ᠠᠯᠠᠱᠠ ᠠᠶᠢᠮᠠᠭ ᠤᠨ ᠷᠧᠨ ᠾᠧ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 20 ᠲᠦᠮᠡᠨ ᠲᠣᠨ ᠰᠠᠯᠬᠢᠨ ᠴᠠᠬᠢᠯᠭᠠᠨ ᠡᠭᠦᠰᠭᠡᠭᠦᠷ ᠤᠨ ᠪᠠᠭᠠᠨ᠎ᠠ ᠶᠢᠨ ᠲᠦᠷᠦᠯ ᠵᠦᠢᠯ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2024/8/22
   8 ᠰᠠᠷ᠎ᠠ ᠶᠢᠨ 13᠎ ᠤ ᠡᠳᠦᠷ᠂ ᠠᠯᠠᠱᠠ ᠠᠶᠢᠮᠠᠭ ᠤᠨ ᠷᠧᠨ ᠾᠧ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 20 ᠲᠦᠮᠡᠨ ᠲᠣᠨ ᠰᠠᠯᠬᠢᠨ ᠴᠠᠬᠢᠯᠭᠠᠨ ᠡᠭᠦᠰᠭᠡᠭᠦᠷ ᠤᠨ ᠪᠠᠭᠠᠨ᠎ᠠ ᠶᠢᠨ ᠦᠢᠯᠡᠳᠬᠦ ᠲᠥᠷᠥᠯ ᠵᠦᠢᠯ ᠵᠢᠩᠬᠢᠨᠢ ᠪᠠᠷ ᠪᠠᠷᠢᠯᠭ᠎ᠠ ᠳᠠᠭᠤᠰᠴᠤ᠂ ᠡᠨᠡ ᠨᠢ ᠠᠯᠠᠱᠠ ᠠᠶᠢᠮᠠᠭ ᠤᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠡᠬᠢᠯᠡᠯᠳᠡ ᠶᠢ ᠬᠠᠷᠠᠭᠤᠯᠵᠤ᠂ ᠪᠥᠬᠦ ᠠᠶᠢᠮᠠᠭ ᠤᠨ ᠳ᠋ᠦᠩᠰᠢᠭᠤᠷ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠲᠣᠮᠣ ᠰᠠᠭᠤᠷᠢᠨ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃    ᠠᠯᠠᠱᠠ ᠠᠶᠢᠮᠠᠭ ᠤᠨ ᠷᠧᠨ ᠾᠧ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠠᠯᠬᠢᠨ ᠴᠠᠬᠢᠯᠭᠠᠨ ᠡᠭᠦᠰᠭᠡᠭᠦᠷ ᠤᠨ ᠪᠠᠭᠠᠨ᠎ᠠ ᠦᠢᠯᠡᠳᠬᠦ ᠦᠢᠯᠡᠳᠪᠦᠷᠢ ᠶᠢᠨ ᠲᠠᠰᠤᠭ ᠲᠤ ᠂ ᠮᠠᠰᠢᠨ ᠤ ᠲᠠᠭᠤᠨ ᠬᠦᠩᠭᠢᠨᠡᠵᠦ᠂ ᠠᠵᠢᠯᠴᠢᠳ ᠶᠡᠭᠡ ᠪᠠᠭ᠎ᠠ ᠠᠳᠠᠯᠢ ᠪᠤᠰᠤ ᠪᠤᠯᠤᠳ ᠪᠠᠭᠠᠨ᠎ᠠ ᠶᠢ ᠡᠮᠬᠢ ᠵᠢᠷᠤᠮ ᠲᠠᠢ ᠪᠠᠷ ᠳᠡᠯᠭᠡᠵᠦ᠂  ᠨᠠᠷᠢᠨ ᠨᠢᠮᠪᠠᠢ ᠭᠠᠩᠨᠠᠨ ᠦᠷᠦᠵᠦ᠂ ᠶᠠᠭᠠᠷᠠᠯᠲᠠᠢ ᠨᠡᠮᠡᠵᠦ ᠠᠵᠢᠯᠯᠠᠨ᠂ ᠦᠢᠯᠡᠳᠪᠦᠷᠢ ᠶᠢᠨ ᠲᠠᠰᠤᠭ ᠤᠨ ᠦᠢᠯᠡᠳᠪᠦᠷᠢᠯᠡᠭᠰᠡᠨ ᠠᠯᠠᠱᠠ ᠶᠢᠨ ᠡᠨᠧᠷᠭᠢ ᠶᠢᠨ 170 ᠰᠠᠶ᠎ᠠ ᠸᠠᠲ ᠤᠨ ᠰᠠᠯᠬᠢᠨ ᠴᠠᠬᠢᠯᠭᠠᠨ ᠡᠭᠦᠰᠭᠡᠭᠦᠷ ᠤᠨ ᠪᠠᠭᠠᠨ᠎ᠠ ᠶᠢᠨ ᠲᠦᠷᠦᠯ ᠵᠦᠢᠯ ᠤᠨ  ᠲᠦᠷᠦᠭᠦᠴᠢ ᠶᠢᠨ ᠪᠠᠭᠠᠨ᠎ᠠ ᠤᠷᠤᠭᠰᠢᠲᠠᠢ ᠦᠢᠯᠡᠳᠪᠦᠷᠢᠯᠡᠨ ᠲᠠᠭᠤᠰᠪᠠ  ᠃    ᠣᠶᠢᠯᠠᠭᠠᠭᠰᠠᠨ ᠢᠶᠠᠷ᠂ ᠠᠯᠠᠱᠠ ᠠᠶᠢᠮᠠᠭ ᠤᠨ ᠷᠧᠨ ᠾᠧ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠰᠢᠨ᠎ᠡ ᠡᠨᠧᠷᠭᠢ ᠶᠢᠨ ᠠᠵᠢᠯ ᠲᠥᠷᠥᠯ ᠤᠨ ᠰᠢᠨ᠎ᠡ ᠪᠠᠷ ᠬᠥᠭᠵᠢᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠬᠦ᠂ ᠦᠢᠯᠡᠳᠬᠦ ᠠᠵᠤ ᠠᠬᠤᠶᠢᠯᠠᠯ ᠪᠣᠯᠤᠨ᠎ᠠ᠂ ᠰᠠᠯᠬᠢᠨ ᠴᠠᠬᠢᠯᠭᠠᠨ ᠡᠭᠦᠰᠭᠡᠭᠦᠷ ᠤᠨ ᠪᠠᠭᠠᠨ᠎ᠠ᠂ ᠰᠠᠯᠬᠢᠨ ᠴᠠᠬᠢᠯᠭᠠᠨ ᠡᠭᠦᠰᠭᠡᠭᠦᠷ ᠤᠨ ᠰᠡᠯᠪᠢᠭ ᠲᠣᠨᠤᠭ ᠵᠢᠴᠢ ᠬᠡᠷᠡᠯ ᠢᠯᠴᠢ ᠪᠠᠷ ᠴᠠᠬᠢᠯᠭᠠᠨ ᠭᠠᠷᠭᠠᠬᠤ ᠲᠥᠬᠦᠭᠡᠷᠦᠮᠵᠢ ᠶᠢ ᠵᠢᠷᠤᠵᠤ ᠲᠥᠯᠥᠪᠯᠡᠬᠦ᠂ ᠦᠢᠯᠡᠳᠬᠦ᠂ ᠠᠵᠢᠯᠯᠠᠭᠤᠯᠵᠤ ᠬᠠᠮᠠᠭᠠᠯᠠᠬᠤ ᠪᠠ ᠪᠣᠬᠢᠷᠲᠤᠯ ᠥᠬᠡᠶ ᠴᠠᠬᠢᠯᠭᠠᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠪᠠᠷ ᠭᠤᠤᠯ ᠡᠵᠡᠩᠨᠡᠵᠤ ᠡᠷᠬᠢᠯᠡᠭᠰᠡᠨ ᠠᠵᠢᠯ ᠪᠣᠯᠭᠠᠵᠤ᠂ ᠪᠠᠷᠠᠭᠤᠨ ᠬᠤᠶᠢᠲᠤ ᠣᠷᠣᠨ ᠤ ᠪᠣᠯᠪᠠᠰᠤᠷᠠᠭᠤᠯᠬᠤ ᠴᠢᠳᠠᠪᠤᠷᠢ ᠪᠠᠷ ᠬᠠᠮᠤᠭ ᠤᠨ ᠰᠠᠯᠬᠢᠨ ᠴᠠᠬᠢᠯᠭᠠᠨ ᠡᠭᠦᠰᠭᠡᠭᠦᠷ ᠤᠨ ᠪᠠᠭᠠᠨ᠎ᠠ ᠦᠢᠯᠡᠳᠬᠦ ᠠᠵᠤ ᠠᠬᠤᠶᠢᠯᠠᠯ ᠪᠣᠯᠤᠨ᠎ᠠ᠂ ᠬᠠᠮᠤᠭ ᠤᠨ ᠶᠡᠭᠡ ᠳ᠋ᠢᠶᠠᠮᠧᠲᠷ ᠨᠢ 8.5 ᠬᠡᠰᠡᠭ ᠬᠤᠪᠢᠶᠠᠭᠰᠠᠨ ᠪᠠᠭᠠᠨ᠎ᠠ ᠦᠢᠯᠡᠳᠴᠦ᠂ ᠥᠪᠥᠷ ᠮᠣᠩᠭᠤᠯ᠂ ᠨᠢᠩᠰᠢᠶᠠ᠂ ᠭᠠᠨᠰᠦ᠂ ᠰᠢᠨᠵᠢᠶᠠᠩ ᠵᠡᠷᠭᠡ ᠣᠷᠣᠨ ᠪᠦᠰᠡ ᠪᠠᠷ ᠪᠣᠷᠣᠯᠠᠭᠤᠯᠵᠤ ᠪᠠᠶᠢᠭ᠎ᠠ ᠶᠤᠮ᠃ ᠲᠣᠰ ᠤᠳᠠᠭ᠎ᠠ ᠵᠢᠯ ᠳᠤ 20 ᠲᠦᠮᠡᠨ ᠲᠣᠨ ᠰᠠᠯᠬᠢᠨ ᠴᠠᠬᠢᠯᠭᠠᠨ ᠡᠭᠦᠰᠭᠡᠭᠦᠷ ᠤᠨ ᠪᠠᠭᠠᠨ᠎ᠠ ᠦᠢᠯᠡᠳᠪᠦᠷᠢᠯᠡᠬᠦ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠯ ᠤᠨ ᠦᠢᠯᠡᠳᠬᠦᠨ ᠤ ᠥᠷᠲᠡᠭ ᠨᠢ 15 ᠳ᠋ᠦᠩᠰᠢᠭᠤᠷ ᠲᠥᠭᠦᠷᠢᠭ ᠲᠤ ᠬᠦᠷᠴᠦ᠂ ᠪᠠᠷᠤᠭ 400 ᠠᠵᠢᠯ ᠤᠨ ᠪᠠᠶᠢᠷᠢ ᠬᠠᠩᠭᠠᠵᠤ᠂ ᠠᠯᠠᠱᠠ ᠣᠷᠣᠨ ᠤ ᠵᠢᠯ ᠪᠦᠷᠢ ᠶᠢᠨ 5 GW᠎ ᠶᠢᠨ ᠰᠠᠯᠬᠢᠨ ᠴᠠᠬᠢᠯᠭᠠᠨ ᠡᠭᠦᠰᠭᠡᠭᠦᠷ ᠤᠨ ᠪᠠᠭᠠᠨ᠎ᠠ ᠶᠢᠨ ᠬᠡᠷᠡᠭᠴᠡᠭᠡ ᠶᠢ ᠬᠠᠩᠭᠠᠵᠤ ᠪᠠᠶᠢᠨ᠎ᠠ᠃
   
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号