ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ 2024 ᠣᠨ ᠤ ᠳᠡᠭᠡᠷ᠎ᠡ ᠬᠠᠭᠠᠰ ᠵᠢᠯ ᠤᠨ ᠠᠶᠤᠯᠭᠦᠢ ᠦᠢᠯᠡᠳᠪᠦᠷᠢᠯᠡᠯ ᠤᠨ ᠳ᠋ᠦᠩᠨᠡᠯᠲᠡ ᠵᠢᠴᠢ ᠳᠣᠣᠷ᠎ᠠ ᠬᠠᠭᠠᠰ ᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/22
                       ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠡᠷᠴᠢᠮᠲᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠣᠷᠢᠯᠭ᠎ᠠ ᠪᠠᠷ᠂ ᠡᠨᠡ ᠵᠢᠯ ᠤᠨ ᠳᠡᠭᠡᠷ᠎ᠡ ᠬᠠᠭᠠᠰ ᠵᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠲᠠᠯ᠎ᠠ ᠪᠠᠷ ᠲᠣᠭᠠᠯᠠᠨ ᠪᠦᠷᠢᠳᠬᠡᠵᠦ᠂ ᠣᠳᠣᠬᠠᠨ ᠤ ᠪᠠᠶᠢᠳᠠᠯ ᠢ ᠡᠷᠴᠢᠮᠲᠡᠢ ᠵᠠᠳᠠᠯᠤᠨ ᠰᠤᠳᠤᠯᠵᠤ ᠮᠠᠭᠠᠳᠯᠠᠨ᠂ ᠳᠣᠣᠷ᠎ᠠ ᠬᠠᠭᠠᠰ ᠵᠢᠯ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ 7 ᠳ᠋ᠤᠭᠠᠷ ᠰᠠᠷ᠎ᠠ ᠶᠢᠨ 4 ᠎ ᠤ ᠡᠳᠦᠷ᠂ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ 2024 ᠣᠨ ᠤ ᠳᠡᠭᠡᠷ᠎ᠡ ᠬᠠᠭᠠᠰ ᠵᠢᠯ ᠤᠨ ᠠᠶᠤᠯᠭᠦᠢ ᠦᠢᠯᠡᠳᠪᠦᠷᠢᠯᠡᠯ ᠤᠨ ᠳ᠋ᠦᠩᠨᠡᠯᠲᠡ ᠵᠢᠴᠢ ᠳᠣᠣᠷ᠎ᠠ ᠬᠠᠭᠠᠰ ᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠷᠠᠯ ᠢ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠡᠷᠬᠢᠯᠡᠵᠦ᠂ ᠲᠣᠪᠴᠢᠶ᠎ᠠ ᠶᠢᠨ ᠪᠠᠶᠢᠭᠤᠯᠤᠯᠭ᠎ᠠ ᠶᠢᠨ ᠪᠦᠬᠦ ᠺᠠᠳ᠋ᠷ ᠣᠷᠣᠯᠴᠠᠪᠠ᠃            ᠬᠤᠷᠠᠯ ᠳᠡᠭᠡᠷ᠎ᠡ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ᠦᠶᠡᠷ ᠤᠰᠤᠨ ᠤ ᠭᠠᠮᠰᠢᠭ ᠠᠴᠠ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ︽ᠠᠯᠠᠱᠠ ᠠᠶᠢᠮᠠᠭ︾᠎ ᠎ ᠤᠨ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠴᠤ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠴᠤ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠬᠡᠷᠡᠭᠲᠡᠢ ︽ᠲᠣᠭᠲᠠᠭᠠᠯ ᠤᠳ︾᠎ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠶᠦᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾᠎ ᠂ ︽ᠠᠯᠠᠱᠠ ᠵᠡᠭᠦᠨ ᠬᠤᠰᠢᠭᠤᠨ ᠤ ᠠᠶᠦᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠴᠢᠩᠭᠠᠳᠬᠠᠬᠤ ᠲᠤᠬᠠᠢ ᠠᠷᠭ᠎ᠠ ᠬᠡᠮᠵᠢᠶ᠎ᠡ ᠨᠦᠭᠦᠳ︾᠎  ᠵᠡᠷᠭᠡ ᠪᠣᠯᠣᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠶᠢᠨ ᠳᠡᠭᠡᠷ᠎ᠡ ᠬᠠᠭᠠᠰ ᠵᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠣᠣᠷ᠎ᠠ ᠬᠠᠭᠠᠰ ᠵᠢᠯ ᠤᠨ ᠠᠷᠠᠳ ᠤᠨ ᠬᠡᠷᠡᠭᠯᠡᠭᠡᠨ ᠤ ᠳᠡᠯᠪᠡᠴᠢᠬᠦ ᠪᠣᠳᠠᠰ᠂ ᠴᠠᠬᠢᠯᠭᠠᠨ ᠬᠦᠴᠦ᠂ ᠬᠤᠳᠠᠯᠳᠤᠭᠠᠨ ᠤ ᠶᠠᠪᠤᠳᠠᠯ᠂ ᠢᠳᠡᠰᠢᠨ ᠤ ᠳᠠᠪᠤᠰᠤ ᠵᠡᠷᠭᠡ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃            ᠬᠤᠷᠠᠯ ᠠᠴᠠ ᠱᠠᠭᠠᠷᠳᠠᠭᠰᠠᠨ ᠨᠢ᠄  ᠨᠢᠭᠡ ᠳᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠦ᠂ ᠡᠷᠴᠢᠮᠲᠡᠢ ᠣᠶᠢᠯᠠᠭᠠᠵᠤ᠂ ᠠᠶᠢᠮᠠᠭ  ᠤᠨ ᠨᠠᠮ  ᠤᠨ ᠬᠤᠷᠢᠶ᠎ᠠ ᠵᠠᠰᠠᠭ  ᠤᠨ ᠣᠷᠳᠣᠨ  ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ  ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠷ ᠳᠣᠣᠷ᠎ᠠ ᠬᠠᠭᠠᠰ ᠵᠢᠯ  ᠤᠨ ᠠᠶᠤᠯᠭᠦᠢ ᠦᠢᠯᠡᠳᠪᠦᠷᠢᠯᠡᠯ  ᠤᠨ ᠠᠵᠢᠯ  ᠢ ᠪᠦᠭᠦ ᠬᠦᠴᠦᠨ ᠢᠶᠠᠷ ᠢᠶᠠᠨ ᠰᠠᠶᠢᠲᠤᠷ ᠭᠦᠢᠴᠡᠳᠬᠡᠬᠦ ᠬᠡᠷᠡᠭᠲᠡᠢ᠃ ᠬᠤᠶᠠᠷ ᠲᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠬᠠᠷᠢᠶᠠᠯᠠᠬᠤ ᠠᠵᠢᠯ ᠲᠦᠷᠦᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠯ᠂ ᠬᠦᠨᠳᠦ ᠬᠡᠴᠡᠭᠦᠦ ᠠᠳᠡᠯ ᠤᠨ ᠭᠡᠮ ᠰᠣᠭᠤᠭ ᠢ ᠮᠠᠭᠠᠳᠯᠠᠬᠤ ᠪᠠᠷᠢᠮᠵᠢᠶ᠎ᠠ ᠶᠢᠨ ᠰᠢᠰᠲ᠋ᠧᠮ ᠢ ᠳᠡᠭᠡᠭᠰᠢᠯᠡᠭᠦᠯᠬᠦ᠂ ᠬᠦᠨᠳᠦ ᠬᠡᠴᠡᠭᠦᠦ ᠠᠳᠡᠯ ᠤᠨ ᠭᠡᠮ ᠰᠣᠭᠤᠭ ᠢ ᠬᠥᠳᠡᠯᠦᠩᠭᠦᠢ ᠪᠠᠷ ᠠᠷᠢᠯᠭᠠᠬᠤ ᠵᠡᠷᠭᠡ ︽ᠨᠠᠢᠮᠠᠨ ᠶᠡᠭᠡ ᠠᠵᠢᠯᠯᠠᠭ᠎ᠠ︾᠎ ᠶᠢ ᠡᠷᠴᠢᠮᠲᠡᠢ ᠥᠷᠨᠢᠭᠦᠯᠵᠦ᠂ ᠴᠢᠩᠭ᠎ᠠ ᠬᠢᠨᠠᠨ ᠬᠠᠮᠢᠶᠠᠷᠴᠤ᠂ ᠨᠠᠶᠢᠳᠠᠪᠤᠷᠢᠵᠢᠭᠤᠯᠬᠤ ᠶᠢ ᠠᠳᠬᠤᠵᠤ᠂ ᠮᠥᠨ ᠴᠢᠨᠠᠷ ᠤᠨ ᠠᠮᠤᠷ ᠲᠦᠪᠰᠢᠨ ᠤ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠦᠨ᠎ᠡ᠃ ᠭᠤᠷᠪᠠ ᠳᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠳᠤ ᠠᠩᠬᠠᠷᠤᠯ ᠢᠶᠠᠨ ᠬᠠᠨᠳᠤᠭᠤᠯᠵᠤ᠂ ᠬᠢᠨᠠᠯᠲᠠ ᠬᠠᠮᠢᠶᠠᠷᠤᠯᠲᠠ ᠶᠢᠨ ᠥᠨᠳᠥᠷ ᠳᠠᠷᠤᠯᠲᠠᠲᠤ ᠪᠠᠶᠢᠳᠠᠯ ᠢ ᠦᠷᠭᠦᠯᠵᠢᠯᠡᠨ ᠪᠠᠲᠤᠯᠠᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠤᠨᠢᠨ ᠳᠡᠭᠡᠷ᠎ᠡ ᠨᠢ ᠴᠢᠩᠳᠠᠯᠠᠵᠤ᠂ ᠤᠳᠠᠭ᠎ᠠ ᠤᠳᠠᠭ᠎ᠠ ᠶᠢ ᠪᠠᠭᠠᠰᠬᠠᠬᠤ ᠦᠭᠡᠢ᠂ ᠡᠷᠴᠢᠮ ᠢ ᠰᠤᠯᠠᠷᠠᠭᠤᠯᠬᠤ ᠦᠭᠡᠢ ᠪᠠᠶᠢᠬᠤ ᠶᠢ ᠪᠡᠶᠡᠯᠡᠭᠦᠯᠵᠦ᠂ ᠣᠯᠵᠤ ᠮᠡᠳᠡᠭᠰᠡᠨ ᠠᠰᠠᠭᠤᠳᠠᠯ ᠳᠠᠯᠳᠠ ᠭᠡᠮ ᠳᠤ ᠡᠬᠡ ᠳᠠᠩᠰᠠ ᠪᠠᠶᠢᠭᠤᠯᠵᠤ᠂ ᠴᠢᠩᠭ᠎ᠠ ᠠᠩᠬᠠᠷᠴᠤ᠂ ᠠᠮᠤᠷ ᠲᠦᠪᠰᠢᠨ ᠳᠤ ᠬᠦᠨᠳᠦ ᠨᠣᠴᠢᠲᠠᠢ ᠠᠶᠤᠯ ᠬᠥᠨᠥᠭᠡᠯ ᠤᠴᠠᠷᠠᠭᠤᠯᠤᠭᠰᠠᠨ ᠢ ᠡᠷᠡᠰ ᠰᠢᠭᠤᠷᠬᠠᠢ ᠪᠠᠷ ᠰᠢᠢᠳᠪᠦᠷᠢᠯᠡᠵᠦ᠂ ᠴᠢᠩᠭ᠎ᠠ ᠰᠢᠢᠳᠬᠡᠬᠦ ᠶᠢᠨ ᠬᠠᠮᠲᠤ ᠬᠠᠷᠢᠭᠤᠴᠠᠯᠭ᠎ᠠ ᠨᠡᠬᠡᠮᠵᠢᠯᠡᠵᠦ᠂ ᠠᠵᠤ ᠠᠬᠤᠶᠢᠯᠠᠯ ᠤᠨ ᠬᠠᠤᠯᠢ ᠲᠣᠭᠲᠠᠭᠠᠯ ᠠᠴᠠ ᠵᠥᠷᠢᠴᠡᠨ ᠦᠢᠯᠡᠳᠪᠦᠷᠢᠯᠡᠬᠦ ᠶᠢ ᠶᠠᠭᠠᠬᠢᠭᠰᠠᠨ ᠴᠤ ᠵᠥᠪᠰᠢᠶᠡᠷᠡᠵᠦ ᠪᠣᠯᠬᠤ ᠦᠭᠡᠢ᠃ ᠳᠥᠷᠪᠡ ᠳᠤ᠂ ᠬᠦᠨᠳᠦ ᠬᠡᠴᠡᠭᠦᠦ ᠠᠳᠡᠯ ᠤᠨ ᠭᠡᠮ ᠰᠣᠭᠤᠭ ᠢ ᠴᠡᠪᠡᠷᠯᠡᠨ ᠠᠷᠢᠯᠭᠠᠬᠤ ᠠᠵᠢᠯᠯᠠᠭ᠎ᠠ ᠲᠠᠢ ᠤᠶᠠᠯᠳᠤᠭᠤᠯᠵᠤ᠂ ᠠᠵᠤ ᠠᠬᠤᠶᠢᠯᠠᠯ ᠤᠨ ᠦᠶᠡᠷ ᠤᠰᠤᠨ ᠤ ᠭᠠᠮᠰᠢᠭ ᠠᠴᠠ ᠰᠡᠷᠭᠡᠶᠢᠯᠡᠬᠦ᠂ ᠥᠨᠳᠥᠷ ᠬᠠᠯᠠᠭᠤᠨ ᠢ ᠰᠡᠷᠭᠡᠶᠢᠯᠡᠬᠦ ᠵᠡᠷᠭᠡ ᠡᠯ᠎ᠡ ᠵᠦᠢᠯ ᠤᠨ ᠪᠠᠴᠢᠮ ᠪᠠᠶᠢᠳᠠᠯ ᠢ ᠲᠦᠷᠭᠡᠨ ᠠᠷᠭᠠᠴᠠᠬᠤ ᠪᠡᠯᠡᠳᠬᠡᠯ ᠠᠵᠢᠯ ᠢ ᠲᠠᠬᠢᠨ ᠪᠠᠶᠢᠴᠠᠭᠠᠵᠤ᠂ ᠲᠠᠬᠢᠨ ᠪᠠᠶᠢᠷᠢᠯᠠᠭᠤᠯᠵᠤ᠂ ᠲᠠᠬᠢᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠱᠠᠯᠠᠪᠳᠠᠭᠤᠯᠤᠨ ᠪᠠᠴᠢᠮ ᠪᠠᠶᠢᠳᠠᠯ ᠢ ᠲᠦᠷᠭᠡᠨ ᠠᠷᠭᠠᠴᠠᠬᠤ ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠬᠥᠮᠦᠵᠢᠯ ᠰᠤᠷᠭᠠᠯᠲᠠ ᠶᠢ ᠴᠢᠩᠭᠠᠳᠬᠠᠵᠤ᠂ ᠠᠵᠢᠯᠲᠠᠨ ᠤ ᠥᠪᠡᠷ ᠢ ᠪᠠᠨ ᠠᠪᠤᠷᠠᠬᠤ ᠴᠢᠳᠠᠪᠤᠷᠢ ᠪᠠ ᠪᠠᠴᠢᠮ ᠪᠠᠶᠢᠳᠠᠯ ᠢ ᠲᠦᠷᠭᠡᠨ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃                        ᠠᠯᠠᠱᠠ ᠵᠡᠭᠦᠨ ᠬᠤᠰᠢᠭᠤᠨ ᠤ ᠢᠩᠭᠡᠨ ᠰᠤᠮᠤ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ                  
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号