ᠰᠢᠨᠬᠤᠸᠠ ᠵᠡᠭᠡᠯᠢ ᠭᠤᠳᠤᠮᠵᠢ᠄ ᠨᠡᠷᠡᠨ ᠤ ᠡᠨᠧᠷᠭᠢ ᠶᠢᠨ ᠵᠠᠮ ᠤᠨ ᠳ᠋ᠧᠩ ᠨᠢ ᠰᠠᠭᠤᠭᠠᠯᠢ ᠠᠷᠠᠳ ᠤᠨ ︽ᠵᠣᠯ ᠵᠢᠷᠭᠠᠯ ᠤᠨ ᠵᠠᠮ︾᠎ ᠢ ᠭᠡᠷᠡᠯᠳᠦᠭᠦᠯᠪᠡ
ᠨᠡᠶᠢᠲᠡᠯᠡᠭᠰᠡᠨ ᠴᠠᠭ᠄
2024/8/22
     ᠠᠯᠠᠱᠠ ᠵᠡᠭᠦᠨ ᠬᠤᠰᠢᠭᠤᠨ ᠤ ᠰᠢᠨᠬᠤᠸᠠ ᠵᠡᠭᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠨ ᠲᠢᠶᠠᠨ ᠨᠡᠶᠢᠭᠡᠮ ᠲᠣᠭᠤᠷᠢᠭ ᠲᠤ᠂ ᠪᠠᠷᠢᠯᠭ᠎ᠠ ᠶᠢᠨ ᠠᠵᠢᠯᠲᠠᠳ ᠶᠠᠭ ᠭᠤᠳᠤᠮᠵᠢ ᠪᠠᠷ ᠨᠡᠷᠡᠨ ᠤ ᠡᠨᠧᠷᠭᠢ ᠶᠢᠨ ᠵᠠᠮ ᠤᠨ ᠳ᠋ᠧᠩ ᠤᠭᠰᠠᠷᠠᠬᠤ ᠠᠵᠢᠯ ᠬᠢᠵᠦ ᠪᠠᠶᠢᠪᠠ᠃ ᠨᠠᠨ ᠲᠢᠶᠠᠨ ᠨᠡᠶᠢᠭᠡᠮ ᠲᠣᠭᠤᠷᠢᠭ ᠤᠨ ᠭᠡᠷᠡᠯᠲᠦᠭᠦᠯᠬᠦ ᠢᠨᠵᠧᠨᠧᠷᠢᠩ ᠤᠨ ᠲᠦᠢᠮᠦ ᠵᠢᠷᠤᠭ ᠠᠴᠠ ᠣᠯᠵᠤ ᠬᠠᠷᠠᠬᠤ ᠳᠤ ᠰᠢᠷ᠎ᠠ ᠴᠡᠭ ᠪᠠ ᠬᠥᠬᠡ ᠴᠡᠭ ᠨᠢ ᠡᠮᠦᠨᠡᠬᠢ ᠵᠠᠮ ᠤᠨ ᠳ᠋ᠧᠩ ᠤᠨ ᠲᠠᠷᠬᠠᠯᠲᠠ ᠶᠢᠨ ᠴᠡᠭ ᠪᠠᠶᠢᠵᠤ᠂ ᠲᠣᠰ ᠤᠳᠠᠭ᠎ᠠ ᠤᠭᠰᠠᠷᠠᠭᠰᠠᠨ ᠢ ᠨᠢ ᠤᠯᠠᠭᠠᠨ ᠥᠩᠭᠡ ᠪᠠᠷ ᠲᠣᠳᠣᠷᠬᠠᠶᠢᠯᠠᠵᠤ᠂ ᠪᠣᠶ ᠪᠥᠬᠦᠶ ᠭᠤᠳᠤᠮᠵᠢ ᠶᠢ ᠦᠨᠳᠦᠰᠦᠨ ᠳᠤ ᠪᠠᠨ ᠪᠦᠷᠬᠦᠭᠰᠡᠨ ᠪᠠᠶᠢᠪᠠ᠃ ᠰᠠᠭᠤᠭᠠᠯᠢ ᠠᠷᠠᠳ ᠭᠡᠷ ᠤᠨ ᠢᠶᠠᠨ ᠡᠭᠦᠳᠡᠨ ᠳᠤ ᠰᠢᠨ᠎ᠡ ᠪᠠᠷ ᠤᠭᠰᠠᠷᠠᠭᠰᠠᠨ ᠵᠠᠮ ᠤᠨ ᠳ᠋ᠧᠩ ᠢ ᠦᠵᠡᠵᠦ᠂ ᠪᠠᠶᠠᠷ ᠪᠠᠭ᠋ᠠᠳᠤᠯ ᠤᠨ ᠰᠡᠳᠬᠢᠯᠭᠡ ᠪᠠᠨ ᠳᠠᠷᠣᠵᠣ ᠶᠠᠳᠠᠮ᠎ᠠ ᠪᠠᠶᠢᠯ᠎ᠠ᠃
   ᠨᠠᠨ ᠲᠢᠶᠠᠨ ᠨᠡᠶᠢᠭᠡᠮ ᠲᠣᠭᠤᠷᠢᠭ ᠨᠢ ᠪᠠᠳᠠᠢ ᠶᠢᠨ ᠵᠢᠷᠠᠨ ᠵᠠᠮ ᠤᠨ ᠡᠮᠦᠨ᠎ᠡ ᠲᠠᠯ᠎ᠠ ᠳᠤ ᠪᠠᠶᠢᠷᠢᠯᠠᠵᠤ᠂ ᠭᠡᠷ ᠪᠠᠶᠢᠰᠢᠩ ᠨᠢ ᠨᠡᠶᠢᠳᠡᠮ ᠳᠡᠭᠡᠨ ᠥᠩᠭᠡᠷᠡᠭᠰᠡᠨ ᠵᠠᠭᠤᠨ ᠳᠤ ᠪᠠᠶᠢᠭᠤᠯᠤᠭᠳᠠᠵᠤ᠂ ᠰᠠᠭᠤᠷᠢ ᠲᠥᠬᠦᠭᠡᠷᠦᠮᠵᠢ ᠨᠢ ᠤᠤᠯ ᠠᠴᠠ ᠪᠠᠨ ᠲᠡᠭᠦᠯᠳᠡᠷᠵᠢᠭᠡᠳᠦᠢ᠂ ᠭᠤᠳᠤᠮᠵᠢ ᠶᠢᠨ ᠵᠠᠮ ᠤᠨ ᠳ᠋ᠧᠩ ᠴᠥᠭᠡᠨ ᠪᠠᠶᠢᠵᠤ᠂ ᠰᠠᠭᠤᠭᠠᠯᠢ ᠠᠷᠠᠳ ᠰᠥᠨᠢ ᠪᠠᠷ ᠭᠠᠳᠠᠭᠰᠢ ᠭᠠᠷᠬᠤ ᠳᠤ ᠳᠥᠭᠦᠮ ᠦᠭᠡᠢ ᠪᠠᠶᠢᠳᠠᠭ᠃ ᠡᠨᠡ ᠬᠦ ᠪᠠᠶᠢᠳᠠᠯ ᠳᠤ ᠴᠢᠭᠯᠡᠭᠦᠯᠦᠨ᠂ ᠠᠯᠠᠱᠠ ᠵᠡᠭᠦᠨ ᠬᠤᠰᠢᠭᠤᠨ ᠤ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠨ ᠲᠢᠶᠠᠨ ᠨᠡᠶᠢᠭᠡᠮ ᠲᠣᠭᠤᠷᠢᠭ ᠨᠠᠮ ᠤᠨ ᠵᠣᠬᠢᠶᠠᠨ ᠪᠠᠶᠢᠭᠤᠯᠤᠯᠲᠠ ᠶᠢᠨ ᠣᠯᠠᠨ ᠲᠦᠮᠡᠨ ᠳᠤ ᠦᠢᠯᠡᠴᠢᠯᠡᠬᠦ ᠲᠤᠰᠬᠠᠶ ᠪᠡᠯᠡ ᠮᠥᠩᠭᠦ ᠶᠢ ᠬᠡᠷᠡᠭᠯᠡᠬᠦ ᠪᠠᠷ ᠭᠤᠶᠤᠴᠢᠯᠠᠪᠠ᠃ ᠵᠠᠮ ᠤᠨ ᠳ᠋ᠧᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠳᠤᠮᠳᠠ ᠂ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠲᠤᠰᠬᠠᠶ ᠰᠡᠳᠦᠪᠲᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠰᠠᠭᠤᠭᠠᠯᠢ ᠠᠷᠠᠳ ᠤᠨ ᠰᠠᠨᠠᠯ ᠪᠠ ᠰᠠᠨᠠᠭᠤᠯᠭ᠎ᠠ ᠶᠢ ᠭᠦᠢᠴᠡᠳ ᠰᠣᠨᠣᠰᠴᠤ᠂ ᠲᠡᠳᠡᠨ ᠤ ᠵᠠᠮ ᠤᠨ ᠳ᠋ᠧᠩ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠭᠤᠭᠴᠤᠭ᠎ᠠ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠪᠠ᠃    ᠠᠯᠠᠱᠠ ᠵᠡᠭᠦᠨ ᠬᠤᠰᠢᠭᠤᠨ ᠤ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠨ ᠲᠢᠶᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ     ᠯᠢᠦ ᠬᠤᠶ ᠰᠢᠶᠠ
    ᠲᠣᠰ ᠤᠳᠠᠭ᠎ᠠ ᠨᠡᠷᠡᠨ ᠤ ᠡᠨᠧᠷᠭᠢ ᠶᠢᠨ ᠵᠠᠮ ᠤᠨ ᠳ᠋ᠧᠩ ᠤᠭᠰᠠᠷᠠᠬᠤ ᠳᠤ᠂ ᠪᠢᠳᠡ ᠤᠷᠢᠳᠠᠪᠠᠷ ᠰᠠᠭᠤᠭᠠᠯᠢ ᠠᠷᠠᠳ ᠤᠨ ᠰᠠᠨᠠᠯ ᠢ ᠬᠤᠷᠢᠶᠠᠵᠤ᠂ ᠳᠠᠷᠠᠭ᠎ᠠ ᠨᠢ ᠡᠷᠦᠬᠡ ᠳᠤ ᠬᠦᠷᠴᠦ᠂ ᠭᠤᠳᠤᠮᠵᠢ ᠶᠢᠨ ᠵᠠᠮ ᠳᠤ ᠣᠲᠣ ᠶᠢᠨ ᠪᠠᠶᠢᠭ᠎ᠠ ᠴᠠᠬᠢᠯᠭᠠᠨ ᠤᠲᠠᠰᠤᠨ ᠪᠠᠭᠠᠨ᠎ᠠ ᠳᠡᠭᠡᠷ᠎ᠡ ᠨᠡᠶᠢᠲᠡ 50 ᠨᠡᠷᠡᠨ ᠤ ᠡᠨᠧᠷᠭᠢ ᠶᠢᠨ ᠳ᠋ᠧᠩ ᠤᠭᠰᠠᠷᠠᠵᠤ᠂ 19 ᠭᠤᠳᠤᠮᠵᠢ ᠳᠤ 438 ᠡᠷᠦᠬᠡ ᠶᠢᠨ 1135 ᠬᠥᠮᠦᠨ ᠢ ᠬᠠᠮᠤᠷᠪᠠ᠃    ᠣᠳᠣᠬᠠᠨ ᠳᠤ᠂ 15 ᠭᠤᠳᠤᠮᠵᠢ ᠳᠤ ᠨᠡᠷᠡᠨ ᠤ ᠡᠨᠧᠷᠭᠢ ᠶᠢᠨ ᠵᠠᠮ ᠤᠨ 25 ᠳ᠋ᠧᠩ ᠢ ᠤᠭᠰᠠᠷᠠᠵᠤ ᠳᠠᠭᠤᠰᠬᠠᠪᠠ᠃ ᠵᠢᠱᠢᠯᠲᠡ ᠪᠠᠷ 8 ᠰᠠᠷ᠎ᠠ ᠶᠢᠨ 20᠎ ᠤ ᠡᠳᠦᠷ ᠪᠦᠬᠦᠨ ᠢ ᠤᠭᠰᠠᠷᠠᠵᠤ ᠳᠠᠭᠤᠰᠬᠠᠨ᠎ᠠ᠃ ᠡᠭᠦᠨ ᠠᠴᠠ ᠭᠠᠳᠠᠨ᠎ᠠ᠂ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠪᠠᠰᠠ ᠨᠠᠨ ᠲᠢᠶᠠᠨ ᠨᠡᠶᠢᠭᠡᠮ ᠲᠣᠭᠤᠷᠢᠭ ᠤᠨ ᠬᠡᠰᠡᠭ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠪᠠᠷ ᠲᠥᠯᠥᠪᠯᠡᠵᠦ ᠪᠠᠶᠢᠨ᠎ᠠ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号