ᠯᠢᠦ ᡁᠢ ᠴᠢᠶᠠᠩ ᠡᠮᠦᠨᠡᠲᠦ ᠬᠡᠰᠡᠭ ᠤᠨ ᠰᠤᠮᠤ ᠪᠠᠯᠭᠠᠰᠤᠨ ᠳᠤ ᠬᠦᠷᠴᠦ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠦᠶᠡᠷ ᠠᠴᠠ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/15
     8 ᠳ᠋ᠤᠭᠠᠷ ᠰᠠᠷ᠎ᠠ ᠶᠢᠨ 7᠎ ᠤ ᠡᠳᠦᠷ ᠠᠴᠠ 8᠎ ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠯᠢᠦ ᡁᠢ ᠴᠢᠶᠠᠩ ᠡᠷᠬᠡᠬᠠᠰᠢᠬ᠎ᠠ ᠰᠤᠮᠤ᠂ ᠤᠨᠳᠤᠷᠤᠯᠲᠤ ᠪᠠᠯᠭᠠᠰᠤ᠂ ᠴᠣᠭᠲᠤᠬᠦ᠋ᠷᠢᠶ᠎ᠡ ᠰᠤᠮᠤ ᠳᠤ ᠭᠦᠨᠵᠡᠭᠡᠶᠢᠷᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠶ ᠦᠢᠯᠡᠳᠪᠦᠷᠢᠯᠡᠯ᠂ ᠦᠶᠡᠷ ᠠᠴᠠ ᠰᠡᠷᠭᠡᠶᠢᠯᠡᠨ ᠭᠠᠩ ᠲᠠᠢ ᠲᠡᠮᠡᠴᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠣᠭᠴᠠᠵᠢᠭᠤᠯᠤᠨ ᠠᠬᠢᠭᠤᠯᠬᠤ᠂ ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ᠃    ᠯᠢᠦ ᡁᠢ ᠴᠢᠶᠠᠩ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤ ᠪᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠠᠵᠢᠯ ᠤᠨ ᠭᠤᠤᠯ ᠱᠤᠭᠤᠮ ᠲᠠᠢ ᠤᠶᠠᠯᠳᠤᠭᠤᠯᠵᠤ᠂ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠭᠠᠷᠭᠠᠵᠤ᠂ ᠪᠥᠬᠦᠳᠡ ᠬᠤᠷᠠᠯ ᠤᠨ ᠵᠣᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ ᠪᠠ ᠭᠤᠤᠯ ᠴᠢᠬᠤᠯᠠ ᠠᠭᠤᠯᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠡᠵᠡᠮᠰᠢᠵᠦ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠦᠨᠡᠨ ᠬᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ᠃ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠵᠤ᠂ ᠭᠠᠵᠠᠷ ᠳᠣᠤᠷᠠᠬᠢ ᠤᠰᠤᠨ ᠤ ᠬᠠᠮᠠᠭᠠᠯᠠᠯᠲᠠ ᠪᠠ ᠨᠡᠭᠡᠭᠡᠨ ᠠᠰᠢᠭᠯᠠᠬᠤ ᠬᠠᠮᠢᠶᠠᠷᠤᠯᠲᠠ ᠶᠢ ᠴᠢᠩᠭᠠᠳᠬᠠᠵᠤ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠴᠢᠩᠭᠠᠳᠬᠠᠵᠤ᠂ ᠳᠡᠭᠡᠳᠦ ᠱᠠᠲᠤᠨ ᠤ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠠᠰᠠᠭᠤᠳᠠᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠨᠠᠷᠢᠨ ᠨᠢᠮᠪᠠᠢ ᠰᠠᠶᠢᠲᠤᠷ ᠬᠢᠵᠦ᠂ ᠡᠬᠢ ᠡᠭᠦᠰᠦᠯ ᠠᠴᠠ ᠨᠢ ᠵᠠᠰᠠᠵᠤ᠂ ᠨᠠᠷᠢᠨ ᠵᠦᠢᠯᠡᠰ ᠠᠴᠠ ᠡᠬᠢᠯᠡᠨ ᠠᠳᠬᠤᠵᠤ᠂ ᠳᠤᠲᠠᠭᠤᠳᠠᠯ ᠢ ᠨᠥᠬᠦᠪᠥᠷᠢᠯᠡᠵᠦ᠂ ᠮᠥᠨ ᠴᠢᠨᠠᠷ ᠤᠨ ᠠᠮᠤᠷ ᠲᠦᠪᠰᠢᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠦᠶᠡᠷ ᠠᠴᠠ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠣᠷᠣᠭᠠᠨ ᠤ ᠪᠠᠶᠢᠳᠠᠯ ᠢ ᠴᠠᠭ ᠲᠤᠬᠠᠶ ᠳᠤᠨᠢ ᠰᠤᠳᠤᠯᠤᠨ ᠮᠠᠭᠠᠳᠯᠠᠵᠤ᠂ ᠦᠶᠡᠷ ᠤᠨ ᠪᠠᠶᠢᠳᠠᠯ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠪᠦᠬᠦᠨ ᠢ ᠬᠠᠮᠤᠷᠤᠨ ᠨᠡᠶᠢᠲᠡᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠶ︔ ᠭᠠᠩ ᠬᠠᠭᠰᠠᠷᠠᠭᠠᠨ ᠤ ᠬᠠᠨᠳᠤᠰᠢ ᠶᠢ ᠨᠢᠭᠲᠠ ᠠᠩᠬᠠᠷᠴᠤ᠂ ᠡᠪᠡᠰᠦ ᠪᠣᠷᠳᠤᠭ᠎ᠠ ᠵᠡᠷᠭᠡ ᠭᠠᠩ ᠬᠠᠭᠰᠠᠷᠠᠭᠠᠨ ᠲᠠᠢ ᠲᠡᠮᠡᠴᠡᠬᠦ ᠡᠳ᠋ ᠪᠣᠳᠠᠰ ᠢ ᠨᠥᠭᠡᠴᠡᠯᠡᠵᠦ ᠰᠢᠯᠵᠢᠭᠦᠯᠦᠨ ᠲᠡᠭᠡᠭᠡᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠥᠮᠦᠨ ᠮᠠᠯ ᠤᠨ ᠤᠤᠭᠤᠬᠤ ᠤᠰᠤ᠂ ᠲᠠᠷᠢᠶᠠᠯᠠᠬᠤ ᠣᠷᠣᠨ ᠤ ᠤᠰᠤᠯᠠᠯᠲᠠ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠭᠠᠩ ᠬᠠᠭᠰᠠᠷᠠᠭᠠᠨ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠭᠦᠢᠴᠡᠳ ᠰᠠᠶᠢᠲᠤᠷ ᠬᠡᠷᠡᠭᠯᠡᠵᠦ᠂ ᠤᠨᠴᠠᠯᠢᠬᠳᠤ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠵᠤ᠂ ᠬᠥᠳᠡᠭᠡ ᠠᠵᠤ ᠠᠬᠤᠢ ᠲᠠᠢ ᠬᠤᠯᠪᠣᠭᠠᠯᠠᠵᠤ ᠬᠥᠳᠡᠭᠡ ᠠᠵᠤ ᠠᠬᠤᠢ ᠶᠢ ᠳᠠᠶᠢᠴᠢᠯᠠᠬᠤ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠶᠡᠬᠡᠪᠡᠷ ᠰᠠᠶᠢᠵᠢᠷᠠᠭᠤᠯᠵᠤ᠂ ᠠᠷᠢᠭᠤᠨ ᠴᠡᠪᠡᠷ᠂ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠵᠡᠷᠭᠡ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠶ ᠪᠠ ᠦᠵᠡᠰᠬᠦᠯᠡᠩᠲᠦ ᠰᠠᠶᠢᠬᠠᠨ ᠮᠠᠯᠵᠢᠬᠤ ᠲᠠᠷᠢᠶᠠᠯᠠᠬᠤ ᠣᠷᠣᠨ ᠢ ᠬᠦᠴᠦᠯᠡᠨ ᠪᠠᠶᠢᠭᠤᠯᠬᠤ ᠬᠡᠷᠡᠭᠲᠡᠶ᠃ ᠰᠣᠶᠣᠯ ᠪᠠ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠶᠢ ᠦᠨᠡᠨ ᠬᠦ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠰᠡᠯᠪᠢᠨ ᠵᠠᠰᠠᠬᠤ ᠠᠵᠢᠯ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠰᠠᠶᠢᠲᠤᠷ ᠬᠢᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠭᠡ ᠪᠠᠷ ᠪᠠᠳᠠᠷᠠᠭᠤᠯᠵᠤ᠂ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠢᠳᠡᠪᠬᠢᠲᠡᠢ ᠠᠬᠢᠭᠤᠯᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠬᠦᠴᠦᠲᠡᠢ ᠪᠦᠲᠦᠮᠵᠢᠲᠡᠢ ᠨᠢᠭᠡ ᠴᠤᠭᠴᠠᠵᠢᠭᠤᠯᠤᠨ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠ ᠦᠷ᠎ᠡ ᠪᠦᠲᠦᠮᠵᠢ ᠶᠢ ᠬᠤᠪᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠭᠤᠷᠪᠠᠨ ᠵᠦᠢᠯ ᠤᠨ ᠠᠵᠢᠯ ᠤᠨ ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号