| | | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠡᠷᠡᠭᠦᠯ ᠮᠡᠨᠳᠦ ᠶᠢᠨ ᠬᠡᠪ ᠰᠤᠷᠭᠠᠯᠲᠠ ᠶᠢ | ᠠᠬᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠪᠥᠬᠦ ᠠᠷᠠᠳ ᠤᠨ ᠡᠷᠡᠭᠦᠯ ᠮᠡᠨᠳᠦ ᠶᠢᠨ ᠬᠡᠪ | ᠰᠤᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠣᠯ ᠪᠥᠬᠦ ᠠᠷᠠᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠬᠠᠮᠤᠭ ᠤᠨ ᠦᠨᠳᠦᠰᠦᠨ ᠬᠠᠮᠤᠭ ᠤᠨ ᠠᠷᠪᠢᠲᠠᠶ ᠬᠠᠮᠤᠭ ᠤᠨ ᠪᠦᠲᠦᠮᠵᠢᠲᠡᠶ ᠠᠷᠭ᠎ᠠ ᠬᠡᠮᠵᠢᠶ᠎ᠡ ᠶᠢᠨ | ᠨᠢᠭᠡ ᠮᠥᠨ︾ ᠭᠡᠵᠦ ᠲᠣᠳᠣᠷᠬᠠᠶ ᠳᠤᠷᠠᠳᠤᠨ ᠭᠠᠷᠭᠠᠪᠠ᠃ ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠡᠷᠡᠭᠦᠯ | ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠵᠦ᠂ ᠠᠯᠢ ᠣᠯᠠᠨ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠡᠷᠡᠭᠦᠯ ᠡᠩᠬᠡ ᠳᠤᠮᠳᠠᠳᠤ ᠤᠯᠤᠰ ᠤᠨ ᠪᠥᠲᠥᠭᠡᠨ | ᠪᠠᠶᠢᠭᠤᠯᠤᠯᠲᠠ ᠶᠢ ᠤᠷᠤᠭᠰᠢ ᠠᠬᠢᠭᠤᠯᠵᠤ᠂ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠶᠢ | ᠥᠷᠨᠢᠭᠦᠯᠦᠭᠡᠳ ᠢᠯᠡᠳᠲᠡ ᠦᠷ᠎ᠡ ᠪᠦᠲᠦᠮᠵᠢ ᠣᠯᠤᠭᠰᠠᠨ ᠪᠠᠶᠢᠨ᠎ᠠ᠃ ᠬᠢᠨᠠᠨ ᠬᠡᠮᠵᠢᠯᠲᠡ ᠠᠴᠠ ᠦᠵᠡᠪᠡᠯ᠂ ᠮᠠᠨ ᠤ | ᠤᠯᠤᠰ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠰᠤᠷᠭᠠᠯᠲᠠ ᠶᠢᠨ ᠬᠢᠷᠢ ᠲᠦᠪᠰᠢᠨ ᠦᠷᠭᠦᠯᠵᠢᠯᠡᠨ | ᠨᠡᠮᠡᠭᠳᠡᠬᠦ ᠬᠠᠨᠳᠤᠰᠢ ᠲᠠᠢ ᠪᠣᠯᠵᠣ᠂ 2023 ᠣᠨ ᠳᠤ 29.70% ᠳᠤ ᠬᠦᠷᠴᠡᠶ᠃ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠠᠵᠢᠯ ᠢ ︽ᠡᠪᠡᠳᠴᠢᠨ ᠵᠠᠰᠠᠬᠤ ᠪᠠᠷ ᠭᠤᠤᠯ ᠪᠣᠯᠭᠠᠵᠤ︾ ᠪᠠᠶᠢᠭᠰᠠᠨ ᠠᠴᠠ ︽ᠡᠷᠡᠭᠦᠯ ᠮᠡᠨᠳᠦ ᠪᠠᠷ | ᠭᠤᠤᠯ ᠪᠣᠯᠭᠠᠬᠤ︾ ᠳᠠᠰᠢ ᠬᠤᠪᠢᠷᠠᠭᠤᠯᠬᠤ ᠶᠢ ᠤᠯᠠᠮ ᠤᠷᠤᠭᠰᠢ ᠠᠬᠢᠭᠤᠯᠵᠤ᠂ ᠬᠢᠲᠠᠳ ᠡᠮ ᠡᠮᠨᠡᠯᠭᠡ ᠶᠢ ᠣᠯᠠᠨ | ᠲᠦᠮᠡᠨ ᠤ ᠡᠷᠡᠭᠦᠯ ᠮᠡᠨᠳᠦ ᠶᠢ ᠠᠬᠢᠭᠤᠯᠬᠤ ᠰᠣᠶᠣᠯ ᠤᠨ ᠤᠬᠠᠮᠰᠠᠷ ᠪᠣᠯᠭᠠᠬᠤ ᠶᠢ ᠤᠷᠤᠭᠰᠢ ᠠᠬᠢᠭᠤᠯᠵᠤ᠂ | ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠰᠤᠷᠭᠠᠯᠲᠠ ᠶᠢ ᠨᠠᠩ ᠪᠥᠬᠦ ᠲᠠᠯ᠎ᠠ ᠪᠠᠷ ᠰᠢᠰᠲ᠋ᠧᠮ ᠲᠠᠢ | ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠬᠤᠪᠢ ᠬᠥᠮᠦᠨ ᠢ ᠬᠥᠮᠦᠵᠢᠭᠦᠯᠦᠨ ᠬᠥᠲᠥᠯᠦᠨ ᠵᠢᠯᠣᠭᠤᠳᠴᠤ | ᠪᠠᠶᠢᠭᠠᠳ ᠵᠢᠩᠬᠢᠨᠢ ᠥᠪᠡᠷ ᠤᠨ ᠡᠷᠡᠭᠦᠯ ᠮᠡᠨᠳᠦ ᠶᠢᠨ ︽ᠨᠢᠭᠡᠳᠦᠭᠡᠷ ᠬᠠᠷᠢᠭᠤᠴᠠᠯᠭᠠᠲᠠᠨ︾ ᠪᠣᠯᠭᠠᠬᠤ ᠵᠣᠷᠢᠯᠭ᠎ᠠ ᠪᠠᠷ | ᠂ ᠲᠣᠰ ᠠᠵᠢᠯᠯᠠᠭ᠎ᠠ ᠶᠢᠨ ᠲᠥᠰᠦᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠬᠠᠷᠠᠯᠲᠠ ᠶᠢᠨ ᠡᠭᠦᠷᠭᠡ | ︽ᠳᠤᠮᠳᠠᠳᠤ ᠤᠯᠤᠰ ᠤᠨ ᠠᠷᠠᠳ ᠢᠷᠭᠡᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ-ᠦᠨᠳᠦᠰᠦᠨ | ᠮᠡᠳᠡᠯᠭᠡ ᠪᠠ ᠤᠷ᠎ᠠ ᠴᠢᠳᠠᠪᠤᠷᠢ︾ ᠶᠢ ᠤᠬᠠᠭᠤᠯᠤᠨ ᠳᠡᠯᠭᠡᠷᠡᠭᠦᠯᠬᠦ ᠪᠠᠷ ᠭᠤᠣᠯ ᠰᠢᠵᠢᠮ ᠪᠣᠯᠭᠠᠵᠤ᠂ ᠡᠷᠡᠭᠦᠯ | ᠮᠡᠨᠳᠦ ᠶᠢᠨ ᠬᠥᠮᠦᠵᠢᠯ ᠢ ᠨᠡᠶᠢᠭᠡᠮ ᠲᠣᠭᠤᠷᠢᠭ ᠲᠤ ᠣᠷᠣᠭᠤᠯᠬᠤ᠂ ᠬᠡᠷ ᠪᠦᠯᠢ ᠳᠤ ᠣᠷᠣᠭᠤᠯᠬᠤ᠂ ᠰᠤᠷᠭᠠᠭᠤᠯᠢ ᠳᠤ | ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠪᠠᠶᠢᠭᠤᠯᠭ᠎ᠠ ᠳᠤ ᠣᠷᠣᠭᠤᠯᠬᠤ ᠶᠢ ᠤᠷᠤᠭᠰᠢ ᠠᠬᠢᠭᠤᠯᠵᠤ᠂ | ᠣᠯᠠᠨ ᠨᠡᠶᠢᠲᠡ ᠶᠢ ᠬᠥᠲᠥᠯᠦᠨ ᠵᠢᠯᠣᠭᠤᠳᠴᠤ ᠪᠠᠶᠢᠭᠠᠳ ᠪᠣᠯᠪᠠᠰᠤᠨ ᠡᠷᠡᠭᠦᠯ ᠪᠣᠬᠢᠷᠲᠤᠯ ᠥᠬᠡᠶ ᠣᠷᠴᠢᠨ | ᠠᠬᠤᠶ ᠶᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠤᠬᠠᠮᠰᠠᠷ ᠠᠴᠠ ᠪᠠᠨ ᠦᠶᠯᠡᠳᠦᠯᠭᠡᠵᠢᠭᠦᠯᠵᠦ᠂ ᠠᠷᠠᠳ | ᠣᠯᠠᠨ ᠢ ᠦᠨᠡᠨ ᠬᠦ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠭᠠᠵᠤ᠂ ᠡᠷᠡᠭᠦᠯ ᠮᠡᠨᠳᠦ ᠶᠢ | ᠨᠠᠩ ᠰᠠᠶᠢᠲᠤᠷ ᠴᠢᠬᠤᠯᠠᠴᠢᠯᠠᠨ᠂ ᠡᠷᠡᠭᠦᠯ ᠮᠡᠨᠳᠦ ᠶᠢ ᠬᠠᠮᠠᠭᠠᠯᠠᠵᠤ᠂ ᠡᠷᠡᠭᠦᠯ ᠮᠡᠨᠳᠦ ᠶᠢ ᠨᠠᠩ ᠰᠠᠶᠢᠲᠤᠷ ᠡᠳ᠋ᠯᠡᠭᠦᠯᠬᠦ | ᠬᠡᠷᠡᠭᠲᠡᠶ᠃ ᠭᠤᠣᠯ ᠬᠠᠷᠠᠯᠲᠠ ᠨᠢ ᠳᠠᠷᠠᠭᠠᠬᠢ ᠬᠡᠳᠦᠨ ᠲᠠᠯ᠎ᠠ ᠪᠠᠷ᠄ | — ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠨᠠᠷ ᠰᠠᠶᠢᠲᠠᠶ ᠪᠦᠲᠦᠭᠡᠭᠳᠡᠬᠦᠨ ᠤ | ᠬᠠᠩᠭᠠᠯᠭ᠎ᠠ ᠶᠢ ᠨᠠᠩ ᠪᠠᠶᠠᠯᠢᠭᠵᠢᠭᠤᠯᠵᠤ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠦᠶᠯᠡᠴᠢᠯᠡᠭᠡᠨ ᠤ ᠬᠠᠮᠤᠷᠬᠤ ᠬᠡᠪᠴᠢᠶ᠎ᠡ᠂ ᠬᠦᠷᠦᠯᠴᠡᠬᠦ ᠨᠣᠷᠮ᠎ᠠ ᠪᠠ ᠪᠦᠳᠦᠮᠵᠢᠳᠤ ᠴᠢᠨᠠᠷ ᠢ ᠤᠯᠠᠮ | ᠳᠡᠭᠡᠭᠰᠢᠯᠡᠭᠦᠯᠦᠨ᠎ᠡ︔ | — ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠭᠡ ᠵᠠᠩᠭᠢ ᠶᠢᠨ | ᠳᠠᠮᠵᠢᠭᠤᠯᠭ᠎ᠠ ᠶᠢᠨ ᠣᠷᠴᠢᠨ ᠲᠣᠭᠤᠷᠢᠨ ᠢ ᠨᠡᠩ ᠴᠡᠪᠡᠷ ᠲᠤᠩᠭᠠᠯᠠᠭ ᠪᠣᠯᠭᠠᠵᠤ᠂ ᠡᠷᠬᠡ ᠰᠤᠯᠢᠲᠤ ᠡᠷᠡᠭᠦᠯ | ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠦᠲᠦᠭᠡᠯ ᠢ ᠪᠦᠬᠦ ᠲᠠᠯ᠎ᠠ ᠪᠠᠷ᠂ ᠤᠯᠠᠨ ᠠᠷᠭ᠎ᠠ ᠵᠠᠮ ᠢᠶᠠᠷ | ᠬᠦᠷᠭᠡᠵᠦ᠂ ᠬᠤᠳᠠᠯ ᠬᠠᠭᠤᠷᠮᠠᠭ ᠪᠤᠷᠤᠭᠤ ᠮᠡᠳᠡᠭᠡ ᠵᠠᠩᠭᠢ ᠶᠢ ᠡᠷᠡᠰ ᠬᠤᠷᠢᠭᠯᠠᠨ᠎ᠠ︔ | — ᠡᠷᠡᠭᠦᠯ ᠮᠡᠨᠳᠦ ᠶᠢᠨ ᠬᠥᠮᠦᠵᠢᠯ ᠤᠨ ᠴᠢᠳᠠᠪᠤᠷᠢᠲᠠᠨ ᠤ ᠡᠩᠨᠡᠭᠡ ᠶᠢ ᠨᠠᠩ ᠪᠤᠵᠠᠭᠠᠶᠢᠷᠠᠭᠤᠯᠵᠤ᠂ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ ᠤ ᠡᠷᠡᠭᠦᠯ | ᠮᠡᠨᠳᠦ ᠶᠢᠨ ᠬᠥᠮᠦᠵᠢᠯ ᠳᠤ ᠣᠷᠣᠯᠴᠠᠬᠤ ᠲᠤᠰᠬᠠᠶ ᠮᠡᠷᠭᠡᠵᠢᠯ ᠤᠨ ᠴᠢᠨᠠᠷ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ | ᠴᠢᠨᠠᠷ ᠢ ᠤᠯᠠᠮ ᠴᠢᠩᠭᠠᠷᠠᠭᠤᠯᠤᠨ᠎ᠠ︔ | — ᠨᠡᠶᠢᠭᠡᠮ ᠤᠨ ᠡᠯ᠎ᠡ ᠡᠲᠡᠭᠡᠳ ᠤᠨ ᠬᠢᠨ ᠢ ᠲᠠᠶᠢᠴᠢᠯᠠᠨ ᠨᠡᠩ ᠥᠷᠭᠡᠨ ᠳᠡᠯᠭᠡᠷ ᠣᠷᠣᠯᠴᠠᠵᠤ᠂ | ᠨᠡᠶᠢᠭᠡᠮ ᠤᠨ ᠬᠦᠴᠦᠨ ᠪᠣᠯᠤᠨ ᠠᠷᠠᠳ ᠤᠯᠠᠨ ᠤ ᠡᠷᠡᠭᠦᠯ ᠮᠡᠨᠳᠦ ᠶᠢᠨ ᠬᠥᠮᠦᠵᠢᠯ ᠳᠤ ᠣᠷᠣᠯᠴᠠᠬᠤ ᠠᠵᠠ ᠲᠣᠬᠢᠶᠠᠯ | ᠪᠣᠯᠤᠨ ᠲᠠᠪᠴᠠᠩ ᠢ ᠤᠯᠠᠮ ᠴᠢᠨᠠᠭᠰᠢᠳᠠ ᠥᠷᠭᠡᠳᠬᠡᠬᠦ ᠶᠢ ᠳᠡᠮᠵᠢᠨ᠎ᠡ︔ | — ᠪᠦᠬᠦ ᠤᠯᠤᠰ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠰᠤᠷᠭᠠᠯᠲᠠ ᠶᠢᠨ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠵᠦ᠂ 2024 — 2027 ᠣᠨ ᠳᠤ ᠳᠤᠮᠳᠠᠴᠢ ᠪᠠᠷ ᠵᠢᠯ ᠪᠦᠷᠢ 2 ᠵᠠᠭᠤᠨ ᠤ | ᠨᠢᠭᠡᠴᠢ ᠣᠷᠴᠢᠮ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠠᠷᠠᠳ ᠢᠷᠭᠡᠳ ᠤᠨ ᠬᠢᠲᠠᠳ ᠡᠮ ᠡᠮᠨᠡᠯᠭᠡ ᠶᠢᠨ | ᠡᠷᠡᠭᠦᠯ ᠮᠡᠨᠳᠦ ᠶᠢᠨ ᠰᠣᠶᠣᠯ ᠤᠨ ᠬᠡᠪ ᠰᠤᠷᠭᠠᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ | ᠬᠤᠶᠠᠷ᠂ ᠭᠤᠣᠯ ᠠᠷᠭ᠎ᠠ ᠬᠡᠮᠵᠢᠶ᠎ᠡ | ︵ ᠨᠢᠭᠡ︶ ᠴᠢᠨᠠᠷ ᠰᠠᠶᠢᠲᠠᠶ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠦᠶᠯᠡᠳᠬᠦᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ | 1. ᠨᠢᠭᠡ ᠪᠦᠯᠦᠭ ᠴᠢᠨᠠᠷ ᠰᠠᠶᠢᠲᠠᠶ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠪᠦᠲᠦᠭᠡᠯ ᠢ ᠨᠡᠶᠢᠲᠡᠯᠡᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠷᠡᠭᠦᠯ ᠮᠡᠨᠳᠦ ᠶᠢᠨ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠢᠯᠢᠳᠡᠭ ᠡᠬᠢ ᠪᠠᠶᠠᠯᠢᠭ ᠢ ᠰᠣᠩᠭᠤᠨ ᠴᠤᠭᠯᠠᠭᠤᠯᠵᠤ᠂ ᠤᠯᠤᠰ ᠤᠨ | ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠬᠢ ᠪᠠᠶᠠᠯᠢᠭ ᠤᠨ ᠬᠥᠮᠥᠷᠭᠡ ᠶᠢᠨ ᠵᠢᠭᠰᠠᠭᠠᠯ ᠢ | ᠪᠠᠶᠢᠭᠤᠯᠤᠨ᠎ᠠ᠃ ᠨᠢᠯᠬ᠎ᠠ ᠬᠡᠦᠬᠡᠳ᠂ ᠬᠡᠦᠬᠡᠳ ᠪᠠᠭᠠᠴᠤᠳ᠂ ᠨᠠᠰᠤᠲᠠᠶᠢᠴᠤᠳ᠂ ᠵᠢᠷᠮᠦᠰᠦᠨ ᠡᠮᠡᠭᠲᠡᠶ ᠵᠢᠴᠢ ᠠᠵᠢᠯ | ᠮᠡᠷᠭᠡᠵᠢᠯ ᠤᠨ ᠬᠥᠮᠦᠰ ᠵᠡᠷᠭᠡ ᠭᠤᠣᠯᠳᠠᠯᠭ᠎ᠠ ᠲᠠᠢ ᠬᠥᠮᠦᠰ ᠤᠨ ᠲᠣᠭᠤᠷᠢᠨ ᠳᠤ ᠣᠶᠢᠷ᠎ᠠ ᠬᠠᠷᠠᠭ᠎ᠠ ᠶᠢ ᠰᠡᠷᠭᠡᠶᠢᠯᠡᠨ | ᠡᠵᠡᠮᠳᠡᠬᠦ᠂ ᠰᠡᠳᠬᠢᠴᠡ ᠶᠢᠨ ᠡᠷᠡᠭᠦᠯ ᠮᠡᠨᠳᠦ᠂ ᠢᠳᠡᠭᠡᠨ ᠤᠮᠳᠠᠭᠠᠨ ᠢᠶᠠᠨ ᠵᠦᠶ ᠵᠣᠬᠢᠰᠲᠠᠶ ᠪᠠᠶᠢᠯᠭᠠᠬᠤ᠂ ᠰᠢᠨᠵᠢᠯᠡᠬᠦ | ᠤᠬᠠᠭᠠᠨ ᠤ ᠬᠥᠳᠡᠯᠭᠡᠭᠡᠨ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ᠂ ︽ᠳᠠᠪᠤᠰᠤ᠂ ᠲᠣᠰᠣ᠂ | ᠰᠢᠬᠢᠷ ᠢ ᠪᠠᠭᠠᠰᠬᠠᠬᠤ᠂ ᠡᠷᠡᠭᠦᠯ ᠮᠡᠨᠳᠦ ᠶᠢᠨ ᠠᠮᠠᠨ ᠬᠥᠨᠳᠡᠶ᠂ ᠡᠷᠡᠭᠦᠯ ᠮᠡᠨᠳᠦ ᠶᠢᠨ ᠪᠡᠶ᠎ᠡ ᠶᠢᠨ ᠬᠦᠨᠳᠦ᠂ ᠡᠷᠡᠭᠦᠯ | ᠴᠢᠭᠢᠷᠠᠭ ᠠᠷᠤᠭ ᠶᠠᠰᠤ︾ ︵ ᠳᠥᠭᠦᠮᠴᠢᠯᠡᠭᠡᠳ ︽ᠭᠤᠷᠪᠠ ᠶᠢ ᠪᠠᠭᠠᠰᠬᠠᠵᠤ ᠭᠤᠷᠪᠠ ᠶᠢ ᠴᠢᠭᠢᠷᠠᠭᠵᠢᠭᠤᠯᠬᠤ︾ ︶ | ᠂ ᠡᠷᠡᠭᠦᠯ ᠮᠡᠨᠳᠦ ᠶᠢᠨ ᠪᠤᠶᠢᠵᠢᠯᠲᠠ ᠵᠡᠷᠭᠡ ᠭᠤᠤᠯᠳᠠᠯᠭ᠎ᠠ ᠲᠠᠢ ᠭᠤᠤᠯ ᠰᠡᠳᠦᠪ ᠲᠤ ᠠᠩᠬᠠᠷᠤᠯ ᠢᠶᠠᠨ | ᠬᠠᠨᠳᠤᠭᠤᠯᠵᠤ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠨᠣᠯᠵᠢᠬᠤᠨ᠂ ᠬᠠᠷᠠᠭᠠᠰᠤ᠂ | ᠵᠠᠭᠪᠤᠷ ᠤᠨ ᠰᠢᠨ᠎ᠡ ᠶᠢ ᠡᠭᠦᠳᠴᠦ᠂ ᠨᠡᠶᠢᠭᠡᠮ ᠨᠡᠶᠢᠲᠡ ᠳᠤ ᠨᠢᠭᠡ ᠪᠦᠯᠦᠭ ᠰᠢᠨᠵᠢᠯᠡᠬᠦ ᠤᠬᠠᠭᠠᠨᠴᠢ ᠡᠷᠬᠡ ᠰᠦᠷ ᠲᠠᠢ | ᠂ ᠬᠢᠯᠪᠠᠷ ᠣᠶᠢᠯᠠᠭᠠᠮᠵᠢᠲᠠᠶ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠦᠲᠦᠭᠡᠯ ᠢ ᠨᠡᠶᠢᠲᠡᠯᠡᠨ᠎ᠡ᠃ | ᠴᠢᠬᠤᠯᠠ ᠬᠠᠯᠠᠭᠤᠨ ᠴᠡᠭ ᠤᠨ ᠠᠰᠠᠭᠤᠳᠠᠯ ᠳᠤ ᠴᠢᠭᠯᠡᠭᠦᠯᠦᠨ ᠲᠠᠬᠢᠨ ᠳᠠᠪᠲᠠᠨ ᠶᠠᠷᠢᠵᠤ᠂ ᠦᠷᠭᠦᠯᠵᠢᠯᠡᠨ ᠶᠠᠷᠢᠵᠤ᠂ | ᠤᠯᠠᠨ ᠨᠡᠶᠢᠲᠡ ᠶᠢᠨ ᠦᠵᠡᠯ ᠤᠬᠠᠮᠰᠠᠷ ᠢ ᠲᠠᠰᠤᠷᠠᠯᠳᠠ ᠦᠭᠡᠢ ᠴᠢᠩᠭᠠᠳᠬᠠᠪᠠ᠃ | 2. ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠢᠷᠢᠰ ᠴᠤᠪᠤᠷᠠᠯ ᠪᠢᠴᠢᠭ ᠢ ᠨᠢᠭᠡ ᠢᠵᠢ | ᠬᠡᠪᠯᠡᠭᠦᠯᠦᠨ᠎ᠡ᠃ ︽ᠡᠷᠡᠭᠦᠯ ᠡᠩᠬᠡ ᠳᠤᠮᠳᠠᠳᠤ ᠤᠯᠤᠰ ᠬᠠᠮᠲᠤ ᠪᠠᠷ ᠤᠷᠤᠭᠰᠢᠯᠠᠶ᠎ᠠ︾ ᠵᠡᠷᠭᠡ ᠡᠷᠡᠭᠦᠯ ᠮᠡᠨᠳᠦ ᠶᠢᠨ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠢᠷᠢᠰ ᠴᠤᠪᠤᠷᠠᠯ ᠪᠢᠴᠢᠭ ᠢ ᠨᠠᠶᠢᠷᠠᠭᠤᠯᠤᠨ ᠬᠡᠪᠯᠡᠭᠦᠯᠬᠦ ᠠᠵᠢᠯ ᠢ ᠰᠠᠶᠢᠲᠤᠷ | ᠬᠢᠵᠦ᠂ ᠨᠠᠰᠤᠲᠠᠶᠢᠴᠤᠳ᠂ ᠬᠡᠤᠬᠡᠳ᠂ ᠡᠮᠡᠭᠲᠡᠶᠢᠴᠦᠳ ᠵᠡᠷᠭᠡ ᠭᠤᠤᠯᠳᠠᠯᠭ᠎ᠠ ᠲᠠᠢ ᠬᠥᠮᠦᠰ ᠪᠠ ᠠᠮᠢᠰᠬᠤᠯ ᠤᠨ | ᠰᠢᠰᠲ᠋ᠧᠮ ᠤᠨ ᠡᠪᠡᠳᠴᠢᠨ᠂ ᠬᠠᠯᠳᠠᠪᠤᠷᠢᠯᠠᠯ ᠤᠨ ᠴᠢᠨᠠᠷᠲᠠᠶ ᠡᠪᠡᠳᠴᠢᠨ᠂ ᠥᠮᠡᠨ ᠡᠪᠡᠳᠴᠢᠨ᠂ ᠵᠦᠶ ᠵᠣᠬᠢᠰᠲᠠᠶ | ᠬᠤᠭᠤᠯᠠ ᠤᠮᠳᠠ᠂ ᠰᠡᠳᠬᠢᠴᠡ ᠶᠢᠨ ᠡᠷᠡᠭᠦᠯ ᠮᠡᠨᠳᠦ ᠵᠡᠷᠭᠡ ᠭᠤᠤᠯᠳᠠᠯᠭ᠎ᠠ ᠲᠠᠢ ᠠᠭᠤᠯᠭ᠎ᠠ ᠶᠢ ᠬᠠᠮᠤᠷᠴᠤ᠂ ᠠᠷᠠᠳ | ᠣᠯᠠᠨ ᠳᠤ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠠᠩ ᠣᠯᠠᠨ ᠡᠷᠬᠡ ᠰᠦᠷ ᠲᠠᠢ ᠨᠣᠮ | ᠪᠢᠴᠢᠭ ᠢ ᠬᠠᠩᠭᠠᠨ᠎ᠠ᠃ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠷᠡᠭᠦᠯ | ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠤᠪᠤᠷᠠᠯ ᠪᠢᠴᠢᠭ ᠢ ᠥᠪᠡᠰᠦᠪᠡᠨ ᠨᠠᠶᠢᠷᠠᠭᠤᠯᠤᠨ ᠬᠡᠪᠯᠡᠭᠦᠯᠬᠦ | ᠪᠤᠶᠤ ᠰᠠᠶᠢᠲᠤᠷ ᠬᠡᠷᠡᠭᠯᠡᠬᠦ ᠬᠡᠷᠡᠭᠲᠡᠶ᠃ | 3. ᠰᠢᠨ᠎ᠡ ᠴᠠᠭ ᠦᠶ᠎ᠡ ᠶᠢᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠦᠲᠦᠭᠡᠯ | ᠡᠯᠰᠡᠬᠦ ᠤᠷᠤᠯᠳᠤᠭᠠᠨ ᠢ ᠰᠠᠶᠢᠲᠤᠷ ᠡᠷᠭᠢᠯᠡᠨ᠎ᠡ᠃ ᠵᠢᠯ ᠪᠦᠷᠢ ᠤᠷᠤᠯᠳᠤᠭᠠᠨ ᠤ ᠠᠵᠢᠯᠯᠠᠭ᠎ᠠ ᠥᠷᠨᠢᠭᠦᠯᠵᠦ᠂ | ᠰᠢᠨᠵᠢᠯᠡᠬᠦ ᠤᠬᠠᠭᠠᠨᠴᠢ᠂ ᠲᠥᠷᠥ ᠶᠢᠨ ᠪᠣᠳᠣᠯᠭ᠎ᠠ ᠶᠢᠨ ᠴᠢᠨᠠᠷᠲᠠᠶ᠂ ᠤᠯᠠᠮᠵᠢᠯᠠᠨ ᠳᠡᠯᠭᠡᠷᠡᠭᠦᠯᠬᠦ ᠴᠢᠨᠠᠷᠲᠠᠶ ᠨᠠᠩ | ᠣᠯᠠᠨ ᠪᠦᠲᠦᠭᠡᠯ ᠢ ᠵᠣᠬᠢᠶᠠᠨ ᠪᠦᠲᠦᠭᠡᠬᠦ ᠶᠢ ᠳᠡᠮᠵᠢᠨ᠎ᠡ᠃ ᠪᠥᠬᠦ ᠤᠯᠤᠰ ᠤᠨ ᠡᠯ᠎ᠡ ᠮᠤᠵᠢ ᠣᠷᠣᠨ ᠢ ᠳᠠᠶᠢᠴᠢᠯᠠᠨ | ᠲᠤᠬᠠᠶ ᠶᠢᠨ ᠭᠠᠵᠠᠷ ᠤᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠦᠲᠦᠭᠡᠯ ᠢ ᠡᠯᠰᠡᠬᠦ | ᠤᠷᠤᠯᠳᠤᠭᠠᠨ ᠢ ᠵᠣᠬᠢᠶᠠᠨ ᠪᠠᠶᠢᠭᠤᠯᠵᠤ᠂ ᠨᠠᠩ ᠣᠯᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠ ᠡᠮ | ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ ᠤ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠪᠦᠲᠦᠭᠡᠯ ᠢ ᠵᠣᠬᠢᠶᠠᠨ ᠪᠦᠲᠦᠭᠡᠬᠦ ᠳᠤ ᠣᠷᠣᠯᠴᠠᠬᠤ ᠶᠢ ᠵᠣᠷᠢᠭᠵᠢᠭᠤᠯᠤᠨ᠎ᠠ᠃ | 4.ᠬᠢᠲᠠᠳ ᠡᠮ ᠡᠮᠨᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠯᠢ ᠤᠯᠠᠨ ᠠᠵᠢᠯᠯᠠᠭ᠎ᠠ ᠪᠠ | ᠦᠢᠯᠡᠳᠬᠦᠨ ᠢ ᠭᠠᠷᠭᠠᠨ᠎ᠠ᠃ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠰᠣᠶᠣᠯ ᠤᠨ ᠮᠡᠳᠡᠯᠭᠡ ᠶᠢᠨ | ᠤᠷᠤᠯᠳᠤᠭᠠᠨ᠂ ︽ᠮᠢᠩᠭᠠᠨ ᠡᠮᠴᠢ ᠬᠢᠲᠠᠳ ᠡᠮᠨᠡᠯᠭᠡ ᠪᠠᠷ ᠬᠢᠴᠢᠶᠡᠯᠯᠡᠬᠦ︾ ᠂ ᠬᠢᠲᠠᠳ ᠡᠮᠨᠡᠯᠭᠡ ᠳᠤ ᠳᠤᠷᠠᠲᠠᠶ | ᠰᠤᠷᠤᠯᠴᠠᠬᠤ ᠵᠡᠷᠭᠡ ᠨᠡᠷᠡᠲᠦ ᠲᠡᠮᠳᠡᠭ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠲᠥᠭᠡᠨᠡᠬᠦ ᠬᠡᠤᠬᠡᠳ︾ | ︽ᠾᠧ ᠯᠦᠸᠧ︾ ᠵᠡᠷᠭᠡ ᠣᠯᠠᠨ ᠰᠢᠷᠢᠰ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠱᠤᠭ ᠵᠢᠷᠤᠭ᠂ ᠣᠬᠤᠷ | ᠸᠢᠳᠢᠣ᠋ ᠬᠢᠨᠠᠯᠲᠠ᠂ ᠰᠣᠶᠣᠯ ᠤᠨ ᠡᠭᠦᠳᠦᠯᠲᠡ ᠶᠢᠨ ᠦᠶᠯᠡᠳᠬᠦᠨ ᠵᠡᠷᠭᠡ ᠶᠢ ᠭᠠᠷᠭᠠᠬᠤ ᠶᠢ ᠳᠡᠮᠵᠢᠵᠦ᠂ ᠬᠢᠲᠠᠳ ᠡᠮ | ᠡᠮᠨᠡᠯᠭᠡ ᠶᠢᠨ ᠰᠢᠰᠲ᠋ᠧᠮ ᠤᠨ ᠡᠯ᠎ᠡ ᠨᠢᠭᠡᠴᠢ ᠶᠢᠨ ᠰᠢᠨ᠎ᠡ ᠵᠠᠭᠤᠴᠢᠯᠠᠭᠤᠷ ᠤᠨ ᠲᠠᠪᠴᠠᠩ ᠳᠤ ᠬᠢᠲᠠᠳ ᠡᠮ | ᠡᠮᠨᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠶ ᠪᠤᠯᠤᠩ ᠭᠠᠷᠭᠠᠬᠤ ᠶᠢ ᠵᠣᠷᠢᠭᠵᠢᠭᠤᠯᠤᠨ᠂ ᠣᠯᠠᠨ | ᠲᠦᠮᠡᠨ ᠤ ᠦᠶᠯᠡᠳᠪᠦᠷᠢᠯᠡᠯ ᠠᠮᠢᠳᠤᠷᠠᠯ ᠳᠤ ᠣᠶᠢᠷᠠᠲᠤᠭᠰᠠᠨ ᠬᠢᠲᠠᠳ ᠡᠮ ᠡᠮᠨᠡᠯᠭᠡ ᠶᠢᠨ ᠪᠡᠶ᠎ᠡ ᠰᠤᠪᠢᠯᠠᠯᠲᠠ | ᠡᠷᠡᠭᠦᠯᠵᠢᠯ ᠵᠡᠷᠭᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠭᠤᠯᠭ᠎ᠠ ᠶᠢ ᠪᠠᠶᠢᠩᠭᠤ ᠶᠢᠨ ᠴᠢᠨᠠᠷᠲᠠᠶ ᠪᠠᠷ ᠬᠦᠷᠭᠡᠨ | ᠥᠭᠴᠦ᠂ ᠠᠷᠠᠳ ᠢᠷᠭᠡᠳ ᠤᠨ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠰᠣᠶᠣᠯ ᠤᠨ ᠬᠡᠪ ᠰᠤᠷᠭᠠᠯᠲᠠ ᠶᠢᠨ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | 5. ᠨᠢᠭᠡ ᠪᠦᠯᠦᠭ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠦᠨ ᠤᠯᠠᠮᠵᠢᠯᠠᠬᠤ ᠨᠠᠷᠠᠲᠤ ᠲᠥᠷᠥᠯ ᠲᠡᠮᠳᠡᠭᠲᠦ ᠪᠠ ᠰᠣᠳᠣᠨ ᠪᠦᠲᠦᠭᠡᠭᠳᠡᠬᠦᠨ ᠤ ᠠᠵᠢᠯᠯᠠᠭ᠎ᠠ ᠶᠢ | ᠪᠦᠷᠢᠯᠳᠦᠭᠦᠯᠦᠨ᠎ᠡ᠃ ᠳᠤᠮᠳᠠᠳᠤ ᠤᠯᠤᠰ ᠤᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠤᠷᠤᠯᠳᠤᠭᠠᠨ ᠢ ᠰᠠᠶᠢᠲᠤᠷ ᠡᠷᠭᠢᠯᠡᠵᠦ᠂ ᠤᠯᠠᠮᠵᠢᠯᠠᠨ ᠲᠠᠷᠬᠠᠭᠠᠬᠤ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠢᠶᠠᠷ | ᠳᠠᠮᠵᠢᠭᠤᠯᠤᠨ ᠲᠤᠰᠬᠠᠶ ᠮᠡᠷᠭᠡᠵᠢᠯ ᠤᠨ ᠠᠵᠢᠯᠲᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠦᠲᠦᠭᠡᠯ ᠵᠣᠬᠢᠶᠠᠬᠤ | ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠠᠮᠤᠷᠬᠤ ᠬᠡᠪᠴᠢᠶ᠎ᠡ ᠪᠠ ᠣᠷᠣᠯᠴᠠᠬᠤ ᠬᠥᠮᠦᠰ ᠢ ᠠᠯᠬᠤᠮ | ᠠᠯᠬᠤᠮ ᠢᠶᠠᠷ ᠥᠷᠭᠡᠳᠬᠡᠨ᠂ ᠤᠯᠠᠮᠵᠢᠯᠠᠨ ᠲᠠᠷᠬᠠᠭᠠᠬᠤ ᠬᠦᠴᠦᠨ ᠪᠠ ᠨᠥᠯᠥᠭᠡᠯᠡᠬᠦ ᠬᠦᠴᠦᠨ ᠢ ᠥᠷᠭᠡᠳᠬᠡᠨ᠎ᠡ᠃ | ᠬᠠᠯᠳᠠᠪᠤᠷᠢᠲᠤ ᠡᠪᠡᠳᠴᠢᠨ ᠣᠯᠠᠨ ᠡᠭᠦᠰᠳᠡᠭ ᠤᠯᠠᠷᠢᠯ ᠤᠨ ᠴᠠᠭ ᠤᠨ ᠣᠨᠴᠠᠯᠢᠭ᠂ ᠬᠦᠨᠳᠦ ᠬᠡᠴᠡᠭᠦᠦ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠵᠠᠰᠠᠬᠤ ᠭᠤᠤᠯ ᠰᠡᠳᠦᠪᠲᠦ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠵᠡᠷᠭᠡ ᠲᠠᠢ | ᠤᠶᠠᠯᠳᠤᠭᠤᠯᠤᠨ᠂ ᠬᠡᠯᠪᠡᠷᠢ ᠮᠠᠶ᠋ᠢᠭ ᠢᠶᠠᠷ ᠪᠠᠶᠠᠯᠢᠭ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ | ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠬᠠᠯᠳᠠᠪᠤᠷᠢᠲᠤ ᠡᠪᠡᠳᠴᠢᠨ ᠢ | ᠰᠡᠷᠭᠡᠶᠢᠯᠡᠨ ᠡᠵᠡᠮᠳᠡᠬᠦ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠶᠢ | ᠪᠠᠶᠢᠩᠭᠤᠵᠢᠭᠤᠯᠬᠤ᠂ ᠲᠤᠭᠳᠠᠴᠠᠵᠢᠭᠤᠯᠬᠤ ᠬᠡᠷᠡᠭᠲᠡᠶ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠡᠷᠡᠭᠦᠯ | ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠬᠢ ᠪᠠᠶᠠᠯᠢᠭ ᠤᠨ ᠬᠥᠮᠥᠷᠭᠡ ᠵᠢᠴᠢ ᠲᠤᠰᠬᠠᠶ | ᠮᠡᠷᠭᠡᠵᠢᠯᠲᠡᠨ ᠤ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠡᠷᠡᠭᠦᠯ ᠮᠡᠨᠳᠦ ᠶᠢᠨ | ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠮᠡᠳᠡᠯᠭᠡ ᠤᠯᠬᠤ ᠠᠷᠭ᠎ᠠ ᠵᠠᠮ ᠢ ᠤᠯᠠᠮ ᠥᠷᠭᠡᠳᠬᠡᠨ᠂ | ᠬᠠᠯᠳᠠᠪᠤᠷᠢᠲᠤ ᠡᠪᠡᠳᠴᠢᠨ ᠤ ᠬᠢᠵᠢᠭ ᠤᠨ ᠬᠠᠯᠳᠠᠪᠤᠷᠢ ᠠᠴᠠ ᠬᠢᠨᠠᠨ ᠬᠡᠮᠵᠢᠬᠦ ᠪᠠ ᠪᠠᠴᠢᠮ ᠪᠠᠶᠢᠳᠠᠯ ᠢ ᠲᠦᠷᠭᠡᠨ | ᠠᠷᠭᠠᠴᠠᠬᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠡᠷᠡᠭᠦᠯ ᠮᠡᠨᠳᠦ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ | ᠲᠦᠪᠰᠢᠨ ᠢ ᠬᠠᠮᠠᠭᠠᠯᠠᠬᠤ ᠳᠤ ᠬᠦᠴᠦᠨ ᠨᠡᠮᠡᠷᠢᠯᠡᠨ᠎ᠡ᠃ | ︵ ᠬᠤᠶᠠᠷ︶ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠭᠡ ᠵᠠᠩᠭᠢ ᠶᠢ | ᠨᠡᠶᠢᠲᠡᠯᠡᠬᠦ ᠪᠠ ᠤᠯᠠᠮᠵᠢᠯᠠᠬᠤ ᠶᠢ ᠵᠢᠷᠤᠮᠵᠢᠭᠤᠯᠤᠨ᠎ᠠ᠃ | 1. ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠨᠡᠶᠢᠲᠡᠯᠡᠬᠦ ᠪᠠ | ᠤᠯᠠᠮᠵᠢᠯᠠᠬᠤ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠣᠯᠠᠨ ᠰᠠᠯᠠᠭ᠎ᠠ ᠮᠥᠴᠢᠷ ᠤᠨ ᠬᠤᠯᠪᠣᠭᠠᠯᠠᠨ | ᠬᠥᠳᠡᠯᠦᠯᠴᠡᠬᠦ ᠶᠢ ᠴᠢᠩᠭᠠᠷᠠᠭᠤᠯᠵᠤ᠂ ᠲᠧᠯᠸᠢᠰ᠂ ᠷᠠᠳᠢᠣ᠋ ᠨᠡᠪᠲᠡᠷᠡᠭᠦᠯᠭᠡ᠂ ᠰᠣᠨᠢᠨ ᠰᠡᠳᠬᠦᠯ ᠪᠠ ᠰᠢᠨ᠎ᠡ | ᠵᠠᠭᠤᠴᠢᠯᠠᠭᠤᠷ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠢᠨᠠᠷ ᠰᠠᠶᠢᠲᠠᠶ ᠡᠷᠬᠡ ᠰᠤᠯᠢᠲᠤ ᠡᠷᠡᠭᠦᠯ ᠮᠡᠨᠳᠦ ᠶᠢᠨ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠦᠲᠦᠭᠡᠯ ᠢ ᠥᠷᠭᠡᠨ ᠢᠶᠠᠷ ᠤᠯᠠᠮᠵᠢᠯᠠᠨ᠎ᠠ᠃ ᠨᠢᠭᠡ ᠪᠦᠯᠦᠭ ᠡᠷᠡᠭᠦᠯ | ᠮᠡᠨᠳᠦ ᠶᠢᠨ ᠲᠤᠬᠠᠶ ᠴᠤᠤᠷᠬᠠᠯ ᠪᠠ ᠬᠤᠳᠠᠯ ᠬᠠᠭᠤᠷᠮᠠᠭ ᠪᠤᠷᠤᠭᠤ ᠮᠡᠳᠡᠭᠡ ᠵᠠᠩᠭᠢ ᠶᠢᠨ ᠵᠠᠭᠪᠤᠷ ᠢ ᠡᠮᠬᠢᠯᠡᠨ ᠲᠢᠭᠯᠡᠵᠦ | ᠂ ᠢᠨᠲ᠋ᠧᠷ ᠰᠦᠯᠵᠢᠶᠡᠨ ᠤ ᠡᠷᠡᠭᠦᠯ ᠪᠤᠰᠤ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ | ᠮᠡᠳᠡᠭᠡ ᠵᠠᠩᠭᠢ ᠶᠢ ᠬᠢᠨᠠᠨ ᠬᠡᠮᠵᠢᠬᠦ ᠪᠠ ᠰᠢᠶᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠨᠥᠯᠥᠭᠡᠯᠡᠬᠦ ᠬᠦᠴᠦᠨ ᠢᠶᠠᠷ | ᠶᠡᠭᠡ᠂ ᠤᠯᠠᠮᠵᠢᠯᠠᠨ ᠲᠠᠷᠬᠠᠭᠠᠬᠤ ᠬᠡᠪᠴᠢᠶ᠎ᠡ ᠪᠠᠷ ᠥᠷᠭᠡᠨ ᠪᠠᠶᠢᠳᠠᠭ ᠡᠷᠡᠭᠦᠯ ᠪᠤᠰᠤ ᠮᠡᠳᠡᠭᠡ ᠵᠠᠩᠭᠢ ᠶᠢ ᠴᠠᠭ | ᠲᠤᠬᠠᠶ ᠳᠤᠨᠢ ᠰᠢᠶᠳᠪᠦᠷᠢᠯᠡᠵᠦ ᠴᠤᠤᠷᠬᠠᠯ ᠢ ᠨᠢᠴᠤᠭᠠᠬᠤ ᠶᠢᠨ ᠬᠠᠮᠲᠤ ᠤᠯᠠᠮᠵᠢᠯᠠᠨ ᠲᠠᠷᠬᠠᠭᠠᠭᠴᠢ ᠶᠢᠨ | ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠵᠦ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ ᠰᠦᠯᠵᠢᠶᠡᠨ ᠤ ᠣᠷᠴᠢᠨ ᠨᠥᠬᠦᠴᠡᠯ ᠢ ᠴᠡᠪᠡᠷᠰᠢᠭᠦᠯᠦᠨ᠎ᠡ᠃ | 2. ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠵᠢᠭ ᠲᠠᠰ ᠳᠠᠷᠠᠭᠠᠯᠠᠯ ᠢ | ᠳᠡᠯᠭᠡᠷᠡᠭᠦᠯᠦᠨ᠎ᠡ᠃ ᠳᠤᠮᠳᠠᠳᠤ ᠤᠯᠤᠰ ᠤᠨ ᠲᠥᠯᠥᠪᠯᠡᠭᠡᠲᠦ ᠬᠥᠩᠭᠡᠵᠢᠯ ᠤᠨ ᠨᠡᠶᠢᠭᠡᠮᠯᠢᠭ ᠲᠠᠢ ᠬᠤᠯᠪᠣᠭᠠᠯᠠᠨ | ᠤᠤᠯ ᠤᠨ ᠲᠤᠷᠰᠢᠯᠲᠠ ᠶᠢᠨ ᠠᠵᠢᠯ ᠤᠨ ᠰᠠᠭᠤᠷᠢᠨ ᠳᠡᠭᠡᠷ᠎ᠡ᠂ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ | ᠣᠷᠣᠨ ᠳᠤ ︽ᠡᠷᠡᠭᠦᠯ ᠮᠡᠨᠳᠦ ᠶᠢᠨ ᠮᠡᠳᠡᠯᠭᠡ ᠶᠢ ᠲᠦᠮᠡᠨ ᠡᠷᠦᠬᠡ ᠳᠤ ᠬᠦᠷᠭᠡᠬᠦ︾ ᠲᠥᠷᠥᠯ ᠵᠦᠶᠯ ᠢ ᠥᠷᠭᠡᠳᠬᠡᠨ | ᠂ ᠵᠢᠵᠢᠭ ᠲᠠᠰ ᠳᠠᠷᠠᠭᠠᠯᠠᠯ ᠢ ᠠᠰᠢᠭᠯᠠᠨ᠂ ᠲᠥᠯᠥᠪᠯᠡᠭᠡᠲᠦ ᠬᠥᠩᠭᠡᠵᠢᠯ ᠤᠨ ᠨᠡᠶᠢᠭᠡᠮᠯᠢᠭ ᠤᠨ ᠵᠣᠬᠢᠶᠠᠨ | ᠪᠠᠶᠢᠭᠤᠯᠤᠯᠲᠠ ᠶᠢᠨ ᠲᠣᠤᠷ ᠰᠦᠯᠵᠢᠶ᠎ᠡ ᠪᠠ ᠭᠡᠰᠢᠭᠦᠳ ᠤᠨ ᠵᠣᠬᠢᠶᠠᠨ ᠪᠠᠶᠢᠭᠤᠯᠤᠯᠲᠠ ᠶᠢᠨ ᠦᠶᠯᠡᠴᠢᠯᠡᠭᠡᠨ ᠤ | ᠪᠦᠲᠦᠴᠡ ᠳᠤ ᠲᠦᠰᠢᠭᠯᠡᠨ᠂ ᠲᠥᠯᠥᠪᠯᠡᠭᠡᠲᠦ ᠬᠥᠩᠭᠡᠵᠢᠯ ᠤᠨ ᠨᠡᠶᠢᠭᠡᠮᠯᠢᠭ ᠤᠨ ᠨᠡᠶᠢᠭᠡᠮ ᠲᠣᠭᠤᠷᠢᠭ ᠪᠠ ᠬᠡᠷ | ᠪᠦᠯᠢ ᠳᠤ ᠭᠦᠨᠵᠡᠭᠡᠶᠢᠷᠡᠬᠦ ᠠᠵᠢᠯ ᠤᠨ ᠳᠠᠪᠠᠭᠤᠯᠢᠭ ᠢ ᠪᠠᠳᠠᠷᠠᠭᠤᠯᠵᠤ᠂ ᠬᠡᠷ ᠪᠦᠯᠢ ᠶᠢᠨ ᠡᠷᠡᠭᠦᠯ ᠮᠡᠨᠳᠦ ᠶᠢᠨ ᠵᠢᠭᠠᠨ | ᠵᠢᠯᠣᠭᠤᠳᠣᠭᠴᠢ ᠪᠠᠷ ᠵᠠᠭᠤᠴᠢ ᠪᠣᠯᠭᠠᠨ᠂ ᠡᠷᠡᠭᠦᠯ ᠮᠡᠨᠳᠦ ᠶᠢᠨ ᠰᠢᠯᠢᠳᠡᠭ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠪᠦᠲᠦᠭᠡᠯ ᠢ ᠨᠠᠩ ᠣᠯᠠᠨ ᠬᠥᠮᠦᠰ ᠲᠤ ᠬᠦᠷᠭᠡᠬᠦ ᠬᠡᠷᠡᠭᠲᠡᠶ᠃ | ︵ ᠭᠤᠷᠪᠠ︶ ᠡᠷᠡᠭᠦᠯ ᠮᠡᠨᠳᠦ ᠶᠢᠨ ᠬᠥᠮᠦᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ | 1. ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠶ ᠮᠡᠷᠭᠡᠵᠢᠯᠲᠡᠨ ᠤ ᠬᠥᠮᠥᠷᠭᠡ ᠶᠢ | ᠪᠠᠶᠢᠭᠤᠯᠤᠨ ᠬᠦᠴᠦᠷᠬᠡᠭᠵᠢᠭᠦᠯᠦᠨ᠎ᠡ᠃ ᠤᠯᠤᠰ ᠤᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠪᠦᠷᠢᠯᠳᠦᠬᠦᠨ ᠤ ᠨᠡᠷᠡᠰ ︵ 2024 ᠳ᠋ᠦ᠋ᠭᠡᠷ ᠨᠢᠭᠤᠷ︶ ᠢ ᠨᠡᠶᠢᠲᠡᠯᠡᠵᠦ᠂ | ᠬᠥᠮᠥᠷᠭᠡ ᠳᠤ ᠣᠷᠣᠭᠤᠯᠬᠤ ᠲᠤᠰᠬᠠᠶ ᠮᠡᠷᠭᠡᠵᠢᠯᠲᠡᠨ ᠳᠤ ᠰᠤᠷᠭᠠᠯᠲᠠ ᠪᠠ ᠬᠥᠳᠡᠯᠦᠩᠭᠦᠶ ᠬᠠᠮᠢᠶᠠᠷᠤᠯᠲᠠ ᠶᠢ | ᠬᠡᠷᠡᠭᠵᠢᠭᠦᠯᠦᠨ᠎ᠡ᠃ ᠤᠯᠤᠰ ᠪᠠ ᠮᠤᠵᠢ ᠶᠢᠨ ᠱᠠᠲᠤᠨ ᠤ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠪᠦᠷᠢᠯᠳᠦᠬᠦᠨ ᠤ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ ᠠᠵᠢᠯᠯᠠᠭ᠎ᠠ ᠶᠢ ᠢᠳᠡᠪᠬᠢᠲᠡᠶ ᠥᠷᠨᠢᠭᠦᠯᠬᠦ ᠶᠢ ᠤᠷᠤᠭᠰᠢ ᠠᠬᠢᠭᠤᠯᠵᠤ᠂ ᠲᠤᠬᠠᠶ ᠶᠢᠨ ᠲᠠᠯᠠᠪᠤᠷ ᠤᠨ | ᠲᠠᠶᠢᠯᠤᠮᠵᠢ᠂ ᠵᠠᠭᠤᠴᠢᠯᠠᠭᠤᠷ ᠤᠨ ᠰᠤᠷᠪᠤᠯᠵᠢᠯᠠᠭ᠎ᠠ᠂ ᠸᠢᠳᠢᠣ᠋ ᠬᠢᠨᠠᠯᠲᠠ ᠪᠠᠷ ᠰᠢᠭᠤᠳ ᠨᠡᠪᠲᠡᠷᠡᠭᠦᠯᠬᠦ᠂ ᠪᠦᠲᠦᠭᠡᠯ ᠢ | ᠬᠢᠨᠠᠨ ᠬᠠᠷᠭᠤᠭᠤᠯᠬᠤ ᠵᠡᠷᠭᠡ ᠣᠯᠠᠨ ᠵᠦᠶᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠷᠡᠭᠦᠯ ᠮᠡᠨᠳᠦ ᠶᠢᠨ | ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠪᠦᠲᠦᠭᠡᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ | 2. ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ | ᠲᠣᠭᠲᠠᠴᠠ ᠶᠢ ᠰᠠᠶᠢᠲᠤᠷ ᠬᠡᠷᠡᠭᠯᠡᠬᠦ ᠬᠡᠷᠡᠭᠲᠡᠶ᠃ ᠣᠯᠠᠨ ᠭᠠᠵᠠᠷ ᠤᠨ ᠣᠲᠣ ᠶᠢᠨ ᠪᠠᠶᠢᠭ᠎ᠠ ᠡᠷᠡᠭᠦᠯ ᠮᠡᠨᠳᠦ ᠶᠢᠨ | ᠬᠥᠮᠦᠵᠢᠯ ᠪᠠ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ ᠤᠷᠮᠠᠰᠢᠭᠤᠯᠬᠤ | ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ ᠭᠦᠶᠴᠡᠳ ᠬᠡᠷᠡᠭᠯᠡᠬᠦ ᠶᠢ ᠵᠢᠯᠣᠭᠤᠳᠴᠤ᠂ ᠨᠠᠩ ᠣᠯᠠᠨ ᠡᠮ | ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ ᠳᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ᠂ ᠰᠡᠳᠦᠪ | ᠮᠡᠳᠡᠭᠦᠯᠬᠦ᠂ ᠮᠡᠷᠭᠡᠵᠢᠯ ᠤᠨ ᠴᠣᠯᠠ ᠳᠡᠪᠰᠢᠭᠦᠯᠬᠦ᠂ ᠰᠢᠯᠢᠳᠡᠭ ᠢ ᠰᠢᠯᠭᠠᠷᠠᠭᠤᠯᠵᠤ ᠲᠡᠷᠢᠭᠦᠨ ᠤ ᠬᠢ ᠶᠢ | ᠰᠢᠯᠭᠠᠷᠠᠭᠤᠯᠬᠤ ᠵᠡᠷᠭᠡ ᠲᠦᠷᠢᠮ ᠤᠨ ᠪᠠᠲᠤᠯᠠᠭ᠎ᠠ ᠶᠢ ᠬᠦᠷᠲᠡᠭᠡᠵᠦ᠂ ᠨᠠᠩ ᠢᠯᠡᠭᠦᠤ ᠡᠷᠡᠭᠦᠯ ᠮᠡᠨᠳᠦ ᠶᠢᠨ ᠬᠥᠮᠦᠵᠢᠯ | ᠪᠠ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠳᠤ ᠣᠷᠣᠯᠴᠠᠬᠤ ᠳᠤᠷᠠᠲᠠᠶ ᠪᠣᠯᠭᠠᠨ᠎ᠠ᠃ | ︵ ᠳᠥᠷᠪᠡ︶ ᠨᠡᠶᠢᠭᠡᠮ ᠤᠨ ᠰᠠᠨᠠᠭᠠᠴᠢᠯᠠᠭ᠎ᠠ ᠳᠠᠶᠢᠴᠢᠯᠠᠯᠲᠠ ᠶᠢ ᠴᠢᠩᠭᠠᠳᠬᠠᠨ᠎ᠠ᠃ | 1. ᠨᠢᠭᠡ ᠪᠦᠯᠦᠭ ᠡᠷᠡᠭᠦᠯ ᠡᠩᠬᠡ ᠰᠢᠶᠠᠨ ᠲᠣᠭᠤᠷᠢᠭ ᠢ ᠪᠥᠲᠥᠭᠡᠨ ᠪᠠᠶᠢᠭᠤᠯᠤᠨ᠎ᠠ᠃ ᠡᠷᠡᠭᠦᠯ ᠡᠩᠬᠡ | ᠰᠢᠶᠠᠨ ᠲᠣᠭᠤᠷᠢᠭ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠵᠠᠰᠠᠭ ᠤᠨ ᠣᠷᠳᠣᠨ᠂ ᠨᠡᠶᠢᠭᠡᠮ᠂ ᠬᠤᠪᠢ | ᠬᠥᠮᠦᠨ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠪᠠᠷᠢᠮᠲᠠᠯᠠᠵᠤ᠂ ᠡᠯ᠎ᠡ ᠲᠥᠷᠥᠯ ᠤᠨ ᠡᠷᠡᠭᠦᠯ ᠮᠡᠨᠳᠦ ᠶᠢ | ᠨᠥᠯᠥᠭᠡᠯᠡᠬᠦ ᠬᠦᠴᠦᠨ ᠵᠦᠶᠯ ᠢ ᠰᠠᠶᠢᠵᠢᠷᠠᠭᠤᠯᠤᠨ᠎ᠠ᠃ ᠡᠷᠡᠭᠦᠯ ᠡᠩᠬᠡ ᠶᠢ ᠠᠬᠢᠭᠤᠯᠬᠤ ᠠᠵᠢᠯ ᠤᠨ ᠲᠣᠭᠲᠠᠴᠠ ᠶᠢ | ᠪᠠᠶᠢᠭᠤᠯᠵᠤ᠂ ᠡᠷᠡᠭᠦᠯ ᠡᠩᠬᠡ ᠶᠢᠨ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠨ᠂ ᠡᠷᠡᠭᠦᠯ | ᠡᠩᠬᠡ ᠶᠢ ᠠᠬᠢᠭᠤᠯᠬᠤ ᠲᠠᠯᠠᠪᠤᠷ ᠭᠠᠵᠠᠷ ᠢ ᠪᠠᠶᠢᠭᠤᠯᠵᠤ᠂ ᠡᠷᠡᠭᠦᠯ ᠡᠩᠬᠡ ᠶᠢᠨ ᠰᠣᠶᠣᠯ ᠢ ᠪᠣᠶ ᠪᠣᠯᠭᠠᠨ᠂ ᠡᠷᠡᠭᠦᠯ | ᠡᠩᠬᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠡᠷᠡᠭᠦᠯ ᠡᠩᠬᠡ ᠶᠢᠨ ᠬᠥᠮᠦᠰ ᠢ ᠪᠤᠶᠢᠵᠢᠭᠤᠯᠤᠨ᠎ᠠ᠃ | 2. ᠨᠢᠭᠡ ᠪᠦᠯᠦᠭ ᠡᠷᠡᠭᠦᠯ ᠮᠡᠨᠳᠦ ᠶᠢ ᠠᠬᠢᠭᠤᠯᠬᠤ ᠡᠮᠨᠡᠯᠭᠡ ᠶᠢᠨ ᠬᠤᠷᠢᠶ᠎ᠠ ᠶᠢ ᠪᠠᠶᠢᠭᠤᠯᠤᠨ᠎ᠠ᠃ ᠡᠷᠡᠭᠦᠯ | ᠮᠡᠨᠳᠦ ᠪᠠᠷ ᠡᠮᠨᠡᠯᠭᠡ ᠶᠢᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠪᠠᠷ ᠭᠠᠷᠳᠠᠴᠠ ᠪᠣᠯᠭᠠᠵᠤ᠂ | ᠡᠮᠴᠢᠯᠡᠭᠡ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠢᠶᠠᠷ ᠭᠤᠤᠯ ᠪᠣᠯᠭᠠᠵᠤ ᠪᠠᠶᠢᠭᠰᠠᠨ ᠠᠴᠠ ᠪᠠᠨ ᠣᠯᠠᠨ ᠰᠠᠯᠠᠭ᠎ᠠ | ᠮᠥᠴᠢᠷ ᠣᠯᠠᠨ ᠲᠠᠰ ᠳᠠᠪᠬᠤᠷᠭ᠎ᠠ ᠪᠠᠷ ᠣᠷᠣᠯᠴᠠᠬᠤ ᠳᠠᠰᠢ ᠬᠤᠪᠢᠷᠠᠭᠤᠯᠬᠤ᠂ ᠬᠤᠪᠢ ᠬᠥᠮᠦᠨ ᠢᠶᠠᠷ ᠭᠤᠤᠯ | ᠪᠣᠯᠭᠠᠵᠤ ᠪᠠᠶᠢᠭᠰᠠᠨ ᠠᠴᠠ ᠪᠠᠨ ᠬᠤᠪᠢ ᠬᠥᠮᠦᠨ ᠪᠠ ᠨᠡᠶᠢᠭᠡᠮ ᠲᠣᠭᠤᠷᠢᠭ ᠤᠨ ᠬᠠᠮᠲᠤ ᠪᠠᠷ ᠣᠷᠣᠯᠴᠠᠬᠤ ᠳᠠᠰᠢ | ᠬᠤᠪᠢᠷᠠᠭᠤᠯᠬᠤ᠂ ᠡᠪᠡᠳᠴᠢᠨ ᠡᠮᠭᠡᠭ ᠢ ᠡᠮᠨᠡᠨ ᠵᠠᠰᠠᠬᠤ ᠪᠠᠷ ᠭᠤᠤᠯ ᠪᠣᠯᠭᠠᠵᠤ ᠪᠠᠶᠢᠭᠰᠠᠨ ᠠᠴᠠ ᠪᠠᠨ ᠤᠷᠢᠳᠴᠢᠯᠠᠨ | ᠰᠡᠷᠭᠡᠶᠢᠯᠡᠬᠦ ᠪᠠᠷ ᠭᠤᠤᠯ ᠪᠣᠯᠭᠠᠬᠤ ᠳᠠᠰᠢ ᠬᠤᠪᠢᠷᠠᠭᠤᠯᠬᠤ ᠶᠢ ᠪᠡᠶᠡᠯᠡᠭᠦᠯᠬᠦ ᠶᠢ ᠠᠬᠢᠭᠤᠯᠤᠨ᠎ᠠ᠃ ᠡᠮᠨᠡᠯᠭᠡ ᠶᠢᠨ | ᠬᠤᠷᠢᠶ᠎ᠠ ᠶᠢᠨ ᠪᠥᠬᠦ ᠠᠵᠢᠯᠲᠠᠨ ᠠᠵᠢᠯᠴᠢᠨ ᠤ ᠣᠷᠣᠯᠴᠠᠯᠭ᠎ᠠ ᠪᠠᠷ ᠳᠠᠮᠵᠢᠭᠤᠯᠤᠨ᠂ ᠡᠬᠢ ᠪᠠᠶᠠᠯᠢᠭ ᠢ ᠪᠦᠲᠦᠮᠵᠢᠲᠡᠶ | ᠳᠣᠭᠢᠷᠠᠭᠤᠯᠵᠤ᠂ ᠵᠣᠬᠢᠶᠠᠨ ᠪᠠᠶᠢᠭᠤᠯᠤᠯᠲᠠ ᠲᠠᠢ ᠠᠵᠢᠯᠯᠠᠭ᠎ᠠ ᠥᠷᠨᠢᠭᠦᠯᠦᠨ᠂ ᠡᠮᠨᠡᠯᠭᠡ ᠶᠢᠨ ᠬᠤᠷᠢᠶ᠎ᠠ ᠶᠢᠨ ᠣᠷᠴᠢᠨ | ᠲᠣᠭᠤᠷᠢᠨ ᠢ ᠰᠢᠯᠢᠳᠡᠭᠵᠢᠭᠦᠯᠵᠦ᠂ ᠡᠮᠴᠢ ᠡᠪᠡᠳᠴᠢᠲᠡᠨ ᠳᠤ ᠠᠰᠢᠭᠲᠠᠶ ᠲᠥᠷᠥ ᠶᠢᠨ ᠪᠣᠳᠣᠯᠭ᠎ᠠ ᠶᠢ ᠨᠡᠶᠢᠲᠡᠯᠡᠨ᠂ | ᠡᠮᠴᠢ ᠰᠤᠪᠢᠯᠠᠭᠴᠢ ᠶᠢᠨ ᠬᠠᠮᠤᠭ ᠤᠨ ᠰᠠᠶᠢᠨ ᠦᠶᠯᠡᠳᠦᠯ ᠴᠢᠳᠠᠪᠤᠷᠢ ᠪᠠᠨ ᠪᠠᠳᠠᠷᠠᠭᠤᠯᠬᠤ ᠶᠢ ᠬᠥᠭᠵᠢᠭᠡᠵᠦ᠂ ᠡᠷᠡᠭᠦᠯ | ᠮᠡᠨᠳᠦ ᠶᠢ ᠠᠬᠢᠭᠤᠯᠬᠤ ᠪᠠ ᠡᠷᠡᠭᠦᠯ ᠮᠡᠨᠳᠦ ᠶᠢᠨ ᠬᠥᠮᠦᠵᠢᠯ ᠢ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠡᠳᠦᠷ | ᠲᠤᠲᠤᠮ ᠤᠨ ᠠᠵᠢᠯ ᠤᠨ ᠡᠯ᠎ᠡ ᠭᠤᠭᠴᠤᠭ᠎ᠠ ᠳᠤ ᠪᠦᠲᠦᠮᠵᠢᠲᠡᠶ ᠠᠭᠤᠰᠬᠠᠨ ᠣᠷᠣᠭᠤᠯᠤᠨ᠎ᠠ᠃ | 3. ᠡᠷᠡᠭᠦᠯ ᠮᠡᠨᠳᠦ ᠶᠢᠨ ᠬᠡᠪ ᠰᠤᠷᠭᠠᠯᠲᠠ ᠶᠢᠨ ᠤᠬᠠᠭᠤᠯᠭ᠎ᠠ ᠶᠢᠨ ᠰᠠᠷ᠎ᠠ ᠶᠢ ᠡᠬᠢᠯᠡᠭᠦᠯᠦᠨ᠎ᠡ᠃ ᠵᠢᠯ | ᠪᠦᠷᠢ ᠶᠢᠨ 6 ᠳ᠋ᠤᠭᠠᠷ ᠰᠠᠷ᠎ᠠ ᠶᠢ ᠡᠷᠡᠭᠦᠯ ᠮᠡᠨᠳᠦ ᠶᠢᠨ ᠬᠡᠪ ᠰᠤᠷᠭᠠᠯᠲᠠ ᠶᠢᠨ ᠤᠬᠠᠭᠤᠯᠭ᠎ᠠ ᠶᠢᠨ ᠰᠠᠷ᠎ᠠ ᠪᠣᠯᠭᠠᠵᠤ᠂ | ᠠᠵᠢᠯ ᠲᠥᠷᠥᠯ ᠤᠨ ᠨᠡᠶᠢᠭᠡᠮᠯᠢᠭ᠂ ᠨᠡᠶᠢᠭᠡᠮᠯᠢᠭ ᠠᠴᠠ ᠪᠥᠬᠦ ᠰᠢᠰᠲ᠋ᠧᠮ᠂ ᠪᠥᠬᠦ ᠨᠡᠶᠢᠭᠡᠮ ᠳᠤ ᠰᠠᠨᠠᠭᠠᠴᠢᠯᠠᠭ᠎ᠠ | ᠭᠠᠷᠭᠠᠬᠤ ᠶᠢ ᠤᠷᠤᠭᠰᠢ ᠠᠬᠢᠭᠤᠯᠵᠤ᠂ ᠡᠷᠡᠭᠦᠯ ᠮᠡᠨᠳᠦ ᠶᠢᠨ ᠬᠠᠮᠢᠶ᠎ᠠ ᠪᠥᠬᠦᠶ ᠭᠤᠤᠯ ᠰᠡᠳᠦᠪᠲᠦ ᠤᠬᠠᠭᠤᠯᠭ᠎ᠠ | ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠤᠬᠠᠭᠠᠯᠠᠨ ᠥᠷᠨᠢᠭᠦᠯᠵᠦ᠂ ᠪᠥᠬᠦ ᠤᠯᠤᠰ ᠤᠨ ᠡᠷᠡᠭᠦᠯ | ᠮᠡᠨᠳᠦ ᠶᠢᠨ ᠬᠥᠮᠦᠵᠢᠯ ᠬᠢᠭᠡᠳ ᠡᠷᠡᠭᠦᠯ ᠮᠡᠨᠳᠦ ᠶᠢ ᠠᠬᠢᠭᠤᠯᠬᠤ ᠶᠡᠭᠡ ᠬᠤᠷᠠᠯ ᠢ ᠰᠠᠶᠢᠲᠤᠷ ᠡᠷᠭᠢᠯᠡᠵᠦ᠂ | ᠤᠬᠠᠭᠤᠯᠭ᠎ᠠ ᠶᠢᠨ ᠠᠵᠢᠯᠯᠠᠭ᠎ᠠ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠡᠷᠡᠭᠦᠯ ᠮᠡᠨᠳᠦ ᠶᠢᠨ ᠬᠡᠪ | ᠰᠤᠷᠭᠠᠯᠲᠠ ᠶᠢ ᠤᠬᠠᠭᠤᠯᠤᠨ ᠳᠡᠯᠭᠡᠷᠡᠭᠦᠯᠬᠦ ᠬᠠᠯᠠᠭᠤᠨ ᠥᠷᠨᠢᠯᠲᠡ ᠶᠢ ᠪᠦᠷᠢᠯᠳᠦᠭᠦᠯᠦᠨ᠎ᠡ᠃ ᠣᠲᠣ ᠪᠠᠶᠢᠭ᠎ᠠ | ᠬᠠᠤᠯᠢ ᠪᠠᠷ ᠲᠣᠭᠲᠠᠭᠠᠭᠰᠠᠨ ᠪᠠᠶᠠᠷ ᠤᠨ ᠡᠳᠦᠷ᠂ ᠤᠯᠠᠮᠵᠢᠯᠠᠯᠲᠤ ᠰᠣᠶᠣᠯ ᠤᠨ ᠪᠠᠶᠠᠷ ᠤᠨ ᠡᠳᠦᠷ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠭᠤᠤᠯ ᠰᠡᠳᠦᠪᠲᠦ ᠳᠤᠷᠠᠰᠬᠠᠯ ᠤᠨ ᠡᠳᠦᠷ ᠵᠡᠷᠭᠡ ᠶᠢ ᠠᠰᠢᠭᠯᠠᠨ ᠡᠷᠡᠭᠦᠯ ᠮᠡᠨᠳᠦ ᠶᠢᠨ | ᠬᠡᠪ ᠰᠤᠷᠭᠠᠯᠲᠠ ᠶᠢᠨ ᠤᠬᠠᠭᠤᠯᠭ᠎ᠠ ᠶᠢ ᠰᠠᠶᠢᠲᠤᠷ ᠬᠢᠨ᠎ᠠ᠃ | 4. ᠠᠯᠢ ᠣᠯᠠᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠤᠯᠤᠰ | ᠪᠣᠯᠤᠨ ᠡᠯ᠎ᠡ ᠮᠤᠵᠢ ᠬᠠᠮᠵᠢᠯᠴᠠᠨ ᠠᠵᠢᠯᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ︽ᠴᠠᠭ ᠦᠶ᠎ᠡ ᠶᠢᠨ ᠦᠯᠢᠭᠡᠷ | ᠳᠠᠭᠤᠷᠢᠶᠠᠯ︾ ︽ᠬᠠᠮᠤᠭ ᠤᠨ ᠭᠤᠶᠣ ᠡᠮᠴᠢ︾ ︽ᠳᠤᠮᠳᠠᠳᠤ ᠤᠯᠤᠰ ᠤᠨ ᠰᠠᠶᠢᠨ ᠡᠮᠴᠢ᠂ ᠳᠤᠮᠳᠠᠳᠤ | ᠤᠯᠤᠰ ᠤᠨ ᠰᠠᠶᠢᠨ ᠰᠤᠪᠢᠯᠠᠭᠴᠢ︾ ᠶᠢᠨ ᠰᠠᠷ᠎ᠠ ᠶᠢᠨ ᠬᠥᠮᠦᠰ ᠪᠠ ᠡᠯ᠎ᠡ ᠱᠠᠲᠤᠨ ᠤ ᠡᠷᠡᠭᠦᠯ ᠮᠡᠨᠳᠦ ᠶᠢᠨ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠪᠦᠷᠢᠯᠳᠦᠬᠦᠨ ᠵᠡᠷᠭᠡ | ᠲᠡᠷᠢᠭᠦᠨ ᠤ ᠨᠡᠶᠢᠲᠡᠯᠢᠭ ᠲᠥᠯᠥᠭᠡᠯᠡᠭᠴᠢ᠂ ᠡᠷᠬᠡ ᠰᠤᠯᠢᠲᠤ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ | ᠠᠯᠤᠰ ᠬᠢᠵᠠᠭᠠᠷ ᠭᠠᠵᠠᠷ ᠣᠷᠣᠨ᠂ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ᠂ ᠶᠠᠳᠠᠭᠤ ᠠᠴᠠ | ᠠᠩᠭᠢᠵᠢᠷᠠᠭᠰᠠᠨ ᠭᠠᠵᠠᠷ ᠣᠷᠣᠨ ᠵᠡᠷᠭᠡ ᠳᠤ ᠬᠦᠷᠴᠦ ︽ᠨᠠᠷᠠᠲᠤ ᠡᠮᠴᠢ ᠦᠨᠳᠦᠰᠦᠨ ᠱᠠᠲᠤᠨ ᠳᠤ ᠶᠠᠪᠤᠬᠤ — | ᠰᠠᠶᠢᠨ ᠳᠤᠷ᠎ᠠ ᠶᠢᠨ ᠦᠶᠯᠡᠴᠢᠯᠡᠭᠡᠨ ᠤ ᠠᠶᠠᠯᠠᠯ︾ ᠤᠨ ᠠᠵᠢᠯᠯᠠᠭ᠎ᠠ ᠥᠷᠨᠢᠭᠦᠯᠵᠦ᠂ ᠲᠤᠬᠠᠶ ᠶᠢᠨ ᠲᠠᠯᠠᠪᠤᠷ ᠤᠨ | ᠠᠯᠪᠠᠨ ᠵᠢᠷᠤᠮ ᠤᠨ ᠡᠮᠴᠢᠯᠡᠭᠡ᠂ ᠡᠷᠡᠭᠦᠯ ᠮᠡᠨᠳᠦ ᠶᠢᠨ ᠯᠠᠪᠯᠠᠭ᠎ᠠ᠂ ᠡᠷᠡᠭᠦᠯ ᠮᠡᠨᠳᠦ ᠶᠢᠨ ᠲᠠᠶᠢᠯᠤᠮᠵᠢ ᠵᠡᠷᠭᠡ ᠪᠠᠷ | ᠳᠠᠮᠵᠢᠭᠤᠯᠤᠨ᠂ ᠡᠷᠡᠭᠦᠯ ᠮᠡᠨᠳᠦ ᠶᠢᠨ ᠮᠡᠳᠡᠯᠭᠡ ᠪᠠ ᠡᠷᠡᠭᠦᠯ ᠮᠡᠨᠳᠦ ᠶᠢᠨ ᠦᠶᠯᠡᠴᠢᠯᠡᠭᠡ ᠶᠢ ᠲᠣᠰᠬᠤᠨ ︵ ᠰᠠᠭᠤᠭᠠᠯᠢ | ᠠᠷᠠᠳ︶ ᠤ ᠨᠡᠶᠢᠭᠡᠮ ᠲᠣᠭᠤᠷᠢᠭ ᠪᠠ ᠣᠯᠠᠨ ᠲᠦᠮᠡᠨ ᠤ ᠳᠡᠷᠭᠡᠳᠡ ᠬᠦᠷᠭᠡᠬᠦ ᠬᠡᠷᠡᠭᠲᠡᠶ᠃ | 5. ︽ᠮᠠᠨ ᠤ ᠬᠡᠷ ᠤᠨ ᠡᠷᠡᠭᠦᠯ ᠮᠡᠨᠳᠦ ᠶᠢᠨ ᠥᠯᠢᠭᠡᠷ︾ ᠤᠨ ᠡᠬᠡ ᠪᠢᠴᠢᠭ ᠡᠯᠰᠡᠬᠦ ᠠᠵᠢᠯᠯᠠᠭ᠎ᠠ ᠶᠢ | ᠥᠷᠨᠢᠭᠦᠯᠦᠨ᠎ᠡ᠃ ᠵᠢᠯ ᠪᠦᠷᠢ ᠪᠦᠬᠦ ᠨᠡᠶᠢᠭᠡᠮ ᠠᠴᠠ ᠡᠷᠡᠭᠦᠯ ᠮᠡᠨᠳᠤ ᠶᠢᠨ ᠦᠯᠢᠭᠡᠷ ᠢ ᠴᠤᠭᠯᠠᠭᠤᠯᠵᠤ᠂ ᠥᠷᠭᠡᠨ | ᠤᠯᠠᠨ ᠲᠦᠮᠡᠨ ᠳᠤ ᠥᠪᠡᠷ ᠤᠨ ᠳᠡᠷᠭᠡᠳᠡᠬᠢ ᠡᠷᠡᠭᠦᠯ ᠮᠡᠨᠳᠤ ᠶᠢᠨ ᠭᠡᠷ ᠤᠨ ᠰᠤᠷᠲᠠᠯ ᠢ ᠤᠯᠠᠮᠵᠢᠯᠠᠬᠤ᠂ ᠡᠷᠡᠭᠦᠯ | ᠮᠡᠨᠳᠤ ᠶᠢᠨ ᠤᠶᠢᠯᠠᠭᠠᠭᠳᠠᠬᠤᠨ ᠢ ᠪᠤᠢ ᠪᠣᠯᠭᠠᠬᠤ᠂ ᠡᠷᠡᠭᠦᠯ ᠮᠡᠨᠳᠤ ᠶᠢᠨ ᠠᠵᠢᠯᠯᠠᠭ᠎ᠠ ᠶᠢ ᠪᠤᠢ ᠪᠣᠯᠭᠠᠬᠤ᠂ ᠭᠡᠷ ᠪᠦᠯᠢ | ᠵᠢᠴᠢ ᠪᠦᠷᠢᠯᠳᠦᠬᠦᠨ ᠤ ᠬᠤᠪᠢ ᠬᠥᠮᠦᠨ ᠤ ᠡᠷᠡᠭᠦᠯ ᠮᠡᠨᠳᠤ ᠶᠢᠨ ᠬᠡᠪ ᠰᠤᠷᠭᠠᠯᠲᠠ ᠶᠢ ᠳᠡᠭᠡᠭᠰᠢᠯᠡᠭᠦᠯᠬᠦ ᠵᠡᠷᠭᠡ | ᠲᠠᠯ᠎ᠠ ᠶᠢᠨ ᠦᠯᠢᠭᠡᠷ ᠢ ᠰᠠᠶᠢᠲᠤᠷ ᠶᠠᠷᠢᠭᠤᠯᠵᠤ᠂ ᠰᠢᠯᠢᠳᠡᠭ ᠦᠯᠢᠭᠡᠷ ᠲᠤ ᠲᠤᠰᠬᠠᠭᠳᠠᠭᠰᠠᠨ ᠭᠡᠷ ᠪᠦᠯᠢ ᠶᠢᠨ ᠡᠷᠡᠭᠦᠯ | ᠮᠡᠨᠳᠤ ᠶᠢ ᠠᠬᠢᠭᠤᠯᠬᠤ ᠲᠤᠷᠰᠢᠯᠭ᠎ᠠ ᠠᠷᠭ᠎ᠠ ᠶᠢ ᠢᠳᠡᠪᠬᠢᠲᠡᠢ ᠳ᠋ᠦᠩᠨᠡᠨ ᠳᠡᠯᠭᠡᠷᠡᠭᠦᠯᠦᠨ᠎ᠡ᠃ | 6. ᠨᠢᠭᠡ ᠬᠤᠭᠤᠴᠠᠭᠠᠨ ᠤ ᠡᠷᠡᠭᠦᠯ ᠮᠡᠨᠳᠦ ᠶᠢᠨ ᠮᠡᠳᠡᠯᠭᠡ ᠶᠢᠨ ᠲᠣᠤᠷ ᠰᠦᠯᠵᠢᠶᠡᠨ ᠤ ᠤᠷᠤᠯᠳᠤᠭᠠᠨ ᠢ | ᠡᠷᠭᠢᠯᠡᠨ᠎ᠡ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠨᠡᠶᠢᠭᠡᠮ ᠤᠨ ᠬᠦᠴᠦᠨ ᠲᠠᠢ ᠬᠤᠯᠪᠣᠭᠠᠯᠠᠨ᠂ ᠢᠨᠲ᠋ᠧᠷ | ᠰᠦᠯᠵᠢᠶᠡᠨ ᠤ ᠲᠠᠪᠴᠠᠩ ᠢ ᠠᠰᠢᠭᠯᠠᠨ᠂ ᠵᠢᠯ ᠪᠦᠷᠢ ᠨᠢᠭᠡ ᠬᠤᠭᠤᠴᠠᠭᠠᠨ ᠤ ᠡᠷᠡᠭᠦᠯ ᠮᠡᠨᠳᠦ ᠶᠢᠨ ᠮᠡᠳᠡᠯᠭᠡ ᠶᠢᠨ | ᠤᠷᠤᠯᠳᠤᠭᠠᠨ ᠶᠠᠪᠤᠭᠤᠯᠵᠤ᠂ ᠥᠷᠭᠡᠨ ᠣᠯᠠᠨ ᠰᠦᠯᠵᠢᠶᠡᠴᠢᠳ ᠢ ᠢᠳᠡᠪᠬᠢᠲᠡᠶ ᠣᠷᠣᠯᠴᠠᠨ᠂ ᠮᠡᠳᠡᠯᠭᠡ ᠰᠤᠷᠤᠯᠴᠠᠵᠤ | ᠂ ᠪᠠᠶᠠᠷ ᠪᠠᠶᠠᠰᠤᠯ ᠢ ᠡᠳ᠋ᠯᠡᠵᠦ᠂ ᠡᠷᠡᠭᠦᠯ ᠮᠡᠨᠳᠦ ᠶᠢ ᠭᠥᠷᠳᠡᠬᠦ ᠶᠢ ᠤᠷᠢᠶᠠᠯᠠᠨ᠎ᠠ᠃ | ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ᠨᠢᠭᠡ ᠳᠤ ᠬᠠᠮᠵᠢᠯᠴᠠᠭ᠎ᠠ ᠪᠠᠨ ᠴᠢᠩᠭᠠᠳᠬᠠᠨ᠎ᠠ᠃ ᠣᠯᠠᠨ ᠰᠠᠯᠠᠭ᠎ᠠ ᠮᠥᠴᠢᠷ ᠤᠨ ᠳᠡᠮᠵᠢᠯᠭᠡ ᠶᠢ ᠤᠯᠬᠤ ᠪᠠᠷ | ᠴᠢᠷᠮᠠᠶᠢᠵᠤ᠂ ᠡᠷᠡᠭᠦᠯ ᠬᠠᠮᠠᠭᠠᠯᠠᠯ᠂ ᠤᠬᠠᠭᠤᠯᠭ᠎ᠠ ᠵᠡᠷᠭᠡ ᠰᠠᠯᠠᠭ᠎ᠠ ᠮᠥᠴᠢᠷ ᠤᠨ ᠬᠠᠮᠵᠢᠯᠴᠠᠬᠤ ᠲᠣᠭᠲᠠᠴᠠ ᠶᠢ | ᠰᠠᠶᠢᠲᠤᠷ ᠬᠡᠷᠡᠭᠯᠡᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠳᠡᠭᠡᠳᠦ ᠳᠣᠤᠷᠠᠳᠤ ᠱᠠᠲᠤ ᠪᠠᠷ ᠢᠶᠠᠨ | ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠨ | ᠣᠷᠣᠯᠴᠠᠭᠤᠯᠵᠤ᠂ ᠡᠯ᠎ᠡ ᠵᠦᠶᠯ ᠤᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠬᠤᠶᠠᠷ ᠲᠤ ᠪᠣᠳᠠᠲᠤ ᠦᠷ᠎ᠡ | ᠪᠦᠲᠦᠮᠵᠢ ᠶᠢ ᠡᠷᠬᠢᠮᠯᠡᠬᠦ ᠬᠡᠷᠡᠭᠲᠡᠶ᠃ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ | ᠮᠥᠴᠢᠷ ᠤᠳ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠢᠯ ᠤᠨ ᠬᠡᠯᠪᠡᠷᠢ ᠮᠠᠶ᠋ᠢᠭ | ᠂ ᠠᠷᠭ᠎ᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠴᠢᠭᠯᠡᠭᠦᠯᠦᠯᠲᠦ ᠴᠢᠨᠠᠷ ᠪᠠ ᠪᠣᠳᠠᠲᠤ ᠦᠷ᠎ᠡ ᠪᠦᠳᠦᠮᠵᠢᠳᠤ | ᠴᠢᠨᠠᠷ ᠢ ᠴᠢᠩᠭᠠᠳᠬᠠᠨ᠂ ᠣᠯᠠᠨ ᠲᠦᠮᠡᠨ ᠳᠤ ᠦᠶᠯᠡᠴᠢᠯᠡᠬᠦ ᠪᠠᠷ ᠡᠬᠢᠯᠡᠯᠲᠡ ᠪᠣᠯᠭᠠᠵᠤ᠂ ᠣᠯᠠᠨ ᠲᠦᠮᠡᠨ ᠤ | ᠰᠡᠳᠬᠢᠯ ᠬᠠᠨᠤᠮᠵᠢᠲᠠᠶ ᠪᠠᠶᠢᠬᠤ ᠪᠠᠷ ᠲᠡᠭᠦᠰᠬᠡᠯ ᠪᠣᠯᠭᠠᠬᠤ ᠶᠢ ᠪᠠᠷᠢᠮᠲᠠᠯᠠᠨ᠂ ᠠᠯᠪᠠᠳᠠᠯᠭ᠎ᠠ ᠪᠠᠷ ᠡᠭᠦᠷᠭᠡ ᠲᠡᠰᠬᠡᠨ | ᠳᠠᠭᠠᠭᠠᠯᠭᠠᠬᠤ ᠥᠬᠡᠶ᠂ ᠠᠷᠠᠳ ᠢ ᠵᠦᠳᠡᠭᠡᠵᠦ ᠡᠳ᠋ ᠢ ᠰᠦᠶᠳᠬᠡᠬᠦ᠂ ᠥᠩᠭᠡᠨ ᠲᠠᠯ᠎ᠠ ᠶᠢ ᠬᠥᠭᠡᠭᠡᠴᠡᠯᠳᠦᠬᠦ | ᠬᠡᠯᠪᠡᠷᠢ ᠶᠢᠨ ᠦᠵᠡᠯ ᠢ ᠶᠠᠪᠤᠭᠤᠯᠬᠤ ᠥᠬᠡᠶ ᠪᠠᠶᠢᠵᠤ᠂ ᠥᠪᠡᠷᠮᠢᠴᠡ ᠣᠨᠴᠠᠯᠢᠭ ᠲᠠᠢ᠂ ᠦᠷ᠎ᠡ ᠪᠦᠲᠦᠮᠵᠢ ᠲᠠᠢ | ᠡᠷᠭᠢᠯᠡᠬᠦ ᠬᠡᠷᠡᠭᠲᠡᠶ᠃ ᠭᠤᠷᠪᠠ ᠳᠤ᠂ ᠳ᠋ᠦᠩᠨᠡᠨ ᠰᠣᠯᠢᠯᠴᠠᠬᠤ᠃ ᠠᠵᠢᠯᠯᠠᠭ᠎ᠠ ᠶᠢ ᠬᠡᠷᠡᠭᠵᠢᠭᠦᠯᠬᠦ ᠶᠠᠪᠤᠴᠠ ᠳᠤ᠂ ᠡᠯ᠎ᠡ | ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠡᠷᠡᠭᠦᠯ ᠮᠡᠨᠳᠦ ᠶᠢᠨ ᠬᠥᠮᠦᠵᠢᠯ ᠪᠠ ᠡᠷᠡᠭᠦᠯ ᠮᠡᠨᠳᠦ ᠶᠢᠨ ᠰᠢᠨᠵᠢᠯᠡᠬᠦ | ᠤᠬᠠᠭᠠᠨ ᠤ ᠲᠦᠭᠡᠮᠡᠯᠵᠢᠭᠦᠯᠦᠯᠲᠡ ᠶᠢ ᠴᠢᠩᠭᠠᠳᠬᠠᠭᠰᠠᠨ ᠠᠮᠢᠳᠤ ᠰᠣᠷᠭᠤᠭ ᠲᠤᠷᠰᠢᠯᠭ᠎ᠠ ᠶᠢ ᠭᠦᠨᠵᠡᠭᠡᠶ ᠠᠭᠤᠳᠠᠯᠵᠤ | ᠂ ᠨᠡᠶᠢᠲᠡᠯᠢᠭ ᠬᠡᠷᠡᠭ ᠤᠨ ᠵᠢᠱᠢᠶ᠎ᠡ ᠶᠢ ᠰᠣᠯᠢᠯᠴᠠᠨ ᠳᠡᠯᠭᠡᠷᠡᠭᠦᠯᠦᠨ᠎ᠡ᠃ ᠡᠯ᠎ᠡ ᠲᠥᠷᠥᠯ ᠤᠨ ᠰᠣᠨᠢᠨ ᠮᠡᠳᠡᠭᠡᠨ ᠤ | ᠵᠠᠭᠤᠴᠢᠯᠠᠭᠤᠷ ᠪᠠ ᠰᠦᠯᠵᠢᠶᠡᠨ ᠤ ᠰᠢᠨ᠎ᠡ ᠵᠠᠭᠤᠴᠢᠯᠠᠭᠤᠷ ᠢ ᠭᠦᠶᠴᠡᠳ ᠠᠰᠢᠭᠯᠠᠨ᠂ ᠰᠠᠭᠤᠭᠠᠯᠢ ᠠᠷᠠᠳ ᠤᠨ | ᠡᠷᠡᠭᠦᠯ ᠮᠡᠨᠳᠦ ᠶᠢᠨ ᠬᠡᠪ ᠰᠤᠷᠭᠠᠯᠲᠠ ᠶᠢ ᠳᠡᠭᠡᠭᠰᠢᠯᠡᠭᠦᠯᠬᠦ ᠰᠠᠶᠢᠨ ᠠᠷᠭ᠎ᠠ ᠬᠡᠮᠵᠢᠶ᠎ᠡ ᠰᠠᠶᠢᠨ ᠠᠷᠭ᠎ᠠ ᠬᠢᠳᠡᠯ ᠢ | ᠥᠷᠭᠡᠨ ᠢᠶᠠᠷ ᠤᠬᠠᠭᠤᠯᠵᠤ᠂ ᠨᠡᠶᠢᠭᠡᠮ ᠳᠠᠶᠠᠭᠠᠷ ᠲᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ | ᠨᠥᠬᠦᠴᠡᠯ ᠢ ᠪᠦᠷᠢᠯᠳᠦᠭᠦᠯᠦᠨ᠎ᠡ᠃ | ᠢᠷᠡᠯᠲᠡ᠄ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠰᠦᠯᠵᠢᠶ᠎ᠡ | |