| | | | | 1. ︽ᠰᠣᠷᠣᠭᠴᠢ ᠡᠯᠰᠡᠬᠦ ᠲᠥᠰᠥᠯ︾ ᠨᠢ ᠬᠡᠦᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠵᠠᠷᠴᠢᠮ ᠳᠤ | ︽ᠨᠠᠰᠤᠨ ᠳᠤ ᠭᠦᠷᠦᠭᠰᠡᠨ ᠬᠡᠦᠬᠡᠳ ᠤᠨ ᠴᠡᠴᠡᠷᠯᠢᠭ ᠲᠤ ᠣᠷᠣᠬᠤ︾ ᠲᠤᠬᠠᠢ ᠶᠠᠷᠢᠬᠤ ᠳᠠᠭᠠᠨ᠂ ᠶᠠᠭᠠᠬᠢᠭᠠᠳ | ᠬᠡᠦᠬᠡᠳ ᠤᠨ ᠴᠡᠴᠡᠷᠯᠢᠭ ᠨᠢ ᠵᠥᠪᠬᠡᠨ ᠪᠦᠬᠦᠯᠢ ᠭᠤᠷᠪᠠᠨ ᠨᠠᠰᠤ ᠭᠦᠷᠦᠭᠰᠡᠨ ᠬᠡᠦᠬᠡᠳ ᠢ ᠡᠯᠰᠡᠳᠡᠭ ᠪᠣᠶ︖ | | ᠬᠠᠷᠢᠭᠤᠯᠲᠠ᠄ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠬᠠᠤᠯᠢ ᠶᠢᠨ ᠲᠥᠰᠥᠯ︾ ᠳᠤ᠂ ᠮᠠᠨ ᠤ ᠤᠯᠤᠰ ᠤᠨ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠳᠤ 3 ᠵᠢᠯ ᠤᠨ ᠳᠦᠷᠢᠮ ᠢ ᠬᠡᠷᠡᠭᠵᠢᠭᠦᠯᠦᠨ᠎ᠡ᠂ ᠡᠭᠦᠨ ᠳᠤ ᠰᠤᠷᠬᠤ ᠨᠠᠰᠤᠨ ᠤ | ᠬᠡᠦᠬᠡᠳ ᠪᠣᠯ 3-6 ᠨᠠᠰᠤᠨ ᠤ ᠰᠤᠷᠬᠤ ᠨᠠᠰᠤᠨ ᠤ ᠬᠡᠦᠬᠡᠳ ᠪᠣᠯᠣᠨ᠎ᠠ ᠭᠡᠵᠦ ᠲᠣᠳᠣᠷᠬᠠᠢ ᠲᠣᠭᠲᠠᠭᠠᠵᠠᠢ᠃ | ᠣᠳᠣᠬᠠᠨ ᠳᠤ᠂ ᠮᠠᠨ ᠤ ᠠᠯᠠᠱᠠ ᠵᠡᠭᠦᠨ ᠬᠤᠰᠢᠭᠤᠨ ᠤ ᠪᠠᠶᠠᠨᠬᠤᠲᠠ ᠣᠷᠣᠨ ᠤ ᠡᠯ᠎ᠡ ᠠᠯᠪᠠᠨ ᠠᠴᠠ ᠡᠷᠭᠢᠯᠡᠭᠰᠡᠨ | ᠬᠡᠦᠬᠡᠳ ᠤᠨ ᠴᠡᠴᠡᠷᠯᠢᠭ ᠤᠨ ᠡᠷᠳᠡᠮ ᠤᠨ ᠴᠣᠯᠠ ᠲᠡᠶᠢᠮᠦ ᠭᠦᠢᠴᠡᠳ ᠦᠭᠡᠢ ᠰᠢᠯᠲᠠᠭᠠᠨ ᠠᠴᠠ ᠪᠣᠯᠵᠤ᠂ ᠵᠥᠪᠬᠡᠨ | ᠪᠦᠬᠦᠯᠢ 3 ᠨᠠᠰᠤ ᠭᠦᠷᠦᠭᠰᠡᠨ ᠬᠡᠦᠬᠡᠳ ᠢ ᠯᠡ ᠡᠯᠰᠡᠵᠦ ᠪᠠᠶᠢᠨ᠎ᠠ᠃ ᠠᠷᠠᠳ ᠠᠴᠠ ᠡᠷᠭᠢᠯᠡᠭᠰᠡᠨ ᠬᠡᠦᠬᠡᠳ ᠤᠨ | ᠴᠡᠴᠡᠷᠯᠢᠭ ᠪᠣᠯᠣᠨ ᠮᠠᠯᠵᠢᠬᠤ ᠲᠠᠷᠢᠶᠠᠯᠠᠬᠤ ᠣᠷᠣᠨ ᠤ ᠬᠡᠦᠬᠡᠳ ᠤᠨ ᠴᠡᠴᠡᠷᠯᠢᠭ ᠲᠤ ᠨᠥᠬᠦᠴᠡᠯ ᠲᠠᠢ ᠪᠣᠯ ᠪᠢᠳᠡ | ᠪᠠᠰᠠ 2-3 ᠨᠠᠰᠤᠨ ᠤ ᠬᠡᠦᠬᠡᠳ ᠰᠠᠭᠠᠲᠠᠭᠤᠯᠬᠤ ᠠᠩᠭᠢ ᠡᠷᠭᠢᠯᠡᠬᠦ ᠶᠢ ᠵᠣᠷᠢᠭᠵᠢᠭᠤᠯᠤᠨ᠎ᠠ᠃ | | | | 2. ᠪᠠᠶᠠᠨᠬᠤᠲᠠ ᠭᠠᠵᠠᠷ ᠣᠷᠣᠨ ᠤ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠢ ᠶᠠᠭᠤᠨ ᠳᠤ | ᠰᠤᠷᠭᠠᠭᠤᠯᠢ ᠶᠢᠨ ᠲᠣᠭᠤᠷᠢᠭ ᠪᠣᠯᠭᠠᠨ ᠬᠤᠪᠢᠶᠠᠵᠤ᠂ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠢ | ᠰᠤᠷᠭᠠᠭᠤᠯᠢ ᠶᠢᠨ ᠲᠣᠭᠤᠷᠢᠭ ᠪᠣᠯᠭᠠᠨ | | ᠬᠠᠷᠢᠭᠤᠯᠲᠠ᠄ ︽ᠤᠯᠤᠰ ᠤᠨ ᠤᠷᠲᠤᠪᠲᠤᠷ ᠪᠠ ᠤᠷᠲᠤ ᠬᠤᠭᠤᠴᠠᠭᠠᠨ ᠤ ᠰᠤᠷᠭᠠᠨ ᠬᠥᠮᠦᠵᠢᠯ ᠤᠨ | ᠥᠭᠡᠷᠡᠴᠢᠯᠡᠯᠲᠡ ᠪᠠ ᠬᠥᠭᠵᠢᠭᠦᠯᠦᠯᠲᠡ ᠶᠢᠨ ᠲᠥᠯᠦᠪᠵᠢᠭᠦᠯᠭᠡ ᠶᠢᠨ ᠲᠣᠪᠴᠢ︾ ᠳᠤ᠂ ᠮᠠᠨ ᠤ ᠤᠯᠤᠰ ᠤᠨ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠱᠠᠲᠤᠨ ᠳᠤ ︽ᠠᠯᠪᠠᠨ ᠠᠴᠠ ᠡᠷᠭᠢᠯᠡᠬᠦ᠂ ᠠᠷᠠᠳ ᠠᠴᠠ | ᠡᠷᠭᠢᠯᠡᠬᠦ ᠶᠢ ᠵᠡᠷᠭᠡ ᠪᠠᠷ ᠴᠢᠬᠤᠯᠠᠴᠢᠯᠠᠬᠤ︾ ᠠᠷᠭ᠎ᠠ ᠶᠢ ᠠᠯᠠᠱᠠ ᠵᠡᠭᠦᠨ ᠬᠤᠰᠢᠭᠤᠨ ᠤ ᠠᠯᠪᠠᠨ ᠠᠴᠠ ᠡᠷᠭᠢᠯᠡᠭᠰᠡᠨ | ᠬᠡᠦᠬᠡᠳ ᠤᠨ ᠴᠡᠴᠡᠷᠯᠢᠭ ᠪᠠ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠨᠡᠶᠢᠲᠡ 19 ᠪᠠᠶᠢᠵᠤ᠂ | ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠤᠨ ᠴᠡᠴᠡᠷᠯᠢᠭ ᠲᠤ ᠣᠷᠣᠬᠤ ᠱᠠᠭᠠᠷᠳᠠᠯᠭ᠎ᠠ ᠶᠢ ᠬᠠᠩᠭᠠᠵᠤ ᠳᠡᠶᠢᠯᠬᠦ | ᠪᠣᠯᠪᠠᠴᠤ ᠪᠠᠶᠠᠨᠬᠤᠲᠠ ᠣᠷᠣᠨ ᠳᠤ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠲᠤ ᠣᠷᠣᠬᠤ ᠬᠦᠰᠡᠯ ᠢ | ᠬᠠᠩᠭᠠᠵᠤ ᠳᠡᠶᠢᠯᠬᠦ ᠦᠭᠡᠢ ᠪᠣᠯᠬᠤᠷ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠨᠢ ︽ᠣᠶᠢᠷ᠎ᠠ | ᠬᠠᠪᠢ ᠳᠠᠭᠠᠨ ᠬᠡᠰᠡᠭ ᠬᠤᠪᠢᠶᠠᠨ ᠴᠡᠴᠡᠷᠯᠢᠭ ᠲᠤ ᠣᠷᠣᠬᠤ︾ ᠠᠷᠭ᠎ᠠ ᠶᠢ ᠬᠡᠷᠡᠭᠯᠡᠭᠰᠡᠨ ᠪᠠᠶᠢᠨ᠎ᠠ᠃ ᠠᠷᠠᠳ ᠠᠴᠠ | ᠡᠷᠭᠢᠯᠡᠭᠰᠡᠨ ᠬᠡᠦᠬᠡᠳ ᠤᠨ ᠴᠡᠴᠡᠷᠯᠢᠭ ᠲᠤ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠲᠦᠭᠡᠮᠡᠯ ᠬᠠᠷᠠᠭᠠᠯᠵᠠᠯ ᠤᠨ | ᠪᠤᠰᠤ ᠴᠢᠨᠠᠷᠲᠠᠢ ᠬᠤᠶᠠᠷ ᠲᠥᠷᠥᠯ ᠪᠠᠶᠢᠳᠠᠭ᠂ ᠭᠡᠷ ᠤᠨ ᠠᠬᠠᠮᠠᠳ ᠤᠨ ᠡᠵᠡᠨ ᠮᠡᠳᠡᠵᠦ ᠰᠣᠩᠭᠤᠬᠤ ᠳᠤ ᠲᠥᠬᠦᠮ | ᠪᠣᠯᠭᠠᠬᠤ ᠵᠣᠷᠢᠯᠭ᠎ᠠ ᠪᠠᠷ᠂ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠲᠤ ᠰᠤᠷᠭᠠᠭᠤᠯᠢ ᠶᠢᠨ ᠲᠣᠭᠤᠷᠢᠭ | ᠢ ᠵᠠᠭᠠᠭᠯᠠᠨ ᠲᠣᠭᠲᠠᠭᠠᠬᠤ ᠦᠭᠡᠢ᠃ | | | 3. ᠶᠠᠭᠤᠨ ᠳᠤ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠲᠤ ᠡᠨᠡ ᠵᠢᠯ ᠡᠷᠦᠬᠡ ᠠᠮᠠ ᠶᠢᠨ | ᠲᠠᠩᠰᠠ ᠶᠢ ᠬᠢᠵᠠᠭᠠᠷᠯᠠᠬᠤ ᠦᠭᠡᠢ ᠪᠣᠢ︖ | | ᠬᠠᠷᠢᠭᠤᠯᠲᠠ᠄ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠩᠭᠠᠭᠰᠠᠨ ᠲᠤᠭ᠎ᠠ ᠪᠠᠷᠢᠮᠲᠠ ᠵᠢᠴᠢ ᠡᠮᠦᠨᠡᠬᠢ | ᠬᠤᠭᠤᠴᠠᠭᠠᠨ ᠤ ᠪᠠᠶᠢᠳᠠᠯ ᠢ ᠣᠶᠢᠯᠠᠭᠠᠭᠰᠠᠨ ᠪᠠᠶᠢᠴᠠᠭᠠᠯᠲᠠ ᠠᠴᠠ ᠦᠵᠡᠪᠡᠯ᠂ 2024 ᠣᠨ ᠳᠤ ᠬᠡᠦᠬᠡᠳ ᠤᠨ | ᠴᠡᠴᠡᠷᠯᠢᠭ ᠲᠤ ᠣᠷᠣᠬᠤ ᠨᠠᠰᠤᠨ ᠤ ᠬᠡᠦᠬᠡᠳ ᠤᠨ ᠲᠤᠭ᠎ᠠ ᠪᠠᠭᠠᠰᠴᠤ᠂ ᠬᠡᠦᠬᠡᠳ ᠢ ᠣᠶᠢᠷ᠎ᠠ ᠬᠠᠪᠢ ᠳᠤᠨᠢ | ᠴᠡᠴᠡᠷᠯᠢᠭ ᠲᠤ ᠣᠷᠣᠭᠤᠯᠬᠤ ᠵᠣᠷᠢᠯᠭ᠎ᠠ ᠪᠠᠷ ᠡᠨᠡ ᠵᠢᠯ ᠠᠴᠠ ᠡᠬᠢᠯᠡᠨ᠂ ᠮᠠᠨ ᠤ ᠠᠯᠠᠱᠠ ᠵᠡᠭᠦᠨ ᠬᠤᠰᠢᠭᠤᠨ ᠤ | ᠬᠡᠦᠬᠡᠳ ᠤᠨ ᠴᠡᠴᠡᠷᠯᠢᠭ ᠲᠤ ᠡᠷᠦᠬᠡ ᠠᠮᠠ ᠶᠢᠨ ᠲᠠᠩᠰᠠ ᠢᠯᠭᠠᠬᠤ ᠦᠭᠡᠢ᠂ ᠬᠢᠨᠠᠨ ᠬᠠᠮᠠᠭᠠᠯᠠᠭᠴᠢ ᠨᠢ | ᠰᠤᠷᠭᠠᠭᠤᠯᠢ ᠶᠢᠨ ᠲᠣᠭᠤᠷᠢᠭ ᠤᠨ ᠬᠡᠪᠴᠢᠶᠡᠨ ᠳᠤ ᠥᠪᠡᠷ ᠤᠨ ᠰᠠᠭᠤᠬᠤ ᠭᠡᠷ ᠲᠠᠢ ᠯᠡ ᠶᠤᠮ ᠪᠣᠯ ᠠᠯᠪᠠᠨ ᠠᠴᠠ | ᠡᠷᠭᠢᠯᠡᠭᠰᠡᠨ ᠬᠡᠦᠬᠡᠳ ᠤᠨ ᠴᠡᠴᠡᠷᠯᠢᠭ ᠲᠤ ᠣᠴᠢᠵᠤ ᠴᠡᠴᠡᠷᠯᠢᠭ ᠲᠤ ᠣᠷᠣᠵᠤ ᠪᠣᠯᠣᠨ᠎ᠠ᠃ ᠪᠢᠳᠠ ᠠᠯᠪᠠᠨ ᠤ ᠪᠠ | ᠠᠷᠠᠳ ᠤᠨ ᠬᠢ ᠶᠢ ᠬᠠᠮᠲᠤ ᠳᠤᠨᠢ ᠡᠯᠰᠡᠬᠦ᠂ ᠬᠤᠳᠠ ᠶᠢᠨ ᠬᠢ ᠶᠢ ᠬᠠᠮᠲᠤ ᠳᠤᠨᠢ ᠬᠠᠷᠠᠭᠠᠯᠵᠠᠬᠤ ᠲᠦᠷᠦ ᠶᠢᠨ | ᠪᠣᠳᠣᠯᠭ᠎ᠠ ᠶᠢ ᠬᠡᠷᠡᠭᠵᠢᠭᠦᠯᠦᠨ᠎ᠡ᠃ | | | 4. ᠠᠯᠠᠱᠠ ᠵᠡᠭᠦᠨ ᠬᠤᠰᠢᠭᠤᠨ ᠤ ᠶᠠᠮᠠᠷ ᠶᠠᠮᠠᠷ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠨᠢ | ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠪᠣᠯᠬᠤ ᠪᠣᠶ︖ | | ᠬᠠᠷᠢᠭᠤᠯᠲᠠ᠄ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠨᠢ ᠨᠡᠶᠢᠲᠡ ᠶᠢᠨ | ᠠᠰᠠᠷᠠᠮᠵᠢ ᠶᠢᠨ ᠰᠢᠨᠵᠢ ᠴᠢᠨᠠᠷ ᠢ ᠨᠠᠩ ᠳᠣᠪᠤᠶᠢᠯᠭᠠᠨ᠎ᠠ᠃ ᠣᠳᠣᠬᠠᠨ ᠳᠤ ᠠᠯᠠᠱᠠ ᠵᠡᠭᠦᠨ ᠬᠤᠰᠢᠭᠤᠨ ᠤ ᠮᠠᠯᠵᠢᠬᠤ | ᠲᠠᠷᠢᠶᠠᠯᠠᠬᠤ ᠣᠷᠣᠨ ᠤ ᠬᠡᠦᠬᠡᠳ ᠤᠨ ᠴᠡᠴᠡᠷᠯᠢᠭ ᠨᠢ ᠴᠥᠮ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ | ᠴᠡᠴᠡᠷᠯᠢᠭ ᠪᠣᠯᠣᠨ᠎ᠠ᠃ ᠪᠠᠶᠠᠨᠬᠤᠲᠠ ᠭᠠᠵᠠᠷ ᠣᠷᠣᠨ ᠤ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ | ᠨᠡᠶᠢᠲᠡ 7 ᠪᠣᠶ᠂ ᠡᠭᠦᠨ ᠳᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ 5 ᠪᠣᠶ᠂ ᠲᠣᠰ | ᠲᠣᠰ᠄ ᠡᠷᠡᠨ ᠵᠠᠭᠤᠨ ᠤ ᠨᠡᠷᠡᠨ ᠬᠡᠷᠡᠯᠳᠦ ᠬᠡᠦᠬᠡᠳ ᠤᠨ ᠴᠡᠴᠡᠷᠯᠢᠭ᠂ ᠪᠥᠸᠧ ᠷᠦᠢ ᠬᠡᠦᠬᠡᠳ ᠤᠨ ᠴᠡᠴᠡᠷᠯᠢᠭ᠂ | ᠷᠦᠩ ᠠᠨ ᠷᠦᠢ ᠲᠦᠩ ᠬᠡᠦᠬᠡᠳ ᠤᠨ ᠴᠡᠴᠡᠷᠯᠢᠭ᠂ ᠪᠧᠢ ᠪᠧᠢ ᠬᠡᠦᠬᠡᠳ ᠤᠨ ᠴᠡᠴᠡᠷᠯᠢᠭ᠂ ᠯᠦ ᠮᠢᠩ ᠰᠢᠨ | ᠶᠤᠸᠠᠨ ᠬᠡᠦᠬᠡᠳ ᠤᠨ ᠴᠡᠴᠡᠷᠯᠢᠭ ᠵᠡᠷᠭᠡ 5 ᠬᠡᠦᠬᠡᠳ ᠤᠨ ᠴᠡᠴᠡᠷᠯᠢᠭ ᠤᠨ ᠠᠰᠠᠷᠠᠨ ᠬᠥᠮᠥᠵᠢᠭᠦᠯᠬᠦ ᠰᠦᠢᠳᠬᠡᠯ ᠤᠨ | ᠪᠠᠷᠢᠮᠵᠢᠶ᠎ᠠ ᠶᠢ ᠴᠥᠮ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠳᠣᠲᠣᠷᠠᠬᠢ ᠥᠪᠡᠷᠲᠡᠭᠡᠨ ᠵᠠᠰᠠᠬᠤ | ᠣᠷᠣᠨ ᠤ ᠵᠢᠱᠢᠶ᠎ᠡ ᠦᠵᠡᠭᠦᠯᠬᠦ ᠬᠡᠦᠬᠡᠳ ᠤᠨ ᠴᠡᠴᠡᠷᠯᠢᠭ ᠤᠨ ᠪᠠᠷᠢᠮᠵᠢᠶ᠎ᠠ ᠠᠴᠠ ᠬᠡᠲᠦᠷᠡᠭᠦᠯᠵᠦ ᠪᠣᠯᠬᠤ ᠦᠭᠡᠢ᠂ | ᠥᠭᠡᠷ᠎ᠡ ᠪᠠᠷ ᠬᠡᠯᠡᠪᠡᠯ ᠰᠠᠷ᠎ᠠ ᠪᠦᠷᠢ 550 ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ᠃ | | | 5. ᠶᠠᠭᠤᠨ ᠳᠤ ᠰᠤᠷᠭᠠᠭᠤᠯᠢ ᠳᠤ ᠣᠷᠣᠬᠤ ᠶᠢ ᠬᠤᠶᠢᠰᠢᠯᠠᠭᠤᠯᠬᠤ ᠳᠤ ᠪᠠᠰᠠ ᠡᠮᠨᠡᠯᠭᠡ ᠶᠢᠨ ᠬᠤᠷᠢᠶᠠᠨ ᠤ | ᠭᠡᠷᠡᠴᠢ ᠶᠢ ᠬᠠᠩᠭᠠᠬᠤ ᠴᠢᠬᠤᠯᠠᠲᠠᠢ ᠶᠤᠮ ᠪᠣᠢ︖ | | ᠬᠠᠷᠢᠭᠤᠯᠲᠠ᠄ ᠡᠨᠡ ᠪᠣᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠎ᠡ᠃ ︽ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠬᠠᠤᠯᠢ︾ ᠶᠢᠨ ᠠᠷᠪᠠᠨ ᠨᠢᠭᠡᠳᠦᠭᠡᠷ ᠵᠦᠢᠯ ᠳᠤ᠄ ︽ᠪᠦᠬᠦᠯᠢ 6 ᠨᠠᠰᠤ | ᠭᠦᠷᠦᠭᠰᠡᠨ ᠬᠡᠦᠬᠡᠳ ᠢ ᠡᠴᠢᠭᠡ ᠡᠬᠡ ᠪᠤᠶᠤ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠨᠢ | ᠰᠤᠷᠭᠠᠭᠤᠯᠢ ᠳᠤ ᠣᠷᠣᠭᠤᠯᠵᠤ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠭᠡᠬᠦ ᠬᠡᠷᠡᠭᠲᠡᠢ︔ ᠪᠡᠶ᠎ᠡ | ᠮᠠᠬᠠᠪᠤᠳ ᠤᠨ ᠪᠠᠶᠢᠳᠠᠯ ᠠᠴᠠ ᠪᠣᠯᠵᠤ ᠰᠤᠷᠭᠠᠭᠤᠯᠢ ᠳᠤ ᠣᠷᠣᠬᠤ ᠶᠢ ᠬᠤᠶᠢᠰᠢᠯᠠᠭᠤᠯᠬᠤ ᠪᠤᠶᠤ | ᠰᠤᠷᠤᠯᠭ᠎ᠠ ᠠᠴᠠ ᠪᠠᠨ ᠲᠦᠷ ᠵᠣᠭᠰᠣᠬᠤ ᠳᠤ ᠭᠦᠷᠪᠡᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠢ︾ ᠭᠡᠵᠦ ᠲᠣᠳᠣᠷᠬᠠᠢ ᠲᠣᠭᠲᠠᠭᠠᠵᠠᠢ᠃ ᠡᠶᠢᠮᠦ ᠠᠴᠠ ᠪᠢᠳᠡ | ᠰᠤᠷᠭᠠᠭᠤᠯᠢ ᠳᠤ ᠣᠷᠣᠬᠤ ᠶᠢ ᠬᠤᠶᠢᠰᠢᠯᠠᠭᠤᠯᠬᠤ ᠭᠤᠶᠤᠴᠢᠯᠠᠯ ᠢᠶᠠᠨ ᠲᠤᠰᠢᠶᠠᠬᠤ ᠶᠢᠨ ᠬᠠᠮᠲᠤ ᠪᠡᠶ᠎ᠡ ᠶᠢᠨ ᠪᠠᠶᠢᠳᠠᠯ | ᠨᠢ ᠰᠤᠷᠭᠠᠭᠤᠯᠢ ᠳᠤ ᠣᠷᠣᠬᠤ ᠳᠤ ᠲᠣᠬᠢᠷᠠᠮᠵᠢ ᠦᠭᠡᠢ ᠡᠮᠨᠡᠯᠭᠡ ᠶᠢᠨ ᠬᠤᠷᠢᠶᠠᠨ ᠤ ᠣᠨᠣᠰᠢᠯᠠᠯᠲᠠ ᠶᠢᠨ ᠭᠡᠷᠡᠴᠢ ᠪᠠᠨ | ᠲᠤᠰᠢᠶᠠᠬᠤ ᠬᠡᠷᠡᠭᠲᠡᠢ᠃ | | ᠪᠢᠳᠡᠨ ᠤ ᠣᠶᠢᠯᠠᠭᠠᠭᠰᠠᠨ ᠢᠶᠠᠷ᠂ ᠵᠠᠷᠢᠮ ᠭᠡᠷ ᠤᠨ ᠠᠬᠠᠮᠠᠳ ᠥᠪᠡᠷ ᠤᠨ ᠬᠡᠦᠬᠡᠳ ᠢᠶᠠᠨ ᠬᠡᠦᠬᠡᠳ ᠤᠨ | ᠴᠡᠴᠡᠷᠯᠢᠭ ᠲᠤ ᠳᠡᠮᠡᠢ ᠶᠡᠭᠡ ᠰᠣᠶᠣᠯ ᠤᠨ ᠮᠡᠳᠡᠯᠭᠡ ᠡᠵᠡᠮᠰᠢᠭᠰᠡᠨ ᠦᠭᠡᠢ᠂ ᠪᠠᠭ᠎ᠠ ᠰᠤᠷᠭᠠᠭᠤᠯᠢ ᠳᠤ ᠣᠷᠣᠪᠠᠯ | ᠪᠤᠰᠤᠳ ᠬᠡᠦᠬᠡᠳ ᠢ ᠳᠠᠭᠠᠵᠤ ᠠᠮᠵᠢᠬᠤ ᠦᠭᠡᠢ ᠠᠴᠠ ᠪᠣᠯᠵᠤ ᠰᠠᠶ᠋ᠢ ᠰᠤᠷᠭᠠᠭᠤᠯᠢ ᠳᠤ ᠣᠷᠣᠬᠤ ᠶᠢ | ᠬᠤᠶᠢᠰᠢᠯᠠᠭᠤᠯᠬᠤ ᠪᠣᠳᠣᠯ ᠲᠠᠢ ᠪᠣᠯᠣᠨ᠎ᠠ ᠭᠡᠵᠦ ᠰᠠᠨᠠᠭ᠎ᠠ ᠵᠣᠪᠠᠵᠤ ᠪᠠᠶᠢᠨ᠎ᠠ᠃ ᠦᠨᠡᠨ ᠳᠡᠭᠡᠨ᠂ ᠬᠡᠦᠬᠡᠳ ᠤᠨ | ᠴᠡᠴᠡᠷᠯᠢᠭ ᠤᠨ ᠱᠠᠲᠤᠨ ᠳᠤ ᠪᠢᠳᠡ ᠪᠠᠭ᠎ᠠ ᠰᠤᠷᠭᠠᠭᠤᠯᠢ ᠳᠤ ᠣᠴᠢᠬᠤ ᠶᠢ ᠴᠢᠬᠤᠯᠠᠴᠢᠯᠠᠵᠤ᠂ ᠪᠠᠭ᠎ᠠ | ᠰᠤᠷᠭᠠᠭᠤᠯᠢ ᠶᠢᠨ ᠨᠢᠭᠡᠳᠦᠭᠡᠷ ᠤᠨ ᠳᠤ ᠡᠷᠬᠡᠪᠰᠢ ᠡᠬᠢᠯᠡᠯᠲᠡ ᠶᠢᠨ ᠴᠡᠭ ᠢᠶᠠᠷ ᠵᠢᠭᠠᠨ ᠰᠤᠷᠭᠠᠬᠤ ᠬᠡᠷᠡᠭᠲᠡᠢ ᠪᠥᠭᠡᠳ | ᠰᠤᠷᠭᠠᠭᠤᠯᠢ ᠳᠤ ᠣᠷᠣᠬᠤ ᠳᠤ ᠵᠣᠬᠢᠴᠠᠬᠤ ᠰᠤᠷᠭᠠᠨ ᠬᠥᠮᠦᠵᠢᠯ ᠢ ᠰᠠᠶᠢᠲᠤᠷ ᠭᠦᠢᠴᠡᠳᠬᠡᠬᠦ ᠶᠢ ᠱᠠᠭᠠᠷᠳᠠᠳᠠᠭ᠃ | ᠡᠳᠡᠭᠡᠷ ᠭᠡᠷ ᠤᠨ ᠠᠬᠠᠮᠠᠳ ᠰᠠᠨᠠᠭ᠎ᠠ ᠵᠣᠪᠠᠭᠰᠠᠨ ᠤ ᠬᠡᠷᠡᠭ ᠠᠯᠠᠭ᠎ᠠ᠃ | | | ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠠᠰᠠᠭᠤᠳᠠᠯ | | 1 | ᠶᠠᠭᠤᠨ ᠳᠤ ᠪᠠᠭ᠎ᠠ ᠰᠤᠷᠭᠠᠭᠤᠯᠢ ᠳᠤ ᠣᠷᠣᠬᠤ ᠳᠤ ᠡᠷᠬᠡᠪᠰᠢ ᠪᠦᠬᠦᠯᠢ 6 ᠨᠠᠰᠤ ᠬᠦᠷᠦᠭᠰᠡᠨ ᠪᠠᠶᠢᠬᠤ | ᠬᠡᠷᠡᠭᠲᠡᠢ ᠪᠣᠶ︖ | ᠬᠠᠷᠢᠭᠤᠯᠲᠠ᠄ ᠡᠩ ᠲᠡᠷᠢᠭᠦᠨ ᠳᠤ᠂ ᠪᠦᠬᠦᠯᠢ 6 ᠨᠠᠰᠤ ᠬᠦᠷᠴᠦ ᠰᠤᠷᠭᠠᠭᠤᠯᠢ ᠳᠤ ᠣᠷᠣᠬᠤ ᠶᠢ ︽ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠬᠠᠤᠯᠢ︾ ᠳᠤ ᠲᠣᠭᠲᠠᠭᠠᠭᠰᠠᠨ ᠶᠤᠮ᠂ ᠡᠭᠦᠨ ᠤ ᠬᠠᠮᠲᠤ᠂ ᠪᠥᠬᠦ | ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠴᠥᠮ ᠰᠤᠷᠭᠠᠭᠤᠯᠢ ᠶᠢᠨ ᠬᠠᠷᠢᠶ᠎ᠠ ᠶᠢᠨ ᠡᠯᠧᠺᠲᠷᠣᠨ | ᠰᠢᠰᠲ᠋ᠧᠮ ᠤᠨ ᠬᠠᠮᠢᠶᠠᠷᠤᠯᠲᠠ ᠶᠢ ᠬᠡᠷᠡᠭᠯᠡᠵᠦ᠂ ᠬᠡᠷᠪᠡ ᠪᠦᠬᠦᠯᠢ 6 ᠨᠠᠰᠤ ᠬᠦᠷᠦᠭᠡᠳᠦᠢ ᠪᠣᠯ ᠰᠤᠷᠭᠠᠭᠤᠯᠢ ᠶᠢᠨ | ᠬᠠᠷᠢᠶ᠎ᠠ ᠶᠢ ᠪᠠᠶᠢᠭᠤᠯᠵᠤ ᠳᠡᠶᠢᠯᠬᠦ ᠦᠭᠡᠢ ᠪᠣᠯᠣᠨ᠎ᠠ᠃ | | 2 | ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠶᠢᠨ ᠲᠣᠭᠤᠷᠢᠭ ᠢ | ᠬᠡᠷᠬᠢᠨ ᠬᠤᠪᠢᠶᠠᠭᠰᠠᠨ ᠪᠤᠢ︖ | ᠬᠠᠷᠢᠭᠤᠯᠲᠠ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠳᠤ ᠪᠢᠳᠡ ︽ᠰᠢᠯᠭᠠᠬᠤ ᠦᠭᠡᠢ᠂ ᠣᠶᠢᠷ᠎ᠠ ᠬᠠᠪᠢ ᠳᠤᠨᠢ᠂ | ᠨᠢᠭᠡᠳᠦᠯᠲᠡᠢ ᠲᠥᠯᠥᠪᠯᠡᠬᠦ᠂ ᠬᠡᠰᠡᠭ ᠬᠤᠪᠢᠶᠠᠬᠤ︾ ᠵᠠᠷᠴᠢᠮ ᠢ ᠬᠡᠷᠡᠭᠵᠢᠭᠦᠯᠦᠨ᠎ᠡ᠃ ︽ᠬᠡᠰᠡᠭ ᠬᠤᠪᠢᠶᠠᠬᠤ︾ | ᠭᠡᠳᠡᠭ ᠨᠢ ᠰᠤᠷᠭᠠᠭᠤᠯᠢ ᠶᠢᠨ ᠲᠣᠭᠤᠷᠢᠭ ᠤᠨ ᠬᠤᠪᠢᠶᠠᠷᠢᠯᠠᠯ ᠢ ᠬᠡᠯᠡᠵᠦ ᠪᠣᠶ᠃ ᠳᠤᠮᠳᠠᠳᠤ ᠪᠠᠭ᠎ᠠ | ᠰᠤᠷᠭᠠᠭᠤᠯᠢ ᠨᠤᠭᠤᠳ ᠤᠨ ᠰᠤᠷᠭᠠᠭᠤᠯᠢ ᠶᠢᠨ ᠲᠣᠭᠤᠷᠢᠭ ᠤᠨ ᠬᠤᠪᠢᠶᠠᠷᠢᠯᠠᠯ ᠪᠣᠯ ᠪᠢᠳᠡᠨ ᠤ ᠡᠮᠦᠨᠡᠬᠢ | ᠬᠤᠭᠤᠴᠠᠭᠠᠨ ᠳᠤ ᠰᠤᠷᠬᠤ ᠨᠠᠰᠤᠨ ᠤ ᠰᠤᠷᠤᠭᠴᠢᠳ ᠤᠨ ᠲᠠᠷᠬᠠᠯᠲᠠ ᠶᠢᠨ ᠪᠠᠶᠢᠳᠠᠯ ᠢ ᠨᠠᠷᠢᠨ ᠲᠣᠳᠣᠷᠬᠠᠢ | ᠣᠶᠢᠯᠠᠭᠠᠵᠤ᠂ ᠳᠠᠷᠠᠭ᠎ᠠ ᠨᠢ ᠰᠤᠷᠭᠠᠭᠤᠯᠢ ᠨᠢᠭᠡᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ | ᠦᠨᠳᠦᠰᠦᠯᠡᠨ᠂ ︽ᠣᠶᠢᠷ᠎ᠠ ᠬᠠᠪᠢ ᠳᠠᠭᠠᠨ ᠰᠤᠷᠭᠠᠭᠤᠯᠢ ᠳᠤ ᠣᠷᠣᠬᠤ︾ ᠵᠠᠷᠴᠢᠮ ᠢᠶᠠᠷ ᠵᠠᠭᠠᠭᠯᠠᠨ | ᠲᠣᠭᠲᠠᠭᠠᠭᠰᠠᠨ ᠰᠤᠷᠭᠠᠭᠤᠯᠢ ᠶᠢᠨ ᠲᠣᠭᠤᠷᠢᠭ ᠪᠣᠯᠣᠨ᠎ᠠ᠃ ᠡᠨᠡ ᠵᠢᠯ ᠤᠨ ᠬᠠᠤᠯᠢ ᠪᠠᠷ ᠲᠣᠭᠲᠠᠭᠠᠭᠰᠠᠨ ᠬᠢᠨᠠᠨ | ᠬᠠᠮᠠᠭᠠᠯᠠᠭᠴᠢ ᠶᠢᠨ ᠨᠡᠷ᠎ᠡ ᠳᠣᠣᠷ᠎ᠠ ᠣᠷᠣᠨ ᠰᠠᠭᠤᠴᠠ ᠲᠠᠢ ᠮᠥᠷᠲᠡᠭᠡᠨ ᠪᠣᠳᠠᠲᠠᠢ ᠰᠠᠭᠤᠵᠤ ᠪᠠᠶᠢᠭ᠎ᠠ ᠪᠤᠶᠤ ᠦᠷ᠎ᠡ | ᠬᠡᠦᠬᠡᠳ ᠨᠢ ᠲᠦᠷᠦᠭᠦ ᠦᠶ᠎ᠡ ᠳᠤ ᠡᠴᠢᠭᠡ ︵ ᠡᠬᠡ︶ ᠪᠣᠯᠣᠨ ᠡᠪᠦᠭᠡ ᠡᠮᠡᠭᠡ ︵ ᠨᠠᠭᠠᠴᠤ ᠡᠪᠦᠭᠡ ᠡᠮᠡᠭᠡ︶ ᠨᠢ | ᠨᠢᠭᠡ ᠡᠷᠦᠬᠡ ᠠᠳᠠᠯᠢ ᠭᠠᠵᠠᠷ ᠲᠤ ᠬᠠᠮᠲᠤ ᠰᠠᠭᠤᠵᠤ ︵ ᠭᠤᠷᠪᠠᠨ ᠦᠶ᠎ᠡ ᠪᠠᠷ ᠢᠶᠠᠨ ᠨᠢᠭᠡ ᠡᠷᠦᠬᠡ︶ ᠂ ᠡᠨᠡ | ᠬᠤᠭᠤᠴᠠᠭᠠᠨ ᠳᠤ ᠦᠷ᠎ᠡ ᠬᠡᠦᠬᠡᠳ ᠪᠣᠯᠣᠨ ᠡᠴᠢᠭᠡ ︵ ᠡᠬᠡ︶ ᠶᠢᠨ ᠡᠷᠦᠬᠡ ᠠᠮᠠ ᠶᠢᠨ ᠲᠠᠩᠰᠠ ᠶᠢ ᠶᠠᠮᠠᠷ ᠴᠤ | ᠨᠡᠭᠦᠯᠭᠡᠭᠰᠡᠨ ᠦᠭᠡᠢ ᠮᠥᠷᠲᠡᠭᠡᠨ ᠡᠴᠢᠭᠡ ᠡᠬᠡ ᠶᠢᠨ ᠨᠡᠷ᠎ᠡ ᠳᠣᠣᠷ᠎ᠠ ᠥᠭᠡᠷ᠎ᠡ ᠣᠷᠣᠨ ᠰᠠᠭᠤᠴᠠ ᠦᠭᠡᠢ ᠪᠣᠯ ︽ | ᠣᠶᠢᠷ᠎ᠠ ᠬᠠᠪᠢ ᠳᠠᠭᠠᠨ ᠰᠤᠷᠭᠠᠭᠤᠯᠢ ᠳᠤ ᠣᠷᠣᠬᠤ︾ ᠵᠠᠷᠴᠢᠮ ᠤᠨ ᠶᠣᠰᠣᠭᠠᠷ ᠬᠡᠰᠡᠭ ᠬᠤᠪᠢᠶᠠᠭᠰᠠᠨ | ᠵᠣᠬᠢᠴᠠᠩᠭᠤᠢ ᠰᠤᠷᠭᠠᠭᠤᠯᠢ ᠳᠤ ᠣᠴᠢᠵᠤ ᠰᠤᠷᠤᠯᠴᠠᠭᠤᠯᠤᠨ᠎ᠠ︔ ᠡᠨᠡ ᠬᠦ ᠬᠤᠭᠤᠴᠠᠭᠠᠨ ᠳᠤ ᠬᠠᠤᠯᠢ ᠪᠠᠷ | ᠲᠣᠭᠲᠠᠭᠠᠭᠰᠠᠨ ᠬᠢᠨᠠᠨ ᠬᠠᠮᠠᠭᠠᠯᠠᠭᠴᠢ ᠶᠢᠨ ᠨᠡᠷ᠎ᠡ ᠳᠣᠣᠷ᠎ᠠ ᠥᠭᠡᠷ᠎ᠡ ᠣᠷᠣᠨ ᠰᠠᠭᠤᠴᠠ ᠦᠭᠡᠢ᠂ ︽ᠭᠡᠷ | ᠬᠠᠪᠢ ᠳᠠᠭᠠᠨ ᠰᠤᠷᠭᠠᠭᠤᠯᠢ ᠳᠤ ᠣᠷᠣᠬᠤ︾ ᠵᠠᠷᠴᠢᠮ ᠢᠶᠠᠷ ᠬᠡᠰᠡᠭ ᠬᠤᠪᠢᠶᠠᠭᠰᠠᠨ ᠵᠣᠬᠢᠴᠠᠩᠭᠤᠢ ᠰᠤᠷᠭᠠᠭᠤᠯᠢ ᠳᠤ | ᠣᠴᠢᠵᠤ ᠰᠤᠷᠤᠯᠴᠠᠭᠤᠯᠤᠨ᠎ᠠ︔ ᠲᠦᠷᠢᠶᠡᠰᠦᠯᠡᠨ ᠰᠠᠭᠤᠬᠤ᠂ ᠨᠠᠶᠢᠳᠠᠨ ᠰᠠᠭᠤᠬᠤ᠂ ᠵᠢᠭᠡᠯᠡᠨ ᠰᠠᠭᠤᠬᠤ ᠶᠢ ᠨᠢ ︽ | ᠨᠢᠭᠡᠳᠦᠯᠲᠡᠢ ᠲᠥᠯᠥᠪᠯᠡᠨ ᠲᠣᠬᠢᠷᠠᠭᠤᠯᠬᠤ︾ ᠵᠠᠷᠴᠢᠮ ᠤᠨ ᠶᠣᠰᠣᠭᠠᠷ ᠵᠣᠬᠢᠴᠠᠩᠭᠤᠢ ᠰᠤᠷᠭᠠᠭᠤᠯᠢ ᠳᠤ | ᠲᠣᠬᠢᠷᠠᠭᠤᠯᠤᠨ ᠰᠤᠷᠤᠯᠴᠠᠭᠤᠯᠬᠤ ᠬᠡᠷᠡᠭᠲᠡᠢ᠃ | | 3 | ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ︽ᠨᠢᠭᠡᠳᠦᠯᠲᠡᠢ ᠲᠥᠯᠥᠪᠯᠡᠨ | ᠲᠣᠬᠢᠷᠠᠭᠤᠯᠤᠯᠲᠠ ᠬᠢᠬᠦ︾ ᠳᠤ ᠪᠣᠳᠠᠲᠠᠢ ᠶᠠᠮᠠᠷ ᠶᠠᠮᠠᠷ ᠰᠤᠷᠭᠠᠭᠤᠯᠢ ᠶᠢ ᠪᠠᠭᠲᠠᠭᠠᠬᠤ ᠪᠣᠶ︖ | ᠬᠠᠷᠢᠭᠤᠯᠲᠠ᠄ ᠲᠦᠷᠢᠶᠡᠰᠦᠯᠡᠨ ᠰᠠᠭᠤᠬᠤ᠂ ᠨᠠᠶᠢᠳᠠᠨ ᠰᠠᠭᠤᠬᠤ᠂ ᠵᠢᠭᠡᠯᠡᠨ ᠰᠠᠭᠤᠬᠤ ᠶᠢ ᠴᠥᠮ ︽ | ᠨᠢᠭᠡᠳᠦᠯᠲᠡᠢ ᠲᠥᠯᠥᠪᠯᠡᠨ ᠲᠣᠬᠢᠷᠠᠭᠤᠯᠬᠤ︾ ᠵᠠᠷᠴᠢᠮ ᠢᠶᠠᠷ ᠵᠣᠬᠢᠴᠠᠩᠭᠤᠢ ᠰᠤᠷᠭᠠᠭᠤᠯᠢ ᠳᠤ ᠲᠣᠬᠢᠷᠠᠭᠤᠯᠵᠤ | ᠰᠤᠷᠤᠯᠴᠠᠭᠤᠯᠤᠨ᠎ᠠ᠃ ᠨᠢᠭᠡ ᠳᠤ ᠠᠯᠠᠱᠠ ᠵᠡᠭᠦᠨ ᠬᠤᠰᠢᠭᠤᠨ ᠤ ᠳᠥᠷᠪᠡᠳᠦᠭᠡᠷ ᠳᠤᠮᠳᠠᠳᠤ ᠰᠤᠷᠭᠠᠭᠤᠯᠢ᠂ ᠠᠯᠠᠱᠠ | ᠵᠡᠭᠦᠨ ᠬᠤᠰᠢᠭᠤᠨ ᠤ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠵᠠᠯᠭᠠᠯᠳᠤᠭᠰᠠᠨ ᠳᠣᠯᠣᠳᠤᠭᠠᠷ ᠣᠨ ᠤ ᠰᠢᠨ᠎ᠡ | ᠰᠣᠷᠣᠭᠴᠢ ᠶᠢ ︽ᠨᠢᠭᠡᠳᠦᠯᠲᠡᠢ ᠲᠥᠯᠥᠪᠯᠡᠨ ᠲᠣᠬᠢᠷᠠᠭᠤᠯᠬᠤ︾ ᠵᠠᠷᠴᠢᠮ ᠶᠣᠰᠣᠭᠠᠷ ᠠᠯᠠᠱᠠ ᠵᠡᠭᠦᠨ ᠬᠤᠰᠢᠭᠤᠨ ᠤ | ᠭᠤᠷᠪᠠᠳᠤᠭᠠᠷ ᠳᠤᠮᠳᠠᠳᠤ ᠰᠤᠷᠭᠠᠭᠤᠯᠢ᠂ ᠠᠯᠠᠱᠠ ᠵᠡᠭᠦᠨ ᠬᠤᠰᠢᠭᠤᠨ ᠤ ᠨᠠᠢᠮᠠᠳᠤᠭᠠᠷ ᠳᠤᠮᠳᠠᠳᠤ ᠰᠤᠷᠭᠠᠭᠤᠯᠢ᠂ | ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠰᠤᠷᠭᠠᠭᠤᠯᠢ᠂ ᠨᠡᠶᠢᠰᠯᠡᠯ ᠤᠨ ᠪᠠᠭᠰᠢ ᠶᠢᠨ ᠶᠡᠭᠡ | ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠬᠠᠮᠲᠤ ᠶᠢᠨ ᠴᠣᠭᠴᠠ ᠶᠢᠨ ᠰᠤᠷᠭᠠᠭᠤᠯᠢ ᠶᠢᠨ | ᠠᠯᠠᠱᠠ ᠶᠢᠨ ᠮᠣᠩᠭᠤᠯ ᠦᠨᠳᠦᠰᠦᠲᠡᠨ ᠤ ᠪᠦᠷᠢᠨ ᠳᠤᠮᠳᠠᠳᠤ ᠰᠤᠷᠭᠠᠭᠤᠯᠢ ᠳᠤ ᠰᠤᠷᠤᠯᠴᠠᠭᠤᠯᠤᠨ᠎ᠠ︔ ᠬᠡᠷᠪᠡ | ᠣᠨᠴᠠᠭᠠᠶ ᠪᠠᠶᠢᠳᠠᠯ ᠲᠠᠢ ᠪᠣᠯ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠨᠢ ᠰᠤᠷᠤᠯᠴᠠᠵᠤ ᠪᠠᠶᠢᠭ᠎ᠠ | ᠰᠤᠷᠭᠠᠭᠤᠯᠢ ᠳᠤ ᠭᠤᠶᠤᠴᠢᠯᠠᠯ ᠭᠠᠷᠭᠠᠵᠤ ᠲᠣᠬᠢᠷᠠᠭᠤᠯᠤᠯᠲᠠ ᠬᠢᠵᠦ ᠪᠣᠯᠣᠨ᠎ᠠ ︵ ᠵᠥᠪᠬᠡᠨ ᠨᠢᠭᠡᠳᠦᠯᠲᠡᠢ | ᠲᠥᠯᠥᠪᠯᠡᠬᠦ ᠬᠡᠪᠴᠢᠶᠡᠨ ᠳᠠᠬᠢ ᠰᠤᠷᠭᠠᠭᠤᠯᠢ ᠶᠢ ᠵᠢᠭᠠᠨ᠎ᠠ︶ ᠃ ᠬᠤᠶᠠᠷ ᠲᠤ ᠠᠯᠠᠱᠠ ᠵᠡᠭᠦᠨ ᠬᠤᠰᠢᠭᠤᠨ ᠤ | ᠵᠢᠷᠭᠤᠳᠤᠭᠠᠷ ᠪᠠᠭ᠎ᠠ ᠰᠤᠷᠭᠠᠭᠤᠯᠢ᠂ ᠠᠯᠠᠱᠠ ᠵᠡᠭᠦᠨ ᠬᠤᠰᠢᠭᠤᠨ ᠤ ᠬᠤᠶᠠᠳᠤᠭᠠᠷ ᠲᠤᠷᠰᠢᠯᠲᠠ ᠶᠢᠨ ᠪᠠᠭ᠎ᠠ | ᠰᠤᠷᠭᠠᠭᠤᠯᠢ᠂ ᠠᠯᠠᠱᠠ ᠵᠡᠭᠦᠨ ᠬᠤᠰᠢᠭᠤᠨ ᠤ ᠶᠢᠰᠦᠳᠦᠭᠡᠷ ᠪᠠᠭ᠎ᠠ ᠰᠤᠷᠭᠠᠭᠤᠯᠢ᠂ ᠠᠯᠠᠱᠠ ᠵᠡᠭᠦᠨ ᠬᠤᠰᠢᠭᠤᠨ ᠤ | ᠨᠠᠢᠮᠠᠳᠤᠭᠠᠷ ᠪᠠᠭ᠎ᠠ ᠰᠤᠷᠭᠠᠭᠤᠯᠢ ᠶᠢᠨ ᠬᠡᠰᠡᠭ ᠲᠣᠭᠤᠷᠢᠭ ᠲᠤ ᠲᠦᠷᠢᠶᠡᠰᠦᠯᠡᠨ ᠰᠠᠭᠤᠭᠰᠠᠨ᠂ ᠲᠦᠰᠢᠭᠯᠡᠨ | ᠰᠠᠭᠤᠭᠰᠠᠨ᠂ ᠵᠢᠭᠡᠯᠡᠨ ᠰᠠᠭᠤᠭᠰᠠᠨ ᠨᠢᠭᠡᠳᠦᠭᠡᠷ ᠣᠨ ᠤ ᠰᠢᠨ᠎ᠡ ᠰᠣᠷᠣᠭᠴᠢ᠃ ︽ᠨᠢᠭᠡᠳᠦᠯᠲᠡᠢ ᠲᠥᠯᠥᠪᠯᠡᠨ | ᠲᠣᠬᠢᠷᠠᠭᠤᠯᠬᠤ︾ ᠵᠠᠷᠴᠢᠮ ᠶᠣᠰᠣᠭᠠᠷ ᠠᠯᠠᠱᠠ ᠵᠡᠭᠦᠨ ᠬᠤᠰᠢᠭᠤᠨ ᠤ ᠨᠢᠭᠡᠳᠦᠭᠡᠷ ᠲᠤᠷᠰᠢᠯᠲᠠ ᠶᠢᠨ ᠪᠠᠭ᠎ᠠ | ᠰᠤᠷᠭᠠᠭᠤᠯᠢ᠂ ᠠᠯᠠᠱᠠ ᠵᠡᠭᠦᠨ ᠬᠤᠰᠢᠭᠤᠨ ᠤ ᠢ ᠹᠦ᠋ ᠶᠢᠨ ᠬᠤᠲᠣᠩ ᠦᠨᠳᠦᠰᠦᠲᠡᠨ ᠤ ᠰᠤᠷᠭᠠᠭᠤᠯᠢ᠂ ᠠᠯᠠᠱᠠ | ᠵᠡᠭᠦᠨ ᠬᠤᠰᠢᠭᠤᠨ ᠤ ᠲᠠᠪᠤᠳᠤᠭᠠᠷ ᠪᠠᠭ᠎ᠠ ᠰᠤᠷᠭᠠᠭᠤᠯᠢ᠂ ᠠᠯᠠᠱᠠ ᠵᠡᠭᠦᠨ ᠬᠤᠰᠢᠭᠤᠨ ᠤ ᠮᠢᠩ ᠳ᠋ᠧ ᠪᠠᠭ᠎ᠠ | ᠰᠤᠷᠭᠠᠭᠤᠯᠢ᠂ ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ᠂ | ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠰᠤᠷᠭᠠᠭᠤᠯᠢ ᠳᠤ ᠰᠤᠷᠤᠯᠴᠠᠭᠤᠯᠬᠤ ᠪᠠᠷ | ᠲᠣᠬᠢᠷᠠᠭᠤᠯᠤᠨ᠎ᠠ︔ ᠬᠡᠷᠪᠡ ᠣᠨᠴᠠᠭᠠᠶ ᠪᠠᠶᠢᠳᠠᠯ ᠲᠠᠢ ᠪᠣᠯ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠨᠢ | ᠰᠤᠷᠤᠯᠴᠠᠵᠤ ᠪᠠᠶᠢᠭ᠎ᠠ ᠰᠤᠷᠭᠠᠭᠤᠯᠢ ᠳᠤ ᠭᠤᠶᠤᠴᠢᠯᠠᠯ ᠭᠠᠷᠭᠠᠵᠤ ᠲᠣᠬᠢᠷᠠᠭᠤᠯᠤᠯᠲᠠ ᠬᠢᠵᠦ ᠪᠣᠯᠣᠨ᠎ᠠ ︵ ᠵᠥᠪᠬᠡᠨ | ᠨᠢᠭᠡᠳᠦᠯᠲᠡᠢ ᠲᠥᠯᠥᠪᠯᠡᠬᠦ ᠬᠡᠪᠴᠢᠶᠡᠨ ᠳᠠᠬᠢ ᠰᠤᠷᠭᠠᠭᠤᠯᠢ ᠶᠢ ᠵᠢᠭᠠᠨ᠎ᠠ︶ ᠃ | ᠳᠡᠭᠡᠷ᠎ᠡ ᠳᠤᠷᠠᠳᠤᠭᠰᠠᠨ ︽ᠨᠢᠭᠡᠳᠦᠯᠲᠡᠢ ᠲᠥᠯᠥᠪᠯᠡᠨ ᠲᠣᠬᠢᠷᠠᠭᠤᠯᠤᠯᠲᠠ ᠬᠢᠭᠰᠡᠨ︾ ᠰᠤᠷᠭᠠᠭᠤᠯᠢ ᠨᠤᠭᠤᠳ | ᠰᠣᠷᠣᠭᠴᠢ ᠡᠯᠰᠡᠬᠦ ᠲᠥᠯᠥᠪᠯᠡᠭᠡ ᠶᠢᠨ ᠲᠤᠭ᠎ᠠ ᠶᠢ ᠴᠢᠩᠭ᠎ᠠ ᠵᠢᠷᠤᠮᠯᠠᠨ ᠰᠣᠷᠣᠭᠴᠢ ᠡᠯᠰᠡᠬᠦ ᠬᠥᠮᠥᠨ ᠤ ᠲᠤᠭ᠎ᠠ ᠶᠢ | ᠬᠢᠵᠠᠭᠠᠷᠯᠠᠨ᠎ᠠ᠃ | | 4 | ᠡᠨᠡ ᠵᠢᠯ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ | ᠰᠤᠷᠭᠠᠭᠤᠯᠢ ᠶᠢᠨ ᠬᠠᠮᠲᠤ ᠶᠢᠨ ᠴᠣᠭᠴᠠ ᠶᠢᠨ ᠰᠤᠷᠭᠠᠭᠤᠯᠢ ᠶᠢᠨ ᠡᠯᠰᠡᠯᠲᠡ ᠶᠢᠨ ᠲᠠᠯ᠎ᠠ ᠪᠠᠷ ᠶᠠᠮᠠᠷ ᠳᠦᠷᠢᠮ ᠲᠠᠢ | ᠶᠤᠮ ᠪᠣᠢ︖ | ᠬᠠᠷᠢᠭᠤᠯᠲᠠ ᠡᠨᠡ ᠵᠢᠯ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ | ᠰᠤᠷᠭᠠᠭᠤᠯᠢ ᠶᠢᠨ ᠬᠠᠮᠲᠤ ᠶᠢᠨ ᠴᠣᠭᠴᠠ ᠶᠢᠨ ᠰᠤᠷᠭᠠᠭᠤᠯᠢ ᠶᠢᠨ ᠠᠯᠠᠱᠠ ᠶᠢᠨ ᠮᠣᠩᠭᠤᠯ ᠦᠨᠳᠦᠰᠦᠲᠡᠨ ᠤ ᠪᠦᠷᠢᠨ | ᠳᠤᠮᠳᠠᠳᠤ ᠰᠤᠷᠭᠠᠭᠤᠯᠢ ᠠᠩᠬ᠎ᠠ ᠤᠳᠠᠭ᠎ᠠ ᠪᠥᠬᠦ ᠬᠤᠰᠢᠭᠤᠨ ᠠᠴᠠ ᠦᠨᠳᠦᠰᠦᠲᠡᠨ ᠨᠦᠭᠦᠳ ᠤᠨ ᠰᠣᠷᠣᠭᠴᠢ | ᠡᠯᠰᠡᠵᠦ᠂ ᠠᠯᠠᠱᠠ ᠵᠡᠭᠦᠨ ᠬᠤᠰᠢᠭᠤᠨ ᠤ ᠭᠤᠷᠪᠠᠳᠤᠭᠠᠷ ᠳᠤᠮᠳᠠᠳᠤ ᠰᠤᠷᠭᠠᠭᠤᠯᠢ᠂ ᠠᠯᠠᠱᠠ ᠵᠡᠭᠦᠨ ᠬᠤᠰᠢᠭᠤᠨ ᠤ | ᠳᠥᠷᠪᠡᠳᠦᠭᠡᠷ ᠳᠤᠮᠳᠠᠳᠤ ᠰᠤᠷᠭᠠᠭᠤᠯᠢ᠂ ᠠᠯᠠᠱᠠ ᠵᠡᠭᠦᠨ ᠬᠤᠰᠢᠭᠤᠨ ᠤ ᠶᠢᠰᠦᠳᠦᠭᠡᠷ ᠳᠤᠮᠳᠠᠳᠤ ᠰᠤᠷᠭᠠᠭᠤᠯᠢ ᠲᠠᠢ | ᠬᠠᠮᠲᠤ ᠰᠤᠷᠤᠯᠭ᠎ᠠ ᠶᠢᠨ ᠲᠣᠭᠤᠷᠢᠭ ᠢ ᠬᠠᠮᠲᠤ ᠪᠠᠷ ᠡᠳ᠋ᠯᠡᠨ᠎ᠡ᠃ ᠰᠣᠷᠣᠭᠴᠢ ᠡᠯᠰᠡᠬᠦ ᠳᠤ ᠴᠠᠬᠢᠮ ᠰᠦᠯᠵᠢᠶ᠎ᠡ +ᠨᠡᠷ᠎ᠡ | ᠮᠡᠳᠡᠭᠦᠯᠵᠦ ᠳᠠᠩᠰᠠᠯᠠᠭᠤᠯᠬᠤ ᠶᠢ ᠬᠡᠷᠡᠭᠵᠢᠭᠦᠯᠵᠦ᠂ ᠰᠤᠷᠭᠠᠭᠤᠯᠢ ᠶᠢᠨ ᠲᠣᠭᠤᠷᠢᠭ ᠤᠨ ᠬᠡᠪᠴᠢᠶᠡᠨ ᠳᠠᠬᠢ ᠡᠯ᠎ᠡ | ᠦᠨᠳᠦᠰᠦᠲᠡᠨ ᠤ ᠳᠣᠯᠣᠳᠤᠭᠠᠷ ᠣᠨ ᠤ ᠰᠢᠨ᠎ᠡ ᠰᠣᠷᠣᠭᠴᠢ ᠴᠥᠮ ᠨᠡᠷ᠎ᠡ ᠮᠡᠳᠡᠭᠦᠯᠵᠦ ᠪᠣᠯᠣᠨ᠎ᠠ᠂ ᠨᠡᠷ᠎ᠡ | ᠮᠡᠳᠡᠭᠦᠯᠦᠭᠰᠡᠨ ᠬᠥᠮᠥᠨ ᠤ ᠲᠤᠭ᠎ᠠ ᠨᠢ ᠰᠣᠷᠣᠭᠴᠢ ᠡᠯᠰᠡᠬᠦ ᠲᠥᠯᠥᠪᠯᠡᠭᠡ ᠶᠢᠨ ᠲᠤᠭ᠎ᠠ ᠠᠴᠠ ᠪᠠᠭ᠎ᠠ ᠪᠣᠯᠪᠠᠯ | ᠰᠢᠭᠤᠳ ᠡᠯᠰᠡᠨ᠎ᠡ᠂ ᠨᠡᠷ᠎ᠡ ᠮᠡᠳᠡᠭᠦᠯᠦᠭᠰᠡᠨ ᠬᠥᠮᠥᠨ ᠤ ᠲᠤᠭ᠎ᠠ ᠨᠢ ᠰᠣᠷᠣᠭᠴᠢ ᠡᠯᠰᠡᠬᠦ ᠲᠥᠯᠥᠪᠯᠡᠭᠡ ᠶᠢᠨ | ᠲᠤᠭ᠎ᠠ ᠠᠴᠠ ᠶᠡᠭᠡ ᠪᠣᠯᠪᠠᠯ ᠨᠡᠷ᠎ᠡ ᠮᠡᠳᠡᠭᠦᠯᠬᠦ ᠲᠠᠰ ᠳᠠᠷᠠᠭᠠᠯᠠᠯ ᠢᠶᠠᠷ ᠤᠷᠢᠳ ᠬᠤᠵᠢᠳ ᠳᠠᠷᠠᠭᠠᠯᠠᠨ ᠡᠯᠰᠡᠨ᠎ᠡ᠂ | ᠲᠤᠭ᠎ᠠ ᠨᠢ ᠳᠦᠭᠦᠷᠪᠡᠯ ᠳᠠᠷᠤᠢ ᠵᠣᠭᠰᠣᠨ᠎ᠠ᠃ ᠪᠣᠳᠠᠲᠠᠢ ᠰᠣᠷᠣᠭᠴᠢ ᠡᠯᠰᠡᠬᠦ ᠲᠥᠯᠥᠪᠯᠡᠭᠡ ᠶᠢᠨ ᠲᠤᠭ᠎ᠠ ᠵᠢᠴᠢ ᠨᠡᠷ᠎ᠡ | ᠮᠡᠳᠡᠭᠦᠯᠬᠦ ᠠᠷᠭ᠎ᠠ ᠮᠠᠶ᠋ᠢᠭ ᠢ ᠠᠰ ᠲᠤᠨᠢ ᠪᠢᠴᠢᠭ ᠮᠠᠲ᠋ᠧᠷᠢᠶᠠᠯ ᠪᠠᠭᠤᠯᠭᠠᠵᠤ ᠮᠡᠳᠡᠭᠳᠡᠨ᠎ᠡ᠂ ᠪᠠᠰᠠ ᠨᠡᠶᠢᠰᠯᠡᠯ ᠤᠨ | ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠬᠠᠮᠲᠤ ᠶᠢᠨ ᠴᠣᠭᠴᠠ ᠶᠢᠨ | ᠰᠤᠷᠭᠠᠭᠤᠯᠢ ᠶᠢᠨ ᠠᠯᠠᠱᠠ ᠶᠢᠨ ᠮᠣᠩᠭᠤᠯ ᠦᠨᠳᠦᠰᠦᠲᠡᠨ ᠤ ᠪᠦᠷᠢᠨ ᠳᠤᠮᠳᠠᠳᠤ ᠰᠤᠷᠭᠠᠭᠤᠯᠢ ᠠᠴᠠ ᠰᠢᠭᠤᠳ | ᠠᠰᠠᠭᠤᠨ ᠯᠠᠪᠯᠠᠵᠤ ᠪᠣᠯᠣᠨ᠎ᠠ᠃ | | | 5 | ᠶᠠᠭᠤᠨ ᠳᠤ ᠰᠤᠷᠤᠭᠴᠢᠳ ᠢᠶᠠᠷ ᠥᠪᠡᠷ ᠤᠨ ᠰᠤᠷᠭᠠᠭᠤᠯᠢ ᠳᠤ ᠣᠷᠣᠬᠤ ᠳᠤᠷᠠᠲᠠᠢ ᠰᠤᠷᠭᠠᠭᠤᠯᠢ ᠪᠠᠨ | ᠴᠢᠯᠦᠭᠡᠲᠡᠢ ᠰᠣᠩᠭᠤᠭᠤᠯᠵᠤ ᠪᠣᠯᠬᠤ ᠦᠭᠡᠢ ᠪᠣᠶ︖ | ᠬᠠᠷᠢᠭᠤᠯᠲᠠ 2016 ᠣᠨ ᠳᠤ ᠠᠯᠠᠱᠠ ᠵᠡᠭᠦᠨ ᠬᠤᠰᠢᠭᠤ ᠨᠢᠭᠡᠨᠲᠡ ᠤᠯᠤᠰ ᠤᠨ ︽ᠠᠯᠪᠠᠨ ᠵᠢᠷᠤᠮ ᠤᠨ | ᠰᠤᠷᠭᠠᠨ ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠯᠭᠠᠬᠤ︾ ᠪᠠᠷᠢᠮᠵᠢᠶ᠎ᠠ ᠳᠤ ᠬᠦᠷᠭᠡᠬᠦ ᠰᠢᠯᠭᠠᠨ | ᠪᠠᠶᠢᠴᠠᠭᠠᠯᠲᠠ ᠳᠤ ᠬᠢᠷᠢ ᠲᠡᠩᠴᠡᠪᠡ᠂ ᠥᠭᠡᠷ᠎ᠡ ᠪᠠᠷ ᠬᠡᠯᠡᠪᠡᠯ ᠮᠠᠨ ᠤ ᠡᠯ᠎ᠡ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ᠂ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠤᠨ ᠵᠥᠷᠢᠶ᠎ᠡ ᠶᠡᠭᠡ ᠪᠢᠰᠢ᠂ | ᠡᠶᠢᠮᠦ ᠠᠴᠠ ᠪᠢᠳᠡᠨ ᠤ ︽ᠣᠶᠢᠷ᠎ᠠ ᠬᠠᠪᠢ ᠳᠠᠭᠠᠨ ᠬᠡᠰᠡᠭ ᠬᠤᠪᠢᠶᠠᠵᠤ᠂ ᠨᠢᠭᠡᠳᠦᠯᠲᠡᠢ ᠲᠥᠯᠥᠪᠯᠡᠨ | ᠲᠣᠬᠢᠷᠠᠭᠤᠯᠤᠯᠲᠠ ᠬᠢᠬᠦ︾ ᠰᠤᠷᠭᠠᠭᠤᠯᠢ ᠳᠤ ᠣᠷᠣᠬᠤ ᠨᠥᠬᠦᠴᠡᠯ ᠪᠣᠯᠪᠠᠰᠤᠷᠠᠩᠭᠤᠢ ᠪᠣᠯᠤᠭᠰᠠᠨ ᠪᠠᠶᠢᠨ᠎ᠠ᠃ | ᠡᠭᠦᠨ ᠤ ᠬᠠᠮᠲᠤ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ | ᠪᠠᠲᠤᠯᠠᠬᠤ ᠵᠣᠷᠢᠯᠭ᠎ᠠ ᠪᠠᠷ᠂ ᠤᠯᠤᠰ ᠠᠴᠠ ᠪᠠᠭ᠎ᠠ ᠰᠤᠷᠭᠠᠭᠤᠯᠢ ᠶᠢᠨ ᠠᠩᠭᠢ ᠶᠢᠨ ᠬᠥᠮᠥᠨ ᠤ ᠲᠤᠭ᠎ᠠ ᠶᠢ 45 | ᠬᠥᠮᠥᠨ ᠠᠴᠠ ᠬᠡᠲᠦᠷᠡᠭᠦᠯᠵᠦ ᠪᠣᠯᠬᠤ ᠦᠭᠡᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠩᠭᠢ ᠶᠢᠨ | ᠬᠥᠮᠥᠨ ᠤ ᠲᠤᠭ᠎ᠠ ᠶᠢ 50 ᠬᠥᠮᠥᠨ ᠠᠴᠠ ᠬᠡᠲᠦᠷᠡᠭᠦᠯᠵᠦ ᠪᠣᠯᠬᠤ ᠦᠭᠡᠢ ᠭᠡᠵᠦ ᠲᠣᠭᠲᠠᠭᠠᠵᠠᠢ᠂ ᠰᠤᠷᠭᠠᠨ | ᠬᠥᠮᠦᠵᠢᠯ ᠤᠨ ᠡᠷᠬᠡ ᠲᠡᠭᠰᠢ ᠪᠠᠶᠢᠬᠤ ᠶᠢ ᠪᠠᠲᠤᠯᠠᠵᠤ᠂ ᠡᠮᠬᠢ ᠵᠢᠷᠤᠮ ᠦᠭᠡᠢ᠂ ᠰᠣᠬᠤᠷ ᠪᠠᠯᠠᠢ ᠪᠠᠷ ᠰᠤᠷᠭᠠᠭᠤᠯᠢ | ᠰᠣᠩᠭᠤᠬᠤ ᠠᠩᠭᠢ ᠰᠣᠩᠭᠤᠬᠤ ᠦᠵᠡᠭᠳᠡᠯ ᠭᠠᠷᠬᠤ ᠶᠢ ᠰᠡᠷᠭᠡᠶᠢᠯᠡᠬᠦ ᠵᠣᠷᠢᠯᠭ᠎ᠠ ᠪᠠᠷ᠂ ᠰᠤᠷᠭᠠᠭᠤᠯᠢ ᠶᠢᠨ ᠲᠣᠭᠤᠷᠢᠭ | ᠠᠯᠤᠰᠯᠠᠨ ᠰᠣᠷᠣᠭᠴᠢ ᠡᠯᠰᠡᠬᠦ ᠶᠢ ᠵᠥᠪᠰᠢᠶᠡᠷᠡᠬᠦ ᠦᠭᠡᠢ᠃ | | | 6 | ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠣᠷᠣᠬᠤ ᠨᠢ ᠡᠷᠦᠬᠡ ᠠᠮᠠ ᠶᠢᠨ | ᠲᠠᠩᠰᠠ ᠪᠠᠶᠢᠭ᠎ᠠ ᠭᠠᠵᠠᠷ ᠲᠠᠢ ᠬᠠᠷᠢᠴᠠᠭ᠎ᠠ ᠲᠠᠢ ᠦᠦ︖ | ᠬᠠᠷᠢᠭᠤᠯᠲᠠ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ᠂ ᠪᠢᠳᠡ ︽ᠨᠢᠭᠡ ᠬᠤᠲᠠ ᠶᠢᠨ | ᠬᠠᠷᠠᠭᠠᠯᠵᠠᠯ︾ ᠢ ᠪᠦᠷᠢᠮᠦᠰᠦᠨ ᠬᠡᠷᠡᠭᠵᠢᠭᠦᠯᠦᠨ᠎ᠡ᠂ ᠥᠭᠡᠷ᠎ᠡ ᠪᠠᠷ ᠬᠡᠯᠡᠪᠡᠯ ᠲᠣᠰ ᠭᠠᠵᠠᠷ ᠤᠨ ᠡᠷᠦᠬᠡ ᠠᠮᠠ ᠶᠢᠨ | ᠲᠠᠩᠰᠠ ᠪᠠ ᠲᠣᠰ ᠭᠠᠵᠠᠷ ᠤᠨ ᠪᠤᠰᠤ ᠡᠷᠦᠬᠡ ᠠᠮᠠ ᠶᠢᠨ ᠲᠠᠩᠰᠠ ᠶᠢᠨ ᠰᠤᠷᠭᠠᠭᠤᠯᠢ ᠳᠤ ᠣᠷᠣᠬᠤ ᠲᠥᠷᠥ ᠶᠢᠨ | ᠪᠣᠳᠣᠯᠭ᠎ᠠ ᠨᠢ ᠴᠥᠮ ᠠᠳᠠᠯᠢᠬᠠᠨ ᠪᠠᠶᠢᠳᠠᠭ᠂ ᠡᠨᠡ ᠨᠢ ᠵᠥᠪᠬᠡᠨ ᠰᠣᠷᠣᠭᠴᠢ ᠶᠢᠨ ᠬᠢᠨᠠᠨ ᠬᠠᠮᠠᠭᠠᠯᠠᠭᠴᠢ ᠶᠢᠨ ᠭᠡᠷ | ᠬᠥᠷᠥᠩᠭᠡ ᠪᠠ ᠪᠣᠳᠠᠲᠠᠢ ᠣᠷᠣᠰᠢᠨ ᠰᠠᠭᠤᠵᠤ ᠪᠠᠶᠢᠭ᠎ᠠ ᠭᠠᠵᠠᠷ ᠲᠠᠢ ᠬᠤᠯᠪᠣᠭ᠎ᠠ ᠲᠠᠢ ᠶᠤᠮ᠃ | | 7 | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠤᠶᠤ ᠪᠠᠭ᠎ᠠ ᠰᠤᠷᠭᠠᠭᠤᠯᠢ ᠶᠠᠮᠠᠷ ᠨᠢᠭᠡᠨ ᠰᠤᠷᠭᠠᠭᠤᠯᠢ ᠳᠤ | ᠰᠤᠷᠤᠯᠴᠠᠬᠤ ᠳᠤ ᠶᠠᠮᠠᠷ ᠶᠠᠮᠠᠷ ᠨᠥᠬᠦᠴᠡᠯ ᠢ ᠪᠦᠷᠢᠯᠳᠦᠭᠦᠯᠬᠦ ᠴᠢᠬᠤᠯᠠᠲᠠᠢ ᠪᠣᠶ︖ | ᠬᠠᠷᠢᠭᠤᠯᠲᠠ᠄ ︽2024 ᠣᠨ ᠤ ᠠᠯᠠᠱᠠ ᠵᠡᠭᠦᠨ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ | ᠬᠡᠦᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠠᠵᠢᠯ ᠤᠨ ᠲᠥᠰᠥᠯ︾ ᠳᠤ᠂ ᠬᠡᠰᠡᠭ ᠬᠤᠪᠢᠶᠠᠨ | ᠰᠤᠷᠭᠠᠭᠤᠯᠢ ᠳᠤ ᠣᠷᠣᠬᠤ ᠨᠥᠬᠦᠴᠡᠯ ᠢ ᠬᠤᠷᠢᠶᠠᠩᠭᠤᠶᠢᠯᠠᠪᠠᠯ᠂ ᠬᠡᠦᠬᠡᠳ ᠤᠨ ᠡᠴᠢᠭᠡ ᠡᠬᠡ ᠪᠤᠶᠤ ᠬᠠᠤᠯᠢ ᠪᠠᠷ | ᠲᠣᠭᠲᠠᠭᠠᠭᠰᠠᠨ ᠬᠢᠨᠠᠨ ᠬᠠᠮᠠᠭᠠᠯᠠᠭᠴᠢ ᠶᠢᠨ ᠨᠡᠷ᠎ᠡ ᠳᠣᠣᠷᠠᠬᠢ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ | ᠦᠨᠡᠮᠯᠡᠯ ︵ ᠳᠠᠷᠤᠢ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶ ᠢ ᠠᠯᠢ ᠰᠤᠷᠭᠠᠭᠤᠯᠢ ᠶᠢᠨ | ᠰᠤᠷᠭᠠᠭᠤᠯᠢ ᠶᠢᠨ ᠲᠣᠭᠤᠷᠢᠭ ᠲᠤ ᠲᠣᠬᠢᠷᠠᠭᠤᠯᠪᠠᠯ ᠲᠡᠷᠡ ᠰᠤᠷᠭᠠᠭᠤᠯᠢ ᠳᠤ ᠰᠤᠷᠤᠯᠴᠠᠭᠤᠯᠬᠤ ᠶᠢ ᠦᠵᠡᠨ᠎ᠡ︔ | ᠭᠠᠭᠴᠠ ᠬᠦ ᠡᠴᠢᠭᠡ ᠡᠬᠡ ᠪᠤᠶᠤ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠶᠢᠨ ᠨᠡᠷ᠎ᠡ ᠳᠡᠭᠡᠷ᠎ᠡ ᠰᠠᠭᠤᠬᠤ | ᠭᠡᠷ ᠪᠠᠶᠢᠬᠤ ᠦᠭᠡᠢ ᠪᠣᠯ ᠰᠠᠶ᠋ᠢ ᠬᠠᠤᠯᠢ ᠶᠣᠰᠣᠨ ᠤ ᠲᠣᠭᠲᠠᠭᠠᠯ ᠳᠤ ᠨᠡᠶᠢᠴᠡᠭᠰᠡᠨ ᠲᠦᠷᠢᠶᠡᠰᠦᠨ ᠡᠷᠦᠬᠡ᠂ ᠭᠤᠷᠪᠠᠨ | ᠦᠶ᠎ᠡ ᠪᠠᠷ ᠢᠶᠠᠨ ᠬᠠᠮᠲᠤ ᠰᠠᠭᠤᠬᠤ᠂ ᠲᠦᠰᠢᠭᠯᠡᠨ ᠰᠠᠭᠤᠬᠤ ᠵᠡᠷᠭᠡ ᠪᠠᠶᠢᠳᠠᠯ ᠢᠶᠠᠷ ᠮᠠᠭᠠᠳᠯᠠᠨ ᠲᠣᠭᠲᠠᠭᠠᠨ᠎ᠠ᠂ | ᠡᠶᠢᠮᠦᠷᠬᠦᠦ ᠪᠠᠶᠢᠳᠠᠯ ᠢ ᠪᠠᠶᠠᠨᠬᠤᠲᠠ ᠣᠷᠣᠨ ᠳᠤ ᠭᠡᠷ ᠪᠠᠶᠢᠰᠢᠩ ᠦᠭᠡᠢ ᠭᠡᠷᠡᠴᠢ ᠬᠠᠩᠭᠠᠵᠤ ᠭᠡᠷᠡᠴᠢᠯᠡᠬᠦ ᠬᠡᠷᠡᠭᠲᠡᠢ | ᠪᠥᠭᠡᠳ ᠬᠠᠩᠭᠠᠭᠰᠠᠨ ᠮᠠᠲ᠋ᠧᠷᠢᠶᠠᠯ ᠤᠨ ᠦᠨᠡᠨ ᠪᠣᠳᠠᠲᠠᠢ ᠪᠥᠭᠡᠳ ᠬᠦᠴᠦᠨ ᠲᠠᠢ ᠪᠠᠶᠢᠬᠤ ᠶᠢ ᠠᠮᠠᠯᠠᠨ᠎ᠠ᠃ | | | | ᠠᠳᠡ ᠣᠨᠴᠠᠭᠠᠶᠢᠯᠠᠨ ᠰᠠᠨᠠᠭᠤᠯᠬᠤ ᠨᠢ᠂ ᠬᠡᠷᠪᠡ ᠰᠤᠷᠭᠠᠭᠤᠯᠢ ᠳᠤ ᠣᠷᠣᠬᠤ ᠬᠤᠳᠠᠯ ᠬᠠᠭᠤᠷᠮᠠᠭ ᠭᠡᠷᠡᠴᠢ | ᠮᠠᠲ᠋ᠧᠷᠢᠶᠠᠯ ᠬᠠᠩᠭᠠᠪᠠᠯ᠂ ᠪᠢᠳᠡ ᠲᠣᠭᠲᠠᠭᠠᠯ ᠠᠴᠠ ᠵᠥᠷᠢᠴᠡᠭᠰᠡᠨ ᠪᠠᠶᠢᠳᠠᠯ ᠢ ᠭᠡᠷ ᠤᠨ ᠠᠬᠠᠮᠠᠳ ᠤᠨ ᠪᠠᠶᠢᠭ᠎ᠠ | ᠨᠢᠭᠡᠴᠢ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠠᠷᠢᠭᠤ ᠲᠤᠰᠬᠠᠵᠤ᠂ ᠡᠭᠦᠨ ᠠᠴᠠ ᠪᠣᠯᠤᠭᠰᠠᠨ ᠠᠯᠢᠪᠠ | ᠦᠷ᠎ᠡ ᠳ᠋ᠦᠩ ᠢ ᠭᠡᠷ ᠤᠨ ᠠᠬᠠᠮᠠᠳ ᠡᠭᠦᠷᠭᠡᠯᠡᠨ᠎ᠡ᠃ | | 8 | ᠪᠠᠶᠠᠨᠬᠤᠲᠠ ᠣᠷᠣᠨ ᠳᠤ ᠣᠷᠣᠨ ᠰᠠᠭᠤᠴᠠ ᠦᠭᠡᠢ ᠪᠣᠯ ︽ᠭᠡᠷ ᠪᠠᠶᠢᠰᠢᠩ ᠦᠭᠡᠢ ᠭᠡᠷᠡᠴᠢ︾ ᠲᠤᠰᠢᠶᠠᠬᠤ | ᠬᠡᠷᠡᠭᠲᠡᠢ᠂ ᠡᠨᠡ ᠭᠡᠷᠡᠴᠢ ᠶᠢ ᠬᠠᠮᠢᠭ᠎ᠠ ᠠᠴᠠ ᠭᠠᠷᠭᠠᠬᠤ ᠪᠣᠶ︖ | ᠬᠠᠷᠢᠭᠤᠯᠲᠠ᠄ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ | ᠲᠢᠩᠬᠢᠮ ᠤᠨ 3 ᠳ᠋ᠤᠭᠠᠷ ᠳᠠᠪᠬᠤᠷᠯᠢᠭ ᠤᠨ ᠥᠯᠥ ᠬᠥᠳᠡᠯᠬᠦ ᠬᠥᠷᠥᠩᠭᠡ ᠶᠢᠨ ᠦᠢᠯᠡᠴᠢᠯᠡᠭᠡᠨ ᠤ ᠲᠥᠪ ᠤᠨ 12᠂ | 13 ᠳ᠋ᠤᠭᠠᠷ ᠴᠣᠩᠬᠤᠪᠴᠢ ᠪᠠᠷ ᠪᠠᠶᠢᠴᠠᠭᠠᠨ ᠯᠠᠪᠯᠠᠬᠤ ᠪᠤᠶᠤ ᠳᠠᠷᠤᠮᠠᠯᠯᠠᠵᠤ ᠪᠣᠯᠣᠨ᠎ᠠ᠂ ᠬᠦᠴᠦᠨ ᠲᠠᠢ ᠬᠤᠭᠤᠴᠠᠭ᠎ᠠ | ᠨᠢ 3 ᠡᠳᠦᠷ᠂ ᠨᠡᠷ᠎ᠡ ᠮᠡᠳᠡᠭᠦᠯᠬᠦ ᠠᠴᠠ 3 ᠡᠳᠦᠷ ᠤᠨ ᠡᠮᠦᠨ᠎ᠡ ᠣᠴᠢᠵᠤ ᠪᠢᠴᠢᠪᠡᠯ ᠪᠣᠯᠴᠢᠬᠠᠨ᠎ᠠ᠃ | | | 9 | ᠭᠡᠷ ᠤᠨ ᠠᠬᠠᠮᠠᠳ ᠠᠵᠢᠯ ᠶᠠᠭᠠᠷᠠᠤ ᠪᠣᠯᠬᠤᠷ ᠦᠳᠡ ᠳᠤ ᠬᠡᠦᠬᠡᠳ ᠢᠶᠠᠨ ᠬᠠᠷᠠᠭᠠᠯᠵᠠᠵᠤ ᠳᠡᠶᠢᠯᠬᠦ ᠦᠭᠡᠢ ᠪᠣᠯ | ᠶᠠᠭᠠᠬᠢᠬᠤ ᠪᠣᠢ︖ | ᠬᠠᠷᠢᠭᠤᠯᠲᠠ ᠡᠶᠢᠮᠦ ᠪᠠᠶᠢᠳᠠᠯ ᠲᠠᠢ ᠭᠡᠷ ᠤᠨ ᠠᠬᠠᠮᠠᠳ ᠤᠨ ᠰᠠᠨᠠᠭᠠᠰᠢᠷᠠᠯ ᠢ ᠰᠢᠢᠳᠪᠦᠷᠢᠯᠡᠬᠦ ᠵᠣᠷᠢᠯᠭ᠎ᠠ ᠪᠠᠷ᠂ | ᠡᠨᠡ ᠵᠢᠯ ᠪᠢᠳᠡ ᠪᠠᠶᠠᠨᠬᠤᠲᠠ ᠣᠷᠣᠨ ᠤ ᠪᠠᠶᠢᠷᠢ ᠳᠤ ᠰᠠᠭᠤᠬᠤ ᠳᠦᠷᠢᠮᠲᠦ ᠳᠤᠮᠳᠠᠳᠤ᠂ ᠪᠠᠭ᠎ᠠ ᠰᠤᠷᠭᠠᠭᠤᠯᠢ᠂ | ᠥᠭᠡᠷ᠎ᠡ ᠪᠠᠷ ᠬᠡᠯᠡᠪᠡᠯ ᠠᠯᠠᠱᠠ ᠵᠡᠭᠦᠨ ᠬᠤᠰᠢᠭᠤᠨ ᠤ ᠨᠠᠢᠮᠠᠳᠤᠭᠠᠷ ᠳᠤᠮᠳᠠᠳᠤ ᠰᠤᠷᠭᠠᠭᠤᠯᠢ ᠪᠣᠯᠣᠨ ᠠᠯᠠᠱᠠ ᠵᠡᠭᠦᠨ | ᠬᠤᠰᠢᠭᠤᠨ ᠤ ᠲᠠᠪᠤᠳᠤᠭᠠᠷ ᠪᠠᠭ᠎ᠠ ᠰᠤᠷᠭᠠᠭᠤᠯᠢ ᠳᠤ ᠦᠳᠡ ᠶᠢᠨ ᠠᠮᠠᠷᠠᠯᠲᠠ ᠶᠢᠨ ᠦᠢᠯᠡᠴᠢᠯᠡᠭᠡ ᠬᠠᠩᠭᠠᠬᠤ ᠶᠢ | ᠱᠠᠭᠠᠷᠳᠠᠨ᠎ᠠ᠂ ᠭᠡᠷ ᠤᠨ ᠠᠬᠠᠮᠠᠳ ᠨᠠᠶᠢᠵᠠ ᠨᠥᠬᠦᠳ ᠰᠤᠷᠭᠠᠭᠤᠯᠢ ᠶᠢᠨ ᠲᠣᠭᠤᠷᠢᠭ ᠤᠨ ᠬᠢᠵᠠᠭᠠᠷᠯᠠᠯ ᠢ ᠬᠦᠯᠢᠶᠡᠬᠦ | ᠦᠭᠡᠢ ᠪᠠᠷ ᠡᠨᠡ ᠬᠤᠶᠠᠷ ᠰᠤᠷᠭᠠᠭᠤᠯᠢ ᠶᠢ ᠰᠣᠩᠭᠤᠵᠤ ᠰᠤᠷᠤᠯᠴᠠᠭᠤᠯᠵᠤ ᠪᠣᠯᠣᠨ᠎ᠠ᠃ | | | 10 | ᠡᠨᠡ ᠵᠢᠯ ᠶᠠᠭᠤᠨ ᠳᠤ ᠶᠢᠰᠦᠳᠦᠭᠡᠷ ᠪᠠᠭ᠎ᠠ ᠰᠤᠷᠭᠠᠭᠤᠯᠢ᠂ ᠲᠤᠷᠰᠢᠯᠲᠠ ᠶᠢᠨ ᠬᠤᠶᠠᠳᠤᠭᠠᠷ ᠪᠠᠭ᠎ᠠ | ᠰᠤᠷᠭᠠᠭᠤᠯᠢ᠂ ᠵᠢᠷᠭᠤᠳᠤᠭᠠᠷ ᠪᠠᠭ᠎ᠠ ᠰᠤᠷᠭᠠᠭᠤᠯᠢ᠂ ᠨᠠᠢᠮᠠᠳᠤᠭᠠᠷ ᠪᠠᠭ᠎ᠠ ᠰᠤᠷᠭᠠᠭᠤᠯᠢ ᠶᠢᠨ ᠲᠣᠭᠤᠷᠢᠭ ᠤᠨ | ᠰᠤᠷᠤᠭᠴᠢᠳ ᠪᠤᠰᠤᠳ ᠬᠡᠳᠦᠨ ᠪᠠᠭ᠎ᠠ ᠰᠤᠷᠭᠠᠭᠤᠯᠢ ᠳᠤ ᠰᠤᠷᠤᠯᠴᠠᠬᠤ ᠪᠠᠷ ᠭᠤᠶᠤᠴᠢᠯᠠᠵᠤ ᠪᠣᠯᠣᠨ᠎ᠠ ᠭᠡᠵᠦ | ᠲᠣᠭᠲᠠᠭᠠᠭᠰᠠᠨ ᠪᠤᠢ︖ | ᠬᠠᠷᠢᠭᠤᠯᠲᠠ᠄ ᠡᠨᠡ ᠨᠢ ᠡᠮᠦᠨᠡᠬᠢ ᠬᠤᠭᠤᠴᠠᠭᠠᠨ ᠳᠤ ᠡᠯ᠎ᠡ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ | ᠲᠣᠭᠤᠷᠢᠭ ᠤᠨ ᠬᠡᠪᠴᠢᠶᠡᠨ ᠳᠠᠬᠢ ᠰᠤᠷᠬᠤ ᠨᠠᠰᠤᠨ ᠤ ᠰᠤᠷᠤᠭᠴᠢᠳ ᠤᠨ ᠲᠠᠷᠬᠠᠯᠲᠠ ᠶᠢᠨ ᠪᠠᠶᠢᠳᠠᠯ ᠢ | ᠣᠶᠢᠯᠠᠭᠠᠭᠰᠠᠨ ᠪᠠᠶᠢᠳᠠᠯ ᠠᠴᠠ ᠦᠵᠡᠪᠡᠯ᠂ ᠶᠢᠰᠦᠳᠦᠭᠡᠷ ᠪᠠᠭ᠎ᠠ ᠰᠤᠷᠭᠠᠭᠤᠯᠢ᠂ ᠲᠤᠷᠰᠢᠯᠲᠠ ᠶᠢᠨ ᠬᠤᠶᠠᠳᠤᠭᠠᠷ | ᠪᠠᠭ᠎ᠠ ᠰᠤᠷᠭᠠᠭᠤᠯᠢ᠂ ᠵᠢᠷᠭᠤᠳᠤᠭᠠᠷ ᠪᠠᠭ᠎ᠠ ᠰᠤᠷᠭᠠᠭᠤᠯᠢ᠂ ᠨᠠᠢᠮᠠᠳᠤᠭᠠᠷ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ | ᠳᠣᠲᠣᠷᠠᠬᠢ ᠰᠤᠷᠬᠤ ᠨᠠᠰᠤᠨ ᠤ ᠰᠤᠷᠤᠭᠴᠢ ᠶᠢᠨ ᠲᠤᠭ᠎ᠠ ᠨᠢ ᠡᠨᠡ ᠬᠡᠳᠦᠨ ᠰᠤᠷᠭᠠᠭᠤᠯᠢ ᠶᠢᠨ ᠰᠤᠷᠤᠭᠴᠢ | ᠡᠯᠰᠡᠬᠦ ᠪᠠᠷ ᠲᠥᠯᠥᠪᠯᠡᠵᠦ ᠪᠠᠶᠢᠭ᠎ᠠ ᠠᠩᠭᠢ ᠶᠢᠨ ᠲᠤᠭ᠎ᠠ ᠠᠴᠠ ᠳᠠᠪᠠᠭᠰᠠᠨ ᠪᠠᠶᠢᠨ᠎ᠠ᠃ ᠭᠡᠲᠡᠯ᠎ᠡ ᠪᠠᠷᠠᠭᠤᠨ ᠬᠤᠲᠠ | ᠲᠣᠭᠤᠷᠢᠭ ᠤᠨ ᠲᠤᠷᠰᠢᠯᠲᠠ ᠶᠢᠨ ᠪᠠᠭ᠎ᠠ ᠰᠤᠷᠭᠠᠭᠤᠯᠢ᠂ ᠢ ᠹᠦ᠋ ᠰᠤᠷᠭᠠᠭᠤᠯᠢ ᠳᠠᠭᠠᠨ ᠪᠤᠴᠠᠵᠤ᠂ ᠲᠠᠪᠤᠳᠤᠭᠠᠷ | ᠪᠠᠭ᠎ᠠ ᠰᠤᠷᠭᠠᠭᠤᠯᠢ᠂ ᠮᠢᠩ ᠳ᠋ᠧ ᠪᠠᠭ᠎ᠠ ᠰᠤᠷᠭᠠᠭᠤᠯᠢ᠂ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ | ᠰᠤᠷᠭᠠᠭᠤᠯᠢ᠂ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠳᠠᠬᠢ ᠰᠤᠷᠭᠠᠭᠤᠯᠢ ᠳᠤ | ᠣᠷᠣᠬᠤ ᠨᠠᠰᠤᠨ ᠤ ᠰᠤᠷᠤᠭᠴᠢᠳ ᠰᠤᠷᠭᠠᠭᠤᠯᠢ ᠶᠢᠨ ᠰᠤᠷᠤᠭᠴᠢ ᠡᠯᠰᠡᠬᠦ ᠲᠥᠯᠥᠪᠯᠡᠭᠡ ᠳᠤ ᠬᠦᠷᠴᠦ ᠴᠢᠳᠠᠭᠰᠠᠨ | ᠦᠭᠡᠢ᠃ ᠡᠶᠢᠮᠦ ᠠᠴᠠ ᠡᠶᠢᠮᠦᠷᠬᠦ ᠨᠢᠭᠡᠳᠦᠯᠲᠡᠢ ᠲᠥᠯᠥᠪᠯᠡᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠶᠢᠰᠦᠳᠦᠭᠡᠷ | ᠪᠠᠭ᠎ᠠ ᠰᠤᠷᠭᠠᠭᠤᠯᠢ᠂ ᠲᠤᠷᠰᠢᠯᠲᠠ ᠶᠢᠨ ᠬᠤᠶᠠᠳᠤᠭᠠᠷ ᠪᠠᠭ᠎ᠠ ᠰᠤᠷᠭᠠᠭᠤᠯᠢ᠂ ᠵᠢᠷᠭᠤᠳᠤᠭᠠᠷ ᠪᠠᠭ᠎ᠠ ᠰᠤᠷᠭᠠᠭᠤᠯᠢ᠂ | ᠨᠠᠢᠮᠠᠳᠤᠭᠠᠷ ᠰᠤᠷᠭᠠᠭᠤᠯᠢ ᠶᠢᠨ ᠲᠣᠭᠤᠷᠢᠭ ᠤᠨ ᠨᠥᠬᠦᠴᠡᠯ ᠳᠤ ᠨᠡᠶᠢᠴᠡᠬᠦ ᠰᠣᠷᠣᠭᠴᠢ ᠨᠠᠰᠤᠲᠠᠨ ᠬᠡᠦᠬᠡᠳ ᠢᠶᠠᠨ | ᠬᠠᠷᠠᠵᠤ ᠬᠠᠷᠠᠭᠠᠯᠵᠠᠬᠤ ᠪᠤᠶᠤ ᠭᠡᠷ ᠤᠨ ᠠᠬᠠᠮᠠᠳ ᠤᠨ ᠠᠵᠢᠯ ᠳᠤ ᠭᠠᠷᠬᠤ ᠪᠠ ᠠᠵᠢᠯ ᠠᠴᠠ ᠪᠠᠭᠤᠬᠤ ᠳᠤ ᠲᠣᠰᠴᠤ | ᠬᠦᠷᠭᠡᠬᠦ ᠳᠤ ᠲᠥᠬᠦᠮ ᠵᠡᠷᠭᠡ ᠰᠢᠯᠲᠠᠭᠠᠨ ᠠᠴᠠ ᠪᠣᠯᠵᠤ ᠳᠡᠭᠡᠷᠡᠬᠢ 6 ᠪᠠᠭ᠎ᠠ ᠰᠤᠷᠭᠠᠭᠤᠯᠢ ᠳᠤ ᠰᠤᠷᠤᠯᠴᠠᠬᠤ ᠪᠠᠷ | ᠭᠤᠶᠤᠴᠢᠯᠠᠵᠤ ᠪᠣᠯᠣᠨ᠎ᠠ᠂ ᠭᠡᠪᠡᠴᠦ ᠵᠥᠪᠬᠡᠨ ᠡᠨᠡ 6 ᠰᠤᠷᠭᠠᠭᠤᠯᠢ ᠳᠤ ᠯᠠ ᠬᠢᠵᠠᠭᠠᠷᠯᠠᠭᠳᠠᠨ᠎ᠠ᠃ | | | 11 | ᠴᠠᠬᠢᠮ ᠰᠦᠯᠵᠢᠶ᠎ᠡ +ᠨᠡᠷ᠎ᠡ ᠮᠡᠳᠡᠭᠦᠯᠬᠦ ᠳᠤ ᠶᠠᠮᠠᠷ ᠶᠠᠮᠠᠷ ᠵᠦᠢᠯᠡᠰ ᠢ ᠠᠩᠬᠠᠷᠬᠤ ᠬᠡᠷᠡᠭᠲᠡᠢ ᠪᠣᠶ︖ | ᠬᠠᠷᠢᠭᠤᠯᠲᠠ᠄ ᠣᠳᠣᠬᠠᠨ ᠳᠤ᠂ ᠴᠠᠬᠢᠮ ᠰᠦᠯᠵᠢᠶ᠎ᠡ +ᠰᠤᠷᠭᠠᠭᠤᠯᠢ ᠳᠤ ᠣᠷᠣᠬᠤ ᠪᠠᠷ ᠨᠡᠷ᠎ᠡ ᠮᠡᠳᠡᠭᠦᠯᠬᠦ | ᠨᠢ ᠵᠥᠪᠬᠡᠨ ᠬᠡᠦᠬᠡᠳ ᠤᠨ ᠴᠡᠴᠡᠷᠯᠢᠭ ᠤᠨ ᠪᠠᠭ᠎ᠠ ᠠᠩᠭᠢ᠂ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ᠂ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠣᠯᠣᠳᠤᠭᠠᠷ ᠣᠨ ᠤ ᠰᠢᠨ᠎ᠡ ᠰᠣᠷᠣᠭᠴᠢ ᠶᠢᠨ ᠬᠠᠮᠲᠤᠯᠢᠭ ᠲᠤ | ᠴᠢᠭᠯᠡᠭᠦᠯᠵᠦ ᠪᠠᠶᠢᠨ᠎ᠠ᠃ ᠨᠡᠷ᠎ᠡ ᠮᠡᠳᠡᠭᠦᠯᠬᠦ ᠳᠤ ᠲᠣᠭᠲᠠᠭᠰᠠᠨ ᠴᠠᠭ᠂ ᠭᠠᠷ ᠤᠲᠠᠰᠤᠨ ᠤ ᠴᠠᠬᠢᠮ ᠲᠠᠪᠴᠠᠩ ᠪᠤᠶᠤ | ᠺᠣᠮᠫᠢᠦ᠋ᠲ᠋ᠧᠷ ᠤᠨ ᠴᠠᠬᠢᠮ ᠲᠠᠪᠴᠠᠩ ᠤᠨ ᠫᠷᠣᠭ᠍ᠷᠠᠮ ᠢ ᠪᠦᠷ ᠬᠡᠷᠡᠭᠯᠡᠵᠦ ᠪᠣᠯᠣᠨ᠎ᠠ᠂ ᠨᠠᠷᠢᠨ ᠲᠣᠳᠣᠷᠬᠠᠢ ᠠᠷᠭ᠎ᠠ ᠪᠠ | ᠬᠠᠶ᠋ᠢᠭ ᠤᠨ ᠲᠠᠯ᠎ᠠ ᠪᠠᠷ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠸᠢᠴᠠᠲ ᠤᠨ | ᠴᠠᠬᠢᠮ ᠲᠠᠪᠴᠠᠩ ᠳᠡᠭᠡᠷᠡᠬᠢ ︽2024 ᠣᠨ ᠤ ᠠᠯᠠᠱᠠ ᠵᠡᠭᠦᠨ ᠬᠤᠰᠢᠭᠤᠨ ᠤ ᠳᠤᠮᠳᠠᠳᠤ ᠪᠠᠭ᠎ᠠ | ᠰᠤᠷᠭᠠᠭᠤᠯᠢ ᠶᠢᠨ ᠬᠡᠦᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠲᠥᠰᠥᠯ︾ ᠢ ᠯᠠᠪᠯᠠᠵᠤ ᠦᠵᠡᠭᠡᠷᠡᠢ᠃ ᠰᠢᠨ᠎ᠡ | ᠰᠣᠷᠣᠭᠴᠢ ᠶᠢᠨ ᠭᠡᠷ ᠤᠨ ᠠᠬᠠᠮᠠᠳ ︽ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ︾ ᠶᠢᠨ ᠸᠢᠴᠠᠲ ᠤᠨ ᠣᠯᠠᠨ ᠴᠠᠬᠢᠮ ᠲᠠᠪᠴᠠᠩ ᠳᠤ ᠴᠠᠭ ᠲᠤᠬᠠᠢ ᠳᠤᠨᠢ ᠠᠩᠬᠠᠷᠤᠯ ᠲᠠᠯᠪᠢᠵᠤ᠂ | ᠴᠠᠬᠢᠮ ᠰᠦᠯᠵᠢᠶ᠎ᠡ +ᠨᠡᠷ᠎ᠡ ᠮᠡᠳᠡᠭᠦᠯᠬᠦ ᠰᠦᠯᠵᠢᠶᠡᠨ ᠬᠠᠶ᠋ᠢᠭ ᠨᠢ ᠬᠤᠪᠢᠷᠠᠯᠲᠠ ᠲᠠᠢ ᠪᠣᠯᠪᠠᠯ᠂ ᠲᠡᠷᠡ ᠦᠶ᠎ᠡ ᠳᠤ | ᠸᠢᠴᠠᠲ ᠤᠨ ᠴᠠᠬᠢᠮ ᠲᠠᠪᠴᠠᠩ ᠢᠶᠠᠷ ᠳᠠᠮᠵᠢᠭᠤᠯᠤᠨ ᠰᠦᠯᠵᠢᠶᠡᠨ ᠤ ᠬᠠᠶ᠋ᠢᠭ ᠢ ᠬᠤᠪᠢᠷᠠᠭᠤᠯᠬᠤ ᠠᠯᠪᠠᠨ ᠵᠠᠷ | ᠨᠡᠶᠢᠲᠡᠯᠡᠬᠦ ᠶᠢ ᠬᠦᠰᠡᠵᠦ ᠪᠠᠶᠢᠨ᠎ᠠ᠃ ᠠᠩᠬᠠᠨ ᠤ ᠣᠨ ᠤ ᠪᠤᠰᠤ ᠰᠤᠷᠭᠠᠭᠤᠯᠢ ᠰᠢᠯᠵᠢᠬᠦ ᠰᠤᠷᠤᠭᠴᠢᠳ ᠬᠠᠰᠢ ᠯᠠ | ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠰᠠᠭᠤᠷᠢ ᠰᠤᠷᠭᠠᠨ | ᠬᠥᠮᠦᠵᠢᠯ ᠤᠨ ᠲᠠᠰᠤᠭ ︵ 601︶ ᠲᠤ ᠬᠦᠷᠴᠦ ᠰᠦᠯᠵᠢᠶᠡᠨ ᠭᠠᠳᠠᠨ᠎ᠠ ᠭᠦᠢᠴᠡᠳᠬᠡᠨ᠎ᠡ᠃ | | ᠴᠠᠬᠢᠮ ᠰᠦᠯᠵᠢᠶ᠎ᠡ +ᠨᠡᠷ᠎ᠡ ᠮᠡᠳᠡᠭᠦᠯᠬᠦ ᠳᠤ ᠠᠩᠬᠠᠷᠬᠤ ᠬᠡᠷᠡᠭᠲᠡᠢ᠄ ᠨᠢᠭᠡ ᠳᠤ᠂ ᠨᠡᠷ᠎ᠡ ᠮᠡᠳᠡᠭᠦᠯᠬᠦ | ᠵᠢᠷᠤᠮ ᠤᠨ ᠰᠣᠩᠭᠤᠯᠲᠠ ᠶᠢ ᠲᠣᠳᠣᠷᠬᠠᠢ ᠦᠵᠡᠵᠦ᠂ ᠥᠪᠡᠷ ᠤᠨ ᠪᠣᠳᠠᠲᠠᠢ ᠪᠠᠶᠢᠳᠠᠯ ᠢᠶᠠᠨ ᠦᠨᠳᠦᠰᠦᠯᠡᠨ | ᠵᠢᠷᠤᠮ ᠤᠨ ᠵᠠᠮ ᠢ ᠵᠥᠪ ᠰᠣᠩᠭᠤᠬᠤ ᠬᠡᠷᠡᠭᠲᠡᠢ︔ ᠬᠤᠶᠠᠷ ᠲᠤ᠂ ᠬᠤᠯᠪᠣᠭᠳᠠᠬᠤ ᠮᠡᠳᠡᠭᠡ ᠵᠠᠩᠭᠢ ᠶᠢ ᠦᠨᠡᠨ | ᠪᠣᠳᠠᠲᠠᠢ ᠪᠠᠷ᠂ ᠣᠨᠣᠪᠴᠢᠲᠠᠶ ᠲᠠᠭᠯᠠᠨ ᠪᠢᠴᠢᠬᠦ ᠬᠡᠷᠡᠭᠲᠡᠢ᠂ ᠢᠯᠠᠩᠭᠤᠶ᠎ᠠ ᠰᠣᠷᠣᠭᠴᠢ ᠶᠢᠨ ᠣᠪᠣᠭ ᠨᠡᠷ᠎ᠡ᠂ ᠣᠷᠣᠨ | ᠰᠠᠭᠤᠴᠠ ᠶᠢᠨ ᠬᠠᠶ᠋ᠢᠭ ᠤᠨ ᠮᠡᠳᠡᠭᠡ ᠵᠠᠩᠭᠢ ᠨᠢ ᠡᠷᠬᠡᠪᠰᠢ ᠵᠥᠪ ᠣᠨᠣᠪᠴᠢᠲᠠᠶ ᠪᠠᠶᠢᠬᠤ ᠬᠡᠷᠡᠭᠲᠡᠢ︔ ᠭᠤᠷᠪᠠ ᠳᠤ᠂ | ᠳᠡᠭᠡᠭᠰᠢ ᠳᠠᠮᠵᠢᠭᠤᠯᠤᠭᠰᠠᠨ ᠭᠡᠷᠡᠴᠢᠯᠡᠬᠦ ᠮᠠᠲ᠋ᠧᠷᠢᠶᠠᠯ ᠢ ᠠᠯᠢ ᠴᠢᠳᠠᠬᠤ ᠪᠠᠷ ᠲᠣᠳᠣᠷᠬᠠᠢ ᠰᠢᠭ᠋ ᠰᠡᠭᠦᠳᠡᠷᠯᠡᠵᠦ᠂ | ᠪᠢᠳᠡᠨ ᠤ ᠴᠠᠬᠢᠮ ᠰᠦᠯᠵᠢᠶ᠎ᠡ +ᠬᠢᠨᠠᠨ ᠬᠠᠷᠭᠤᠭᠤᠯᠬᠤ ᠳᠤ ᠲᠦᠭᠦᠮ ᠪᠣᠯᠭᠠᠬᠤ ᠬᠡᠷᠡᠭᠲᠡᠢ᠃ | | | 12 | ᠬᠡᠷᠪᠡ ᠴᠠᠬᠢᠮ ᠰᠦᠯᠵᠢᠶ᠎ᠡ +ᠨᠡᠷ᠎ᠡ ᠮᠡᠳᠡᠭᠦᠯᠦᠭᠡᠳ ᠬᠢᠷᠢ ᠲᠡᠩᠴᠡᠭᠰᠡᠨ ᠦᠭᠡᠢ ᠪᠣᠯ ᠶᠠᠭᠠᠬᠢᠬᠤ ᠪᠤᠶ︖ | ᠬᠠᠷᠢᠭᠤᠯᠲᠠ᠄ ᠴᠠᠬᠢᠮ ᠰᠦᠯᠵᠢᠶ᠎ᠡ +ᠨᠡᠷ᠎ᠡ ᠮᠡᠳᠡᠭᠦᠯᠦᠭᠡᠳ ᠠᠮᠵᠢᠯᠲᠠ ᠣᠯᠣᠭᠰᠠᠨ ᠤ ᠳᠠᠷᠠᠭ᠎ᠠ᠂ | ᠰᠢᠰᠲ᠋ᠧᠮ ᠠᠴᠠ ᠭᠡᠷ ᠤᠨ ᠠᠬᠠᠮᠠᠳ ᠤᠨ ᠦᠯᠡᠳᠡᠭᠡᠭᠰᠡᠨ ᠤᠲᠠᠰᠤᠨ ᠨᠣᠮᠧᠷ ᠲᠤ ᠨᠡᠷ᠎ᠡ ᠮᠡᠳᠡᠭᠦᠯᠦᠭᠡᠳ ᠠᠮᠵᠢᠯᠲᠠ | ᠣᠯᠣᠭᠰᠠᠨ ᠮᠡᠳᠡᠭᠡ ᠵᠠᠩᠭᠢ ᠶᠠᠪᠤᠭᠤᠯᠬᠤ ᠶᠢᠨ ᠬᠠᠮᠲᠤ ︽ᠰᠤᠷᠭᠠᠭᠤᠯᠢ ᠳᠤ ᠣᠷᠣᠬᠤ ᠮᠡᠳᠡᠭᠳᠡᠯ ᠤᠨ ᠬᠠᠭᠤᠳᠠᠰᠤ︾ | ᠶᠢ ᠳᠠᠷᠤᠮᠠᠯᠯᠠᠭᠠᠳ ᠲᠣᠭᠲᠠᠭᠰᠠᠨ ᠴᠠᠭ ᠲᠤ ᠬᠠᠷᠠᠭᠠᠯᠵᠠᠭᠰᠠᠨ ᠰᠤᠷᠭᠠᠭᠤᠯᠢ ᠳᠤ ᠬᠦᠷᠴᠦ ᠰᠤᠷᠭᠠᠭᠤᠯᠢ ᠳᠤ | ᠣᠷᠣᠬᠤ ᠳᠠᠩᠰᠠᠯᠠᠯᠲᠠ ᠬᠢᠬᠦ ᠶᠢ ᠰᠠᠨᠠᠭᠤᠯᠳᠠᠭ᠃ ᠬᠡᠷᠪᠡ ᠠᠮᠵᠢᠯᠲᠠ ᠲᠠᠢ ᠠᠵᠢᠯᠯᠠᠵᠤ ᠳᠡᠶᠢᠯᠬᠦ ᠦᠭᠡᠢ ᠪᠣᠯ ᠠᠯᠠᠱᠠ | ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠰᠣᠷᠣᠭᠴᠢ ᠡᠯᠰᠡᠬᠦ | ᠯᠠᠪᠯᠠᠭ᠎ᠠ ᠪᠠ ᠦᠢᠯᠡᠴᠢᠯᠡᠭᠡᠨ ᠤ ᠤᠲᠠᠰᠤ 8222009 ᠶᠢ ᠤᠲᠠᠰᠤᠳᠠᠭᠠᠷᠠᠢ᠂ ᠭᠡᠷ ᠤᠨ ᠠᠬᠠᠮᠠᠳ ᠨᠠᠶᠢᠵᠠ ᠨᠠᠷ | ᠮᠥᠨ ᠯᠡ ᠰᠢᠢᠳᠪᠦᠷᠢᠯᠡᠵᠦ ᠳᠡᠶᠢᠯᠬᠦ ᠦᠭᠡᠢ ᠪᠣᠯ ᠰᠠᠨᠳᠤᠷᠤᠭᠰᠠᠨ ᠤ ᠬᠡᠷᠡᠭ ᠦᠭᠡᠢ᠂ ︽ᠰᠣᠷᠣᠭᠴᠢ ᠡᠯᠰᠡᠬᠦ | ᠲᠥᠰᠥᠯ︾ ᠳᠤ ᠲᠣᠭᠲᠠᠭᠠᠭᠰᠠᠨ ᠴᠠᠭ ᠪᠠ ᠭᠠᠵᠠᠷ ᠲᠤ ᠰᠦᠯᠵᠢᠶᠡᠨ ᠠᠴᠠ ᠭᠠᠳᠠᠭᠤᠷ ᠭᠠᠷ ᠭᠦᠢᠴᠡᠳᠬᠡᠯ ᠬᠢᠵᠦ | ᠪᠣᠯᠣᠨ᠎ᠠ᠃ | | | 13 | ︽ᠨᠡᠷᠡᠨ ᠤ ᠭᠡᠷᠡᠯ ᠢᠶᠠᠷ ᠠᠩᠭᠢ ᠬᠤᠪᠢᠶᠠᠬᠤ︾ ᠨᠢ ᠦᠨᠡᠬᠡᠷ ︽ᠨᠡᠷᠡᠨ ᠤ ᠭᠡᠷᠡᠯ︾ ᠮᠥᠨ ᠦᠦ︖ | ᠬᠠᠷᠢᠭᠤᠯᠲᠠ᠄ ᠡᠮᠬᠢ ᠵᠢᠷᠤᠮ ᠦᠭᠡᠢ ᠪᠠᠷ ᠠᠩᠭᠢ ᠰᠣᠩᠭᠤᠬᠤ᠂ ᠡᠷᠬᠡ ᠲᠡᠭᠰᠢ ᠪᠠᠷ ᠰᠤᠷᠤᠭᠴᠢ ᠡᠯᠰᠡᠬᠦ ᠪᠠ | ᠰᠤᠷᠭᠠᠭᠤᠯᠢ ᠳᠤ ᠣᠷᠣᠬᠤ ᠡᠮᠬᠢ ᠳᠢᠭᠯᠢᠮ ᠢ ᠰᠠᠮᠠᠭᠤᠷᠠᠭᠤᠯᠬᠤ ᠦᠵᠡᠭᠳᠡᠯ ᠭᠠᠷᠬᠤ ᠠᠴᠠ ᠰᠡᠷᠭᠡᠶᠢᠯᠡᠬᠦ ᠵᠣᠷᠢᠯᠭ᠎ᠠ ᠪᠠᠷ | ᠂ 2021 ᠣᠨ ᠠᠴᠠ ᠡᠬᠢᠯᠡᠨ᠂ ᠠᠯᠠᠱᠠ ᠵᠡᠭᠦᠨ ᠬᠤᠰᠢᠭᠤᠨ ᠤ ᠬᠢᠨ ︽ᠰᠣᠷᠣᠭᠴᠢ ᠶᠢ ᠢᠯᠡ ᠪᠠᠷ ᠠᠩᠭᠢ | ᠬᠤᠪᠢᠶᠠᠬᠤ︾ ︽ᠪᠠᠭᠰᠢ ᠶᠢ ᠢᠯᠡ ᠪᠠᠷ ᠠᠩᠭᠢ ᠲᠣᠬᠢᠷᠠᠭᠤᠯᠬᠤ︾ ︽ᠠᠩᠭᠢ ᠶᠢᠨ ᠡᠷᠬᠢᠯᠡᠭᠴᠢ ᠶᠢ ᠢᠯᠡ ᠪᠠᠷ | ᠠᠩᠭᠢ ᠲᠣᠭᠲᠠᠭᠠᠬᠤ︾ ᠵᠢᠷᠤᠮ ᠢᠶᠠᠷ ᠰᠣᠷᠣᠭᠴᠢ ᠶᠢ ᠢᠯᠡ ᠪᠠᠷ ᠠᠩᠭᠢ ᠬᠤᠪᠢᠶᠠᠬᠤ ᠪᠣᠯᠣᠨ᠎ᠠ᠂ ︽ᠠᠩᠭᠢ ᠶᠢᠨ | ᠡᠷᠬᠢᠯᠡᠭᠴᠢ ᠶᠢ ᠢᠯᠡ ᠪᠠᠷ ᠠᠩᠭᠢ ᠲᠣᠭᠲᠠᠭᠠᠬᠤ︾ ᠵᠠᠩᠭᠢᠯᠠᠭ᠎ᠠ ᠳᠤ ᠪᠢᠳᠡ ᠢᠯᠡ ᠪᠠᠷ ︽ᠠᠩᠭᠢ ᠲᠣᠭᠲᠠᠭᠠᠬᠤ︾ | ᠶᠣᠰᠣᠯᠠᠯ ᠢ ᠵᠣᠬᠢᠶᠠᠨ ᠪᠠᠶᠢᠭᠤᠯᠵᠤ᠂ ᠥᠷᠭᠡᠨ ᠣᠯᠠᠨ ᠭᠡᠷ ᠤᠨ ᠠᠬᠠᠮᠠᠳ ᠪᠠ ᠨᠡᠶᠢᠭᠡᠮ ᠤᠨ ᠬᠢᠨᠠᠯᠲᠠ ᠶᠢ ᠬᠦᠯᠢᠶᠡᠵᠦ | ᠂ ᠡᠨᠡ ᠵᠢᠯ ︽ᠢᠯᠡ ᠪᠠᠷ ᠠᠩᠭᠢ ᠬᠤᠪᠢᠶᠠᠬᠤ︾ ᠡᠯ᠎ᠡ ᠵᠦᠢᠯ ᠤᠨ ᠲᠣᠭᠲᠠᠭᠠᠯ ᠢ ᠦᠷᠭᠦᠯᠵᠢᠯᠡᠨ ᠴᠢᠩᠭ᠎ᠠ | ᠬᠡᠷᠡᠭᠵᠢᠭᠦᠯᠦᠨ᠎ᠡ᠃ | | | 14 | ᠬᠡᠷᠪᠡ ᠣᠨᠴᠠᠭᠠᠶ ᠪᠠᠶᠢᠳᠠᠯ ᠳᠤ ᠲᠣᠬᠢᠶᠠᠯᠳᠤᠪᠠᠯ ᠴᠠᠭ ᠲᠤᠬᠠᠢ ᠳᠤᠨᠢ ᠨᠡᠷ᠎ᠡ ᠮᠡᠳᠡᠭᠦᠯᠵᠦ ᠠᠩᠭᠢ | ᠬᠤᠪᠢᠶᠠᠭᠰᠠᠨ ᠦᠭᠡᠢ ᠪᠣᠯ ᠶᠠᠭᠠᠬᠢᠬᠤ ᠪᠣᠶ︖ | ᠬᠠᠷᠢᠭᠤᠯᠲᠠ᠄ ᠴᠠᠭ ᠲᠠᠭᠠᠨ ᠨᠡᠷ᠎ᠡ ᠮᠡᠳᠡᠭᠦᠯᠵᠦ ᠰᠤᠷᠭᠠᠭᠤᠯᠢ ᠳᠤ ᠣᠷᠣᠭᠰᠠᠨ ᠦᠭᠡᠢ ᠪᠤᠶᠤ ᠠᠩᠭᠢ | ᠬᠤᠪᠢᠶᠠᠬᠤ ᠶᠣᠰᠣᠯᠠᠯ ᠳᠤ ᠣᠷᠣᠯᠴᠠᠭᠰᠠᠨ ᠦᠭᠡᠢ ᠰᠣᠷᠣᠭᠴᠢ ᠶᠢ ᠰᠤᠷᠭᠠᠭᠤᠯᠢ ᠠᠴᠠ ᠰᠢᠭᠤᠳ ᠭᠥᠯᠢᠶᠡᠨ ᠠᠪᠴᠤ | ᠪᠣᠯᠬᠤ ᠦᠭᠡᠢ᠂ ᠴᠠᠬᠢᠮ ᠰᠦᠯᠵᠢᠶ᠎ᠡ +ᠪᠠᠭᠤᠵᠤ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ ᠪᠡᠶ᠎ᠡ ᠶᠢᠨ | ᠲᠠᠮᠢᠷ ᠤᠨ ᠲᠣᠪᠴᠢᠶ᠎ᠠ ᠳᠤ ᠬᠦᠷᠴᠦ ᠰᠣᠷᠣᠭᠴᠢ ᠶᠢᠨ ᠰᠤᠷᠭᠠᠭᠤᠯᠢ ᠳᠤ ᠣᠷᠣᠬᠤ ᠲᠣᠬᠢᠷᠠᠭᠤᠯᠤᠯᠲᠠ ᠶᠢ ᠨᠥᠬᠦᠴᠡᠯ | ᠦᠭᠡᠢ ᠪᠠᠷ ᠭᠥᠯᠢᠶᠡᠨ ᠠᠪᠬᠤ ᠬᠡᠷᠡᠭᠲᠡᠢ ᠪᠥᠭᠡᠳ ᠬᠢᠨᠠᠨ ᠡᠵᠡᠮᠳᠡᠬᠦ ᠣᠷᠴᠢᠨ ᠳᠤ ᠰᠢᠪᠠᠭ᠎ᠠ ᠰᠤᠭᠤᠯᠵᠤ ᠪᠠᠶᠢᠭ᠎ᠠ | ᠠᠩᠭᠢ ᠪᠠᠨ ᠲᠣᠭᠲᠠᠭᠠᠭᠰᠠᠨ ᠤ ᠳᠠᠷᠠᠭ᠎ᠠ ᠰᠤᠷᠭᠠᠭᠤᠯᠢ ᠳᠤ ᠨᠡᠷ᠎ᠡ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ | | | 15 | ᠭᠠᠳᠠᠷ ᠣᠷᠣᠨ ᠠᠴᠠ ᠰᠢᠯᠵᠢᠵᠦ ᠣᠷᠣᠭᠰᠠᠨ ᠰᠤᠷᠤᠭᠴᠢᠳ ᠲᠤ ᠰᠤᠷᠭᠠᠭᠤᠯᠢ ᠳᠤ ᠣᠷᠣᠬᠤ ᠭᠠᠷ | ᠭᠦᠢᠴᠡᠳᠬᠡᠯ ᠢ ᠬᠡᠷᠬᠢᠨ ᠬᠢᠬᠦ ᠪᠣᠶ︖ | ᠬᠠᠷᠢᠭᠤᠯᠲᠠ᠄ ᠠᠩᠬᠠᠨ ᠤ ᠣᠨ ᠤ ᠭᠠᠳᠠᠨ᠎ᠠ ᠣᠷᠣᠨ ᠤ ᠰᠣᠷᠣᠭᠴᠢ ᠶᠢᠨ ᠰᠤᠷᠭᠠᠭᠤᠯᠢ ᠳᠤ ᠣᠷᠣᠬᠤ ︵ | ᠬᠡᠦᠬᠡᠳ ᠤᠨ ᠴᠡᠴᠡᠷᠯᠢᠭ ᠤᠨ ᠪᠠᠭ᠎ᠠ ᠠᠩᠭᠢ᠂ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ᠂ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠳᠣᠯᠣᠳᠤᠭᠠᠷ ᠣᠨ ᠤ ᠰᠣᠷᠣᠭᠴᠢ ᠶᠢ ᠵᠢᠭᠠᠵᠤ ᠪᠣᠶ︶ ᠨᠢ ᠠᠯᠠᠱᠠ ᠵᠡᠭᠦᠨ | ᠬᠤᠰᠢᠭᠤᠨ ᠤ ᠲᠤᠬᠠᠢ ᠶᠢᠨ ᠭᠠᠵᠠᠷ ᠤᠨ ᠰᠣᠷᠣᠭᠴᠢ ᠲᠠᠢ ᠠᠳᠠᠯᠢ ᠪᠠᠷ ᠰᠢᠨ᠎ᠡ ᠰᠣᠷᠣᠭᠴᠢ ᠶᠢᠨ ᠨᠡᠷ᠎ᠡ ᠮᠡᠳᠡᠭᠦᠯᠬᠦ | ᠵᠢᠷᠤᠮ ᠢᠶᠠᠷ ᠨᠡᠷ᠎ᠡ ᠮᠡᠳᠡᠭᠦᠯᠪᠡᠯ ᠪᠣᠯᠴᠢᠬᠠᠨ᠎ᠠ︔ ᠠᠩᠬᠠᠨ ᠤ ᠣᠨ ᠤ ᠪᠤᠰᠤ ᠰᠣᠷᠣᠭᠴᠢ ᠰᠤᠷᠭᠠᠭᠤᠯᠢ ᠳᠤ | ᠣᠷᠣᠬᠤ ᠳᠤ ᠰᠤᠷᠭᠠᠭᠤᠯᠢ ᠡᠬᠢᠯᠡᠬᠦ ᠠᠴᠠ ᠡᠮᠦᠨ᠎ᠡ ᠰᠣᠷᠣᠭᠴᠢ ᠶᠢᠨ ᠠᠯᠠᠱᠠ ᠵᠡᠭᠦᠨ ᠬᠤᠰᠢᠭᠤᠨ ᠤ ᠪᠣᠳᠠᠲᠠᠢ | ᠰᠠᠭᠤᠭ᠎ᠠ ᠭᠠᠵᠠᠷ ᠤᠨ ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ ᠪᠠ ᠰᠣᠷᠣᠭᠴᠢ ᠶᠢᠨ ᠰᠤᠷᠭᠠᠭᠤᠯᠢ ᠶᠢᠨ | ᠬᠠᠷᠢᠶ᠎ᠠ ᠶᠢᠨ ᠮᠡᠳᠡᠭᠡ ᠵᠠᠩᠭᠢ ᠶᠢᠨ ᠬᠦᠰᠦᠨᠦᠭᠲᠦ ᠶᠢ ᠠᠪᠴᠤ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠰᠦᠯᠵᠢᠶᠡᠨ ᠠᠴᠠ ᠭᠠᠳᠠᠨ᠎ᠠ ᠣᠴᠢᠵᠤ ᠭᠦᠢᠴᠡᠳᠬᠡᠬᠦ ᠬᠡᠷᠡᠭᠲᠡᠢ᠂ ᠵᠠᠷᠴᠢᠮ | ᠳᠡᠭᠡᠷ᠎ᠡ ᠪᠠᠨ ᠰᠤᠷᠭᠠᠭᠤᠯᠢ ᠳᠤ ᠣᠷᠣᠬᠤ ᠬᠤᠭᠤᠴᠠᠭᠠᠨ ᠳᠤ ᠰᠤᠷᠭᠠᠭᠤᠯᠢ ᠰᠢᠯᠵᠢᠬᠦ ᠦᠭᠡᠢ᠃ | | | 16 | ᠬᠡᠦᠬᠡᠳ ᠰᠤᠷᠤᠯᠭ᠎ᠠ ᠶᠢᠨ ᠬᠠᠷᠰᠢ ᠰᠠᠭᠠᠳ ᠲᠠᠢ ᠪᠠᠶᠢᠬᠤ ᠳᠤ ᠭᠡᠷ ᠤᠨ ᠠᠬᠠᠮᠠᠳ ᠨᠢ ᠬᠡᠦᠬᠡᠳ ᠢᠶᠠᠨ | ᠡᠩ ᠤᠨ ᠬᠡᠦᠬᠡᠳ ᠲᠠᠢ ᠠᠳᠠᠯᠢ ᠪᠠᠷ ᠰᠤᠷᠭᠠᠨ ᠬᠥᠮᠦᠵᠢᠯ ᠬᠦᠷᠲᠡᠬᠦ ᠶᠢ ᠬᠦᠰᠡᠳᠡᠭ᠂ ᠡᠭᠦᠨ ᠢ ᠬᠡᠷᠬᠢᠨ ᠰᠣᠩᠭᠤᠬᠤ | ᠪᠣᠢ︖ | ᠬᠠᠷᠢᠭᠤᠯᠲᠠ᠄ ᠬᠡᠦᠬᠡᠳ ᠰᠤᠷᠤᠯᠭ᠎ᠠ ᠶᠢᠨ ᠬᠠᠷᠰᠢ ᠰᠠᠭᠠᠳ ᠲᠠᠢ ᠪᠣᠯᠪᠠᠴᠤ ᠵᠣᠬᠢᠬᠤ ᠬᠡᠮᠵᠢᠶᠡᠨ ᠤ | ᠰᠤᠷᠤᠯᠴᠠᠬᠤ ᠴᠢᠳᠠᠪᠤᠷᠢ ᠪᠠ ᠥᠪᠡᠷ ᠢ ᠪᠠᠨ ᠬᠠᠷᠠᠭᠠᠯᠵᠠᠬᠤ ᠴᠢᠳᠠᠪᠤᠷᠢ ᠲᠠᠢ ᠪᠠᠶᠢᠪᠠᠯ ᠰᠤᠷᠭᠠᠭᠤᠯᠢ ᠶᠢᠨ | ᠲᠣᠭᠤᠷᠢᠭ ᠢᠶᠠᠷ ᠬᠠᠷᠠᠭᠠᠯᠵᠠᠭᠰᠠᠨ ᠳᠤᠮᠳᠠᠳᠤ ᠪᠠᠭ᠎ᠠ ᠰᠤᠷᠭᠠᠭᠤᠯᠢ ᠳᠤ ᠨᠡᠷ᠎ᠡ ᠮᠡᠳᠡᠭᠦᠯᠵᠦ ᠡᠩ ᠤᠨ ᠠᠩᠭᠢ ᠶᠢ | ᠳᠠᠭᠠᠵᠤ ᠰᠤᠷᠤᠯᠴᠠᠵᠤ ᠪᠣᠯᠣᠨ᠎ᠠ᠂ ᠰᠤᠷᠭᠠᠭᠤᠯᠢ ᠠᠴᠠ ᠬᠡᠦᠬᠡᠳ ᠢ ᠭᠡᠷ ᠲᠡᠭᠡᠨ ᠣᠷᠣᠭᠤᠯᠬᠤ ᠦᠭᠡᠢ ᠪᠠᠶᠢᠵᠤ ᠪᠣᠯᠬᠤ | ᠦᠭᠡᠢ︔ ᠬᠡᠷᠪᠡ ᠬᠡᠦᠬᠡᠳ ᠤᠨ ᠰᠤᠷᠤᠯᠭ᠎ᠠ ᠶᠢᠨ ᠬᠠᠷᠰᠢ ᠰᠠᠭᠠᠳ ᠲᠠᠢ ᠮᠥᠷᠲᠡᠭᠡᠨ ᠪᠡᠶ᠎ᠡ ᠪᠠᠨ ᠳᠠᠭᠠᠭᠠᠬᠤ | ᠴᠢᠳᠠᠪᠤᠷᠢ ᠨᠢ ᠴᠦ ᠠᠨᠠᠢ ᠪᠠᠶᠢᠪᠠᠯ᠂ ᠠᠯᠠᠱᠠ ᠶᠢᠨ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠳᠤ ᠨᠡᠷ᠎ᠡ | ᠮᠡᠳᠡᠭᠦᠯᠵᠦ ᠰᠤᠷᠤᠯᠴᠠᠭᠠᠷᠠᠶ︔ ᠬᠡᠦᠬᠡᠳ ᠬᠥᠳᠡᠯᠵᠦ ᠪᠠᠷᠢᠬᠤ ᠳᠤ ᠳᠥᠭᠦᠮ ᠦᠭᠡᠢ ᠪᠣᠯᠪᠠᠴᠤ ᠵᠣᠬᠢᠬᠤ ᠬᠡᠮᠵᠢᠶᠡᠨ ᠤ | ᠰᠤᠷᠤᠯᠴᠠᠬᠤ ᠴᠢᠳᠠᠪᠤᠷᠢ ᠲᠠᠢ ᠪᠣᠯ ᠭᠡᠷ ᠤᠨ ᠠᠬᠠᠮᠠᠳ ᠢᠶᠠᠨ ᠠᠯᠠᠱᠠ ᠶᠢᠨ ᠣᠨᠴᠠᠭᠠᠶ ᠰᠤᠷᠭᠠᠨ ᠬᠥᠮᠦᠵᠢᠯ ᠤᠨ | ᠰᠤᠷᠭᠠᠭᠤᠯᠢ ᠳᠤ ᠤᠷᠢᠵᠤ ᠨᠡᠷ᠎ᠡ ᠮᠡᠳᠡᠭᠦᠯᠦᠭᠦᠯᠦᠨᠡ᠂ ᠪᠢᠳᠡ ᠪᠠᠭᠰᠢ ᠨᠠᠷ ᠢ ᠰᠤᠷᠭᠠᠨ ᠬᠥᠮᠦᠵᠢᠯ ᠢ ᠭᠡᠷ ᠲᠤᠨᠢ | ᠬᠦᠷᠭᠡᠬᠦ ᠠᠷᠭ᠎ᠠ ᠪᠠᠷ ᠳᠠᠮᠵᠢᠭᠤᠯᠤᠨ ᠬᠡᠦᠬᠡᠳ ᠤᠨ ᠰᠤᠷᠭᠠᠨ ᠬᠥᠮᠦᠵᠢᠯ ᠬᠦᠷᠲᠡᠬᠦ ᠡᠷᠬᠡ ᠠᠰᠢᠭ ᠢ ᠪᠠᠲᠤᠯᠠᠬᠤ ᠪᠠᠷ | ᠲᠣᠬᠢᠷᠠᠭᠤᠯᠤᠨ᠎ᠠ᠃ | ᠁ |