ᠠᠯᠠᠱᠠ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠦᠶᠡᠷ ᠤᠨ ᠬᠤᠭᠤᠴᠠᠭ᠎ᠠ᠂ ᠵᠤᠨ ᠤ ᠠᠮᠠᠷᠠᠯᠲᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/8/23
                                       ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠵᠠᠰᠠᠭ ᠵᠠᠬᠢᠷᠭ᠎ᠠ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢ ᠡᠷᠴᠢᠮᠲᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠣᠷᠢᠯᠭ᠎ᠠ ᠪᠠᠷ᠂ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠴᠢᠩᠭ᠎ᠠ ᠠᠳᠬᠤᠵᠤ᠂ ᠠᠯᠠᠱᠠ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠶᠤᠯᠭᠦᠢ ᠦᠢᠯᠡᠳᠪᠦᠷᠢᠯᠡᠯ ᠤᠨ ᠡᠮᠬᠢ ᠳᠢᠭᠯᠢᠮ ᠢ ᠵᠢᠷᠤᠮᠵᠢᠭᠤᠯᠤᠨ ᠴᠡᠭᠴᠡᠯᠡᠵᠦ᠂ ᠬᠦᠨᠳᠦ ᠬᠡᠴᠡᠭᠦᠦ ᠣᠨᠴᠠ ᠶᠡᠭᠡ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠢ ᠡᠷᠡᠰ ᠰᠡᠷᠭᠡᠶᠢᠯᠡᠨ ᠬᠤᠷᠢᠭᠯᠠᠵᠤ᠂ ᠦᠶᠡᠷ ᠤᠨ ᠬᠤᠭᠤᠴᠠᠭ᠎ᠠ᠂ ᠵᠣᠨ ᠤ ᠠᠮᠠᠷᠠᠯᠲᠠ᠂ ᠵᠢᠭᠤᠯᠴᠢᠯᠠᠯ ᠤᠨ ᠣᠷᠭᠢᠯ ᠦᠶ᠎ᠡ ᠶᠢᠨ ︽ᠭᠤᠷᠪᠠᠳᠤᠭᠠᠷ ᠬᠤᠭᠤᠴᠠᠭ᠎ᠠ︾᠎ ᠎ ᠶᠢᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠠᠵᠢᠯ ᠢ ᠰᠠᠶᠢᠲᠤᠷ ᠬᠠᠮᠠᠭᠠᠯᠠᠪᠠ᠃ ᠠᠯᠠᠱᠠ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ 7 ᠳ᠋ᠤᠭᠠᠷ ᠰᠠᠷ᠎ᠠ ᠶᠢᠨ 12᠎ ᠤᠨ ᠡᠳᠦᠷ ᠠᠴᠠ 8 ᠳ᠋ᠤᠭᠠᠷ ᠰᠠᠷ᠎ᠠ ᠶᠢᠨ 30᠎ ᠤ ᠡᠳᠦᠷ ᠪᠣᠯᠲᠠᠯ᠎ᠠ ᠰᠣᠶᠣᠯ ᠵᠢᠭᠤᠯᠴᠢᠯᠠᠯ ᠤᠨ ᠬᠦᠷᠢᠶᠡᠨ ᠳᠠᠬᠢ ᠦᠶᠡᠷ ᠤᠨ ᠬᠤᠭᠤᠴᠠᠭ᠎ᠠ᠂ ᠵᠣᠨ ᠤ ᠠᠮᠠᠷᠠᠯᠲᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠨᠢᠭᠦᠯᠬᠦ ᠶᠢᠨ ᠬᠠᠮᠲᠤ ᠬᠤᠯᠪᠣᠭᠳᠠᠬᠤ ᠠᠭᠤᠯᠭ᠎ᠠ ᠶᠢᠨ ᠤᠬᠠᠭᠤᠯᠭ᠎ᠠ ᠶᠢ ᠴᠢᠩᠭᠠᠳᠬᠠᠪᠠ            ᠣᠲᠣ ᠪᠣᠯᠲᠠᠯ᠎ᠠ᠂ ᠪᠠᠶᠢᠴᠠᠭᠠᠬᠤ ᠳᠤᠭᠤᠶᠢᠯᠠᠩ ᠤᠨ ᠬᠢᠨ ᠨᠢᠭᠡᠨᠲᠡ 12 ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ ᠪᠠᠶᠢᠭᠤᠯᠤᠮᠵᠢ᠂ 1 ᠵᠢᠭᠤᠯᠴᠢᠯᠠᠯ ᠤᠨ ᠣᠳᠣᠨ ᠲᠠᠰ ᠤᠨ ᠪᠠᠭᠤᠳᠠᠯ᠂ 4 ᠰᠦᠯᠵᠢᠶᠡᠨ ᠤ ᠪᠠᠭᠠᠷ᠂ 3 KTV᠂ 2 ᠲᠣᠭᠯᠠᠭᠠᠮ ᠲᠣᠭᠯᠠᠭᠠᠮ ᠤᠨ ᠭᠠᠵᠠᠷ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃            ᠪᠠᠶᠢᠴᠠᠭᠠᠬᠤ ᠳᠤᠭᠤᠶᠢᠯᠠᠩ ᠨᠢ ᠭᠤᠣᠯᠳᠠᠭᠤ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠠᠶᠢᠭᠤᠯᠤᠮᠵᠢ ᠶᠢᠨ ᠵᠣᠨ ᠤ ᠠᠮᠠᠷᠠᠯᠲᠠ ᠶᠢᠨ ᠠᠩᠭᠢ ᠶᠢᠨ ᠰᠣᠷᠣᠭᠴᠢ ᠡᠯᠰᠡᠭᠰᠡᠨ ᠪᠠᠶᠢᠳᠠᠯ᠂ ᠰᠦᠢᠳᠬᠡᠯ ᠬᠤᠷᠢᠶᠠᠬᠤ ᠪᠠᠷᠢᠮᠵᠢᠶ᠎ᠠ᠂ ᠭᠠᠯ ᠲᠦᠢᠮᠡᠷ ᠢ ᠤᠨᠲᠠᠷᠠᠭᠠᠬᠤ ᠲᠥᠬᠦᠭᠡᠷᠦᠮᠵᠢ᠂ ᠠᠮᠢ ᠵᠢᠭᠤᠲᠠᠬᠤ ᠵᠠᠮ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠪᠡᠯᠡᠳᠬᠡᠯ ᠲᠥᠰᠥᠯ ᠵᠢᠴᠢ ᠪᠠᠴᠢᠮ ᠪᠠᠶᠢᠳᠠᠯ ᠢ ᠲᠦᠷᠭᠡᠨ ᠠᠷᠭᠠᠴᠠᠬᠤ ᠰᠣᠷᠢᠯᠲᠠ ᠶᠢ ᠥᠷᠨᠢᠭᠦᠯᠦᠭᠰᠡᠨ ᠪᠠᠶᠢᠳᠠᠯ ᠳᠤ ᠨᠠᠷᠢᠨ ᠪᠠᠶᠢᠴᠠᠭᠠᠯᠲᠠ ᠬᠢᠵᠦ᠂ ᠰᠤᠷᠭᠠᠭᠤᠯᠢ ᠶᠢᠨ ᠰᠤᠷᠭᠠᠯᠲᠠ ᠶᠢᠨ ᠪᠠᠶᠢᠭᠤᠯᠤᠮᠵᠢ ᠶᠢᠨ ᠨᠢᠭᠡ ᠰᠠᠷ᠎ᠠ ᠳᠤ ᠨᠢᠭᠡ ᠤᠳᠠᠭ᠎ᠠ ᠪᠠᠴᠢᠮ ᠪᠠᠶᠢᠳᠠᠯ ᠢ ᠲᠦᠷᠭᠡᠨ ᠠᠷᠭᠠᠴᠠᠬᠤ ᠰᠣᠷᠢᠯᠲᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢᠨ ᠬᠠᠮᠲᠤ ᠰᠣᠷᠢᠯᠲᠠ ᠶᠢᠨ ᠳᠤᠮᠳᠠ ᠠᠰᠠᠭᠤᠳᠠᠯ ᠢ ᠢᠯᠡᠷᠡᠭᠦᠯᠵᠦ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠪᠡᠯᠡᠳᠬᠡᠯ ᠲᠥᠰᠥᠯ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠪᠡᠯᠡᠳᠬᠡᠯ ᠲᠥᠰᠥᠯ ᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠪᠡ︔᠎  ᠪᠠᠶᠠᠷ ᠳᠤᠷᠠᠰᠬᠠᠯ ᠤᠨ ᠬᠤᠭᠤᠴᠠᠭᠠᠨ ᠳᠠᠬᠢ ᠡᠯ᠎ᠡ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠵᠢᠭᠤᠯᠴᠢᠯᠠᠭᠴᠢᠳ ᠢ ᠭᠥᠯᠢᠶᠡᠨ ᠠᠪᠤᠭᠰᠠᠨ ᠬᠡᠮᠵᠢᠶ᠎ᠡ᠂ ᠵᠢᠭᠤᠯᠴᠢᠯᠠᠭᠴᠢᠳ ᠤᠨ ᠲᠡᠭᠡᠭᠡᠪᠦᠷᠢ ᠶᠢᠨ ᠲᠡᠷᠭᠡ ᠬᠥᠰᠬᠡ᠂ ᠡᠯ᠎ᠡ ᠣᠳᠣᠨ ᠲᠠᠰ ᠤᠨ ᠵᠣᠴᠢᠳ ᠤᠨ ᠪᠠᠭᠤᠳᠠᠯ ᠤᠨ ᠵᠣᠴᠢᠨ ᠤ ᠥᠷᠥᠭᠡ ᠶᠢ ᠤᠷᠢᠳᠴᠢᠯᠠᠨ ᠵᠠᠬᠢᠶᠠᠯᠠᠭᠰᠠᠨ ᠪᠠᠶᠢᠳᠠᠯ ᠂ ᠡᠯ᠎ᠡ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠤᠷᠢᠳᠴᠢᠯᠠᠨ ᠲᠣᠭᠲᠠᠭᠠᠭᠰᠠᠨ ᠵᠢᠴᠢ ᠪᠦᠯᠬᠦᠮ ᠲᠠᠷᠬᠠᠭᠠᠭᠰᠠᠨ ᠪᠠᠶᠢᠳᠠᠯ᠂ ᠰᠤᠳᠤᠯᠤᠨ ᠰᠤᠷᠤᠯᠴᠠᠬᠤ ᠪᠦᠯᠬᠦᠮ ᠨᠡᠶᠢᠲᠡ ᠵᠢᠴᠢ ᠬᠢᠯᠢ ᠶᠢᠨ ᠭᠠᠳᠠᠨᠠᠬᠢ ᠵᠢᠭᠤᠯᠴᠢᠯᠠᠭᠴᠢᠳ ᠤᠨ ᠮᠡᠳᠡᠭᠦᠯᠦᠨ ᠳᠠᠩᠰᠠᠯᠠᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ︔᠎  ᠡᠯ᠎ᠡ A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠣᠶ ᠰᠢᠭᠤᠢ ᠶᠢᠨ ᠭᠠᠯ ᠲᠦᠢᠮᠡᠷ ᠤᠨ ᠠᠶᠤᠯ ᠢ ᠰᠡᠷᠭᠡᠶᠢᠯᠡᠬᠦ᠂ ᠦᠶᠡᠷ ᠤᠰᠤᠨ ᠤ ᠭᠠᠮᠰᠢᠭ ᠠᠴᠠ ᠰᠡᠷᠭᠡᠶᠢᠯᠡᠨ ᠭᠠᠩ ᠲᠠᠢ ᠲᠡᠮᠡᠴᠡᠬᠦ᠂ ᠣᠨᠴᠠ ᠲᠥᠷᠥᠯ ᠤᠨ ᠲᠥᠬᠦᠭᠡᠷᠦᠮᠵᠢ᠂ ᠵᠤᠭ᠎ᠠ ᠴᠡᠩᠭᠡᠯ ᠤᠨ ᠲᠥᠬᠦᠭᠡᠷᠦᠮᠵᠢ᠂ ᠵᠢᠭᠤᠯᠴᠢᠳ ᠤᠨ ᠠᠰᠠᠭᠤᠨ ᠯᠠᠪᠯᠠᠬᠤ ᠬᠦᠯᠢᠶᠡᠨ ᠠᠪᠬᠤ ᠲᠥᠪ᠂ ᠵᠢᠭᠤᠯᠴᠢᠯᠠᠯ ᠤᠨ ᠵᠣᠷᠯᠣᠩ᠂ ᠵᠢᠭᠤᠯᠴᠢᠳ ᠤᠨ ᠲᠡᠷᠭᠡᠨ ᠵᠣᠭᠰᠣᠭᠠᠯ᠂ ᠦᠵᠡᠮᠵᠢ ᠶᠢᠨ ᠣᠷᠣᠨ ᠤ ᠳᠡᠯᠭᠡᠭᠦᠷ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠪᠠᠶᠢᠳᠠᠯ ᠵᠢᠴᠢ ᠡᠯ᠎ᠡ ᠣᠳᠣᠨ ᠳᠡᠰ ᠤᠨ ᠪᠠᠭᠤᠳᠠᠯ ᠤᠨ ᠢᠯᠡ ᠦᠨ᠎ᠡ᠂ ᠳᠡᠯᠭᠡᠭᠦᠷ ᠤᠨ ᠦᠨ᠎ᠡ᠂ ᠵᠢᠭᠤᠯᠴᠢᠯᠠᠯ ᠤᠨ ᠭᠠᠵᠠᠷ ᠤᠨ ᠵᠠᠷ ᠮᠡᠳᠡᠭᠡ᠂ ᠢᠯᠡ ᠦᠨ᠎ᠡ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠵᠤ᠂ ︽ᠬᠠᠷ᠎ᠠ ᠵᠠᠮᠴᠢᠯᠠᠭᠴᠢ︾᠎ ᠂ ︽ᠬᠠᠷ᠎ᠠ ᠨᠡᠶᠢᠭᠡᠮᠯᠢᠭ ᠤᠨ ᠬᠢᠨ︾᠎  ︽ᠪᠠᠷᠠᠭ᠎ᠠ ᠬᠤᠳᠠᠯᠳᠤᠨ ᠠᠪᠬᠤ ᠪᠦᠯᠬᠦᠮ︾᠎ ᠎ ᠤᠨ ᠵᠢᠭᠤᠯᠴᠢᠯᠠᠯ ᠤᠨ ᠭᠡᠷ᠎ᠡ ᠲᠣᠭᠲᠠᠭᠰᠠᠨ ᠪᠠᠶᠢᠳᠠᠯ ᠵᠢᠴᠢ ᠵᠢᠭᠤᠯᠴᠢᠯᠠᠯ ᠤᠨ ᠳᠠᠭᠠᠭᠠᠴᠢᠯᠠᠭᠰᠠᠨ ᠲᠡᠷᠭᠡ ᠶᠢᠨ ᠠᠮᠤᠷ ᠲᠦᠪᠰᠢᠨ ᠢᠶᠠᠷ ᠠᠶᠠᠯᠠᠭᠰᠠᠨ ᠵᠡᠷᠭᠡ ᠪᠠᠶᠢᠳᠠᠯ︔᠎  ︽ᠬᠠᠷ᠎ᠠ ᠨᠡᠶᠢᠭᠡᠮᠯᠢᠭ ᠤᠨ ᠬᠢᠨ︾᠎ ᠂ ︽ᠪᠠᠷᠠᠭ᠎ᠠ ᠬᠤᠳᠠᠯᠳᠤᠨ ᠠᠪᠬᠤ ᠪᠦᠯᠬᠦᠮ︾᠎ ᠎ ᠤᠨ ᠵᠢᠭᠤᠯᠴᠢᠯᠠᠯ ᠤᠨ ᠭᠡᠷ᠎ᠡ ᠲᠣᠭᠲᠠᠭᠰᠠᠨ ᠪᠠᠶᠢᠳᠠᠯ︔᠎  ᠢᠨᠲ᠋ᠧᠷ ᠰᠦᠯᠵᠢᠶᠡᠨ ᠤ ᠰᠦᠯᠵᠢᠶᠡᠨ ᠳᠤ ᠭᠠᠷᠬᠤ ᠦᠢᠯᠡᠴᠢᠯᠡᠭᠡᠨ ᠤ ᠲᠠᠯᠠᠪᠤᠷ ᠭᠠᠵᠠᠷ᠂ ᠳᠠᠭᠤᠤ ᠪᠥᠵᠢᠭ ᠵᠤᠭ᠎ᠠ ᠴᠡᠩᠭᠡᠯ ᠤᠨ ᠲᠠᠯᠠᠪᠤᠷ ᠭᠠᠵᠠᠷ᠂ ᠲᠣᠭᠯᠠᠭᠠᠮ ᠨᠠᠭᠠᠳᠤᠮ ᠵᠤᠭ᠎ᠠ ᠴᠡᠩᠭᠡᠯ ᠤᠨ ᠲᠠᠯᠠᠪᠤᠷ ᠭᠠᠵᠠᠷ᠂ ᠴᠠᠬᠢᠮ ᠲᠣᠭᠯᠠᠭᠠᠮ ᠤᠨ ᠦᠢᠯᠡᠴᠢᠯᠡᠭᠡ ᠎ ᠲᠠᠢ ᠪᠠᠭᠤᠳᠠᠯ ᠤᠨ ᠲᠣᠭᠲᠠᠭᠠᠯ ᠠᠴᠠ ᠵᠥᠷᠢᠴᠡᠨ ᠨᠠᠰᠤᠨ ᠳᠤ ᠥᠯᠥ ᠭᠦᠷᠦᠭᠰᠡᠳ ᠢ ᠭᠥᠯᠢᠶᠡᠨ ᠠᠪᠤᠭᠰᠠᠨ ᠦᠶᠯᠡ ᠠᠵᠢᠯᠯᠠᠭ᠎ᠠ᠂ ᠲᠠᠮᠠᠬᠢ ᠲᠠᠲᠠᠭᠰᠠᠨ ᠦᠶᠯᠡ ᠠᠵᠢᠯᠯᠠᠭ᠎ᠠ᠂ ᠴᠠᠭ ᠠᠴᠠ ᠬᠡᠲᠦᠷᠡᠭᠰᠡᠨ ︵᠎  ᠡᠳᠦᠷ ᠪᠦᠷᠢ ᠶᠢᠨ ᠥᠷᠯᠥᠭᠡ ᠶᠢᠨ 2 ᠴᠠᠭ ᠠᠴᠠ ᠦᠳᠡ ᠶᠢᠨ ᠡᠮᠦᠨᠡᠬᠢ 8 ᠴᠠᠭ ᠪᠣᠯᠲᠠᠯ᠎ᠠ︶᠎  ᠡᠵᠡᠩᠨᠡᠯᠲᠡ ᠶᠢᠨ ᠦᠶᠯᠡ ᠠᠵᠢᠯᠯᠠᠭ᠎ᠠ ᠶᠢ ᠭᠡᠨᠡᠳᠲᠡ ᠪᠠᠷ ᠪᠠᠶᠢᠴᠠᠭᠠᠨ᠎ᠠ︔᠎  ︽ᠬᠠᠷ᠎ᠠ ᠪᠥᠵᠢᠭ ᠤᠨ ᠲᠢᠩᠬᠢᠮ︾᠎  ︽ᠬᠠᠷ᠎ᠠ ᠰᠦᠯᠵᠢᠶᠡᠨ ᠤ ᠪᠠᠭᠠᠷ︾᠎  ᠵᠡᠷᠭᠡ ᠦᠨᠡᠮᠯᠡᠯ ᠦᠭᠡᠢ ᠪᠠᠷ ᠡᠵᠡᠩᠨᠡᠬᠦ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠲᠣᠳᠣᠯᠠᠪᠠ᠃            ᠪᠠᠶᠢᠴᠠᠭᠠᠯᠲᠠ ᠳᠤ ᠢᠯᠡᠷᠡᠭᠦᠯᠦᠭᠰᠡᠨ ᠳᠠᠯᠳᠠ ᠬᠡᠮ ᠤᠨ ᠠᠰᠠᠭᠤᠳᠠᠯ 26 ᠵᠤᠷᠪᠤᠰ ᠪᠠᠶᠢᠵᠤ᠂ 20 ᠵᠤᠷᠪᠤᠰ ᠎ ᠢ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠵᠠᠰᠠᠵᠤ᠂ 6 ᠵᠤᠷᠪᠤᠰ ᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠥᠭᠡᠷᠡᠴᠢᠯᠡᠪᠡ᠃ ᠲᠣᠰ ᠤᠳᠠᠭᠠᠨ ᠤ ᠪᠠᠶᠢᠴᠠᠭᠠᠯᠲᠠ ᠠᠴᠠ ᠦᠵᠡᠪᠡᠯ᠂ ᠡᠯ᠎ᠡ ᠰᠣᠶᠣᠯ ᠤᠨ ᠵᠢᠭᠤᠯᠴᠢᠯᠠᠯ ᠤᠨ ᠠᠵᠤ ᠠᠬᠤᠶᠢᠯᠠᠯ ᠤᠨ ᠬᠢᠨ ᠰᠣᠶᠣᠯ ᠵᠢᠭᠤᠯᠴᠢᠯᠠᠯ ᠤᠨ ᠭᠥᠯᠢᠶᠡᠨ ᠠᠪᠬᠤ ᠦᠢᠯᠡᠴᠢᠯᠡᠭᠡᠨ ᠤ ᠲᠤᠬᠠᠢ ᠲᠠᠨᠢᠯᠲᠠ ᠪᠠᠨ ᠨᠡᠶᠢᠳᠡᠮ ᠳᠡᠭᠡᠭᠰᠢᠯᠡᠭᠦᠯᠵᠦ᠂ ᠠᠵᠢᠯ ᠨᠢᠭᠡᠲᠡᠨ ᠢᠶᠠᠨ ᠳᠠᠷᠤᠯᠠᠵᠤ ᠵᠠᠬ᠎ᠠ ᠳᠡᠯᠭᠡᠭᠦᠷ ᠢ ᠡᠵᠡᠷᠬᠡᠬᠦ ᠂ ᠪᠠᠷᠠᠭᠠᠨ ᠤ ᠦᠨ᠎ᠡ ᠶᠢ ᠲᠦᠷᠬᠢᠭᠦᠯᠦᠨ ᠥᠰᠬᠡᠬᠦ᠂ ᠵᠢᠭᠤᠯᠴᠢᠯᠠᠭᠴᠢᠳ ᠢ ᠮᠡᠬᠡᠯᠡᠬᠦ ᠬᠠᠤᠯᠢ ᠶᠢ ᠵᠥᠷᠢᠴᠡᠭᠰᠡᠨ ᠦᠶᠯᠡ ᠠᠵᠢᠯᠯᠠᠭ᠎ᠠ ᠭᠠᠷᠤᠭᠰᠠᠨ ᠦᠭᠡᠢ︔᠎  ᠣᠯᠠᠨ ᠨᠡᠶᠢᠲᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠠ ᠵᠠᠮ ᠬᠠᠷᠢᠯᠴᠠᠭ᠎ᠠ᠂ ᠨᠡᠶᠢᠭᠡᠮ ᠤᠨ ᠠᠮᠤᠷ ᠲᠦᠪᠰᠢᠨ ᠤ ᠡᠮᠬᠢ ᠳᠢᠭᠯᠢᠮ ᠨᠢ ᠰᠠᠶᠢᠨ ᠪᠠᠶᠢᠵᠤ᠂ ᠠᠶᠦᠯᠭᠦᠢ ᠦᠢᠯᠡᠳᠪᠦᠷᠢᠯᠡᠯ ᠵᠢᠴᠢ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠲᠠᠯ᠎ᠠ ᠪᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠪᠣᠯᠪᠠᠰᠤᠨ ᠵᠢᠭᠤᠯᠴᠢᠯᠠᠯ ᠤᠨ ᠤᠬᠠᠭᠤᠯᠭ᠎ᠠ ᠶᠢᠨ ᠦᠵᠡᠯ ᠤᠬᠠᠮᠰᠠᠷ ᠨᠢ ᠢᠳᠡᠭ ᠢᠳᠡᠭ ᠢᠶᠠᠷ ᠴᠢᠩᠭᠠᠷᠠᠪᠠ᠃            ᠮᠠᠨ ᠤ ᠲᠣᠪᠴᠢᠶ᠎ᠠ ᠦᠷᠭᠦᠯᠵᠢᠯᠡᠨ ᠠᠮᠤᠷ ᠲᠦᠪᠰᠢᠨ ᠤ ᠶᠡᠭᠡ ᠪᠠᠶᠢᠴᠠᠭᠠᠯᠲᠠ ᠬᠢᠵᠦ᠂ ᠡᠯ᠎ᠡ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠬᠢᠨ ᠠᠮᠤᠷ ᠲᠦᠪᠰᠢᠨ ᠤ ᠠᠵᠢᠯ ᠢᠶᠠᠨ ᠪᠣᠳᠠᠲᠠᠶᠢᠵᠢᠭᠤᠯᠵᠤ᠂ ᠨᠠᠷᠢᠯᠢᠭ ᠬᠢᠵᠦ᠂ ᠴᠢᠩᠭ᠎ᠠ ᠬᠢᠬᠦ ᠬᠡᠷᠡᠭᠲᠡᠢ ᠭᠡᠵᠦ ᠲᠠᠰᠤᠷᠠᠯᠲᠠ ᠦᠭᠡᠢ ᠱᠠᠭᠠᠷᠳᠠᠵᠤ᠂ ᠬᠥᠮᠥᠨ ᠣᠯᠠᠨ ᠴᠤᠭᠯᠠᠷᠠᠳᠠᠭ ᠭᠠᠵᠠᠷ ᠲᠤ ᠭᠠᠯ  ᠤᠨ ᠠᠶᠤᠯ ᠪᠣᠯᠣᠨ ᠭᠢᠰᠬᠢᠯᠡᠬᠦ ᠵᠡᠷᠭᠡ ᠡ᠊ᠨᠳᠡᠯ ᠢ ᠴᠢᠩᠭ᠎ᠠ ᠰᠡᠷᠭᠡᠶᠢᠯᠡᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠰᠠᠶᠢᠲᠤᠷ ᠬᠢᠵᠦ᠂ ᠡᠯ᠎ᠡ ᠵᠦᠢᠯ ᠤᠨ ᠭᠡᠨᠡᠳᠲᠡ ᠶᠢᠨ ᠪᠠᠶᠢᠳᠠᠯ ᠢ ᠡᠮᠬᠢ ᠵᠢᠷᠤᠮ ᠲᠠᠢ ᠠᠷᠭᠠᠴᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠵᠢᠭᠤᠯᠴᠢᠯᠠᠯ  ᠤᠨ ᠠᠮᠤᠷ ᠲᠦᠪᠰᠢᠨ ᠤ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠵᠢᠭᠤᠯᠴᠢᠯᠠᠯ  ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠡ᠊ᠨᠳᠡᠯ ᠵᠢᠴᠢ ᠲᠠᠸᠠᠷ  ᠤᠨ ᠦᠨ᠎ᠡ ᠬᠠᠩᠰᠢ᠂ ᠦᠢᠯᠡᠴᠢᠯᠡᠭᠡᠨ ᠤ ᠰᠦᠢᠳᠬᠡᠯ ᠬᠤᠷᠢᠶᠠᠬᠤ ᠵᠡᠷᠭᠡ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠡᠭᠦᠰᠬᠦ ᠶᠢ ᠡᠷᠡᠰ ᠪᠦᠲᠦᠮᠵᠢᠲᠡᠶ ᠬᠤᠷᠢᠭᠯᠠᠵᠤ᠂ ᠠᠮᠤᠷ ᠲᠦᠪᠰᠢᠨ᠂ ᠪᠣᠯᠪᠠᠰᠤᠨ᠂ ᠡᠶ᠎ᠡ ᠨᠠᠶᠢᠷᠠᠮᠳᠠᠭᠤ᠂ ᠡᠮᠬᠢ ᠵᠢᠷᠤᠮ ᠲᠠᠢ᠂ ᠪᠣᠬᠢᠷᠲᠤᠯ ᠦᠭᠡᠢ ᠰᠣᠶᠣᠯ  ᠤᠨ ᠵᠢᠭᠤᠯᠴᠢᠯᠠᠯ  ᠤᠨ ᠣᠷᠴᠢᠨ ᠲᠣᠭᠤᠷᠢᠨ ᠢ ᠴᠢᠷᠮᠠᠶᠢᠨ ᠪᠡᠶᠡᠯᠡᠭᠦᠯᠦᠨ᠎ᠡ᠃      
 
ᠢᠷᠡᠯᠲᠡ᠄ ‍ᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号