ᠠᠯᠠᠱᠠ ᠵᠡᠭᠦᠨ ᠬᠤᠰᠢᠭᠤᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠠᠶᠢᠮᠠᠭ᠂ ᠬᠤᠰᠢᠭᠤᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠮᠢᠩ ᠤᠯᠤᠰ ᠤᠨ ᠣᠷᠳᠣ ᠴᠠᠭᠠᠨ ᠬᠡᠷᠡᠮ ᠤᠨ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠶᠢ ᠥᠷᠨᠢᠭᠦᠯᠦᠭᠰᠡᠨ ᠪᠥᠭᠡᠳ ᠮᠢᠩ ᠤᠯᠤᠰ ᠤᠨ ᠣᠷᠳᠣ ᠴᠠᠭᠠᠨ ᠬᠡᠷᠡᠮ ᠳᠠᠭᠠᠤ ᠲᠡᠤᠬᠡ ᠶᠢᠨ ᠳᠤᠷᠠᠰᠬᠠᠯᠲᠤ ᠵᠦᠢᠯᠡᠰ ᠤᠨ ᠮᠦᠽᠧᠶ ᠶᠢᠨ ᠨᠢᠭᠡᠴᠢ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠠᠯᠪᠠᠨ ᠵᠠᠷᠯᠠᠯ ᠤᠨ ᠫᠠᠶᠢᠰᠠ ᠡᠯᠭᠦᠪᠡ
ᠨᠡᠶᠢᠲᠡᠯᠡᠭᠰᠡᠨ ᠴᠠᠭ᠄
2024/8/23
              ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠪᠠ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠶ ᠦᠢᠯᠡᠳᠪᠦᠷᠢᠯᠡᠯ ᠤᠨ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠤᠯᠠᠮ ᠨᠠᠶᠢᠳᠠᠪᠤᠷᠢᠵᠢᠭᠤᠯᠬᠤ ᠵᠣᠷᠢᠯᠭ᠎ᠠ ᠪᠠᠷ᠂ ︽ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠲᠣᠭᠤᠷᠢᠨ ᠪᠠᠶᠢᠴᠠᠭᠠᠬᠤ ᠪᠠ ᠮᠡᠳᠡᠭᠡ ᠵᠠᠩᠭᠢ ᠶᠢᠨ ᠮᠡᠳᠡᠭᠦᠯᠦᠯᠲᠡ ᠶᠢ ᠰᠠᠶᠢᠲᠤᠷ ᠭᠦᠢᠴᠡᠳᠬᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠮᠡᠳᠡᠭᠳᠡᠯ︾᠎  ︵᠎  ᠥᠪᠥᠷ ᠲᠡᠦᠬᠡ ᠶᠢᠨ ᠳᠤᠷᠠᠰᠬᠠᠯᠲᠤ ᠵᠦᠢᠯᠡᠰ ᠲᠠᠷᠬᠠᠭᠠᠭᠰᠠᠨ ﹇᠎  2020﹈᠎  16 ᠳ᠋ᠤᠭᠠᠷ ᠲᠣᠭᠠᠲᠤ︶᠎  ︽ᠪᠥᠬᠦ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠡᠮ ᠰᠣᠭᠤᠭ ᠢ ᠲᠤᠰᠬᠠᠶ ᠵᠢᠭᠰᠠᠭᠠᠨ ᠪᠠᠶᠢᠴᠠᠭᠠᠵᠤ ᠵᠠᠰᠠᠨ ᠴᠡᠭᠴᠡᠯᠡᠬᠦ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠮᠡᠳᠡᠭᠳᠡᠯ︾᠎  ︵᠎  ᠥᠪᠥᠷ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠤᠯᠢ ᠬᠡᠷᠡᠭᠵᠢᠭᠦᠯᠦᠯᠲᠡ ᠶᠢ ᠲᠣᠭᠤᠷᠢᠨ ᠪᠠᠶᠢᠴᠠᠭᠠᠬᠤ ᠲᠤᠰᠬᠠᠶ ᠠᠵᠢᠯ ᠤᠨ ᠲᠥᠰᠦᠯ︾᠎ ᠎ ᠢ ᠬᠡᠪᠯᠡᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠮᠡᠳᠡᠭᠳᠡᠯ︾᠎  ︵᠎  ᠥᠪᠥᠷ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠤᠯᠢ ᠬᠡᠷᠡᠭᠵᠢᠭᠦᠯᠦᠯᠲᠡ ᠶᠢ ᠲᠣᠭᠤᠷᠢᠨ ᠪᠠᠶᠢᠴᠠᠭᠠᠬᠤ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ︵᠎  2024-2026︶᠎ ︾᠎ ᠎ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠪᠡ᠃ ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠪᠣᠯᠤᠨ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠮᠢᠩ ᠤᠯᠤᠰ ᠤᠨ ᠣᠷᠳᠣ ᠴᠠᠭᠠᠨ ᠬᠡᠷᠡᠮ ᠠᠴᠠ ᠮᠤᠰᠬᠢᠭᠤ ᠬᠦᠷᠬᠦ ᠬᠡᠰᠡᠭ ᠲᠤ ᠲᠡᠤᠬᠡ ᠶᠢᠨ ᠳᠤᠷᠠᠰᠬᠠᠯᠲᠤ ᠵᠦᠢᠯᠡᠰ ︵᠎  ᠣᠷᠳᠣ ᠴᠠᠭᠠᠨ ᠬᠡᠷᠡᠮ︶᠎ ᠎ ᠤᠨ ᠠᠮᠤᠷ ᠲᠦᠪᠰᠢᠨ ᠤ ᠬᠠᠮᠲᠤᠷᠠᠭᠰᠠᠨ ᠲᠣᠭᠤᠷᠢᠨ ᠪᠠᠶᠢᠴᠠᠭᠠᠬᠤ ᠠᠵᠢᠯ ᠬᠢᠵᠦ᠂ ᠲᠣᠰ ᠤᠳᠠᠭ᠎ᠠ ᠨᠡᠶᠢᠲᠡ 39 ᠬᠡᠰᠡᠭ ᠣᠷᠳᠣ ᠴᠠᠭᠠᠨ ᠬᠡᠷᠡᠮ ᠤᠨ ᠶᠡᠭᠡ ᠲᠠᠯ᠎ᠠ ᠵᠢᠴᠢ ᠬᠤᠶᠠᠷ ᠲᠠᠯ᠎ᠠ ᠶᠢᠨ ᠬᠡᠷᠡᠮ ᠢ ᠪᠠᠶᠢᠴᠠᠭᠠᠨ ᠳᠣᠲᠣᠯᠠᠪᠠ᠃       ᠬᠠᠮᠲᠤᠷᠠᠨ ᠲᠣᠭᠤᠷᠢᠨ ᠪᠠᠶᠢᠴᠠᠭᠠᠬᠤ ᠳᠤᠭᠤᠶᠢᠯᠠᠩ ᠮᠢᠩ ᠤᠯᠤᠰ ᠤᠨ ᠣᠷᠳᠣ ᠴᠠᠭᠠᠨ ᠬᠡᠷᠡᠮ ᠤᠨ ᠲᠣᠰ ᠪᠡᠶ᠎ᠡ ᠶᠢᠨ ᠠᠮᠤᠷ ᠲᠦᠪᠰᠢᠨ ᠤ ᠪᠠᠶᠢᠳᠠᠯ ᠵᠢᠴᠢ ᠣᠷᠳᠣ ᠴᠠᠭᠠᠨ ᠬᠡᠷᠡᠮ ᠤᠨ ︽ᠬᠤᠶᠠᠷ ᠱᠤᠭᠤᠮ︾᠎ ᠎ ᠤᠨ ᠬᠡᠪᠴᠢᠶᠡᠨ ᠳᠤ ᠲᠣᠭᠲᠠᠭᠠᠯ ᠠᠴᠠ ᠵᠥᠷᠢᠴᠡᠨ ᠪᠠᠷᠢᠯᠭ᠎ᠠ ᠪᠠᠷᠢᠭᠰᠠᠨ ᠡᠰᠡᠬᠦ ᠳᠤ ᠲᠤᠬᠠᠶ ᠶᠢᠨ ᠭᠠᠵᠠᠷ ᠤᠨ ᠲᠣᠭᠤᠷᠢᠨ ᠪᠠᠶᠢᠴᠠᠭᠠᠯᠲᠠ ᠬᠢᠪᠠ᠃ ᠬᠠᠮᠲᠤᠷᠠᠭᠰᠠᠨ ᠲᠣᠭᠤᠷᠢᠨ ᠪᠠᠶᠢᠴᠠᠭᠠᠬᠤ ᠳᠤᠭᠤᠶᠢᠯᠠᠩ ᠲᠣᠭᠤᠷᠢᠨ ᠪᠠᠶᠢᠴᠠᠭᠠᠬᠤ ᠵᠠᠮ ᠳᠠᠭᠠᠨ ᠪᠠᠰᠠ ᠴᠡᠷᠢᠭ ᠤᠨ ᠶᠠᠪᠤᠳᠠᠯ ᠤᠨ ᠬᠠᠮᠢᠶᠠᠷᠤᠯᠲᠠ ᠶᠢᠨ ᠣᠷᠣᠨ ᠤ ᠨᠢᠭᠡᠨ ᠴᠡᠷᠢᠭ ᠤᠨ ᠶᠠᠪᠤᠳᠠᠯ ᠤᠨ ᠰᠤᠷᠭᠠᠯᠲᠠ ᠶᠢᠨ ᠲᠠᠯᠠᠪᠠᠢ ᠶᠢᠨ ᠬᠤᠯᠪᠣᠭᠳᠠᠬᠤ ᠬᠠᠷᠢᠭᠤᠴᠠᠯᠭᠠᠲᠠᠨ ᠲᠠᠢ ᠴᠡᠷᠢᠭ ᠤᠨ ᠶᠠᠪᠤᠳᠠᠯ ᠤᠨ ᠣᠷᠣᠨ ᠤ ᠳᠣᠲᠣᠷᠠᠬᠢ ᠮᠢᠩ ᠤᠯᠤᠰ ᠤᠨ ᠤᠷᠲᠤ ᠴᠠᠭᠠᠨ ᠬᠡᠷᠡᠮ ᠤᠨ ᠬᠠᠮᠠᠭᠠᠯᠠᠯᠲᠠ ᠶᠢᠨ ᠠᠵᠢᠯ ᠤᠨ ᠲᠤᠬᠠᠶ ᠰᠠᠨᠠᠯ ᠢᠶᠠᠨ ᠰᠣᠯᠢᠯᠴᠠᠪᠠ᠃ ᠡᠭᠦᠨ ᠤ ᠬᠠᠮᠲᠤ᠂ ᠠᠯᠠᠱᠠ ᠵᠡᠭᠦᠨ ᠬᠤᠰᠢᠭᠤᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠮᠢᠩ ᠤᠯᠤᠰ ᠤᠨ ᠣᠷᠳᠣ ᠴᠠᠭᠠᠨ ᠬᠡᠷᠡᠮ ᠤᠨ ᠲᠡᠮᠦᠷ ᠡᠭᠦᠳᠡ᠂ ᠮᠤᠰᠬᠢᠭᠤ ᠵᠢᠴᠢ ᠬᠤᠶᠢᠲᠤ ᠠᠭᠤᠯᠵᠠᠭᠤᠷ ᠤᠨ ᠵᠠᠮ ᠳᠠᠭᠠᠤ 4 ᠬᠡᠰᠡᠭ ︽ᠠᠯᠠᠱᠠ ᠵᠡᠭᠦᠨ ᠬᠤᠰᠢᠭᠤᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠮᠦᠽᠧᠶ ᠶᠢᠨ ᠨᠢᠭᠡᠴᠢ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠵᠠᠷᠯᠠᠨ ᠨᠡᠶᠢᠲᠡᠯᠡᠬᠦ ᠫᠠᠶᠢᠰᠠ︾᠎ ᠎ ᠶᠢ ᠤᠭᠰᠠᠷᠠᠪᠠ᠃       ᠮᠡᠳᠡᠭᠡᠯᠡᠯ ᠤᠨ ᠡᠬᠢ ᠰᠤᠷᠪᠤᠯᠵᠢ᠄  ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ                        
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号