ᠥᠯᠵᠡᠶ ᠪᠣᠭᠤᠮᠲᠠ ᠳᠤ ᠠᠵᠢᠯᠯᠠᠵᠤ ᠪᠠᠶᠢᠭ᠎ᠠ ᠴᠠᠭᠳᠠᠭ᠎ᠠ ᠨᠠᠷ ᠣᠯᠠᠨ ᠲᠦᠮᠡᠨ ᠤ ᠬᠦᠴᠢᠷᠳᠡᠯ ᠲᠠᠢ ᠠᠰᠠᠭᠤᠳᠠᠯ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2024/8/13
    ᠢᠦᠢ ᠹᠧᠩ ᠳ᠋ᠦᠩ ᠪᠣᠯ ᠥᠯᠵᠡᠢ ᠪᠣᠭᠤᠮᠳᠠ ᠳᠤ ᠠᠵᠢᠯᠯᠠᠵᠤ ᠪᠠᠶᠢᠭ᠎ᠠ ᠲᠣᠳᠣᠭᠠᠳᠣ ᠶᠢ ᠬᠠᠮᠠᠭᠠᠯᠠᠬᠤ ᠴᠠᠭᠳᠠᠭ᠎ᠠ ᠶᠤᠮ᠂ 40 ᠳᠥᠩᠭᠡᠵᠤ ᠲᠠᠪᠠᠵᠤ ᠪᠠᠶᠢᠭ᠎ᠠ ᠪᠣᠯᠪᠠᠴᠣ᠂ ᠨᠢᠭᠡᠨᠳᠡ 22 ᠵᠢᠯ ᠡᠯᠡᠰᠦᠨ ᠴᠦᠯ ᠤᠨ ᠬᠢᠯᠢ ᠬᠢᠵᠠᠭᠠᠷ ᠢ ᠰᠠᠬᠢᠨ ᠬᠠᠮᠠᠭᠠᠯᠠᠵᠠᠢ᠃  ᠤᠯᠠᠨ ᠲᠦᠮᠡᠨ ᠤ ᠲᠤᠯᠭᠠᠮ᠎ᠠ ᠠᠰᠠᠭᠤᠳᠠᠯ ᠢ ᠰᠢᠢᠳᠪᠦᠷᠢᠯᠡᠬᠦ ᠦᠶ᠎ᠡ ᠳᠤ᠂ ᠲᠡᠷᠡ ᠬᠦᠯᠢᠴᠡᠩᠭᠦᠢ ᠪᠠᠷ ᠬᠦᠮᠦᠰ ᠲᠠᠢ ᠰᠠᠨᠠᠯ ᠢᠶᠠᠨ ᠰᠣᠯᠢᠯᠴᠠᠵᠤ᠂ ᠨᠢᠭᠤᠷ ᠲᠤᠨᠢ ᠬᠡᠵᠢᠶᠡᠳᠡ ᠡᠶᠡᠯᠳᠡᠭ ᠢᠨᠢᠶᠡᠮᠰᠦᠭᠯᠡᠯ ᠲᠠᠢ ᠪᠠᠶᠢᠵᠤ᠂ ᠪᠠᠶᠢᠨ ᠪᠠᠶᠢᠨ ᠱᠤᠭ ᠭᠠᠷᠭᠠᠵᠤ᠂ ᠤᠯᠠᠨ ᠢ ᠲᠠᠶᠢᠪᠤᠰᠢᠷᠠᠭᠤᠯᠳᠠᠭ᠃  ᠬᠦᠮᠦᠰ ᠲᠠᠢ ᠢᠩᠭᠢᠵᠤ ᠳᠣᠲᠣᠨᠤ ᠡᠶᠡᠯᠳᠡᠭ ᠬᠠᠷᠢᠯᠴᠠᠳᠠᠭ ᠢᠶᠠᠷ ᠢᠶᠠᠨ ᠣᠯᠠᠨ ᠲᠦᠮᠡᠨ ᠤ ᠳᠤᠷ᠎ᠠ  ᠪᠠᠭ᠋ᠠᠷᠬᠠᠯ ᠪᠠ ᠢᠲᠡᠭᠡᠯ ᠢ ᠣᠯᠵᠠᠶ᠃    2017 ᠣᠨ ᠳᠤ᠂ ᠥᠯᠵᠡᠶ ᠪᠣᠭᠤᠮᠲᠠ ᠶᠢᠨ ᠲᠣᠮᠢᠯᠠᠭᠰᠠᠨ ᠰᠠᠯᠪᠤᠷᠢ ᠰᠠᠶ᠋ᠢᠬᠠᠨ ᠪᠠᠶᠢᠭᠤᠯᠤᠭᠳᠠᠬᠤ ᠦᠶ᠎ᠡ ᠳᠤ ᠪᠣᠭᠤᠮᠲᠠ ᠶᠠᠭ ᠨᠡᠭᠡᠭᠡᠨ ᠬᠥᠭᠵᠢᠭᠦᠯᠬᠦ ᠱᠠᠲᠤᠨ ᠳᠤ ᠪᠠᠶᠢᠵᠤ᠂ ᠴᠠᠭᠳᠠᠭᠠᠨ ᠤ ᠪᠠᠶᠢᠷᠢ ᠭᠡᠵᠣ ᠪᠠᠶᠢᠬᠤ ᠥᠬᠡᠶ ᠤᠴᠢᠷ ᠠᠴᠠ ᠠᠷᠠᠳ ᠤᠨ ᠴᠠᠭᠳᠠᠭ᠎ᠠ ᠨᠠᠷ ᠬᠤᠶᠠᠷ ᠳᠦᠭᠦᠮ ᠠᠪᠰᠠᠷ ᠰᠢᠩᠬᠡᠯᠢᠭ ᠲᠤ ᠠᠵᠢᠯᠯᠠᠵᠤ ᠠᠮᠢᠳᠤᠷᠠᠳᠠᠭ ᠪᠠᠶᠢᠵᠠᠢ᠃ 2021 ᠣᠨ ᠳᠤ᠂ ᠲᠣᠮᠢᠯᠠᠭᠰᠠᠨ ᠰᠠᠯᠪᠤᠷᠢ ᠡᠴᠦᠰ ᠲᠡᠭᠡᠨ ᠰᠢᠨ᠎ᠡ ᠠᠯᠪᠠᠨ ᠠᠰᠠᠷ ᠢ ᠤᠭᠲᠤᠨ ᠠᠪᠴᠢᠷᠠᠵᠤ᠂ ᠠᠷᠠᠳ ᠤᠨ ᠴᠠᠭᠳᠠᠭ᠎ᠠ ᠨᠠᠷ 4 ᠵᠢᠯ ᠭᠠᠷᠤᠢ ᠶᠢᠨ ᠴᠢᠩᠭᠡᠯᠢᠭ ᠤᠨ ᠠᠮᠢᠳᠤᠷᠠᠯ ᠠᠴᠠ ᠪᠠᠨ ᠰᠠᠯᠵᠠᠢ᠃ ᠲᠡᠷᠡ ᠬᠦ ᠲᠡᠰᠪᠦᠷᠢ ᠬᠠᠲᠠᠭᠤᠵᠢᠯᠲᠠᠶ ᠲᠡᠮᠡᠴᠡᠭᠰᠡᠨ ᠴᠠᠭ ᠬᠤᠭᠤᠴᠠᠭ᠎ᠠ ᠶᠢ ᠪᠠᠲᠤ ᠴᠡᠭᠡᠵᠢᠯᠡᠬᠦ ᠶᠢᠨ ᠲᠥᠯᠥᠭᠡ᠂ ᠢᠦᠢ ᠹᠧᠩ ᠳ᠋ᠦᠩ ᠳᠡᠭᠡᠳᠦ ᠱᠠᠲᠤᠨ ᠠᠴᠠ ᠬᠠᠭᠤᠴᠢᠨ ᠴᠢᠩᠭᠡᠯᠢᠭ ᠢ ᠦᠯᠡᠳᠡᠭᠡᠬᠦ ᠪᠠᠷ ᠭᠤᠶᠤᠴᠢᠯᠠᠬᠤ ᠶᠢᠨ ᠬᠠᠮᠲᠤ ᠲᠡᠭᠦᠨ ᠢ ᠢᠷᠠᠭᠤ ᠠᠯᠳᠠᠷ ᠤᠨ ᠲᠠᠰᠤᠭ ᠪᠠ ᠡᠶᠡᠳᠡᠭᠦᠯᠬᠦ ᠲᠠᠰᠤᠭ ᠪᠣᠯᠭᠠᠨ ᠥᠭᠡᠷᠡᠴᠢᠯᠡᠪᠡ᠃ ᠣᠳᠣᠬᠠᠨ ᠳᠤ᠂ ᠡᠨᠡ ᠬᠦ ᠡᠶᠡᠳᠡᠭᠦᠯᠬᠦ ᠲᠠᠰᠤᠭ ᠤᠨ ᠬᠡᠷᠡᠮ ᠳᠡᠭᠡᠷ᠎ᠡ ᠬᠡᠮᠡᠷᠯᠢᠭ ᠲᠤᠭ ᠳᠦᠭᠦᠷᠲᠡᠯ᠎ᠡ ᠡᠯᠭᠦᠵᠦ᠂ ᠬᠡᠮᠡᠷᠯᠢᠭ ᠲᠤᠭ ᠪᠣᠯᠭᠠᠨ ᠳᠤ ᠪᠦᠷ ᠣᠯᠠᠨ ᠤ ᠰᠡᠳᠬᠢᠯ ᠢ ᠬᠥᠳᠡᠯᠭᠡᠮ᠎ᠡ ᠦᠯᠢᠭᠡᠷ ᠨᠢᠭᠤᠭᠳᠠᠵᠤ ᠪᠠᠶᠢᠬᠤ ᠶᠤᠮ᠃  
 
ᠢᠷᠡᠯᠲᠡ᠄ ᠠᠯᠠᠱᠠ ᠵᠡᠭᠦᠨ ᠬᠣᠰᠢᠭᠣᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号