﹇ᠪᠠᠴᠢᠮ ᠪᠠᠶᠢᠳᠠᠯ ᠢ ᠲᠦᠷᠭᠡᠨ ᠠᠷᠭᠠᠴᠠᠭᠠᠬᠤ﹈ ᠡᠩ ᠤᠨ ᠵᠡᠪᠰᠡᠭ ᠤᠨ ᠠᠭᠠᠷ ᠤᠨ ᠲᠠᠭᠠᠷᠢᠯᠳᠠ ᠶᠢᠨ ᠠᠶᠤᠯ ᠭᠠᠮᠰᠢᠭ ᠤᠨ ᠲᠤᠬᠠᠢ ᠲᠠᠶᠢᠯᠤᠮᠵᠢ ᠪᠠ ᠰᠡᠷᠭᠡᠶᠢᠯᠡᠬᠦ ᠵᠥᠪᠯᠡᠮᠵᠢ
ᠨᠡᠶᠢᠲᠡᠯᠡᠭᠰᠡᠨ ᠴᠠᠭ᠄
2024/7/4
             ᠡᠩ ᠤᠨ ᠵᠡᠪᠰᠡᠭ ᠤᠨ ᠠᠭᠠᠷ ᠤᠨ ᠲᠠᠭᠠᠷᠢᠯᠳᠠ ᠭᠡᠳᠡᠭ ᠪᠤᠯ ᠴᠥᠮ᠎ᠡ᠂ ᠬᠢᠮᠢ᠂ ᠠᠮᠢᠳᠤ ᠪᠤᠳᠠᠰ ᠤᠨ ᠵᠡᠪᠰᠡᠭ ᠠᠴᠠ ᠪᠤᠰᠤᠳ ᠵᠥᠢᠯ ᠤᠨ ᠵᠡᠪᠰᠡᠭ ᠠᠭᠠᠷ ᠠᠴᠠ ᠭᠠᠵᠠᠷ ᠲᠡᠭᠡᠷᠡᠬᠢ ᠤᠰᠤᠨ ᠲᠡᠭᠡᠷᠡᠬᠢ ᠬᠠᠷᠠᠯᠳᠠ ᠶᠢ ᠲᠠᠭᠠᠷᠢᠬᠤ ᠶᠢ ᠵᠢᠭᠠᠵᠤ ᠪᠠᠶᠢᠨ᠎ᠠ᠃            ᠪᠠᠴᠢᠮ ᠪᠠᠶᠢᠳᠠᠯ ᠢ ᠲᠦᠷᠭᠡᠨ ᠠᠷᠭᠠᠴᠠᠬᠤ ᠭᠤᠤᠯᠳᠠᠯᠭ᠎ᠠ            ᠰᠡᠷᠡᠮᠵᠢ ᠶᠢᠨ ᠲᠤᠬᠢᠶ᠎ᠠ ᠶᠢ ᠤᠯᠵᠤ ᠰᠤᠨᠤᠰᠤᠮᠠᠭᠴᠠ ᠪᠠᠨ ᠴᠠᠬᠢᠯᠭᠠᠨ ᠡᠬᠦᠰᠭᠡᠭᠴᠢ ᠪᠠᠨ ᠲᠠᠰᠤᠯᠵᠤ᠂ ᠨᠡᠬᠦᠷᠡᠰᠥᠨ ᠭᠡᠢ ᠪᠠᠨ ᠬᠠᠭᠠᠵᠤ᠂ ᠵᠤᠤᠬ᠎ᠠ ᠶᠢᠨ ᠭᠠᠯ ᠢᠶᠠᠨ ᠤᠨᠳᠠᠷᠠᠭᠠᠵᠤ᠂ ᠠᠭᠠᠷ ᠤᠨ ᠰᠡᠷᠭᠡᠶᠢᠯᠡᠯᠳᠡ ᠶᠢᠨ ᠬᠠᠮᠠᠭᠠᠯᠠᠯᠳᠠ ᠶᠢᠨ ᠪᠠᠭᠠᠵᠢ ᠭᠡᠷᠡᠭᠰᠡᠯ ᠪᠠ ᠠᠮᠢᠳᠤᠷᠠᠯ ᠤᠨ ᠴᠢᠬᠤᠯᠠ ᠡᠳ᠋ᠯᠡᠯ ᠭᠡᠷᠡᠭᠰᠡᠯ ᠢᠶᠠᠨ ᠠᠪᠴᠤ᠂ ᠲᠡᠷᠦ᠋ᠢᠬᠠᠨ ᠡᠮᠬᠢ ᠲᠢᠭᠯᠢᠮ ᠲᠠᠢ ᠪᠠᠷ ᠠᠭᠠᠷ ᠤᠨ ᠰᠡᠷᠭᠡᠶᠢᠯᠡᠯᠳᠡ ᠶᠢᠨ ᠪᠠᠷᠢᠯᠭ᠎ᠠ ᠪᠤᠶᠤ ᠵᠢᠭᠠᠨ ᠲᠤᠭᠳᠠᠭᠠᠭᠰᠠᠨ ᠲᠠᠯᠳᠠᠯᠠᠬᠤ ᠤᠷᠤᠨ ᠪᠠᠶᠢᠷᠢ ᠳᠤ ᠰᠢᠯᠵᠢᠬᠦ ᠭᠡᠷᠡᠭᠳᠡᠢ᠃            ᠠᠭᠠᠷ ᠤᠨ ᠲᠠᠭᠠᠷᠢᠯᠳᠠ ᠶᠢᠨ ᠰᠡᠷᠡᠮᠵᠢ ᠶᠢᠨ ᠲᠤᠬᠢᠶ᠎ᠠ ᠶᠢ ᠰᠤᠨᠤᠰᠤᠮᠠᠭᠴᠠ ᠪᠠᠨ ᠤᠶᠢᠷ᠎ᠠ ᠬᠠᠪᠢ  ᠶᠢᠨ ᠠᠭᠠᠷ ᠤᠨ ᠰᠡᠷᠭᠡᠶᠢᠯᠡᠯᠳᠡ ᠶᠢᠨ ᠪᠠᠷᠢᠯᠭ᠎ᠠ ᠳᠤ ᠨᠢᠭᠤᠨ ᠲᠠᠯᠳᠠᠯᠠᠵᠤ᠂ ᠪᠠᠶᠢᠳᠠᠯ ᠪᠠᠴᠢᠮ ᠲᠤᠯᠭᠠᠮ᠎ᠠ ᠪᠤᠯᠵᠤ ᠠᠭᠠᠷ ᠤᠨ ᠰᠡᠷᠭᠡᠶᠢᠯᠡᠯᠳᠡ ᠶᠢᠨ ᠪᠠᠷᠢᠯᠭ᠎ᠠ ᠳᠤ ᠤᠷᠤᠵᠤ ᠵᠠᠪᠳᠤᠬᠤ ᠥᠭᠡᠢ ᠥᠶᠡᠰ᠂ ᠭᠠᠵᠠᠷ ᠤᠨ ᠪᠠᠶᠢᠴᠠ ᠪᠠ ᠭᠠᠵᠠᠷ ᠲᠡᠭᠡᠷᠡᠬᠢ ᠲᠤᠬᠢᠳᠠᠢ ᠭᠠᠵᠠᠷ ᠨᠢᠭᠤᠨ ᠲᠠᠯᠳᠠᠯᠠᠭᠠᠷᠠᠢ᠃            ᠤᠯᠠᠨ ᠨᠡᠶᠢᠳᠡ ᠶᠢᠨ ᠭᠠᠵᠠᠷ ᠲᠠᠯᠠᠪᠠᠢ ᠳᠤ ᠪᠠᠶᠢᠪᠠᠯ᠂ ᠤᠶᠢᠷ᠎ᠠ ᠤᠷᠴᠢᠮ ᠤᠨ ᠨᠥᠭᠡᠨ ᠭᠡᠷ᠂ ᠭᠠᠵᠠᠷ ᠲᠤᠤᠷᠠᠬᠢ ᠲᠡᠮᠥᠷ ᠵᠠᠮ ᠤᠨ ᠥᠷᠳᠡᠭᠡ ᠪᠤᠶᠤ ᠪᠤᠯᠤᠳ ᠰᠢᠷᠪᠤᠰᠤᠳᠤ ᠫᠧᠲ᠋ᠤᠨ ᠪᠥᠳᠥᠴᠡᠳᠤ ᠪᠠᠷᠢᠯᠭ᠎ᠠ ᠶᠢᠨ ᠲᠤᠤᠷ᠎ᠠ ᠲᠠᠪᠬᠤᠷᠭ᠎ᠠ ᠵᠡᠷᠭᠡ ᠭᠠᠵᠠᠷ ᠨᠢᠭᠤᠨ ᠲᠠᠯᠳᠠᠯᠠᠬᠤ ᠭᠡᠷᠡᠭᠳᠡᠢ᠃ ᠥᠨᠳᠥᠷ ᠲᠡᠷᠤᠯᠳᠠᠳᠤ ᠴᠠᠬᠢᠯᠭᠠᠨ ᠤᠳᠠᠰᠤ᠂ ᠲᠤᠰᠤᠨ ᠬᠥᠮᠥᠷᠭᠡ ᠵᠡᠷᠭᠡ ᠠᠶᠤᠯᠳᠠᠢ ᠭᠠᠵᠠᠷ ᠶᠠᠭᠠᠬᠢᠭᠰᠠᠨ ᠴᠤ ᠲᠠᠯᠳᠠᠯᠠᠵᠤ ᠪᠤᠯᠬᠤ ᠥᠭᠡᠢ᠃            ᠲᠠᠭᠠᠷᠢᠯᠳᠠ ᠶᠢᠨ ᠭᠠᠵᠠᠷ ᠲᠤ ᠪᠠᠶᠢᠪᠠᠯ᠂ ᠤᠶᠢᠷ᠎ᠠ ᠬᠠᠪᠢ ᠶᠢᠨ ᠬᠤᠳᠤᠭᠤᠷ ᠭᠠᠵᠠᠷ᠂ ᠰᠢᠷᠤᠢ  ᠶᠢᠨ ᠤᠪᠤᠭ᠎ᠠ ᠂ ᠲᠤᠮᠤ ᠮᠤᠳᠤᠨ ᠤ ᠲᠤᠤᠷ᠎ᠠ ᠲᠡᠷᠬᠠᠨ ᠲᠠᠯᠳᠠᠯᠠᠬᠤ ᠭᠡᠷᠡᠭᠳᠡᠢ᠃ ᠭᠡᠷᠪᠡ ᠲᠡᠰᠥᠷᠡᠬᠦ ᠪᠥᠮᠪᠦᠭᠡ ᠤᠶᠢᠷ᠎ᠠ ᠬᠠᠪᠢ ᠳᠤᠨᠢ ᠴᠢᠨᠢ ᠪᠠᠭᠤᠬᠤ ᠪᠤᠶᠤ ᠲᠡᠯᠪᠡᠷᠡᠬᠦ ᠥᠶᠡᠰ᠂ ᠱᠠᠯᠠᠪᠬᠠᠨ ᠡᠯᠢᠭᠡ ᠲᠥᠷᠥᠬᠦᠯᠥᠨ ᠭᠡᠪᠳᠡᠵᠤ᠂ ᠴᠢᠬᠢ ᠪᠠᠨ ᠪᠥᠭᠯᠡᠨ᠂ ᠠᠮᠠ ᠪᠠᠨ ᠠᠩᠭᠠᠶᠢᠵᠤ᠂ ᠨᠢᠳᠤ ᠪᠠᠨ ᠠᠨᠢᠬᠤ ᠭᠡᠷᠡᠭᠳᠡᠢ᠃ ᠭᠡᠪᠳᠡᠬᠦ ᠳᠡᠭᠡᠨ ᠴᠡᠭᠡᠵᠢᠨ ᠪᠡᠶ᠎ᠡ ᠪᠠᠨ ᠭᠠᠵᠠᠷ  ᠲᠠᠢ ᠶᠠᠭ ᠨᠠᠭᠠᠯᠳᠤᠭᠤᠯᠵᠤ ᠪᠤᠯᠬᠤ ᠥᠭᠡᠢ᠂ ᠲᠤᠷᠬᠢᠭᠳᠠᠨ ᠰᠢᠷᠬᠠᠳᠤᠬᠤ ᠠᠴᠠ ᠬᠢᠴᠢᠶᠡᠨ᠎ᠡ᠃            ᠰᠡᠷᠡᠮᠵᠢ ᠶᠢᠨ ᠲᠤᠬᠢᠶ᠎ᠠ ᠶᠢ ᠵᠤᠭᠰᠤᠭᠠᠭᠰᠠᠨ ᠤ ᠰᠡᠬᠦᠯᠡᠷ᠂ ᠵᠤᠬᠢᠶᠠᠨ ᠪᠠᠶᠢᠭᠤᠯᠤᠯᠳᠠ ᠲᠠᠢ ᠪᠠᠷ ᠠᠶᠤᠯᠳᠠᠢ ᠤᠷᠤᠨ ᠠᠴᠠ ᠵᠠᠶᠢᠯᠠᠵᠤ᠂ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠪᠠ ᠥᠢᠯᠡᠳᠪᠥᠷᠢᠯᠡᠯ ᠠᠮᠢᠳᠤᠷᠠᠯ ᠤᠨ ᠡᠮᠬᠢ ᠲᠢᠭᠯᠢᠮ ᠢᠶᠠᠨ ᠰᠡᠷᠬᠦᠭᠡᠬᠦ ᠠᠵᠢᠯ ᠤᠳ ᠢ ᠲᠡᠷᠦ᠋ᠢᠬᠠᠨ ᠦᠷᠨᠢᠭᠦᠯᠦᠨ᠎ᠡ᠃            ᠰᠠᠨᠠᠭᠤᠯᠤᠮᠵᠢ᠄            ᠠᠭᠠᠷ ᠤᠨ ᠰᠡᠷᠭᠡᠶᠢᠯᠡᠯᠳᠡ ᠶᠢᠨ ᠰᠡᠷᠡᠮᠵᠢ ᠶᠢᠨ ᠲᠤᠬᠢᠶ᠎ᠠ ᠶᠢ ᠢᠯᠭᠠᠨ ᠲᠠᠨᠢᠬᠤ ᠤᠷᠢᠳᠴᠢᠯᠠᠭᠰᠠᠨ ᠰᠡᠷᠡᠮᠵᠢ ᠶᠢᠨ ᠲᠤᠬᠢᠶ᠎ᠠ᠄ 36 ᠰᠺᠦ᠋ᠨ᠋ᠲ ᠲᠤᠤᠭᠠᠷᠴᠤ᠂ 24 ᠰᠺᠦ᠋ᠨ᠋ᠳ᠋ ᠵᠤᠭᠰᠤᠭᠠᠵᠤ᠂ 3 ᠤᠳᠠᠭ᠎ᠠ ᠲᠠᠪᠳᠠᠵᠤ᠂ 3 ᠮᠢᠨᠦ᠋ᠲ ᠤᠨ ᠴᠠᠭ ᠭᠡᠷᠡᠭᠰᠡᠨ᠎ᠡ᠃            ᠠᠭᠠᠷ ᠤᠨ ᠲᠠᠭᠠᠷᠢᠯᠳᠠ ᠶᠢᠨ ᠰᠡᠷᠡᠮᠵᠢ ᠶᠢᠨ ᠲᠤᠬᠢᠶ᠎ᠠ᠄ 6 ᠰᠺᠦ᠋ᠨ᠋ᠳ᠋ ᠲᠤᠤᠭᠠᠷᠴᠤ᠂ 6 ᠰᠺᠦ᠋ᠨ᠋ᠳ᠋ ᠵᠤᠭᠰᠤᠵᠤ ᠂ 15 ᠤᠳᠠᠭ᠎ᠠ ᠲᠠᠪᠳᠠᠵᠤ᠂ 3 ᠮᠢᠨᠦ᠋ᠲ ᠤᠨ ᠴᠠᠭ ᠭᠡᠷᠡᠭᠰᠡᠨ᠎ᠡ᠃ ᠰᠡᠷᠡᠮᠵᠢ ᠶᠢᠨ ᠲᠤᠬᠢᠶ᠎ᠠ ᠶᠢ ᠵᠤᠭᠰᠤᠭᠠᠬᠤ᠄ ᠥᠷᠬᠦᠯᠵᠢᠯᠡᠨ 3 ᠮᠢᠨᠦ᠋ᠲ ᠤᠷᠳᠤᠯᠵᠢᠭᠤᠯᠤᠨ ᠲᠤᠤᠭᠠᠷᠭᠠᠨ᠎ᠠ᠃            ᠠᠭᠠᠷ ᠤᠨ ᠲᠠᠭᠠᠷᠢᠯᠳᠠ ᠠᠴᠠ ᠡᠮᠥᠨᠡᠬᠢ ᠰᠡᠷᠭᠡᠶᠢᠯᠡᠯᠳᠡ ᠶᠢᠨ ᠪᠡᠯᠡᠳᠭᠡᠯ ᠤᠶᠢᠷ᠎ᠠ ᠤᠷᠴᠢᠮ  ᠤᠨ ᠠᠭᠠᠷ ᠤᠨ ᠰᠡᠷᠭᠡᠶᠢᠯᠡᠯᠳᠡ ᠶᠢᠨ ᠲᠠᠯᠳᠠᠯᠠᠬᠤ ᠪᠡᠯᠡᠳᠭᠡᠮᠵᠢ ᠶᠢ ᠮᠡᠳᠡᠨ ᠠᠪᠴᠤ᠂ ᠲᠠᠷᠬᠠᠭᠠᠬᠤ᠂ ᠲᠠᠯᠳᠠᠯᠠᠬᠤ ᠵᠠᠮ ᠱᠤᠭᠤᠮ ᠢ ᠲᠤᠳᠤᠷᠬᠠᠶᠢᠯᠠᠨ᠎ᠠ᠃ ᠭᠠᠷ ᠭᠡᠷᠡᠯᠳᠥᠬᠦᠯᠭᠡ᠂ ᠤᠤᠭᠤᠬᠤ ᠤᠰᠤ᠂ ᠲᠥᠷᠭᠡᠨ ᠠᠪᠤᠷᠠᠯᠳᠠ ᠶᠢᠨ ᠪᠤᠭᠴᠤ ᠵᠡᠷᠭᠡ ᠪᠡᠶ᠎ᠡ ᠳᠡᠭᠡᠨ ᠠᠪᠴᠤ ᠶᠠᠪᠤᠬᠤ ᠠᠮᠢᠳᠤᠷᠠᠯ ᠤᠨ ᠬᠡᠷᠡᠭᠰᠡᠯ ᠪᠠ ᠡᠮ ᠢ ᠰᠠᠶᠢᠳᠤᠷ ᠪᠡᠯᠡᠳᠭᠡᠬᠦ ᠭᠡᠷᠡᠭᠳᠡᠢ᠃ ᠥᠷᠥᠭᠡ ᠭᠡᠷ ᠤᠨ ᠢᠶᠠᠨ ᠰᠢᠯ ᠴᠤᠩᠬᠤ ᠪᠠᠨ ᠴᠥᠮ ︽米︾ ᠪᠤᠶᠤ ︽井︾ ᠭᠡᠯᠪᠡᠷᠢ ᠶᠢᠨ ᠴᠠᠭᠠᠰᠤ ᠪᠤᠶᠤ ᠪᠥᠰ ᠢᠶᠠᠷ ᠵᠤᠷᠪᠤᠰᠯᠠᠨ ᠨᠠᠭᠠᠵᠤ᠂ ᠰᠢᠯ ᠨᠢ ᠲᠤᠷᠬᠢᠭᠳᠠᠨ ᠬᠠᠭᠠᠷᠴᠤ ᠬᠥᠮᠥᠨ ᠢ ᠰᠢᠷᠬᠠᠳᠤᠭᠤᠯᠬᠤ  ᠠᠴᠠ ᠰᠡᠷᠭᠡᠶᠢᠯᠡᠨ᠎ᠡ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号