ᠯᠢᠦ ᡁᠢ ᠴᠢᠶᠠᠩ ᠬᠤᠶᠢᠲᠤ ᠬᠡᠰᠡᠭ ᠤᠨ ᠰᠤᠮᠤ ᠪᠠᠯᠭᠠᠰᠤᠨ ᠳᠤ ᠬᠦᠷᠴᠦ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠦᠶᠡᠷ ᠠᠴᠠ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠨᠤᠲᠤᠭ ᠤᠰᠤ ᠪᠠᠨ ᠬᠠᠮᠠᠭᠠᠯᠠᠵᠤ ᠬᠢᠯᠢ ᠬᠢᠵᠠᠭᠠᠷ ᠢᠶᠠᠨ ᠬᠠᠮᠠᠭᠠᠯᠠᠬᠤ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/13
     7 ᠰᠠᠷ᠎ᠠ ᠶᠢᠨ 25᠎ ᠤ ᠡᠳᠦᠷ ᠠᠴᠠ 27᠎ ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ ᠪᠠᠶᠠᠨᠨᠢᠷᠤᠭᠤᠨ ᠰᠤᠮᠤ᠂ ᠥᠯᠵᠡᠶ ᠰᠤᠮᠤ᠂ ᠥᠯᠵᠡᠶ ᠪᠣᠭᠤᠮᠲᠠ᠂ ᠢᠩᠭᠡᠨ ᠰᠤᠮᠤ᠂ ᠵᠢᠷᠠᠲᠠᠢ ᠪᠠᠯᠭᠠᠰᠤᠨ ᠳᠤ ᠭᠦᠨᠵᠡᠭᠡᠶᠢᠷᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠶ ᠦᠢᠯᠡᠳᠪᠦᠷᠢᠯᠡᠯ᠂ ᠦᠶᠡᠷ ᠎ ᠠᠴᠠ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠨᠤᠲᠤᠭ ᠤᠰᠤ ᠪᠠᠨ ᠬᠠᠮᠠᠭᠠᠯᠠᠵᠤ ᠬᠢᠯᠢ ᠬᠢᠵᠠᠭᠠᠷ ᠢᠶᠠᠨ ᠬᠠᠮᠠᠭᠠᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠣᠭᠴᠠᠵᠢᠭᠤᠯᠤᠨ ᠠᠬᠢᠭᠤᠯᠬᠤ᠂ ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠭᠤᠷᠪᠠᠨ ᠵᠦᠢᠯ ᠤᠨ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠬᠤ ᠶᠢᠨ ᠬᠠᠮᠲᠤ ᠴᠡᠷᠢᠭ ᠴᠠᠭᠳᠠᠭ᠎ᠠ ᠴᠡᠷᠢᠭ ᠠᠩᠭᠢ ᠶᠢ ᠪᠣᠯᠭᠤᠭᠠᠨ ᠲᠣᠬᠤᠨᠢᠭᠤᠯᠪᠠ᠃    ᠯᠢᠦ ᡁᠢ ᠴᠢᠶᠠᠩ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠡᠨᠡ ᠬᠦ ᠭᠤᠤᠯ ᠱᠤᠭᠤᠮ ᠤᠨ ᠲᠣᠭᠤᠷᠢᠨ ᠳᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠪᠠ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠢᠯᠡ ᠲᠣᠳᠣ ᠪᠦᠲᠦᠮᠵᠢᠲᠡᠶ ᠰᠠᠶᠢᠲᠤᠷ ᠠᠳᠬᠤᠬᠤ ᠬᠡᠷᠡᠭᠲᠡᠶ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠷ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠬᠤ ᠪᠠ ᠨᠠᠷᠢᠪᠴᠢᠯᠠᠨ ᠪᠠᠶᠢᠴᠠᠭᠠᠵᠤ ᠡᠮᠬᠢᠯᠡᠵᠦ ᠭᠠᠷᠭᠠᠭᠰᠠᠨ ᠡᠯ᠎ᠡ ᠲᠦᠷᠦᠯ ᠤᠨ ᠠᠰᠠᠭᠤᠳᠠᠯ ᠢ ᠲᠡᠷᠡ ᠳᠠᠷᠤᠢ ᠳᠤᠨᠢ ᠮᠡᠳᠡᠵᠦ ᠲᠡᠷᠡ ᠳᠠᠷᠤᠢ ᠳᠤᠨᠢ ᠥᠭᠡᠷᠡᠴᠢᠯᠡᠵᠦ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠬᠦ ᠬᠡᠷᠡᠭᠲᠡᠢ︔ ᠣᠬᠤᠷ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠶᠢᠨ ᠠᠷᠭ᠎ᠠ ᠦᠭᠡᠢ ᠠᠰᠠᠭᠤᠳᠠᠯ ᠤᠨ ᠰᠢᠯᠲᠠᠭᠠᠨ ᠢ ᠨᠠᠷᠢᠨ ᠬᠢᠨᠠᠮᠠᠭᠠᠢ ᠵᠠᠳᠠᠯᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠪᠠᠨ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠵᠢᠭᠰᠠᠭᠠᠵᠤ᠂ ᠠᠰᠠᠭᠤᠳᠠᠯ ᠢ ᠦᠨᠡᠨ ᠬᠦ ᠪᠣᠳᠠᠲᠠᠢ ᠴᠡᠭᠴᠡᠯᠡᠨ ᠰᠠᠶᠢᠵᠢᠷᠠᠭᠤᠯᠵᠤ᠂ ᠭᠡᠮ ᠰᠣᠭᠤᠭ ᠦᠯᠡᠳᠡᠭᠡᠬᠦ ᠦᠭᠡᠢ ᠪᠠᠶᠢᠬᠤ ᠬᠡᠷᠡᠭᠲᠡᠢ᠃ ᠤᠯᠠᠨ ᠲᠦᠮᠡᠨ ᠤ ᠲᠤᠰᠬᠠᠭᠰᠠᠨ ᠠᠰᠠᠭᠤᠳᠠᠯ ᠤᠨ ᠰᠦᠪᠡᠭᠴᠢ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠲᠡᠷᠡ ᠳᠠᠷᠤᠢ ᠳᠤᠨᠢ ᠲᠤᠬᠠᠢ ᠶᠢᠨ ᠲᠠᠯᠠᠪᠠᠢ ᠳᠤ ᠬᠦᠷᠴᠦ ᠬᠢᠨᠠᠨ ᠪᠠᠶᠢᠴᠠᠭᠠᠵᠤ᠂ ᠠᠰᠠᠭᠤᠳᠠᠯ ᠢ ᠰᠢᠢᠳᠪᠦᠷᠢᠯᠡᠬᠦ ᠠᠵᠢᠯ ᠢ ᠴᠠᠭ ᠲᠤᠬᠠᠢ ᠳᠤᠨᠢ ᠲᠣᠬᠢᠲᠠᠢ ᠰᠠᠶᠢᠲᠤᠷ ᠬᠢᠵᠦ᠂ ᠪᠦᠲᠦᠮᠵᠢᠲᠡᠢ ᠠᠷᠭ᠎ᠠ ᠬᠡᠮᠵᠢᠶ᠎ᠡ ᠪᠠᠷ ᠠᠰᠠᠭᠤᠳᠠᠯ ᠢ ᠲᠦᠢᠯᠪᠤᠷᠢᠲᠠᠢ ᠥᠭᠡᠷᠡᠴᠢᠯᠡᠵᠦ᠂ ᠤᠯᠠᠨ ᠲᠦᠮᠡᠨ ᠎ ᠤ ᠨᠢᠳᠤᠨ ᠳᠤ ᠦᠵᠡᠭᠳᠡᠵᠦ᠂ ᠲᠦᠷᠦᠭᠳᠡᠯ ᠲᠠᠢ᠂ ᠦᠨᠡᠨ ᠬᠦ ᠰᠡᠳᠬᠢᠯ ᠬᠠᠨᠤᠮᠵᠢᠲᠠᠢ ᠪᠣᠯᠭᠠᠬᠤ ᠬᠡᠷᠡᠭᠲᠡᠢ᠃ ︽ᠶᠡᠭᠡ ᠭᠠᠩ ᠬᠠᠭᠰᠠᠷᠠᠭᠠᠨ ᠲᠠᠢ ᠲᠡᠮᠡᠴᠡᠬᠦ᠂ ᠤᠳᠠᠭᠠᠨ ᠳᠠᠭᠠᠭᠠᠮᠠᠭᠠᠢ ᠭᠠᠩ ᠬᠠᠭᠰᠠᠷᠠᠭᠠᠨ ᠢ ᠡᠰᠡᠷᠭᠦᠴᠡᠬᠦ᠂ ᠶᠡᠭᠡ ᠭᠠᠩ ᠬᠠᠭᠰᠠᠷᠠᠭᠠᠨ ᠢ ᠪᠠᠭᠠᠰᠬᠠᠬᠤ ︾ ᠤᠬᠠᠮᠰᠠᠷ ᠢ ᠪᠤᠢ ᠪᠣᠯᠭᠠᠵᠤ᠂ ᠮᠠᠯᠴᠢᠨ ᠲᠠᠷᠢᠶᠠᠴᠢᠨ ᠤ ᠭᠠᠮᠰᠢᠭᠳᠠᠭᠰᠠᠨ ᠪᠠᠶᠢᠳᠠᠯ ᠪᠣᠯᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠤᠨᠢᠨ ᠳᠡᠭᠡᠷ᠎ᠡ ᠨᠢ ᠪᠠᠶᠢᠴᠠᠭᠠᠨ ᠰᠢᠢᠳᠪᠦᠷᠢᠯᠡᠵᠦ᠂ ᠡᠪᠡᠰᠦ ᠪᠣᠷᠳᠤᠭ᠎ᠠ ᠨᠥᠭᠡᠴᠡᠯᠡᠬᠦ ᠬᠥᠮᠥᠷᠭᠡ ᠶᠢᠨ ᠦᠢᠯᠡᠳᠦᠯ ᠢ ᠦᠨᠡᠨᠬᠦ ᠪᠠᠳᠠᠷᠠᠭᠤᠯᠵᠤ᠂ ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠪᠣᠳᠠᠲᠠᠢ ᠶᠢ ᠡᠷᠬᠢᠮᠯᠡᠭᠰᠡᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠵᠦ᠂ ᠡᠪᠡᠰᠦ ᠪᠣᠷᠳᠤᠭ᠎ᠠ ᠬᠤᠳᠠᠯᠳᠤᠨ ᠠᠪᠬᠤ ᠪᠠ ᠪᠣᠷᠣᠯᠠᠭᠤᠯᠬᠤ᠂ ᠲᠤᠬᠢᠷᠠᠭᠤᠯᠤᠨ ᠥᠭᠬᠦ᠂ ᠨᠥᠭᠡᠴᠡᠯᠡᠬᠦ᠂ ᠲᠠᠷᠬᠠᠭᠠᠬᠤ ᠵᠡᠷᠭᠡ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠮᠠᠯᠴᠢᠨ ᠲᠠᠷᠢᠶᠠᠴᠢᠨ ᠢ ᠬᠠᠪᠰᠤᠷᠤᠨ ᠭᠠᠩ ᠬᠠᠭᠰᠠᠷᠠᠭᠠᠨ ᠤ ᠪᠡᠷᠬᠡ ᠴᠠᠭ ᠢ ᠥᠩᠭᠡᠷᠡᠭᠦᠯᠬᠦ ᠬᠡᠷᠡᠭᠲᠡᠢ᠃ ᠬᠢᠯᠢ ᠶᠢᠨ ᠬᠠᠮᠢᠶᠠᠷᠤᠯᠲᠠ ᠬᠠᠮᠠᠭᠠᠯᠠᠯᠲᠠ ᠪᠠ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠬᠢᠯᠢ ᠶᠢᠨ ᠬᠠᠮᠠᠭᠠᠯᠠᠯᠲᠠ ᠶᠢᠨ ᠵᠢᠱᠢᠶᠡᠴᠢ ᠬᠥᠮᠦᠰ ᠤᠨ ᠲᠡᠷᠢᠭᠦᠨ ᠤ ᠦᠢᠯᠡ ᠠᠵᠢᠯᠯᠠᠭ᠎ᠠ ᠶᠢ ᠶᠡᠬᠡᠪᠡᠷ ᠤᠬᠠᠭᠤᠯᠵᠤ᠂ ᠬᠢᠯᠢ ᠶᠢᠨ ᠬᠠᠮᠠᠭᠠᠯᠠᠭᠴᠢ ᠶᠢᠨ ᠠᠮᠢᠳᠤᠷᠠᠯ ᠳᠤᠮᠳᠠᠬᠢ ᠬᠦᠴᠢᠷᠳᠡᠯ ᠢ ᠦᠨᠡᠨ ᠬᠦ ᠰᠠᠶᠢᠲᠤᠷ ᠰᠢᠢᠳᠪᠦᠷᠢᠯᠡᠵᠦ᠂ ᠬᠢᠯᠢ ᠶᠢᠨ ᠬᠠᠮᠠᠭᠠᠯᠠᠭᠴᠢ ᠨᠠᠷ ᠤᠨ ᠬᠢᠯᠢ ᠬᠢᠵᠠᠭᠠᠷ ᠶᠢ ᠰᠠᠨᠠᠭ᠎ᠠ ᠠᠮᠤᠷ ᠬᠠᠮᠠᠭᠠᠯᠠᠬᠤ ᠣᠷᠴᠢᠨ ᠢ ᠪᠦᠷᠢᠳᠦᠭᠦᠯᠬᠦ ᠬᠡᠷᠡᠭᠲᠡᠢ︔ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠴᠡᠷᠢᠭ ᠠᠩᠭᠢ ᠪᠠ ᠳᠠᠷᠤᠭ᠎ᠠ ᠪᠠᠶᠢᠯᠳᠤᠭᠴᠢᠳ ᠲᠤ ᠪᠣᠳᠠᠲᠤ ᠶᠠᠪᠤᠳᠠᠯ ᠬᠢᠵᠦ ᠥᠭᠴᠦ᠂ ᠬᠦᠴᠢᠷ ᠠᠰᠠᠭᠤᠳᠠᠯ ᠢ ᠰᠢᠢᠳᠪᠦᠷᠢᠯᠡᠨ᠂ ᠴᠡᠷᠢᠭ ᠨᠢ ᠠᠷᠠᠳ ᠢᠶᠠᠨ ᠬᠠᠶᠢᠷᠠᠯᠠᠬᠤ᠂ ᠠᠷᠠᠳ ᠨᠢ ᠴᠡᠷᠢᠭ ᠢᠶᠠᠨ ᠬᠦᠷᠢᠶᠡᠯᠡᠬᠦ ᠢᠷᠠᠭᠤ ᠠᠯᠳᠠᠷᠲᠤ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠦᠢᠯᠡᠰ ᠢ ᠭᠦᠨᠵᠡᠭᠡᠶᠢᠷᠡᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠨᠠᠩ ᠪᠠᠲᠤ ᠪᠠᠬᠢ ᠴᠣᠭᠴᠠᠯᠠᠬᠤ ᠬᠡᠷᠡᠭᠲᠡᠶ᠃ ᠠᠯᠤᠰ ᠬᠡᠲᠦ ᠶᠢᠨ ᠬᠥᠭᠵᠢᠯᠲᠡ ᠳᠤ ᠰᠠᠭᠤᠷᠢᠯᠠᠵᠤ᠂ ᠥᠯᠵᠡᠶ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠲᠦᠷᠭᠡᠳᠬᠡᠨ ᠠᠬᠢᠭᠤᠯᠵᠤ ᠨᠠᠩ ᠣᠯᠠᠨ ᠪᠣᠳᠠᠲᠤ ᠠᠬᠢᠴᠠ ᠲᠠᠢ ᠪᠣᠯᠭᠠᠬᠤ ᠬᠡᠷᠡᠭᠲᠡᠶ᠃ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠬᠴᠠᠵᠢᠭᠤᠯᠤᠨ ᠠᠬᠢᠭᠤᠯᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠣᠳᠣᠬᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠠᠵᠢᠯ ᠤᠨ ᠭᠤᠣᠯᠳᠠᠯᠭ᠎ᠠ ᠶᠢ ᠲᠤᠪᠤᠶᠢᠯᠭᠠᠨ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠭᠤᠷᠪᠠᠨ ᠵᠦᠢᠯ ᠤᠨ ᠠᠵᠢᠯ ᠢ ᠴᠠᠭ ᠲᠤᠬᠠᠢ ᠳᠤᠨᠢ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠠᠬᠢᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠶᠡᠬᠡᠪᠡᠷ ᠰᠠᠶᠢᠵᠢᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠷ᠎ᠡ ᠪᠦᠲᠦᠭᠡᠯ ᠢ ᠮᠠᠯᠴᠢᠨ ᠲᠠᠷᠢᠶᠠᠴᠢᠨ ᠳᠤ ᠨᠡᠩ ᠣᠯᠠᠨ ᠬᠦᠷᠲᠡᠭᠡᠬᠦ ᠬᠡᠷᠡᠭᠲᠡᠢ ᠭᠡᠪᠡ᠃
 
ᠢᠷᠡᠯᠲᠡ᠄ ᠠᠯᠠᠱᠠ ᠵᠡᠭᠦᠨ ᠬᠣᠰᠢᠭᠣᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号