ᠡᠯᠡᠰᠦ ᠶᠢ ᠵᠠᠰᠠᠬᠤ ᠶᠢᠨ ᠲᠠᠭᠠᠣ ᠠᠷᠠᠳ ᠢᠶᠠᠨ  ᠪᠠᠶᠠᠵᠢᠭᠤᠯᠵᠤ᠂  ᠡᠷᠬᠡᠬᠠᠰᠢᠬ᠎ᠠ  ᠰᠣᠮᠣ ᠬᠤᠣᠰ ᠠᠮᠵᠢᠯᠲᠠ ᠣᠯᠵᠠᠢ
ᠨᠡᠶᠢᠲᠡᠯᠡᠭᠰᠡᠨ ᠴᠠᠭ᠄
2024/8/15
       ᠣᠶᠢᠷ᠎ᠠ ᠶᠢᠨ ᠵᠢᠯ ᠤᠨ ᠲᠤᠷᠰᠢ᠂ ᠠᠯᠠᠱᠠ ᠵᠡᠭᠦᠨ ᠬᠤᠰᠢᠭᠤᠨ ᠤ ᠡᠷᠬᠡᠬᠠᠰᠢᠬ᠎ᠠ ᠰᠤᠮᠤ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ ᠢᠳᠡᠪᠬᠢᠲᠡᠶ ᠴᠢᠷᠮᠠᠶᠢᠵᠤ᠂ ᠮᠠᠯᠴᠢᠨ᠂ ᠬᠤᠷᠰᠢᠶ᠎ᠠ ᠪᠠ ᠨᠡᠶᠢᠭᠡᠮ ᠤᠨ ᠪᠦᠯᠬᠦᠮ ᠢ ᠳᠠᠭᠠᠭᠤᠯᠤᠨ ᠡᠯᠡᠰᠦ ᠶᠢ ᠵᠠᠰᠠᠵᠤ ᠣᠶᠢᠵᠢᠭᠤᠯᠬᠤ ᠳᠤ ᠬᠦᠴᠦᠨ ᠨᠡᠮᠡᠷᠢᠯᠡᠵᠤ᠂ ᠳᠠᠯᠠᠨ ᠬᠠᠯᠢᠰᠦ ᠳᠠᠷᠢᠬᠤ ᠪᠠᠷ ᠭᠤᠤᠯ ᠪᠣᠯᠭᠠᠭᠰᠠᠨ ᠪᠣᠬᠢᠷᠲᠤᠯ ᠥᠬᠡᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠭᠰᠠᠨ ᠪᠠᠶᠢᠨ᠎ᠠ᠃
   ᠡᠷᠬᠡᠬᠠᠰᠢᠬ᠎ᠠ ᠰᠤᠮᠤ ᠶᠢᠨ ᠤᠷᠲᠤ ᠬᠦᠯ ᠭᠠᠴᠠᠭ᠎ᠠ ᠳᠤ ᠬᠦᠷᠬᠦ ᠳᠤ᠂  ᠳᠠᠯᠠᠨ ᠬᠠᠯᠢᠰᠦ ᠳᠠᠷᠢᠳᠠᠭ ᠲᠣᠮᠣ ᠡᠷᠦᠬᠡ ᠮᠠ ᠵᠦᠩ ᠳ᠋ᠧ ᠶᠠᠭ ᠠᠳᠡ ᠡᠳᠦᠷ ᠲᠤᠲᠤᠮ ᠤᠨ ᠲᠣᠭᠤᠷᠢᠨ ᠬᠠᠮᠠᠭᠠᠯᠠᠯᠳᠠ ᠬᠢᠵᠤ ᠪᠠᠶᠢᠬᠤ ᠲᠠᠢ ᠲᠠᠭᠠᠷᠠᠯᠳᠤᠪᠠ᠃ ᠲᠡᠷᠡ ᠲᠠᠯᠠᠨ ᠬᠠᠯᠢᠰᠦ ᠶᠢᠨ ᠤᠷᠭᠤᠴᠠ ᠶᠢᠨ ᠪᠠᠶᠢᠳᠠᠯ ᠪᠠ ᠦᠷᠡᠯᠡᠭᠰᠡᠨ ᠪᠠᠶᠢᠳᠠᠯ ᠢ ᠪᠠᠶᠢᠴᠠᠭᠠᠬᠤ ᠠᠴᠠ ᠭᠠᠳᠠᠨ᠎ᠠ᠂ ᠪᠠᠰᠠ ᠲᠣᠭᠲᠠᠭᠰᠠᠨ ᠬᠤᠭᠤᠴᠠᠭ᠎ᠠ ᠲᠠᠢ ᠪᠠᠷ ᠬᠠᠰᠢᠶ᠎ᠠ ᠲᠣᠣᠷ ᠢ ᠪᠠᠶᠢᠴᠠᠭᠠᠨ ᠦᠵᠡᠬᠦ ᠪᠠ ᠰᠡᠯᠪᠢᠨ ᠵᠠᠰᠠᠵᠤ᠂ ᠮᠠᠯ ᠰᠦᠷᠦᠭ ᠤᠨ ᠣᠷᠣᠵᠤ ᠢᠷᠡᠵᠦ ᠡᠪᠳᠡᠯᠡᠭᠡ ᠬᠢᠬᠦ ᠠᠴᠠ ᠰᠡᠷᠭᠡᠶᠢᠯᠡᠳᠡᠭ᠃ ᠰᠤᠷᠪᠤᠯᠵᠢᠯᠠᠭᠴᠢ ᠲᠡᠭᠦᠨ ᠢ ᠳᠠᠭᠠᠵᠤ ᠨᠢᠭᠡᠨ ᠡᠯᠡᠰᠦᠨ ᠲᠣᠯᠣᠭᠠᠳ ᠢ ᠲᠠᠪᠠᠵᠤ᠂ ᠣᠷᠣᠢ ᠳᠤ ᠨᠢ ᠵᠣᠭᠰᠣᠭᠠᠳ ᠴᠠᠰᠢ ᠬᠠᠷᠠᠬᠤ ᠳᠤ᠂ ᠲᠠᠯ᠎ᠠ ᠪᠠᠷ ᠲᠦᠭᠦᠷᠡᠩ ᠳᠠᠯᠠᠨ ᠬᠠᠯᠢᠰᠦ ᠨᠡᠯᠦ᠋ᠢᠨ ᠬᠠᠷᠠᠭᠳᠠᠵᠤ ᠪᠠᠶᠢᠪᠠ᠃ ᠮᠠ ᠵᠦᠩ ᠳ᠋ᠧ ᠰᠤᠷᠪᠤᠯᠵᠢᠯᠠᠭᠴᠢ ᠳᠤ᠂ ᠣᠳᠣ ᠣᠯᠵᠤ ᠬᠠᠷᠠᠭᠳᠠᠵᠤ ᠪᠠᠶᠢᠭ᠎ᠠ ᠡᠳᠡᠭᠡᠷ ᠳᠠᠯᠠᠨ ᠬᠠᠯᠢᠰᠦ ᠨᠢ ᠲᠡᠭᠦᠨ ᠤ 2017 ᠣᠨ ᠳᠤ ᠲᠠᠷᠢᠭᠰᠠᠨ ᠲᠦᠮᠡ ᠭᠠᠷᠤᠶ ᠮᠤ᠋ ᠳᠠᠯᠠᠨ ᠬᠠᠯᠢᠰᠦ ᠶᠢᠨ ᠣᠢ ᠶᠤᠮ᠂ ᠤᠷᠭᠤᠴᠠ ᠰᠠᠶᠢᠲᠠᠢ ᠨᠢᠭᠡ ᠨᠢ 4 ᠮᠧᠲᠷ ᠭᠠᠷᠣᠢ ᠳᠤ ᠬᠦᠷᠳᠡᠭ ᠶᠤᠮ ᠭᠡᠪᠡ᠃     ᠣᠶᠢᠯᠠᠭᠠᠭᠰᠠᠨ ᠢᠶᠠᠷ᠂ ᠤᠯᠤᠰ ᠠᠴᠠ ᠳᠠᠯᠠᠨ ᠬᠠᠯᠢᠰᠦ ᠲᠠᠷᠢᠬᠤ ᠲᠥᠷᠥᠯ ᠵᠦᠢᠯ ᠳᠤ ᠣᠷᠣᠯᠴᠠᠭᠰᠠᠨ ᠮᠠᠯᠴᠢᠳ ᠲᠤ ᠠᠮᠢ ᠠᠬᠤᠶ ᠶᠢᠨ ᠲᠤᠰᠠᠯᠠᠮᠵᠢ ᠣᠯᠭᠤᠵᠤ᠂ 3 ᠵᠢᠯ ᠲᠠᠷᠢᠵᠤ᠂ ᠴᠢᠬᠢ ᠮᠣᠳᠣᠨ ᠤ ᠡᠳᠡᠭᠡᠷᠡᠯᠲᠡ ᠶᠢᠨ ᠨᠣᠷᠮ᠎ᠠ ᠨᠢ ᠣᠶ ᠰᠢᠭᠤᠶ ᠶᠢᠨ ᠰᠠᠯᠠᠭ᠎ᠠ ᠮᠥᠴᠢᠷ ᠤᠨ ᠰᠢᠯᠭᠠᠨ ᠠᠪᠬᠤ ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ᠂ ᠣᠶᠢᠵᠢᠭᠤᠯᠤᠯᠲᠠ ᠶᠢᠨ ᠡᠷᠦᠬᠡ ᠨᠢ ᠠᠮᠢ ᠠᠬᠤᠶ ᠶᠢᠨ ᠨᠥᠬᠦᠪᠥᠷᠢ ᠶᠢᠨ ᠵᠣᠭᠤᠰ ᠣᠯᠳᠠᠭ ᠶᠤᠮ᠃ ᠡᠭᠦᠨ ᠠᠴᠠ ᠭᠠᠳᠠᠨ᠎ᠠ᠂  ᠳᠠᠯᠠᠨ ᠬᠠᠯᠢᠰᠦ ᠲᠠᠷᠢᠪᠠᠯ 3-5 ᠵᠢᠯ ᠤᠨ ᠳᠠᠷᠠᠭ᠎ᠠ ᠦᠷ᠎ᠡ ᠲᠡᠭᠦᠵᠦ ᠪᠣᠯᠳᠠᠭ᠂ ᠵᠢᠯ ᠳᠡᠭᠡᠨ ᠢᠯᠡᠭᠦᠦ ᠰᠢᠭ ᠬᠤᠷᠢᠶᠠᠭᠰᠠᠨ ᠮᠠᠯᠵᠢᠬᠤ ᠡᠷᠦᠬᠡ ᠶᠢᠨ ᠣᠷᠣᠯᠭ᠎ᠠ ᠨᠢ 5 ᠲᠦᠮᠡᠨ ᠲᠥᠭᠦᠷᠢᠭ ᠣᠷᠴᠢᠮ ᠳᠤ ᠬᠦᠷᠳᠡᠭ ᠶᠤᠮ᠃    ᠬᠡᠳᠦᠨ ᠵᠢᠯ ᠤᠨ ᠲᠤᠷᠰᠢ᠂ ᠣᠶᠢᠵᠢᠭᠤᠯᠵᠤ ᠲᠠᠷᠢᠭᠰᠠᠨ ᠦᠷ᠎ᠡ ᠪᠦᠲᠦᠮᠵᠢ ᠠᠭᠠᠵᠢᠮ ᠢᠶᠠᠷ ᠢᠯᠡᠷᠡᠵᠦ᠂ ᠡᠷᠬᠡᠬᠠᠰᠢᠬ᠎ᠠ ᠰᠤᠮᠤ ᠶᠢᠨ ᠡᠯᠡᠰᠦᠨ ᠳᠣᠪᠤ ᠡᠬᠢᠯᠡᠨ ᠪᠠᠭᠠᠰᠴᠤ᠂ ᠠᠶᠠᠨᠳᠠᠭᠠᠨ ᠤᠷᠭᠤᠭᠰᠠᠨ ᠤᠷᠭᠤᠮᠠᠯ ᠤᠨ ᠬᠤᠴᠢᠯᠭ᠎ᠠ ᠴᠤ ᠤᠯᠠᠮ ᠪᠠᠶᠠᠯᠢᠭᠵᠢᠵᠤ᠂ ᠮᠠ ᠵᠥᠩ ᠳ᠋ᠧ᠂ ᠬᠠᠨ ᠳ᠋ᠠ ᡁᠢ᠂ ᠪᠠᠶ ᠶᠢᠨ ᠵᠢᠶᠦ᠋ᠨ ᠵᠡᠷᠭᠡ ᠨᠢᠭᠡ ᠪᠦᠯᠦᠭ ᠲᠠᠷᠢᠮᠠᠯ ᠤᠨ ᠲᠣᠮᠣ ᠡᠷᠦᠬᠡ ᠴᠤ ᠳᠠᠯᠠᠨ ᠬᠠᠯᠢᠰᠦ ᠲᠠᠷᠢᠵᠤ ᠣᠶᠢᠵᠢᠭᠤᠯᠤᠭᠰᠠᠨ ᠠᠴᠠ ᠪᠣᠯᠵᠤ ᠠᠮᠢᠳᠣᠷᠠᠯ ᠎ ᠨᠢ ᠤᠯᠠᠮ ᠠᠴᠠ ᠤᠯᠠᠮ ᠰᠠᠶᠢᠵᠢᠷᠠᠪᠠ᠃
   
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号