ᠠᠯᠠᠱᠠ ᠵᠡᠭᠦᠨ ᠬᠤᠰᠢᠭᠤ᠄  ᠰᠠᠭᠤᠭᠠᠯᠢ ᠠᠷᠠᠳ ᠤᠨ ︽ᠵᠣᠯ ᠵᠢᠷᠭᠠᠯᠲᠤ ᠵᠠᠮ︾᠎ ᠢ ᠳᠡᠪᠢᠰᠴᠡᠢ
ᠨᠡᠶᠢᠲᠡᠯᠡᠭᠰᠡᠨ ᠴᠠᠭ᠄
2024/8/14
     ᠣᠶᠢᠷ᠎ᠠ ᠳᠤ᠂ ᠰᠤᠷᠪᠤᠯᠵᠢᠯᠠᠭᠴᠢ ᠠᠯᠠᠱᠠ ᠵᠡᠭᠦᠨ ᠬᠤᠰᠢᠭᠤᠨ ᠤ ᠰᠢᠤᠸᠠᠢ ᠹᠦ᠋ ᠬᠤᠸᠠ ᠶᠤᠸᠠᠨ ᠲᠣᠭᠤᠷᠢᠭ ᠤᠨ ᠬᠤᠶᠢᠲᠤ ᠲᠠᠯ᠎ᠠ ᠶᠢᠨ ᠣᠷᠣᠵᠤ ᠭᠠᠷᠬᠤ ᠡᠭᠦᠳᠡᠨ ᠳᠤ ᠬᠦᠷᠬᠦ ᠳᠤ᠂ ᠤᠤᠯ ᠨᠢ ᠬᠤᠲᠣᠭᠤᠷ ᠭᠦᠳᠦᠭᠡᠷ᠂ ᠡᠪᠳᠡᠷᠡᠵᠦ ᠰᠦᠢᠳᠦᠭᠰᠡᠨ ᠵᠠᠮ  ᠎ ᠨᠢ ᠨᠢᠭᠡᠨᠲᠡ ᠰᠢᠨᠡᠳᠴᠦ᠂  ᠰᠠᠭᠠᠳ ᠥᠬᠡᠶ ᠨᠡᠪᠲᠡᠷᠡᠬᠦ ᠴᠠᠷᠳᠠᠮᠠᠯ ᠵᠠᠮ ᠪᠣᠯᠣᠨ ᠬᠤᠪᠢᠷᠠᠵᠤ᠂ ᠵᠠᠮ ᠬᠠᠷᠢᠯᠴᠠᠭ᠎ᠠ ᠡᠮᠬᠢ ᠵᠢᠷᠤᠮ ᠲᠠᠢ ᠪᠣᠯᠣᠭᠰᠠᠨ ᠪᠠᠶᠢᠯ᠎ᠠ᠃ ᠣᠶᠢᠯᠠᠭᠠᠭᠰᠠᠨ ᠢᠶᠠᠷ᠂ ᠰᠢᠤᠸᠠᠢ ᠹᠦ᠋ ᠬᠤᠸᠠ ᠶᠤᠸᠠᠨ ᠬᠤᠷᠢᠶᠠᠯᠠᠯ ᠤᠨ ᠬᠤᠶᠢᠲᠤ ᠲᠠᠯ᠎ᠠ ᠶᠢᠨ ᠣᠷᠣᠵᠤ ᠭᠠᠷᠬᠤ ᠡᠭᠦᠳᠡᠨ ᠤ ᠵᠠᠮ ᠳᠠᠭᠠᠤ ᠬᠤᠷᠢᠶᠠᠯᠠᠯ᠂ ᠪᠠᠶᠢᠰᠢᠩ ᠪᠠ ᠬᠤᠳᠠᠯᠳᠤᠭᠠᠨ ᠤ ᠫᠦᠰᠡ ᠲᠠᠢ ᠪᠠᠶᠢᠵᠤ᠂ ᠬᠤᠲᠠ ᠶᠢᠨ ᠭᠤᠤᠯ ᠵᠠᠮ ᠳᠤ ᠨᠡᠪᠲᠡᠷᠡᠬᠦ ᠴᠢᠬᠤᠯᠠ ᠰᠠᠯᠪᠤᠷᠢ ᠵᠠᠮ ᠪᠣᠯᠤᠨ᠎ᠠ᠃ ᠤᠳᠠᠭᠠᠨ ᠵᠢᠯ ᠤᠨ ᠲᠤᠷᠰᠢ ᠵᠠᠮ ᠳᠡᠭᠡᠷ᠎ᠡ ᠠᠩ ᠴᠠᠪᠠ ᠭᠠᠷᠬᠤ᠂ ᠬᠠᠭᠤᠴᠢᠷᠠᠬᠤ᠂ ᠤᠰᠤ ᠲᠠᠳᠠᠪᠦᠷᠢᠯᠠᠬᠤ ᠳᠤ ᠲᠦᠭᠦᠮ ᠦᠭᠡᠢ ᠵᠡᠷᠭᠡ ᠠᠰᠠᠭᠤᠳᠠᠯ ᠣᠷᠣᠰᠢᠵᠤ᠂ ᠡᠷᠬᠢᠨ ᠲᠣᠭᠤᠷᠢᠨ ᠤ ᠰᠠᠭᠤᠭᠠᠯᠢ ᠠᠷᠠᠳ ᠪᠣᠯᠤᠨ ᠬᠤᠳᠠᠯᠳᠤᠭᠠᠨ ᠤ ᠡᠷᠦᠬᠡ ᠶᠢᠨ ᠰᠡᠳᠬᠢᠯ ᠤᠨ ᠡᠪᠡᠳᠴᠢᠨ ᠪᠣᠯᠵᠤ ᠪᠠᠶᠢᠪᠠ᠃     ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠲᠦᠢᠯᠪᠤᠷᠢᠲᠠᠶ ᠰᠠᠶᠢᠵᠢᠷᠠᠭᠤᠯᠬᠤ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠡᠮᠣᠨ᠎ᠡ ᠲᠣᠭᠤᠷᠢᠯᠲᠠ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠰᠢᠤᠸᠠᠢ ᠶᠤᠸᠠᠨ ᠳ᠋ᠦᠩ ᠨᠡᠶᠢᠭᠡᠮ ᠲᠣᠭᠤᠷᠢᠭ ᠤᠨ ᠬᠤᠶᠠᠷ ᠵᠥᠪᠯᠡᠯ ᠨᠢ ᠲᠣᠰ ᠵᠠᠮ ᠤᠨ ᠭᠠᠵᠠᠷ ᠳᠣᠤᠷᠠᠬᠢ ᠬᠤᠭᠤᠯᠠᠶ ᠲᠣᠤᠷ ᠢ ᠰᠠᠶᠢᠵᠢᠷᠠᠭᠤᠯᠣᠨ ᠥᠭᠡᠷᠡᠴᠢᠯᠡᠵᠦ ᠪᠥᠲᠥᠭᠡᠨ ᠪᠠᠶᠢᠭᠤᠯᠬᠤ ᠠᠵᠢᠯ ᠥᠷᠨᠢᠭᠦᠯᠬᠦ ᠵᠠᠪᠰᠢᠶᠠᠨ ᠢᠶᠠᠷ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠢᠳᠡᠪᠬᠢᠲᠡᠶ ᠪᠠᠷ ᠵᠥᠪᠳᠡᠯᠴᠡᠵᠦ᠂ ᠲᠣᠰ ᠵᠠᠮ ᠢ ᠵᠠᠰᠠᠨ ᠰᠠᠶᠢᠵᠢᠷᠠᠭᠤᠯᠬᠤ ᠲᠥᠰᠦᠯ ᠲᠣᠭᠲᠠᠭᠠᠪᠠ᠃ ᠡᠯ᠎ᠡ ᠰᠠᠯᠠᠭ᠎ᠠ ᠮᠥᠴᠢᠷ ᠤᠨ ᠬᠢᠨ ᠬᠦᠴᠦ ᠪᠠᠨ ᠬᠠᠮᠲᠤᠳᠬᠠᠨ ᠬᠠᠮᠲᠤᠷᠠᠯᠴᠠᠨ  ᠲᠠᠮᠵᠢᠵᠣ᠂ ᠡᠪᠳᠡᠷᠬᠡᠢ ᠬᠠᠭᠤᠴᠢᠨ ᠬᠤᠭᠤᠯᠠᠶ ᠶᠢ ᠰᠣᠯᠢᠭᠰᠠᠨ ᠢᠶᠠᠷ ᠪᠠᠷᠠᠬᠤ ᠥᠬᠡᠶ ᠪᠠᠰᠠ ᠵᠠᠮ ᠢ ᠥᠷᠭᠡᠳᠬᠡᠨ ᠵᠠᠰᠠᠬᠤ ᠠᠵᠢᠯ ᠢ ᠤᠷᠤᠭᠰᠢᠲᠠᠶ ᠪᠥᠭᠡᠳ ᠥᠨᠳᠥᠷ ᠪᠦᠲᠦᠮᠵᠢᠲᠡᠶ ᠪᠠᠷ ᠪᠡᠶᠡᠯᠡᠭᠦᠯᠵᠦ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠴᠤ ᠨᠠᠩ ᠠᠮᠤᠷ ᠲᠦᠪᠰᠢᠨ ᠪᠣᠯᠣᠭᠰᠠᠨ ᠪᠠᠶᠢᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号