ᠠᠯᠠᠱᠠ ᠵᠡᠭᠦᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠶᠢᠨ ᠥᠪᠥᠷ ᠮᠣᠩᠭᠤᠯ ᠤᠨ ᠰᠢ ᠶᠢᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠠᠯᠠᠱᠠ ᠵᠡᠭᠦᠨ ᠬᠤᠰᠢᠭᠤᠨ ᠤ ᠵᠤᠯᠵᠠᠭ᠎ᠠ ᠠᠯᠲᠠᠨ ᠠᠭᠤᠷᠬᠠᠢ ᠶᠢᠨ ᠣᠷᠣᠨ ᠤ ᠬᠠᠶᠠᠭᠳᠠᠮᠠᠯ ᠴᠢᠯᠠᠭᠤ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ︵  ᠬᠤᠶᠠᠳᠤᠭᠠᠷ ᠬᠤᠭᠤᠴᠠᠭᠠᠨ ᠤ ᠢᠨᠵᠧᠨᠧᠷᠢᠩ︶  ᠤᠨ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠵᠦ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠲᠤᠬᠠᠢ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2024/8/22
                 ᠥᠪᠥᠷ ᠮᠣᠩᠭᠤᠯ ᠤᠨ ᠰᠢ ᠶᠢᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ            ᠲᠠᠨ ᠤ ᠺᠣᠮᠫᠠᠨᠢ ᠶᠢᠨ ᠮᠡᠳᠡᠭᠦᠯᠦᠭᠰᠡᠨ ︽ᠥᠪᠥᠷ ᠮᠣᠩᠭᠤᠯ ᠤᠨ ᠰᠢ ᠶᠢᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠠᠯᠠᠱᠠ ᠵᠡᠭᠦᠨ ᠬᠤᠰᠢᠭᠤᠨ ᠤ ᠵᠤᠯᠵᠠᠭ᠎ᠠ ᠠᠯᠲᠠᠨ ᠤ ᠠᠭᠤᠷᠬᠠᠢ ᠶᠢᠨ ᠣᠷᠣᠨ ᠤ ᠬᠠᠶᠠᠭᠳᠠᠮᠠᠯ ᠴᠢᠯᠠᠭᠤ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ︵  ᠬᠤᠶᠠᠳᠤᠭᠠᠷ ᠬᠤᠭᠤᠴᠠᠭᠠᠨ ᠤ ᠢᠨᠵᠧᠨᠧᠷᠢᠩ︶  ᠤᠨ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠭᠦᠯᠬᠦ ᠪᠠᠷ ᠭᠤᠶᠤᠴᠢᠯᠠᠬᠤ ᠲᠤᠬᠠᠢ ᠵᠠᠬᠢᠳᠠᠯ︾  ᠢ ᠣᠯᠵᠤ ᠣᠶᠢᠯᠠᠭᠠᠪᠠ᠃ ᠬᠢᠨᠠᠨ ᠪᠠᠶᠢᠴᠠᠭᠠᠭᠠᠳ᠂ ᠲᠣᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾  ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠪᠠᠳᠠᠭ᠂ ︽ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠠᠷᠭ᠎ᠠ︾  ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠪᠠᠷ ᠲᠣᠭᠲᠠᠪᠠ᠃            ᠨᠢᠭᠡ᠂ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠤᠨ ᠶᠡᠷᠦᠩᠬᠡᠢ ᠰᠠᠨᠠᠯ             ︵ᠨᠢᠭᠡ︶  ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢᠨ ᠬᠡᠪᠴᠢᠶ᠎ᠡ ᠶᠢ ᠦᠨᠳᠦᠰᠦᠨ ᠳᠡᠭᠡᠨ ᠵᠥᠪᠰᠢᠶᠡᠷᠡᠭᠰᠡᠨ ᠨᠢ 62.67 ᠾᠧᠺᠲ᠋ᠠᠷ ᠪᠣᠯᠣᠨ᠎ᠠ᠃             ︵ᠬᠤᠶᠠᠷ︶  ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠳᠤ ᠤᠮᠠᠷᠠᠲᠤ ᠣᠷᠣᠨ ᠤ ᠰᠠᠯᠬᠢ ᠡᠯᠡᠰᠦᠨ ᠤ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠥᠪᠰᠢᠶᠡᠷᠡᠪᠡ᠃             ︵  ᠭᠤᠷᠪᠠ︶  ᠲᠥᠰᠥᠯ ᠳᠤ ᠲᠣᠭᠲᠠᠭᠠᠭᠰᠠᠨ ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠪᠠᠷᠢᠮᠵᠢᠶ᠎ᠠ ᠶᠢ ᠦᠨᠳᠦᠰᠦᠨ ᠳᠡᠭᠡᠨ ᠵᠥᠪᠰᠢᠶᠡᠷᠡᠵᠦ᠂ ᠤᠮᠠᠷᠠᠲᠤ ᠶᠢᠨ ᠰᠠᠯᠬᠢ ᠡᠯᠡᠰᠦᠨ ᠤ ᠣᠷᠣᠨ ᠤ ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠨᠢᠭᠡᠳᠦᠭᠡᠷ ᠳᠡᠰ ᠤᠨ ᠪᠠᠷᠢᠮᠵᠢᠶ᠎ᠠ ᠵᠢᠴᠢ ᠡᠭᠦᠨ ᠢ ᠦᠨᠳᠦᠰᠦᠯᠡᠨ ᠲᠣᠭᠲᠠᠭᠠᠭᠰᠠᠨ ᠰᠡᠷᠭᠡᠶᠢᠯᠡᠨ ᠵᠠᠰᠠᠬᠤ ᠭᠦᠢᠴᠡᠳᠬᠡᠯ ᠲᠤᠭ᠎ᠠ ᠶᠢᠨ ᠬᠡᠮᠵᠢᠭᠳᠡᠯ ᠢ ᠬᠡᠷᠡᠭᠵᠢᠭᠦᠯᠦᠨ᠎ᠡ᠃ ᠵᠢᠷᠤᠭ ᠲᠥᠯᠥᠪᠯᠡᠭᠡ ᠶᠢᠨ ᠬᠢᠷᠢ ᠲᠦᠪᠰᠢᠨ ᠤ ᠵᠢᠯ ᠤᠨ ᠬᠠᠷᠠᠯᠲᠠ ᠶᠢᠨ ᠬᠡᠮᠵᠢᠭᠳᠡᠯ ᠨᠢ᠄  ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ ᠬᠡᠮᠵᠢᠶ᠎ᠡ 85%᠂ ᠬᠥᠷᠥᠰᠥ ᠰᠢᠷᠣᠢ ᠶᠢᠨ ᠤᠷᠤᠰᠤᠭᠳᠠᠯ ᠢ ᠬᠢᠵᠠᠭᠠᠷᠯᠠᠬᠤ ᠬᠠᠷᠢᠴᠠᠯ 0.8᠂ ᠬᠤᠭ ᠰᠢᠷᠣᠢ ᠶᠢᠨ ᠬᠠᠮᠠᠭᠠᠯᠠᠯᠲᠠ ᠶᠢᠨ ᠨᠣᠷᠮ᠎ᠠ 88%᠂ ᠣᠶ ᠰᠢᠭᠤᠢ ᠡᠪᠡᠰᠦ ᠤᠷᠭᠤᠮᠠᠯ ᠤᠨ ᠬᠤᠴᠢᠯᠭ᠎ᠠ ᠶᠢᠨ ᠰᠡᠷᠭᠦᠭᠡᠯᠲᠡ ᠶᠢᠨ ᠨᠣᠷᠮ᠎ᠠ 89%᠂ ᠣᠶ ᠰᠢᠭᠤᠢ ᠡᠪᠡᠰᠦ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ᠨᠣᠷᠮ᠎ᠠ 16%᠂ ᠬᠥᠷᠥᠰᠥ ᠰᠢᠷᠣᠢ ᠶᠢᠨ ᠬᠠᠮᠠᠭᠠᠯᠠᠯᠲᠠ ᠶᠢᠨ ᠨᠣᠷᠮ᠎ᠠ ᠳᠤ ᠱᠠᠭᠠᠷᠳᠠᠯᠭ᠎ᠠ ᠭᠠᠷᠭᠠᠬᠤ ᠦᠭᠡᠢ᠃             ︵  ᠳᠥᠷᠪᠡ︶  ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠤᠪᠢᠶᠠᠷᠢ ᠲᠣᠭᠤᠷᠢᠭ ᠵᠢᠴᠢ ᠬᠤᠪᠢᠶᠠᠷᠢ ᠲᠣᠭᠤᠷᠢᠭ ᠤᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠨ᠎ᠡ             ︵  ᠲᠠᠪᠤ︶  ᠬᠥᠷᠥᠰᠥ ᠰᠢᠷᠣᠢ ᠶᠢᠨ ᠬᠠᠮᠠᠭᠠᠯᠠᠯᠲᠠ ᠶᠢᠨ ᠨᠥᠬᠦᠪᠦᠷᠢ ᠵᠠᠷᠤᠳᠠᠯ 106.539 ᠲᠦᠮᠡᠨ ᠲᠥᠭᠦᠷᠢᠭ᠃            ᠬᠤᠶᠠᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠢ ᠶᠢ ᠬᠠᠮᠠᠭᠠᠯᠠᠬᠤ ᠬᠠᠤᠯᠢ︾  ᠶᠢᠨ ᠬᠤᠯᠪᠣᠭᠳᠠᠬᠤ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠭᠦᠢᠴᠡᠳᠬᠡᠬᠦ ᠬᠡᠷᠡᠭᠲᠡᠢ             ︵  ᠨᠢᠭᠡ︶  ᠲᠥᠷᠥᠯ ᠵᠦᠢᠯ ᠤᠨ ᠬᠥᠷᠥᠰᠥ ᠰᠢᠷᠣᠢ ᠶᠢ ᠬᠠᠮᠠᠭᠠᠯᠠᠬᠤ ᠶᠢ ᠤᠳᠤᠷᠢᠳᠤᠨ ᠬᠠᠮᠢᠶᠠᠷᠬᠤ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠵᠦ᠂ ᠬᠥᠷᠥᠰᠥ ᠰᠢᠷᠣᠢ ᠶᠢ ᠬᠠᠮᠠᠭᠠᠯᠠᠬᠤ ᠠᠵᠢᠯ  ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠬᠠᠷᠢᠭᠤᠴᠠᠨ᠎ᠠ᠃             ︵  ᠬᠤᠶᠠᠷ︶  ᠵᠥᠪᠰᠢᠶᠡᠷᠡᠭᠰᠡᠨ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠤᠨ ᠶᠣᠰᠣᠭᠠᠷ᠂ ᠬᠥᠷᠥᠰᠥ ᠰᠢᠷᠣᠢ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠪᠠ ᠪᠠᠷᠢᠯᠭ᠎ᠠ ᠶᠢᠨ ᠵᠢᠷᠤᠭ ᠤᠨ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠬᠤ ᠵᠡᠷᠭᠡ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ︽ᠭᠤᠷᠪᠠ ᠶᠢ ᠬᠠᠮᠲᠤ ᠳᠤᠨᠢ ᠬᠢᠬᠦ︾  ᠳᠦᠷᠢᠮ ᠢ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠢ᠃             ︵  ᠭᠤᠷᠪᠠ︶  ᠲᠥᠰᠥᠯ  ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠥᠷᠥᠰᠥ ᠰᠢᠷᠣᠢ ᠶᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠲᠥᠷᠥᠯ ᠤᠨ ᠪᠠᠷᠢᠯᠭ᠎ᠠ ᠶᠢᠨ ᠠᠵᠢᠯᠯᠠᠭ᠎ᠠ ᠶᠢ ᠬᠡᠷᠡᠭᠯᠡᠬᠦ ᠭᠠᠵᠠᠷ ᠤᠨ ᠬᠡᠪᠴᠢᠶᠡᠨ ᠳᠤ ᠴᠢᠩᠭ᠎ᠠ ᠬᠢᠵᠠᠭᠠᠷᠯᠠᠵᠤ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠬᠤᠴᠢᠯᠭ᠎ᠠ ᠶᠢ ᠳᠤᠷ᠎ᠠ ᠮᠡᠳᠡᠨ ᠡᠵᠡᠯᠡᠬᠦ᠂ ᠰᠠᠮᠠᠭᠤᠷᠠᠭᠤᠯᠬᠤ ᠪᠠ ᠡᠪᠳᠡᠬᠦ ᠶᠢ ᠬᠠᠲᠠᠭᠤ ᠬᠤᠷᠢᠭᠯᠠᠨ᠎ᠠ᠃ ᠲᠥᠰᠥᠯ ᠤᠨ ᠱᠠᠭᠠᠷᠳᠠᠯᠭ᠎ᠠ ᠶᠢ ᠦᠨᠳᠦᠰᠦᠯᠡᠨ ᠬᠥᠷᠥᠰᠥ ᠰᠢᠷᠣᠢ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠢ ᠵᠣᠬᠢᠰᠲᠠᠢ ᠪᠠᠷ ᠲᠣᠬᠢᠷᠠᠭᠤᠯᠵᠤ᠂ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠭᠠᠷᠴᠤ ᠮᠡᠳᠡᠬᠦ ᠬᠥᠷᠥᠰᠥ ᠰᠢᠷᠣᠢ ᠶᠢᠨ ᠢᠳᠡᠭᠳᠡᠯ ᠢ ᠴᠢᠩᠭ᠎ᠠ ᠬᠢᠵᠠᠭᠠᠷᠯᠠᠨ᠎ᠠ᠃             ︵  ᠳᠥᠷᠪᠡ︶  ᠬᠥᠷᠥᠰᠥ ᠰᠢᠷᠣᠢ ᠶᠢ ᠬᠠᠮᠠᠭᠠᠯᠠᠬᠤ ᠶᠢ ᠬᠢᠨᠠᠨ ᠬᠡᠮᠵᠢᠬᠦ ᠠᠵᠢᠯ ᠢ ᠦᠨᠡᠨᠬᠦ ᠰᠠᠶᠢᠲᠤᠷ ᠬᠢᠵᠦ ᠂ ᠬᠥᠷᠥᠰᠥ ᠰᠢᠷᠣᠢ ᠶᠢᠨ ᠢᠳᠡᠭᠳᠡᠯ ᠢ ᠬᠥᠳᠡᠯᠦᠩᠭᠦᠢ ᠪᠠᠷ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠬᠢᠨᠠᠨ ᠬᠡᠮᠵᠢᠭᠰᠡᠨ ᠤᠯᠠᠷᠢᠯ  ᠤᠨ ᠮᠡᠳᠡᠭᠦᠯᠦᠯᠲᠡ ᠬᠢᠭᠡᠳ ᠳ᠋ᠦᠩᠨᠡᠯᠲᠡ ᠶᠢᠨ ᠮᠡᠳᠡᠭᠦᠯᠦᠯᠲᠡ ᠪᠠᠨ ᠲᠣᠭᠲᠠᠭᠠᠯ ᠶᠣᠰᠣᠭᠠᠷ ᠮᠠᠨ ᠤ ᠲᠣᠪᠴᠢᠶ᠎ᠠ ᠳᠤ ᠲᠤᠰᠢᠶᠠᠬᠤ ᠬᠡᠷᠡᠭᠲᠡᠢ᠃             ︵  ᠲᠠᠪᠤ︶  ᠬᠥᠷᠥᠰᠥ ᠰᠢᠷᠣᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠬᠥᠷᠥᠰᠥ ᠰᠢᠷᠣᠢ ᠶᠢ ᠬᠠᠮᠠᠭᠠᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠣᠨ ᠠᠬᠢᠴᠠ ᠶᠢ ᠦᠨᠡᠨᠬᠦ ᠪᠠᠲᠤᠯᠠᠬᠤ ᠬᠡᠷᠡᠭᠲᠡᠢ᠃            ᠭᠤᠷᠪᠠ᠂ ᠲᠤᠰ ᠵᠦᠢᠯᠡᠰ ᠤᠨ ᠭᠠᠵᠠᠷ᠂ ᠬᠡᠪᠴᠢᠶ᠎ᠡ ᠳᠤ ᠬᠡᠷᠪᠡ ᠴᠢᠬᠤᠯᠠ ᠶᠡᠭᠡ ᠬᠤᠪᠢᠷᠠᠯᠲᠠ ᠭᠠᠷᠬᠤ᠂ ᠡᠰᠡᠬᠦᠯ᠎ᠡ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠬᠡᠷᠡᠭᠵᠢᠭᠦᠯᠬᠦ ᠶᠠᠪᠤᠴᠠ ᠳᠤ ᠬᠥᠷᠥᠰᠥ ᠰᠢᠷᠣᠢ ᠶᠢ ᠬᠠᠮᠠᠭᠠᠯᠠᠬᠤ ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠪᠠᠯ᠂ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢᠶᠠᠨ ᠨᠥᠬᠦᠪᠦᠷᠢᠯᠡᠬᠦ ᠪᠤᠶᠤ ᠵᠠᠰᠠᠪᠤᠷᠢ ᠣᠷᠣᠭᠤᠯᠵᠤ᠂ ᠮᠠᠨ ᠤ ᠲᠣᠪᠴᠢᠶ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠢ᠃            ᠳᠥᠷᠪᠡ᠂ ᠲᠠᠨ ᠤ ᠺᠣᠮᠫᠠᠨᠢ ᠪᠣᠯ ᠲᠣᠰ ᠲᠥᠷᠥᠯ ᠵᠦᠢᠯ ᠤᠨ ᠬᠥᠷᠥᠰᠥ ᠰᠢᠷᠣᠢ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠬᠠᠷᠢᠭᠤᠴᠠᠯᠭ᠎ᠠ ᠶᠢᠨ ᠭᠤᠣᠯ ᠴᠣᠭᠴᠠ ᠮᠥᠨ᠂ ᠲᠣᠰ ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠬᠤ ᠠᠴᠠ ᠡᠮᠦᠨ᠎ᠡ᠂ ᠠᠯᠠᠱᠠ ᠵᠡᠭᠦᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤ ᠬᠥᠷᠥᠰᠥ ᠰᠢᠷᠣᠢ ᠶᠢ ᠬᠠᠮᠠᠭᠠᠯᠠᠬᠤ ᠲᠥᠯᠥᠪᠦᠷᠢ ᠶᠢᠨ ᠰᠦᠢᠳᠬᠡᠯ ᠢ ᠬᠠᠤᠯᠢ ᠶᠣᠰᠣᠭᠠᠷ ᠭᠦᠢᠴᠡᠳ ᠲᠤᠰᠢᠶᠠᠬᠤ ᠬᠡᠷᠡᠭᠲᠡᠢ︔  ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ ᠬᠡᠷᠡᠭᠯᠡᠬᠦ ᠪᠤᠶᠤ ᠪᠠᠷᠢᠯᠭ᠎ᠠ ᠳᠠᠭᠤᠰᠴᠤ ᠰᠢᠯᠭᠠᠨ ᠠᠪᠬᠤ ᠠᠴᠠ ᠡᠮᠦᠨ᠎ᠡ᠂ ᠬᠥᠷᠥᠰᠥ ᠰᠢᠷᠣᠢ ᠶᠢ ᠬᠠᠮᠠᠭᠠᠯᠠᠬᠤ ᠪᠡᠯᠡᠳᠬᠡᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠪᠠᠷ ᠳᠠᠮᠵᠢᠭᠤᠯᠵᠤ᠂ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠥᠷᠥᠰᠥ ᠰᠢᠷᠣᠢ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠵᠢᠴᠢ ᠲᠣᠰ ᠬᠢᠨᠠᠨ ᠵᠥᠪᠰᠢᠶᠡᠷᠡᠭᠰᠡᠨ ᠲᠣᠭᠲᠠᠭᠠᠯ᠂ ᠬᠥᠷᠥᠰᠥ ᠰᠢᠷᠣᠢ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠬᠥᠷᠥᠰᠥ ᠰᠢᠷᠣᠢ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠪᠠᠷᠢᠮᠵᠢᠶ᠎ᠠ ᠪᠠ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠬᠥᠷᠥᠰᠥ ᠰᠢᠷᠣᠢ ᠶᠢ ᠬᠠᠮᠠᠭᠠᠯᠠᠬᠤ ᠪᠡᠯᠡᠳᠬᠡᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠂ ᠲᠡᠭᠦᠨ ᠤ ᠠᠯᠪᠠᠨ ᠤ ᠲᠠᠯ᠎ᠠ ᠶᠢᠨ ᠰᠦᠯᠵᠢᠶᠡᠨ ᠥᠷᠲᠡᠭᠡ ᠪᠤᠶᠤ ᠪᠤᠰᠤᠳ ᠣᠯᠠᠨ ᠨᠡᠶᠢᠲᠡ ᠶᠢᠨ ᠮᠡᠳᠡᠵᠦ ᠪᠠᠶᠢᠭ᠎ᠠ ᠰᠦᠯᠵᠢᠶᠡᠨ ᠥᠷᠲᠡᠭᠡ ᠳᠤ ᠬᠥᠷᠥᠰᠥ ᠰᠢᠷᠣᠢ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠤᠭᠰᠠᠨ ᠮᠠᠲ᠋ᠧᠷᠢᠶᠠᠯ ᠢ ᠴᠠᠭ ᠲᠤᠬᠠᠢ ᠳᠤᠨᠢ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠴᠠᠭ ᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ︔  ᠬᠥᠷᠥᠰᠥ ᠰᠢᠷᠣᠢ ᠶᠢ ᠬᠠᠮᠠᠭᠠᠯᠠᠬᠤ ᠪᠡᠯᠡᠳᠬᠡᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠤᠭᠰᠠᠨ ᠤ ᠳᠠᠷᠠᠭ᠎ᠠ 3 ᠳ᠋ᠤᠭᠠᠷ ᠰᠠᠷ᠎ᠠ ᠶᠢᠨ ᠳᠣᠲᠣᠷ᠎ᠠ ᠮᠠᠨ ᠤ ᠲᠣᠪᠴᠢᠶ᠎ᠠ ᠳᠤ ᠬᠥᠷᠥᠰᠥ ᠰᠢᠷᠣᠢ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠤᠭᠰᠠᠨ ᠮᠠᠲ᠋ᠧᠷᠢᠶᠠᠯ ᠢᠶᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠬᠠᠷᠢᠭᠤ ᠪᠠᠷᠢᠮᠲᠠ ᠣᠯᠣᠨ᠎ᠠ︔  ᠬᠥᠷᠥᠰᠥ ᠰᠢᠷᠣᠢ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠢ᠃            ᠲᠠᠪᠤ᠂ ᠲᠣᠰ ᠲᠥᠷᠥᠯ ᠵᠦᠢᠯ ᠨᠢ 1 ᠲᠠᠰ ᠤᠨ ᠰᠢᠭᠠᠷᠤ ᠬᠠᠶᠠᠬᠤ ᠲᠠᠯᠠᠪᠤᠷ ᠲᠤ ᠬᠤᠯᠪᠣᠭᠳᠠᠪᠠᠯ᠂ ᠲᠣᠭᠲᠠᠪᠤᠷᠢᠲᠤ ᠴᠢᠨᠠᠷ ᠤᠨ ᠦᠨᠡᠯᠡᠨ ᠵᠢᠱᠢᠯᠲᠡ ᠶᠢ ᠥᠷᠨᠢᠭᠦᠯᠬᠦ ᠬᠡᠷᠡᠭᠲᠡᠢ᠃                                                      2024 ᠣᠨ ᠤ 7 ᠳ᠋ᠤᠭᠠᠷ ᠰᠠᠷ᠎ᠠ ᠶᠢᠨ 30  ᠤ ᠡᠳᠦᠷ            
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号