ᠠᠯᠠᠱᠠ ᠵᠡᠭᠦᠨ ᠬᠤᠰᠢᠭᠤᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠤᠨ ᠪᠠᠶᠢᠴᠠᠭᠠᠯᠲᠠ ᠶᠢᠨ ᠬᠤᠶᠠᠳᠤᠭᠠᠷ ᠱᠠᠲᠤᠨ ᠤ ᠪᠠᠶᠢᠴᠠᠭᠠᠯᠲᠠ ᠶᠢ ᠳᠠᠭᠤᠰᠬᠠᠵᠠᠢ
ᠨᠡᠶᠢᠲᠡᠯᠡᠭᠰᠡᠨ ᠴᠠᠭ᠄
2024/8/22
                   ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠠᠯᠠᠱᠠ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠤᠯᠪᠣᠭᠳᠠᠬᠤ ᠱᠠᠭᠠᠷᠳᠠᠯᠭ᠎ᠠ  ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠣᠷᠢᠯᠭ᠎ᠠ ᠪᠠᠷ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ︽ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠢ ᠲᠥᠰᠥᠯ︾᠎ ᠎ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ ᠂ 7 ᠳ᠋ᠤᠭᠠᠷ ᠰᠠᠷ᠎ᠠ ᠶᠢᠨ 3᠎ ᠤ ᠡᠳᠦᠷ᠂ ᠠᠯᠠᠱᠠ ᠵᠡᠭᠦᠨ ᠬᠤᠰᠢᠭᠤᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯᠯᠠᠬᠤ ᠠᠩᠭᠢ ᠠᠯᠠᠱᠠ ᠵᠡᠭᠦᠨ ᠬᠤᠰᠢᠭᠤᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠬᠤᠶᠠᠳᠤᠭᠠᠷ ᠱᠠᠲᠤᠨ ᠤ  ᠪᠠᠶᠢᠴᠠᠭᠠᠯᠲᠠ ᠶᠢ ᠳᠠᠭᠤᠰᠬᠠᠵᠠᠢ᠃            ᠠᠯᠠᠱᠠ ᠵᠡᠭᠦᠨ ᠬᠤᠰᠢᠭᠤᠨ ᠤ ᠳᠥᠷᠪᠡᠳᠦᠭᠡᠷ ᠤᠳᠠᠭ᠎ᠠ ᠶᠢᠨ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠲᠦᠭᠡᠮᠡᠯᠵᠢᠭᠦᠯᠬᠦ ᠠᠵᠢᠯ ᠤᠨ ᠠᠩᠭᠢ ᠡᠩ ᠲᠡᠷᠢᠭᠦᠨ ᠳᠤ ᠪᠠᠶᠠᠨᠬᠤᠲᠠ ᠪᠠᠯᠭᠠᠰᠤ ᠶᠢᠨ ᠳᠣᠲᠣᠷᠠᠬᠢ ᠪᠦᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠶᠢᠨ ᠬᠤᠯᠠᠳᠠᠬᠢᠨ ᠢ ᠲᠣᠭᠲᠠᠭᠠᠭᠴᠢ ᠬᠤᠷᠢᠶ᠎ᠠ ᠸᠠᠩ ᠤᠨ ᠣᠷᠳᠣᠨ ᠤ ᠮᠦᠽᠧᠢ ᠳᠤ ᠲᠤᠬᠠᠢ ᠶᠢᠨ ᠭᠠᠵᠠᠷ ᠤᠨ ᠪᠠᠶᠢᠴᠠᠭᠠᠯᠲᠠ ᠬᠢᠵᠡᠢ᠃ ᠨᠡᠶᠢᠳᠡᠮ ᠪᠠᠶᠢᠴᠠᠭᠠᠬᠤ ᠠᠩᠭᠢ ᠶᠢᠨ ᠬᠢᠨ GPS᠂ ᠠᠭᠠᠷ ᠠᠴᠠ ᠰᠡᠭᠦᠳᠡᠷᠯᠡᠭᠰᠡᠨ ᠨᠢᠰᠦᠭᠦᠷ᠂ ᠳ᠋ᠢᠵᠢᠲ᠋ᠠᠯ ᠵᠢᠷᠤᠭ ᠤᠨ ᠮᠠᠰᠢᠨ᠂ ᠭᠠᠷ ᠤᠲᠠᠰᠤ ᠵᠡᠷᠭᠡ ᠬᠡᠮᠵᠢᠯᠲᠡ ᠶᠢᠨ ᠲᠥᠬᠦᠭᠡᠷᠦᠮᠵᠢ᠂ ᠳᠦᠷᠰᠦ ᠰᠢᠩᠭᠡᠭᠡᠯᠲᠡ ᠶᠢᠨ ᠲᠥᠬᠦᠭᠡᠷᠦᠮᠵᠢ᠂ ᠮᠡᠳᠡᠭᠡ ᠵᠠᠩᠭᠢ ᠶᠢᠨ ᠲᠥᠬᠦᠭᠡᠷᠦᠮᠵᠢ ᠶᠢ ᠠᠰᠢᠭᠯᠠᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠴᠡᠭ ᠲᠤ ᠬᠡᠮᠵᠢᠯᠲᠡ ᠬᠢᠬᠦ᠂ ᠵᠢᠷᠤᠭ ᠵᠢᠷᠤᠬᠤ᠂ ᠵᠢᠷᠤᠭ ᠠᠪᠬᠤ᠂ ᠮᠠᠲ᠋ᠧᠷᠢᠶᠠᠯ ᠳᠠᠩᠰᠠᠯᠠᠬᠤ ᠵᠡᠷᠭᠡ ᠠᠵᠢᠯ ᠢ ᠬᠢᠵᠡᠢ᠃                  ᠴᠠᠭᠠᠰᠢᠳᠠ᠂ ᠠᠯᠠᠱᠠ ᠵᠡᠭᠦᠨ ᠬᠤᠰᠢᠭᠤᠨ ᠤ ᠳᠥᠷᠪᠡᠳᠦᠭᠡᠷ ᠤᠳᠠᠭ᠎ᠠ ᠶᠢᠨ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠲᠦᠭᠡᠮᠡᠯᠵᠢᠭᠦᠯᠬᠦ ᠠᠵᠢᠯ ᠤᠨ ᠠᠩᠭᠢ ︽ᠳᠥᠷᠪᠡ ᠶᠢ ᠲᠦᠭᠡᠮᠡᠯᠵᠢᠭᠦᠯᠬᠦ︾᠎  ᠠᠵᠢᠯ ᠤᠨ ᠵᠢᠷᠤᠮᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠶᠢᠮᠠᠭ ᠤᠨ ᠳᠥᠷᠪᠡ ᠶᠢ ᠲᠦᠭᠡᠮᠡᠯᠵᠢᠭᠦᠯᠬᠦ ᠠᠯᠪᠠᠨ ᠭᠡᠷ ᠤᠨ ᠵᠢᠯᠣᠭᠤᠳᠤᠯᠭ᠎ᠠ ᠳᠣᠣᠷ᠎ᠠ᠂ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠬᠦ ᠪᠠ ᠮᠡᠳᠡᠭᠡ ᠵᠠᠩᠭᠢ ᠴᠤᠭᠯᠠᠭᠤᠯᠬᠤ᠂ ᠲᠤᠭ᠎ᠠ ᠪᠠᠷᠢᠮᠲᠠ ᠲᠤᠰᠢᠶᠠᠬᠤ᠂ ᠲᠠᠰ ᠬᠤᠪᠢᠶᠠᠨ ᠬᠢᠨᠠᠨ ᠬᠠᠷᠭᠤᠭᠤᠯᠬᠤ᠂ ᠦᠷ᠎ᠡ ᠪᠦᠲᠦᠭᠡᠯ ᠢ ᠬᠤᠷᠢᠶᠠᠩᠭᠤᠶᠢᠯᠠᠬᠤ ᠪᠥᠬᠦ ᠶᠠᠪᠤᠴᠠ ᠶᠢᠨ ᠠᠵᠢᠯ ᠤᠨ ᠡᠭᠦᠷᠭᠡ ᠶᠢ ᠯᠠᠪᠳᠠᠭᠤᠨ ᠪᠠᠲᠤᠲᠠᠢ ᠰᠠᠶᠢᠲᠤᠷ ᠭᠦᠢᠴᠡᠳᠬᠡᠨ᠎ᠡ᠃ ᠡᠭᠦᠨ ᠤ ᠬᠠᠮᠲᠤ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠬᠦ ᠳᠤᠮᠳᠠ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠯᠠᠱᠠ ᠵᠡᠭᠦᠨ ᠬᠤᠰᠢᠭᠤᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠵᠤ᠂ ︽ᠳᠥᠷᠪᠡ ᠶᠢ ᠲᠦᠭᠡᠮᠡᠯᠵᠢᠭᠦᠯᠬᠦ︾᠎  ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃  
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号