ᠸᠠᠩ ᠤᠨ ᠣᠷᠳᠣᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠡᠦᠬᠡᠳ ᠤᠨ ᠰᠣᠨᠢᠷᠬᠠᠯᠲᠤ ᠴᠤᠭᠯᠠᠭ᠎ᠠ ᠮᠠᠶᠢᠮᠠᠢ ᠶᠢᠨ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2024/8/14
   8 ᠰᠠᠷ᠎ᠠ ᠶᠢᠨ 2᠎ ᠤᠨ ᠡᠳᠦᠷ᠂ ᠠᠯᠠᠱᠠ ᠵᠡᠭᠦᠨ ᠬᠤᠰᠢᠭᠤᠨ ᠤ ᠸᠠᠩ ᠤᠨ ᠣᠷᠳᠣᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠤᠨ ᠪᠠᠶᠢᠭᠤᠯᠤᠯᠲᠠ ᠠᠴᠠ ︽ᠬᠡᠷ ᠲᠥᠯᠦᠪᠯᠡᠭᠡ︾ ᠦᠢᠯᠡᠴᠢᠯᠡᠭᠡᠨ ᠤ ᠨᠠᠷᠠᠲᠤ ᠲᠡᠮᠳᠡᠭᠲᠦ ᠶᠢᠨ ᠰᠢᠷᠢᠰ ᠠᠵᠢᠯᠯᠠᠭ᠎ᠠ ᠥᠷᠨᠢᠭᠦᠯᠵᠦ᠂ ᠬᠠᠷᠢᠶᠠᠲᠤ ᠣᠷᠣᠨ ᠤ ᠬᠡᠦᠬᠡᠳ ᠤᠳ ᠤᠨ ᠬᠠᠷᠠᠭ᠎ᠠ ᠶᠢ ᠥᠷᠭᠡᠳᠬᠡᠵᠦ᠂ ᠠᠮᠠᠷᠠᠯᠳᠠ ᠶᠢᠨ ᠬᠤᠭᠤᠴᠠᠭᠠᠨ ᠤ ᠥᠩᠭᠡᠷᠡᠯᠲᠡ ᠶᠢ ᠪᠠᠶᠠᠯᠢᠭᠵᠢᠭᠤᠯᠵᠤ᠂ ᠬᠡᠣᠬᠡᠳ ᠤᠳ ᠥᠷᠭᠡᠨ ᠠᠭᠤᠳᠠᠮ ᠲᠠᠯᠠᠪᠠᠢ ᠳᠡᠭᠡᠷ᠎ᠡ ᠤᠳᠬ᠎ᠠ ᠠᠭᠤᠯᠭ᠎ᠠ ᠲᠠᠢ ᠨᠢᠭᠡ ᠡᠳᠦᠷ ᠢ ᠥᠩᠭᠡᠷᠡᠭᠦᠯᠪᠡ᠃    ᠠᠯᠠᠱᠠ ᠵᠡᠭᠦᠨ ᠬᠤᠰᠢᠭᠤᠨ ᠤ ᠡᠯᠡᠰᠦᠨ ᠴᠦᠯ ᠤᠨ ᠬᠠᠴᠢᠨ ᠴᠢᠯᠠᠭᠤᠨ ᠤ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ 1001 ᠰᠥᠨᠢ ᠶᠢᠨ ᠵᠠᠬ᠎ᠠ ᠳᠤ᠂ ᠲᠠᠯ᠎ᠠ ᠲᠠᠯ᠎ᠠ ᠠᠴᠠ ᠬᠦᠮᠦᠰ ᠴᠤᠪᠤᠷᠠᠨ ᠢᠷᠡᠵᠦ ᠪᠢᠴᠢᠬᠠᠨ ᠵᠢᠭᠠᠯ ᠨᠠᠷ ᠤᠨ ᠲᠠᠭᠤᠤ ᠪᠦᠵᠢᠭ  ᠠᠶ᠎ᠠ ᠬᠥᠭᠵᠢᠮ ᠢ ᠰᠣᠨᠢᠷᠬᠠᠨ᠂ ᠵᠠᠷᠢᠮ ᠨᠢ ᠸᠢᠳᠢᠤ᠋ ᠪᠢᠴᠢᠯᠭᠡ ᠬᠢᠵᠤ᠂ ᠵᠠᠷᠢᠮ ᠨᠢ ᠠᠯᠠᠭ᠎ᠠ ᠲᠠᠰᠢᠨ ᠣᠣᠬᠠᠶᠢᠯᠠᠵᠤ᠂ ᠡᠨᠡ ᠬᠦ ᠪᠠᠶᠠᠷ ᠪᠠᠶᠠᠰᠬᠤᠯᠠᠩ ᠲᠠᠢ ᠴᠠᠭ ᠮᠥᠴᠡ ᠶᠢ ᠲᠠᠮᠳᠡᠭᠯᠡᠵᠦ ᠪᠠᠶᠢᠯ᠎ᠠ᠃    ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠠᠴᠠ ᠭᠠᠳᠠᠨ᠎ᠠ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠵᠣᠨ ᠤ ᠠᠮᠠᠷᠠᠯᠲᠠ ᠶᠢᠨ ᠬᠡᠦᠬᠡᠳ ᠤᠨ ᠰᠣᠨᠢᠷᠬᠠᠯ ᠤᠨ ᠴᠤᠭᠯᠠᠭ᠎ᠠ ᠮᠠᠶᠢᠮᠠᠢ ᠴᠤ ᠮᠠᠰᠢ ᠬᠦᠷ ᠬᠥᠭᠵᠢᠶᠡᠨ ᠲᠠᠢ ᠪᠠᠶᠢᠯ᠎ᠠ᠃ ᠬᠡᠦᠬᠡᠳ ᠪᠣᠯᠤᠨ ᠭᠡᠷ ᠤᠨ ᠠᠬᠠᠮᠠᠳ ᠰᠢᠷᠡᠭᠡ ᠰᠠᠨᠳᠠᠯᠢ ᠪᠠᠨ ᠪᠠᠶᠢᠷᠢᠰᠢᠭᠤᠯᠵᠤ᠂ ᠡᠳ᠋ ᠪᠠᠷᠠᠭ᠎ᠠ ᠪᠠᠨ ᠲᠡᠯᠭᠡᠵᠤ᠂ ᠵᠢᠵᠢᠭ ᠳᠡᠯᠭᠡᠭᠦᠷ ᠤᠳ ᠨᠢ ᠡᠮᠬᠢ ᠳᠠᠷᠠᠭᠠᠯᠠᠯ ᠲᠠᠢ ᠵᠢᠭᠰᠠᠵᠤ᠂  ᠲᠣᠬᠠᠢ ᠶᠢᠨ ᠲᠠᠯᠠᠪᠠᠢ ᠨᠢ ᠶᠠᠭ ᠯᠠ ᠨᠢᠭᠡᠨ ᠭᠤᠣᠳᠤ ᠰᠠᠶᠢᠬᠠᠨ ᠦᠵᠡᠮᠵᠢ ᠶᠢᠨ ᠣᠷᠣᠨ ᠪᠣᠯᠤᠭᠰᠠᠨ ᠶᠤᠮ ᠰᠢᠭ᠋ ᠪᠠᠶᠢᠯ᠎ᠠ᠃ ᠪᠢᠴᠢᠭ ᠤᠨ ᠬᠡᠷᠡᠭᠰᠡᠯ᠂ ᠨᠣᠮ ᠪᠢᠴᠢᠭ᠂ ᠮᠠᠰᠢᠨ ᠲᠡᠷᠭᠡᠨ ᠤ ᠵᠠᠭᠪᠤᠷ᠂ ᠨᠣᠣᠰᠣ ᠨᠣᠣᠯᠣᠭᠤᠷ ᠤᠨ ᠲᠣᠭᠯᠠᠭᠠᠮ ᠵᠡᠷᠭᠡ ᠡᠯᠳᠡᠪ ᠵᠦᠢᠯ ᠤᠨ ᠡᠳ᠋ ᠪᠠᠷᠠᠭ᠎ᠠ ᠨᠢ ᠬᠦᠮᠦᠰ ᠤᠨ ᠨᠢᠳᠣ ᠶᠢ ᠪᠣᠯᠢᠶᠠᠵᠤ᠂ ᠪᠢᠴᠢᠬᠠᠨ ᠳᠡᠯᠭᠡᠭᠦᠷᠴᠢᠳ ᠴᠤ ᠬᠠᠯᠠᠭᠤᠨ ᠰᠡᠳᠬᠢᠯᠭᠡ ᠪᠠᠷ ᠪᠢᠯᠬᠠᠵᠤ᠂ ᠨᠢᠯᠬᠠᠰᠠᠭ ᠳᠠᠭᠤ ᠪᠠᠷ ᠥᠪᠡᠷ ᠤᠨ ︽ᠪᠠᠷᠠᠭ᠎ᠠ︾᠎ ᠢᠶᠠᠨ ᠲᠠᠨᠢᠯᠴᠠᠭᠤᠯᠵᠤ᠂ ᠮᠠᠰᠢ ᠣᠯᠠᠨ ᠬᠦᠮᠦᠰ ᠪᠣᠵᠢᠭᠢᠨᠠᠯᠳᠣᠨ ᠰᠣᠩᠭᠤᠵᠤ ᠪᠠᠶᠢᠯ᠎ᠠ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号