᠩ ᠤᠨ ᠢᠳᠡᠭᠡᠨ ᠪᠤᠶᠤ ᠡᠮ ᠤᠨ ᠵᠦᠶᠯ ᠲᠠᠢ ᠬᠤᠳᠬᠤᠯᠳᠤᠭᠤᠯᠤᠨ ᠪᠣᠷᠣᠯᠠᠭᠤᠯᠵᠤ | ᠪᠣᠯᠬᠤ ᠦᠭᠡᠢ᠃ | ᠲᠠᠪᠤᠳᠤᠭᠠᠷ ᠪᠦᠯᠦᠭ ᠢᠳᠡᠭᠡᠨ ᠢ ᠰᠢᠯᠭᠠᠨ ᠪᠠᠶᠢᠴᠠᠭᠠᠬᠤ ᠳᠥᠴᠢᠳᠦᠭᠡᠷ ᠵᠤᠷᠪᠤᠰ | ᠢᠳᠡᠭᠡᠨ ᠳᠤ ᠰᠢᠯᠭᠠᠨ ᠪᠠᠶᠢᠴᠠᠭᠠᠯᠲᠠ ᠬᠢᠬᠦ ᠳᠡᠭᠡᠨ ᠢᠳᠡᠭᠡᠨ ᠤ ᠠᠶᠤᠯᠭᠦᠶ ᠶᠢᠨ ᠪᠠᠷᠢᠮᠵᠢᠶ᠎ᠠ᠂ | ᠳᠠᠩᠰᠠᠯᠠᠭᠤᠯᠤᠭᠰᠠᠨ ᠪᠤᠶᠤ ᠳᠠᠩᠰᠠᠯᠠᠭᠤᠯᠤᠭᠰᠠᠨ ᠣᠨᠴᠠᠭᠠᠢ ᠢᠳᠡᠭᠡᠨ ᠤ ᠦᠶᠯᠡᠳᠬᠦᠨ ᠤ ᠮᠡᠷᠭᠡᠵᠢᠯ ᠤᠨ | ᠱᠠᠭᠠᠷᠳᠠᠯᠭ᠎ᠠ ᠵᠢᠴᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠲᠣᠭᠲᠠᠭᠠᠭᠰᠠᠨ ᠰᠢᠯᠭᠠᠨ ᠪᠠᠶᠢᠴᠠᠭᠠᠬᠤ | ᠵᠦᠶᠯᠡᠰ ᠪᠠ ᠰᠢᠯᠭᠠᠨ ᠪᠠᠶᠢᠴᠠᠭᠠᠬᠤ ᠠᠷᠭ᠎ᠠ ᠶᠢᠨ ᠶᠣᠰᠣᠭᠠᠷ ᠬᠢᠬᠦ ᠬᠡᠷᠡᠭᠲᠡᠶ᠃ | ᠳᠥᠴᠢᠨ ᠨᠢᠭᠡᠳᠦᠭᠡᠷ ᠵᠤᠷᠪᠤᠰ ᠬᠠᠭᠤᠷᠮᠠᠭ ᠬᠤᠯᠢᠴᠠ ᠲᠠᠢ ᠪᠤᠶᠤ ᠬᠠᠭᠤᠷᠮᠠᠭ ᠶᠢᠨ ᠪᠤᠯᠤᠮᠵᠢ ᠲᠠᠢ | ᠢᠳᠡᠭᠡᠨ ᠳᠤ᠂ ᠤᠳᠤ ᠪᠠᠶᠢᠭ᠎ᠠ ᠢᠳᠡᠭᠡᠨ ᠤ ᠠᠶᠤᠯᠭᠦᠶ ᠶᠢᠨ ᠪᠠᠷᠢᠮᠵᠢᠶ᠎ᠠ ᠳᠤ ᠲᠣᠭᠲᠠᠭᠠᠭᠰᠠᠨ ᠰᠢᠯᠭᠠᠨ ᠪᠠᠶᠢᠴᠠᠭᠠᠬᠤ | ᠵᠦᠶᠯᠡᠰ ᠪᠠ ᠰᠢᠯᠭᠠᠨ ᠪᠠᠶᠢᠴᠠᠭᠠᠬᠤ ᠠᠷᠭ᠎ᠠ ᠵᠢᠴᠢ ᠢᠳᠡᠭᠡᠨ ᠤ ᠠᠶᠤᠯᠭᠦᠶ ᠶᠢᠨ ᠬᠠᠤᠯᠢ ᠶᠢᠨ ᠵᠠᠭᠤ ᠠᠷᠪᠠᠨ | ᠨᠢᠭᠡᠳᠦᠭᠡᠷ ᠵᠤᠷᠪᠤᠰ ᠪᠠ ᠲᠤᠰ ᠳᠦᠷᠢᠮ ᠤᠨ ᠵᠢᠷᠠᠨ ᠭᠤᠷᠪᠠᠳᠤᠭᠠᠷ ᠵᠤᠷᠪᠤᠰ ᠤᠨ ᠲᠣᠭᠲᠠᠭᠠᠯ ᠶᠣᠰᠣᠭᠠᠷ | ᠲᠣᠭᠲᠠᠭᠠᠭᠰᠠᠨ ᠰᠢᠯᠭᠠᠨ ᠪᠠᠶᠢᠴᠠᠭᠠᠬᠤ ᠵᠦᠶᠯᠡᠰ ᠪᠠ ᠰᠢᠯᠭᠠᠨ ᠪᠠᠶᠢᠴᠠᠭᠠᠬᠤ ᠠᠷᠭ᠎ᠠ ᠪᠠᠷ ᠰᠢᠯᠭᠠᠨ ᠪᠠᠶᠢᠴᠠᠭᠠᠬᠤ ᠶᠢᠨ | ᠠᠷᠭ᠎ᠠ ᠦᠭᠡᠢ ᠪᠠᠶᠢᠪᠠᠯ᠂ ᠲᠥᠷᠦ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠶᠤᠯᠭᠦᠶ ᠶᠢᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠰᠢᠯᠭᠠᠨ ᠪᠠᠶᠢᠴᠠᠭᠠᠬᠤ ᠵᠦᠶᠯᠡᠰ ᠪᠠ ᠰᠢᠯᠭᠠᠨ ᠪᠠᠶᠢᠴᠠᠭᠠᠬᠤ ᠠᠷᠭ᠎ᠠ ᠶᠢ | ᠨᠥᠬᠦᠪᠥᠷᠢᠯᠡᠨ ᠲᠣᠭᠲᠠᠭᠠᠵᠤ᠂ ᠢᠳᠡᠭᠡᠨ ᠤ ᠠᠶᠤᠯᠭᠦᠶ ᠶᠢᠨ ᠬᠡᠷᠡᠭ ᠢ ᠪᠠᠶᠢᠴᠠᠭᠠᠨ ᠰᠢᠶᠳᠪᠦᠷᠢᠯᠡᠬᠦ ᠪᠠ ᠢᠳᠡᠭᠡᠨ ᠤ | ᠠᠶᠤᠯᠭᠦᠶ ᠶᠢᠨ ᠡ᠊ᠨᠳᠡᠯ ᠢ ᠰᠢᠢᠳᠪᠦᠷᠢᠯᠡᠬᠦ ᠳᠤ ᠬᠡᠷᠡᠭᠯᠡᠵᠦ ᠪᠣᠯᠤᠨ᠎ᠠ᠃ | ᠳᠥᠴᠢᠨ ᠬᠤᠶᠠᠳᠤᠭᠠᠷ ᠵᠤᠷᠪᠤᠰ ᠢᠳᠡᠭᠡᠨ ᠤ ᠠᠶᠤᠯᠬᠦᠢ ᠶᠢᠨ ᠬᠠᠤᠯᠢ ᠶᠢᠨ ᠨᠠᠶᠠᠨ ᠨᠠᠢᠮᠠᠳᠤᠭᠠᠷ | ᠵᠤᠷᠪᠤᠰ ᠤᠨ ᠲᠣᠭᠲᠠᠭᠠᠯ ᠶᠣᠰᠣᠭᠠᠷ ᠳᠠᠬᠢᠨ ᠪᠠᠶᠢᠴᠠᠭᠠᠯᠭᠠᠬᠤ ᠪᠠᠷ ᠭᠤᠶᠤᠴᠢᠯᠠᠭᠰᠠᠨ ᠪᠣᠯ ᠭᠤᠶᠤᠴᠢᠯᠠᠭᠴᠢ ᠠᠴᠠ | ᠳᠠᠬᠢᠨ ᠪᠠᠶᠢᠴᠠᠭᠠᠯᠲᠠ ᠶᠢᠨ ᠪᠠᠶᠢᠭᠤᠯᠤᠮᠵᠢ ᠳᠤ ᠳᠠᠬᠢᠨ ᠪᠠᠶᠢᠴᠠᠭᠠᠯᠲᠠ ᠶᠢᠨ ᠵᠠᠷᠤᠳᠠᠯ ᠢ ᠤᠷᠢᠳᠠᠪᠠᠷ ᠥᠭᠬᠦ ᠬᠡᠷᠡᠭᠲᠡᠶ᠃ | | ᠳᠠᠬᠢᠨ ᠪᠠᠶᠢᠴᠠᠭᠠᠭᠰᠠᠨ ᠳ᠋ᠦᠩ ᠳᠤ ᠢᠳᠡᠭᠡᠨ ᠬᠢᠷᠢ ᠲᠡᠩᠴᠡᠬᠦ ᠦᠭᠡᠢ ᠭᠡᠵᠦ ᠲᠣᠳᠣᠷᠬᠠᠶᠢᠯᠠᠭᠰᠠᠨ ᠪᠠᠶᠢᠪᠠᠯ᠂ | ᠳᠠᠬᠢᠨ ᠪᠠᠶᠢᠴᠠᠭᠠᠭᠰᠠᠨ ᠵᠠᠷᠤᠳᠠᠯ ᠢ ᠳᠠᠬᠢᠨ ᠪᠠᠶᠢᠴᠠᠭᠠᠯᠭᠠᠬᠤ ᠭᠤᠶᠤᠴᠢᠯᠠᠭᠴᠢ ᠡᠭᠦᠷᠭᠡᠯᠡᠨ᠎ᠡ︔ ᠳᠠᠬᠢᠨ | ᠪᠠᠶᠢᠴᠠᠭᠠᠭᠰᠠᠨ ᠳ᠋ᠦᠩ ᠳᠤ ᠢᠳᠡᠭᠡᠨ ᠬᠢᠷᠢ ᠲᠡᠩᠴᠡᠭᠰᠡᠨ ᠭᠡᠵᠦ ᠲᠣᠳᠣᠷᠬᠠᠶᠢᠯᠠᠭᠰᠠᠨ ᠪᠠᠶᠢᠪᠠᠯ᠂ ᠳᠠᠬᠢᠨ | ᠪᠠᠶᠢᠴᠠᠭᠠᠭᠰᠠᠨ ᠵᠠᠷᠤᠳᠠᠯ ᠢ ᠦᠯᠢᠭᠡᠷ ᠠᠪᠴᠤ ᠪᠠᠶᠢᠴᠠᠭᠠᠨ ᠰᠢᠯᠭᠠᠭᠰᠠᠨ ᠢᠳᠡᠭᠡᠨ ᠤ ᠠᠶᠤᠯᠭᠦᠶ ᠶᠢᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠭᠦᠷᠭᠡᠯᠡᠨ᠎ᠡ᠃ | ᠳᠠᠬᠢᠨ ᠪᠠᠶᠢᠴᠠᠭᠠᠬᠤ ᠪᠠᠶᠢᠭᠤᠯᠤᠮᠵᠢ ᠵᠦᠶ ᠶᠣᠰᠣᠨ ᠤ ᠰᠢᠯᠲᠠᠭᠠᠨ ᠦᠭᠡᠢ ᠪᠠᠷ ᠳᠠᠬᠢᠨ ᠪᠠᠶᠢᠴᠠᠭᠠᠬᠤ | ᠡᠭᠦᠷᠭᠡ ᠡᠭᠦᠷᠭᠡᠯᠡᠬᠦ ᠶᠢ ᠲᠡᠪᠴᠢᠵᠦ ᠪᠣᠯᠬᠤ ᠦᠭᠡᠢ᠃ | ᠳᠥᠴᠢᠨ ᠭᠤᠷᠪᠠᠳᠤᠭᠠᠷ ᠵᠤᠷᠪᠤᠰ ᠶᠠᠮᠠᠷᠪᠠ ᠨᠢᠭᠡᠴᠡ ᠪᠠ ᠬᠤᠪᠢ ᠬᠥᠮᠦᠨ ᠬᠠᠤᠯᠢ ᠶᠣᠰᠣᠭᠠᠷ ᠬᠢᠷᠢ | ᠬᠡᠮ ᠢ ᠨᠢ ᠮᠠᠭᠠᠳᠯᠠᠨ ᠲᠤᠭᠳᠠᠭᠠᠭᠳᠠᠭᠰᠠᠨ ᠦᠭᠡᠢ ᠢᠳᠡᠭᠡᠨ ᠤ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ | ᠭᠠᠷᠭᠠᠭᠰᠠᠨ ᠢᠳᠡᠭᠡᠨ ᠤ ᠰᠢᠯᠭᠠᠨ ᠪᠠᠶᠢᠴᠠᠭᠠᠭᠰᠠᠨ ᠮᠡᠳᠡᠭᠡ ᠵᠠᠩᠭᠢ ᠶᠢ ᠨᠡᠶᠢᠲᠡᠯᠡᠵᠦ ᠪᠣᠯᠬᠤ ᠦᠭᠡᠢ᠂ ᠳᠡᠭᠡᠷ᠎ᠡ | ᠳᠤᠷᠠᠳᠤᠭᠰᠠᠨ ᠰᠢᠯᠭᠠᠨ ᠪᠠᠶᠢᠴᠠᠭᠠᠭᠰᠠᠨ ᠮᠡᠳᠡᠭᠡ ᠵᠠᠩᠭᠢ ᠶᠢ ᠠᠰᠢᠭᠯᠠ ᠢᠳᠡᠭᠡᠨ᠂ ᠢᠳᠡᠭᠡᠨ ᠦᠶᠯᠡᠳᠪᠦᠷᠢᠯᠡᠨ | ᠡᠵᠡᠩᠨᠡᠭᠴᠢ ᠳᠤ ᠵᠡᠷᠭᠡ ᠲᠡᠰ ᠤᠨ ᠦᠨᠡᠯᠡᠨ ᠲᠣᠭᠲᠠᠭᠠᠯᠲᠠ ᠬᠢᠵᠦ᠂ ᠬᠡᠷᠡᠭᠯᠡᠭᠴᠢᠳ ᠢ ᠮᠡᠬᠡᠯᠡᠵᠦ᠂ ᠪᠤᠷᠤᠭᠤ ᠲᠡᠰᠢ | ᠬᠥᠲᠥᠯᠵᠦ ᠪᠣᠯᠬᠤ ᠦᠭᠡᠢ᠃ | ᠵᠢᠷᠭᠤᠳᠤᠭᠠᠷ ᠪᠦᠯᠦᠭ ᠢᠳᠡᠭᠡᠨ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠳᠥᠴᠢᠨ ᠳᠥᠷᠪᠡᠳᠦᠭᠡᠷ ᠵᠤᠷᠪᠤᠰ ᠭᠠᠳᠠᠭᠠᠳᠤ ᠠᠴᠠ ᠣᠷᠣᠭᠤᠯᠬᠤ ᠬᠤᠳᠠᠯᠳᠤᠭᠠᠴᠢᠨ ᠢᠳᠡᠭᠡᠨ᠂ | ᠢᠳᠡᠭᠡᠨ ᠤ ᠨᠡᠮᠡᠯᠲᠡ ᠡᠳ᠋ ᠢ ᠭᠠᠳᠠᠭᠠᠳᠤ ᠠᠴᠠ ᠣᠷᠣᠭᠤᠯᠬᠤ ᠳᠠᠭᠠᠨ ᠲᠣᠭᠲᠠᠭᠠᠯ ᠶᠣᠰᠣᠭᠠᠷ ᠬᠢᠯᠢ ᠪᠠᠷ ᠭᠠᠷᠬᠤ | ᠣᠷᠣᠬᠤ ᠰᠢᠯᠭᠠᠨ ᠪᠠᠶᠢᠴᠠᠭᠠᠯᠲᠠ ᠬᠢᠵᠢᠭ ᠪᠠᠶᠢᠴᠠᠭᠠᠯᠲᠠ ᠶᠢᠨ ᠪᠠᠶᠢᠭᠤᠯᠤᠮᠵᠢ ᠳᠤ ᠮᠡᠳᠡᠭᠦᠯᠦᠨ ᠪᠠᠶᠢᠴᠠᠭᠠᠯᠭᠠᠵᠤ᠂ | ᠦᠶᠯᠡᠳᠬᠦᠨ ᠤ ᠬᠤᠯᠪᠣᠭᠳᠠᠯ ᠪᠦᠬᠦᠢ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠮᠡᠳᠡᠭᠦᠯᠬᠦ ᠶᠢᠨ ᠬᠠᠮᠲᠤ ᠬᠠᠤᠯᠢ | ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠷᠢ ᠲᠡᠩᠴᠡᠭᠰᠡᠨ ᠭᠡᠷᠡᠴᠢ ᠮᠠᠲ᠋ᠧᠷᠢᠶᠠᠯ ᠢ | ᠳᠠᠭᠠᠯᠳᠤᠭᠤᠯᠬᠤ ᠬᠡᠷᠡᠭᠲᠡᠶ᠃ | ᠳᠥᠴᠢᠨ ᠲᠠᠪᠤᠳᠤᠭᠠᠷ ᠵᠤᠷᠪᠤᠰ ᠭᠠᠳᠠᠭᠠᠳᠤ ᠠᠴᠠ ᠤᠷᠤᠭᠤᠯᠤᠭᠰᠠᠨ ᠢᠳᠡᠭᠡᠨ ᠪᠣᠭᠤᠮᠲᠠ ᠳᠤ | ᠬᠦᠷᠦᠭᠰᠡᠨ ᠤ ᠳᠠᠷᠠᠭ᠎ᠠ᠂ ᠬᠢᠯᠢ ᠪᠠᠷ ᠣᠷᠣᠭᠤᠯᠵᠤ ᠭᠠᠷᠭᠠᠬᠤ ᠶᠢᠨ ᠰᠢᠯᠭᠠᠨ ᠪᠠᠶᠢᠴᠠᠭᠠᠯᠲᠠ ᠬᠢᠵᠢᠭ | ᠪᠠᠶᠢᠴᠠᠭᠠᠯᠲᠠ ᠶᠢᠨ ᠪᠠᠶᠢᠭᠤᠯᠤᠮᠵᠢ ᠶᠢᠨ ᠵᠢᠭᠠᠨ ᠲᠣᠭᠲᠠᠭᠠᠭᠰᠠᠨ ᠪᠤᠶᠤ ᠮᠡᠳᠡᠷᠡᠨ ᠵᠥᠪᠰᠢᠶᠡᠷᠡᠭᠰᠡᠨ ᠲᠠᠯᠠᠪᠤᠷ ᠲᠤ | ᠬᠠᠳᠠᠭᠠᠯᠠᠬᠤ ᠬᠡᠷᠡᠭᠲᠡᠶ︔ ᠰᠢᠯᠵᠢᠭᠦᠯᠬᠦ ᠴᠢᠬᠤᠯᠠᠲᠠᠶ ᠪᠠᠶᠢᠪᠠᠯ᠂ ᠬᠢᠯᠢ ᠪᠠᠷ ᠭᠠᠷᠴᠤ ᠣᠷᠣᠬᠤ ᠰᠢᠯᠭᠠᠨ ᠪᠠᠶᠢᠴᠠᠭᠠᠯᠲᠠ | ᠬᠢᠵᠢᠭ ᠪᠠᠶᠢᠴᠠᠭᠠᠯᠲᠠ ᠶᠢᠨ ᠪᠠᠶᠢᠭᠤᠯᠤᠮᠵᠢ ᠶᠢᠨ ᠱᠠᠭᠠᠷᠳᠠᠯᠭ᠎ᠠ ᠶᠣᠰᠣᠭᠠᠷ ᠴᠢᠬᠤᠯᠠ ᠪᠦᠬᠦᠢ ᠠᠶᠤᠯᠭᠦᠶ ᠶᠢᠨ | ᠰᠡᠷᠭᠡᠶᠢᠯᠡᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠬᠤ ᠬᠡᠷᠡᠭᠲᠡᠶ᠃ | ᠶᠡᠭᠡ ᠬᠡᠮᠵᠢᠶᠡᠨ ᠤ ᠰᠤᠯᠠ ᠪᠣᠭᠤᠳᠠᠯᠯᠠᠭᠰᠠᠨ ᠭᠠᠳᠠᠭᠠᠳᠤ ᠠᠴᠠ ᠣᠷᠣᠭᠤᠯᠤᠭᠰᠠᠨ ᠢᠳᠡᠭᠡᠨ ᠢ ᠪᠠᠷᠠᠭ᠎ᠠ | ᠪᠠᠭᠤᠯᠭᠠᠬᠤ ᠪᠣᠭᠤᠮᠲᠠ ᠳᠤ ᠰᠢᠯᠭᠠᠨ ᠪᠠᠶᠢᠴᠠᠭᠠᠬᠤ ᠬᠡᠷᠡᠭᠲᠡᠶ᠃ | ᠳᠥᠴᠢᠨ ᠵᠢᠷᠭᠤᠳᠤᠭᠠᠷ ᠵᠤᠷᠪᠤᠰ ᠤᠯᠤᠰ ᠤᠨ ᠬᠢᠯᠢ ᠪᠠᠷ ᠭᠠᠷᠬᠤ ᠣᠷᠣᠬᠤ ᠰᠢᠯᠭᠠᠨ ᠪᠠᠶᠢᠴᠠᠭᠠᠯᠲᠠ ᠬᠢᠵᠢᠭ | ᠪᠠᠶᠢᠴᠠᠭᠠᠯᠲᠠ ᠶᠢᠨ ᠰᠠᠯᠠᠭ᠎ᠠ ᠮᠥᠴᠢᠷ ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢᠨ ᠬᠡᠷᠡᠭᠴᠡᠭᠡ ᠶᠢ ᠦᠨᠳᠦᠰᠦᠯᠡᠨ᠂ | ᠬᠡᠰᠡᠭ ᠢᠳᠡᠭᠡᠨ ᠳᠤ ᠪᠣᠭᠤᠮᠲᠠ ᠪᠠᠷ ᠣᠷᠣᠭᠤᠯᠬᠤ ᠶᠢ ᠲᠤᠭᠳᠠᠭᠠᠨ ᠬᠡᠷᠡᠭᠵᠢᠭᠦᠯᠵᠦ ᠪᠣᠯᠤᠨ᠎ᠠ᠃ | ᠳᠥᠴᠢᠨ ᠳᠣᠯᠣᠳᠤᠭᠠᠷ ᠵᠤᠷᠪᠤᠰ ᠲᠥᠷᠦ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠢᠳᠡᠭᠡᠨ ᠤ ᠠᠶᠤᠯᠭᠦᠶ ᠶᠢᠨ ᠬᠠᠤᠯᠢ ᠶᠢᠨ ᠶᠡᠷᠡᠨ ᠭᠤᠷᠪᠠᠳᠤᠭᠠᠷ ᠵᠦᠶᠯ ᠤᠨ | ᠲᠣᠭᠲᠠᠭᠠᠯ ᠶᠣᠰᠣᠭᠠᠷ ᠬᠢᠯᠢ ᠶᠢᠨ ᠭᠠᠳᠠᠨᠠᠬᠢ ᠭᠠᠳᠠᠭᠠᠳᠤ ᠳᠤ ᠭᠠᠷᠭᠠᠬᠤ ᠬᠤᠳᠠᠯᠳᠤᠭᠠᠴᠢᠨ᠂ ᠬᠢᠯᠢ ᠶᠢᠨ ᠭᠠᠳᠠᠨᠠᠬᠢ | ᠦᠶᠯᠡᠳᠪᠦᠷᠢᠯᠡᠯ ᠤᠨ ᠠᠵᠤ ᠠᠬᠤᠶᠢᠯᠠᠯ ᠪᠤᠶᠤ ᠲᠡᠭᠦᠨ ᠤ ᠨᠠᠶᠢᠳᠠᠭᠰᠠᠨ ᠭᠠᠳᠠᠭᠠᠳᠤ ᠠᠴᠠ ᠣᠷᠣᠭᠤᠯᠬᠤ | ᠬᠤᠳᠠᠯᠳᠤᠭᠠᠴᠢᠨ ᠤ ᠲᠤᠰᠢᠶᠠᠭᠰᠠᠨ ᠬᠤᠯᠪᠣᠭᠳᠠᠯ ᠪᠦᠬᠦᠢ ᠤᠯᠤᠰ ︵ᠭᠠᠵᠠᠷ ᠣᠷᠣᠨ︶ ᠤᠨ ᠪᠠᠷᠢᠮᠵᠢᠶ᠎ᠠ ᠪᠤᠶᠤ | ᠤᠯᠠᠨ ᠤᠯᠤᠰ ᠤᠨ ᠪᠠᠷᠢᠮᠵᠢᠶ᠎ᠠ ᠶᠢ ᠬᠢᠨᠠᠨ ᠪᠠᠶᠢᠴᠠᠭᠠᠭᠠᠳ᠂ ᠢᠳᠡᠭᠡᠨ ᠤ ᠠᠶᠤᠯᠭᠦᠶ ᠶᠢᠨ ᠱᠠᠭᠠᠷᠳᠠᠯᠭ᠎ᠠ ᠳᠤ | ᠨᠡᠶᠢᠴᠡᠨ᠎ᠡ ᠭᠡᠵᠦ ᠦᠵᠡᠪᠡᠯ᠂ ᠬᠡᠷᠡᠭᠯᠡᠬᠦ ᠶᠢ ᠲᠣᠭᠲᠠᠭᠠᠬᠤ ᠶᠢᠨ ᠬᠠᠮᠲᠤ ᠨᠡᠶᠢᠲᠡᠯᠡᠨ᠎ᠡ︔ ᠬᠡᠷᠡᠭᠯᠡᠬᠦ ᠳᠤ ᠲᠣᠬᠢᠷᠠᠬᠤ | ᠪᠠᠷᠢᠮᠵᠢᠶ᠎ᠠ ᠶᠢ ᠨᠡᠶᠢᠲᠡᠯᠡᠬᠦ ᠠᠴᠠ ᠡᠮᠦᠨ᠎ᠡ᠂ ᠬᠠᠷᠠᠬᠠᠨ ᠢᠳᠡᠭᠡᠨ ᠤ ᠠᠶᠤᠯᠭᠦᠶ ᠶᠢᠨ ᠤᠯᠤᠰ ᠤᠨ ᠪᠠᠷᠢᠮᠵᠢᠶ᠎ᠠ ᠦᠭᠡᠢ | ᠢᠳᠡᠭᠡᠨ ᠢ ᠭᠠᠳᠠᠭᠠᠳᠤ ᠠᠴᠠ ᠣᠷᠣᠭᠤᠯᠵᠤ ᠪᠣᠯᠬᠤ ᠦᠭᠡᠢ᠃ | ᠢᠳᠡᠭᠡᠨ ᠤ ᠠᠶᠤᠯᠬᠦᠢ ᠶᠢᠨ ᠤᠯᠤᠰ ᠤᠨ ᠪᠠᠷᠢᠮᠵᠢᠶ᠎ᠠ ᠳᠤ ᠨᠡᠶᠢᠳᠡᠮ ᠬᠡᠷᠡᠭᠯᠡᠬᠦ ᠪᠠᠷᠢᠮᠵᠢᠶ᠎ᠠ ᠳᠤ ᠨᠢᠭᠡᠨᠲᠡ | ᠬᠠᠮᠤᠷᠤᠭᠳᠠᠭᠰᠠᠨ ᠢᠳᠡᠭᠡᠨ ᠨᠢ ᠢᠳᠡᠭᠡᠨ ᠤ ᠠᠮᠤᠷ ᠲᠦᠪᠰᠢᠨ ᠤ ᠬᠠᠤᠯᠢ ᠶᠢᠨ ᠶᠡᠷᠡᠨ ᠭᠤᠷᠪᠠᠳᠤᠭᠠᠷ ᠵᠤᠷᠪᠤᠰ ᠲᠤ | ᠲᠣᠭᠲᠠᠭᠠᠭᠰᠠᠨ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠦᠭᠡᠢ ᠢᠳᠡᠭᠡᠨ ᠳᠤ ᠬᠠᠷᠢᠶᠠᠯᠠᠭᠳᠠᠬᠤ | ᠦᠭᠡᠢ᠃ | ᠳᠥᠴᠢᠨ ᠨᠠᠢᠮᠠᠳᠤᠭᠠᠷ ᠵᠤᠷᠪᠤᠰ ᠭᠠᠳᠠᠭᠠᠳᠤ ᠠᠴᠠ ᠣᠷᠣᠭᠤᠯᠬᠤ ᠬᠤᠳᠠᠯᠳᠤᠭᠠᠴᠢᠨ ᠬᠢᠯᠢ ᠶᠢᠨ | ᠭᠠᠳᠠᠨᠠᠬᠢ ᠭᠠᠳᠠᠭᠠᠳᠤ ᠳᠤ ᠭᠠᠷᠭᠠᠬᠤ ᠬᠤᠳᠠᠯᠳᠤᠭᠠᠴᠢᠨ᠂ ᠬᠢᠯᠢ ᠶᠢᠨ ᠭᠠᠳᠠᠨᠠᠬᠢ ᠦᠶᠯᠡᠳᠪᠦᠷᠢᠯᠡᠯ ᠤᠨ ᠠᠵᠤ | ᠠᠬᠤᠶᠢᠯᠠᠯ ᠢ ᠬᠢᠨᠠᠨ ᠬᠠᠷᠭᠤᠭᠤᠯᠬᠤ ᠳᠦᠷᠢᠮ ᠢ ᠪᠠᠶᠢᠭᠤᠯᠵᠤ᠂ ᠬᠢᠯᠢ ᠶᠢᠨ ᠭᠠᠳᠠᠨᠠᠬᠢ ᠭᠠᠳᠠᠭᠠᠳᠤ ᠳᠤ ᠭᠠᠷᠭᠠᠬᠤ | ᠬᠤᠳᠠᠯᠳᠤᠭᠠᠴᠢᠨ᠂ ᠬᠢᠯᠢ ᠶᠢᠨ ᠭᠠᠳᠠᠨᠠᠬᠢ ᠦᠶᠯᠡᠳᠪᠦᠷᠢᠯᠡᠯ ᠤᠨ ᠠᠵᠤ ᠠᠬᠤᠶᠢᠯᠠᠯ ᠤᠨ ᠢᠳᠡᠭᠡᠨ ᠤ ᠠᠶᠤᠯᠭᠦᠶ ᠶᠢᠨ | ᠠᠶᠤᠯ ᠲᠦᠭᠰᠢᠭᠦᠷᠢ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠲᠣᠭᠲᠠᠭᠠᠵᠤ ᠬᠡᠷᠡᠭᠵᠢᠭᠦᠯᠦᠭᠰᠡᠨ ᠪᠠᠶᠢᠳᠠᠯ ᠵᠢᠴᠢ ᠮᠠᠨ ᠤ | ᠤᠯᠤᠰ ᠲᠤ ᠭᠠᠷᠭᠠᠭᠰᠠᠨ ᠢᠳᠡᠭᠡᠨ ᠨᠢ ᠢᠳᠡᠭᠡᠨ ᠤ ᠠᠶᠤᠯᠭᠦᠶ ᠶᠢᠨ ᠬᠠᠤᠯᠢ᠂ ᠲᠤᠰ ᠳᠦᠷᠢᠮ ᠪᠠ ᠪᠤᠰᠤᠳ | ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠵᠢᠴᠢ | ᠢᠳᠡᠭᠡᠨ ᠤ ᠠᠶᠤᠯᠭᠦᠶ ᠶᠢᠨ ᠤᠯᠤᠰ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠵᠦ ᠪᠠᠶᠢᠬᠤ ᠡᠰᠡᠬᠦ ᠶᠢ | ᠭᠤᠤᠯᠳᠠᠯᠭ᠎ᠠ ᠲᠠᠢ ᠬᠢᠨᠠᠨ ᠬᠠᠷᠭᠤᠭᠤᠯᠬᠤ ᠬᠡᠷᠡᠭᠲᠡᠶ᠃ | ᠳᠥᠴᠢ ᠶᠢᠰᠦᠳᠦᠭᠡᠷ ᠵᠤᠷᠪᠤᠰ ᠭᠠᠳᠠᠭᠠᠳᠤ ᠠᠴᠠ ᠣᠷᠣᠭᠤᠯᠬᠤ ᠬᠤᠳᠠᠯᠳᠤᠭᠠᠴᠢᠨ ᠢᠳᠡᠭᠡᠨ ᠤ | ᠠᠶᠤᠯᠭᠦᠶ ᠶᠢᠨ ᠬᠠᠤᠯᠢ ᠶᠢᠨ ᠶᠡᠷᠡᠨ ᠳᠥᠷᠪᠡᠳᠦᠭᠡᠷ ᠵᠤᠷᠪᠤᠰ ᠤᠨ ᠭᠤᠷᠪᠠᠳᠤᠭᠠᠷ ᠪᠠᠳᠠᠭ ᠤᠨ ᠲᠣᠭᠲᠠᠭᠠᠯ ᠶᠣᠰᠣᠭᠠᠷ | ᠢᠳᠡᠭᠡᠨ ᠢ ᠭᠠᠳᠠᠭᠠᠳᠤ ᠠᠴᠠ ᠣᠷᠣᠭᠤᠯᠬᠤ ᠳᠤ ᠬᠦᠷᠪᠡᠯ᠂ ᠢᠳᠡᠭᠡᠨ ᠤ ᠵᠦᠶᠯ ᠪᠣᠯᠤᠨ ᠰᠢᠶᠳᠪᠦᠷᠢᠯᠡᠭᠰᠡᠨ | ᠪᠠᠶᠢᠳᠠᠯ ᠢᠶᠠᠨ ᠪᠠᠶᠢᠭ᠎ᠠ ᠭᠠᠵᠠᠷ ᠤᠨ ᠰᠢᠶᠠᠨ ︵ᠬᠤᠰᠢᠭᠤ︶ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠪᠠᠶᠢᠭ᠎ᠠ ᠭᠠᠵᠠᠷ ᠤᠨ ᠬᠢᠯᠢ ᠪᠠᠷ | ᠭᠠᠷᠬᠤ ᠣᠷᠣᠬᠤ ᠰᠢᠯᠭᠠᠨ ᠪᠠᠶᠢᠴᠠᠭᠠᠯᠲᠠ ᠬᠢᠵᠢᠭ ᠪᠠᠶᠢᠴᠠᠭᠠᠯᠲᠠ ᠶᠢᠨ ᠪᠠᠶᠢᠭᠤᠯᠤᠮᠵᠢ ᠳᠤ ᠮᠡᠳᠡᠭᠦᠯᠬᠦ ᠬᠡᠷᠡᠭᠲᠡᠶ᠃ | ᠲᠠᠪᠢᠳᠤᠭᠠᠷ ᠵᠤᠷᠪᠤᠰ ᠤᠯᠤᠰ ᠤᠨ ᠬᠢᠯᠢ ᠪᠠᠷ ᠭᠠᠷᠬᠤ ᠣᠷᠣᠬᠤ ᠰᠢᠯᠭᠠᠨ ᠪᠠᠶᠢᠴᠠᠭᠠᠯᠲᠠ ᠬᠢᠵᠢᠭ | ᠪᠠᠶᠢᠴᠠᠭᠠᠯᠲᠠ ᠶᠢᠨ ᠰᠠᠯᠠᠭ᠎ᠠ ᠮᠥᠴᠢᠷ ᠨᠢᠭᠡᠨᠲᠡ ᠳᠠᠩᠰᠠᠯᠠᠭᠤᠯᠤᠭᠰᠠᠨ ᠬᠢᠯᠢ ᠶᠢᠨ ᠭᠠᠳᠠᠨᠠᠬᠢ ᠢᠳᠡᠭᠡᠨ | ᠦᠶᠯᠡᠳᠪᠦᠷᠢᠯᠡᠬᠦ ᠠᠵᠤ ᠠᠬᠤᠶᠢᠯᠠᠯ ᠳᠠᠩᠰᠠᠯᠠᠭᠤᠯᠬᠤ ᠱᠠᠭᠠᠷᠳᠠᠯᠭ᠎ᠠ ᠳᠤ ᠨᠡᠶᠢᠴᠡᠬᠦ ᠦᠭᠡᠢ ᠪᠣᠯᠤᠭᠰᠠᠨ ᠢ ᠣᠯᠵᠤ | ᠮᠡᠳᠡᠪᠡᠯ᠂ ᠲᠡᠭᠦᠨ ᠢ ᠵᠠᠷᠯᠢᠭᠳᠠᠵᠤ ᠪᠠᠶᠢᠭᠠᠳ ᠲᠣᠭᠲᠠᠭᠰᠠᠨ ᠬᠤᠭᠤᠴᠠᠭᠠᠨ ᠳᠣᠲᠣᠷ᠎ᠠ ᠴᠡᠭᠴᠡᠯᠡᠨ ᠥᠭᠡᠷᠡᠴᠢᠯᠡᠭᠦᠯᠵᠦ | ᠂ ᠴᠡᠭᠴᠡᠯᠡᠨ ᠰᠠᠶᠢᠵᠢᠷᠠᠭᠤᠯᠬᠤ ᠬᠤᠭᠤᠴᠠᠭᠠᠨ ᠳᠤ ᠲᠡᠭᠦᠨ ᠤ ᠦᠶᠯᠡᠳᠪᠦᠷᠢᠯᠡᠭᠰᠡᠨ ᠢᠳᠡᠭᠡᠨ ᠢ ᠭᠠᠳᠠᠭᠠᠳᠤ ᠠᠴᠠ | ᠣᠷᠣᠭᠤᠯᠬᠤ ᠶᠢ ᠲᠦᠷ ᠵᠣᠭᠰᠣᠭᠠᠬᠤ ᠬᠡᠷᠡᠭᠲᠡᠶ︔ ᠴᠡᠭᠴᠡᠯᠡᠨ ᠰᠠᠶᠢᠵᠢᠷᠠᠭᠤᠯᠬᠤ ᠪᠠᠷ ᠳᠠᠮᠵᠢᠭᠠᠳ ᠮᠥᠨ ᠬᠦ | ᠳᠠᠩᠰᠠᠯᠠᠭᠤᠯᠬᠤ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠤᠯᠤᠰ ᠤᠨ ᠬᠢᠯᠢ ᠪᠠᠷ ᠣᠷᠣᠭᠤᠯᠵᠤ ᠭᠠᠷᠭᠠᠬᠤ ᠶᠢᠨ | ᠰᠢᠯᠭᠠᠨ ᠪᠠᠶᠢᠴᠠᠭᠠᠯᠳᠠ ᠬᠢᠵᠢᠭ ᠪᠠᠶᠢᠴᠠᠭᠠᠯᠳᠠ ᠶᠢᠨ ᠰᠠᠯᠠᠭ᠎ᠠ ᠮᠥᠴᠢᠷ ᠬᠢᠯᠢ ᠶᠢᠨ ᠭᠠᠳᠠᠨᠠᠬᠢ ᠢᠳᠡᠭᠡᠨ | ᠦᠶᠯᠡᠳᠪᠦᠷᠢᠯᠡᠬᠦ ᠠᠵᠤ ᠠᠬᠤᠶᠢᠯᠠᠯ ᠤᠨ ᠳᠠᠩᠰᠠᠯᠠᠯ ᠢ ᠬᠦᠴᠦᠨ ᠦᠭᠡᠢ ᠪᠣᠯᠭᠠᠬᠤ ᠶᠢᠨ ᠬᠠᠮᠲᠤ ᠵᠠᠷᠯᠠᠨ ᠨᠡᠶᠢᠲᠡᠯᠡᠬᠦ | ᠬᠡᠷᠡᠭᠲᠡᠶ᠃ | ᠲᠠᠪᠢᠨ ᠨᠢᠭᠡᠳᠦᠭᠡᠷ ᠵᠤᠷᠪᠤᠰ ᠮᠠᠨ ᠤ ᠤᠯᠤᠰ ᠤᠨ ᠰᠠᠶᠢᠨ ᠰᠠᠶᠢᠬᠠᠨ ᠦᠶᠯᠡᠳᠪᠦᠷᠢᠯᠡᠯ ᠤᠨ ᠵᠢᠷᠤᠮᠵᠢᠯ᠂ | ᠬᠤᠤᠷ ᠬᠥᠨᠥᠭᠡᠯ ᠤᠨ ᠵᠠᠳᠠᠯᠤᠯᠲᠠ ᠪᠣᠯᠤᠨ ᠵᠠᠩᠭᠢᠯᠠᠭ᠎ᠠ ᠶᠢᠨ ᠡᠵᠡᠮᠳᠡᠯ ᠤᠨ ᠴᠡᠭ ᠤᠨ ᠰᠢᠰᠲ᠋ᠧᠮ ᠢᠶᠠᠷ ᠳᠠᠮᠵᠢᠨ | ᠭᠡᠷᠡᠴᠢᠯᠡᠭᠳᠡᠭᠰᠡᠨ ᠬᠢᠯᠢ ᠶᠢᠨ ᠭᠠᠳᠠᠨᠠᠬᠢ ᠦᠶᠯᠡᠳᠪᠦᠷᠢᠯᠡᠯ ᠤᠨ ᠠᠵᠤ ᠠᠬᠤᠶᠢᠯᠠᠯ ᠳᠤ ᠭᠡᠷᠡᠴᠢᠯᠡᠯ ᠤᠨ ᠪᠠᠶᠢᠭᠤᠯᠤᠮᠵᠢ | ᠬᠠᠤᠯᠢ ᠶᠣᠰᠣᠭᠠᠷ ᠮᠥᠷᠳᠡᠨ ᠪᠠᠶᠢᠴᠠᠭᠠᠯᠲᠠ ᠬᠢᠬᠦ ᠬᠡᠷᠡᠭᠲᠡᠶ᠃ | ᠭᠡᠷᠡᠴᠢᠯᠡᠯ ᠤᠨ ᠱᠠᠭᠠᠷᠳᠠᠯᠭ᠎ᠠ ᠳᠤ ᠨᠡᠶᠢᠴᠡᠬᠦ ᠦᠭᠡᠢ ᠪᠣᠯᠤᠭᠰᠠᠨ ᠠᠵᠤ ᠠᠬᠤᠶᠢᠯᠠᠯ ᠢ ᠭᠡᠷᠡᠴᠢᠯᠡᠯ ᠤᠨ | ᠪᠠᠶᠢᠭᠤᠯᠤᠮᠵᠢ ᠬᠠᠤᠯᠢ ᠶᠣᠰᠣᠭᠠᠷ ᠭᠡᠷᠡᠴᠢᠯᠡᠯ ᠢ ᠬᠦᠴᠦᠨ ᠦᠭᠡᠢ ᠪᠣᠯᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ | ᠬᠡᠷᠡᠭᠲᠡᠶ᠃ | ᠲᠠᠪᠢᠨ ᠬᠤᠶᠠᠳᠤᠭᠠᠷ ᠵᠦᠶᠯ ᠬᠢᠯᠢ ᠶᠢᠨ ᠭᠠᠳᠠᠨ᠎ᠠ ᠡᠭᠦᠰᠦᠭᠰᠡᠨ ᠢᠳᠡᠭᠡᠨ ᠤ ᠠᠶᠤᠯᠭᠦᠶ ᠶᠢᠨ ᠬᠡᠷᠡᠭ ᠨᠢ | ᠮᠠᠨ ᠤ ᠤᠯᠤᠰ ᠤᠨ ᠬᠢᠯᠢ ᠶᠢᠨ ᠳᠣᠲᠣᠷ᠎ᠠ ᠨᠥᠯᠥᠭᠡ ᠦᠵᠡᠭᠦᠯᠵᠦ ᠮᠡᠳᠡᠬᠦ᠂ ᠡᠰᠡᠬᠦᠯ᠎ᠡ ᠭᠠᠳᠠᠭᠠᠳᠤ ᠠᠴᠠ | ᠣᠷᠣᠭᠤᠯᠤᠭᠰᠠᠨ ᠢᠳᠡᠭᠡᠨ᠂ ᠢᠳᠡᠭᠡᠨ ᠤ ᠨᠡᠮᠡᠯᠲᠡ ᠡᠳ᠋᠂ ᠢᠳᠡᠭᠡᠨ ᠲᠠᠢ ᠬᠤᠯᠪᠣᠭᠳᠠᠬᠤ ᠦᠶᠯᠡᠳᠬᠦᠨ ᠠᠴᠠ | ᠢᠳᠡᠭᠡᠨ ᠤ ᠠᠶᠤᠯᠭᠦᠶ ᠶᠢᠨ ᠬᠦᠨᠳᠦ ᠨᠣᠴᠢᠲᠠᠶ ᠠᠰᠠᠭᠤᠳᠠᠯ ᠢ ᠣᠯᠵᠤ ᠮᠡᠳᠡᠭᠰᠡᠨ ᠪᠠᠶᠢᠪᠠᠯ᠂ ᠤᠯᠤᠰ ᠤᠨ ᠬᠢᠯᠢ ᠪᠠᠷ | ᠭᠠᠷᠬᠤ ᠣᠷᠣᠬᠤ ᠰᠢᠯᠭᠠᠨ ᠪᠠᠶᠢᠴᠠᠭᠠᠯᠲᠠ ᠬᠢᠵᠢᠭ ᠪᠠᠶᠢᠴᠠᠭᠠᠯᠲᠠ ᠶᠢᠨ ᠰᠠᠯᠠᠭ᠎ᠠ ᠮᠥᠴᠢᠷ ᠴᠠᠭ ᠲᠤᠬᠠᠶ ᠳᠤᠨᠢ ᠠᠶᠤᠯ | ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠬᠡᠷᠡᠭᠲᠡᠶ ᠪᠥᠭᠡᠳ ᠬᠤᠯᠪᠣᠭᠳᠠᠯ ᠪᠦᠬᠦᠢ ᠢᠳᠡᠭᠡᠨ᠂ | ᠢᠳᠡᠭᠡᠨ ᠤ ᠨᠡᠮᠡᠯᠲᠡ ᠡᠳ᠋᠂ ᠢᠳᠡᠭᠡᠨ ᠲᠠᠢ ᠬᠤᠯᠪᠣᠭᠳᠠᠬᠤ ᠦᠶᠯᠡᠳᠬᠦᠨ ᠳᠤ ᠳᠣᠤᠷ᠎ᠠ ᠵᠢᠭᠰᠠᠭᠠᠭᠰᠠᠨ ᠬᠢᠵᠠᠭᠠᠷᠯᠠᠬᠤ | ᠠᠷᠭ᠎ᠠ ᠬᠡᠮᠵᠢᠶ᠎ᠡ ᠶᠢ ᠠᠪᠴᠤ ᠪᠣᠯᠤᠨ᠎ᠠ᠄ | ︵ᠨᠢᠭᠡ︶ ᠪᠠᠷᠠᠭ᠎ᠠ ᠪᠤᠴᠠᠭᠠᠬᠤ ᠪᠤᠶᠤ ᠤᠰᠠᠳᠬᠠᠵᠤ ᠰᠢᠶᠳᠪᠦᠷᠢᠯᠡᠬᠦ︔ | ︵ᠬᠤᠶᠠᠷ︶ ᠭᠠᠳᠠᠭᠠᠳᠤ ᠠᠴᠠ ᠣᠷᠣᠭᠤᠯᠬᠤ ᠶᠢ ᠨᠥᠬᠦᠴᠡᠯ ᠲᠠᠢ ᠪᠠᠷ ᠬᠢᠵᠠᠭᠠᠷᠯᠠᠬᠤ︔ | ︵ᠭᠤᠷᠪᠠ︶ ᠭᠠᠳᠠᠭᠠᠳᠤ ᠠᠴᠠ ᠣᠷᠣᠭᠤᠯᠬᠤ ᠶᠢ ᠲᠦᠷ ᠵᠣᠭᠰᠣᠭᠠᠬᠤ ᠪᠤᠶᠤ ᠬᠤᠷᠢᠭᠯᠠᠬᠤ᠃ | ᠲᠠᠪᠢᠨ ᠭᠤᠷᠪᠠᠳᠤᠭᠠᠷ ᠵᠤᠷᠪᠤᠰ ᠭᠠᠳᠠᠭᠠᠳᠤ ᠳᠤ ᠭᠠᠷᠭᠠᠬᠤ ᠢᠳᠡᠭᠡᠨ᠂ ᠢᠳᠡᠭᠡᠨ ᠤ ᠨᠡᠮᠡᠯᠲᠡ ᠡᠳ᠋ ᠢ | ᠦᠶᠯᠡᠳᠪᠦᠷᠢᠯᠡᠬᠦ ᠠᠵᠤ ᠠᠬᠤᠶᠢᠯᠠᠯ ᠨᠢ ᠭᠠᠳᠠᠭᠠᠳᠤ ᠳᠤ ᠭᠠᠷᠭᠠᠬᠤ ᠢᠳᠡᠭᠡᠨ᠂ ᠢᠳᠡᠭᠡᠨ ᠤ ᠨᠡᠮᠡᠯᠲᠡ ᠡᠳ᠋ ᠢᠶᠠᠨ | ᠭᠠᠳᠠᠭᠠᠳᠤ ᠠᠴᠠ ᠣᠷᠣᠭᠤᠯᠬᠤ ᠤᠯᠤᠰ ︵ᠭᠠᠵᠠᠷ ᠣᠷᠣᠨ︶ ᠤᠨ ᠪᠠᠷᠢᠮᠵᠢᠶ᠎ᠠ ᠪᠤᠶᠤ ᠭᠡᠷ᠎ᠡ ᠶᠢᠨ ᠱᠠᠭᠠᠷᠳᠠᠯᠭ᠎ᠠ ᠳᠤ | ᠨᠡᠶᠢᠴᠡᠭᠦᠯᠬᠦ ᠶᠢ ᠪᠠᠲᠤᠯᠠᠬᠤ ᠬᠡᠷᠡᠭᠲᠡᠶ︔ ᠮᠠᠨ ᠤ ᠤᠯᠤᠰ ᠤᠨ ᠪᠠᠶᠢᠭᠤᠯᠤᠭᠰᠠᠨ ᠪᠤᠶᠤ ᠣᠷᠣᠯᠴᠠᠭᠰᠠᠨ ᠣᠯᠠᠨ | ᠤᠯᠤᠰ ᠤᠨ ᠭᠡᠷ᠎ᠡ᠂ ᠬᠡᠯᠡᠯᠴᠡᠭᠡᠷ ᠲᠤ ᠱᠠᠭᠠᠷᠳᠠᠭᠰᠠᠨ ᠪᠠᠶᠢᠪᠠᠯ᠂ ᠪᠠᠰᠠ ᠣᠯᠠᠨ ᠤᠯᠤᠰ ᠤᠨ ᠭᠡᠷ᠎ᠡ᠂ ᠬᠡᠯᠡᠯᠴᠡᠭᠡᠷ | ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠶ᠃ | ᠳᠣᠯᠣᠳᠤᠭᠠᠷ ᠪᠦᠯᠦᠭ ᠢᠳᠡᠭᠡᠨ ᠤ ᠠᠶᠤᠯᠭᠦᠶ ᠶᠢᠨ ᠡ᠊ᠨᠳᠡᠯ ᠢ ᠰᠢᠶᠳᠪᠦᠷᠢᠯᠡᠬᠦ | ᠲᠠᠪᠢᠨ ᠳᠥᠷᠪᠡᠳᠦᠭᠡᠷ ᠵᠤᠷᠪᠤᠰ ᠢᠳᠡᠭᠡᠨ ᠤ ᠠᠶᠤᠯᠭᠦᠶ ᠶᠢᠨ ᠡ᠊ᠨᠳᠡᠯ ᠢ ᠤᠯᠤᠰ ᠤᠨ ᠢᠳᠡᠭᠡᠨ ᠤ | ᠠᠶᠤᠯᠭᠦᠶ ᠶᠢᠨ ᠡ᠊ᠨᠳᠡᠯ ᠤᠨ ᠪᠠᠴᠢᠮ ᠪᠠᠶᠢᠳᠠᠯ ᠢ ᠲᠦᠷᠭᠡᠨ ᠠᠷᠭᠠᠴᠠᠬᠤ ᠤᠷᠢᠳᠴᠢᠯᠠᠭᠰᠠᠨ ᠲᠥᠰᠦᠯ ᠤᠨ ᠶᠣᠰᠣᠭᠠᠷ | ᠱᠠᠲᠤ ᠬᠤᠪᠢᠶᠠᠨ ᠬᠠᠮᠢᠶᠠᠷᠤᠨ᠎ᠠ᠃ | ᠰᠢᠶᠠᠨ ︵ᠬᠤᠰᠢᠭᠤ︶ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠢᠳᠡᠭᠡᠨ ᠤ | ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠳᠠᠯᠢ ᠱᠠᠲᠤᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠢᠳᠡᠭᠡᠨ ᠤ ᠠᠶᠤᠯᠭᠦᠶ ᠶᠢᠨ ᠡ᠊ᠨᠳᠡᠯ ᠢ ᠪᠠᠶᠢᠴᠠᠭᠠᠨ ᠰᠢᠶᠳᠪᠦᠷᠢᠯᠡᠬᠦ ᠠᠵᠢᠯ ᠢ ᠬᠠᠷᠢᠭᠤᠴᠠᠨ᠎ᠠ | ᠃ | ᠰᠢᠶᠠᠨ ︵ᠬᠤᠰᠢᠭᠤ︶ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠣᠳᠠᠲᠠᠶ | ᠪᠠᠶᠢᠳᠠᠯ ᠢᠶᠠᠨ ᠦᠨᠳᠦᠰᠦᠯᠡᠨ ᠢᠳᠡᠭᠡᠨ ᠤ ᠠᠶᠤᠯᠭᠦᠶ ᠶᠢᠨ ᠡ᠊ᠨᠳᠡᠯ ᠤᠨ ᠪᠠᠴᠢᠮ ᠪᠠᠶᠢᠳᠠᠯ ᠢ ᠲᠦᠷᠭᠡᠨ ᠠᠷᠭᠠᠴᠠᠬᠤ | ᠤᠷᠢᠳᠴᠢᠯᠠᠭᠰᠠᠨ ᠲᠥᠰᠦᠯ ᠳᠤ ᠴᠠᠭ ᠲᠤᠬᠠᠶ ᠳᠤᠨᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠶ᠃ | ᠲᠠᠪᠢᠨ ᠲᠠᠪᠤᠳᠤᠭᠠᠷ ᠵᠤᠷᠪᠤᠰ ᠰᠢᠶᠠᠨ ︵ᠬᠤᠰᠢᠭᠤ︶ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ | ᠤᠨ ᠣᠷᠳᠣᠨ ᠢᠳᠡᠭᠡᠨ ᠤ ᠠᠶᠤᠯᠭᠦᠶ ᠶᠢᠨ ᠡ᠊ᠨᠳᠡᠯ ᠤᠨ ᠪᠠᠴᠢᠮ ᠪᠠᠶᠢᠳᠠᠯ ᠢ ᠲᠦᠷᠭᠡᠨ ᠠᠷᠭᠠᠴᠠᠬᠤ | ᠬᠠᠮᠢᠶᠠᠷᠤᠯᠳᠠ ᠶᠢᠨ ᠲᠤᠭᠳᠠᠴᠠ ᠶᠢ ᠳᠡᠬᠦᠯᠳᠡᠷᠵᠢᠬᠦᠯᠵᠤ᠂ ᠲᠣᠨᠤᠭ ᠲᠥᠬᠦᠭᠡᠷᠦᠮᠵᠢ ᠶᠢ ᠦᠭᠡᠷᠡᠴᠢᠯᠡᠨ | ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠨᠥᠭᠡᠴᠡᠯᠡᠬᠦ ᠪᠠ ᠪᠠᠴᠢᠮ ᠪᠠᠶᠢᠳᠠᠯ ᠢ ᠲᠦᠷᠭᠡᠨ | ᠠᠷᠭᠠᠴᠠᠬᠤ ᠡᠩᠨᠡᠭᠡ ᠶᠢᠨ ᠪᠠᠶᠢᠭᠤᠯᠤᠯᠲᠠ ᠶᠢ ᠰᠠᠶᠢᠲᠤᠷ ᠬᠢᠵᠦ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ | ᠪᠣᠯᠪᠠᠰᠤᠷᠠᠯ᠂ ᠰᠣᠷᠢᠯᠲᠠ ᠪᠠᠨ ᠴᠢᠩᠭᠠᠳᠬᠠᠬᠤ ᠬᠡᠷᠡᠭᠲᠡᠶ᠃ | ᠲᠠᠪᠢᠨ ᠵᠢᠷᠭᠤᠳᠤᠭᠠᠷ ᠵᠤᠷᠪᠤᠰ ᠢᠳᠡᠭᠡᠨ ᠤ ᠠᠶᠤᠯᠭᠦᠶ ᠶᠢᠨ ᠡ᠊ᠨᠳᠡᠯ ᠭᠠᠷᠤᠭᠰᠠᠨ ᠨᠢᠭᠡᠴᠡ ᠢᠳᠡᠭᠡᠨ ᠤ | ᠠᠶᠤᠯᠭᠦᠶ ᠶᠢᠨ ᠡ᠊ᠨᠳᠡᠯ ᠭᠠᠷᠭᠠᠭᠰᠠᠨ ᠪᠤᠶᠤ ᠭᠠᠷᠭᠠᠵᠤ ᠮᠡᠳᠡᠬᠦ ᠢᠳᠡᠭᠡᠨ ᠵᠢᠴᠢ ᠲᠦᠭᠦᠬᠡᠶ ᠮᠠᠲ᠋ᠧᠷᠢᠶᠠᠯ᠂ ᠪᠠᠭᠠᠵᠢ᠂ | ᠪᠠᠭᠠᠵᠢ ᠬᠡᠷᠡᠭᠰᠡᠯ᠂ ᠲᠣᠨᠤᠭ ᠲᠥᠬᠦᠭᠡᠷᠦᠮᠵᠢ ᠵᠡᠷᠭᠡ ᠳᠤ ᠲᠡᠷᠡ ᠳᠠᠷᠤᠶ ᠳᠤᠨᠢ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ | ᠬᠡᠷᠡᠭᠲᠡᠶ᠃ | ᠲᠠᠪᠢᠨ ᠳᠣᠯᠣᠳᠤᠭᠠᠷ ᠵᠤᠷᠪᠤᠰ ᠰᠢᠶᠠᠨ ︵ᠬᠤᠰᠢᠭᠤ︶ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠳᠡᠭᠡᠨ ᠤ | ᠠᠶᠤᠯᠭᠦᠶ ᠶᠢᠨ ᠡ᠊ᠨᠳᠡᠯ ᠤᠨ ᠮᠡᠳᠡᠭᠦᠯᠦᠯᠲᠡ ᠶᠢ ᠣᠯᠤᠭᠰᠠᠨ ᠤ ᠲᠠᠷᠠᠭ᠎ᠠ᠂ ᠲᠡᠷᠡ ᠳᠠᠷᠤᠶ ᠳᠤᠨᠢ ᠠᠳᠠᠯᠢ ᠱᠠᠲᠤᠨ ᠤ | ᠡᠷᠡᠭᠦᠯ ᠬᠠᠮᠠᠭᠠᠯᠠᠯ ᠤᠨ ᠵᠠᠰᠠᠭ ᠵᠠᠬᠢᠷᠭ᠎ᠠ᠂ ᠲᠠᠷᠢᠶᠠᠯᠠᠩ ᠤᠨ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ ᠲᠠᠢ | ᠬᠠᠮᠲᠤᠷᠠᠨ ᠢᠳᠡᠭᠡᠨ ᠤ ᠠᠶᠤᠯᠭᠦᠶ ᠶᠢᠨ ᠬᠠᠤᠯᠢ ᠶᠢᠨ ᠵᠠᠭᠤ ᠲᠠᠪᠤᠳᠤᠭᠠᠷ ᠵᠤᠷᠪᠤᠰ ᠤᠨ ᠲᠣᠭᠲᠠᠭᠠᠯ ᠶᠣᠰᠣᠭᠠᠷ | ᠪᠠᠶᠢᠴᠠᠭᠠᠨ ᠰᠢᠶᠳᠪᠦᠷᠢᠯᠡᠬᠦ ᠬᠡᠷᠡᠭᠲᠡᠶ᠃ | ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠡ᠊ᠨᠳᠡᠯ ᠭᠠᠷᠤᠭᠰᠠᠨ | ᠨᠢᠭᠡᠴᠡ ᠶᠢᠨ ᠢᠳᠡᠭᠡᠨ ᠵᠢᠴᠢ ᠲᠦᠭᠦᠬᠡᠶ ᠮᠠᠲ᠋ᠧᠷᠢᠶᠠᠯ᠂ ᠪᠠᠭᠠᠵᠢ ᠬᠡᠷᠡᠭᠰᠡᠯ᠂ ᠲᠣᠨᠤᠭ ᠲᠥᠬᠦᠭᠡᠷᠦᠮᠵᠢ ᠵᠡᠷᠭᠡ ᠶᠢ | ᠬᠠᠮᠠᠭᠠᠯᠠᠬᠤ ᠬᠡᠷᠡᠭᠲᠡᠶ᠂ ᠪᠢᠳᠡᠬᠦᠮᠵᠢᠯᠡᠯ ᠬᠢᠬᠦ ᠡ᠊ᠨᠳᠡᠯ ᠭᠠᠷᠤᠭᠰᠠᠨ ᠨᠢᠭᠡᠴᠡ ᠬᠠᠷᠠᠬᠠᠨ ᠪᠢᠲᠡᠬᠦᠮᠵᠢᠯᠡᠭᠡ ᠦᠭᠡᠢ | ᠪᠠᠶᠢᠪᠠᠯ ᠰᠢᠭᠤᠳ ᠪᠢᠲᠡᠭᠦᠮᠵᠢᠯᠡᠬᠦ ᠪᠤᠶᠤ ᠡ᠊ᠨᠳᠡᠯ ᠭᠠᠷᠤᠭᠰᠠᠨ ᠨᠢᠭᠡᠴᠡ ᠶᠢ ᠵᠠᠷᠯᠢᠭᠳᠠᠵᠤ ᠪᠠᠶᠢᠭᠠᠳ ᠲᠡᠷᠡ | ᠳᠠᠷᠤᠶ ᠳᠤᠨᠢ ᠪᠢᠳᠡᠬᠦᠮᠵᠢᠯᠡᠬᠦ ᠶᠢᠨ ᠬᠠᠮᠲᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠳᠤ | ᠮᠡᠳᠡᠭᠳᠡᠵᠦ ᠡ᠊ᠨᠳᠡᠯ ᠳᠤ ᠬᠤᠯᠪᠣᠭᠳᠠᠬᠤ ᠬᠦᠴᠦᠨ ᠵᠦᠶᠯ ᠳᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ | ᠬᠢᠯᠭᠡᠬᠦ ᠬᠡᠷᠡᠭᠲᠡᠶ᠃ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠪᠠᠶᠢᠴᠠᠭᠠᠵᠤ ᠳᠠᠭᠤᠰᠤᠭᠰᠠᠨ ᠤ ᠳᠠᠷᠠᠭ᠎ᠠ | ᠠᠳᠠᠯᠢ ᠱᠠᠲᠤᠨ ᠤ ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ᠂ ᠡᠷᠡᠭᠦᠯ ᠬᠠᠮᠠᠭᠠᠯᠠᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠲᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠶᠢᠨ ᠮᠡᠳᠡᠭᠦᠯᠦᠯᠳᠡ ᠶᠢ | ᠲᠤᠰᠢᠶᠠᠬᠤ ᠬᠡᠷᠡᠭᠲᠡᠶ᠃ | ᠶᠠᠮᠠᠷᠪᠠ ᠨᠢᠭᠡᠴᠡ ᠪᠣᠯᠤᠨ ᠬᠤᠪᠢ ᠬᠥᠮᠦᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ | ᠪᠠᠶᠢᠭᠤᠯᠤᠮᠵᠢ ᠶᠢᠨ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠬᠢᠬᠦ ᠶᠢ ᠲᠡᠪᠴᠢᠬᠦ ᠪᠠ ᠬᠠᠷᠰᠢᠯᠠᠵᠤ | ᠪᠣᠯᠬᠤ ᠦᠭᠡᠢ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ | ᠪᠠᠶᠢᠭᠤᠯᠤᠮᠵᠢ ᠶᠢᠨ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠥᠷᠨᠢᠭᠦᠯᠬᠦ ᠳᠤ ᠬᠠᠮᠵᠢᠯᠴᠠᠬᠤ ᠬᠡᠷᠡᠭᠲᠡᠶ᠃ | | ᠲᠠᠪᠢᠨ ᠨᠠᠢᠮᠠᠳᠤᠭᠠᠷ ᠵᠤᠷᠪᠤᠰ ᠲᠥᠷᠦ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠶᠤᠯᠭᠦᠶ ᠶᠢᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠥᠷᠦ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠤᠨ | ᠵᠠᠰᠠᠭ ᠵᠠᠬᠢᠷᠭ᠎ᠠ᠂ ᠲᠠᠷᠢᠶᠠᠯᠠᠩ ᠤᠨ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠤᠯᠤᠰ ᠤᠨ | ᠢᠳᠡᠭᠡᠨ ᠤ ᠠᠶᠤᠯᠭᠦᠶ ᠶᠢᠨ ᠡ᠊ᠨᠳᠡᠯ ᠤᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠯᠲᠠ ᠬᠢᠵᠦ᠂ | ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠡ᠊ᠨᠳᠡᠯ | ᠭᠠᠷᠬᠤ ᠶᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠨ᠎ᠠ᠃ | ᠨᠠᠢᠮᠠᠳᠤᠭᠠᠷ ᠪᠦᠯᠦᠭ ᠬᠢᠨᠠᠵᠤ ᠬᠠᠮᠢᠶᠠᠷᠬᠤ | ᠲᠠᠪᠢ ᠶᠢᠰᠦᠳᠦᠭᠡᠷ ᠵᠤᠷᠪᠤᠰ ᠲᠣᠭᠤᠷᠢᠭ ᠪᠠᠶᠢᠭᠤᠯᠤᠭᠰᠠᠨ ᠬᠤᠲᠠ ᠶᠢᠨ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ | ᠬᠢᠨᠠᠵᠤ ᠬᠠᠮᠢᠶᠠᠷᠬᠤ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠳᠣᠣᠷᠠᠳᠤ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠳᠦᠷ ᠲᠤᠲᠤᠮ ᠤᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠢᠳᠡᠭᠡᠨ ᠦᠶᠯᠡᠳᠪᠦᠷᠢᠯᠡᠨ ᠡᠵᠡᠩᠨᠡᠭᠴᠢᠳ ᠲᠤ ᠰᠤᠭᠤᠴᠢᠨ | ᠬᠢᠨᠡᠨ ᠪᠠᠶᠢᠴᠠᠭᠠᠯᠲᠠ ᠬᠢᠵᠦ ᠪᠣᠯᠤᠨ᠎ᠠ᠂ ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠢᠳᠡᠭᠡᠨ ᠤ | ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠢᠳᠡᠭᠡᠨ ᠦᠶᠯᠡᠳᠪᠦᠷᠢᠯᠡᠨ | ᠡᠵᠡᠩᠨᠡᠭᠴᠢ ᠳᠤ ᠣᠨᠳᠣᠤ ᠭᠠᠵᠠᠷ ᠤᠨ ᠬᠢᠨᠡᠨ ᠪᠠᠶᠢᠴᠠᠭᠠᠯᠲᠠ ᠬᠢᠭᠰᠡᠨ ᠴᠦ ᠪᠣᠯᠤᠨ᠎ᠠ᠃ | ᠲᠣᠭᠤᠷᠢᠭ ᠪᠠᠶᠢᠭᠤᠯᠤᠭᠰᠠᠨ ᠬᠤᠲᠠ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠴᠢᠬᠤᠯᠠᠲᠠᠶ ᠭᠡᠵᠦ ᠦᠵᠡᠪᠡᠯ᠂ | ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠠᠶᠤᠯᠭᠦᠶ ᠶᠢᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠮᠢᠶᠠᠷᠤᠨ ᠪᠠᠶᠢᠭ᠎ᠠ ᠢᠳᠡᠭᠡᠨ ᠤ ᠠᠶᠤᠯᠭᠦᠶ ᠶᠢᠨ ᠬᠠᠤᠯᠢ ᠶᠢ | ᠵᠥᠷᠢᠴᠡᠭᠰᠡᠨ ᠬᠡᠷᠡᠭ ᠢ ᠰᠢᠭᠤᠳ ᠪᠠᠶᠢᠴᠠᠭᠠᠨ ᠰᠢᠶᠳᠪᠦᠷᠢᠯᠡᠵᠦ ᠪᠣᠯᠤᠨ᠎ᠠ᠂ ᠪᠤᠰᠤᠳ ᠳᠣᠣᠷᠠᠳᠤ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ | ᠵᠢᠭᠠᠨ ᠲᠣᠭᠲᠠᠭᠠᠵᠤ ᠪᠠᠶᠢᠴᠠᠭᠠᠨ ᠰᠢᠶᠳᠪᠦᠷᠢᠯᠡᠭᠦᠯᠦᠭᠰᠡᠨ ᠴᠦ ᠪᠣᠯᠤᠨ᠎ᠠ᠃ | ᠵᠢᠷᠠᠳᠤᠭᠠᠷ ᠵᠤᠷᠪᠤᠰ ᠤᠯᠤᠰ ᠤᠨ ᠢᠳᠡᠭᠡᠨ ᠤ ᠠᠶᠤᠯᠭᠦᠶ ᠶᠢᠨ ᠪᠠᠶᠢᠴᠠᠭᠠᠭᠴᠢ ᠶᠢᠨ ᠳᠦᠷᠢᠮ ᠢ ᠪᠠᠶᠢᠭᠤᠯᠵᠤ᠂ | ᠣᠳᠣ ᠶᠢᠨ ᠪᠠᠶᠢᠭ᠎ᠠ ᠡᠬᠢ ᠪᠠᠶᠠᠯᠢᠭ ᠲᠤ ᠲᠦᠰᠢᠭᠯᠡᠨ ᠲᠤᠬᠠᠶᠢᠯᠠᠭᠰᠠᠨ ᠠᠵᠢᠯ ᠤᠨ ᠪᠠᠶᠢᠴᠠᠭᠠᠭᠴᠢ ᠶᠢᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠬᠢᠨᠠᠨ ᠰᠢᠯᠭᠠᠬᠤ ᠰᠤᠷᠭᠠᠯᠲᠠ ᠶᠢ ᠴᠢᠩᠭᠠᠷᠠᠭᠤᠯᠤᠨ᠂ ᠪᠠᠶᠢᠴᠠᠭᠠᠭᠴᠢ ᠶᠢᠨ | ᠲᠤᠰᠬᠠᠶᠢᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠵᠢᠷᠠᠨ ᠨᠢᠭᠡᠳᠦᠭᠡᠷ ᠵᠤᠷᠪᠤᠰ ᠰᠢᠶᠠᠨ ︵ᠬᠤᠰᠢᠭᠤ︶ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠳᠡᠭᠡᠨ ᠤ ᠠᠶᠤᠯᠭᠦᠶ ᠶᠢᠨ | ᠬᠠᠤᠯᠢ ᠶᠢᠨ ᠵᠠᠭᠤ ᠠᠷᠪᠠᠳᠤᠭᠠᠷ ᠵᠤᠷᠪᠤᠰ ᠤᠨ ᠲᠣᠭᠲᠠᠭᠠᠯ ᠶᠣᠰᠣᠭᠠᠷ ᠪᠠᠶᠢᠴᠠᠭᠠᠨ ᠪᠢᠲᠡᠭᠦᠮᠵᠢᠯᠡᠬᠦ᠂ ᠳᠠᠷᠤᠵᠤ ᠠᠪᠬᠤ | ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠂ ᠪᠠᠶᠢᠴᠠᠭᠠᠨ ᠪᠢᠲᠡᠭᠦᠮᠵᠢᠯᠡᠬᠦ᠂ ᠳᠠᠷᠤᠵᠤ ᠠᠪᠬᠤ ᠬᠤᠭᠤᠴᠠᠭ᠎ᠠ ᠶᠢ 30 | ᠡᠳᠦᠷ ᠠᠴᠠ ᠬᠡᠲᠦᠷᠡᠭᠦᠯᠵᠦ ᠪᠣᠯᠬᠤ ᠦᠭᠡᠢ︔ ᠪᠠᠶᠢᠳᠠᠯ ᠨᠢ ᠪᠤᠳᠤᠯᠢᠶᠠᠨᠲᠠᠶ ᠪᠠᠶᠢᠪᠠᠯ᠂ ᠪᠠᠶᠢᠴᠠᠭᠠᠨ ᠪᠢᠲᠡᠭᠦᠮᠵᠢᠯᠡᠬᠦ᠂ | ᠳᠠᠷᠤᠵᠤ ᠠᠪᠬᠤ ᠠᠷᠭ᠎ᠠ ᠬᠡᠮᠵᠢᠶ᠎ᠡ ᠠᠪᠤᠭᠰᠠᠨ ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ ᠤᠷᠲᠤᠳᠬᠠᠵᠤ ᠪᠣᠯᠤᠨ᠎ᠠ᠂ ᠤᠷᠲᠤᠳᠬᠠᠬᠤ | ᠬᠤᠭᠤᠴᠠᠭ᠎ᠠ ᠶᠢ 45 ᠡᠳᠦᠷ ᠠᠴᠠ ᠬᠡᠲᠦᠷᠡᠭᠦᠯᠵᠦ ᠪᠣᠯᠬᠤ ᠦᠭᠡᠢ᠃ | ᠵᠢᠷᠠᠨ ᠬᠤᠶᠠᠳᠤᠭᠠᠷ ᠵᠦᠶᠯ ᠴᠠᠬᠢᠮ ᠰᠦᠯᠵᠢᠶ᠎ᠡ +ᠢᠳᠡᠭᠡᠨ ᠠᠷᠠᠯᠵᠢᠶᠠᠯᠠᠬᠤ ᠭᠤᠷᠪᠠᠳᠤᠭᠠᠷ ᠡᠲᠡᠭᠡᠳ ᠤᠨ | ᠲᠠᠪᠴᠠᠩ ᠳᠤ ᠰᠦᠯᠵᠢᠶᠡᠨ ᠤ ᠢᠳᠡᠭᠡᠨ ᠤ ᠡᠵᠡᠩᠨᠡᠭᠴᠢ ᠬᠠᠤᠯᠢ ᠶᠢ ᠵᠥᠷᠢᠴᠡᠨ ᠡᠵᠡᠩᠨᠡᠭᠰᠡᠨ ᠪᠤᠶᠤ ᠰᠦᠯᠵᠢᠶᠡᠨ ᠤ | ᠢᠳᠡᠭᠡᠨ ᠤ ᠡᠵᠡᠩᠨᠡᠭᠴᠢ ᠶᠢᠨ ᠬᠠᠤᠯᠢ ᠶᠢ ᠵᠥᠷᠢᠴᠡᠨ ᠡᠵᠡᠩᠨᠡᠭᠰᠡᠨ ᠦᠢᠯᠡ ᠠᠵᠢᠯᠯᠠᠭ᠎ᠠ ᠣᠯᠠᠨᠲᠠ ᠭᠠᠷᠴᠤ ᠬᠦᠨᠳᠦ | ᠨᠣᠴᠢᠲᠠᠶ ᠤᠷᠰᠢᠭ ᠲᠠᠲᠠᠭᠰᠠᠨ ᠪᠠᠶᠢᠪᠠᠯ᠂ ᠰᠢᠶᠠᠨ ︵ᠬᠤᠰᠢᠭᠤ︶ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠰᠦᠯᠵᠢᠶᠡᠨ | ᠳᠡᠭᠡᠷ᠎ᠡ ᠢᠳᠡᠭᠡᠨ ᠠᠷᠠᠯᠵᠢᠶᠠᠯᠠᠬᠤ ᠭᠤᠷᠪᠠᠳᠤᠭᠠᠷ ᠡᠲᠡᠭᠡᠳ ᠤᠨ ᠲᠠᠪᠴᠠᠩ ᠤᠨ ᠬᠠᠤᠯᠢ ᠪᠠᠷ ᠲᠣᠭᠲᠠᠭᠠᠭᠰᠠᠨ | ᠲᠥᠯᠥᠭᠡᠯᠡᠭᠴᠢ ᠪᠤᠶᠤ ᠭᠤᠤᠯ ᠬᠠᠷᠢᠭᠤᠴᠠᠯᠭᠠᠲᠠᠨ ᠲᠠᠢ ᠬᠠᠷᠢᠭᠤᠴᠠᠯᠭ᠎ᠠ ᠶᠢᠨ ᠪᠣᠯᠵᠣᠨ ᠶᠠᠷᠢᠯᠴᠠᠯᠭ᠎ᠠ ᠬᠢᠵᠦ ᠪᠣᠯᠤᠨ᠎ᠠ | ᠃ | ᠵᠢᠷᠠᠨ ᠭᠤᠷᠪᠠᠳᠤᠭᠠᠷ ᠵᠤᠷᠪᠤᠰ ᠲᠥᠷᠦ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠶᠤᠯᠭᠦᠶ ᠶᠢᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠥᠷᠦ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠤᠨ | ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠢᠳᠡᠭᠡᠨ ᠠᠴᠠ ᠢᠷᠡᠯᠲᠡ ᠲᠠᠢ ᠡᠪᠡᠳᠴᠢᠨ ᠤ ᠮᠡᠳᠡᠭᠡ | ᠵᠠᠩᠭᠢ᠂ ᠢᠳᠡᠭᠡᠨ ᠤ ᠠᠶᠤᠯᠭᠦᠶ ᠶᠢᠨ ᠠᠶᠤᠯ ᠲᠦᠭᠰᠢᠭᠦᠷᠢ ᠶᠢ ᠬᠢᠨᠠᠨ ᠬᠡᠮᠵᠢᠬᠦ ᠮᠡᠳᠡᠭᠡ ᠵᠠᠩᠭᠢ ᠪᠠ ᠬᠢᠨᠠᠵᠤ | ᠬᠠᠮᠢᠶᠠᠷᠬᠤ ᠮᠡᠳᠡᠭᠡ ᠵᠠᠩᠭᠢ ᠵᠡᠷᠭᠡ ᠶᠢ ᠦᠨᠳᠦᠰᠦᠯᠡᠨ᠂ ᠢᠳᠡᠭᠡᠨ ᠤ ᠳᠣᠲᠣᠷ᠎ᠠ ᠨᠡᠮᠡᠭᠰᠡᠨ ᠪᠤᠶᠤ ᠨᠡᠮᠡᠵᠦ ᠮᠡᠳᠡᠬᠦ | ᠢᠳᠡᠭᠡᠨ ᠤ ᠪᠤᠰᠤ ᠬᠢᠮᠢ ᠶᠢᠨ ᠪᠤᠳᠠᠰ ᠪᠠ ᠬᠥᠮᠦᠨ ᠤ ᠪᠡᠶ᠎ᠡ ᠶᠢᠨ ᠡᠷᠡᠭᠦᠯ ᠮᠡᠨᠳᠦ ᠳᠤ ᠬᠤᠤᠷ ᠬᠥᠨᠥᠭᠡᠯ | ᠤᠴᠠᠷᠠᠭᠤᠯᠵᠤ ᠮᠡᠳᠡᠬᠦ ᠪᠤᠰᠤᠳ ᠪᠣᠳᠠᠰ ᠢ ᠣᠯᠵᠤ ᠮᠡᠳᠡᠭᠰᠡᠨ ᠨᠡᠷᠡᠰ ᠤᠨ ᠵᠢᠭᠰᠠᠭᠠᠯᠲᠠ ᠵᠢᠴᠢ ᠰᠢᠯᠭᠠᠨ ᠪᠠᠶᠢᠴᠠᠭᠠᠬᠤ | ᠠᠷᠭ᠎ᠠ ᠶᠢ ᠲᠣᠭᠲᠠᠭᠠᠬᠤ ᠶᠢᠨ ᠬᠠᠮᠲᠤ ᠨᠡᠶᠢᠲᠡᠯᠡᠨ᠎ᠡ᠃ | ᠵᠢᠷᠠᠨ ᠳᠥᠷᠪᠡᠳᠦᠭᠡᠷ ᠵᠤᠷᠪᠤᠰ ᠰᠢᠶᠠᠨ ︵ᠬᠤᠰᠢᠭᠤ︶ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠳᠡᠭᠡᠨ | ᠤᠮᠳᠠᠭᠠᠨ ᠤ ᠪᠠᠭᠠᠵᠢ ᠬᠡᠷᠡᠭᠰᠡᠯ ᠢ ᠲᠥᠪᠯᠡᠷᠡᠭᠦᠯᠦᠨ ᠠᠷᠢᠭᠤᠳᠬᠠᠬᠤ ᠦᠶᠯᠡᠴᠢᠯᠡᠭᠡᠨ ᠤ ᠨᠢᠭᠡᠴᠡ ᠳᠤ ᠬᠢᠨᠠᠯᠲᠠ | ᠲᠠᠯᠪᠢᠵᠤ ᠪᠠᠶᠢᠴᠠᠭᠠᠯᠲᠠ ᠬᠢᠬᠦ ᠬᠡᠷᠡᠭᠲᠡᠶ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠤᠯᠤᠰ ᠤᠨ ᠬᠤᠯᠪᠣᠭᠳᠠᠯ | ᠪᠦᠬᠦᠢ ᠪᠠᠷᠢᠮᠵᠢᠶ᠎ᠠ ᠵᠢᠴᠢ ᠬᠤᠯᠪᠣᠭᠳᠠᠯ ᠪᠦᠬᠦᠢ ᠡᠷᠡᠭᠦᠯ ᠬᠠᠮᠠᠭᠠᠯᠠᠯ ᠤᠨ ᠵᠢᠷᠤᠮᠵᠢᠯ ᠵᠡᠷᠭᠡ ᠱᠠᠭᠠᠷᠳᠠᠯᠭ᠎ᠠ ᠳᠤ | ᠨᠡᠶᠢᠴᠡᠬᠦ ᠦᠭᠡᠢ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠶ ᠳᠤᠨᠢ ᠪᠠᠶᠢᠴᠠᠭᠠᠨ ᠰᠢᠶᠳᠪᠦᠷᠢᠯᠡᠬᠦ ᠬᠡᠷᠡᠭᠲᠡᠶ᠃ | ᠬᠢᠨᠠᠯᠲᠠ ᠲᠠᠯᠪᠢᠵᠤ ᠪᠠᠶᠢᠴᠠᠭᠠᠭᠰᠠᠨ ᠦᠷ᠎ᠡ ᠳ᠋ᠦᠩ ᠢᠶᠠᠨ ᠨᠡᠶᠢᠭᠡᠮ ᠳᠤ ᠨᠡᠶᠢᠲᠡᠯᠡᠬᠦ ᠬᠡᠷᠡᠭᠲᠡᠶ᠃ | ᠵᠢᠷᠠᠨ ᠲᠠᠪᠤᠳᠤᠭᠠᠷ ᠵᠤᠷᠪᠤᠰ ᠤᠯᠤᠰ ᠤᠨ ᠢᠳᠡᠭᠡᠨ ᠤ ᠠᠶᠤᠯᠭᠦᠶ ᠶᠢᠨ ᠬᠠᠤᠯᠢ ᠶᠢ ᠵᠥᠷᠢᠴᠡᠭᠰᠡᠨ ᠦᠢᠯᠡ | ᠠᠵᠢᠯᠯᠠᠭ᠎ᠠ ᠶᠢ ᠢᠯᠡᠴᠢᠯᠡᠨ ᠮᠡᠳᠡᠬᠦᠯᠦᠯᠳᠡ ᠶᠢ ᠱᠠᠩᠨᠠᠬᠤ ᠳᠦᠷᠢᠮ ᠢ ᠬᠡᠷᠡᠭᠵᠢᠭᠦᠯᠵᠦ᠂ ᠦᠨᠡᠨ ᠪᠣᠳᠠᠲᠠᠶ ᠢᠯᠡᠴᠢᠯᠡᠨ | ᠮᠡᠳᠡᠭᠦᠯᠦᠯᠲᠡ ᠶᠢ ᠱᠠᠩᠨᠠᠨ ᠬᠥᠬᠢᠭᠦᠯᠦᠨ᠎ᠡ᠃ | ᠢᠯᠡᠴᠢᠯᠡᠨ ᠮᠡᠳᠡᠬᠦᠯᠦᠭᠴᠢ ᠨᠢ ᠲᠤᠬᠠᠢ ᠶᠢᠨ ᠠᠵᠤ ᠠᠬᠤᠶᠢᠯᠠᠯ ᠤᠨ ᠢᠳᠡᠭᠡᠨ ᠤ ᠠᠶᠦᠯᠭᠦᠢ ᠶᠢᠨ | ᠬᠠᠤᠯᠢ ᠠᠴᠠ ᠵᠥᠷᠢᠴᠡᠭᠰᠡᠨ ᠬᠦᠨᠳᠦ ᠶᠡᠭᠡ ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠪᠣᠯ ᠱᠠᠩᠨᠠᠬᠤ | ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠢᠯᠡᠴᠢᠯᠡᠨ ᠮᠡᠳᠡᠬᠦᠯᠦᠭᠴᠢ ᠶᠢᠨ ᠮᠡᠳᠡᠭᠡ ᠵᠠᠩᠭᠢ ᠶᠢᠨ ᠨᠢᠭᠤᠴᠠ ᠶᠢ | ᠬᠠᠮᠠᠭᠠᠯᠠᠵᠤ᠂ ᠢᠯᠡᠴᠢᠯᠡᠨ ᠮᠡᠳᠡᠬᠦᠯᠦᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠶ᠃ | ᠢᠳᠡᠭᠡᠨ ᠤ ᠠᠶᠤᠯᠭᠦᠶ ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠢᠯᠡᠴᠢᠯᠡᠨ ᠮᠡᠳᠡᠬᠦᠯᠦᠯᠳᠡ ᠶᠢ | ᠱᠠᠩᠨᠠᠬᠤ ᠠᠷᠭ᠎ᠠ ᠶᠢ ᠲᠥᠷᠦ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠶᠤᠯᠭᠦᠶ ᠶᠢᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠥᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠵᠡᠷᠭᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠨ᠎ᠠ᠃ | ᠢᠳᠡᠭᠡᠨ ᠤ ᠠᠶᠤᠯᠬᠦᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ | ᠮᠡᠳᠡᠭᠦᠯᠦᠭᠰᠡᠨ ᠱᠠᠩᠨᠠᠯ ᠤᠨ ᠪᠡᠯᠡ ᠮᠥᠩᠭᠦ ᠶᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠥᠰᠦᠪ ᠲᠤ | ᠣᠷᠣᠭᠤᠯᠤᠨ᠎ᠠ᠃ | ᠵᠢᠷᠠᠨ ᠵᠢᠷᠭᠤᠳᠤᠭᠠᠷ ᠵᠤᠷᠪᠤᠰ ᠲᠥᠷᠥ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠶᠤᠯᠭᠦᠶ ᠶᠢᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠢᠲᠡᠭᠡᠮᠵᠢ ᠲᠠᠢ ᠪᠠᠶᠢᠪᠠᠯ ᠬᠠᠮᠲᠤᠷᠠᠨ ᠤᠷᠮᠠᠰᠢᠭᠤᠯᠬᠤ ᠪᠠ ᠢᠲᠡᠭᠡᠯ ᠠᠯᠳᠠᠪᠠᠯ | ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠵᠤ᠂ ᠢᠳᠡᠭᠡᠨ ᠦᠶᠯᠡᠳᠪᠦᠷᠢᠯᠡᠨ ᠡᠵᠡᠩᠨᠡᠭᠴᠢᠳ ᠤᠨ | ᠢᠲᠡᠭᠡᠮᠵᠢ ᠶᠢᠨ ᠳᠠᠩᠰᠠ ᠡᠪᠬᠡᠮᠡᠯ ᠲᠠᠢ ᠤᠶᠠᠯᠳᠤᠭᠤᠯᠤᠨ᠂ ᠬᠠᠤᠯᠢ ᠶᠢ ᠬᠦᠨᠳᠦ ᠨᠣᠴᠢᠲᠠᠶ ᠵᠥᠷᠢᠴᠡᠭᠰᠡᠨ | ᠦᠶᠯᠡᠳᠪᠦᠷᠢᠯᠡᠨ ᠡᠵᠡᠩᠨᠡᠭᠴᠢᠳ ᠤᠨ ᠨᠡᠷ᠎ᠡ ᠶᠢᠨ ᠬᠠᠷ᠎ᠠ ᠳᠠᠩᠰᠠ ᠶᠢᠨ ᠳᠦᠷᠢᠮ ᠢ ᠪᠠᠶᠢᠭᠤᠯᠵᠤ᠂ ᠢᠳᠡᠭᠡᠨ ᠤ | ᠠᠶᠤᠯᠭᠦᠶ ᠶᠢᠨ ᠢᠲᠡᠭᠡᠮᠵᠢ ᠶᠢᠨ ᠪᠠᠶᠢᠳᠠᠯ ᠢ ᠡᠵᠡᠩᠨᠡᠯᠳᠡ ᠳᠤ ᠣᠷᠣᠬᠤ ᠶᠢ ᠵᠥᠪᠰᠢᠶᠡᠷᠡᠬᠦ᠂ ᠪᠡᠯᠡ ᠲᠣᠬᠢᠷᠠᠭᠤᠯᠬᠤ᠂ | ᠢᠲᠡᠭᠡᠮᠵᠢᠲᠦ ᠵᠢᠭᠡᠯᠡᠯᠭᠡ᠂ ᠢᠲᠡᠭᠡᠮᠵᠢ ᠣᠯᠬᠤ ᠵᠡᠷᠭᠡ ᠲᠠᠢ ᠵᠣᠯᠭᠠᠯᠳᠤᠭᠤᠯᠵᠤ᠂ ᠴᠠᠭ ᠲᠤᠬᠠᠶ ᠳᠤᠨᠢ ᠨᠡᠶᠢᠭᠡᠮ ᠳᠤ | ᠨᠡᠶᠢᠲᠡᠯᠡᠬᠦ ᠬᠡᠷᠡᠭᠲᠡᠶ᠃ | ᠶᠢᠰᠦᠳᠦᠭᠡᠷ ᠪᠦᠯᠦᠭ ᠬᠠᠤᠯᠢ ᠶᠢᠨ ᠬᠠᠷᠢᠭᠤᠴᠠᠯᠭ᠎ᠠ | ᠵᠢᠷᠠᠨ ᠳᠣᠯᠣᠳᠤᠭᠠᠷ ᠵᠤᠷᠪᠤᠰ ᠳᠣᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠢᠳᠡᠭᠡᠨ ᠤ | ᠠᠶᠤᠯᠭᠦᠶ ᠶᠢᠨ ᠬᠠᠤᠯᠢ ᠶᠢᠨ ᠵᠠᠭᠤ ᠬᠤᠷᠢᠨ ᠭᠤᠷᠪᠠᠳᠤᠭᠠᠷ ᠵᠤᠷᠪᠤᠰ ᠠᠴᠠ ᠵᠠᠭᠤ ᠬᠤᠷᠢᠨ ᠵᠢᠷᠭᠤᠳᠤᠭᠠᠷ ᠵᠤᠷᠪᠤᠰ᠂ | ᠵᠠᠭᠤ ᠭᠤᠴᠢᠨ ᠬᠤᠶᠠᠳᠤᠭᠠᠷ ᠵᠤᠷᠪᠤᠰ ᠵᠢᠴᠢ ᠲᠤᠰ ᠳᠦᠷᠢᠮ ᠤᠨ ᠳᠠᠯᠠᠨ ᠬᠤᠶᠠᠳᠤᠭᠠᠷ ᠵᠤᠷᠪᠤᠰ᠂ ᠳᠠᠯᠠᠨ | ᠭᠤᠷᠪᠠᠳᠤᠭᠠᠷ ᠵᠤᠷᠪᠤᠰ ᠲᠤ ᠲᠣᠭᠲᠠᠭᠠᠭᠰᠠᠨ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠳᠠᠯ ᠳᠤ ᠲᠣᠭᠠᠴᠠᠭᠳᠠᠨ᠎ᠠ | ᠄ ︵ᠨᠢᠭᠡ︶ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠬᠤᠯᠪᠣᠭᠳᠠᠭᠰᠠᠨ ᠦᠶᠯᠡᠳᠬᠦᠨ ᠤ ᠪᠠᠷᠠᠭ᠎ᠠ ᠶᠢᠨ | ᠥᠷᠲᠡᠭ ᠤᠨ ᠵᠣᠭᠤᠰ ᠤᠨ ᠲᠤᠭ᠎ᠠ ᠨᠢ 2 ᠲᠦᠮᠡᠨ ᠲᠥᠭᠦᠷᠢᠭ ᠠᠴᠠ ᠬᠡᠲᠦᠷᠡᠭᠰᠡᠨ ᠪᠤᠶᠤ ᠬᠠᠤᠯᠢ ᠶᠢ ᠵᠥᠷᠢᠴᠡᠭᠰᠡᠨ | ᠦᠢᠯᠡ ᠠᠵᠢᠯᠯᠠᠭ᠎ᠠ ᠨᠢ 3 ᠳ᠋ᠤᠭᠠᠷ ᠰᠠᠷ᠎ᠠ ᠠᠴᠠ ᠬᠡᠲᠦᠷᠡᠭᠰᠡᠨ︔ ︵ᠬᠤᠶᠠᠷ︶ ᠢᠳᠡᠭᠡᠨ ᠠᠴᠠ ᠰᠢᠯᠲᠠᠭᠠᠯᠠᠭᠰᠠᠨ | ᠡᠪᠡᠳᠴᠢᠨ ᠡᠭᠦᠰᠭᠡᠭᠰᠡᠨ ᠪᠥᠭᠡᠳ ᠦᠬᠦᠭᠰᠡᠨ᠂ ᠡᠰᠡᠬᠦᠯ᠎ᠡ 30 ᠬᠥᠮᠦᠨ ᠠᠴᠠ ᠲᠡᠭᠡᠭᠰᠢᠬᠢ ᠢᠳᠡᠭᠡᠨ ᠠᠴᠠ | ᠰᠢᠯᠲᠠᠭᠠᠯᠠᠭᠰᠠᠨ ᠡᠪᠡᠳᠴᠢᠨ ᠡᠭᠦᠰᠭᠡᠭᠰᠡᠨ ᠪᠣᠯᠪᠠᠴᠤ ᠦᠬᠦᠭᠰᠡᠨ ᠡᠪᠡᠳᠴᠢᠳᠡᠨ ᠦᠭᠡᠢ︔ ︵ᠭᠤᠷᠪᠠ︶ | ᠵᠣᠷᠢᠭᠤᠳᠠ ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠬᠤ ᠪᠤᠶᠤ ᠦᠨᠡᠨ ᠪᠠᠶᠢᠳᠠᠯ ᠢ ᠨᠢᠭᠤᠨ ᠳᠠᠯᠳᠠᠯᠠᠬᠤ︔ ︵ | ᠳᠦᠷᠪᠡ︶ ᠬᠢᠨᠠᠯᠲᠠ ᠲᠠᠯᠪᠢᠵᠤ ᠪᠠᠶᠢᠴᠠᠭᠠᠬᠤ ᠶᠢ ᠲᠡᠪᠴᠢᠬᠦ᠂ ᠲᠡᠭᠦᠨ ᠠᠴᠠ ᠵᠠᠶᠢᠯᠠᠬᠤ︔ ︵ᠲᠠᠪᠤ︶ ᠢᠳᠡᠭᠡᠨ ᠤ | ᠠᠶᠤᠯᠭᠦᠶ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠥᠷᠢᠴᠡᠭᠰᠡᠨ ᠠᠴᠠ ᠪᠣᠯᠵᠤ ᠵᠠᠰᠠᠭ ᠵᠠᠬᠢᠷᠭᠠᠨ ᠤ | ᠰᠢᠢᠳᠬᠡᠯ ᠣᠯᠤᠭᠰᠠᠨ ᠤ ᠲᠠᠷᠠᠭ᠎ᠠ 1 ᠵᠢᠯ ᠤᠨ ᠳᠣᠲᠣᠷ᠎ᠠ ᠪᠠᠰᠠ ᠠᠳᠠᠯᠢ ᠰᠢᠨᠵᠢ ᠴᠢᠨᠠᠷ ᠲᠠᠢ ᠢᠳᠡᠭᠡᠨ ᠤ | ᠠᠶᠤᠯᠭᠦᠶ ᠶᠢᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠬᠢᠭᠰᠡᠨ᠂ ᠡᠰᠡᠬᠦᠯ᠎ᠡ ᠢᠳᠡᠭᠡᠨ ᠤ ᠠᠶᠤᠯᠭᠦᠶ ᠶᠢᠨ | ᠬᠠᠤᠯᠢ ᠴᠠᠭᠠᠵᠠ᠂ ᠬᠠᠤᠯᠢ ᠲᠣᠭᠲᠠᠭᠠᠯ ᠢ ᠵᠥᠷᠢᠴᠡᠭᠰᠡᠨ ᠠᠴᠠ ᠪᠣᠯᠵᠤ ᠡᠷᠡᠭᠦᠤ ᠶᠢᠨ ᠰᠢᠢᠳᠬᠡᠯ ᠣᠯᠤᠭᠰᠠᠨ ᠤ | ᠲᠠᠷᠠᠭ᠎ᠠ ᠪᠠᠰᠠ ᠢᠳᠡᠭᠡᠨ ᠤ ᠠᠶᠤᠯᠭᠦᠶ ᠶᠢᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠬᠢᠭᠰᠡᠨ︔ ︵ | ᠵᠢᠷᠭᠤᠭ᠎ᠠ︶ ᠦᠢᠯᠡ ᠪᠠᠶᠢᠳᠠᠯ ᠨᠢ ᠬᠦᠨᠳᠦ ᠨᠣᠴᠢᠲᠠᠶ ᠪᠤᠰᠤᠳ ᠪᠠᠶᠢᠳᠠᠯ᠃ | ᠦᠢᠯᠡ ᠪᠠᠶᠢᠳᠠᠯ ᠨᠢ ᠬᠦᠨᠳᠦ ᠨᠣᠴᠢᠲᠠᠶ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠵᠣᠭᠤᠰ ᠢᠶᠠᠷ | ᠲᠣᠷᠭᠠᠬᠤ ᠪᠠᠷ ᠰᠢᠢᠳᠬᠡᠬᠦ ᠳᠡᠭᠡᠨ ᠬᠠᠤᠯᠢ ᠶᠣᠰᠣᠭᠠᠷ ᠬᠦᠨᠳᠦ ᠪᠠᠷ ᠴᠢᠩᠭ᠎ᠠ ᠰᠢᠢᠳᠬᠡᠬᠦ ᠬᠡᠷᠡᠭᠲᠡᠶ᠃ | ᠵᠢᠷᠠᠨ ᠨᠠᠢᠮᠠᠳᠤᠭᠠᠷ ᠵᠤᠷᠪᠤᠰ ᠳᠣᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠢᠳᠡᠭᠡᠨ ᠤ | ᠠᠶᠤᠯᠭᠦᠶ ᠶᠢᠨ ᠬᠠᠤᠯᠢ ᠶᠢᠨ ᠵᠠᠭᠤ ᠬᠤᠷᠢᠨ ᠲᠠᠪᠤᠳᠤᠭᠠᠷ ᠵᠤᠷᠪᠤᠰ ᠤᠨ ᠨᠢᠭᠡᠳᠦᠭᠡᠷ ᠪᠠᠳᠠᠭ᠂ ᠲᠤᠰ ᠳᠦᠷᠢᠮ ᠤᠨ | ᠳᠠᠯᠠᠨ ᠲᠠᠪᠤᠳᠤᠭᠠᠷ ᠵᠤᠷᠪᠤᠰ ᠤᠨ ᠲᠣᠭᠲᠠᠭᠠᠯ ᠶᠣᠰᠣᠭᠠᠷ ᠰᠢᠢᠳᠬᠡᠨ᠎ᠡ᠄ ︵ᠨᠢᠭᠡ︶ ᠢᠳᠡᠭᠡᠨ ᠦᠶᠯᠡᠳᠪᠦᠷᠢᠯᠡᠬᠦ᠂ | ᠰᠤᠷᠭᠠᠯᠲᠠ ᠳᠤ ᠬᠠᠮᠤᠷᠤᠭᠤᠯᠬᠤ ᠭᠠᠵᠠᠷ ᠲᠤ ᠲᠤᠰ ᠳᠦᠷᠢᠮ ᠤᠨ ᠵᠢᠷᠠᠨ ᠭᠤᠷᠪᠠᠳᠤᠭᠠᠷ ᠵᠤᠷᠪᠤᠰ ᠤᠨ ᠲᠣᠭᠲᠠᠭᠠᠯ | ᠶᠣᠰᠣᠭᠠᠷ ᠲᠣᠭᠲᠠᠭᠠᠭᠰᠠᠨ ᠨᠡᠷᠡᠰ ᠤᠨ ᠵᠢᠭᠰᠠᠭᠠᠯᠲᠠ ᠳᠠᠬᠢ ᠡᠳ᠋ ᠪᠣᠳᠠᠰ ᠢ ᠬᠠᠳᠠᠭᠠᠯᠠᠬᠤ︔ ︵ᠬᠤᠶᠠᠷ︶ | ᠦᠶᠯᠡᠳᠪᠦᠷᠢᠯᠡᠵᠦ ᠡᠵᠡᠩᠨᠡᠭᠰᠡᠨ ᠲᠠᠮᠢᠷᠵᠢᠭᠤᠯᠬᠤ ᠢᠳᠡᠭᠡᠨ ᠠᠴᠠ ᠭᠠᠳᠠᠨᠠᠬᠢ ᠢᠳᠡᠭᠡᠨ ᠤ ᠱᠣᠰᠢᠭ᠎ᠠ᠂ | ᠲᠣᠳᠣᠷᠬᠠᠶᠢᠯᠠᠯᠲᠠ ᠶᠢᠨ ᠪᠢᠴᠢᠭ ᠲᠤ ᠲᠠᠮᠢᠷᠵᠢᠭᠤᠯᠬᠤ ᠴᠢᠳᠠᠪᠬᠢ ᠲᠠᠢ ᠬᠡᠵᠦ ᠲᠤᠳᠤᠷᠬᠠᠶᠢᠯᠠᠭᠰᠠᠨ︔ ︵ᠭᠤᠷᠪᠠ︶ | ᠢᠳᠡᠭᠡᠨ ᠤ ᠠᠶᠤᠯᠭᠦᠶ ᠶᠢᠨ ᠤᠯᠤᠰ ᠤᠨ ᠪᠠᠷᠢᠮᠵᠢᠶ᠎ᠠ ᠳᠤ ᠲᠣᠭᠲᠠᠭᠠᠭᠰᠠᠨ ᠰᠤᠩᠭᠤᠯᠳᠠ ᠶᠢᠨ ᠴᠢᠨᠠᠷᠳᠠᠢ ᠨᠡᠮᠡᠯᠲᠡ | ᠪᠣᠳᠠᠰ ᠢᠶᠠᠷ ᠨᠢᠯᠬ᠎ᠠ ᠨᠢᠷᠠᠶ ᠬᠡᠤᠬᠡᠳ ᠤᠨ ᠨᠠᠶᠢᠷᠠᠯᠭ᠎ᠠ ᠲᠠᠢ ᠢᠳᠡᠭᠡᠨ ᠢ ᠨᠡᠷᠡᠯᠡᠬᠦ︔ ︵ᠳᠦᠷᠪᠡ︶ ᠦᠶᠯᠡᠳᠪᠦᠷᠢᠯᠡᠵᠦ | ᠡᠵᠡᠩᠨᠡᠭᠰᠡᠨ ᠣᠨᠴᠠᠭᠠᠢ ᠢᠳᠡᠭᠡᠨ ᠤ ᠱᠣᠰᠢᠭ᠎ᠠ᠂ ᠲᠣᠳᠣᠷᠬᠠᠶᠢᠯᠠᠯᠲᠠ ᠶᠢᠨ ᠪᠢᠴᠢᠭ ᠤᠨ ᠠᠭᠤᠯᠭ᠎ᠠ ᠨᠢ | ᠳᠠᠩᠰᠠᠯᠠᠭᠤᠯᠤᠭᠰᠠᠨ ᠪᠤᠶᠤ ᠳᠠᠩᠰᠠᠯᠠᠭᠤᠯᠤᠭᠰᠠᠨ ᠱᠣᠰᠢᠭ᠎ᠠ᠂ ᠲᠣᠳᠣᠷᠬᠠᠶᠢᠯᠠᠯᠲᠠ ᠶᠢᠨ ᠪᠢᠴᠢᠭ ᠲᠠᠢ ᠨᠢᠭᠡᠳᠦᠯ | ᠦᠭᠡᠢ ᠪᠠᠶᠢᠬᠤ᠃ | ᠵᠢᠷᠠ ᠶᠢᠰᠦᠳᠦᠭᠡᠷ ᠵᠤᠷᠪᠤᠰ ᠳᠣᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠢᠳᠡᠭᠡᠨ ᠤ | ᠠᠶᠤᠯᠭᠦᠶ ᠶᠢᠨ ᠬᠠᠤᠯᠢ ᠶᠢᠨ ᠵᠠᠭᠤ ᠬᠤᠷᠢᠨ ᠵᠢᠷᠭᠤᠳᠤᠭᠠᠷ ᠵᠤᠷᠪᠤᠰ ᠤᠨ ᠨᠢᠭᠡᠳᠦᠭᠡᠷ ᠪᠠᠳᠠᠭ᠂ ᠲᠤᠰ ᠳᠦᠷᠢᠮ ᠤᠨ | ᠳᠠᠯᠠᠨ ᠲᠠᠪᠤᠳᠤᠭᠠᠷ ᠵᠤᠷᠪᠤᠰ ᠤᠨ ᠲᠣᠭᠲᠠᠭᠠᠯ ᠶᠣᠰᠣᠭᠠᠷ ᠰᠢᠢᠳᠬᠡᠨ᠎ᠡ᠄ ︵ᠨᠢᠭᠡ︶ ᠢᠳᠡᠭᠡᠨ ᠦᠢᠯᠡᠳᠪᠤᠷᠢᠯᠡᠨ | ᠡᠵᠡᠩᠨᠡᠭᠴᠢ ᠶᠢᠨ ᠨᠠᠶᠢᠳᠠᠯᠭ᠎ᠠ ᠶᠢ ᠬᠦᠯᠢᠶᠡᠨ ᠠᠪᠴᠤ ᠢᠳᠡᠭᠡᠨ ᠢ ᠬᠠᠳᠠᠭᠠᠯᠠᠵᠤ᠂ ᠲᠡᠭᠡᠭᠡᠪᠦᠷᠢᠯᠡᠬᠦ ᠳᠡᠭᠡᠨ ᠮᠡᠳᠡᠭᠡ | ᠵᠠᠩᠭᠢ ᠶᠢ ᠲᠣᠭᠲᠠᠭᠠᠯ ᠶᠣᠰᠣᠭᠠᠷ ᠳᠡᠮᠳᠡᠭᠯᠡᠨ ᠬᠠᠳᠠᠭᠠᠯᠠᠭᠰᠠᠨ ᠦᠭᠡᠢ︔ ︵ᠬᠤᠶᠠᠷ︶ ᠢᠳᠡᠭᠡᠨ ᠤᠮᠳᠠᠭᠠᠨ ᠤ | ᠦᠢᠯᠡᠴᠢᠯᠡᠭᠡᠨ ᠤ ᠨᠢᠭᠡᠴᠡ ᠨᠢ ᠢᠳᠡᠭᠡᠨ ᠤᠮᠳᠠᠭᠠᠨ ᠤ ᠰᠠᠪᠠ ᠬᠡᠷᠡᠭᠰᠡᠯ ᠢ ᠲᠦᠪᠯᠡᠷᠡᠬᠦᠯᠦᠨ ᠠᠷᠢᠭᠤᠳᠬᠠᠬᠤ | ᠦᠢᠯᠡᠴᠢᠯᠡᠭᠡᠨ ᠤ ᠨᠢᠭᠡᠴᠡ ᠶᠢᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠪᠠ ᠠᠷᠢᠭᠤᠳᠬᠠᠬᠤ ᠳᠤ ᠬᠢᠷᠢ | ᠲᠡᠩᠴᠡᠭᠰᠡᠨ ᠭᠡᠷᠡᠴᠢ ᠶᠢ ᠪᠠᠶᠢᠴᠠᠭᠠᠨ ᠰᠢᠯᠭᠠᠵᠤ᠂ ᠦᠯᠡᠳᠡᠭᠡᠨ ᠬᠠᠳᠠᠭᠠᠯᠠᠭᠰᠠᠨ ᠦᠭᠡᠢ᠃ | ︵ᠭᠤᠷᠪᠠ︶ ᠢᠳᠡᠭᠡᠨ ᠦᠶᠯᠡᠳᠪᠦᠷᠢᠯᠡᠨ ᠡᠵᠡᠩᠨᠡᠭᠴᠢ ᠴᠢᠨᠠᠷ ᠬᠤᠪᠢᠷᠠᠭᠰᠠᠨ᠂ ᠬᠤᠭᠤᠴᠠᠭ᠎ᠠ ᠨᠢ | ᠬᠡᠲᠦᠷᠡᠭᠰᠡᠨ ᠪᠤᠶᠤ ᠬᠤᠷᠢᠶᠠᠨ ᠠᠪᠤᠭᠰᠠᠨ ᠢᠳᠡᠭᠡᠨ ᠢ ᠲᠣᠭᠲᠠᠭᠠᠯ ᠶᠣᠰᠣᠭᠠᠷ ᠲᠣᠳᠣᠷᠬᠠᠶᠢᠯᠠᠭᠰᠠᠨ ᠦᠭᠡᠢ ᠪᠤᠶᠤ | ᠬᠠᠳᠠᠭᠠᠯᠠᠭᠰᠠᠨ ᠦᠭᠡᠢ᠂ ᠡᠰᠡᠬᠦᠯ᠎ᠡ ᠳᠡᠭᠡᠷ᠎ᠡ ᠳᠤᠷᠠᠳᠤᠭᠰᠠᠨ ᠢᠳᠡᠭᠡᠨ ᠢ ᠴᠠᠭ ᠲᠤᠬᠠᠶ ᠳᠤᠨᠢ ᠬᠤᠤᠷ | ᠦᠭᠡᠶᠢᠵᠢᠬᠦᠯᠦᠨ ᠰᠢᠶᠳᠪᠦᠷᠢᠯᠡᠬᠦ᠂ ᠤᠰᠠᠳᠬᠠᠬᠤ ᠵᠡᠷᠭᠡ ᠠᠷᠭ᠎ᠠ ᠬᠡᠮᠵᠢᠶ᠎ᠡ ᠠᠪᠤᠭᠰᠠᠨ ᠦᠭᠡᠢ ᠪᠥᠭᠡᠳ ᠦᠨᠡᠨ | ᠮᠥᠨ ᠢᠶᠠᠷ ᠨᠢ ᠲᠡᠮᠳᠡᠭᠯᠡᠭᠰᠡᠨ ᠦᠭᠡᠢ︔ ︵ᠳᠦᠷᠪᠡ︶ ᠡᠮᠴᠢᠯᠡᠭᠡᠨ ᠤ ᠪᠠᠶᠢᠭᠤᠯᠤᠮᠵᠢ ᠪᠠ ᠡᠮ ᠤᠨ ᠵᠦᠶᠯ ᠢ | ᠵᠢᠵᠢᠭᠯᠡᠨ ᠬᠤᠳᠠᠯᠳᠤᠬᠤ ᠠᠵᠤ ᠠᠬᠤᠶᠢᠯᠠᠯ ᠠᠴᠠ ᠭᠠᠳᠠᠨᠠᠬᠢ ᠨᠢᠭᠡᠴᠡ ᠪᠤᠶᠤ ᠬᠤᠪᠢ ᠬᠥᠮᠦᠨ ᠠᠨᠠᠭᠠᠬᠤ ᠤᠬᠠᠭᠠᠨ ᠤ | ᠣᠨᠴᠠᠭᠠᠢ ᠬᠡᠷᠡᠭᠴᠡᠭᠡᠲᠦ ᠨᠠᠶᠢᠷᠠᠯᠭ᠎ᠠ ᠲᠠᠢ ᠢᠳᠡᠭᠡᠨ ᠤ ᠳᠣᠲᠣᠷᠠᠬᠢ ᠲᠤᠰᠬᠠᠶ ᠲᠣᠭᠲᠠᠭᠠᠭᠰᠠᠨ ᠪᠦᠷᠢᠨ ᠲᠡᠵᠢᠭᠡᠯᠲᠦ | ᠨᠠᠶᠢᠷᠠᠯᠭ᠎ᠠ ᠲᠠᠢ ᠢᠳᠡᠭᠡᠨ ᠢ ᠬᠡᠷᠡᠭᠯᠡᠭᠴᠢᠳ ᠲᠤ ᠪᠣᠷᠣᠯᠠᠭᠤᠯᠬᠤ︔ ︵ᠲᠠᠪᠤ︶ ᠣᠨᠴᠠᠭᠠᠢ ᠢᠳᠡᠭᠡᠨ ᠢ ᠡᠩ ᠤᠨ | ᠢᠳᠡᠭᠡᠨ ᠪᠤᠶᠤ ᠡᠮ ᠤᠨ ᠵᠦᠶᠯ ᠲᠠᠢ ᠬᠤᠳᠬᠤᠯᠳᠤᠭᠤᠯᠤᠨ ᠪᠣᠷᠣᠯᠠᠭᠤᠯᠬᠤ᠃ | ᠳᠠᠯᠠᠳᠤᠭᠠᠷ ᠵᠤᠷᠪᠤᠰ ᠢᠳᠡᠭᠡᠨ ᠤ ᠠᠮᠤᠷ ᠲᠦᠪᠰᠢᠨ ᠤ ᠬᠠᠤᠯᠢ ᠶᠢᠨ ᠵᠠᠭᠤ ᠬᠤᠷᠢᠨ ᠲᠠᠪᠤᠳᠤᠭᠠᠷ ᠵᠤᠷᠪᠤᠰ | ᠤᠨ ᠨᠢᠭᠡᠳᠦᠭᠡᠷ ᠪᠠᠳᠠᠭ᠂ ᠵᠠᠭᠤ ᠬᠤᠷᠢᠨ ᠵᠢᠷᠭᠤᠳᠤᠭᠠᠷ ᠵᠤᠷᠪᠤᠰ ᠲᠤ ᠲᠣᠭᠲᠠᠭᠠᠭᠰᠠᠨ ᠪᠠᠶᠢᠳᠠᠯ ᠢ ᠭᠠᠷᠭᠠᠪᠠᠯ᠂ | ᠢᠳᠡᠭᠡᠨ ᠦᠢᠯᠡᠳᠪᠤᠷᠢᠯᠡᠨ ᠡᠵᠡᠩᠨᠡᠭᠴᠢ ᠶᠢᠨ ᠦᠶᠯᠡᠳᠪᠦᠷᠢᠯᠡᠵᠦ ᠡᠵᠡᠩᠨᠡᠬᠦ ᠦᠢᠯᠡ ᠠᠵᠢᠯᠯᠠᠭ᠎ᠠ ᠨᠢ ᠢᠳᠡᠭᠡᠨ ᠤ | ᠠᠮᠤᠷ ᠲᠦᠪᠰᠢᠨ ᠤ ᠬᠠᠤᠯᠢ ᠶᠢᠨ ᠭᠤᠴᠢᠨ ᠭᠤᠷᠪᠠᠳᠤᠭᠠᠷ ᠵᠤᠷᠪᠤᠰ ᠤᠨ ᠨᠢᠭᠡᠳᠦᠭᠡᠷ ᠪᠠᠳᠠᠭ ᠤᠨ ᠲᠠᠪᠤᠳᠤᠭᠠᠷ ᠵᠦᠢᠯ | ᠂ ᠳᠣᠯᠣᠳᠤᠭᠠᠷ ᠵᠤᠷᠪᠤᠰ ᠠᠴᠠ ᠠᠷᠪᠠᠳᠤᠭᠠᠷ ᠪᠠᠳᠠᠭ ᠬᠦᠷᠲᠡᠯᠡᠬᠢ ᠲᠣᠭᠲᠠᠭᠠᠯ ᠳᠤ ᠨᠡᠶᠢᠴᠡᠬᠦ ᠦᠭᠡᠢ ᠪᠤᠶᠤ | ᠢᠳᠡᠭᠡᠨ ᠤ ᠦᠶᠯᠡᠳᠪᠦᠷᠢᠯᠡᠯ ᠡᠵᠡᠩᠨᠡᠯᠲᠡ ᠶᠢᠨ ᠶᠠᠪᠤᠴᠠ ᠶᠢᠨ ᠱᠠᠭᠠᠷᠳᠠᠯᠭ᠎ᠠ ᠶᠢᠨ ᠢᠳᠡᠭᠡᠨ ᠤ ᠠᠮᠤᠷ ᠲᠦᠪᠰᠢᠨ ᠤ | ᠲᠤᠬᠠᠶ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠢ ᠪᠣᠯ ᠢᠳᠡᠭᠡᠨ ᠤ ᠠᠮᠤᠷ ᠲᠦᠪᠰᠢᠨ ᠤ ᠬᠠᠤᠯᠢ ᠶᠢᠨ ᠵᠠᠭᠤ | ᠬᠤᠷᠢᠨ ᠵᠢᠷᠭᠤᠳᠤᠭᠠᠷ ᠵᠤᠷᠪᠤᠰ ᠤᠨ ᠨᠢᠭᠡᠳᠦᠭᠡᠷ ᠪᠠᠳᠠᠭ᠂ ᠲᠣᠰ ᠳᠦᠷᠢᠮ ᠤᠨ ᠳᠠᠯᠠᠨ ᠲᠠᠪᠤᠳᠤᠭᠠᠷ ᠵᠤᠷᠪᠤᠰ ᠤᠨ | ᠲᠣᠭᠲᠠᠭᠠᠯ ᠶᠣᠰᠣᠭᠠᠷ ᠰᠢᠶᠳᠬᠡᠨ ᠲᠣᠷᠭᠠᠬᠤ ᠬᠡᠷᠡᠭᠲᠡᠶ᠃ | ᠳᠠᠯᠠᠨ ᠨᠢᠭᠡᠳᠦᠭᠡᠷ ᠵᠤᠷᠪᠤᠰ ᠢᠳᠡᠭᠡᠨ ᠤᠮᠳᠠᠭᠠᠨ ᠤ ᠰᠠᠪᠠ ᠬᠡᠷᠡᠭᠰᠡᠯ ᠢ ᠲᠥᠪᠯᠡᠷᠡᠭᠦᠯᠦᠨ ᠠᠷᠢᠭᠤᠳᠬᠠᠬᠤ | ᠦᠶᠯᠡᠴᠢᠯᠡᠭᠡᠨ ᠤ ᠨᠢᠭᠡᠴᠡ ᠲᠣᠭᠲᠠᠭᠠᠯ ᠶᠣᠰᠣᠭᠠᠷ ᠬᠦᠢᠯᠡᠯᠭᠡ ᠳᠤ ᠤᠷᠤᠭᠤᠯᠬᠤ ᠰᠢᠯᠭᠠᠨ ᠪᠠᠶᠢᠴᠠᠭᠠᠯᠲᠠ ᠶᠢᠨ | ᠲᠡᠮᠳᠡᠭᠯᠡᠯ ᠤᠨ ᠳᠦᠷᠢᠮ ᠢ ᠪᠠᠶᠢᠭᠤᠯᠵᠤ ᠵᠢᠷᠤᠮᠯᠠᠭᠰᠠᠨ ᠦᠭᠡᠢ ᠪᠠᠶᠢᠪᠠᠯ᠂ ᠰᠢᠶᠠᠨ ︵ᠬᠤᠰᠢᠭᠤ︶ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠠᠴᠠ ᠢᠳᠡᠭᠡᠨ ᠤ ᠠᠶᠤᠯᠭᠦᠶ ᠶᠢᠨ ᠬᠠᠤᠯᠢ ᠶᠢᠨ ᠵᠠᠭᠤ ᠬᠤᠷᠢᠨ ᠵᠢᠷᠭᠤᠳᠤᠭᠠᠷ ᠵᠤᠷᠪᠤᠰ ᠤᠨ ᠨᠢᠭᠡᠳᠦᠭᠡᠷ | ᠪᠠᠳᠠᠭ᠂ ᠲᠤᠰ ᠳᠦᠷᠢᠮ ᠤᠨ ᠳᠠᠯᠠᠨ ᠲᠠᠪᠤᠳᠤᠭᠠᠷ ᠵᠤᠷᠪᠤᠰ ᠤᠨ ᠲᠣᠭᠲᠠᠭᠠᠯ ᠶᠣᠰᠣᠭᠠᠷ ᠰᠢᠢᠳᠬᠡᠨ᠎ᠡ᠃ | ᠳᠠᠯᠠᠨ ᠬᠤᠶᠠᠳᠤᠭᠠᠷ ᠵᠤᠷᠪᠤᠰ ᠳᠤᠯᠠᠭᠠᠨ ᠤ ᠬᠡᠮᠵᠢᠶ᠎ᠡ᠂ ᠴᠢᠭᠢᠭ ᠤᠨ ᠬᠡᠮᠵᠢᠶ᠎ᠡ ᠵᠡᠷᠭᠡ ᠣᠨᠴᠠᠭᠠᠢ | ᠱᠠᠭᠠᠷᠳᠠᠯᠭ᠎ᠠ ᠪᠦᠬᠦᠢ ᠢᠳᠡᠭᠡᠨ ᠢ ᠬᠠᠳᠠᠭᠠᠯᠠᠬᠤ ᠲᠤᠬᠠᠶᠢᠯᠠᠭᠰᠠᠨ ᠠᠵᠢᠯ ᠢ ᠡᠷᠬᠢᠯᠡᠵᠦ ᠪᠠᠶᠢᠭ᠎ᠠ ᠢᠳᠡᠭᠡᠨ ᠤ ᠪᠤᠰᠤ | ᠦᠶᠯᠡᠳᠪᠦᠷᠢᠯᠡᠨ ᠡᠵᠡᠩᠨᠡᠭᠴᠢ᠂ ᠢᠳᠡᠭᠡᠨ ᠰᠤᠯᠢᠯᠴᠠᠭ᠎ᠠ ᠶᠢ ᠡᠷᠬᠢᠯᠡᠨ ᠬᠢᠭᠴᠢ᠂ ᠢᠳᠡᠭᠡᠨ ᠤ ᠳᠡᠯᠭᠡᠨ ᠪᠣᠷᠣᠯᠠᠭᠤᠯᠬᠤ | ᠴᠤᠭᠯᠠᠭᠠᠨ ᠢ ᠡᠷᠬᠢᠯᠡᠨ ᠬᠢᠭᠴᠢ ᠲᠣᠭᠲᠠᠭᠠᠯ ᠶᠣᠰᠣᠭᠠᠷ ᠳᠠᠩᠰᠠᠯᠠᠭᠤᠯᠤᠭᠰᠠᠨ ᠦᠭᠡᠢ ᠪᠤᠶᠤ ᠮᠡᠳᠡᠭᠦᠯᠦᠭᠰᠡᠨ ᠦᠭᠡᠢ | ᠪᠠᠶᠢᠪᠠᠯ᠂ ᠰᠢᠶᠠᠨ ︵ᠬᠤᠰᠢᠭᠤ︶ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠢᠳᠡᠭᠡᠨ ᠤ | ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠰᠡᠷᠡᠮᠵᠢ | ᠥᠭᠭᠦᠨ᠎ᠡ︔ ᠵᠠᠯᠠᠷᠠᠭᠤᠯᠬᠤ ᠶᠢ ᠲᠡᠪᠴᠢᠭᠰᠡᠨ ᠪᠠᠶᠢᠪᠠᠯ᠂ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ | ᠲᠥᠭᠦᠷᠢᠭ ᠠᠴᠠ ᠳᠤᠷᠤᠭᠰᠢᠬᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔ ᠦᠢᠯᠡ ᠪᠠᠶᠢᠳᠠᠯ ᠨᠢ ᠬᠦᠨᠳᠦ | ᠨᠣᠴᠢᠲᠠᠶ ᠪᠣᠯ ᠦᠶᠯᠡᠳᠪᠦᠷᠢᠯᠡᠯ ᠡᠵᠡᠩᠨᠡᠯᠲᠡ ᠶᠢ ᠨᠢ ᠵᠠᠷᠯᠢᠭᠳᠠᠨ ᠵᠣᠭᠰᠣᠭᠠᠵᠤ᠂ 5 ᠲᠦᠮᠡᠨ ᠲᠥᠭᠦᠷᠢᠭ ᠠᠴᠠ | ᠳᠡᠭᠡᠭᠰᠢ 20 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠤᠷᠭᠠᠨ ᠰᠢᠶᠳᠬᠡᠨ᠎ᠡ᠃ | ᠳᠠᠯᠠᠨ ᠭᠤᠷᠪᠠᠳᠤᠭᠠᠷ ᠵᠤᠷᠪᠤᠰ ᠬᠤᠷᠠᠯ᠂ ᠢᠯᠡᠳᠬᠡᠯ᠂ ᠡᠷᠡᠭᠦᠯ ᠮᠡᠨᠳᠦ ᠶᠢᠨ ᠵᠥᠪᠯᠡᠯᠭᠡ ᠥᠭᠬᠦ ᠵᠡᠷᠭᠡ | ᠠᠷᠭ᠎ᠠ ᠮᠠᠶ᠋ᠢᠭ ᠢ ᠠᠰᠢᠭᠯᠠ ᠢᠳᠡᠭᠡᠨ ᠳᠤ ᠬᠤᠳᠠᠯ ᠬᠠᠭᠤᠷᠮᠠᠭ ᠤᠬᠠᠭᠤᠯᠭ᠎ᠠ ᠬᠢᠭᠰᠡᠨ ᠪᠠᠶᠢᠪᠠᠯ᠂ ᠰᠢᠶᠠᠨ ︵ | ᠬᠤᠰᠢᠭᠤ︶ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠠᠶᠤᠯᠭᠦᠶ ᠶᠢᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠨᠥᠯᠥᠭᠡ ᠶᠢ ᠨᠢ ᠦᠭᠡᠶᠢᠰᠭᠡᠨ᠎ᠡ᠂ | ᠬᠠᠤᠯᠢ ᠶᠢ ᠵᠥᠷᠢᠴᠡᠵᠦ ᠣᠯᠵᠠ ᠠᠰᠢᠭ ᠣᠯᠤᠭᠰᠠᠨ ᠪᠠᠶᠢᠪᠠᠯ᠂ ᠬᠠᠤᠯᠢ ᠶᠢ ᠵᠥᠷᠢᠴᠡᠵᠦ ᠣᠯᠤᠭᠰᠠᠨ ᠣᠯᠵᠠ | ᠠᠰᠢᠭ ᠢ ᠨᠢ ᠬᠤᠷᠢᠶᠠᠨ ᠠᠪᠤᠨ᠎ᠠ︔ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠢᠳᠡᠭᠡᠨ ᠤ ᠠᠶᠤᠯᠭᠦᠶ ᠶᠢᠨ | ᠬᠠᠤᠯᠢ ᠶᠢᠨ ᠵᠠᠭᠤ ᠳᠥᠴᠢᠳᠦᠭᠡᠷ ᠵᠤᠷᠪᠤᠰ ᠤᠨ ᠲᠠᠪᠤᠳᠤᠭᠠᠷ ᠪᠠᠳᠠᠭ ᠤᠨ ᠲᠣᠭᠲᠠᠭᠠᠯ ᠶᠣᠰᠣᠭᠠᠷ ᠰᠢᠢᠳᠬᠡᠨ᠎ᠡ︔ | ᠪᠠᠶᠢᠭᠤᠯᠭ᠎ᠠ ᠨᠢᠭᠡᠴᠡ ᠬᠠᠤᠯᠢ ᠶᠢ ᠵᠥᠷᠢᠴᠡᠭᠰᠡᠨ ᠪᠠᠶᠢᠪᠠᠯ᠂ ᠪᠠᠰᠠ ᠲᠤᠰ ᠳᠦᠷᠢᠮ ᠤᠨ ᠳᠠᠯᠠᠨ ᠲᠠᠪᠤᠳᠤᠭᠠᠷ | ᠵᠤᠷᠪᠤᠰ ᠤᠨ ᠲᠣᠭᠲᠠᠭᠠᠯ ᠶᠣᠰᠣᠭᠠᠷ ᠪᠠᠶᠢᠭᠤᠯᠭ᠎ᠠ ᠨᠢᠭᠡᠴᠡ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ | ᠭᠤᠤᠯ ᠬᠠᠷᠢᠭᠤᠴᠠᠯᠭᠠᠲᠠᠨ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠦᠨ ᠪᠣᠯᠤᠨ ᠰᠢᠭᠤᠳ | ᠬᠠᠷᠢᠭᠤᠴᠠᠯᠭ᠎ᠠ ᠲᠠᠢ ᠪᠤᠰᠤᠳ ᠬᠥᠮᠦᠨ ᠢ ᠰᠢᠢᠳᠬᠡᠬᠦ ᠬᠡᠷᠡᠭᠲᠡᠶ᠃ | ᠢᠳᠡᠭᠡᠨ ᠦᠢᠯᠡᠳᠪᠦᠷᠢᠯᠡᠨ ᠡᠵᠡᠩᠨᠡᠭᠴᠢ ᠶᠢᠨ ᠦᠶᠯᠡᠳᠪᠦᠷᠢᠯᠡᠵᠦ ᠡᠵᠡᠩᠨᠡᠵᠦ ᠪᠠᠶᠢᠭ᠎ᠠ ᠢᠳᠡᠭᠡᠨ ᠨᠢ | ᠢᠳᠡᠭᠡᠨ ᠤ ᠠᠶᠤᠯᠭᠦᠶ ᠶᠢᠨ ᠪᠠᠷᠢᠮᠵᠢᠶ᠎ᠠ ᠳᠤ ᠨᠡᠶᠢᠴᠡᠭᠰᠡᠨ ᠪᠣᠯᠪᠠᠴᠤ ᠢᠳᠡᠭᠡᠨ ᠤ ᠵᠦᠶᠯ ᠤᠨ ᠪᠠᠶᠢᠭ᠎ᠠ ᠠᠵᠤ | ᠠᠬᠤᠶᠢᠯᠠᠯ ᠤᠨ ᠪᠠᠷᠢᠮᠵᠢᠶ᠎ᠠ ᠳᠤ ᠲᠣᠭᠲᠠᠭᠠᠭᠰᠠᠨ ᠢᠳᠡᠭᠡᠨ ᠤ ᠠᠶᠤᠯᠭᠦᠶ ᠶᠢᠨ ᠭᠦᠶᠴᠡᠳᠬᠡᠬᠦ ᠲᠤᠭ᠎ᠠ ᠳᠤ ᠨᠡᠶᠢᠴᠡᠬᠦ | ᠦᠭᠡᠢ ᠪᠠᠶᠢᠪᠠᠯ᠂ ᠰᠢᠶᠠᠨ ︵ᠬᠤᠰᠢᠭᠤ︶ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠰᠡᠷᠡᠮᠵᠢ ᠥᠭᠬᠦ ᠶᠢᠨ ᠬᠠᠮᠲᠤ | ᠢᠳᠡᠭᠡᠨ ᠤ ᠵᠦᠶᠯ ᠤᠨ ᠡᠵᠡᠩᠨᠡᠭᠴᠢ ᠶᠢ ᠵᠠᠷᠯᠢᠭᠳᠠᠵᠤ ᠪᠠᠶᠢᠭᠠᠳ ᠲᠤᠰ ᠢᠳᠡᠭᠡᠨ ᠤ ᠡᠵᠡᠩᠨᠡᠯᠲᠡ ᠶᠢ ᠨᠢ | ᠵᠣᠭᠰᠣᠭᠠᠯᠭᠠᠵᠤ᠂ ᠢᠳᠡᠭᠡᠨ ᠦᠶᠯᠡᠳᠪᠦᠷᠢᠯᠡᠬᠦ ᠠᠵᠤ ᠠᠬᠤᠶᠢᠯᠠᠯ ᠢ ᠵᠠᠷᠯᠢᠭᠳᠠᠨ ᠵᠠᠯᠠᠷᠠᠭᠤᠯᠤᠭᠤᠯᠤᠨ᠎ᠠ︔ ᠡᠵᠡᠩᠨᠡᠬᠦ | ᠪᠤᠶᠤ ᠵᠠᠯᠠᠷᠠᠭᠤᠯᠬᠤ ᠶᠢ ᠲᠡᠪᠴᠢᠭᠰᠡᠨ ᠪᠠᠶᠢᠪᠠᠯ᠂ ᠠᠵᠤ ᠠᠬᠤᠶᠢᠯᠠᠯ ᠤᠨ ᠪᠠᠷᠢᠮᠵᠢᠶ᠎ᠠ ᠳᠤ ᠲᠣᠭᠲᠠᠭᠠᠭᠰᠠᠨ ᠢᠳᠡᠭᠡᠨ ᠤ | ᠠᠶᠦᠯᠭᠦᠢ ᠶᠢᠨ ᠭᠦᠶᠴᠡᠳᠬᠡᠬᠦ ᠲᠤᠭ᠎ᠠ ᠳᠤ ᠨᠡᠶᠢᠴᠡᠬᠦ ᠦᠭᠡᠢ ᠢᠳᠡᠭᠡᠨ ᠢ ᠨᠢ ᠬᠤᠷᠢᠶᠠᠨ ᠠᠪᠴᠤ᠂ ᠪᠠᠷᠠᠭ᠎ᠠ ᠶᠢᠨ | ᠥᠷᠲᠡᠭ ᠤᠨ ᠵᠣᠭᠤᠰ ᠤᠨ ᠲᠤᠭ᠎ᠠ ᠨᠢ 1 ᠲᠦᠮᠡᠨ ᠲᠥᠭᠦᠷᠢᠭ ᠲᠤ ᠬᠦᠷᠬᠦ ᠦᠭᠡᠢ ᠪᠣᠯ᠂ 1 ᠲᠦᠮᠡᠨ | ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠰᠢᠶᠳᠬᠡᠨ᠎ᠡ᠂ | ᠪᠠᠷᠠᠭ᠎ᠠ ᠶᠢᠨ ᠥᠷᠲᠡᠭ ᠤᠨ ᠵᠣᠭᠤᠰ ᠤᠨ ᠲᠤᠭ᠎ᠠ ᠨᠢ 1 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ | ᠪᠠᠷᠠᠭ᠎ᠠ ᠶᠢᠨ ᠥᠷᠲᠡᠭ ᠤᠨ ᠵᠣᠭᠤᠰ ᠤᠨ ᠲᠤᠭ᠎ᠠ ᠶᠢᠨ 5 ᠲᠠᠬᠢᠨ ᠠᠴᠠ ᠳᠡᠭᠡᠭᠰᠢ 10 ᠲᠠᠬᠢᠨ ᠠᠴᠠ ᠳᠣᠷᠣᠭᠰᠢ | ᠵᠣᠭᠤᠰ ᠢᠶᠠᠷ ᠲᠣᠷᠭᠠᠵᠤ ᠰᠢᠶᠳᠬᠡᠨ᠎ᠡ᠃ | ᠳᠠᠯᠠᠨ ᠲᠠᠪᠤᠳᠤᠭᠠᠷ ᠵᠤᠷᠪᠤᠰ ᠢᠳᠡᠭᠡᠨ ᠤ ᠦᠶᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠵᠡᠷᠭᠡ | ᠨᠢᠭᠡᠴᠡ ᠳᠤ ᠢᠳᠡᠭᠡᠨ ᠤ ᠠᠶᠤᠯᠭᠦᠶ ᠶᠢᠨ ᠬᠠᠤᠯᠢ ᠳᠤ ᠲᠣᠭᠲᠠᠭᠠᠭᠰᠠᠨ ᠬᠠᠤᠯᠢ ᠶᠢ ᠵᠥᠷᠢᠴᠡᠭᠰᠡᠨ ᠪᠠᠶᠢᠳᠠᠯ ᠲᠠᠢ | ᠪᠠᠶᠢᠪᠠᠯ᠂ ᠢᠳᠡᠭᠡᠨ ᠤ ᠠᠶᠤᠯᠭᠦᠶ ᠶᠢᠨ ᠬᠠᠤᠯᠢ ᠶᠢᠨ ᠲᠣᠭᠲᠠᠭᠠᠯ ᠶᠣᠰᠣᠭᠠᠷ ᠰᠢᠢᠳᠬᠡᠯ ᠥᠭᠬᠦ ᠠᠴᠠ ᠭᠠᠳᠠᠨ᠎ᠠ᠂ | ᠳᠣᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠲᠤᠰ ᠨᠢᠭᠡᠴᠡ ᠶᠢᠨ ᠬᠠᠤᠯᠢ ᠪᠠᠷ ᠲᠣᠭᠲᠠᠭᠠᠭᠰᠠᠨ | ᠲᠥᠯᠥᠭᠡᠯᠡᠭᠴᠢ᠂ ᠭᠤᠤᠯ ᠬᠠᠷᠢᠭᠤᠴᠠᠯᠭᠠᠲᠠᠨ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠦᠨ | ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠢ ᠲᠡᠭᠦᠨ ᠤ ᠳᠡᠭᠡᠷ᠎ᠡ ᠨᠢᠭᠡ ᠵᠢᠯ ᠤᠨ ᠲᠤᠰ ᠨᠢᠭᠡᠴᠡ ᠠᠴᠠ | ᠣᠯᠤᠭᠰᠠᠨ ᠣᠷᠣᠯᠭ᠎ᠠ ᠶᠢᠨ ᠬᠢᠨᠢ ᠨᠢᠭᠡ ᠲᠠᠬᠢᠨ ᠠᠴᠠ ᠳᠡᠭᠡᠭᠰᠢ ᠠᠷᠪᠠᠨ ᠲᠠᠬᠢᠨ ᠠᠴᠠ ᠲᠤᠷᠤᠭᠰᠢ ᠵᠣᠭᠤᠰ ᠢᠶᠠᠷ | ᠲᠣᠷᠭᠠᠬᠤ ᠪᠠᠷ ᠰᠢᠢᠳᠬᠡᠨ᠎ᠡ᠄ ︵ᠨᠢᠭᠡ︶ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠵᠣᠷᠢᠭᠤᠳᠠ ᠬᠢᠭᠰᠡᠨ︔ ︵ | ᠬᠤᠶᠠᠷ︶ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠰᠢᠨᠵᠢ ᠴᠢᠨᠠᠷ ᠨᠢ ᠬᠤᠤᠷ ᠬᠦᠨᠦᠭᠡᠯ ᠲᠠᠢ ᠪᠠᠶᠢᠬᠤ︔ ︵ | ᠭᠤᠷᠪᠠ︶ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠨᠢ ᠬᠦᠨᠳᠦ ᠨᠣᠴᠢᠲᠠᠶ ᠤᠷᠰᠢᠭ ᠲᠠᠲᠠᠭᠰᠠᠨ᠃ | ᠢᠳᠡᠭᠡᠨ ᠤ ᠠᠮᠤᠷ ᠲᠦᠪᠰᠢᠨ ᠤ ᠬᠠᠤᠯᠢ ᠶᠢᠨ ᠵᠠᠭᠤ ᠬᠤᠷᠢᠨ ᠲᠠᠪᠤᠳᠤᠭᠠᠷ ᠵᠤᠷᠪᠤᠰ ᠤᠨ ᠬᠤᠶᠠᠳᠤᠭᠠᠷ | ᠪᠠᠳᠠᠭ ᠲᠤ ᠲᠣᠭᠲᠠᠭᠠᠭᠰᠠᠨ ᠪᠠᠶᠢᠳᠠᠯ ᠳᠤ ᠬᠠᠷᠢᠶᠠᠯᠠᠭᠳᠠᠪᠠᠯ᠂ ᠡᠮᠦᠨᠡᠬᠢ ᠵᠤᠷᠪᠤᠰ ᠤᠨ ᠲᠣᠭᠲᠠᠭᠠᠯ ᠢ ᠬᠡᠷᠡᠭᠯᠡᠬᠦ ᠦᠭᠡᠢ | ᠃ | ᠳᠠᠯᠠᠨ ᠵᠢᠷᠭᠤᠳᠤᠭᠠᠷ ᠵᠤᠷᠪᠤᠰ ᠢᠳᠡᠭᠡᠨ ᠦᠶᠯᠡᠳᠪᠦᠷᠢᠯᠡᠨ ᠡᠵᠡᠩᠨᠡᠭᠴᠢ ᠢᠳᠡᠭᠡᠨ ᠤ ᠠᠶᠤᠯᠭᠦᠶ ᠶᠢᠨ | ᠬᠠᠤᠯᠢ ᠶᠢᠨ ᠵᠢᠷᠠᠨ ᠭᠤᠷᠪᠠᠳᠤᠭᠠᠷ ᠵᠤᠷᠪᠤᠰ ᠤᠨ ᠨᠢᠭᠡᠳᠦᠭᠡᠷ ᠪᠠᠳᠠᠭ᠂ ᠬᠤᠶᠠᠳᠤᠭᠠᠷ ᠪᠠᠳᠠᠭ ᠤᠨ ᠲᠣᠭᠲᠠᠭᠠᠯ | ᠶᠣᠰᠣᠭᠠᠷ ᠦᠶᠯᠡᠳᠪᠦᠷᠢᠯᠡᠬᠦ᠂ ᠡᠵᠡᠩᠨᠡᠬᠦ ᠪᠠᠨ ᠵᠣᠭᠰᠣᠭᠠᠵᠤ᠂ ᠢᠳᠡᠭᠡᠨ ᠤ ᠵᠦᠶᠯ ᠢ ᠬᠡᠷᠡᠭᠵᠢᠭᠦᠯᠬᠦ᠂ ᠡᠰᠡᠬᠦᠯ᠎ᠡ | ᠪᠤᠰᠤᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠢᠳᠡᠭᠡᠨ ᠤ ᠠᠶᠤᠯᠭᠦᠶ ᠶᠢᠨ ᠠᠶᠤᠯ ᠲᠦᠭᠰᠢᠭᠦᠷᠢ ᠶᠢ | ᠬᠥᠩᠭᠡᠷᠡᠭᠦᠯᠬᠦ ᠪᠤᠶᠤ ᠠᠷᠢᠯᠭᠠᠭᠠᠳ᠂ ᠬᠤᠤᠷ ᠬᠥᠨᠥᠭᠡᠯ ᠤᠴᠠᠷᠠᠭᠤᠯᠬᠤ ᠤᠷᠰᠢᠭ ᠲᠠᠲᠠᠭᠰᠠᠨ ᠦᠭᠡᠢ ᠪᠠᠶᠢᠪᠠᠯ᠂ | ᠬᠥᠩᠭᠡᠨ ᠢᠶᠠᠷ ᠰᠢᠢᠳᠬᠡᠬᠦ ᠪᠤᠶᠤ ᠬᠥᠩᠭᠡᠷᠡᠭᠦᠯᠦᠨ ᠰᠢᠢᠳᠬᠡᠵᠦ ᠪᠣᠯᠤᠨ᠎ᠠ᠃ | ᠳᠠᠯᠠᠨ ᠳᠤᠯᠤᠳᠤᠭᠠᠷ ᠵᠤᠷᠪᠤᠰ ᠰᠢᠶᠠᠨ ︵ᠬᠤᠰᠢᠭᠤ︶ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ | ᠢᠳᠡᠭᠡᠨ ᠤ ᠠᠶᠤᠯᠭᠦᠶ ᠶᠢᠨ ᠬᠠᠤᠯᠢ ᠶᠢᠨ ᠵᠠᠭᠤ ᠬᠤᠷᠢᠨ ᠭᠤᠷᠪᠠᠳᠤᠭᠠᠷ ᠵᠤᠷᠪᠤᠰ ᠲᠤ ᠲᠣᠭᠲᠠᠭᠠᠭᠰᠠᠨ ᠬᠠᠤᠯᠢ ᠶᠢ | ᠵᠥᠷᠢᠴᠡᠭᠰᠡᠨ ᠪᠠᠶᠢᠳᠠᠯ ᠲᠠᠢ ᠪᠥᠭᠡᠳ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠵᠤ᠂ ᠵᠠᠰᠠᠭ ᠵᠠᠬᠢᠷᠭᠠᠨ ᠤ ᠲᠦᠷ | ᠬᠤᠷᠢᠬᠤ ᠴᠢᠬᠤᠯᠠᠲᠠᠶ ᠪᠠᠶᠢᠵᠤ ᠮᠡᠳᠡᠬᠦ ᠳᠤ ᠬᠦᠷᠪᠡᠯ᠂ ᠦᠢᠯᠡ ᠬᠡᠷᠡᠭ ᠵᠢᠴᠢ ᠬᠤᠯᠪᠣᠭᠳᠠᠯ ᠪᠦᠬᠦᠢ ᠮᠠᠲ᠋ᠧᠷᠢᠶᠠᠯ ᠢ | ᠠᠳᠠᠯᠢ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠴᠠᠭ ᠲᠤᠬᠠᠶ ᠳᠤᠨᠢ ᠰᠢᠯᠵᠢᠭᠦᠯᠦᠨ ᠬᠦᠷᠭᠡᠬᠦ | ᠬᠡᠷᠡᠭᠲᠡᠶ᠃ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠮᠠᠲ᠋ᠧᠷᠢᠶᠠᠯ ᠨᠥᠬᠦᠪᠥᠷᠢᠯᠡᠬᠦ ᠴᠢᠬᠤᠯᠠᠲᠠᠶ ᠭᠡᠵᠦ ᠦᠵᠡᠪᠡᠯ᠂ | ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠴᠠᠭ ᠲᠤᠬᠠᠶ ᠳᠤᠨᠢ ᠬᠠᠩᠭᠠᠬᠤ | ᠬᠡᠷᠡᠭᠲᠡᠶ᠃ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠢᠨᠠᠨ ᠪᠠᠶᠢᠴᠠᠭᠠᠭᠠᠳ ᠨᠥᠬᠦᠴᠡᠯ ᠢ ᠨᠡᠶᠢᠴᠡᠬᠦ ᠦᠭᠡᠢ ᠭᠡᠵᠦ | ᠦᠵᠡᠪᠡᠯ᠂ ᠦᠢᠯᠡ ᠬᠡᠷᠡᠭ ᠵᠢᠴᠢ ᠬᠤᠯᠪᠣᠭᠳᠠᠯ ᠪᠦᠬᠦᠢ ᠮᠠᠲ᠋ᠧᠷᠢᠶᠠᠯ ᠢ ᠰᠢᠯᠵᠢᠭᠦᠯᠦᠨ ᠬᠦᠷᠭᠡᠭᠰᠡᠨ ᠢᠳᠡᠭᠡᠨ ᠤ | ᠠᠶᠤᠯᠭᠦᠶ ᠶᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠪᠤᠴᠠᠭᠠᠵᠤ ᠥᠭᠬᠦ | ᠬᠡᠷᠡᠭᠲᠡᠶ᠃ | ᠳᠠᠯᠠᠨ ᠨᠠᠢᠮᠠᠳᠤᠭᠠᠷ ᠵᠤᠷᠪᠤᠰ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠣᠯᠵᠤ ᠮᠡᠳᠡᠭᠰᠡᠨ ᠢᠳᠡᠭᠡᠨ ᠤ | ᠠᠶᠤᠯᠭᠦᠶ ᠶᠢᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠬᠢᠨᠠᠨ ᠪᠠᠶᠢᠴᠠᠭᠠᠭᠠᠳ ᠶᠠᠯᠠᠳᠦ ᠠᠵᠢᠯᠯᠠᠭ᠎ᠠ | ᠦᠢᠯᠡᠳᠦᠭᠰᠡᠨ ᠪᠣᠳᠠᠲᠤ ᠶᠠᠪᠤᠳᠠᠯ ᠦᠭᠡᠢ ᠪᠤᠶᠤ ᠬᠡᠷᠡᠭ ᠪᠣᠯᠭᠠᠨ ᠳᠠᠩᠰᠠᠯᠠᠵᠤ ᠲᠤᠷᠰᠢᠨ ᠪᠠᠶᠢᠴᠠᠭᠠᠭᠰᠠᠨ ᠤ ᠳᠠᠷᠠᠭ᠎ᠠ | ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠬᠦ ᠴᠢᠬᠤᠯᠠ ᠦᠭᠡᠢ ᠭᠡᠵᠦ ᠦᠵᠡᠭᠰᠡᠨ ᠪᠣᠯᠪᠠᠴᠤ ᠬᠠᠤᠯᠢ ᠶᠣᠰᠣᠭᠠᠷ | ᠡᠷᠡᠭᠦᠤ ᠶᠢᠨ ᠬᠠᠷᠢᠭᠤᠴᠠᠯᠭ᠎ᠠ ᠥᠭᠬᠦ ᠬᠡᠷᠡᠭᠲᠡᠶ ᠪᠠᠶᠢᠪᠠᠯ᠂ ᠴᠠᠭ ᠲᠤᠬᠠᠶ ᠳᠤᠨᠢ ᠰᠢᠶᠳᠬᠡᠬᠦ ᠲᠣᠭᠲᠠᠭᠠᠯ ᠭᠠᠷᠭᠠᠬᠤ | ᠬᠡᠷᠡᠭᠲᠡᠶ︔ ᠥᠭᠬᠦ ᠴᠢᠬᠤᠯᠠ ᠦᠭᠡᠢ ᠪᠣᠯᠪᠠᠴᠤ ᠪᠤᠰᠤᠳ ᠵᠠᠰᠠᠭ ᠵᠠᠬᠢᠷᠭᠠᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ | ᠨᠡᠬᠡᠮᠵᠢᠯᠡᠬᠦ ᠬᠡᠷᠡᠭᠲᠡᠶ ᠪᠠᠶᠢᠪᠠᠯ᠂ ᠦᠢᠯᠡ ᠬᠡᠷᠡᠭ ᠵᠢᠴᠢ ᠬᠤᠯᠪᠣᠭᠳᠠᠯ ᠪᠦᠬᠦᠢ ᠮᠠᠲ᠋ᠧᠷᠢᠶᠠᠯ ᠢ ᠠᠳᠠᠯᠢ ᠱᠠᠲᠤᠨ ᠤ | ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠤ ᠴᠠᠭ ᠲᠤᠬᠠᠶ ᠳᠤᠨᠢ | ᠰᠢᠯᠵᠢᠭᠦᠯᠦᠨ ᠬᠦᠷᠭᠡᠬᠦ ᠬᠡᠷᠡᠭᠲᠡᠶ᠃ | ᠳᠠᠯ᠎ᠠ ᠶᠢᠰᠦᠳᠦᠭᠡᠷ ᠵᠤᠷᠪᠤᠰ ᠳᠠᠬᠢᠨ ᠪᠠᠶᠢᠴᠠᠭᠠᠬᠤ ᠪᠠᠶᠢᠭᠤᠯᠤᠮᠵᠢ ᠵᠦᠶ ᠶᠣᠰᠣᠨ ᠤ ᠰᠢᠯᠲᠠᠭᠠᠨ ᠦᠭᠡᠢ ᠪᠠᠷ | ᠳᠠᠬᠢᠨ ᠪᠠᠶᠢᠴᠠᠭᠠᠬᠤ ᠡᠭᠦᠷᠭᠡ ᠡᠭᠦᠷᠭᠡᠯᠡᠬᠦ ᠶᠢ ᠲᠡᠪᠴᠢᠭᠰᠡᠨ ᠪᠠᠶᠢᠪᠠᠯ᠂ ᠰᠢᠶᠠᠨ ︵ᠬᠤᠰᠢᠭᠤ︶ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠠᠴᠠ ᠰᠡᠷᠡᠮᠵᠢ ᠥᠭᠭᠦᠨ᠎ᠡ᠂ ᠵᠦᠶ ᠶᠣᠰᠣᠨ ᠤ ᠰᠢᠯᠲᠠᠭᠠᠨ ᠦᠭᠡᠢ ᠪᠠᠷ 1 ᠵᠢᠯ ᠤᠨ ᠳᠣᠲᠣᠷ᠎ᠠ 2 | ᠤᠳᠠᠭ᠎ᠠ ᠳᠠᠬᠢᠨ ᠪᠠᠶᠢᠴᠠᠭᠠᠬᠤ ᠡᠭᠦᠷᠭᠡ ᠡᠭᠦᠷᠭᠡᠯᠡᠬᠦ ᠶᠢ ᠲᠡᠪᠴᠢᠭᠰᠡᠨ ᠪᠠᠶᠢᠪᠠᠯ᠂ ᠲᠥᠷᠥ ᠶᠢᠨ ᠶᠠᠪᠤᠳᠠᠯ ᠤᠨ | ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠡᠭᠦᠨ ᠤ ᠳᠠᠬᠢᠨ ᠪᠠᠶᠢᠴᠠᠭᠠᠬᠤ ᠪᠠᠶᠢᠭᠤᠯᠤᠮᠵᠢ ᠶᠢᠨ | ᠬᠢᠷᠢ ᠬᠡᠮ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ | ᠨᠠᠶᠠᠳᠤᠭᠠᠷ ᠵᠤᠷᠪᠤᠰ ᠢᠳᠡᠭᠡᠨ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠠᠴᠠ ᠬᠠᠤᠯᠢ ᠪᠤᠰᠤ ᠪᠠᠷ ᠬᠢᠷᠢ | ᠬᠡᠮ ᠢ ᠨᠢ ᠮᠠᠭᠠᠳᠯᠠᠨ ᠲᠤᠭᠳᠠᠭᠠᠵᠤ ᠭᠠᠷᠭᠠᠭᠰᠠᠨ ᠢᠳᠡᠭᠡᠨ ᠢ ᠰᠢᠯᠭᠠᠨ ᠪᠠᠶᠢᠴᠠᠭᠠᠭᠰᠠᠨ ᠮᠡᠳᠡᠭᠡ ᠵᠠᠩᠭᠢ ᠶᠢ ᠬᠠᠤᠯᠢ | ᠪᠤᠰᠤ ᠪᠠᠷ ᠨᠡᠶᠢᠲᠡᠯᠡᠭᠰᠡᠨ᠂ ᠡᠰᠡᠬᠦᠯ᠎ᠡ ᠳᠡᠭᠡᠷ᠎ᠡ ᠳᠤᠷᠠᠳᠤᠭᠰᠠᠨ ᠰᠢᠯᠭᠠᠨ ᠪᠠᠶᠢᠴᠠᠭᠠᠭᠰᠠᠨ ᠮᠡᠳᠡᠭᠡ ᠵᠠᠩᠭᠢ ᠶᠢ | ᠠᠰᠢᠭᠯᠠ ᠢᠳᠡᠭᠡᠨ᠂ ᠢᠳᠡᠭᠡᠨ ᠦᠶᠯᠡᠳᠪᠦᠷᠢᠯᠡᠨ ᠡᠵᠡᠩᠨᠡᠭᠴᠢ ᠶᠢ ᠵᠡᠷᠭᠡ ᠳᠡᠰ ᠢᠶᠠᠷ ᠦᠨᠡᠯᠡᠨ ᠲᠣᠭᠲᠠᠭᠠᠵᠤ᠂ | ᠬᠡᠷᠡᠭᠯᠡᠭᠴᠢᠳ ᠢ ᠮᠡᠬᠡᠯᠡᠭᠰᠡᠨ᠂ ᠪᠤᠷᠤᠭᠤ ᠵᠦᠭ ᠬᠥᠲᠥᠯᠥᠭᠰᠡᠨ ᠪᠠᠶᠢᠪᠠᠯ᠂ ᠰᠢᠶᠠᠨ ︵ᠬᠤᠰᠢᠭᠤ︶ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ᠂ ᠬᠠᠤᠯᠢ ᠶᠢ ᠵᠥᠷᠢᠴᠡᠵᠦ ᠣᠯᠵᠠ ᠠᠰᠢᠭ ᠣᠯᠤᠭᠰᠠᠨ ᠪᠠᠶᠢᠪᠠᠯ᠂ | ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠴᠤ᠂ 10 ᠲᠦᠮᠡᠨ ᠲᠥᠭᠦᠷᠢᠭ ᠠᠴᠠ | ᠳᠡᠭᠡᠭᠰᠢ 50 ᠲᠦᠮᠡᠨ ᠲᠥᠭᠦᠷᠢᠭ ᠠᠴᠠ ᠳᠤᠷᠤᠭᠰᠢ ᠲᠣᠷᠭᠠᠭᠤᠯᠢ ᠣᠨᠣᠭᠳᠠᠭᠤᠯᠬᠤ ᠪᠠᠷ ᠨᠡᠶᠢᠯᠡᠭᠦᠯᠦᠨ ᠰᠢᠢᠳᠬᠡᠨ᠎ᠡ | ︔ ᠵᠠᠯᠠᠷᠠᠭᠤᠯᠬᠤ ᠶᠢ ᠲᠡᠪᠴᠢᠭᠰᠡᠨ ᠪᠠᠶᠢᠪᠠᠯ᠂ 50 ᠲᠦᠮᠡᠨ ᠲᠥᠭᠦᠷᠢᠭ ᠠᠴᠠ ᠳᠡᠭᠡᠭᠰᠢ 100 ᠲᠦᠮᠡᠨ | ᠲᠥᠭᠦᠷᠢᠭ ᠠᠴᠠ ᠳᠤᠷᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔ ᠠᠮᠤᠷ ᠢ ᠬᠠᠮᠠᠭᠠᠯᠠᠬᠤ | ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠪᠣᠯᠵᠤ ᠪᠦᠷᠢᠯᠳᠦᠭᠰᠡᠨ ᠪᠠᠶᠢᠪᠠᠯ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠥᠭᠭᠦᠨ᠎ᠡ᠃ | | ᠨᠠᠶᠠᠨ ᠨᠢᠭᠡᠳᠦᠭᠡᠷ ᠵᠤᠷᠪᠤᠰ ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ | ᠢᠳᠡᠭᠡᠨ ᠤ ᠠᠶᠤᠯᠭᠦᠶ ᠶᠢᠨ ᠬᠠᠤᠯᠢ᠂ ᠲᠤᠰ ᠳᠦᠷᠢᠮ ᠤᠨ ᠶᠣᠰᠣᠭᠠᠷ ᠬᠠᠤᠯᠢ ᠶᠢ ᠵᠥᠷᠢᠴᠡᠭᠰᠡᠨ ᠨᠢᠭᠡᠴᠡ ᠪᠤᠶᠤ | ᠬᠤᠪᠢ ᠬᠥᠮᠦᠨ ᠢ 30 ᠲᠦᠮᠡᠨ ᠲᠥᠭᠦᠷᠢᠭ ᠠᠴᠠ ᠳᠡᠭᠡᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠬᠦ ᠳᠤ | ᠬᠦᠷᠪᠡᠯ᠂ ᠲᠣᠭᠤᠷᠢᠭ ᠪᠠᠶᠢᠭᠤᠯᠤᠭᠰᠠᠨ ᠬᠤᠲᠠ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠣᠭᠲᠠᠭᠠᠨ᠎ᠠ᠃ | ᠵᠣᠭᠤᠰ ᠢᠶᠠᠷ ᠲᠣᠷᠭᠠᠬᠤ ᠪᠣᠳᠠᠲᠠᠶ ᠰᠢᠢᠳᠬᠡᠬᠦ ᠡᠷᠬᠡ ᠶᠢᠨ ᠬᠡᠪᠴᠢᠶ᠎ᠡ ᠶᠢ ᠲᠥᠷᠥ ᠶᠢᠨ ᠶᠠᠪᠤᠳᠠᠯ ᠤᠨ | ᠬᠤᠷᠢᠶᠠᠨ ᠤ ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠣᠭᠲᠠᠭᠠᠨ᠎ᠠ᠃ | ᠨᠠᠶᠠᠨ ᠬᠤᠶᠠᠳᠤᠭᠠᠷ ᠵᠤᠷᠪᠤᠰ ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ | ᠮᠥᠴᠢᠷ ᠤᠨ ᠠᠵᠢᠯᠲᠠᠨ ᠤ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠶᠴᠡᠳᠬᠡᠬᠦ ᠶᠢ ᠬᠠᠷᠰᠢᠯᠠᠵᠤ᠂ ᠠᠮᠤᠷ ᠢ | ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠪᠣᠯᠵᠤ ᠪᠦᠷᠢᠯᠳᠦᠭᠰᠡᠨ ᠪᠠᠶᠢᠪᠠᠯ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ | ᠰᠢᠢᠳᠬᠡᠯ ᠥᠭᠭᠦᠨ᠎ᠡ᠃ | ᠨᠠᠶᠠᠨ ᠭᠤᠷᠪᠠᠳᠤᠭᠠᠷ ᠵᠤᠷᠪᠤᠰ ᠰᠢᠶᠠᠨ ︵ᠬᠤᠰᠢᠭᠤ︶ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢᠭᠡᠴᠡ | ᠪᠤᠶᠤ ᠬᠤᠪᠢ ᠬᠥᠮᠦᠨ ᠤ ᠢᠳᠡᠭᠡᠨ ᠤ ᠠᠶᠤᠯᠭᠦᠶ ᠶᠢᠨ ᠬᠠᠤᠯᠢ ᠶᠢᠨ ᠵᠠᠭᠤ ᠬᠤᠷᠢᠳᠤᠭᠠᠷ ᠵᠤᠷᠪᠤᠰ ᠤᠨ ᠨᠢᠭᠡᠳᠦᠭᠡᠷ | ᠪᠠᠳᠠᠭ ᠤᠨ ᠲᠣᠭᠲᠠᠭᠠᠯ ᠢ ᠵᠥᠷᠢᠴᠡᠵᠦ᠂ ᠢᠳᠡᠭᠡᠨ ᠤ ᠠᠶᠤᠯᠭᠦᠶ ᠶᠢᠨ ᠬᠤᠳᠠᠯ ᠬᠠᠭᠤᠷᠮᠠᠭ ᠮᠡᠳᠡᠭᠡ ᠵᠠᠩᠭᠢ ᠶᠢ | ᠵᠣᠬᠢᠶᠠᠵᠤ ᠲᠠᠷᠬᠠᠭᠠᠭᠠᠳ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠪᠣᠯᠵᠤ | ᠪᠦᠷᠢᠯᠳᠦᠭᠰᠡᠨ ᠰᠡᠵᠢᠭᠯᠡᠯᠲᠡᠶ ᠪᠠᠶᠢᠬᠤ ᠶᠢ ᠣᠯᠵᠤ ᠮᠡᠳᠡᠪᠡᠯ᠂ ᠬᠤᠯᠪᠣᠭᠳᠠᠯ ᠪᠦᠬᠦᠢ ᠪᠠᠶᠢᠳᠠᠯ ᠢ ᠠᠳᠠᠯᠢ ᠱᠠᠲᠤᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠳᠡᠬᠦ ᠬᠡᠷᠡᠭᠲᠡᠶ᠃ | ᠨᠠᠶᠠᠨ ᠳᠥᠷᠪᠡᠳᠦᠭᠡᠷ ᠵᠤᠷᠪᠤᠰ ᠰᠢᠶᠠᠨ ︵ᠬᠤᠰᠢᠭᠤ︶ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ | ᠤᠨ ᠣᠷᠳᠣᠨ ᠤ ᠢᠳᠡᠭᠡᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠲᠡᠭᠦᠨ ᠤ | ᠠᠵᠢᠯᠲᠠᠨ ᠴᠠᠬᠢᠮ ᠰᠦᠯᠵᠢᠶ᠎ᠡ +ᠢᠳᠡᠭᠡᠨ ᠠᠷᠠᠯᠵᠢᠶᠠᠯᠠᠬᠤ ᠭᠤᠷᠪᠠᠳᠤᠭᠠᠷ ᠡᠲᠡᠭᠡᠳ ᠤᠨ ᠲᠠᠪᠴᠠᠩ ᠤᠨ | ᠬᠠᠩᠭᠠᠭᠰᠠᠨ ᠮᠡᠳᠡᠭᠡ ᠵᠠᠩᠭᠢ ᠶᠢ ᠬᠠᠤᠯᠢ ᠠᠴᠠ ᠵᠥᠷᠢᠴᠡᠨ ᠪᠤᠰᠤᠳ ᠲᠤ ᠬᠠᠩᠭᠠᠭᠰᠠᠨ ᠪᠠᠶᠢᠪᠠᠯ᠂ ᠢᠳᠡᠭᠡᠨ ᠤ | ᠠᠶᠤᠯᠭᠦᠶ ᠶᠢᠨ ᠬᠠᠤᠯᠢ ᠶᠢᠨ ᠵᠠᠭᠤ ᠳᠥᠴᠢᠨ ᠲᠠᠪᠤᠳᠤᠭᠠᠷ ᠵᠤᠷᠪᠤᠰ ᠤᠨ ᠲᠣᠭᠲᠠᠭᠠᠯ ᠶᠣᠰᠣᠭᠠᠷ ᠰᠢᠢᠳᠬᠡᠯ ᠥᠭᠭᠦᠨ᠎ᠡ | ᠃ | ᠨᠠᠶᠠᠨ ᠲᠠᠪᠤᠳᠤᠭᠠᠷ ᠵᠤᠷᠪᠤᠰ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠶᠠᠯ᠎ᠠ ᠪᠣᠯᠵᠤ | ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠳᠠᠭᠠᠯᠳᠤᠭᠤᠯᠤᠭᠰᠠᠨ ᠳᠦᠷᠢᠮ ᠨᠠᠶᠠᠨ ᠵᠢᠷᠭᠤᠳᠤᠭᠠᠷ ᠵᠤᠷᠪᠤᠰ ᠲᠤᠰ ᠳᠦᠷᠢᠮ ᠢ 2019 ᠣᠨ 12 | ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ | | |