ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠳᠠᠮᠵᠢᠭᠤᠯᠤᠨ ᠨᠡᠶᠢᠲᠡᠯᠡᠭᠰᠡᠨ᠄ ᠳᠤᠮᠳᠠᠳᠤ ᠤᠯᠤᠰ ᠤᠨ ᠠᠷᠠᠳ ᠢᠷᠭᠡᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ — ᠦᠨᠳᠦᠰᠦᠨ ᠮᠡᠳᠡᠯᠭᠡ ᠪᠠ ᠤᠷ᠎ᠠ ᠴᠢᠳᠠᠪᠤᠷᠢ ︵  2024 ᠣᠨ ᠤ ᠬᠡᠪᠯᠡᠯ︶ 
ᠨᠡᠶᠢᠲᠡᠯᠡᠭᠰᠡᠨ ᠴᠠᠭ᠄
2024/8/23
           ᠨᠢᠭᠡ᠂ ᠦᠨᠳᠦᠰᠦᠨ ᠮᠡᠳᠡᠯᠭᠡ ᠪᠠ ᠦᠵᠡᠯ ᠪᠠᠷᠢᠮᠲᠠᠯᠠᠯ      1.ᠡᠷᠡᠭᠦᠯ ᠴᠢᠭᠢᠷᠠᠭ ᠨᠢ ᠵᠥᠪᠬᠡᠨ ᠡᠪᠡᠳᠴᠢᠨ ᠡᠮᠭᠡᠭ ᠦᠭᠡᠢ ᠪᠤᠶᠤ ᠲᠠᠮᠢᠷ ᠲᠡᠩᠬᠡᠭᠡ ᠦᠭᠡᠢ ᠪᠢᠰᠢ᠂ ᠬᠠᠷᠢᠨ ᠪᠡᠶ᠎ᠡ ᠮᠠᠬᠠᠪᠣᠳ᠂ ᠰᠡᠳᠬᠢᠴᠡ ᠪᠠ ᠨᠡᠶᠢᠭᠡᠮ ᠤᠨ ᠵᠣᠬᠢᠴᠠᠯ ᠤᠨ ᠰᠠᠶᠢᠨ ᠰᠠᠶᠢᠬᠠᠨ ᠪᠠᠶᠢᠳᠠᠯ ᠪᠣᠯᠤᠨ᠎ᠠ᠃ ᠤᠷᠢᠳᠴᠢᠯᠠᠨ ᠰᠡᠷᠭᠡᠶᠢᠯᠡᠬᠦ ᠪᠣᠯ ᠡᠷᠡᠭᠦᠯ ᠮᠡᠨᠳᠦ ᠶᠢ ᠠᠬᠢᠭᠤᠯᠬᠤ ᠬᠠᠮᠤᠭ ᠤᠨ ᠪᠦᠲᠦᠮᠵᠢᠲᠡᠶ᠂ ᠬᠠᠮᠤᠭ ᠤᠨ ᠠᠷᠪᠢᠲᠠᠶ ᠠᠷᠭ᠎ᠠ ᠪᠠᠷᠢᠯ ᠮᠥᠨ᠃      2.ᠠᠷᠠᠳ ᠢᠷᠭᠡᠨ ᠤ ᠪᠡᠶ᠎ᠡ ᠮᠠᠬᠠᠪᠣᠳ ᠰᠡᠳᠬᠢᠯ ᠰᠠᠨᠠᠭᠠᠨ ᠤ ᠡᠷᠡᠭᠦᠯ ᠮᠡᠨᠳᠤ ᠶᠢ ᠬᠠᠤᠯᠢ ᠪᠠᠷ ᠬᠠᠮᠠᠭᠠᠯᠠᠨ᠎ᠠ᠂ ᠬᠥᠮᠦᠨ ᠨᠢᠭᠡᠪᠦᠷᠢ ᠴᠥᠮ ᠥᠪᠡᠷ ᠤᠨ ᠪᠡᠶ᠎ᠡ ᠶᠢᠨ ᠡᠷᠡᠭᠦᠯ ᠮᠡᠨᠳᠤ ᠪᠠᠨ ᠬᠠᠮᠠᠭᠠᠯᠠᠬᠤ ᠪᠠ ᠪᠤᠰᠤᠳ ᠤᠨ ᠡᠷᠡᠭᠦᠯ ᠮᠡᠨᠳᠤ ᠶᠢ ᠦᠯᠦ ᠬᠤᠬᠢᠷᠠᠭᠤᠯᠬᠤ ᠬᠠᠷᠢᠭᠤᠴᠠᠯᠭ᠎ᠠ ᠲᠠᠢ᠃      3. ᠡᠷᠡᠭᠦᠯ ᠮᠡᠨᠳᠦ ᠶᠢᠨ ᠮᠡᠳᠡᠯᠭᠡ ᠶᠢ ᠰᠠᠨᠠᠭᠠᠴᠢᠯᠠᠭ᠎ᠠ  ᠠᠴᠠ ᠪᠠᠨ ᠰᠤᠷᠤᠯᠴᠠᠵᠤ᠂ ᠡᠷᠡᠭᠦᠯ ᠰᠠᠷᠠᠭᠤᠯ ᠠᠮᠢᠳᠤᠷᠠᠯ ᠤᠨ ᠪᠣᠯᠪᠠᠰᠤᠨ ᠠᠷᠭ᠎ᠠ ᠮᠠᠶ᠋ᠢᠭ ᠢ ᠦᠶᠯᠡᠳᠦᠯᠭᠡᠵᠢᠭᠦᠯᠦᠨ᠂ ᠲᠣᠰ ᠪᠡᠶ᠎ᠡ ᠶᠢᠨ ᠡᠷᠡᠭᠦᠯ ᠮᠡᠨᠳᠦ ᠪᠠᠨ ᠬᠠᠮᠠᠭᠠᠯᠠᠨ ᠠᠬᠢᠭᠤᠯᠤᠨ᠎ᠠ᠃      4. ᠣᠷᠴᠢᠨ ᠲᠣᠭᠤᠷᠢᠨ ᠬᠢᠭᠡᠳ ᠡᠷᠡᠭᠦᠯ ᠮᠡᠨᠳᠦ ᠨᠢᠭᠲᠠ ᠬᠤᠯᠪᠣᠭ᠎ᠠ ᠲᠠᠢ ᠪᠠᠶᠢᠵᠤ᠂ ᠣᠷᠴᠢᠨ ᠲᠣᠭᠤᠷᠢᠨ ᠢ ᠬᠠᠮᠠᠭᠠᠯᠠᠨ᠂ ᠡᠷᠡᠭᠦᠯ ᠮᠡᠨᠳᠦ ᠶᠢ ᠠᠬᠢᠭᠤᠯᠤᠨ᠎ᠠ᠃      5.ᠦᠨ᠎ᠡ ᠲᠥᠯᠥᠪᠦᠷᠢ ᠦᠭᠡᠢ ᠪᠠᠷ ᠴᠢᠰᠤ ᠪᠠᠨ ᠡᠷᠭᠦᠵᠦ᠂ ᠪᠤᠰᠤᠳ ᠢ ᠬᠠᠪᠰᠤᠷᠴᠤ ᠠᠮᠢᠨ ᠳᠠᠭᠠᠨ ᠠᠰᠢᠭᠲᠠᠶ ᠪᠣᠯᠭᠠᠬᠤ᠃      6.ᠬᠥᠮᠦᠨ ᠨᠢᠭᠡᠪᠦᠷᠢ ᠴᠥᠮ ᠡᠪᠡᠳᠴᠢᠨ ᠲᠠᠢ ᠵᠡᠮᠳᠡᠭ ᠬᠥᠮᠦᠰ ᠢ ᠬᠠᠯᠠᠮᠵᠢᠯᠠᠨ ᠬᠠᠪᠰᠤᠷᠬᠤ ᠬᠡᠷᠡᠭᠲᠡᠶ᠂ ᠭᠠᠳᠠᠭᠤᠷᠴᠢᠯᠠᠵᠤ ᠪᠣᠯᠬᠤ ᠦᠭᠡᠢ᠃      7. ᠲᠣᠭᠲᠠᠮᠠᠯ ᠬᠤᠭᠤᠴᠠᠭ᠎ᠠ ᠲᠠᠢ ᠪᠠᠷ ᠡᠷᠡᠭᠦᠯ ᠮᠡᠨᠳᠦ ᠶᠢᠨ ᠦᠵᠡᠯᠭᠡ ᠬᠢᠬᠦ ᠬᠡᠷᠡᠭᠲᠡᠶ᠃      8. ᠴᠢᠰᠤᠨ ᠳᠠᠷᠤᠯᠲᠠ᠂ ᠪᠡᠶ᠎ᠡ ᠶᠢᠨ ᠳᠤᠯᠠᠭᠠᠨ᠂ ᠠᠮᠢᠰᠬᠤᠯ ᠪᠠ ᠵᠢᠷᠦᠬᠡᠨ ᠤ ᠳᠠᠪᠲᠠᠮᠵᠢ ᠪᠣᠯ ᠬᠥᠮᠦᠨ ᠤ ᠪᠡᠶ᠎ᠡ ᠶᠢᠨ ᠳᠥᠷᠪᠡᠨ ᠶᠡᠭᠡ ᠠᠮᠢ ᠨᠠᠰᠤᠨ ᠤ ᠢᠯᠡᠷᠡᠯ ᠮᠥᠨ᠃      9.ᠬᠠᠯᠳᠠᠪᠤᠷᠢᠯᠠᠯ ᠤᠨ ᠡᠬᠢ᠂ ᠬᠠᠯᠳᠠᠪᠤᠷᠢᠯᠠᠬᠤ ᠠᠷᠭ᠎ᠠ ᠵᠠᠮ ᠪᠠ ᠠᠮᠠᠷᠬᠠᠨ ᠬᠠᠯᠳᠠᠪᠤᠷᠢᠯᠠᠭᠳᠠᠬᠤ ᠬᠥᠮᠦᠰ ᠪᠣᠯ ᠬᠠᠯᠳᠠᠪᠤᠷᠢᠲᠤ ᠡᠪᠡᠳᠴᠢᠨ ᠳᠡᠯᠭᠡᠷᠡᠬᠦ ᠶᠢᠨ ᠭᠤᠷᠪᠠᠨ ᠵᠠᠩᠭᠢᠯᠠᠭ᠎ᠠ ᠮᠥᠨ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠳᠤ ᠬᠥᠮᠦᠨ ᠪᠦᠷᠢ ᠬᠠᠷᠢᠭᠤᠴᠠᠯᠭ᠎ᠠ ᠲᠠᠢ᠃      10. ᠬᠡᠤᠬᠡᠳ ᠲᠥᠷᠥᠭᠰᠡᠨ ᠤ ᠳᠠᠷᠠᠭ᠎ᠠ ᠡᠭᠡᠯᠢᠯᠡᠭᠡ ᠶᠢᠨ ᠵᠢᠷᠤᠮ ᠢᠶᠠᠷ ᠸᠠᠺᠼᠢᠨ ᠤ ᠲᠠᠷᠢᠯᠭ᠎ᠠ ᠬᠢᠬᠦ ᠬᠡᠷᠡᠭᠲᠡᠶ ᠂ ᠨᠠᠰᠤᠨ ᠳᠤ ᠭᠦᠷᠦᠭᠰᠡᠳ ᠴᠦ ᠸᠠᠺᠼᠢᠨ ᠤ ᠲᠠᠷᠢᠯᠭ᠎ᠠ ᠬᠢᠬᠦ ᠪᠠᠷ ᠳᠡᠮᠵᠢᠨ ᠡᠪᠡᠳᠴᠢᠨ ᠡᠮᠭᠡᠭ ᠠᠴᠠ ᠤᠷᠢᠳᠴᠢᠯᠠᠨ ᠰᠡᠷᠭᠡᠶᠢᠯᠡᠬᠦ ᠦᠷ᠎ᠡ ᠳ᠋ᠦᠩ ᠳᠤ ᠬᠦᠷᠴᠦ ᠪᠣᠯᠤᠨ᠎ᠠ᠃      11.ᠠᠶᠢᠽ ᠡᠪᠡᠳᠴᠢᠨ᠂ ᠡᠯᠢᠭᠡᠨ ᠤB ᠦᠷᠪᠢᠰᠦᠯ ᠪᠠ ᠡᠯᠢᠭᠡᠨ ᠤC ᠦᠷᠪᠢᠰᠦᠯ ᠨᠢ ᠴᠢᠰᠤ᠂ ᠪᠡᠯᠭᠡ ᠶᠢᠨ ᠬᠦᠷᠦᠯᠴᠡᠯᠲᠡ ᠪᠠ ᠡᠬᠡ ᠨᠢᠯᠬᠠᠰ ᠤᠨ ᠭᠤᠷᠪᠠᠨ ᠵᠦᠢᠯ ᠤᠨ ᠠᠷᠭ᠎ᠠ ᠵᠠᠮ ᠢᠶᠠᠷ ᠳᠠᠮᠵᠢᠨ ᠲᠠᠷᠬᠠᠳᠠᠭ᠂ ᠡᠳᠦᠷ ᠲᠤᠲᠤᠮ ᠤᠨ ᠠᠮᠢᠳᠤᠷᠠᠯ ᠪᠠ ᠠᠵᠢᠯ ᠤᠨ ᠬᠦᠷᠦᠯᠴᠡᠯᠲᠡ ᠨᠢ ᠬᠠᠯᠳᠠᠪᠤᠷᠢᠯᠠᠳᠠᠭ ᠦᠭᠡᠢ᠃      12.ᠬᠠᠨᠢᠶᠠᠬᠤ᠂ ᠴᠡᠷ ᠢᠶᠠᠷ 2 ᠭᠠᠷᠠᠭ ᠠᠴᠠ ᠳᠡᠭᠡᠭᠰᠢ ᠬᠠᠨᠢᠶᠠᠬᠤ᠂ ᠡᠰᠡᠬᠦᠯ᠎ᠡ ᠴᠡᠷ ᠲᠤᠨᠢ ᠴᠢᠰᠤ ᠲᠠᠢ ᠪᠠᠶᠢᠪᠠᠯ ᠠᠭᠤᠰᠬᠢᠨ ᠤ ᠰᠦᠷᠢᠶ᠎ᠡ ᠣᠯᠤᠭᠰᠠᠨ ᠡᠰᠡᠬᠦ ᠶᠢ ᠴᠠᠭ ᠲᠤᠬᠠᠶ ᠳᠤᠨᠢ ᠪᠠᠶᠢᠴᠠᠭᠠᠬᠤ ᠬᠡᠷᠡᠭᠲᠡᠶ᠃ ᠵᠢᠷᠤᠮᠵᠢᠭᠤᠯᠤᠨ ᠵᠠᠰᠠᠬᠤ ᠶᠢ ᠪᠠᠷᠢᠮᠲᠠᠯᠠᠪᠠᠯ ᠣᠯᠠᠩᠬᠢ ᠠᠭᠤᠰᠬᠢᠨ ᠤ ᠰᠦᠷᠢᠶ᠎ᠡ ᠶᠢᠨ ᠡᠪᠡᠳᠴᠢᠲᠡᠨ ᠢ ᠵᠠᠰᠠᠵᠤ ᠡᠳᠡᠭᠡᠷᠡᠭᠦᠯᠵᠦ ᠲᠠᠶᠢᠯᠤᠨ᠎ᠠ᠃      13.ᠭᠡᠷ ᠲᠡᠭᠡᠨ ᠲᠡᠵᠢᠭᠡᠪᠦᠷᠢ ᠨᠣᠬᠠᠶ᠂ ᠮᠤᠤᠷ ᠲᠤ ᠮᠠᠯ ᠳᠤ ᠬᠡᠷᠡᠭᠯᠡᠬᠦ ᠭᠠᠯᠵᠠᠭᠤ ᠡᠪᠡᠳᠴᠢᠨ ᠤ ᠸᠠᠺᠼᠢᠨ ᠤ ᠲᠠᠷᠢᠯᠭ᠎ᠠ ᠬᠢᠬᠦ ᠬᠡᠷᠡᠭᠲᠡᠶ︔  ᠬᠥᠮᠦᠨ ᠨᠣᠬᠠᠶ᠂ ᠮᠤᠤᠷ ᠲᠤ ᠮᠠᠭᠠᠵᠢᠭᠳᠠᠨ ᠰᠢᠷᠬᠠᠲᠤᠵᠤ᠂ ᠬᠠᠵᠠᠭᠳᠠᠨ ᠰᠢᠷᠬᠠᠲᠤᠭᠰᠠᠨ ᠤ ᠳᠠᠷᠠᠭ᠎ᠠ ᠳᠠᠷᠤᠶ ᠲᠦᠷᠭᠡᠨ ᠤᠬᠢᠶᠠᠨ ᠠᠷᠢᠭᠤᠳᠬᠠᠬᠤ ᠶᠢᠨ ᠬᠠᠮᠲᠤ ᠭᠠᠯᠵᠠᠭᠤ ᠡᠪᠡᠳᠴᠢᠲᠡᠨ ᠤ ᠦᠯᠦ ᠬᠠᠯᠳᠠᠭᠠᠬᠤ ᠪᠥᠮᠪᠥᠭᠡᠨ ᠤᠭᠤᠷᠠᠭ ︵ᠡᠰᠡᠬᠦᠯ᠎ᠡ ᠴᠢᠰᠤᠨ ᠲᠤᠩᠭᠠᠯᠠᠭ ᠪᠤᠶᠤ ᠳᠠᠩ ᠺᠯᠤᠨᠳᠤ ᠡᠰᠡᠷᠭᠦᠴᠡᠭᠴᠢ︶  ᠢ ᠡᠷᠲᠡᠬᠡᠨ ᠲᠠᠷᠢᠬᠤ ᠪᠠ ᠭᠠᠯᠵᠠᠭᠤ ᠡᠪᠡᠳᠴᠢᠨ ᠤ ᠸᠠᠺᠼᠢᠨ ᠢ ᠬᠡᠷᠡᠭᠯᠡᠬᠦ ᠬᠡᠷᠡᠭᠲᠡᠶ᠃      14. ᠪᠠᠲᠠᠭᠠᠨ᠎ᠠ᠂ ᠢᠯᠠᠭ᠎ᠠ᠂ ᠬᠤᠯᠤᠭᠠᠨ᠎ᠠ᠂ ᠵᠣᠤᠮ᠎ᠠ ᠵᠡᠷᠭᠡ ᠨᠢ ᠣᠯᠠᠨ ᠵᠦᠢᠯ ᠤᠨ ᠡᠪᠡᠳᠴᠢᠨ ᠢ ᠲᠠᠷᠬᠠᠭᠠᠳᠠᠭ᠃      15. ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠰᠤᠷᠭᠠᠯᠲᠠ ᠳᠤ ᠬᠠᠮᠤᠷᠤᠭᠤᠯᠬᠤ ᠥᠬᠡᠶ᠂ ᠢᠳᠡᠬᠦ ᠥᠬᠡᠶ᠃ ᠬᠡᠭᠡᠷ᠎ᠡ ᠶᠢᠨ ᠠᠮᠢᠲᠠᠨ ᠢ ᠠᠩᠨᠠᠬᠤ ᠦᠭᠡᠶ᠂ ᠮᠠᠶᠢᠮᠠᠶᠢᠯᠠᠬᠤ ᠦᠭᠡᠶ᠂ ᠣᠶᠢᠷᠠᠳᠬᠤ ᠦᠭᠡᠶ᠂ ᠢᠳᠡᠬᠦ ᠦᠭᠡᠶ᠃      16. ᠴᠢᠰᠤᠨ ᠳᠠᠷᠤᠯᠲᠠ ᠶᠢᠨ ᠬᠤᠪᠢᠷᠠᠯᠲᠠ ᠶᠢ ᠠᠩᠬᠠᠷᠴᠤ᠂ ᠴᠢᠰᠤᠨ ᠳᠠᠷᠤᠯᠲᠠ ᠥᠨᠳᠥᠷ ᠡᠪᠡᠳᠴᠢᠨ ᠤ ᠠᠶᠤᠯᠲᠤ ᠡᠯᠧᠮᠧᠨ᠋ᠲ ᠢ ᠬᠢᠵᠠᠭᠠᠷᠯᠠᠵᠤ᠂ ᠴᠢᠰᠤᠨ ᠳᠠᠷᠤᠯᠲᠠ ᠥᠨᠳᠥᠷ ᠡᠪᠡᠳᠴᠢᠲᠡᠨ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠰᠠᠶᠢᠲᠤᠷ ᠭᠦᠢᠴᠡᠳᠬᠡᠬᠦ ᠬᠡᠷᠡᠭᠲᠡᠶ᠃      17.ᠴᠢᠰᠤᠨ ᠰᠢᠬᠢᠷ ᠤᠨ ᠬᠤᠪᠢᠷᠠᠯᠲᠠ ᠶᠢ ᠠᠩᠬᠠᠷᠴᠤ᠂ ᠰᠢᠬᠢᠷ ᠰᠢᠵᠢᠩ ᠡᠪᠡᠳᠴᠢᠨ ᠤ ᠠᠶᠤᠯᠲᠤ ᠡᠯᠧᠮᠧᠨ᠋ᠲ ᠢ ᠬᠢᠵᠠᠭᠠᠷᠯᠠᠵᠤ᠂ ᠰᠢᠬᠢᠷ ᠰᠢᠵᠢᠩ ᠡᠪᠡᠳᠴᠢᠲᠡᠨ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠰᠠᠶᠢᠲᠤᠷ ᠭᠦᠢᠴᠡᠳᠬᠡᠬᠦ ᠬᠡᠷᠡᠭᠲᠡᠶ᠃      18. ᠠᠭᠤᠰᠬᠢᠨ ᠤ ᠠᠵᠢᠯᠯᠠᠭ᠎ᠠ ᠶᠢ ᠠᠩᠬᠠᠷᠴᠤ᠂ ᠠᠭᠤᠰᠬᠢ ᠶᠢ ᠤᠳᠠᠭᠠᠨ ᠰᠠᠭᠠᠲᠠᠭᠠᠬᠤ ᠠᠶᠤᠯ ᠲᠠᠢ ᠡᠯᠧᠮᠧᠨ᠋ᠲ ᠢ ᠬᠢᠵᠠᠭᠠᠷᠯᠠᠵᠤ᠂ ᠠᠭᠤᠰᠬᠢ ᠶᠢ ᠤᠳᠠᠭᠠᠨ ᠰᠠᠭᠠᠲᠠᠭᠠᠬᠤ ᠡᠪᠡᠳᠴᠢᠲᠡᠨ ᠳᠤ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠰᠠᠶᠢᠲᠤᠷ ᠭᠦᠢᠴᠡᠳᠬᠡᠬᠦ ᠬᠡᠷᠡᠭᠲᠡᠶ᠃      19. ᠥᠮᠡᠨ ᠡᠪᠡᠳᠴᠢᠨ ᠢ ᠰᠢᠭᠰᠢᠨ ᠪᠠᠶᠢᠴᠠᠭᠠᠬᠤ ᠳᠤ ᠢᠳᠡᠪᠬᠢᠲᠡᠶ ᠣᠷᠣᠯᠴᠠᠵᠤ᠂ ᠥᠮᠡᠨ ᠡᠪᠡᠳᠴᠢᠨ ᠪᠠ ᠥᠮᠡᠨ ᠤ ᠡᠮᠦᠨᠡᠬᠢ ᠡᠪᠡᠳᠴᠢᠨ ᠤ ᠬᠤᠪᠢᠷᠠᠯᠲᠠ ᠶᠢ ᠡᠷᠲᠡ ᠣᠯᠵᠤ ᠮᠡᠳᠡᠬᠦ ᠬᠡᠷᠡᠭᠲᠡᠶ᠃      20.ᠶᠠᠰᠤᠨ ᠤ ᠡᠳ᠋ ᠰᠡᠶᠢᠷᠡᠭᠵᠢᠭᠰᠡᠨ ᠡᠪᠡᠳᠴᠢᠨ ᠢ ᠤᠷᠢᠳᠴᠢᠯᠠᠨ ᠰᠡᠷᠭᠡᠶᠢᠯᠡᠵᠦ᠂ ᠠᠷᠤᠭ ᠶᠠᠰᠤᠨ ᠤ ᠡᠷᠡᠭᠦᠯ ᠴᠢᠭᠢᠷᠠᠭ ᠢ ᠠᠬᠢᠭᠤᠯᠤᠨ᠎ᠠ᠃      21. ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠵᠤ᠂ ᠨᠠᠰᠤᠲᠠᠶᠢᠴᠤᠳ ᠤᠨ ᠣᠶᠢᠴᠢᠬᠤ ᠶᠢ ᠤᠷᠢᠳᠴᠢᠯᠠᠨ ᠰᠡᠷᠭᠡᠶᠢᠯᠡᠵᠦ᠂ ᠨᠠᠰᠤᠲᠠᠶᠢᠴᠤᠳ ᠤᠨ ᠵᠥᠨᠥᠭᠰᠢᠷᠡᠯ ᠢ ᠢᠯᠭᠠᠨ ᠲᠠᠨᠢᠬᠤ ᠬᠡᠷᠡᠭᠲᠡᠶ᠃      22. ᠵᠠᠯᠠᠭᠤᠴᠤᠳ ᠪᠠᠭᠠᠴᠤᠳ ᠪᠣᠯᠤᠨ ᠡᠮᠡᠭᠲᠡᠶᠢᠴᠦᠳ ᠤᠨ ᠬᠥᠩᠭᠡᠵᠢᠯ ᠤᠨ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠵᠤ᠂ ᠠᠮᠤᠷ ᠲᠦᠪᠰᠢᠨ᠂ ᠲᠣᠬᠢᠷᠠᠮᠵᠢᠲᠠᠶ ᠵᠢᠷᠮᠦᠰᠦᠯᠡᠬᠦ ᠶᠢ ᠬᠤᠷᠢᠭᠯᠠᠬᠤ ᠠᠷᠭ᠎ᠠ ᠬᠡᠮᠵᠢᠶ᠎ᠡ ᠶᠢ ᠰᠣᠩᠭᠤᠨ᠂ ᠰᠠᠨᠠᠭᠠᠨ ᠳᠤ ᠥᠬᠡᠶ ᠵᠢᠷᠮᠦᠰᠦᠯᠡᠬᠦ ᠶᠢ ᠰᠡᠷᠭᠡᠶᠢᠯᠡᠬᠦ ᠪᠠ ᠪᠠᠭᠠᠰᠬᠠᠵᠤ᠂ ᠬᠥᠩᠭᠡᠵᠢᠯ ᠤᠨ ᠴᠢᠳᠠᠪᠤᠷᠢ ᠶᠢ ᠬᠠᠮᠠᠭᠠᠯᠠᠨ᠎ᠠ᠃      23.ᠬᠥᠳᠡᠯᠮᠦᠷᠢᠴᠢᠨ ᠠᠵᠢᠯ ᠮᠡᠷᠭᠡᠵᠢᠯ ᠤᠨ ᠡᠷᠡᠭᠦᠯ ᠮᠡᠨᠳᠤ ᠶᠢᠨ ᠬᠠᠮᠠᠭᠠᠯᠠᠯᠲᠠ ᠶᠢ ᠬᠠᠤᠯᠢ ᠶᠣᠰᠣᠭᠠᠷ ᠡᠳ᠋ᠯᠡᠬᠦ ᠡᠷᠬᠡ ᠲᠠᠢ︔  ᠬᠥᠳᠡᠯᠮᠦᠷᠢᠴᠢᠨ ᠠᠵᠢᠯ ᠤᠨ ᠪᠠᠶᠢᠷᠢ ᠪᠠ ᠠᠵᠢᠯ ᠤᠨ ᠣᠷᠴᠢᠨ ᠲᠣᠭᠤᠷᠢᠨ ᠳᠤ ᠣᠷᠣᠰᠢᠵᠤ ᠪᠠᠶᠢᠭ᠎ᠠ ᠬᠤᠣᠷ ᠬᠥᠨᠥᠭᠡᠯ ᠲᠠᠢ ᠬᠦᠴᠦᠨ ᠵᠦᠢᠯ ︵ᠵᠢᠱᠢᠶᠡᠯᠡᠪᠡᠯ ᠨᠠᠷᠢᠨ ᠲᠣᠭᠤᠰᠣ᠂ ᠱᠤᠤᠭᠢᠶᠠᠨ᠂ ᠬᠤᠣᠷ ᠬᠥᠨᠥᠭᠡᠯ ᠲᠠᠢ ᠬᠡᠢ ᠪᠡᠶᠡᠲᠦ ᠵᠡᠷᠭᠡ︶  ᠢ ᠣᠶᠢᠯᠠᠭᠠᠵᠤ᠂ ᠠᠵᠢᠯᠯᠠᠬᠤ ᠳᠦᠷᠢᠮ ᠢ ᠵᠢᠷᠤᠮᠯᠠᠵᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠠᠵᠢᠯ ᠮᠡᠷᠭᠡᠵᠢᠯ ᠤᠨ ᠡᠷᠡᠭᠦᠯ ᠮᠡᠨᠳᠦ ᠶᠢ ᠬᠤᠬᠢᠷᠠᠭᠤᠯᠬᠤ ᠠᠴᠠ ᠵᠠᠶᠢᠯᠠᠰᠬᠢᠬᠦ ᠬᠡᠷᠡᠭᠲᠡᠶ᠃      24. ᠡᠷᠡᠭᠦᠯᠵᠢᠯ ᠢᠳᠡᠭᠡᠨ ᠪᠣᠯ ᠡᠮ ᠤᠨ ᠵᠦᠢᠯ ᠪᠢᠰᠢ᠂ ᠡᠷᠡᠭᠦᠯᠵᠢᠯ ᠢᠳᠡᠭᠡᠨ ᠢ ᠵᠥᠪ ᠢᠶᠠᠷ ᠰᠣᠩᠭᠤᠨ ᠬᠡᠷᠡᠭᠯᠡᠬᠦ ᠬᠡᠷᠡᠭᠲᠡᠶ᠃      ᠬᠤᠶᠠᠷ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠬᠢᠭᠡᠳ ᠦᠶᠯᠡ ᠠᠵᠢᠯᠯᠠᠭ᠎ᠠ      25.ᠪᠡᠶ᠎ᠡ ᠶᠢᠨ ᠬᠦᠨᠳᠦ ᠨᠢ ᠣᠯᠠᠨ ᠵᠦᠢᠯ ᠤᠨ ᠡᠪᠡᠳᠴᠢᠨ ᠲᠠᠢ ᠬᠤᠯᠪᠣᠭᠳᠠᠯ ᠲᠠᠢ᠂ ᠬᠥᠳᠡᠯᠭᠡᠭᠡᠨ ᠤ ᠲᠡᠩᠴᠡᠭᠦᠷᠢ ᠶᠢ ᠪᠠᠲᠤᠯᠠᠵᠤ᠂ ᠡᠷᠡᠭᠦᠯ ᠪᠡᠶ᠎ᠡ ᠶᠢᠨ ᠬᠦᠨᠳᠦ ᠶᠢ ᠪᠠᠲᠤᠯᠠᠵᠤ᠂ ᠬᠡᠳᠦ ᠬᠦᠨᠳᠦ ᠪᠠ ᠮᠠᠷᠢᠶᠠᠯᠠᠬᠤ ᠠᠴᠠ ᠵᠠᠶᠢᠯᠠᠰᠬᠢᠨ᠎ᠡ᠃      26.ᠬᠤᠭᠤᠯᠠ ᠢᠳᠡᠬᠦ ᠳᠡᠭᠡᠨ ᠠᠮᠤ ᠪᠤᠳᠠᠭ᠎ᠠ ᠪᠠᠷ ᠭᠤᠣᠯᠯᠠᠵᠤ᠂ ᠢᠳᠡᠰᠢᠨ ᠨᠣᠭᠤᠭ᠎ᠠ᠂ ᠵᠢᠮᠢᠰ᠂ ᠲᠥᠮᠥᠰᠥ ᠶᠢᠨ ᠵᠦᠢᠯ ᠢ ᠢᠯᠡᠭᠦᠦ ᠢᠳᠡᠵᠦ᠂ ᠮᠢᠬ᠎ᠠ ᠮᠢᠬ᠎ᠠ ᠶᠢ ᠨᠢ ᠠᠩᠬᠠᠷᠴᠤ᠂ ᠪᠦᠳᠦᠭᠦᠯᠢᠭ ᠨᠠᠷᠢᠨ ᠢ ᠨᠢ ᠵᠣᠬᠢᠴᠠᠭᠤᠯᠵᠤ᠂ ᠢᠳᠡᠰᠢ ᠭᠤᠯᠣᠬᠤ ᠦᠭᠡᠢ᠂ ᠢᠳᠡᠰᠢ ᠭᠤᠯᠣᠬᠤ ᠦᠭᠡᠢ ᠪᠠᠶᠢᠬᠤ ᠬᠡᠷᠡᠭᠲᠡᠶ᠃      27.ᠢᠳᠡᠭᠡᠨ ᠤᠮᠳᠠᠭᠠᠨ ᠢ ᠬᠥᠩᠭᠡᠨ ᠢᠳᠡᠵᠦ᠂ ᠳᠠᠪᠤᠰᠤ ᠪᠠᠭ᠎ᠠ ᠲᠣᠰᠣ᠂ ᠰᠢᠬᠢᠷ ᠪᠠᠭ᠎ᠠ ᠢᠳᠡᠵᠦ᠂ ᠬᠢᠷᠢ ᠲᠡᠩᠴᠡᠭᠰᠡᠨ ᠢᠣᠳ᠋ᠲᠤ ᠳᠠᠪᠤᠰᠤ ᠶᠢ ᠢᠳᠡᠨ᠎ᠡ᠃      28. ᠡᠳᠦᠷ ᠪᠦᠷᠢ ᠰᠦᠨ ᠤ ᠲᠥᠷᠥᠯ᠂ ᠰᠢᠷ᠎ᠠ ᠪᠤᠷᠴᠠᠭ ᠤᠨ ᠲᠥᠷᠥᠯ ᠵᠢᠴᠢ ᠲᠡᠭᠦᠨ ᠤ ᠪᠦᠲᠦᠭᠡᠭᠳᠡᠬᠦᠨ ᠢ ᠢᠳᠡᠵᠦ᠂ ᠵᠣᠬᠢᠬᠤ ᠬᠡᠮᠵᠢᠶᠡᠨ ᠤ ᠬᠠᠲᠠᠭᠤ ᠵᠢᠮᠢᠰ ᠢᠳᠡᠬᠦ ᠶᠢ ᠰᠠᠨᠠᠭᠠᠴᠢᠯᠠᠨ᠎ᠠ᠃      29. ᠲᠦᠭᠦᠬᠡᠶ᠂ ᠪᠤᠯᠭᠤᠭᠰᠠᠨ ᠢᠳᠡᠭᠡᠨ ᠢ ᠰᠠᠯᠭᠠᠵᠤ ᠬᠠᠳᠠᠭᠠᠯᠠᠬᠤ ᠪᠠ ᠪᠣᠯᠪᠠᠰᠤᠷᠠᠭᠤᠯᠵᠤ᠂ ᠢᠳᠡᠰᠢᠨ ᠨᠣᠭᠤᠭ᠎ᠠ ᠪᠠ ᠵᠢᠮᠢᠰ ᠢ ᠲᠦᠭᠦᠬᠡᠶ ᠪᠠᠷ ᠢᠳᠡᠬᠦ ᠳᠡᠭᠡᠨ ᠤᠬᠢᠶᠠᠵᠤ ᠴᠡᠪᠡᠷᠯᠡᠬᠦ ᠬᠡᠷᠡᠭᠲᠡᠶ᠂ ᠴᠢᠨᠠᠷ ᠨᠢ ᠬᠤᠪᠢᠷᠬᠠᠰᠠᠨ᠂ ᠴᠢᠨᠠᠷ ᠢ ᠪᠠᠲᠤᠯᠠᠬᠤ ᠬᠤᠭᠤᠴᠠᠭ᠎ᠠ ᠠᠴᠠ ᠬᠡᠲᠦᠷᠡᠭᠰᠡᠨ ᠢᠳᠡᠭᠡᠨ ᠢ ᠢᠳᠡᠬᠦ ᠦᠭᠡᠶ ᠪᠠᠶᠢᠬᠤ ᠬᠡᠷᠡᠭᠲᠡᠶ᠃      30.ᠢᠳᠡᠭᠡᠨ ᠤᠮᠳᠠᠭᠠᠨ ᠢᠶᠠᠨ ᠨᠠᠨᠳᠢᠩᠨᠠᠨ ᠪᠦᠷᠢᠯᠭᠡᠬᠦ ᠦᠭᠡᠢ ᠪᠠᠶᠢᠵᠤ᠂ ᠨᠡᠶᠢᠲᠡ ᠶᠢᠨ ᠰᠠᠪᠬ᠎ᠠ ᠪᠠᠨ ᠬᠤᠪᠢᠶᠠᠨ ᠢᠳᠡᠬᠦ ᠳᠡᠭᠡᠨ ᠠᠷᠢᠭᠤᠨ ᠴᠡᠪᠡᠷ ᠢ ᠡᠷᠬᠢᠮᠯᠡᠬᠦ ᠶᠢ ᠡᠷᠬᠢᠮᠯᠡᠨ᠎ᠡ᠃      31.