ᠠᠯᠠᠱᠠ ᠵᠡᠭᠦᠨ ᠬᠤᠰᠢᠭᠤᠨ ᠤ ᠨᠣᠮ ᠤᠨ ᠰᠠᠩ ᠡᠭᠦᠳᠡ ᠪᠠᠨ ᠨᠡᠭᠡᠭᠡᠬᠦ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/8/22
           ᠨᠣᠮ ᠤᠨ ᠰᠠᠩ ᠡᠭᠦᠳᠡ ᠪᠠᠨ ᠨᠡᠭᠡᠭᠡᠬᠦ ᠠᠴᠠ ᠡᠮᠦᠨᠡᠬᠢ ᠤᠯᠠᠨ ᠨᠡᠶᠢᠲᠡ ᠶᠢᠨ ᠰᠣᠶᠣᠯ ᠤᠨ ᠲᠠᠯᠠᠪᠤᠷ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠨᠠᠭᠰᠢᠳᠠ ᠰᠠᠶᠢᠲᠤᠷ ᠬᠢᠵᠦ᠂ ᠠᠮᠤᠷ ᠲᠦᠪᠰᠢᠨ ᠤ ᠠᠳᠡᠯ ᠤᠨ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠬᠦ ᠵᠣᠷᠢᠯᠭ᠎ᠠ ᠪᠠᠷ᠂ ᠠᠯᠠᠱᠠ ᠵᠡᠭᠦᠨ ᠬᠤᠰᠢᠭᠤᠨ ᠤ ᠨᠣᠮ ᠤᠨ ᠰᠠᠩ 7 ᠳ᠋ᠤᠭᠠᠷ ᠰᠠᠷ᠎ᠠ ᠶᠢᠨ 14 ᠎ ᠤ ᠦᠳᠡ ᠶᠢᠨ ᠡᠮᠦᠨ᠎ᠡ ᠪᠦᠬᠦ ᠨᠣᠮ ᠤᠨ ᠰᠠᠩ ᠳᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠥᠷᠨᠢᠭᠦᠯᠵᠡᠢ᠃            ᠵᠤᠨ ᠤ ᠠᠮᠠᠷᠠᠯᠲᠠ ᠶᠢᠨ ᠬᠤᠭᠤᠴᠠᠭᠠᠨ ᠳᠤ ᠨᠣᠮ ᠤᠨ ᠰᠠᠩ ᠤᠨ ᠡᠯ᠎ᠡ ᠵᠦᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠠᠯᠠᠱᠠ ᠵᠡᠭᠦᠨ ᠬᠤᠰᠢᠭᠤᠨ ᠤ ᠨᠣᠮ ᠤᠨ ᠰᠠᠩ ᠳᠤ ᠲᠤᠰᠬᠠᠶᠢᠯᠠᠨ ᠨᠣᠮ ᠤᠨ ᠰᠠᠩ ᠤᠨ ᠳᠠᠷᠤᠭ᠎ᠠ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠺᠠᠳ᠋ᠷ ᠵᠢᠴᠢ ᠡᠯ᠎ᠡ ᠶᠠᠮᠤᠨ ᠲᠠᠰᠤᠭ ᠤᠨ ᠬᠠᠷᠢᠭᠤᠴᠠᠯᠭᠠᠲᠠᠨ ᠢᠶᠠᠷ ᠪᠦᠷᠢᠯᠳᠦᠭᠰᠡᠨ ᠠᠶᠤᠯᠭᠦᠢ ᠶᠢᠨ ᠪᠠᠶᠢᠴᠠᠭᠠᠯᠲᠠ ᠶᠢᠨ ᠲᠤᠰᠬᠠᠢ ᠳᠤᠭᠤᠶᠢᠯᠠᠩ ᠪᠠᠶᠢᠭᠤᠯᠵᠤ᠂ 7 ᠳ᠋ᠤᠭᠠᠷ ᠰᠠᠷ᠎ᠠ ᠶᠢᠨ 31᠎ ᠤ ᠡᠳᠦᠷ ᠵᠣᠨ ᠤ ᠠᠮᠠᠷᠠᠯᠲᠠ ᠠᠴᠠ ᠡᠮᠦᠨᠡᠬᠢ ᠠᠶᠤᠯᠭᠦᠢ ᠶᠢᠨ ᠪᠠᠶᠢᠴᠠᠭᠠᠯᠲᠠ ᠶᠢ ᠥᠷᠨᠢᠭᠦᠯᠵᠦ᠂ ᠪᠥᠬᠦ ᠨᠣᠮ ᠤᠨ ᠰᠠᠩ ᠳᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠡᠷᠴᠢᠮᠲᠡᠢ ᠪᠥᠭᠡᠳ ᠨᠠᠷᠢᠯᠢᠭ ᠬᠢᠵᠦ᠂ ᠵᠢᠭᠡᠯᠡᠨ ᠤᠩᠰᠢᠬᠤ ᠲᠣᠭᠤᠷᠢᠭ᠂ ᠡᠯᠧᠺᠲᠷᠣᠨ ᠤᠩᠰᠢᠯᠭ᠎ᠠ ᠶᠢᠨ ᠲᠣᠭᠤᠷᠢᠭ᠂ ᠠᠯᠪᠠᠯᠠᠬᠤ ᠲᠣᠭᠤᠷᠢᠭ᠂ ᠠᠵᠢᠯᠯᠠᠭᠠᠨ ᠤ ᠲᠠᠰᠤᠭ᠂ ᠨᠣᠮ ᠤᠨ ᠬᠥᠮᠥᠷᠭᠡ ᠵᠡᠷᠭᠡ ᠴᠢᠬᠤᠯᠠ ᠣᠷᠣᠨ ᠪᠦᠰᠡ ᠳᠤ ᠭᠤᠣᠯᠳᠠᠯᠭ᠎ᠠ ᠲᠠᠢ ᠪᠠᠷ ᠠᠮᠤᠷ ᠲᠦᠪᠰᠢᠨ ᠤ ᠳᠠᠯᠳᠠ ᠬᠡᠮ ᠢ ᠨᠠᠷᠢᠪᠴᠢᠯᠠᠨ ᠪᠠᠶᠢᠴᠠᠭᠠᠵᠠᠢ᠃ ᠲᠣᠰ ᠤᠳᠠᠭᠠᠨ ᠤ ᠪᠠᠶᠢᠴᠠᠭᠠᠯᠲᠠ ᠳᠤ ᠭᠤᠣᠯᠳᠠᠭᠤ ᠴᠠᠬᠢᠯᠭᠠᠨ ᠬᠡᠷᠡᠭᠰᠡᠯ ᠤᠨ ᠲᠥᠬᠦᠭᠡᠷᠦᠮᠵᠢ ᠶᠢᠨ ᠬᠡᠷᠡᠭᠯᠡᠯᠲᠡ ᠵᠢᠴᠢ ᠴᠠᠬᠢᠯᠭᠠᠨ ᠬᠡᠯᠬᠢᠶ᠎ᠡ ᠶᠢᠨ ᠠᠮᠤᠷ ᠲᠦᠪᠰᠢᠨ ᠪᠠᠶᠢᠬᠤ ᠡᠰᠡᠬᠦ᠂ ᠭᠠᠯ ᠲᠦᠢᠮᠡᠷ ᠢ ᠤᠨᠲᠠᠷᠠᠭᠠᠬᠤ ᠪᠠᠭᠠᠵᠢ ᠬᠡᠷᠡᠭᠰᠡᠯ ᠤᠨ ᠬᠦᠴᠦᠨ ᠲᠡᠭᠦᠯᠳᠡᠷ ᠪᠥᠭᠡᠳ ᠪᠦᠲᠦᠮᠵᠢᠲᠡᠶ ᠪᠠᠶᠢᠬᠤ ᠡᠰᠡᠬᠦ᠂ ᠠᠮᠤᠷ ᠲᠦᠪᠰᠢᠨ ᠢᠶᠠᠷ ᠭᠠᠷᠬᠤ ᠵᠠᠮ ᠤᠨ ᠲᠡᠮᠳᠡᠭ᠂ ᠲᠠᠷᠬᠠᠭᠠᠬᠤ ᠵᠢᠭᠠᠯᠲᠠ ᠲᠡᠮᠳᠡᠭ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠭᠡᠷᠡᠯᠲᠦᠭᠦᠯᠭᠡ ᠶᠢᠨ ᠳ᠋ᠧᠩ᠂ ᠭᠠᠯ ᠲᠦᠢᠮᠡᠷ ᠢ ᠤᠨᠲᠠᠷᠠᠭᠠᠬᠤ ᠨᠡᠪᠲᠡᠷᠡᠬᠦ ᠵᠠᠮ ᠤᠨ ᠪᠠᠶᠢᠷᠢᠯᠠᠭᠤᠯᠤᠯᠲᠠ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ ᠵᠡᠷᠭᠡ ᠪᠠᠶᠢᠳᠠᠯ ᠳᠤ ᠴᠢᠩᠭ᠎ᠠ ᠪᠠᠶᠢᠴᠠᠭᠠᠯᠲᠠ ᠬᠢᠭᠰᠡᠨ ᠪᠠᠶᠢᠨ᠎ᠠ᠃ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ ᠳᠠᠯᠳᠠ ᠬᠡᠮ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠲᠡᠷᠡ ᠳᠠᠷᠤᠢ ᠳᠤᠨᠢ ᠴᠡᠭᠴᠡᠯᠡᠨ ᠥᠭᠡᠷᠡᠴᠢᠯᠡᠪᠡ᠃ ᠬᠤᠭᠤᠴᠠᠭ᠎ᠠ ᠨᠢ ᠥᠩᠭᠡᠷᠡᠭᠡᠳ ᠦᠢᠯᠡᠳᠦᠯ ᠢᠶᠠᠨ ᠠᠯᠳᠠᠬᠤ ᠭᠡᠵᠦ ᠪᠠᠶᠢᠭ᠎ᠠ ᠪᠦᠬᠦ ᠭᠠᠯ ᠲᠦᠢᠮᠡᠷ ᠤᠨ ᠤᠨᠲᠠᠷᠠᠭᠠᠭᠤᠷ ᠲᠤ ᠭᠠᠯ ᠲᠦᠢᠮᠡᠷ ᠤᠨ ᠤᠨᠲᠠᠷᠠᠭᠠᠭᠤᠷ ᠪᠠ ᠬᠥᠳᠡᠯᠭᠡᠬᠦ ᠬᠡᠢ ᠪᠡᠶᠡᠲᠦ ᠶᠢ ᠳᠠᠬᠢᠨ ᠤᠭᠰᠠᠷᠠᠨ᠎ᠠ᠃ ᠣᠨ ᠤ ᠪᠠᠶᠢᠴᠠᠭᠠᠯᠲᠠ ᠶᠢᠨ ᠬᠤᠭᠤᠴᠠᠭᠠᠨ ᠳᠤ ᠬᠦᠷᠬᠦ ᠭᠡᠵᠦ ᠪᠠᠶᠢᠭ᠎ᠠ 15 ᠭᠠᠯ ᠲᠦᠢᠮᠡᠷ ᠤᠨ ᠤᠨᠲᠠᠷᠠᠭᠠᠭᠤᠷ ᠢ ᠰᠢᠨᠡᠳᠬᠡᠵᠡᠢ᠃            ᠡᠭᠦᠨ ᠤ ᠬᠠᠮᠲᠤ᠂ ᠨᠣᠮ ᠤᠨ ᠰᠠᠩ ᠤᠨ ᠠᠮᠠᠷᠠᠯᠲᠠ ᠶᠢᠨ ᠬᠤᠭᠤᠴᠠᠭᠠᠨ ᠤ ᠤᠩᠰᠢᠭᠴᠢᠳ ᠢ ᠭᠥᠯᠢᠶᠡᠨ ᠠᠪᠬᠤ ᠵᠢᠴᠢ ᠠᠮᠠᠷᠠᠯᠲᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠳᠤ ᠴᠢᠭᠯᠡᠭᠦᠯᠦᠨ᠂ ᠨᠣᠮ ᠤᠨ ᠰᠠᠩ ᠤᠨ ᠳᠠᠷᠤᠭ᠎ᠠ ᠸᠠᠩ ᠨᠠ᠄  ᠨᠢᠭᠡ ᠳᠤ᠂ ᠨᠣᠮ ᠤᠨ ᠰᠠᠩ ᠨᠡᠭᠡᠭᠡᠭᠰᠡᠨ ᠤ ᠳᠠᠷᠠᠭ᠎ᠠ ᠬᠤᠯᠪᠣᠭᠳᠠᠯ ᠪᠦᠬᠦᠢ ᠬᠠᠷᠢᠭᠤᠴᠠᠯᠭᠠᠲᠠᠨ ᠵᠣᠨ ᠤ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠲᠣᠭᠲᠠᠭᠤᠨ ᠪᠠᠶᠢᠯᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠤᠷ ᠲᠦᠪᠰᠢᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠠᠵᠢᠯ ᠤᠨ ᠪᠠᠶᠢᠷᠢ ᠶᠢᠨ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠬᠤᠷᠢᠭᠯᠠᠬᠤ ᠬᠡᠷᠡᠭᠲᠡᠢ᠃ ᠬᠤᠶᠠᠷ ᠲᠤ᠂ ᠵᠤᠨ ᠤ ᠠᠮᠠᠷᠠᠯᠲᠠ ᠶᠢᠨ ᠬᠤᠭᠤᠴᠠᠭᠠᠨ ᠳᠤ ᠤᠩᠰᠢᠭᠴᠢᠳ ᠨᠡᠯᠢᠶᠡᠳ ᠲᠥᠪᠯᠡᠷᠡᠭᠰᠡᠨ ᠪᠣᠯᠬᠤᠷ᠂ ᠨᠣᠮ ᠵᠢᠭᠡᠯᠡᠬᠦ ᠲᠠᠰᠤᠭ ᠵᠢᠴᠢ ᠡᠯᠧᠺᠲᠷᠣᠨ ᠤᠩᠰᠢᠯᠭ᠎ᠠ ᠶᠢᠨ ᠲᠠᠰᠤᠭ ᠤᠨ ᠲᠣᠭᠤᠷᠢᠨ ᠪᠠᠶᠢᠴᠠᠭᠠᠬᠤ᠂ ᠤᠩᠰᠢᠭᠴᠢᠳ ᠤᠨ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠪᠠᠶᠢᠴᠠᠭᠠᠬᠤ ᠡᠬᠡ ᠲᠠᠩᠰᠠ ᠶᠢ ᠲᠠᠭᠯᠠᠬᠤ ᠵᠡᠷᠭᠡ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠵᠦ᠂ ᠨᠣᠮ ᠤᠨ ᠰᠠᠩ ᠤᠨ ᠠᠮᠤᠷ ᠲᠦᠪᠰᠢᠨ ᠡᠮᠬᠢ ᠳᠢᠭᠯᠢᠮ ᠲᠠᠢ ᠠᠵᠢᠯᠯᠠᠬᠤ ᠶᠢ ᠪᠠᠲᠤᠯᠠᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号