ᠠᠯᠠᠱᠠ ᠵᠡᠭᠦᠨ ᠬᠤᠰᠢᠭᠤᠨ ᠤ ᠪᠣᠬᠢᠷᠲᠤᠯ ᠦᠭᠡᠢ ᠦᠢᠯᠡᠳᠬᠦ ᠵᠢᠱᠢᠶ᠎ᠡ ᠦᠵᠡᠭᠦᠯᠬᠦ ᠨᠢᠭᠡᠴᠢ ᠳᠤ ᠰᠢᠪᠲᠤᠯᠤᠯᠲᠠ ᠭᠠᠷᠭᠠᠬᠤ ᠦᠭᠡᠢ ᠪᠠᠶᠢᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/8/23
                 ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠠᠴᠠ 2024 ᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠦᠭᠡᠢ ᠦᠢᠯᠡᠳᠬᠦ ᠵᠢᠱᠢᠶ᠎ᠡ ᠦᠵᠡᠭᠦᠯᠬᠦ ᠨᠢᠭᠡᠴᠢ ᠶᠢᠨ ᠨᠡᠶᠢᠲᠡᠯᠡᠭᠰᠡᠨ ᠨᠡᠷᠡᠰ ᠢ ᠨᠡᠶᠢᠲᠡᠯᠡᠵᠦ᠂ ᠠᠯᠠᠱᠠ ᠵᠡᠭᠦᠨ ᠬᠤᠰᠢᠭᠤᠨ ᠤ ᠰᠥᠩ ᠲᠠ ᠱᠦᠢᠨᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠦᠭᠡᠢ ᠦᠢᠯᠡᠳᠪᠦᠷᠢ ᠶᠢᠨ ᠴᠣᠯᠠ ᠪᠠᠷ ᠠᠮᠵᠢᠯᠲᠠ ᠲᠠᠢ ᠰᠣᠩᠭᠤᠭᠳᠠᠭᠰᠠᠨ ᠪᠥᠭᠡᠳ 2024 ᠣᠨ ᠳᠤ ᠴᠣᠷ ᠤᠨ ᠭᠠᠭᠴᠠ ᠰᠣᠩᠭᠤᠭᠳᠠᠭᠰᠠᠨ ᠠᠯᠠᠱᠠ ᠠᠶᠢᠮᠠᠭ ᠤᠨ ᠠᠵᠤ ᠠᠬᠤᠶᠢᠯᠠᠯ ᠪᠣᠯᠤᠭᠰᠠᠨ ᠪᠠᠶᠢᠨ᠎ᠠ᠃ ᠡᠭᠦᠨ ᠠᠴᠠ ᠠᠯᠠᠱᠠ ᠵᠡᠭᠦᠨ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠦᠭᠡᠢ ᠦᠢᠯᠡᠳᠬᠦ ᠵᠢᠱᠢᠶ᠎ᠡ ᠦᠵᠡᠭᠦᠯᠬᠦ ᠨᠢᠭᠡᠴᠢ ᠶᠢᠨ ︽ᠰᠢᠪᠲᠤᠯᠤᠯᠲᠠ ᠦᠭᠡᠢ︾᠎  ᠪᠠᠶᠢᠬᠤ ᠶᠢ ᠪᠡᠶᠡᠯᠡᠭᠦᠯᠦᠭᠰᠡᠨ ᠎ ᠨᠢ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠪᠣᠬᠢᠷᠲᠤᠯ ᠦᠭᠡᠢ ᠦᠢᠯᠡᠳᠬᠦ ᠵᠢᠱᠢᠶ᠎ᠡ ᠦᠵᠡᠭᠦᠯᠬᠦ ᠰᠢᠰᠲ᠋ᠧᠮ ᠤᠨ ᠰᠢᠨ᠎ᠡ ᠠᠬᠢᠯᠲᠠ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃            ᠪᠣᠬᠢᠷᠲᠤᠯ ᠦᠭᠡᠢ ᠦᠢᠯᠡᠳᠪᠦᠷᠢ ᠨᠢ ᠠᠵᠤ ᠠᠬᠤᠶᠢᠯᠠᠯ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠥᠨᠳᠥᠷ ᠪᠦᠲᠦᠮᠵᠢᠲᠡᠢ᠂ ᠠᠷᠢᠭᠤᠨ ᠴᠡᠪᠡᠷ᠂ ᠨᠡᠭᠦᠷᠡᠰᠦᠲᠥ᠋ᠷᠥᠭᠴᠢ ᠪᠠᠭ᠎ᠠ᠂ ᠡᠷᠭᠢᠯᠲᠡᠲᠦ ᠪᠣᠬᠢᠷᠲᠤᠯ ᠦᠭᠡᠢ ᠦᠢᠯᠡᠳᠬᠦ ᠰᠢᠰᠲ᠋ᠧᠮ ᠢ ᠪᠠᠶᠢᠭᠤᠯᠵᠤ᠂ ᠪᠣᠬᠢᠷᠲᠤᠯ ᠦᠭᠡᠢ ᠦᠢᠯᠡᠳᠬᠦ ᠦᠢᠯᠡᠰ ᠢ ᠦᠢᠯᠡᠳᠬᠦ ᠦᠢᠯᠡᠰ ᠤᠨ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠵᠢᠱᠢᠶ᠎ᠡ ᠦᠵᠡᠭᠦᠯᠬᠦ ᠬᠡᠪ ᠳᠠᠭᠤᠷᠢᠶᠠᠯ ᠪᠣᠯᠭᠠᠬᠤ ᠪᠠᠷ ᠵᠣᠷᠢᠯᠭ᠎ᠠ ᠪᠣᠯᠭᠠᠭᠰᠠᠨ ᠶᠤᠮ᠃ ᠶᠡᠷᠦ ᠠᠴᠠ᠂ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠦᠢᠯᠡᠳᠦᠯᠭᠡᠵᠢᠭᠦᠯᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ᠂ ᠪᠣᠬᠢᠷᠲᠤᠯ ᠦᠭᠡᠢ ᠦᠢᠯᠡᠳᠬᠦ ᠬᠡᠪ ᠳᠠᠭᠤᠷᠢᠶᠠᠯ ᠠᠵᠤ ᠠᠬᠤᠶᠢᠯᠠᠯ ᠢ ᠢᠳᠡᠪᠬᠢᠲᠡᠢ ᠪᠣᠶᠢᠵᠢᠭᠤᠯᠵᠤ᠂ ᠪᠣᠬᠢᠷᠲᠤᠯ ᠦᠭᠡᠢ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠬᠠᠮᠲᠤ ᠪᠣᠬᠢᠷᠲᠤᠯ ᠦᠭᠡᠢ ᠦᠢᠯᠡᠳᠪᠦᠷᠢ ᠶᠢ ᠭᠤᠶᠤᠴᠢᠯᠠᠨ ᠮᠡᠳᠡᠭᠦᠯᠬᠦ ᠶᠠᠪᠤᠴᠠ ᠳᠠᠬᠢ ᠵᠠᠩᠭᠢᠯᠠᠭ᠎ᠠ ᠶᠢᠨ ᠭᠤᠭᠴᠤᠭ᠎ᠠ ᠵᠢᠴᠢ ᠬᠦᠴᠢᠷ ᠠᠰᠠᠭᠤᠳᠠᠯ ᠳᠤ ᠨᠢᠭᠡᠳ ᠨᠢᠭᠡ ᠪᠠᠷ ᠠᠵᠤ ᠠᠬᠤᠶᠢᠯᠠᠯ ᠳᠤ ᠨᠠᠷᠢᠨ ᠲᠣᠳᠣᠷᠬᠠᠢ ᠬᠠᠷᠢᠭᠤᠯᠲᠠ ᠥᠭᠴᠦ᠂ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠠᠮᠵᠢᠯᠲᠠ ᠶᠢᠨ ᠨᠣᠷᠮ᠎ᠠ ᠶᠢ ᠦᠨᠡᠨᠬᠦ ᠪᠠᠲᠤᠯᠠᠨ᠎ᠠ᠃            ᠴᠠᠭᠠᠰᠢᠳᠠ᠂ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠮᠤᠷ ᠲᠦᠪᠰᠢᠨ ᠥᠨᠳᠥᠷ ᠪᠦᠲᠦᠮᠵᠢᠲᠡᠶ᠂ ᠣᠷᠴᠢᠨ ᠠᠬᠤᠢ ᠶᠢ ᠬᠠᠮᠠᠭᠠᠯᠠᠬᠤ ᠠᠷᠢᠭᠤᠨ ᠴᠡᠪᠡᠷ᠂ ᠡᠨᠧᠷᠭᠢ ᠠᠷᠪᠢᠯᠠᠬᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠦᠢᠯᠡᠳᠬᠦ ᠰᠢᠰᠲ᠋ᠧᠮ ᠢ ᠪᠠᠶᠢᠭᠤᠯᠬᠤ ᠪᠠᠷ ᠭᠤᠣᠯ ᠬᠠᠷᠠᠯᠲᠠ ᠪᠣᠯᠭᠠᠵᠤ᠂ ᠠᠵᠤ ᠠᠬᠤᠶᠢᠯᠠᠯ ᠤᠨ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠤᠯᠠᠮ ᠬᠥᠭᠵᠢᠭᠡᠵᠦ᠂ ᠠᠵᠢᠯ ᠲᠥᠷᠥᠯ ᠤᠨ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠨᠢᠭᠡ ᠳᠤ᠂ ᠬᠡᠪ ᠳᠠᠭᠤᠷᠢᠶᠠᠯ ᠢ ᠪᠤᠢ ᠪᠣᠯᠭᠠᠵᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠥᠪᠥᠷ ᠮᠣᠩᠭᠤᠯ ᠤᠨ ᠰᠦᠩ ᠲᠠ ᠱᠦᠢᠨᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠣᠬᠢᠷᠲᠤᠯ ᠦᠭᠡᠢ ᠦᠢᠯᠡᠳᠪᠦᠷᠢ ᠪᠠᠶᠢᠭᠤᠯᠤᠭᠰᠠᠨ ᠠᠮᠵᠢᠯᠲᠠ ᠲᠠᠢ ᠲᠤᠷᠰᠢᠯᠭ᠎ᠠ ᠶᠢ ᠭᠤᠣᠯᠳᠠᠯᠭ᠎ᠠ ᠲᠠᠢ ᠳᠡᠯᠭᠡᠷᠡᠭᠦᠯᠵᠦ᠂ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢᠨ ᠰᠠᠯᠬᠢᠨ ᠤ ᠴᠢᠭᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ︔᠎  ᠬᠤᠶᠠᠷ ᠲᠤ᠂ ᠵᠥᠷᠢᠶ᠎ᠡ ᠪᠠᠨ ᠡᠷᠢᠵᠦ ᠪᠠᠭᠤᠷᠠᠢ ᠳᠤᠲᠠᠭᠤᠳᠠᠯ ᠢᠶᠠᠨ ᠨᠥᠬᠦᠪᠦᠷᠢᠯᠡᠵᠦ᠂ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠣᠨᠣᠰᠢᠯᠠᠯᠲᠠ ᠶᠢᠨ ᠦᠢᠯᠡᠴᠢᠯᠡᠭᠡ ᠪᠠᠷ ᠠᠵᠤ ᠠᠬᠤᠶᠢᠯᠠᠯ ᠢ ᠬᠠᠪᠰᠤᠷᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠠᠷᠭ᠎ᠠ ᠵᠠᠮ ᠢ ᠲᠣᠭᠲᠠᠭᠠᠨ᠎ᠠ︔᠎  ᠭᠤᠷᠪᠠ ᠳᠤ᠂ ᠪᠣᠬᠢᠷᠲᠤᠯ ᠦᠭᠡᠢ ᠦᠢᠯᠡᠳᠬᠦ ᠵᠢᠱᠢᠶ᠎ᠡ ᠦᠵᠡᠭᠦᠯᠬᠦ ᠪᠦᠲᠦᠴᠡ ᠶᠢ ᠪᠣᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠳᠪᠦᠷᠢ ᠶᠢᠨ ᠪᠣᠬᠢᠷᠲᠤᠯ ᠦᠭᠡᠢ ᠦᠢᠯᠡᠳᠬᠦ ᠵᠢᠱᠢᠶ᠎ᠡ ᠦᠵᠡᠭᠦᠯᠬᠦ ᠡᠩᠨᠡᠭᠡ ᠶᠢ ᠤᠯᠠᠮ ᠥᠷᠭᠡᠳᠬᠡᠨ᠂ ᠦᠢᠯᠡᠳᠬᠦ ᠦᠢᠯᠡᠰ ᠤᠨ ᠪᠣᠬᠢᠷᠲᠤᠯ ᠦᠭᠡᠢ ᠬᠡᠯᠪᠡᠷᠢ ᠶᠢᠨ ᠬᠤᠪᠢᠷᠠᠭᠤᠯᠤᠯᠲᠠ ᠶᠢ ᠲᠦᠷᠭᠡᠳᠬᠡᠨ ᠠᠬᠢᠭᠤᠯᠵᠤ᠂ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢᠨ ᠬᠢᠷᠢ ᠲᠦᠪᠰᠢᠨ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠪᠠᠷ ᠴᠢᠷᠮᠠᠶᠢᠨ᠎ᠠ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号