ᠤᠤᠭᠤᠬᠤ ᠤᠰᠤᠨ ᠤ ᠠᠷᠢᠭᠤᠨ ᠴᠡᠪᠡᠷ ᠢ ᠠᠩᠬᠠᠷᠴᠤ᠂ ᠡᠳᠦᠷ ᠪᠦᠷᠢ ᠭᠦᠢᠴᠡᠳ ᠬᠡᠮᠵᠢᠶᠡᠨ ᠤ ᠤᠰᠤ ᠤᠤᠭᠤᠵᠤ᠂ ᠰᠢᠬᠢᠷ ᠲᠠᠢ ᠤᠮᠳᠠᠭᠠᠨ ᠢ ᠤᠤᠭᠤᠬᠤ ᠦᠭᠡᠢ ᠪᠤᠶᠤ ᠪᠠᠭ᠎ᠠ ᠤᠤᠭᠤᠨ᠎ᠠ᠃      32. ᠰᠢᠨᠵᠢᠯᠡᠬᠦ ᠤᠬᠠᠭᠠᠨᠴᠢ ᠪᠠᠷ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠳᠤ ᠪᠠᠷᠢᠮᠲᠠᠯᠠᠬᠤ ᠳᠤ ᠪᠣᠶ᠃ ᠡᠷᠡᠭᠦᠯ ᠴᠢᠭᠢᠷᠠᠭ ᠨᠠᠰᠤᠨ ᠳᠤ ᠬᠦᠷᠦᠭᠰᠡᠳ ᠭᠠᠷᠠᠭ ᠪᠦᠷᠢ 150~300 ᠮᠢᠨᠦ᠋ᠲ ᠤᠨ ᠳᠤᠮᠳᠠ ᠵᠡᠷᠭᠡ ᠶᠢᠨ ᠬᠦᠴᠦᠯᠡᠴᠡ ᠲᠠᠢ ᠪᠤᠶᠤ 75~150 ᠮᠢᠨᠦ᠋ᠲ ᠤᠨ ᠥᠨᠳᠥᠷ ᠬᠦᠴᠦᠯᠡᠴᠡ ᠲᠠᠢ ᠬᠦᠴᠢᠯᠲᠥ᠋ᠷᠥᠭᠴᠢᠲᠦ ᠬᠥᠳᠡᠯᠭᠡᠭᠡᠨ ᠬᠢᠵᠦ᠂ ᠭᠠᠷᠠᠭ ᠪᠦᠷᠢ 2~3 ᠤᠳᠠᠭᠠᠨ ᠤ ᠰᠠᠭᠠᠲᠠᠯᠲᠠ ᠶᠢ ᠡᠰᠡᠷᠭᠦᠴᠡᠬᠦ ᠪᠣᠯᠪᠠᠰᠤᠷᠠᠯ ᠬᠢᠨ᠎ᠡ᠃      33.ᠲᠠᠮᠠᠬᠢ ᠲᠠᠲᠠᠬᠤ ᠦᠭᠡᠢ ︵  ᠡᠯᠧᠺᠲᠷᠣᠨ ᠲᠠᠮᠠᠬᠢ ᠪᠠᠭᠲᠠᠨ᠎ᠠ︶ ᠂ ᠲᠠᠮᠠᠬᠢ ᠲᠠᠲᠠᠬᠤ ᠪᠠ ᠳᠠᠮ ᠤᠨ ᠲᠠᠮᠠᠬᠢ ᠯᠡᠪᠡᠷᠡᠪᠡᠯ ᠣᠯᠠᠨ ᠵᠦᠢᠯ ᠤᠨ ᠡᠪᠡᠳᠴᠢᠨ ᠡᠮᠭᠡᠭ ᠢ ᠡᠭᠦᠰᠭᠡᠨ᠎ᠡ᠃ ᠡᠯᠧᠺᠲᠷᠣᠨ ᠤᠲᠤᠭᠠᠨ ᠳᠤ ᠤᠯᠠᠨ ᠵᠦᠢᠯ ᠤᠨ ᠬᠤᠣᠷᠲᠤ ᠪᠣᠳᠠᠰ ᠠᠭᠤᠯᠵᠤ᠂ ᠡᠷᠡᠭᠦᠯ ᠮᠡᠨᠳᠤ ᠳᠤ ᠬᠤᠣᠷ ᠬᠥᠨᠥᠭᠡᠯ ᠤᠴᠠᠷᠠᠭᠤᠯᠳᠠᠭ᠃      34.ᠲᠠᠮᠠᠬᠢᠨ ᠳᠤ ᠲᠦᠰᠢᠭᠯᠡᠬᠦ ᠪᠣᠯ ᠨᠢᠭᠡ ᠵᠦᠢᠯ ᠤᠨ ᠤᠳᠠᠭᠠᠨ ᠴᠢᠨᠠᠷᠲᠠᠶ ᠰᠢᠨᠤᠯ ᠤᠨ ᠴᠢᠨᠠᠷᠲᠠᠶ ᠡᠪᠡᠳᠴᠢᠨ ᠮᠥᠨ᠃ ᠲᠠᠮᠠᠬᠢ ᠵᠣᠭᠰᠣᠬᠤ ᠨᠢ ᠬᠡᠳᠦᠶ ᠡᠷᠲᠡ ᠪᠣᠯ ᠲᠡᠳᠦᠶ ᠰᠠᠢᠨ᠃ ᠶᠠᠮᠠᠷᠪᠠ ᠨᠠᠰᠤᠨ ᠤ ᠬᠥᠮᠦᠨ ᠲᠠᠮᠠᠬᠢ ᠲᠠᠲᠠᠬᠤ ᠪᠠᠨ ᠵᠣᠭᠰᠣᠪᠠᠯ ᠴᠥᠮ ᠠᠰᠢᠭ ᠬᠦᠷᠲᠡᠵᠦ ᠪᠣᠯᠤᠨ᠎ᠠ᠂ ᠲᠠᠮᠠᠬᠢ ᠲᠠᠲᠠᠬᠤ ᠪᠠᠨ ᠵᠣᠭᠰᠣᠬᠤ ᠦᠶ᠎ᠡ ᠳᠤ ᠲᠤᠰᠬᠠᠶ ᠮᠡᠷᠭᠡᠵᠢᠯ ᠤᠨ ᠲᠠᠮᠠᠬᠢ ᠲᠠᠲᠠᠬᠤ ᠪᠠᠨ ᠵᠣᠭᠰᠣᠬᠤ ᠦᠢᠯᠡᠴᠢᠯᠡᠭᠡ ᠡᠷᠢᠵᠦ ᠪᠣᠯᠤᠨ᠎ᠠ᠃      35.ᠠᠷᠢᠬᠢ ᠶᠢ ᠪᠠᠭ᠎ᠠ ᠤᠤᠭᠤᠵᠤ᠂ ᠠᠷᠢᠬᠢᠨ ᠳᠤ ᠰᠣᠭᠲᠣᠬᠤ ᠦᠭᠡᠢ ᠪᠠᠶᠢᠬᠤ ᠬᠡᠷᠡᠭᠲᠡᠶ᠃      36.ᠰᠡᠳᠬᠢᠴᠡ ᠶᠢᠨ ᠡᠷᠡᠭᠦᠯ ᠮᠡᠨᠳᠦ ᠶᠢ ᠬᠦᠨᠳᠦᠳᠬᠡᠨ ᠬᠠᠮᠠᠭᠠᠯᠠᠵᠤ᠂ ᠰᠡᠳᠬᠢᠴᠡ ᠶᠢᠨ ᠠᠰᠠᠭᠤᠳᠠᠯ ᠳᠤ ᠲᠤᠯᠭᠠᠷᠠᠪᠠᠯ ᠰᠠᠨᠠᠭᠠᠴᠢᠯᠠᠭ᠎ᠠ ᠠᠴᠠ ᠪᠠᠨ ᠲᠤᠰᠠᠯᠠᠮᠵᠢ ᠡᠷᠢᠬᠦ ᠬᠡᠷᠡᠭᠲᠡᠶ᠃      37. ᠬᠥᠮᠦᠨ ᠪᠣᠯᠭᠠᠨ ᠳᠤ ᠵᠣᠪᠠᠨᠢᠯ ᠪᠠ ᠪᠤᠬᠢᠨᠢᠳᠤᠯ ᠤᠨ ᠰᠡᠳᠬᠢᠯᠭᠡ ᠢᠯᠡᠷᠡᠵᠦ᠂ ᠵᠣᠪᠠᠨᠢᠯ ᠪᠠ ᠪᠤᠬᠢᠨᠢᠳᠤᠯ ᠤᠨ ᠭᠡᠮ ᠢ ᠵᠥᠪ ᠢᠶᠠᠷ ᠲᠠᠨᠢᠵᠤ ᠮᠡᠳᠡᠨ᠎ᠡ᠃      38.ᠡᠴᠢᠭᠡ ᠡᠬᠡ ᠦᠷ᠎ᠡ ᠬᠡᠦᠬᠡᠳ ᠲᠠᠢ ᠪᠠᠨ ᠰᠣᠯᠢᠯᠴᠠᠬᠤ᠂ ᠨᠠᠭᠠᠳᠤᠨ ᠲᠣᠭᠯᠠᠬᠤ ᠪᠠᠷ ᠳᠠᠮᠵᠢᠨ ᠬᠡᠦᠬᠡᠳ ᠤᠨ ᠡᠷᠲᠡ ᠦᠶ᠎ᠡ ᠶᠢᠨ ᠬᠥᠭᠵᠢᠯᠲᠡ ᠶᠢ ᠠᠬᠢᠭᠤᠯᠤᠨ᠎ᠠ᠃ ᠰᠡᠳᠬᠢᠴᠡ ᠶᠢᠨ ᠠᠵᠢᠯᠯᠠᠭ᠎ᠠ ᠶᠢᠨ ᠪᠤᠶᠢᠵᠢᠯᠲᠠ ᠶᠢᠨ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠡᠮᠨᠡᠭᠦᠯᠬᠦ ᠬᠡᠷᠡᠭᠲᠡᠶ᠃      39.ᠠᠵᠢᠯᠯᠠᠵᠤ ᠠᠮᠠᠷᠠᠬᠤ ᠶᠢ ᠤᠶᠠᠯᠳᠤᠭᠤᠯᠤᠨ᠂ ᠠᠵᠢᠯᠯᠠᠵᠤ ᠠᠮᠠᠷᠠᠬᠤ ᠶᠢ ᠬᠡᠪ ᠤᠨ ᠪᠠᠶᠢᠳᠠᠯ ᠲᠠᠢ ᠪᠠᠶᠢᠯᠭᠠᠵᠤ᠂ ᠭᠦᠢᠴᠡᠳ ᠤᠨᠲᠠᠵᠤ ᠠᠮᠠᠷᠠᠬᠤ ᠶᠢ ᠪᠠᠲᠤᠯᠠᠨ᠎ᠠ᠃      40.ᠬᠤᠪᠢ ᠬᠥᠮᠦᠨ ᠤ ᠡᠷᠡᠭᠦᠯ ᠬᠠᠮᠠᠭᠠᠯᠠᠯ ᠢ ᠡᠷᠬᠢᠮᠯᠡᠵᠦ᠂ ᠡᠷᠡᠭᠦᠯ ᠬᠠᠮᠠᠭᠠᠯᠠᠯ ᠤᠨ ᠰᠠᠶᠢᠨ ᠳᠠᠳᠬᠠᠯ ᠲᠠᠢ ᠪᠣᠯᠵᠤ᠂ ᠠᠷᠢᠭᠤᠳᠬᠠᠬᠤ ᠪᠦᠲᠦᠭᠡᠭᠳᠡᠬᠦᠨ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ᠂ ᠬᠠᠯᠳᠠᠪᠤᠷᠢᠲᠤ ᠡᠪᠡᠳᠴᠢᠨ ᠢ ᠢᠳᠡᠪᠬᠢᠲᠡᠶ ᠰᠡᠷᠭᠡᠶᠢᠯᠡᠬᠦ ᠬᠡᠷᠡᠭᠲᠡᠶ᠃      41.ᠠᠮᠠᠨ ᠬᠥᠨᠳᠡᠶ ᠶᠢᠨ ᠡᠷᠡᠭᠦᠯ ᠮᠡᠨᠳᠦ ᠶᠢ ᠬᠠᠮᠠᠭᠠᠯᠠᠵᠤ᠂ ᠡᠷᠲᠡ ᠣᠷᠣᠢ ᠦᠭᠡᠢ ᠰᠢᠳᠦ ᠪᠠᠨ ᠤᠬᠢᠶᠠᠵᠤ᠂ ᠬᠤᠭᠤᠯᠠᠨ ᠤ ᠳᠠᠷᠠᠭ᠎ᠠ ᠠᠮᠠ ᠪᠠᠨ ᠵᠠᠶᠢᠯᠠᠨ᠎ᠠ᠃      42.ᠰᠢᠨᠵᠢᠯᠡᠬᠦ ᠤᠬᠠᠭᠠᠨᠴᠢ ᠪᠠᠷ ᠡᠮᠨᠡᠭᠦᠯᠵᠦ᠂ ᠴᠠᠭ ᠲᠤᠬᠠᠶ ᠳᠤᠨᠢ ᠡᠮᠨᠡᠭᠦᠯᠵᠦ᠂ ᠡᠮᠴᠢ ᠶᠢᠨ ᠵᠢᠭᠠᠪᠤᠷᠢ ᠪᠠᠷ ᠡᠮᠨᠡᠨ ᠵᠠᠰᠠᠵᠤ᠂ ᠣᠨᠣᠰᠢᠯᠠᠨ ᠡᠮᠨᠡᠭᠦᠯᠦᠭᠰᠡᠨ ᠦᠷ᠎ᠡ ᠳ᠋ᠦᠩ ᠳᠤ ᠣᠶᠤᠨᠴᠢ ᠪᠠᠷ ᠬᠠᠨᠳᠤᠬᠤ ᠬᠡᠷᠡᠭᠲᠡᠶ᠃      43.ᠵᠣᠬᠢᠰᠲᠠᠶ ᠡᠮ ᠬᠡᠷᠡᠭᠯᠡᠵᠦ᠂ ᠤᠤᠭᠤᠵᠤ ᠪᠣᠯᠬᠤ ᠠᠴᠠ ᠪᠢᠰᠢ ᠪᠤᠯᠴᠢᠩ ᠳᠤ ᠶᠡᠭᠦᠯᠡᠵᠦ ᠪᠣᠯᠬᠤ ᠦᠭᠡᠢ᠂ ᠪᠤᠯᠴᠢᠩ ᠳᠤ ᠶᠡᠭᠦᠯᠡᠵᠦ ᠪᠣᠯᠬᠤ ᠠᠴᠠ ᠪᠢᠰᠢ ᠡᠮ ᠶᠡᠭᠦᠯᠡᠵᠦ ᠪᠣᠯᠬᠤ ᠦᠭᠡᠢ᠂ ᠡᠮᠴᠢ ᠶᠢᠨ ᠵᠢᠭᠠᠪᠤᠷᠢ ᠪᠠᠷ ᠮᠢᠺᠷᠣᠪ ᠢ ᠡᠰᠡᠷᠭᠦᠴᠡᠬᠦ ᠡᠮ ᠢ ᠬᠡᠷᠡᠭᠯᠡᠨ᠎ᠡ᠃      44.ᠡᠮᠴᠢ ᠶᠢᠨ ᠵᠢᠭᠠᠪᠤᠷᠢ ᠪᠠᠷ ᠮᠢᠨᠴᠦᠭᠦᠷᠡᠭᠦᠯᠬᠦ ᠡᠮ ᠪᠠ ᠮᠡᠳᠡᠷᠡᠯ ᠤᠨ ᠡᠮ ᠵᠡᠷᠭᠡ ᠠᠮᠠᠷᠬᠠᠨ ᠰᠢᠨᠤᠯ ᠲᠠᠢ ᠪᠣᠯᠬᠤ ᠡᠮ ᠢ ᠬᠡᠷᠡᠭᠯᠡᠵᠦ᠂ ᠡᠮ ᠳᠤ ᠨᠠᠶᠢᠳᠠᠬᠤ ᠠᠴᠠ ᠰᠡᠷᠭᠡᠶᠢᠯᠡᠨ᠎ᠡ᠃      45.ᠬᠤᠣᠷᠲᠤ ᠡᠳ᠋ ᠢ ᠲᠡᠪᠴᠢᠬᠦ᠃      46.ᠬᠥᠳᠡᠭᠡ ᠲᠣᠰᠬᠤᠨ ᠳᠤ ᠵᠣᠷᠯᠣᠩ ᠢ ᠬᠡᠷᠡᠭᠯᠡᠵᠦ᠂ ᠮᠠᠯ ᠵᠢᠭᠦᠷᠲᠡᠨ ᠤ ᠪᠠᠭᠠᠰᠤ ᠰᠢᠭᠡᠰᠦ ᠶᠢ ᠰᠠᠶᠢᠲᠤᠷ ᠬᠠᠮᠢᠶᠠᠷᠤᠨ᠎ᠠ᠃      47.ᠳᠤᠭᠤᠯᠠᠭ᠎ᠠ ᠵᠡᠭᠦᠵᠦ᠂ ᠠᠶᠤᠯ ᠠᠴᠠ ᠬᠠᠮᠠᠭᠠᠯᠠᠬᠤ ᠪᠦᠰᠡ ᠪᠠᠨ ᠪᠦᠰᠡᠯᠡᠨ᠎ᠡ᠃ ᠬᠤᠷᠳᠤᠴᠠ  ᠠᠴᠠ ᠬᠡᠲᠦᠷᠡᠬᠦ ᠥᠬᠡᠶ᠂ ᠠᠷᠢᠬᠢ ᠤᠤᠭᠤᠵᠤ ᠲᠡᠷᠭᠡ ᠵᠢᠯᠣᠭᠤᠳᠬᠤ ᠥᠬᠡᠶ᠂ ᠰᠡᠳᠬᠢᠯ ᠬᠤᠪᠢᠶᠠᠭᠳᠠᠨ ᠲᠡᠷᠭᠡ ᠵᠢᠯᠣᠭᠤᠳᠬᠤ ᠥᠬᠡᠶ᠂ ᠶᠠᠳᠠᠷᠠᠭ᠎ᠠ ᠲᠠᠢ ᠪᠠᠷ ᠲᠡᠷᠭᠡ ᠵᠢᠯᠣᠭᠤᠳᠬᠤ ᠥᠬᠡᠶ︔  ᠬᠡᠦᠬᠡᠳ ᠠᠮᠤᠷ ᠲᠦᠪᠰᠢᠨ ᠤ ᠰᠠᠭᠤᠳᠠᠯ ᠢ ᠬᠡᠷᠡᠭᠯᠡᠵᠦ᠂ ᠵᠠᠮ ᠬᠠᠷᠢᠯᠴᠠᠭᠠᠨ ᠤ ᠭᠡᠮᠲᠦᠯ ᠢ ᠪᠠᠭᠠᠰᠬᠠᠨ᠎ᠠ᠃      48. ᠬᠠᠷᠠᠵᠤ ᠰᠤᠪᠢᠯᠠᠬᠤ ᠪᠠ ᠰᠤᠷᠭᠠᠨ ᠬᠥᠮᠦᠵᠢᠭᠦᠯᠬᠦ ᠠᠵᠢᠯ ᠢ ᠴᠢᠩᠭᠠᠳᠬᠠᠵᠤ᠂ ᠬᠡᠤᠬᠡᠳ ᠤᠨ ᠤᠰᠤᠨ ᠳᠤ ᠴᠠᠴᠠᠬᠤ ᠶᠢ ᠤᠷᠢᠳᠴᠢᠯᠠᠨ ᠰᠡᠷᠭᠡᠶᠢᠯᠡᠵᠦ᠂ ᠤᠰᠤᠨ ᠳᠤ ᠴᠠᠴᠠᠭᠰᠠᠳ ᠢ ᠰᠢᠨᠵᠢᠯᠡᠬᠦ ᠤᠬᠠᠭᠠᠨᠴᠢ ᠪᠠᠷ ᠠᠪᠤᠷᠠᠨ ᠲᠤᠰᠠᠯᠠᠬᠤ ᠬᠡᠷᠡᠭᠲᠡᠶ᠃      49.