ᠡᠨᠡ ᠨᠠᠮᠤᠷ᠂ ᠠᠯᠠᠱᠠ ᠶᠢᠨ ᠬᠡᠤᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠡᠯᠰᠡᠬᠦ ᠲᠥᠰᠦᠯ ᠳᠤ ᠶᠠᠮᠠᠷ ᠶᠠᠮᠠᠷ ᠬᠤᠪᠢᠷᠠᠯᠲᠠ ᠭᠠᠷᠤᠭᠰᠠᠨ ᠪᠣᠶ︖
ᠨᠡᠶᠢᠲᠡᠯᠡᠭᠰᠡᠨ ᠴᠠᠭ᠄
2024/8/14
   ᠠᠯᠠᠱᠨ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ  ᠯᠢ ᠶᠢᠦ ᠪᠢᠩ
   ᠬᠥᠲᠦᠯᠦᠭᠴᠢ   ᠵᠧᠦ ᠵᠢᠩ
   ᠡᠨᠡ ᠵᠢᠯ ᠤᠨ ᠨᠠᠮᠤᠷ ᠤᠨ ᠤᠯᠠᠷᠢᠯ ᠤᠨ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠲᠥᠰᠦᠯ ᠳᠤ ᠶᠠᠮᠠᠷ ᠶᠠᠮᠠᠷ ᠬᠤᠪᠢᠷᠠᠯᠲᠠ ᠭᠠᠷᠤᠭᠰᠠᠨ ᠪᠤᠢ︖    ᠯᠢ ᠶᠢᠦ ᠪᠢᠩ    1.ᠡᠨᠡ ᠵᠢᠯ ᠠᠴᠠ ᠡᠬᠢᠯᠡᠨ᠂ ᠠᠯᠠᠱᠠ ᠵᠡᠭᠦᠨ ᠬᠤᠰᠢᠭᠤᠨ ᠤ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠨᠢ ᠡᠷᠦᠬᠡ ᠠᠮᠠ ᠶᠢᠨ ᠬᠠᠷᠢᠶ᠎ᠠ ᠪᠠᠨ ᠬᠤᠪᠢᠶᠠᠬᠤ ᠥᠬᠡᠶ ᠲᠣᠬᠢᠷᠠᠬᠤ ᠨᠠᠰᠤᠨ ᠤ ᠬᠡᠦᠬᠡᠳ ᠢ ᠡᠯᠰᠡᠵᠦ᠂ ᠬᠢᠨᠠᠨ ᠬᠠᠮᠠᠭᠠᠯᠠᠭᠴᠢ ᠨᠢ ᠰᠤᠷᠭᠠᠭᠤᠯᠢ ᠶᠢᠨ ᠲᠣᠭᠤᠷᠢᠭ ᠤᠨ ᠬᠡᠪᠴᠢᠶᠡᠨ ᠳᠤ ᠥᠪᠡᠷ ᠤᠨ ᠣᠷᠣᠨ ᠰᠠᠭᠤᠴᠠ ᠪᠠᠶᠢᠪᠠᠯ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠲᠤ ᠣᠷᠣᠵᠤ ᠪᠣᠯᠤᠨ᠎ᠠ᠃ ᠪᠢᠳᠡ ᠠᠷᠠᠳ ᠢᠷᠭᠡᠳ ᠢ ᠠᠳᠠᠯᠢ ᠲᠡᠭᠰᠢ ᠪᠠᠷ ᠡᠯᠰᠡᠵᠦ᠂ ᠬᠤᠲᠠ ᠳᠣᠲᠣᠷ᠎ᠠ ᠪᠠᠨ ᠠᠳᠠᠯᠢ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃    2. ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠳᠤᠮᠳᠠᠳᠤ ᠪᠠᠭ᠎ᠠ ᠰᠤᠷᠭᠠᠭᠤᠯᠢ ᠰᠤᠷᠭᠠᠭᠤᠯᠢ ᠳᠤ ᠣᠷᠣᠵᠤ᠂ ︽ᠣᠶᠢᠷ᠎ᠠ ᠬᠠᠪᠢ ᠳᠤᠨᠢ ᠰᠤᠷᠭᠠᠭᠤᠯᠢ ᠳᠤ ᠣᠷᠣᠭᠤᠯᠬᠤ︾ ᠵᠠᠷᠴᠢᠮ ᠤᠨ ᠶᠣᠰᠣᠭᠠᠷ ᠰᠤᠷᠭᠠᠭᠤᠯᠢ ᠶᠢᠨ ᠲᠣᠭᠤᠷᠢᠭ ᠢ ᠬᠤᠪᠢᠶᠠᠷᠢᠯᠠᠨ ᠲᠣᠭᠲᠠᠭᠠᠬᠤ ᠬᠡᠷᠡᠭᠲᠡᠶ᠃ ᠬᠠᠤᠯᠢ ᠪᠠᠷ ᠲᠣᠭᠲᠠᠭᠠᠭᠰᠠᠨ ᠬᠠᠷᠠᠭᠠᠯᠵᠠᠨ ᠬᠠᠮᠠᠭᠠᠯᠠᠭᠴᠢ ᠶᠢᠨ ᠨᠡᠷᠡᠨ ᠳᠤ ᠣᠷᠣᠨ ᠰᠠᠭᠤᠴᠠ ᠲᠠᠢ ᠪᠦᠭᠡᠳ ᠪᠣᠳᠠᠲᠠᠢ ᠰᠠᠭᠤᠵᠤ ᠠᠮᠢᠳᠤᠷᠠᠵᠤ ᠪᠠᠶᠢᠬᠤ ᠪᠣᠶᠣ ᠦᠷ᠎ᠡ ᠬᠡᠦᠬᠡᠳ ᠨᠢ ᠲᠥᠷᠦᠬᠦ ᠳᠤ ᠡᠴᠢᠭᠡ ᠡᠬᠡ ᠨᠢ ᠬᠡᠣᠬᠡᠳ ᠤᠨ ᠡᠪᠦᠭᠡ ᠡᠮᠡᠭᠡ ︵ᠨᠠᠭᠠᠴᠤ ᠡᠪᠦᠭᠡ ᠡᠮᠡᠭᠡ︶᠎ ᠎ ᠲᠠᠢ ᠨᠢᠭᠡ ᠡᠷᠦᠬᠡ ᠠᠮᠠ ᠶᠢᠨ ᠲᠠᠩᠰᠠᠨ ᠳᠤ ᠪᠠᠶᠢᠬᠤ ᠮᠥᠷᠳᠡᠭᠡᠨ ᠬᠠᠮᠲᠣ ᠪᠠᠷ ᠰᠠᠭᠤᠵᠤ ᠠᠮᠢᠳᠤᠷᠠᠵᠤ ᠪᠠᠶᠢᠬᠤ ᠬᠡᠷᠡᠭᠲᠡᠢ ︵ᠭᠤᠷᠪᠠᠨ ᠦᠶ᠎ᠡ ᠪᠠᠷ ᠢᠶᠠᠨ ᠨᠢᠭᠡ ᠡᠷᠦᠬᠡ ᠠᠮᠠ ᠶᠢᠨ ᠲᠠᠩᠰᠠᠨ ᠳᠤ ᠪᠠᠶᠢᠬᠤ︶᠂ ᠡᠨᠡ ᠬᠤᠭᠤᠴᠠᠭᠠᠨ ᠳᠤ ᠦᠷ᠎ᠡ ᠬᠡᠦᠬᠡᠳ ᠪᠣᠯᠣᠨ ᠡᠴᠢᠭᠡ ᠡᠬᠡ ᠨᠢ ᠡᠷᠦᠬᠡ ᠠᠮᠠ ᠶᠢᠨ ᠳᠠᠩᠰᠠ ᠪᠠᠨ ᠰᠢᠯᠵᠢᠭᠦᠯᠦᠭᠰᠡᠨ ᠦᠭᠡᠢ ᠮᠦᠷᠲᠡᠭᠡᠨ ᠡᠴᠢᠭᠡ ᠡᠬᠡ ᠨᠢ ᠨᠡᠷ᠎ᠡ ᠳᠤ ᠪᠠᠨ ᠪᠤᠰᠤᠳ ᠣᠷᠣᠨ ᠰᠠᠭᠤᠴᠠ ᠪᠠᠶᠢᠬᠤ ᠦᠭᠡᠢ ᠪᠠᠶᠢᠵᠤ᠂ ︽ᠣᠶᠢᠷ᠎ᠠ ᠬᠠᠪᠢ ᠳᠤ ᠪᠠᠨ ᠰᠤᠷᠭᠠᠭᠤᠯᠢ ᠳᠤ ᠣᠷᠣᠬᠤ︾ ᠵᠠᠷᠴᠢᠮ ᠢᠶᠠᠷ ᠬᠡᠰᠡᠭ ᠬᠤᠪᠢᠶᠠᠨ ᠲᠣᠬᠢᠷᠠᠯᠴᠠᠭᠰᠠᠨ ᠰᠤᠷᠭᠠᠭᠤᠯᠢ ᠳᠤ ᠣᠴᠢᠵᠤ ᠰᠤᠷᠤᠯᠴᠠᠭᠤᠯᠤᠨ᠎ᠠ᠃    3. ᠤᠷᠢᠳᠴᠢᠯᠠᠨ ᠣᠶᠢᠯᠠᠭᠠᠭᠰᠠᠨ ᠪᠠᠶᠢᠳᠠᠯ ᠠᠴᠠ ᠦᠵᠡᠪᠡᠯ᠂ ᠬᠤᠲᠠ ᠶᠢᠨ ᠪᠠᠷᠠᠭᠤᠨ ᠲᠣᠭᠤᠷᠢᠭ ᠤᠨ ᠲᠤᠷᠰᠢᠯᠲᠠ ᠶᠢᠨ ᠨᠢᠭᠡᠳᠦᠭᠡᠷ ᠪᠠᠭ᠎ᠠ ᠰᠤᠷᠭᠠᠭᠤᠯᠢ᠂ ᠢ ᠹᠦ᠋ ᠬᠤᠳᠣᠩ ᠦᠨᠳᠦᠰᠦᠳᠡᠨ ᠤ ᠰᠤᠷᠭᠠᠭᠤᠯᠢ᠂ ᠲᠠᠪᠤᠳᠤᠭᠠᠷ ᠪᠠᠭ᠎ᠠ ᠰᠤᠷᠭᠠᠭᠤᠯᠢ᠂ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ᠂ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠰᠤᠷᠭᠠᠭᠤᠯᠢ ᠶᠢᠨ ᠲᠣᠭᠤᠷᠢᠭ ᠤᠨ ᠳᠣᠲᠣᠷᠠᠬᠢ ᠰᠤᠷᠭᠠᠭᠤᠯᠢ ᠳᠤ ᠣᠷᠣᠬᠤ ᠨᠠᠰᠤᠨ ᠤ ᠰᠣᠷᠣᠭᠴᠢ ᠶᠢᠨ ᠲᠤᠭ᠎ᠠ ᠨᠢ ᠰᠤᠷᠭᠠᠭᠤᠯᠢ ᠶᠢᠨ ᠰᠣᠷᠣᠭᠴᠢ ᠡᠯᠰᠡᠬᠦ ᠲᠥᠯᠥᠪᠯᠡᠭᠡ ᠳᠤ ᠬᠦᠷᠴᠦ ᠳᠡᠶᠢᠯᠦᠭᠰᠡᠨ ᠥᠬᠡᠶ ᠪᠣᠯᠬᠤᠷ ᠶᠢᠰᠦᠳᠦᠭᠡᠷ ᠪᠠᠭ᠎ᠠ ᠰᠤᠷᠭᠠᠭᠤᠯᠢ᠂ ᠬᠤᠶᠠᠳᠤᠭᠠᠷ ᠲᠤᠷᠰᠢᠯᠲᠠ ᠶᠢᠨ ᠪᠠᠭ᠎ᠠ ᠰᠤᠷᠭᠠᠭᠤᠯᠢ᠂ ᠠᠯᠠᠱᠠ ᠵᠡᠭᠦᠨ ᠬᠤᠰᠢᠭᠤᠨ ᠤ ᠵᠢᠷᠭᠤᠳᠤᠭᠠᠷ ᠪᠠᠭ᠎ᠠ ᠰᠤᠷᠭᠠᠭᠤᠯᠢ᠂ ᠨᠠᠢᠮᠠᠳᠤᠭᠠᠷ ᠪᠠᠭ᠎ᠠ ᠰᠤᠷᠭᠠᠭᠤᠯᠢ ᠶᠢᠨ  ᠰᠤᠷᠭᠠᠭᠤᠯᠢ ᠶᠢᠨ ᠲᠣᠭᠤᠷᠢᠭ ᠤᠨ ᠨᠥᠬᠦᠴᠡᠯ ᠳᠤ ᠨᠡᠶᠢᠴᠡᠬᠦ ᠰᠤᠷᠤᠭᠴᠢᠳ ᠨᠢ ᠨᠠᠰᠤᠲᠠᠶᠢᠴᠤᠳ ᠬᠡᠦᠬᠡᠳ ᠢᠶᠠᠨ ᠬᠠᠷᠠᠭᠠᠯᠵᠠᠵᠤ ᠳᠡᠶᠢᠯᠬᠦ ᠪᠤᠶᠤ ᠬᠡᠷ ᠤᠨ ᠠᠬᠠᠮᠠᠳ ᠨᠢ ᠠᠵᠢᠯᠯᠠᠬᠤ ᠪᠠᠷ ᠶᠠᠪᠣᠬᠤ ᠳᠤ ᠪᠠᠨ ᠭᠥᠯᠢᠶᠡᠨ ᠠᠪᠴᠤ ᠬᠦᠷᠭᠡᠬᠦ ᠳᠤ ᠲᠥᠬᠦᠮ ᠪᠠᠶᠢᠬᠤ ᠵᠡᠷᠭᠡ ᠰᠢᠯᠲᠠᠭᠠᠨ ᠢᠶᠠᠷ ᠳᠡᠭᠡᠷᠡᠬᠢ 5 ᠪᠠᠭ᠎ᠠ ᠰᠤᠷᠭᠠᠭᠤᠯᠢ ᠳᠤ ᠭᠤᠶᠤᠴᠢᠯᠠᠨ ᠮᠡᠳᠡᠭᠦᠯᠵᠣ ᠪᠣᠯᠤᠨ᠎ᠠ᠃    ᠲᠦᠷᠢᠶᠡᠰᠦᠯᠡᠨ ᠰᠠᠭᠤᠬᠤ᠂ ᠲᠦᠰᠢᠬᠦ ᠪᠠ ᠵᠢᠭᠡᠯᠡᠨ ᠰᠠᠭᠤᠵᠤ ᠪᠠᠶᠢᠪᠠᠯ᠂ ᠴᠥᠮ ︽ᠨᠢᠭᠡᠳᠦᠯᠲᠡᠶ ᠲᠥᠯᠥᠪᠯᠡᠨ ᠲᠣᠬᠢᠷᠠᠭᠤᠯᠬᠤ︾ ᠵᠠᠷᠴᠢᠮ ᠢᠶᠠᠷ ᠵᠣᠬᠢᠬᠤ ᠰᠤᠷᠭᠠᠭᠤᠯᠢ ᠳᠤ ᠲᠣᠬᠢᠷᠠᠭᠤᠯᠤᠨ ᠰᠤᠷᠤᠯᠴᠠᠭᠤᠯᠤᠨ᠎ᠠ᠃    ᠨᠢᠭᠡ ᠳᠤ᠂ ᠠᠯᠠᠱᠠ ᠵᠡᠭᠦᠨ ᠬᠤᠰᠢᠭᠤᠨ ᠤ ᠳᠥᠷᠪᠡᠳᠦᠭᠡᠷ ᠳᠤᠮᠳᠠᠳᠤ ᠰᠤᠷᠭᠠᠭᠤᠯᠢ᠂ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠬᠡᠰᠡᠭ ᠲᠣᠭᠤᠷᠢᠭ ᠲᠤ ᠲᠦᠷᠢᠶᠡᠰᠦᠯᠡᠨ ᠰᠠᠭᠤᠬᠤ᠂ ᠲᠦᠰᠢᠭᠯᠡᠨ ᠰᠠᠭᠤᠬᠤ᠂ ᠵᠢᠭᠡᠯᠡᠨ ᠰᠠᠭᠤᠵᠤ ᠪᠠᠶᠢᠭ᠎ᠠ ᠳᠣᠯᠣᠳᠤᠭᠠᠷ ᠣᠨ ᠤ ᠰᠢᠨ᠎ᠡ ᠰᠣᠷᠣᠭᠴᠢ ᠶᠢ ︽ᠨᠢᠭᠡᠳᠦᠯᠲᠡᠶ ᠲᠥᠯᠥᠪᠯᠡᠨ ᠲᠣᠬᠢᠷᠠᠭᠤᠯᠬᠤ︾ ᠵᠠᠷᠴᠢᠮ ᠶᠣᠰᠣᠭᠠᠷ ᠠᠯᠠᠱᠠ ᠵᠡᠭᠦᠨ ᠬᠤᠰᠢᠭᠤᠨ ᠤ ᠭᠤᠷᠪᠠᠳᠤᠭᠠᠷ ᠳᠤᠮᠳᠠᠳᠤ ᠰᠤᠷᠭᠠᠭᠤᠯᠢ᠂ ᠠᠯᠠᠱᠠ ᠵᠡᠭᠦᠨ ᠬᠤᠰᠢᠭᠤᠨ ᠤ ᠨᠠᠢᠮᠠᠳᠤᠭᠠᠷ ᠳᠤᠮᠳᠠᠳᠤ ᠰᠤᠷᠭᠠᠭᠤᠯᠢ᠂ ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠰᠤᠷᠭᠠᠭᠤᠯᠢ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠬᠠᠮᠲᠤ ᠶᠢᠨ ᠴᠣᠭᠴᠠ ᠶᠢᠨ ᠰᠤᠷᠭᠠᠭᠤᠯᠢ ᠠᠯᠠᠱᠠ ᠮᠣᠩᠭᠤᠯ ᠦᠨᠳᠦᠰᠦᠳᠡᠨ ᠤ ᠪᠦᠷᠢᠨ ᠲᠣᠮᠳᠠᠳᠣ ᠰᠤᠷᠭᠠᠭᠤᠯᠢ ᠳᠤ ᠰᠤᠷᠤᠯᠴᠠᠭᠤᠯᠣᠨ᠎ᠠ᠃ ᠬᠡᠷᠪᠡ ᠤᠨᠴᠠᠭᠠᠢ ᠪᠠᠶᠢᠳᠠᠯ ᠲᠠᠢ ᠪᠤᠯ ᠬᠠᠤᠯᠢ ᠳᠤ ᠳᠤᠭᠳᠠᠭᠠᠭᠰᠠᠨ ᠬᠠᠷᠠᠭᠠᠯᠵᠠᠨ ᠬᠠᠮᠠᠭᠠᠯᠠᠭᠴᠢ ᠨᠢ ᠰᠤᠷᠤᠯᠴᠠᠬᠤ ᠰᠤᠷᠭᠠᠭᠤᠯᠢ ᠪᠠᠨ ᠳᠤᠬᠢᠷᠠᠭᠤᠯᠤᠯᠳᠠ ᠬᠢᠬᠦ ᠪᠠᠷ ᠭᠤᠶᠤᠴᠢᠯᠠᠵᠤ ᠪᠤᠯᠤᠨ᠎ᠠ᠃    ᠬᠤᠶᠠᠷ ᠲᠤ᠂ ᠠᠯᠠᠱᠠ ᠵᠡᠭᠦᠨ ᠬᠤᠰᠢᠭᠤᠨ ᠤ ᠵᠢᠷᠭᠤᠳᠤᠭᠠᠷ ᠪᠠᠭ᠎ᠠ ᠰᠤᠷᠭᠠᠭᠤᠯᠢ᠂ ᠬᠤᠶᠠᠳᠤᠭᠠᠷ ᠲᠤᠷᠰᠢᠯᠲᠠ ᠶᠢᠨ ᠪᠠᠭ᠎ᠠ ᠰᠤᠷᠭᠠᠭᠤᠯᠢ᠂ ᠶᠢᠰᠦᠳᠦᠭᠡᠷ ᠪᠠᠭ᠎ᠠ ᠰᠤᠷᠭᠠᠭᠤᠯᠢ᠂ ᠨᠠᠢᠮᠠᠳᠤᠭᠠᠷ ᠪᠠᠭ᠎ᠠ ᠰᠤᠷᠭᠠᠭᠤᠯᠢ ᠶᠢᠨ ᠬᠡᠰᠡᠭ ᠲᠤ ᠲᠦᠷᠢᠶᠡᠰᠦᠯᠡᠨ ᠰᠠᠭᠤᠬᠤ᠂ ᠲᠦᠰᠢᠭᠯᠡᠨ ᠰᠠᠭᠤᠬᠤ᠂ ᠵᠢᠭᠡᠯᠡᠨ ᠰᠠᠭᠤᠵᠤ ᠪᠠᠶᠢᠭ᠎ᠠ ᠨᠢᠭᠡᠳᠦᠭᠡᠷ ᠣᠨ ᠤ ᠰᠢᠨ᠎ᠡ ᠰᠤᠷᠤᠭᠴᠢᠳ ᠢ ︽ᠨᠢᠭᠡᠳᠦᠯᠲᠡᠶ ᠲᠥᠯᠥᠪᠯᠡᠨ ᠲᠣᠬᠢᠷᠠᠭᠤᠯᠤᠯᠲᠠ ᠬᠢᠬᠦ︾ ᠵᠠᠷᠴᠢᠮ ᠶᠣᠰᠣᠭᠠᠷ ᠠᠯᠠᠱᠠ ᠵᠡᠭᠦᠨ ᠬᠤᠰᠢᠭᠤᠨ ᠤ ᠨᠢᠭᠡᠳᠦᠭᠡᠷ ᠲᠤᠷᠰᠢᠯᠲᠠ ᠶᠢᠨ ᠪᠠᠭ᠎ᠠ ᠰᠤᠷᠭᠠᠭᠤᠯᠢ᠂ ᠢ ᠹᠦ᠋ ᠬᠤᠲᠣᠩ ᠦᠨᠳᠦᠰᠦᠳᠡᠨ ᠤ ᠰᠤᠷᠭᠠᠭᠤᠯᠢ᠂ ᠲᠠᠪᠤᠳᠤᠭᠠᠷ ᠪᠠᠭ᠎ᠠ ᠰᠤᠷᠭᠠᠭᠤᠯᠢ᠂ ᠮᠢᠩ ᠳ᠋ᠧ ᠪᠠᠭ᠎ᠠ ᠰᠤᠷᠭᠠᠭᠤᠯᠢ᠂ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ᠂ ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠰᠤᠷᠭᠠᠭᠤᠯᠢ ᠳᠤ ᠲᠣᠬᠢᠷᠠᠭᠤᠯᠪᠠ᠃ ᠬᠡᠷᠪᠡ ᠤᠨᠴᠠᠭᠠᠢ ᠪᠠᠶᠢᠳᠠᠯ ᠲᠠᠢ ᠪᠤᠯ ᠬᠠᠤᠯᠢ ᠳᠤ ᠳᠤᠭᠳᠠᠭᠠᠭᠰᠠᠨ ᠬᠠᠷᠠᠭᠠᠯᠵᠠᠨ ᠬᠠᠮᠠᠭᠠᠯᠠᠭᠴᠢ ᠨᠢ ᠰᠤᠷᠤᠯᠴᠠᠬᠤ ᠰᠤᠷᠭᠠᠭᠤᠯᠢ ᠪᠠᠨ ᠳᠤᠬᠢᠷᠠᠭᠤᠯᠤᠯᠳᠠ ᠬᠢᠬᠦ ᠪᠠᠷ ᠭᠤᠶᠤᠴᠢᠯᠠᠵᠤ ᠪᠤᠯᠤᠨ᠎ᠠ᠃    ᠳᠡᠭᠡᠷ᠎ᠡ ᠳᠤᠷᠠᠳᠤᠭᠰᠠᠨ ︽ᠨᠢᠭᠡᠳᠦᠯᠲᠡᠶ ᠲᠥᠯᠥᠪᠯᠡᠨ ᠲᠣᠬᠢᠷᠠᠭᠤᠯᠬᠤ︾ ᠰᠤᠷᠭᠠᠭᠤᠯᠢ ᠨᠤᠭᠤᠳ ᠰᠤᠷᠤᠭᠴᠢ ᠡᠯᠰᠡᠬᠦ ᠲᠥᠯᠥᠪᠯᠡᠭᠡ ᠶᠢᠨ ᠲᠤᠭ᠎ᠠ ᠶᠢ ᠴᠢᠩᠭ᠎ᠠ ᠵᠢᠷᠤᠮᠯᠠᠨ ᠰᠤᠷᠤᠭᠴᠢ ᠡᠯᠰᠡᠬᠦ ᠬᠥᠮᠦᠨ ᠤ ᠲᠤᠭ᠎ᠠ ᠶᠢ ᠬᠢᠵᠠᠭᠠᠷᠯᠠᠬᠤ ᠬᠡᠷᠡᠭᠲᠡᠶ᠃    4. ᠡᠨᠡ ᠵᠢᠯ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠬᠠᠮᠲᠤ ᠶᠢᠨ ᠴᠣᠭᠴᠠ ᠶᠢᠨ ᠰᠤᠷᠭᠠᠭᠤᠯᠢ ᠠᠯᠠᠱᠠ ᠮᠣᠩᠭᠤᠯ ᠦᠨᠳᠦᠰᠦᠲᠡᠨ ᠤ ᠪᠦᠷᠢᠨ ᠳᠤᠮᠳᠠᠳᠤ ᠰᠤᠷᠭᠠᠭᠤᠯᠢ ᠠᠩᠬ᠎ᠠ ᠤᠳᠠᠭ᠎ᠠ ᠪᠥᠬᠦ ᠬᠤᠰᠢᠭᠤᠨ ᠠᠴᠠ ᠡᠯ᠎ᠡ ᠦᠨᠳᠦᠰᠦᠲᠡᠨ ᠤ ᠰᠣᠷᠣᠭᠴᠢ ᠡᠯᠰᠡᠵᠦ᠂ ᠠᠯᠠᠱᠠ ᠵᠡᠭᠦᠨ ᠬᠤᠰᠢᠭᠤᠨ ᠤ ᠭᠤᠷᠪᠠᠳᠤᠭᠠᠷ ᠳᠤᠮᠳᠠᠳᠤ ᠰᠤᠷᠭᠠᠭᠤᠯᠢ᠂ ᠳᠥᠷᠪᠡᠳᠦᠭᠡᠷ ᠳᠤᠮᠳᠠᠳᠤ ᠰᠤᠷᠭᠠᠭᠤᠯᠢ᠂ ᠶᠢᠰᠦᠳᠦᠭᠡᠷ ᠳᠤᠮᠳᠠᠳᠤ ᠰᠤᠷᠭᠠᠭᠤᠯᠢ ᠲᠠᠢ ᠰᠤᠷᠭᠠᠭᠤᠯᠢ ᠶᠢᠨ ᠲᠣᠭᠤᠷᠢᠭ  ᠪᠠᠨ ᠬᠠᠮᠲᠤ ᠪᠠᠷ ᠡᠳ᠋ᠯᠡᠪᠡ᠃ ᠰᠤᠷᠤᠭᠴᠢ ᠡᠯᠰᠡᠬᠦ ᠳᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ ᠳᠠᠩᠰᠠᠯᠠᠭᠤᠯᠬᠤ ᠶᠢ ᠬᠡᠷᠡᠭᠵᠢᠭᠦᠯᠵᠦ᠂ ᠰᠤᠷᠭᠠᠭᠤᠯᠢ ᠶᠢᠨ ᠲᠣᠭᠤᠷᠢᠭ ᠤᠨ ᠬᠡᠪᠴᠢᠶᠡᠨ ᠳᠣᠲᠣᠷᠠᠬᠢ ᠡᠯ᠎ᠡ ᠦᠨᠳᠦᠰᠦᠲᠡᠨ ᠤ ᠳᠣᠯᠣᠳᠤᠭᠠᠷ ᠣᠨ ᠤ ᠰᠢᠨ᠎ᠡ ᠰᠤᠷᠤᠭᠴᠢ ᠴᠥᠮ ᠨᠡᠷ᠎ᠡ ᠮᠡᠳᠡᠭᠦᠯᠵᠦ ᠪᠣᠯᠤᠨ᠎ᠠ᠂ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠨᠢ ᠰᠣᠷᠣᠭᠴᠢ ᠡᠯᠰᠡᠬᠦ ᠲᠥᠯᠥᠪᠯᠡᠭᠡ ᠶᠢᠨ ᠲᠤᠭ᠎ᠠ ᠠᠴᠠ ᠪᠠᠭ᠎ᠠ ᠦᠶ᠎ᠡ ᠳᠤ ᠰᠢᠭᠤᠳ ᠡᠯᠰᠡᠵᠦ᠂ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠨᠢ ᠰᠣᠷᠣᠭᠴᠢ ᠡᠯᠰᠡᠬᠦ ᠲᠥᠯᠥᠪᠯᠡᠭᠡ ᠶᠢᠨ ᠲᠤᠭ᠎ᠠ ᠠᠴᠠ ᠶᠡᠭᠡ ᠪᠣᠯᠬᠤ ᠦᠶ᠎ᠡ ᠳᠤ ᠨᠡᠷ᠎ᠡ ᠮᠡᠳᠡᠭᠦᠯᠦᠭᠰᠡᠨ ᠲᠠᠰ ᠳᠠᠷᠠᠭᠠᠯᠠᠯ ᠢᠶᠠᠷ ᠤᠷᠢᠳ ᠬᠤᠵᠢᠳ ᠲᠠᠰ ᠳᠠᠷᠠᠭᠠᠯᠠᠨ ᠡᠯᠰᠡᠵᠦ᠂ ᠰᠣᠷᠣᠭᠴᠢ ᠡᠯᠰᠡᠬᠦ ᠲᠥᠯᠥᠪᠯᠡᠭᠡ ᠶᠢᠨ ᠲᠤᠭ᠎ᠠ ᠨᠢ ᠬᠦᠷᠪᠡᠯ ᠡᠯᠰᠡᠯᠳᠡ ᠨᠢ ᠵᠣᠭᠰᠣᠨ᠎ᠠ᠃ ᠪᠣᠳᠠᠲᠠᠶ ᠰᠤᠷᠤᠭᠴᠢ ᠡᠯᠰᠡᠬᠦ ᠲᠥᠯᠥᠪᠯᠡᠭᠡ ᠶᠢᠨ ᠲᠤᠭ᠎ᠠ ᠵᠢᠴᠢ ᠨᠡᠷ᠎ᠡ ᠮᠡᠳᠡᠭᠦᠯᠬᠦ ᠠᠷᠭ᠎ᠠ ᠮᠠᠶ᠋ᠢᠭ ᠢ ᠠᠰ ᠲᠤᠨᠢ ᠪᠢᠴᠢᠭ ᠮᠠᠲ᠋ᠧᠷᠢᠶᠠᠯ ᠪᠠᠭᠤᠯᠭᠠᠵᠤ ᠮᠡᠳᠡᠭᠳᠡᠨ᠎ᠡ᠃        
 
ᠢᠷᠡᠯᠲᠡ᠄ ᠠᠯᠠᠱᠠ ᠵᠡᠭᠦᠨ ᠬᠣᠰᠢᠭᠣᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号