ᠡᠪᠦᠯ ᠤᠨ ᠤᠯᠠᠷᠢᠯ ᠳᠤ ᠳᠤᠯᠠᠭᠠᠯᠠᠬᠤ ᠳᠠᠭᠠᠨ ᠰᠠᠯᠬᠢ ᠨᠡᠪᠲᠡᠷᠡᠬᠦ ᠶᠢ ᠠᠩᠬᠠᠷᠴᠤ᠂ ᠨᠡᠭᠦᠷᠡᠰᠦᠲᠥ᠋ᠷᠥᠭᠴᠢ ᠶᠢᠨ ᠳᠠᠩ ᠢᠰᠦᠯ ᠳᠤ ᠬᠤᠣᠷᠳᠠᠭᠳᠠᠬᠤ ᠠᠴᠠ ᠰᠡᠷᠭᠡᠶᠢᠯᠡᠬᠦ ᠬᠡᠷᠡᠭᠲᠡᠶ᠃      50. ᠤᠷᠤᠭᠯᠠᠬᠤ ᠠᠴᠠ ᠡᠮᠦᠨᠡᠬᠢ ᠪᠠ ᠵᠢᠷᠮᠦᠰᠦᠯᠡᠬᠦ ᠠᠴᠠ ᠡᠮᠦᠨᠡᠬᠢ ᠡᠷᠡᠭᠦᠯᠵᠢᠯ ᠢ ᠰᠠᠨᠠᠭᠠᠴᠢᠯᠠᠭ᠎ᠠ  ᠠᠴᠠ ᠪᠠᠨ ᠭᠥᠯᠢᠶᠡᠨ ᠠᠪᠴᠤ᠂ ᠵᠣᠬᠢᠬᠤ ᠨᠠᠰᠤᠨ ᠤ ᠬᠡᠤᠬᠡᠳ ᠠᠪᠬᠤ᠂ ᠵᠢᠷᠮᠦᠰᠦᠨ ᠬᠤᠭᠤᠴᠠᠭᠠᠨ ᠳᠤ ᠡᠮᠴᠢ ᠶᠢᠨ ᠵᠢᠭᠠᠪᠤᠷᠢ ᠶᠢ ᠵᠢᠷᠤᠮᠯᠠᠨ᠂ ᠬᠥᠩᠭᠡᠵᠢᠬᠦ ᠠᠴᠠ ᠡᠮᠦᠨᠡᠬᠢ ᠪᠠᠶᠢᠴᠠᠭᠠᠯᠲᠠ ᠪᠠ ᠵᠢᠷᠮᠦᠰᠦᠨ ᠤ ᠲᠦᠭᠰᠢᠭᠦᠷᠢ ᠶᠢᠨ ᠰᠢᠭᠰᠢᠨ ᠦᠨᠡᠯᠡᠯᠲᠡ ᠶᠢ ᠭᠥᠯᠢᠶᠡᠨ ᠠᠪᠴᠤ᠂ ᠡᠮᠨᠡᠯᠭᠡ ᠳᠤ ᠰᠠᠭᠤᠵᠤ ᠬᠥᠩᠭᠡᠵᠢᠨ᠎ᠡ      51.ᠬᠡᠦᠬᠡᠳ ᠢ ᠬᠥᠩᠭᠡᠵᠢᠭᠰᠡᠨ ᠤ ᠳᠠᠷᠠᠭ᠎ᠠ ᠡᠷᠲᠡᠬᠡᠨ ᠡᠬᠡ ᠶᠢᠨ ᠰᠦ ᠪᠠᠷ ᠬᠥᠬᠦᠭᠦᠯᠦᠨ ᠲᠡᠵᠢᠭᠡᠵᠦ᠂ ᠪᠦᠬᠦᠯᠢ 6 ᠳ᠋ᠤᠭᠠᠷ ᠰᠠᠷ᠎ᠠ ᠪᠣᠯᠪᠠᠯ ᠵᠣᠬᠢᠬᠤ ᠬᠡᠮᠵᠢᠶᠡᠨ ᠤ ᠲᠤᠰᠠᠯᠠᠬᠤ ᠢᠳᠡᠭᠡᠨ ᠨᠡᠮᠡᠵᠦ ᠢᠳᠡᠭᠦᠯᠦᠨ᠎ᠡ᠃      52.ᠵᠠᠯᠠᠭᠤ ᠪᠠᠭᠠᠴᠤᠳ ᠡᠷᠡᠭᠦᠯ ᠰᠠᠶᠢᠬᠠᠨ ᠦᠢᠯᠡ ᠠᠵᠢᠯᠯᠠᠭ᠎ᠠ ᠶᠢᠨ ᠠᠮᠢᠳᠤᠷᠠᠯ ᠤᠨ ᠠᠷᠭ᠎ᠠ ᠮᠠᠶ᠋ᠢᠭ ᠢ ᠬᠥᠮᠦᠵᠢᠭᠦᠯᠵᠦ᠂ ᠡᠳᠦᠷ ᠪᠦᠷᠢ ᠭᠡᠷ ᠤᠨ ᠭᠠᠳᠠᠨ᠎ᠠ 2 ᠴᠠᠭ ᠠᠴᠠ ᠳᠡᠭᠡᠭᠰᠢ ᠬᠥᠳᠡᠯᠭᠡᠭᠡᠨ ᠬᠢᠬᠦ ᠶᠢ ᠪᠠᠷᠢᠮᠲᠠᠯᠠᠵᠤ᠂ 1 ᠵᠦᠢᠯ ᠠᠴᠠ ᠳᠡᠭᠡᠭᠰᠢ ᠬᠥᠳᠡᠯᠭᠡᠭᠡᠨ ᠤ ᠤᠷ᠎ᠠ ᠴᠢᠳᠠᠪᠤᠷᠢ ᠶᠢ ᠨᠡᠯᠢᠶᠡᠳ ᠰᠠᠶᠢᠨ ᠡᠵᠡᠮᠰᠢᠵᠦ᠂ ᠣᠶᠢᠷ᠎ᠠ ᠬᠠᠷᠠᠭ᠎ᠠ᠂ ᠬᠡᠳᠦ ᠬᠦᠨᠳᠦ ᠪᠠ ᠮᠠᠷᠢᠶᠠᠯᠠᠬᠤ ᠶᠢ ᠤᠷᠢᠳᠴᠢᠯᠠᠨ ᠰᠡᠷᠭᠡᠶᠢᠯᠡᠵᠦ᠂ ᠰᠦᠯᠵᠢᠶᠡᠨ ᠤ ᠰᠢᠨᠤᠯ ᠲᠠᠢ ᠪᠣᠯᠬᠤ ᠪᠠ ᠬᠡᠳᠦ ᠡᠷᠲᠡ ᠬᠤᠷᠢᠴᠠᠯ ᠤᠨ ᠠᠵᠢᠯᠯᠠᠭ᠎ᠠ ᠬᠢᠬᠦ ᠠᠴᠠ ᠵᠠᠶᠢᠯᠠᠰᠬᠢᠬᠦ ᠬᠡᠷᠡᠭᠲᠡᠶ᠃      ᠭᠤᠷᠪᠠ᠂ ᠦᠨᠳᠦᠰᠦᠨ ᠮᠡᠷᠭᠡᠵᠢᠯ ᠴᠢᠳᠠᠪᠤᠷᠢ      53. ᠡᠷᠡᠭᠦᠯ ᠮᠡᠨᠳᠦ ᠶᠢᠨ ᠮᠡᠳᠡᠭᠡ ᠵᠠᠩᠭᠢ ᠶᠢ ᠠᠩᠬᠠᠷᠴᠤ᠂ ᠡᠷᠡᠭᠦᠯ ᠮᠡᠨᠳᠦ ᠶᠢᠨ ᠮᠡᠳᠡᠭᠡ ᠵᠠᠩᠭᠢ ᠶᠢ ᠵᠥᠪ ᠣᠨᠣᠪᠴᠢᠲᠠᠶ ᠣᠯᠵᠤ᠂ ᠣᠶᠢᠯᠠᠭᠠᠵᠤ᠂ ᠢᠯᠭᠠᠨ ᠳᠣᠲᠣᠯᠠᠵᠤ᠂ ᠬᠡᠷᠡᠭᠯᠡᠵᠦ ᠴᠢᠳᠠᠨ᠎ᠠ᠃      54. ᠢᠳᠡᠭᠡᠨ ᠤ ᠱᠣᠰᠢᠭ᠎ᠠ  ᠶᠢ ᠤᠩᠰᠢᠵᠤ ᠴᠢᠳᠠᠬᠤ ᠪᠥᠭᠡᠳ ᠤᠷᠢᠳᠴᠢᠯᠠᠨ ᠪᠣᠭᠤᠳᠠᠯᠯᠠᠭᠰᠠᠨ ᠢᠳᠡᠭᠡᠨ ᠢ ᠵᠣᠬᠢᠰᠲᠠᠶ ᠰᠣᠩᠭᠤᠬᠤ ᠬᠡᠷᠡᠭᠲᠡᠶ᠃      55.ᠦᠷᠭᠦᠯᠵᠢ ᠲᠣᠬᠢᠶᠠᠯᠳᠤᠬᠤ ᠠᠶᠤᠯ ᠲᠦᠭᠰᠢᠭᠦᠷᠢ ᠶᠢᠨ ᠲᠡᠮᠳᠡᠭ ᠢ ᠢᠯᠭᠠᠨ ᠲᠠᠨᠢᠵᠤ᠂ ᠠᠶᠤᠯ ᠲᠦᠭᠰᠢᠭᠦᠷᠢ ᠲᠠᠢ ᠣᠷᠴᠢᠨ ᠲᠣᠭᠤᠷᠢᠨ ᠠᠴᠠ ᠬᠤᠯᠠ ᠵᠠᠶᠢᠳᠠᠭᠤ ᠪᠠᠶᠢᠳᠠᠭ᠃      56.ᠭᠡᠷ ᠪᠦᠯᠢ ᠶᠢᠨ ᠦᠷᠭᠦᠯᠵᠢ ᠬᠡᠷᠡᠭᠯᠡᠳᠡᠭ ᠡᠮ ᠢ ᠰᠢᠨᠵᠢᠯᠡᠬᠦ ᠤᠬᠠᠭᠠᠨᠴᠢ ᠪᠠᠷ ᠬᠠᠮᠢᠶᠠᠷᠴᠤ᠂ ᠡᠮ ᠤᠨ ᠱᠣᠰᠢᠭ᠎ᠠ ᠪᠠ ᠲᠣᠳᠣᠷᠬᠠᠶᠢᠯᠠᠯᠲᠠ ᠶᠢᠨ ᠪᠢᠴᠢᠭ ᠢ ᠤᠩᠰᠢᠵᠤ ᠴᠢᠳᠠᠬᠤ ᠬᠡᠷᠡᠭᠲᠡᠶ᠃      57.ᠰᠤᠳᠠᠯ ᠤᠨ ᠯᠤᠭᠰᠢᠯᠲᠠ᠂ ᠪᠡᠶ᠎ᠡ ᠶᠢᠨ ᠬᠦᠨᠳᠦ᠂ ᠪᠡᠶ᠎ᠡ ᠶᠢᠨ ᠳᠤᠯᠠᠭᠠᠨ ᠪᠠ ᠴᠢᠰᠤᠨ ᠳᠠᠷᠤᠯᠲᠠ ᠶᠢ ᠬᠡᠮᠵᠢᠵᠦ ᠴᠢᠳᠠᠨ᠎ᠠ᠃      58.ᠪᠠᠴᠢᠮ ᠡᠮᠨᠡᠯᠭᠡ ᠶᠢᠨ ᠲᠤᠰᠠᠯᠠᠮᠵᠢ ᠴᠢᠬᠤᠯᠠᠲᠠᠶ ᠦᠶ᠎ᠡ ᠳᠤ120 ᠲᠦᠷᠭᠡᠨ ᠠᠪᠤᠷᠠᠯᠲᠠ ᠶᠢᠨ ᠤᠲᠠᠰᠤ ᠠᠪᠤᠨ᠎ᠠ᠃      59.ᠲᠠᠷᠢᠶᠠᠨ ᠡᠮ ᠢ ᠲᠣᠬᠢᠲᠠᠶ ᠬᠠᠳᠠᠭᠠᠯᠠᠬᠤ ᠪᠠ ᠵᠥᠪ ᠬᠡᠷᠡᠭᠯᠡᠵᠦ᠂ ᠬᠡᠦᠬᠡᠳ ᠤᠨ ᠣᠶᠢᠷᠠᠳᠬᠤ ᠠᠴᠠ ᠰᠡᠷᠭᠡᠶᠢᠯᠡᠬᠦ ᠬᠡᠷᠡᠭᠲᠡᠶ᠃      60.ᠠᠮᠢᠰᠬᠤᠯ᠂ ᠵᠢᠷᠦᠬᠡᠨ ᠤ ᠯᠤᠭᠰᠢᠯᠲᠠ ᠭᠡᠨᠡᠳᠲᠡ ᠵᠣᠭᠰᠣᠭᠰᠠᠨ ᠡᠪᠡᠳᠴᠢᠲᠡᠨ ᠲᠣᠬᠢᠶᠠᠯᠳᠤᠪᠠᠯ᠂ ᠵᠢᠷᠦᠬᠡ ᠠᠭᠤᠰᠬᠢᠨ ᠤ ᠰᠡᠷᠭᠦᠭᠡᠯᠲᠡ ᠬᠢᠵᠦ᠂ ᠪᠡᠶ᠎ᠡ ᠶᠢᠨ ᠭᠠᠳᠠᠨᠠᠬᠢ ᠴᠡᠴᠡᠷᠡᠬᠦ ᠶᠢ ᠠᠷᠢᠯᠭᠠᠬᠤ ᠠᠦ᠋ᠲ᠋ᠣ᠋ ᠮᠠᠰᠢᠨ ︵ AED︶  ᠢ ᠰᠤᠷᠴᠤ ᠬᠡᠷᠡᠭᠯᠡᠨ᠎ᠡ᠃      61.ᠰᠢᠷᠬᠠᠲᠤᠭᠰᠠᠨ ᠠᠴᠠ ᠪᠣᠯᠵᠤ ᠴᠢᠰᠤ ᠭᠠᠷᠬᠤ ᠦᠶ᠎ᠡ ᠳᠤ ᠴᠢᠰᠤ ᠶᠢ ᠵᠣᠭᠰᠣᠭᠠᠬᠤ᠂ ᠪᠣᠭᠤᠬᠤ ᠵᠠᠰᠠᠯ ᠬᠢᠨ᠎ᠡ︔  ᠶᠠᠰᠤ ᠪᠡᠷᠲᠡᠭᠰᠡᠨ ᠭᠡᠵᠦ ᠰᠡᠵᠢᠭᠯᠡᠭᠳᠡᠭᠰᠡᠨ ᠰᠢᠷᠬᠠᠲᠠᠨ ᠢ ᠳᠤᠷ᠎ᠠ ᠮᠡᠳᠡᠨ ᠬᠥᠳᠡᠯᠭᠡᠵᠦ ᠪᠣᠯᠬᠤ ᠦᠭᠡᠢ᠃      62.ᠰᠢᠲᠠᠭᠰᠠᠨ ᠰᠢᠷᠬ᠎ᠠ ᠶᠢ ᠰᠢᠶᠳᠪᠦᠷᠢᠯᠡᠵᠦ᠂ ᠬᠡᠪᠡᠯᠢ ᠶᠢᠨ ᠬᠡᠰᠡᠭ ᠢᠶᠠᠷ ᠳᠠᠭᠠᠷᠢᠬᠤ ᠠᠷᠭ᠎ᠠ ᠪᠠᠷ ᠠᠮᠢᠰᠬᠤᠯ ᠤᠨ ᠵᠠᠮ ᠤᠨ ᠬᠠᠷᠢ ᠪᠣᠳᠠᠰ ᠢ ᠭᠠᠳᠠᠭᠰᠢᠯᠠᠭᠤᠯᠤᠨ᠎ᠠ᠃      63.ᠴᠠᠬᠢᠯᠭᠠᠨ ᠳᠤ ᠴᠣᠬᠢᠭᠳᠠᠭᠰᠠᠳ ᠢ ᠠᠪᠤᠷᠠᠬᠤ ᠳᠠᠭᠠᠨ ᠤᠷᠢᠳ ᠢᠶᠠᠷ ᠴᠠᠬᠢᠯᠭᠠᠨ ᠡᠭᠦᠰᠭᠡᠭᠴᠢ ᠶᠢ ᠲᠠᠰᠤᠯᠵᠤ᠂ ᠴᠠᠬᠢᠯᠭᠠᠨ ᠳᠤ ᠴᠣᠬᠢᠭᠳᠠᠭᠰᠠᠳ ᠲᠠᠢ ᠰᠢᠭᠤᠳ ᠬᠦᠷᠦᠯᠴᠡᠵᠦ ᠪᠣᠯᠬᠤ ᠦᠭᠡᠢ᠃      64.ᠪᠠᠷᠢᠯᠭ᠎ᠠ ᠶᠢᠨ ᠭᠠᠯ ᠤᠨ ᠠᠶᠤᠯ ᠭᠠᠷᠪᠠᠯ ᠭᠠᠯ ᠤᠨ ᠳᠣᠬᠢᠶᠠᠨ ᠤ ᠤᠲᠠᠰᠤ119 ᠳᠤ ᠤᠲᠠᠰᠤᠳᠠᠪᠠᠯ ᠥᠪᠡᠷ ᠢ ᠪᠠᠨ ᠠᠪᠤᠷᠠᠵᠤ ᠠᠮᠢ ᠵᠢᠭᠤᠲᠠᠬᠤ ᠪᠣᠯᠤᠨ᠎ᠠ᠃      65. ᠶᠡᠭᠦᠷᠡᠬᠦ᠂ ᠨᠤᠷᠠᠬᠤ᠂ ᠰᠢᠪᠠᠷ ᠴᠢᠯᠠᠭᠤᠨ ᠤ ᠤᠷᠤᠰᠬᠠᠯ ᠡᠭᠦᠰᠬᠦ ᠵᠡᠷᠭᠡ ᠭᠠᠵᠠᠷ ᠤᠨ ᠭᠠᠶ ᠭᠠᠮᠰᠢᠭ ᠪᠠ ᠭᠠᠵᠠᠷ ᠬᠥᠳᠡᠯᠦᠯᠲᠡ ᠡᠭᠦᠰᠬᠦ ᠦᠶ᠎ᠡ ᠳᠤ᠂ ᠵᠥᠪ ᠣᠨᠣᠪᠴᠢᠲᠠᠶ ᠠᠶᠤᠯ ᠠᠴᠠ ᠵᠠᠶᠢᠯᠠᠬᠤ ᠠᠷᠭ᠎ᠠ ᠮᠠᠶ᠋ᠢᠭ ᠢ ᠰᠣᠩᠭᠤᠵᠤ᠂ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠨ᠎ᠠ᠃      66.ᠦᠶᠡᠷ ᠤᠰᠤᠲᠤᠯ ᠤᠨ ᠭᠠᠮᠰᠢᠭ ᠭᠠᠷᠤᠭᠰᠠᠨ ᠦᠶ᠎ᠡ ᠳᠤ᠂ ᠠᠶᠤᠯ ᠠᠴᠠ ᠵᠠᠶᠢᠯᠠᠬᠤ ᠵᠥᠪ ᠠᠷᠭ᠎ᠠ ᠮᠠᠶ᠋ᠢᠭ ᠢ ᠰᠣᠩᠭᠤᠵᠤ᠂ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠵᠤ ᠴᠢᠳᠠᠬᠤ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号