| | | ᠡᠯ᠎ᠡ ᠰᠣᠶᠣᠯ ᠤᠨ ᠡᠵᠡᠩᠨᠡᠯᠲᠡ ᠶᠢᠨ ᠨᠢᠭᠡᠴᠢ᠂ ᠵᠢᠭᠤᠯᠴᠢᠯᠠᠯ ᠤᠨ ᠠᠵᠤ ᠠᠬᠤᠶᠢᠯᠠᠯ ᠳᠤ᠄ | | ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ︽2024 ᠣᠨ ᠤ | ᠦᠶᠡᠷ ᠤᠨ ᠬᠤᠭᠤᠴᠠᠭ᠎ᠠ᠂ ᠵᠣᠨ ᠤ ᠠᠮᠠᠷᠠᠯᠲᠠ ᠶᠢᠨ ᠬᠤᠭᠤᠴᠠᠭᠠᠨ ᠤ ᠪᠥᠬᠦ ᠠᠶᠢᠮᠠᠭ ᠤᠨ ᠰᠣᠶᠣᠯ | ᠵᠢᠭᠤᠯᠴᠢᠯᠠᠯ ᠤᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ | ᠭᠦᠢᠴᠡᠳᠬᠡᠬᠦ ᠲᠤᠬᠠᠢ ᠮᠡᠳᠡᠭᠳᠡᠯ︾ ᠂ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ︽ | ᠣᠶᠢᠷ᠎ᠠ ᠶᠢᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠭᠦᠢᠴᠡᠳᠬᠡᠬᠦ ᠲᠤᠬᠠᠢ ᠪᠠᠴᠢᠮ ᠮᠡᠳᠡᠭᠳᠡᠯ︾ ︵ ᠠᠯᠠᠱᠠ ᠵᠡᠭᠦᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ | ᠵᠥᠪᠯᠡᠯ ᠤᠨ ᠠᠯᠪᠠᠨ ᠭᠡᠷ ﹇ 2024﹈ 48 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠢ ᠦᠨᠳᠦᠰᠦᠯᠡᠨ᠂ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠪᠣᠳᠠᠲᠤ ᠪᠠᠶᠢᠳᠠᠯ ᠲᠠᠢ | ᠤᠶᠠᠯᠳᠤᠭᠤᠯᠵᠤ᠂ ᠮᠠᠨ ᠤ ᠲᠣᠪᠴᠢᠶ᠎ᠠ ᠶᠢᠨ ᠲᠣᠭᠲᠠᠭᠠᠭᠰᠠᠨ ︽2024 ᠣᠨ ᠤ ᠦᠶᠡᠷ ᠤᠨ ᠬᠤᠭᠤᠴᠠᠭ᠎ᠠ᠂ | ᠵᠤᠨ ᠤ ᠠᠮᠠᠷᠠᠯᠲᠠ ᠶᠢᠨ ᠬᠤᠭᠤᠴᠠᠭᠠᠨ ᠤ ᠰᠣᠶᠣᠯ ᠪᠠ ᠵᠢᠭᠤᠯᠴᠢᠯᠠᠯ ᠤᠨ ᠠᠵᠢᠯ ᠲᠦᠷᠦᠯ ᠤᠨ ᠠᠶᠤᠯᠭᠦᠢ | ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠥᠯ︾ ᠢ ᠡᠳᠦᠭᠡ ᠲᠠᠨᠠᠷ ᠲᠤ ᠬᠡᠪᠯᠡᠨ | ᠲᠠᠷᠬᠠᠭᠠᠪᠠ᠂ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | | | | ᠬᠠᠪᠰᠤᠷᠤᠯᠲᠠ᠄ ︽2024 ᠣᠨ ᠤ ᠦᠶᠡᠷ ᠤᠨ ᠬᠤᠭᠤᠴᠠᠭ᠎ᠠ᠂ ᠵᠤᠨ ᠤ ᠠᠮᠠᠷᠠᠯᠲᠠ ᠶᠢᠨ | ᠬᠤᠭᠤᠴᠠᠭᠠᠨ ᠤ ᠰᠣᠶᠣᠯ ᠪᠠ ᠵᠢᠭᠤᠯᠴᠢᠯᠠᠯ ᠤᠨ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠶᠡᠭᠡ | ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠥᠯ︾ | | | | | | 2024 ᠣᠨ ᠤ 7 ᠳ᠋ᠤᠭᠠᠷ ᠰᠠᠷ᠎ᠠ | | | | ᠬᠠᠪᠰᠤᠷᠤᠯᠲᠠ | | | | 2024 ᠣᠨ ᠤ ᠦᠶᠡᠷ ᠤᠨ ᠬᠤᠭᠤᠴᠠᠭ᠎ᠠ᠂ ᠵᠤᠨ ᠤ ᠠᠮᠠᠷᠠᠯᠲᠠ ᠶᠢᠨ ᠬᠤᠭᠤᠴᠠᠭᠠᠨ ᠤ ᠰᠣᠶᠣᠯ ᠪᠠ | ᠵᠢᠭᠤᠯᠴᠢᠯᠠᠯ ᠤᠨ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠬᠡᠷᠡᠭᠵᠢᠭᠦᠯᠬᠦ | ᠲᠥᠰᠥᠯ | | | | ᠣᠶᠢᠷ᠎ᠠ ᠶᠢᠨ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠠᠶᠢᠮᠠᠭ ᠤᠨ | ᠰᠣᠶᠣᠯ ᠵᠢᠭᠤᠯᠴᠢᠯᠠᠯ ᠤᠨ ᠷᠠᠳᠢᠣ᠋ ᠲᠧᠯᠸᠢᠰ ᠤᠨ ᠲᠣᠪᠴᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ | ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠠᠶᠦᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠴᠢᠩᠭ᠎ᠠ ᠠᠳᠬᠤᠵᠤ᠂ ᠰᠣᠶᠣᠯ ᠵᠢᠭᠤᠯᠴᠢᠯᠠᠯ ᠤᠨ ᠠᠵᠢᠯ | ᠲᠥᠷᠥᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢᠨ ᠠᠶᠤᠯᠭᠦᠢ | ᠦᠢᠯᠡᠳᠪᠦᠷᠢᠯᠡᠯ ᠤᠨ ᠲᠠᠯ᠎ᠠ ᠪᠠᠷ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠪᠣᠯᠣᠨ ᠪᠠᠭᠤᠷᠠᠢ ᠭᠤᠭᠴᠤᠭ᠎ᠠ ᠶᠢ | ᠬᠦᠴᠦᠯᠡᠨ ᠰᠢᠢᠳᠪᠦᠷᠢᠯᠡᠵᠦ᠂ ᠠᠯᠠᠱᠠ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ | ᠠᠶᠤᠯᠭᠦᠢ ᠦᠢᠯᠡᠳᠪᠦᠷᠢᠯᠡᠯ ᠤᠨ ᠡᠮᠬᠢ ᠳᠢᠭᠯᠢᠮ ᠢ ᠤᠯᠠᠮ ᠵᠢᠷᠤᠮᠵᠢᠭᠤᠯᠤᠨ ᠴᠡᠭᠴᠡᠯᠡᠵᠦ᠂ ᠬᠦᠨᠳᠦ ᠬᠡᠴᠡᠭᠦᠦ ᠣᠨᠴᠠ | ᠶᠡᠭᠡ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠢ ᠡᠷᠡᠰ ᠰᠡᠷᠭᠡᠶᠢᠯᠡᠨ ᠬᠤᠷᠢᠭᠯᠠᠵᠤ᠂ ᠦᠶᠡᠷ ᠤᠨ ᠬᠤᠭᠤᠴᠠᠭ᠎ᠠ᠂ | ᠵᠣᠨ ᠤ ᠠᠮᠠᠷᠠᠯᠲᠠ᠂ ᠵᠢᠭᠤᠯᠴᠢᠯᠠᠯ ᠤᠨ ᠣᠷᠭᠢᠯ ᠦᠶ᠎ᠡ ᠶᠢᠨ ︽ᠭᠤᠷᠪᠠᠳᠤᠭᠠᠷ ᠬᠤᠭᠤᠴᠠᠭ᠎ᠠ︾ ᠶᠢᠨ ᠰᠣᠶᠣᠯ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠠᠵᠢᠯ ᠢ ᠰᠠᠶᠢᠲᠤᠷ ᠬᠠᠮᠠᠭᠠᠯᠠᠵᠤ᠂ ᠠᠯᠠᠱᠠ ᠵᠡᠭᠦᠨ | ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠭᠲᠠᠭᠤᠨ ᠪᠥᠭᠡᠳ | ᠡᠮᠬᠢ ᠵᠢᠷᠤᠮ ᠲᠠᠢ ᠪᠠᠶᠢᠬᠤ ᠶᠢ ᠪᠠᠲᠤᠯᠠᠵᠤ᠂ ᠠᠯᠠᠱᠠ ᠵᠡᠭᠦᠨ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ | ᠲᠣᠰ ᠠᠵᠢᠯ ᠤᠨ ᠲᠥᠰᠥᠯ ᠢ ᠲᠣᠭᠲᠠᠭᠠᠪᠠ᠃ | | ᠨᠢᠭᠡ᠂ ᠶᠡᠷᠦᠩᠬᠡᠢ ᠱᠠᠭᠠᠷᠳᠠᠯᠭ᠎ᠠ | | ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠵᠤ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠪᠣᠯᠣᠨ ᠠᠶᠢᠮᠠᠭ ᠤᠨ ᠰᠣᠶᠣᠯ ᠵᠢᠭᠤᠯᠴᠢᠯᠠᠯ ᠤᠨ ᠷᠠᠳᠢᠣ᠋ ᠲᠧᠯᠸᠢᠰ ᠤᠨ ᠲᠣᠪᠴᠢᠶ᠎ᠠ ᠶᠢᠨ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ | ᠠᠷᠠᠳ ᠲᠦᠮᠡᠨ ᠢ ᠳᠡᠭᠡᠳᠦᠯᠡᠵᠦ᠂ ᠠᠮᠢ ᠨᠠᠰᠤ ᠶᠢ ᠳᠡᠭᠡᠳᠦᠯᠡᠬᠦ︾ ᠶᠢ ᠪᠠᠷᠢᠮᠲᠠᠯᠠᠵᠤ᠂ ᠰᠣᠶᠣᠯ ᠵᠢᠭᠤᠯᠴᠢᠯᠠᠯ ᠤᠨ | ᠠᠵᠢᠯ ᠲᠥᠷᠥᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠶᠤᠯᠭᠦᠢ | ᠦᠢᠯᠡᠳᠪᠦᠷᠢᠯᠡᠯ ᠤᠨ ᠵᠢᠯᠣᠭᠤᠳᠤᠮᠵᠢ ᠪᠠᠶᠢᠴᠠᠭᠠᠯᠲᠠ ᠶᠢ ᠦᠳᠲᠡᠷ ᠲᠦᠷᠭᠡᠨ ᠥᠷᠨᠢᠭᠦᠯᠵᠦ᠂ ᠬᠡᠮ ᠰᠣᠭᠤᠭ ᠤᠨ | ᠠᠰᠠᠭᠤᠳᠠᠯ ᠢ ᠪᠦᠭᠦ ᠲᠠᠯ᠎ᠠ ᠪᠠᠷ ᠪᠠᠶᠢᠴᠠᠭᠠᠨ ᠵᠠᠰᠠᠵᠤ᠂ ᠠᠮᠤᠷ ᠲᠦᠪᠰᠢᠨ ᠤ ᠬᠦᠨᠳᠦ ᠬᠡᠴᠡᠭᠦᠦ ᠠᠶᠤᠯ | ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠵᠤ᠂ ᠡᠯ᠎ᠡ ᠲᠦᠷᠦᠯ ᠤᠨ ᠠᠳᠡᠯ ᠭᠠᠷᠬᠤ ᠶᠢ | ᠪᠦᠲᠦᠮᠵᠢᠲᠡᠶ ᠪᠠᠷ ᠰᠡᠷᠭᠡᠶᠢᠯᠡᠨ ᠡᠷᠡᠰ ᠬᠤᠷᠢᠭᠯᠠᠵᠤ᠂ ᠠᠮᠤᠷ ᠲᠦᠪᠰᠢᠨ ᠤ ᠠᠳᠡᠯ᠂ ᠭᠠᠮᠰᠢᠭ ᠤᠨ ᠠᠳᠡᠯ ᠪᠣᠯᠣᠨ | ᠭᠡᠨᠡᠳᠲᠡ ᠶᠢᠨ ᠬᠡᠷᠡᠭ ᠢ ᠪᠦᠭᠦ ᠬᠦᠴᠦᠨ ᠢᠶᠠᠷ ᠢᠶᠠᠨ ᠠᠷᠭᠠᠴᠠᠨ ᠰᠢᠢᠳᠪᠦᠷᠢᠯᠡᠵᠦ᠂ ᠪᠦᠭᠦ ᠬᠤᠰᠢᠭᠤᠨ ᠤ ᠰᠣᠶᠣᠯ | ᠵᠢᠭᠤᠯᠴᠢᠯᠠᠯ ᠤᠨ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ | ᠪᠠᠶᠢᠬᠤ ᠶᠢ ᠠᠬᠢᠭᠤᠯᠤᠨ᠎ᠠ᠃ ᠠᠷᠠᠳ ᠣᠯᠠᠨ ᠪᠠ ᠥᠷᠭᠡᠨ ᠣᠯᠠᠨ ᠬᠡᠷᠡᠭᠯᠡᠭᠴᠢᠳ ᠤᠨ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠵᠤ᠂ ᠰᠣᠶᠣᠯ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠪᠠ ᠡᠷᠡᠭᠦᠯ ᠢᠶᠠᠷ ᠬᠥᠭᠵᠢᠬᠦ ᠰᠠᠶᠢᠨ ᠰᠠᠶᠢᠬᠠᠨ | ᠪᠠᠶᠢᠷᠢᠰᠢᠯ ᠢ ᠪᠦᠷᠢᠯᠳᠦᠭᠦᠯᠦᠨ᠎ᠡ᠃ | | ᠬᠤᠶᠠᠷ᠂ ᠭᠤᠣᠯ ᠡᠭᠦᠷᠭᠡ | | ︵ ᠨᠢᠭᠡ︶ ᠠᠵᠤ ᠠᠬᠤᠶᠢᠯᠠᠯ ᠤᠨ ᠭᠤᠣᠯ ᠴᠣᠭᠴᠠ ᠶᠢᠨ ᠠᠶᠦᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠡᠵᠡᠩᠨᠡᠯᠲᠡ ᠶᠢᠨ ᠭᠤᠣᠯ ᠴᠣᠭᠴᠠ ᠶᠢᠨ ᠭᠤᠣᠯ | ᠬᠠᠷᠢᠭᠤᠴᠠᠯᠭᠠᠲᠠᠨ ᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠤᠨ ᠬᠠᠷᠢᠭᠤᠴᠠᠯᠭᠠᠲᠠᠨ ᠢ ᠰᠢᠮᠳᠠᠭᠤᠯᠵᠤ ᠪᠠᠶᠢᠭᠠᠳ ᠠᠵᠤ ᠠᠬᠤᠶᠢᠯᠠᠯ ᠤᠨ ᠠᠮᠤᠷ ᠲᠦᠪᠰᠢᠨ ᠤ | ᠬᠠᠷᠢᠭᠤᠴᠠᠯᠭ᠎ᠠ ᠶᠢ ᠪᠡᠶ᠎ᠡ ᠪᠠᠷ ᠢᠶᠠᠨ ᠴᠢᠩᠭ᠎ᠠ ᠠᠳᠬᠤᠨ ᠨᠠᠷᠢᠨ ᠠᠳᠬᠤᠵᠤ᠂ ᠠᠵᠢᠯ ᠢᠶᠠᠨ ᠰᠡᠷᠭᠦᠭᠡᠵᠦ | ᠦᠢᠯᠡᠳᠪᠦᠷᠢᠯᠡᠬᠦ ᠠᠴᠠ ᠡᠮᠦᠨᠡᠬᠢ ᠠᠮᠤᠷ ᠲᠦᠪᠰᠢᠨ ᠤ ᠬᠥᠮᠦᠵᠢᠯ ᠰᠤᠷᠭᠠᠯᠲᠠ᠂ ᠠᠵᠤ ᠠᠬᠤᠶᠢᠯᠠᠯ ᠤᠨ | ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠢ ᠥᠷᠨᠢᠭᠦᠯᠵᠦ᠂ ᠠᠵᠤ ᠠᠬᠤᠶᠢᠯᠠᠯ ᠤᠨ ᠳᠠᠯᠳᠠ | ᠬᠡᠮ ᠢ ᠨᠠᠷᠢᠪᠴᠢᠯᠠᠨ ᠪᠠᠶᠢᠴᠠᠭᠠᠬᠤ ᠡᠬᠡ ᠲᠠᠩᠰᠠ ᠪᠠᠶᠢᠭᠤᠯᠤᠨ᠂ ᠳᠠᠯᠳᠠ ᠬᠡᠮ ᠤᠨ ᠠᠰᠠᠭᠤᠳᠠᠯ ᠢ ᠣᠯᠵᠤ ᠮᠡᠳᠡᠪᠡᠯ | ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠴᠠᠭ ᠲᠤᠬᠠᠢ ᠳᠤᠨᠢ ᠳ᠋ᠤᠭᠠᠷ ᠢ ᠨᠢ ᠬᠦᠴᠦᠨ ᠦᠭᠡᠢ ᠪᠣᠯᠭᠠᠨ᠎ᠠ᠃ | ᠠᠵᠤ ᠠᠬᠤᠶᠢᠯᠠᠯ ᠤᠨ ᠪᠠᠴᠢᠮ ᠪᠠᠶᠢᠳᠠᠯ ᠢ ᠲᠦᠷᠭᠡᠨ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠠᠶᠢᠩᠭᠤᠵᠢᠭᠤᠯᠤᠨ | ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠦᠨ᠂ ᠪᠠᠴᠢᠮ | ᠪᠠᠶᠢᠳᠠᠯ ᠢ ᠲᠦᠷᠭᠡᠨ ᠠᠷᠭᠠᠴᠠᠨ ᠠᠪᠤᠷᠠᠨ ᠲᠤᠰᠠᠯᠠᠬᠤ ᠲᠤᠰᠬᠠᠢ ᠪᠠ ᠲᠤᠰᠢᠶᠠᠯ ᠬᠠᠪᠰᠤᠷᠭᠠᠭᠰᠠᠨ ᠡᠩᠨᠡᠭᠡ ᠶᠢ | ᠪᠠᠶᠢᠭᠤᠯᠵᠤ᠂ ᠪᠠᠴᠢᠮ ᠪᠠᠶᠢᠳᠠᠯ ᠢ ᠲᠦᠷᠭᠡᠨ ᠠᠷᠭᠠᠴᠠᠨ ᠠᠪᠤᠷᠠᠨ ᠲᠤᠰᠠᠯᠠᠬᠤ ᠪᠣᠳᠠᠲᠤ ᠪᠠᠶᠢᠯᠳᠤᠭᠠᠨ ᠤ ᠰᠣᠷᠢᠯᠲᠠ | ᠪᠠ ᠠᠵᠢᠯᠲᠠᠨ ᠤ ᠠᠶᠤᠯ ᠠᠴᠠ ᠵᠠᠶᠢᠯᠠᠵᠤ ᠥᠪᠡᠷ ᠢ ᠪᠠᠨ ᠠᠪᠤᠷᠠᠬᠤ ᠰᠤᠷᠭᠠᠯᠲᠠ ᠶᠢ ᠲᠣᠭᠲᠠᠮᠠᠯ | ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠲᠤᠬᠠᠢ ᠶᠢᠨ ᠲᠠᠯᠠᠪᠤᠷ ᠤᠨ ᠪᠠᠴᠢᠮ ᠪᠠᠶᠢᠳᠠᠯ ᠢ | ᠲᠦᠷᠭᠡᠨ ᠠᠷᠭᠠᠴᠠᠨ ᠠᠪᠤᠷᠠᠨ ᠲᠤᠰᠠᠯᠠᠬᠤ ᠴᠢᠳᠠᠪᠤᠷᠢ ᠶᠢ ᠡᠵᠡᠩᠨᠡᠯᠲᠡ ᠶᠢᠨ ᠭᠤᠣᠯ ᠴᠣᠭᠴᠠ ᠨᠢ ᠰᠠᠨᠠᠭᠠᠴᠢᠯᠠᠭ᠎ᠠ | ᠠᠴᠠ ᠪᠠᠨ ᠬᠠᠷᠢᠭᠤᠴᠠᠯᠭ᠎ᠠ ᠶᠢᠨ ᠳᠠᠭᠠᠳᠬᠠᠯ ᠢ ᠬᠤᠳᠠᠯᠳᠤᠨ ᠠᠪᠴᠤ᠂ ᠳᠠᠭᠠᠳᠬᠠᠯ ᠤᠨ ᠦᠨᠳᠦᠰᠦᠨ ᠵᠦᠢᠯ ᠢ | ᠪᠠᠲᠤᠯᠠᠬᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ | ᠪᠠ ᠳᠠᠯᠳᠠ ᠬᠡᠮ ᠢ ᠨᠠᠷᠢᠪᠴᠢᠯᠠᠨ ᠪᠠᠶᠢᠴᠠᠭᠠᠵᠤ ᠵᠠᠰᠠᠭᠰᠠᠨ ᠪᠠᠶᠢᠳᠠᠯ ᠤᠨ ︽ᠬᠤᠣᠰ ᠮᠡᠳᠡᠭᠦᠯᠦᠯᠲᠡ︾ ᠶᠢᠨ | ᠳᠦᠷᠢᠮ ᠢ ᠨᠠᠶᠢᠳᠠᠪᠤᠷᠢᠵᠢᠭᠤᠯᠤᠨ᠎ᠠ᠃ | | ︵ᠬᠤᠶᠠᠷ︶ ᠭᠠᠯ ᠲᠦᠢᠮᠡᠷ ᠤᠨ ᠠᠶᠤᠯ ᠢ ᠰᠡᠷᠭᠡᠶᠢᠯᠡᠨ ᠤᠨᠲᠠᠷᠠᠭᠠᠬᠤ ᠶᠢᠨ ᠠᠶᠤᠯᠭᠦᠢ ᠶᠢᠨ ᠲᠤᠬᠠᠢ᠃ | ᠰᠣᠶᠣᠯ ᠴᠡᠩᠭᠡᠯ ᠤᠨ ᠲᠠᠯᠠᠪᠤᠷ ᠭᠠᠵᠠᠷ᠂ ᠵᠢᠭᠤᠯᠴᠢᠯᠠᠯ ᠤᠨ ᠠᠵᠤ ᠠᠬᠤᠶᠢᠯᠠᠯ ᠵᠡᠷᠭᠡ ᠨᠢᠭᠡᠴᠢ ᠶᠢᠨ ᠭᠠᠯ | ᠲᠦᠢᠮᠡᠷ ᠤᠨ ᠠᠶᠤᠯ ᠢ ᠰᠡᠷᠭᠡᠶᠢᠯᠡᠨ ᠤᠨᠲᠠᠷᠠᠭᠠᠬᠤ ᠠᠶᠤᠯᠭᠦᠢ ᠶᠢᠨ ᠶᠡᠷᠦᠩᠬᠡᠶᠢᠯᠡᠭᠰᠡᠨ ᠵᠠᠰᠠᠯᠲᠠ᠃ ᠭᠠᠯ ᠲᠦᠢᠮᠡᠷ ᠢ | ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ ᠪᠠᠶᠢᠳᠠᠯ ᠢ ᠲᠣᠭᠲᠠᠭᠠᠯ | ᠠᠴᠠ ᠵᠥᠷᠢᠴᠡᠨ ᠨᠣᠴᠣᠮᠠᠲᠠᠭᠠᠢ ᠰᠢᠲᠠᠮᠠᠬᠠᠢ ᠮᠠᠲ᠋ᠧᠷᠢᠶᠠᠯ ᠢ ᠬᠡᠷᠡᠭᠯᠡᠨ ᠵᠠᠰᠠᠵᠤ ᠴᠢᠮᠡᠭᠯᠡᠵᠦ᠂ ᠲᠣᠭᠲᠠᠭᠠᠯ ᠠᠴᠠ | ᠵᠥᠷᠢᠴᠡᠨ ᠬᠥᠮᠥᠷᠭᠡ ᠪᠠᠶᠢᠭᠤᠯᠤᠭᠰᠠᠨ︔ ᠲᠠᠷᠬᠠᠭᠠᠬᠤ ᠵᠠᠮ᠂ ᠠᠮᠤᠷ ᠲᠦᠪᠰᠢᠨ ᠤ ᠭᠠᠷᠴᠠ ᠶᠢ ᠪᠥᠭᠯᠡᠬᠦ᠂ | ᠪᠢᠲᠡᠭᠦᠮᠵᠢᠯᠡᠬᠦ᠂ ᠡᠵᠡᠯᠡᠨ ᠬᠡᠷᠡᠭᠯᠡᠬᠦ ᠵᠢᠴᠢ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠬᠤ︔ ᠭᠠᠯ ᠢ ᠰᠡᠷᠭᠡᠶᠢᠯᠡᠬᠦ ᠶᠢ | ᠰᠠᠶᠢᠲᠤᠷ ᠵᠠᠭᠠᠭᠯᠠᠭᠰᠠᠨ ᠦᠭᠡᠢ︔ ᠴᠠᠬᠢᠯᠭᠠᠨ ᠳᠡᠭᠡᠰᠦᠨ ᠤ ᠪᠣᠰᠤᠭ᠎ᠠ ᠬᠤᠳᠳᠤᠭ ᠤᠨ ᠬᠤᠭᠤᠯᠠᠢ ᠶᠢᠨ ᠭᠠᠯ ᠢ | ᠰᠡᠷᠭᠡᠶᠢᠯᠡᠬᠦ ᠪᠢᠲᠡᠭᠦᠮᠵᠢᠯᠡᠯᠲᠡ ᠨᠢ ᠪᠠᠷᠢᠮᠵᠢᠶ᠎ᠠ ᠳᠤ ᠬᠦᠷᠦᠭᠰᠡᠨ ᠭᠠᠯ ᠲᠦᠢᠮᠡᠷ ᠢ ᠤᠨᠲᠠᠷᠠᠭᠠᠬᠤ ᠪᠠᠭᠠᠵᠢ ᠬᠡᠷᠡᠭᠰᠡᠯ ᠤᠨ | ᠲᠥᠬᠦᠭᠡᠷᠦᠮᠵᠢ ᠡᠪᠳᠡᠷᠡᠵᠦ ᠰᠦᠢᠳᠦᠭᠡᠳ ᠬᠡᠷᠡᠭᠯᠡᠬᠦ ᠪᠠᠨ ᠵᠣᠭᠰᠣᠭᠰᠠᠨ᠂ ᠲᠣᠬᠢᠷᠠᠭᠤᠯᠤᠭᠰᠠᠨ ᠨᠢ ᠪᠠᠷᠢᠮᠵᠢᠶ᠎ᠠ ᠳᠤ | ᠨᠡᠶᠢᠴᠡᠬᠦ ᠦᠭᠡᠢ︔ ᠲᠣᠭᠲᠠᠭᠠᠯ ᠢ ᠵᠥᠷᠢᠴᠡᠨ ᠴᠠᠬᠢᠯᠭᠠᠨ ᠤᠲᠠᠰᠤ ᠲᠠᠲᠠᠵᠤ᠂ ᠲᠣᠭᠲᠠᠭᠠᠯ ᠢ ᠵᠥᠷᠢᠴᠡᠨ ᠭᠠᠯ | ᠴᠠᠬᠢᠯᠭᠠᠨ ᠬᠡᠷᠡᠭᠯᠡᠭᠰᠡᠨ︔ ᠲᠣᠭᠲᠠᠭᠠᠯ ᠠᠴᠠ ᠵᠥᠷᠢᠴᠡᠨ ᠨᠣᠴᠣᠮᠠᠲᠠᠭᠠᠢ ᠰᠢᠲᠠᠮᠠᠬᠠᠢ ᠥᠩᠭᠡᠲᠦ ᠪᠣᠯᠣᠳ | ᠬᠠᠪᠲᠠᠰᠤᠨ ᠭᠡᠷ ᠵᠡᠷᠭᠡ ᠶᠢ ᠪᠠᠶᠢᠭᠤᠯᠵᠤ᠂ ᠭᠠᠯ ᠲᠦᠢᠮᠡᠷ ᠢ ᠤᠨᠲᠠᠷᠠᠭᠠᠬᠤ ᠠᠵᠢᠯ ᠲᠥᠷᠥᠯ ᠤᠨ ᠠᠮᠤᠷ ᠲᠦᠪᠰᠢᠨ ᠤ | ᠬᠠᠮᠢᠶᠠᠷᠤᠯᠲᠠ ᠶᠢ ᠪᠣᠳᠠᠲᠠᠶᠢᠵᠢᠭᠤᠯᠤᠭᠰᠠᠨ ᠦᠭᠡᠢ ᠶᠢ ᠴᠡᠭᠴᠡᠯᠡᠨ ᠵᠠᠰᠠᠵᠤ᠂ ᠭᠠᠯ ᠲᠦᠢᠮᠡᠷ ᠢ ᠤᠨᠲᠠᠷᠠᠭᠠᠬᠤ | ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠡᠬᠢ ᠡᠭᠦᠰᠦᠯ ᠠᠴᠠ ᠨᠢ | ᠵᠠᠰᠠᠬᠤ᠂ ᠰᠢᠰᠲ᠋ᠧᠮ ᠲᠠᠢ ᠵᠠᠰᠠᠬᠤ᠂ ᠨᠠᠷᠢᠯᠢᠭ ᠣᠨᠣᠴᠠᠲᠠᠢ ᠪᠠᠷ ᠵᠠᠰᠠᠬᠤ᠂ ᠲᠡᠭᠦᠰᠬᠡᠯ ᠦᠵᠦᠭᠦᠷ ᠤᠨ ᠵᠠᠰᠠᠯᠲᠠ ᠶᠢ | ᠴᠢᠩᠭᠠᠷᠠᠭᠤᠯᠤᠨ᠎ᠠ᠃ | | ︵ ᠭᠤᠷᠪᠠ︶ ᠵᠢᠭᠤᠯᠴᠢᠯᠠᠯ ᠤᠨ ᠵᠠᠮ ᠬᠠᠷᠢᠯᠴᠠᠭᠠᠨ ᠤ ᠠᠮᠤᠷ ᠲᠦᠪᠰᠢᠨ᠃ ᠨᠢᠭᠡ ᠳᠤ᠂ | ᠵᠢᠭᠤᠯᠴᠢᠯᠠᠯ ᠤᠨ ᠭᠠᠵᠠᠷ ᠲᠡᠷᠭᠡ ᠳᠠᠭᠠᠭᠠᠴᠢᠯᠠᠨ ᠲᠦᠷᠢᠶᠡᠰᠦᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠲᠦᠷᠢᠶᠡᠰᠦᠯᠡᠭᠰᠡᠨ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠢᠷᠢ ᠬᠡᠮ ᠨᠢ ᠬᠠᠤᠯᠢ ᠶᠣᠰᠣᠨ ᠳᠤ | ᠨᠡᠶᠢᠴᠡᠵᠦ᠂ ᠲᠡᠷᠭᠡᠨ ᠤ ᠪᠠᠶᠢᠳᠠᠯ ᠨᠢ ᠬᠡᠪ ᠤᠨ᠂ ᠭᠠᠷ ᠭᠦᠢᠴᠡᠳᠬᠡᠯ ᠨᠢ ᠪᠦᠷᠢᠨ᠂ ᠵᠢᠯᠣᠭᠤᠴᠢ ᠨᠢ | ᠵᠢᠯᠤᠭᠤᠳᠬᠤ ᠶᠢ ᠵᠥᠪᠰᠢᠶᠡᠷᠡᠬᠦ ᠬᠢᠷᠢ ᠬᠡᠮ ᠲᠠᠢ ᠪᠠᠶᠢᠵᠤ᠂ ᠲᠦᠷᠢᠶᠡᠰᠦᠯᠡᠨ ᠬᠡᠷᠡᠭᠯᠡᠬᠦ ᠵᠢᠷᠤᠮᠵᠢᠭᠰᠠᠨ ᠭᠡᠷ᠎ᠡ | ᠲᠣᠭᠲᠠᠵᠤ᠂ ᠲᠡᠷᠭᠡ ᠬᠥᠰᠬᠡ ᠳᠤ ᠬᠠᠷᠢᠭᠤᠴᠠᠯᠭ᠎ᠠ ᠶᠢᠨ ᠳᠠᠭᠠᠳᠬᠠᠯ ᠲᠠᠢ ᠪᠠᠶᠢᠬᠤ ᠬᠡᠷᠡᠭᠲᠡᠢ ᠭᠡᠵᠦ ᠱᠠᠭᠠᠷᠳᠠᠪᠠ᠃ | ᠬᠤᠶᠠᠷ ᠲᠤ ᠬᠤᠯᠪᠣᠭᠳᠠᠬᠤ ᠵᠢᠭᠤᠯᠴᠢᠯᠠᠯ ᠤᠨ ᠦᠵᠡᠮᠵᠢ ᠶᠢᠨ ᠣᠷᠣᠨ ᠤ ᠳᠣᠲᠣᠭᠠᠳᠤ ᠶᠢᠨ ᠵᠢᠭᠤᠯᠴᠢᠯᠠᠯ ᠤᠨ | ᠠᠶᠠᠨᠴᠢᠳ ᠤᠨ ᠲᠡᠭᠡᠭᠡᠪᠦᠷᠢ ᠶᠢᠨ ᠠᠮᠤᠷ ᠲᠦᠪᠰᠢᠨ ᠢ ᠪᠠᠲᠤᠯᠠᠵᠤ᠂ ᠲᠡᠷᠭᠡ ᠬᠥᠰᠬᠡ ᠵᠢᠴᠢ ᠵᠢᠯᠣᠭᠤᠴᠢ ᠶᠢᠨ | ᠭᠠᠷᠳᠠᠮ ᠤᠨ ᠬᠠᠤᠯᠢ ᠲᠣᠭᠲᠠᠭᠠᠯ ᠳᠤ ᠨᠡᠶᠢᠴᠡᠬᠦ᠂ ᠪᠠᠶᠢᠳᠠᠯ ᠨᠢ ᠬᠦᠴᠦᠨ ᠲᠡᠭᠦᠯᠳᠡᠷ᠂ ᠠᠮᠤᠷ ᠲᠦᠪᠰᠢᠨ ᠤ | ᠪᠠᠲᠤᠯᠠᠭ᠎ᠠ ᠶᠢᠨ ᠲᠥᠬᠦᠭᠡᠷᠦᠮᠵᠢ ᠪᠦᠷᠢᠨ ᠭᠦᠢᠴᠡᠳ ᠪᠠᠶᠢᠬᠤ ᠶᠢ ᠦᠨᠡᠨᠬᠦ ᠪᠠᠲᠤᠯᠠᠨ᠎ᠠ᠃ ᠵᠢᠭᠤᠯᠴᠢᠯᠠᠯ ᠤᠨ | ᠣᠩᠭᠤᠴᠠ ᠵᠡᠷᠭᠡ ᠦᠢᠯᠡᠴᠢᠯᠡᠭᠡᠨ ᠤ ᠲᠥᠷᠥᠯ ᠵᠦᠢᠯ ᠳᠤ ᠡᠷᠬᠡᠪᠰᠢ ᠬᠠᠤᠯᠢ ᠶᠣᠰᠣᠨ ᠤ ᠭᠠᠷᠳᠠᠮ ᠢ ᠭᠦᠢᠴᠡᠳᠬᠡᠪᠡᠯ | ᠰᠠᠶ᠋ᠢ ᠠᠰᠢᠭᠯᠠᠯᠲᠠ ᠳᠤ ᠣᠷᠣᠭᠤᠯᠵᠤ᠂ ᠣᠩᠭᠤᠴᠠ ᠰᠠᠯ ᠪᠠ ᠲᠥᠷᠥᠯ ᠵᠦᠢᠯ ᠢ ᠡᠵᠡᠮᠳᠡᠬᠦ᠂ ᠵᠢᠯᠣᠭᠤᠴᠢ ᠶᠢᠨ ᠬᠢᠷᠢ | ᠬᠡᠮ ᠪᠦᠷᠢᠨ᠂ ᠲᠣᠭᠲᠠᠭᠠᠯ ᠳᠤ ᠨᠡᠶᠢᠴᠡᠬᠦ᠂ ᠠᠮᠤᠷ ᠲᠦᠪᠰᠢᠨ ᠤ ᠪᠠᠲᠤᠯᠠᠭ᠎ᠠ ᠶᠢᠨ ᠪᠡᠯᠡᠳᠬᠡᠮᠵᠢ ᠲᠥᠬᠦᠭᠡᠷᠦᠮᠵᠢ | ᠪᠦᠷᠢᠨ ᠲᠡᠭᠦᠯᠳᠡᠷ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠦᠵᠡᠮᠵᠢ ᠶᠢᠨ ᠣᠷᠣᠨ ᠢ ᠡᠵᠡᠩᠨᠡᠬᠦ ᠳᠤ ᠠᠮᠤᠷ | ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠮᠠᠭᠤ ᠴᠠᠭ ᠠᠭᠤᠷ ᠤᠨ | ᠠᠰᠢᠭᠯᠠᠯᠲᠠ ᠳᠤ ᠣᠷᠣᠭᠤᠯᠬᠤ ᠶᠢ ᠳᠠᠯᠠᠢ ᠶᠢᠨ ᠶᠠᠪᠤᠳᠠᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ | ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ᠂ ᠵᠠᠮ ᠬᠠᠷᠢᠯᠴᠠᠭᠠᠨ ᠤ ᠲᠡᠭᠡᠭᠡᠪᠦᠷᠢ ᠶᠢᠨ ᠬᠠᠮᠢᠶᠠᠷᠤᠯᠲᠠ | ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠢ ᠪᠠᠷ ᠬᠠᠮᠵᠢᠯᠴᠠᠨ ᠵᠠᠮ ᠬᠠᠷᠢᠯᠴᠠᠭᠠᠨ ᠤ ᠠᠶᠠᠨᠴᠢᠳ ᠤᠨ ᠲᠡᠭᠡᠭᠡᠪᠦᠷᠢ ᠶᠢᠨ | ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠵᠡᠭᠳᠡᠯ ᠢ ᠴᠠᠭ ᠲᠤᠬᠠᠢ ᠳᠤᠨᠢ ᠪᠠᠶᠢᠴᠠᠭᠠᠨ | ᠰᠢᠢᠳᠪᠦᠷᠢᠯᠡᠨ᠎ᠡ᠃ | | ︵ ᠳᠥᠷᠪᠡ︶ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠢ ᠰᠡᠷᠭᠡᠶᠢᠯᠡᠯᠲᠡ ᠶᠢᠨ | ᠠᠮᠤᠷ ᠲᠦᠪᠰᠢᠨ᠃ ᠨᠢᠭᠡ ᠳᠤ᠂ ᠭᠠᠯ ᠲᠦᠢᠮᠡᠷ ᠤᠨ ᠠᠶᠤᠯ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ | ᠬᠤᠭᠤᠴᠠᠭᠠᠨ ᠤ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠬᠤᠯᠪᠣᠭᠳᠠᠬᠤ ᠦᠵᠡᠮᠵᠢ ᠶᠢᠨ ᠣᠷᠣᠨ ᠤ | ᠨᠡᠭᠡᠭᠡᠯᠲᠡ ᠡᠵᠡᠩᠨᠡᠯᠲᠡ ᠶᠢ ᠰᠢᠮᠳᠠᠭᠤᠯᠬᠤ ᠳᠤ ᠡᠷᠬᠡᠪᠰᠢ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ | ᠠᠶᠤᠯ ᠢ ᠰᠡᠷᠭᠡᠶᠢᠯᠡᠬᠦ ᠠᠵᠢᠯ ᠤᠨ ᠵᠢᠯᠤᠭᠤᠳᠬᠤ ᠭᠠᠵᠠᠷ ᠤᠨ ᠨᠢᠭᠡᠳᠦᠯᠲᠡᠢ ᠲᠣᠭᠲᠠᠭᠠᠯ ᠢ ᠳᠠᠭᠠᠬᠤ ᠬᠡᠷᠡᠭᠲᠡᠢ᠃ | ᠬᠤᠶᠠᠷ ᠲᠤ ᠲᠤᠬᠠᠢ ᠶᠢᠨ ᠭᠠᠵᠠᠷ ᠤᠨ ᠭᠠᠯ ᠲᠦᠢᠮᠡᠷ ᠤᠨ ᠠᠶᠤᠯ ᠢ ᠰᠡᠷᠭᠡᠶᠢᠯᠡᠬᠦ ᠠᠵᠢᠯ ᠤᠨ ᠵᠢᠯᠤᠭᠤᠳᠬᠤ ᠭᠠᠵᠠᠷ | ᠪᠣᠯᠣᠨ ᠤᠢ ᠰᠢᠭᠤᠢ ᠡᠪᠡᠰᠦ ᠪᠡᠯᠴᠢᠭᠡᠷ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ | ᠂ ᠭᠠᠯ ᠲᠦᠢᠮᠡᠷ ᠤᠨ ᠠᠶᠤᠯ ᠢ ᠰᠡᠷᠭᠡᠶᠢᠯᠡᠬᠦ ᠠᠶᠤᠯᠭᠦᠢ ᠶᠢᠨ ᠪᠠᠶᠢᠴᠠᠭᠠᠯᠲᠠ ᠪᠠ ᠲᠠᠯᠳᠠ ᠭᠡᠮ ᠢ ᠵᠠᠰᠠᠬᠤ ᠠᠵᠢᠯ ᠢ | ᠥᠷᠨᠢᠭᠦᠯᠬᠦ ᠬᠡᠷᠡᠭᠲᠡᠢ᠃ ᠠᠶᠤᠯᠭᠦᠢ ᠶᠢᠨ ᠬᠠᠮᠢᠶᠠᠷᠤᠯᠲᠠ ᠶᠢᠨ ᠳᠦᠷᠢᠮ ᠪᠠ ᠲᠣᠭᠲᠠᠴᠠ ᠶᠢ ᠲᠡᠭᠦᠯᠳᠡᠷᠵᠢᠭᠦᠯᠵᠦ᠂ | ᠭᠠᠯ ᠲᠦᠢᠮᠡᠷ ᠤᠨ ᠠᠶᠤᠯ ᠢ ᠰᠡᠷᠭᠡᠶᠢᠯᠡᠬᠦ ᠲᠥᠬᠦᠭᠡᠷᠦᠮᠵᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠭᠠᠯ | ᠲᠦᠢᠮᠡᠷ ᠤᠨ ᠠᠶᠤᠯ ᠢ ᠰᠡᠷᠭᠡᠶᠢᠯᠡᠬᠦ ᠲᠤᠰᠢᠶᠠᠯ ᠬᠠᠪᠰᠤᠷᠭᠠᠭᠰᠠᠨ ᠡᠩᠨᠡᠭᠡ ᠶᠢ ᠪᠠᠶᠢᠭᠤᠯᠵᠤ᠂ ᠪᠠᠴᠢᠮ ᠪᠠᠶᠢᠳᠠᠯ ᠢ | ᠲᠦᠷᠭᠡᠨ ᠠᠷᠭᠠᠴᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠵᠦ᠂ ᠬᠢᠨᠠᠨ ᠡᠵᠡᠮᠳᠡᠬᠦ ᠪᠠ ᠠᠪᠤᠷᠠᠨ ᠲᠤᠰᠠᠯᠠᠬᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ | | ︵ ᠲᠠᠪᠤ︶ ᠢᠳᠡᠭᠡᠨ ᠤᠮᠳᠠᠭᠠᠨ ᠤ ᠠᠷᠢᠭᠤᠨ ᠴᠡᠪᠡᠷ ᠪᠠ ᠡᠷᠡᠭᠦᠯᠵᠢᠯ ᠤᠨ ᠡᠳ᠋ ᠤᠨ ᠠᠮᠤᠷ ᠲᠦᠪᠰᠢᠨ᠃ | ᠡᠳᠦᠷ ᠲᠤᠲᠤᠮ ᠤᠨ ᠬᠢᠨᠠᠨ ᠬᠠᠮᠢᠶᠠᠷᠬᠤ ᠠᠵᠢᠯ ᠢ ᠴᠢᠩᠭᠠᠳᠬᠠᠨ᠎ᠠ᠃ ᠵᠢᠭᠤᠯᠴᠢᠯᠠᠯ ᠳᠤ ᠬᠤᠯᠪᠣᠭᠳᠠᠬᠤ ᠠᠵᠤ | ᠠᠬᠤᠶᠢᠯᠠᠯ ᠪᠠ ᠰᠣᠶᠣᠯ ᠤᠨ ᠡᠵᠡᠩᠨᠡᠯᠲᠡ ᠶᠢᠨ ᠲᠠᠯᠠᠪᠤᠷ ᠭᠠᠵᠠᠷ ᠤᠨ ᠬᠤᠯᠪᠣᠭᠳᠠᠬᠤ ᠭᠤᠣᠯ ᠴᠣᠭᠴᠠ ᠨᠢ ᠡᠷᠬᠡᠪᠰᠢ | ᠬᠠᠤᠯᠢ ᠶᠣᠰᠣᠨ ᠤ ᠵᠥᠪᠰᠢᠶᠡᠷᠡᠨ ᠣᠷᠣᠭᠤᠯᠬᠤ ᠭᠠᠷᠳᠠᠮ ᠢ ᠣᠯᠪᠠᠯ ᠰᠠᠶ᠋ᠢ ᠢᠳᠡᠭᠡᠨ ᠤᠮᠳᠠᠭᠠᠨ ᠪᠠ ᠡᠷᠡᠭᠦᠯᠵᠢᠯ ᠤᠨ | ᠡᠳ᠋ ᠤᠨ ᠡᠵᠡᠩᠨᠡᠯᠲᠡ ᠶᠢ ᠥᠷᠨᠢᠭᠦᠯᠵᠦ ᠪᠣᠯᠣᠨ᠎ᠠ᠃ ᠢᠳᠡᠭᠡᠨ ᠤᠮᠳᠠᠭᠠᠨ ᠤ ᠰᠠᠯᠠᠭ᠎ᠠ ᠮᠥᠴᠢᠷ ᠲᠠᠢ ᠬᠠᠮᠵᠢᠯᠴᠠᠨ | ᠬᠤᠯᠪᠣᠭᠳᠠᠬᠤ ᠪᠠᠲᠤᠯᠠᠭ᠎ᠠ ᠶᠢᠨ ᠮᠡᠷᠭᠡᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ | ᠵᠢᠷᠤᠮᠵᠢᠯ ᠲᠠᠢ ᠠᠵᠢᠯᠯᠠᠭᠠᠨ ᠪᠠ ᠦᠢᠯᠡᠴᠢᠯᠡᠭᠡ ᠶᠢ ᠦᠨᠡᠨᠬᠦ ᠪᠠᠲᠤᠯᠠᠬᠤ ᠬᠡᠷᠡᠭᠲᠡᠢ᠃ ᠵᠢᠭᠤᠯᠴᠢᠯᠠᠯ ᠤᠨ | ᠦᠵᠡᠮᠵᠢ ᠶᠢᠨ ᠣᠷᠣᠨ ᠤ ᠡᠷᠡᠭᠦᠯᠵᠢᠯ ᠤᠨ ᠡᠳ᠋ ᠤᠨ ᠪᠣᠷᠤᠯᠠᠭᠤᠯᠭ᠎ᠠ ᠶᠢ ᠵᠢᠷᠤᠮᠵᠢᠭᠤᠯᠤᠨ ᠡᠵᠡᠩᠨᠡᠵᠦ᠂ ᠬᠤᠳᠠᠯ | ᠬᠠᠭᠤᠷᠮᠠᠭ ᠴᠢᠨᠠᠷ ᠮᠠᠭᠤ ᠪᠠ ᠵᠣᠴᠢᠳ ᠢ ᠳᠠᠷᠤᠯᠠᠵᠤ ᠬᠢᠬᠠᠬᠤ ᠶᠢ ᠡᠷᠡᠰ ᠬᠤᠷᠢᠭᠯᠠᠬᠤ ᠬᠡᠷᠡᠭᠲᠡᠢ᠃ ᠢᠳᠡᠭᠡᠨ | ᠤᠮᠳᠠᠭᠠᠨ ᠤ ᠪᠣᠯᠪᠠᠰᠤᠷᠠᠭᠤᠯᠤᠯᠲᠠ ᠪᠠ ᠦᠢᠯᠡᠴᠢᠯᠡᠭᠡᠨ ᠤ ᠠᠵᠢᠯᠲᠠᠨ ᠡᠷᠬᠡᠪᠰᠢ ᠡᠷᠡᠭᠦᠯ ᠮᠡᠨᠳᠦ ᠶᠢᠨ ᠬᠢᠷᠢ | ᠲᠡᠩᠴᠡᠭᠰᠡᠨ ᠦᠨᠡᠮᠯᠡᠯ ᠲᠠᠢ ᠪᠠᠶᠢᠬᠤ ᠬᠡᠷᠡᠭᠲᠡᠢ᠃ ᠡᠵᠡᠩᠨᠡᠯᠲᠡ ᠶᠢᠨ ᠭᠤᠣᠯ ᠴᠣᠭᠴᠠ ᠨᠢ ᠡᠵᠡᠩᠨᠡᠯᠲᠡ ᠶᠢᠨ ᠲᠠᠯᠠᠪᠤᠷ | ᠭᠠᠵᠠᠷ ᠤᠨ ᠠᠷᠢᠭᠤᠨ ᠴᠡᠪᠡᠷ ᠠᠷᠢᠭᠤᠨ ᠴᠡᠪᠡᠷ ᠤᠨ ᠠᠵᠢᠯ ᠢ ᠴᠢᠩᠭᠠᠳᠬᠠᠵᠤ᠂ ᠬᠤᠭᠤᠯᠠᠨ ᠤ ᠪᠠᠭᠠᠵᠢ ᠬᠡᠷᠡᠭᠰᠡᠯ ᠢ | ᠠᠷᠢᠭᠤᠳᠬᠠᠬᠤ ᠠᠵᠢᠯ ᠢ ᠰᠠᠶᠢᠲᠤᠷ ᠬᠢᠵᠦ᠂ ᠠᠯᠢ ᠣᠯᠠᠨ ᠬᠤᠯᠪᠣᠭᠳᠠᠬᠤ ᠮᠡᠷᠭᠡᠵᠢᠯ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠢ᠃ | | ︵ ᠵᠢᠷᠭᠤᠭ᠎ᠠ︶ ᠦᠵᠡᠮᠵᠢ ᠶᠢᠨ ᠣᠷᠣᠨ ᠤ ᠵᠢᠭᠤᠯᠴᠢᠯᠠᠯ ᠤᠨ ᠪᠡᠯᠡᠳᠬᠡᠮᠵᠢ ᠪᠠ ᠣᠨᠴᠠ ᠲᠥᠷᠥᠯ ᠤᠨ | ᠵᠢᠭᠤᠯᠴᠢᠯᠠᠯ ᠤᠨ ᠲᠥᠷᠥᠯ ᠵᠦᠢᠯ ᠤᠨ ᠠᠮᠤᠷ ᠲᠦᠪᠰᠢᠨ᠃ ᠨᠢᠭᠡ ᠳᠤ᠂ ᠵᠢᠭᠤᠯᠴᠢᠯᠠᠯ ᠤᠨ ᠦᠵᠡᠮᠵᠢ ᠶᠢᠨ | ᠣᠷᠣᠨ ᠤ ᠬᠢᠨ ᠵᠢᠭᠤᠯᠴᠢᠯᠠᠯ ᠤᠨ ᠲᠥᠬᠦᠭᠡᠷᠦᠮᠵᠢ ᠶᠢ ᠪᠠᠶᠢᠴᠠᠭᠠᠵᠤ ᠬᠠᠮᠠᠭᠠᠯᠠᠬᠤ ᠪᠠᠨ ᠴᠢᠩᠭᠠᠳᠬᠠᠵᠤ᠂ ᠬᠦᠴᠦᠨ | ᠲᠡᠭᠦᠯᠳᠡᠷ ᠢᠶᠠᠷ ᠬᠡᠷᠡᠭᠯᠡᠬᠦ ᠶᠢ ᠪᠠᠲᠤᠯᠠᠬᠤ ᠬᠡᠷᠡᠭᠲᠡᠢ᠃ ᠬᠤᠶᠠᠷ ᠲᠤ ᠣᠨᠴᠠ ᠲᠥᠷᠥᠯ ᠤᠨ ᠡᠵᠡᠩᠨᠡᠯᠲᠡ ᠶᠢᠨ ᠲᠥᠷᠥᠯ | ᠵᠦᠢᠯ ᠨᠢ ᠡᠷᠬᠡᠪᠰᠢ ᠬᠠᠤᠯᠢ ᠶᠣᠰᠣᠨ ᠤ ᠲᠣᠭᠲᠠᠭᠠᠯ ᠳᠤ ᠨᠡᠶᠢᠴᠡᠬᠦ ᠵᠥᠪᠰᠢᠶᠡᠷᠡᠯ ᠤᠨ ᠬᠢᠷᠢ ᠬᠡᠮ ᠢ ᠣᠯᠪᠠᠯ ᠰᠠᠶ᠋ᠢ | ᠠᠰᠢᠭᠯᠠᠯᠲᠠ ᠳᠤ ᠣᠷᠣᠭᠤᠯᠵᠤ ᠪᠣᠯᠣᠨ᠎ᠠ᠃ ᠭᠤᠷᠪᠠ ᠳᠤ ᠠᠶᠤᠯᠭᠦᠢ ᠦᠢᠯᠡᠳᠪᠦᠷᠢᠯᠡᠯ ᠤᠨ ᠲᠣᠭᠲᠠᠭᠠᠯ ᠪᠠ ᠡᠯ᠎ᠡ | ᠵᠦᠢᠯ ᠤᠨ ᠦᠢᠯᠡᠴᠢᠯᠡᠭᠡᠨ ᠤ ᠵᠢᠷᠤᠮᠵᠢᠯ ᠢ ᠨᠠᠶᠢᠳᠠᠪᠤᠷᠢᠵᠢᠭᠤᠯᠤᠨ᠎ᠠ᠃ ᠳᠥᠷᠪᠡ ᠳᠤ᠂ ᠠᠵᠤ ᠠᠬᠤᠶᠢᠯᠠᠯ ᠤᠨ ᠬᠢᠨ | ᠠᠮᠤᠷ ᠲᠦᠪᠰᠢᠨ ᠤ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ᠰᠡᠷᠭᠡᠶᠢᠯᠡᠬᠦ ᠲᠣᠭᠲᠠᠴᠠ ᠶᠢ | ᠪᠦᠷᠢᠨᠰᠢᠭᠦᠯᠬᠦ ᠬᠡᠷᠡᠭᠲᠡᠢ᠃ ᠲᠠᠪᠤ ᠳᠤ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠲᠥᠰᠥᠯ ᠢ ᠲᠡᠭᠦᠯᠳᠡᠷᠵᠢᠭᠦᠯᠵᠦ᠂ | ᠠᠳᠡᠯ ᠭᠠᠷᠬᠤ ᠳᠤ ᠬᠦᠷᠪᠡᠯ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠵᠦ᠂ ᠵᠢᠭᠤᠯᠴᠢᠳ ᠤᠨ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠵᠢᠷᠭᠤᠭ᠎ᠠ ᠳᠤ᠂ ᠦᠵᠡᠮᠵᠢ ᠶᠢᠨ ᠣᠷᠣᠨ ᠪᠠ | ᠵᠢᠭᠤᠯᠴᠢᠯᠠᠯ ᠤᠨ ᠲᠦᠷᠦᠯ ᠵᠦᠢᠯ ᠤᠨ ᠬᠠᠷᠢᠭᠤᠴᠠᠯᠭ᠎ᠠ ᠶᠢᠨ ᠳᠠᠭᠠᠳᠬᠠᠯ ᠢ ᠢᠳᠡᠪᠬᠢᠲᠡᠢ ᠬᠤᠳᠠᠯᠳᠤᠨ ᠠᠪᠴᠤ᠂ | ᠦᠨᠳᠦᠰᠦᠨ ᠵᠦᠢᠯ ᠢ ᠪᠠᠲᠤᠯᠠᠬᠤ ᠪᠠᠲᠤᠯᠠᠪᠤᠷᠢ ᠶᠢᠨ ᠠᠷᠭ᠎ᠠ ᠬᠡᠮᠵᠢᠶ᠎ᠡ ᠶᠢ ᠪᠠᠶᠢᠭᠤᠯᠤᠨ᠎ᠠ᠃ | | ︵ ᠳᠣᠯᠤᠭ᠎ᠠ︶ ᠠᠶᠤᠯᠲᠠᠢ ᠬᠢᠮᠢ ᠶᠢᠨ ᠪᠣᠳᠠᠰ ᠵᠢᠴᠢ ᠴᠠᠬᠢᠯᠭᠠᠨ ᠬᠡᠷᠡᠭᠯᠡᠬᠦ ᠳᠤ ᠬᠡᠷᠡᠭᠯᠡᠬᠦ ᠲᠣᠰᠣᠨ ᠤ | ᠬᠡᠢ ᠶᠢᠨ ᠠᠮᠤᠷ ᠲᠦᠪᠰᠢᠨ᠃ ᠡᠯ᠎ᠡ ᠠᠵᠤ ᠠᠬᠤᠶᠢᠯᠠᠯ ᠨᠢ ᠠᠮᠤᠷ ᠲᠦᠪᠰᠢᠨ ᠢᠶᠠᠷ ᠬᠡᠷᠡᠭᠯᠡᠬᠦ ᠪᠠ ᠬᠠᠮᠢᠶᠠᠷᠬᠤ ᠪᠠᠨ | ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠭᠠᠯ ᠴᠠᠬᠢᠯᠭᠠᠨ ᠬᠡᠢ ᠬᠡᠷᠡᠭᠯᠡᠬᠦ ᠦᠵᠡᠭᠳᠡᠯ ᠢ ᠡᠷᠡᠰ ᠬᠤᠷᠢᠭᠯᠠᠬᠤ | ᠬᠡᠷᠡᠭᠲᠡᠢ᠃ ᠢᠯᠠᠩᠭᠤᠶ᠎ᠠ ᠵᠢᠭᠤᠯᠴᠢᠯᠠᠯ ᠤᠨ ᠦᠵᠡᠮᠵᠢ ᠶᠢᠨ ᠣᠷᠣᠨ ᠳᠤ᠂ ᠠᠵᠢᠯ ᠵᠣᠭᠰᠣᠭᠰᠠᠨ ᠬᠤᠭᠤᠴᠠᠭᠠᠨ ᠳᠤ | ᠵᠢᠵᠢᠭᠦᠷᠯᠡᠨ ᠰᠠᠬᠢᠬᠤ ᠪᠠ ᠲᠣᠭᠤᠷᠢᠨ ᠪᠠᠶᠢᠴᠠᠭᠠᠵᠤ ᠪᠠᠶᠢᠴᠠᠭᠠᠬᠤ ᠶᠢ ᠲᠣᠬᠢᠷᠠᠭᠤᠯᠵᠤ᠂ ᠠᠮᠤᠷ ᠲᠦᠪᠰᠢᠨ ᠤ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ | | ︵ ᠨᠠᠢᠮᠠ︶ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠨᠢᠭᠡᠴᠢ ᠶᠢᠨ ᠠᠮᠤᠷ ᠲᠦᠪᠰᠢᠨ᠃ | ᠰᠣᠶᠣᠯ ᠤᠨ ᠬᠠᠮᠠᠭᠠᠯᠠᠯᠲᠠ ᠶᠢᠨ ᠲᠥᠪ ᠨᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ᠂ ᠮᠦᠽᠧᠢ ᠶᠢᠨ | ᠠᠶᠦᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠲᠡᠦᠬᠡ ᠶᠢᠨ ᠳᠤᠷᠠᠰᠬᠠᠯᠲᠤ | ᠵᠦᠢᠯᠡᠰ ᠤᠨ ᠠᠶᠦᠯᠭᠦᠢ ᠶᠢ ᠦᠨᠡᠨᠬᠦ ᠪᠠᠲᠤᠯᠠᠨ᠎ᠠ᠃ ᠨᠣᠮ ᠤᠨ ᠰᠠᠩ᠂ ᠰᠣᠶᠣᠯ ᠤᠨ ᠣᠷᠳᠣᠨ᠂ ᠤᠯᠠᠭᠠᠨᠮᠥ᠋ᠴᠢᠷ | ᠵᠡᠷᠭᠡ ᠰᠠᠯᠠᠭ᠎ᠠ ᠮᠥᠴᠢᠷ ᠤᠳ ᠲᠤᠰ ᠲᠤᠰ ᠤᠨ ᠲᠠᠯᠠᠪᠤᠷ ᠲᠠᠬᠢ ᠠᠶᠦᠯᠭᠦᠢ ᠦᠢᠯᠡᠳᠪᠦᠷᠢᠯᠡᠯ ᠤᠨ ᠥᠪᠡᠷ ᠢ | ᠪᠠᠨ ᠪᠠᠶᠢᠴᠠᠭᠠᠵᠤ ᠥᠪᠡᠷ ᠲᠡᠭᠡᠨ ᠵᠠᠯᠠᠷᠠᠭᠤᠯᠬᠤ ᠠᠵᠢᠯ ᠢ ᠬᠠᠷᠢᠭᠤᠴᠠᠨ ᠥᠷᠨᠢᠭᠦᠯᠵᠦ᠂ ᠠᠶᠦᠯᠭᠦᠢ | ᠦᠢᠯᠡᠳᠪᠦᠷᠢᠯᠡᠯ ᠤᠨ ᠡᠯ᠎ᠡ ᠲᠥᠷᠥᠯ ᠤᠨ ᠡ᠊ᠨᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ᠃ | | ᠭᠤᠷᠪᠠ᠂ ᠪᠠᠶᠢᠴᠠᠭᠠᠬᠤ ᠴᠠᠭ᠄ 2024 ᠣᠨ ᠤ 7 ᠳ᠋ᠤᠭᠠᠷ ᠰᠠᠷ᠎ᠠ ᠶᠢᠨ 12 ᠤᠨ ᠡᠳᠦᠷ — 8 | ᠳ᠋ᠤᠭᠠᠷ ᠰᠠᠷ᠎ᠠ ᠶᠢᠨ 30 ᠤ ᠡᠳᠦᠷ | | ︵ ᠨᠢᠭᠡ︶ ᠲᠥᠪᠯᠡᠷᠡᠭᠦᠯᠦᠨ ᠪᠠᠶᠢᠴᠠᠭᠠᠬᠤ ᠱᠠᠲᠤ ᠦᠶ᠎ᠡ ︵ 2024 ᠣᠨ ᠤ 7 ᠳ᠋ᠤᠭᠠᠷ ᠰᠠᠷ᠎ᠠ ᠶᠢᠨ | 12 ᠤᠨ ᠡᠳᠦᠷ — 2024 ᠣᠨ ᠤ 8 ᠳ᠋ᠤᠭᠠᠷ ᠰᠠᠷ᠎ᠠ ᠶᠢᠨ 12 ᠤᠨ ᠡᠳᠦᠷ︶ | | ᠠᠯᠠᠱᠠ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠲᠤᠰᠬᠠᠢ ᠪᠠᠶᠢᠴᠠᠭᠠᠬᠤ ᠳᠤᠭᠤᠶᠢᠯᠠᠩ | ᠪᠠᠶᠢᠭᠤᠯᠵᠤ᠂ ᠪᠦᠬᠦ ᠬᠤᠰᠢᠭᠤᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠲᠤ ᠲᠤᠰᠬᠠᠢ ᠪᠠᠶᠢᠴᠠᠭᠠᠯᠲᠠ ᠬᠢᠵᠦ | ᠂ ︽ᠳᠠᠯᠳᠠ ᠬᠡᠮ ᠪᠣᠯ ᠳᠠᠷᠤᠢ ᠠᠳᠡᠯ ᠮᠥᠨ︾ ᠭᠡᠬᠦ ᠱᠠᠭᠠᠷᠳᠠᠯᠭ᠎ᠠ ᠶᠣᠰᠣᠭᠠᠷ᠂ ᠰᠣᠶᠣᠯ ᠵᠢᠭᠤᠯᠴᠢᠯᠠᠯ ᠤᠨ ᠠᠵᠢᠯ | ᠲᠥᠷᠥᠯ ᠤᠨ ᠬᠢᠨᠠᠯᠲᠠ ᠪᠠᠶᠢᠴᠠᠭᠠᠯᠲᠠ ᠶᠢ ᠥᠷᠨᠢᠭᠦᠯᠵᠦ᠂ ᠲᠤᠭ᠎ᠠ ᠪᠦᠷᠢᠳᠬᠡᠯ ᠢ ᠲᠣᠳᠣᠷᠬᠠᠶᠢᠯᠠᠵᠤ᠂ | ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠬᠠᠨᠳᠤᠯᠭᠠᠲᠤ ᠴᠢᠨᠠᠷ ᠲᠠᠢ ᠪᠠᠷ | ᠲᠤᠰᠬᠠᠢ ᠵᠦᠢᠯ ᠤᠨ ᠪᠠᠶᠢᠴᠠᠭᠠᠯᠲᠠ᠂ ᠬᠠᠮᠲᠤᠷᠠᠭᠰᠠᠨ ᠪᠠᠶᠢᠴᠠᠭᠠᠯᠲᠠ ᠵᠡᠷᠭᠡ ᠠᠷᠭ᠎ᠠ ᠬᠡᠯᠪᠡᠷᠢ ᠪᠠᠷ ᠳᠡᠮᠵᠢᠵᠦ᠂ | ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠪᠣᠯᠣᠨ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠦᠵᠡᠯ | ᠰᠠᠨᠠᠭ᠎ᠠ ᠶᠢ ᠴᠢᠬᠤᠯᠠᠴᠢᠯᠠᠬᠤ ᠦᠭᠡᠢ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠭᠡᠢ᠂ ᠳᠠᠯᠳᠠ ᠬᠡᠮ ᠲᠠᠢ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠬᠦᠷᠦᠯᠴᠡᠬᠦ ᠦᠭᠡᠢ ᠪᠠᠶᠢᠪᠠᠯ᠂ ᠴᠥᠮ ᠵᠠᠷᠯᠠᠨ ᠮᠡᠳᠡᠭᠳᠡᠵᠦ ᠪᠣᠯᠵᠣᠨ | ᠶᠠᠷᠢᠯᠴᠠᠬᠤ᠂ ᠰᠡᠷᠡᠮᠵᠢᠯᠡᠭᠦᠯᠦᠨ ᠰᠠᠨᠠᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠴᠡᠭᠴᠡᠯᠡᠨ ᠰᠠᠶᠢᠵᠢᠷᠠᠭᠤᠯᠬᠤ ᠶᠢ | ᠰᠢᠮᠳᠠᠭᠤᠯᠵᠤ᠂ ︽ᠣᠯᠠᠨᠲᠠ ᠪᠠᠶᠢᠴᠠᠭᠠᠵᠤ ᠣᠯᠠᠨᠲᠠ ᠵᠥᠷᠢᠴᠡᠭᠰᠡᠨ︾ ᠪᠠᠶᠢᠪᠠᠯ᠂ ᠢᠯᠡ ᠪᠠᠷ ᠢᠯᠡᠴᠢᠯᠡᠬᠦ ᠶᠢᠨ | ᠬᠠᠮᠲᠤ ᠬᠠᠷ᠎ᠠ ᠲᠠᠩᠰᠠᠨ ᠳᠤ ᠣᠷᠣᠭᠤᠯᠤᠨ ᠬᠤᠯᠪᠤᠭᠠᠯᠠᠨ ᠵᠠᠯᠬᠠᠭᠠᠨ ᠴᠡᠭᠡᠷᠯᠡᠭᠦᠯᠵᠦ᠂ ᠠᠰᠠᠭᠤᠳᠠᠯ ᠲᠣᠪᠣᠶᠢᠮ᠎ᠠ | ᠪᠠᠶᠢᠭ᠎ᠠ ᠠᠵᠤ ᠠᠬᠤᠶᠢᠯᠠᠯ ᠢ ᠵᠠᠷᠯᠠᠨ ᠢᠯᠡᠴᠢᠯᠡᠬᠦ ᠶᠢᠨ ᠬᠠᠮᠲᠤ ᠬᠤᠯᠪᠣᠭᠳᠠᠬᠤ ᠰᠠᠯᠠᠭ᠎ᠠ ᠮᠥᠴᠢᠷ ᠲᠤ ᠰᠢᠯᠵᠢᠭᠦᠯᠦᠨ | ᠲᠤᠰᠢᠶᠠᠵᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠭᠦᠯᠬᠦ ᠬᠡᠷᠡᠭᠲᠡᠢ᠃ | | ︵ ᠬᠤᠶᠠᠷ︶ ᠪᠠᠬᠢᠵᠢᠭᠦᠯᠦᠨ ᠳᠡᠭᠡᠭᠰᠢᠯᠡᠭᠦᠯᠬᠦ ᠱᠠᠲᠤ ᠦᠶ᠎ᠡ ︵ 2024 ᠣᠨ ᠤ 8 ᠳ᠋ᠤᠭᠠᠷ ᠰᠠᠷ᠎ᠠ ᠶᠢᠨ | 12 ᠤᠨ ᠡᠳᠦᠷ ᠠᠴᠠ 8 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ︶ | | ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠳᠠᠬᠢᠨ | ᠨᠢᠭᠡ ᠤᠳᠠᠭ᠎ᠠ ᠡᠮᠬᠢᠯᠡᠨ ᠨᠤᠲᠠᠯᠠᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠎ᠠ᠃ ᠠᠵᠤ | ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠠᠮᠤᠷ ᠲᠦᠪᠰᠢᠨ ᠪᠠᠶᠢᠬᠤ ᠶᠢ ᠱᠠᠭᠠᠷᠳᠠᠵᠤ ᠪᠠᠶᠢᠭᠰᠠᠨ ᠠᠴᠠ | ᠠᠮᠤᠷ ᠲᠦᠪᠰᠢᠨ ᠪᠠᠶᠢᠬᠤ ᠶᠢ ᠱᠠᠭᠠᠷᠳᠠᠬᠤ ᠳᠠᠰᠢ ᠬᠤᠪᠢᠷᠠᠭᠤᠯᠵᠤ᠂ ᠠᠵᠤ ᠠᠬᠤᠶᠢᠯᠠᠯ ᠤᠨ ᠬᠠᠤᠯᠢ ᠶᠣᠰᠣᠭᠠᠷ | ᠬᠠᠮᠢᠶᠠᠷᠬᠤ᠂ ᠰᠠᠨᠠᠭᠠᠴᠢᠯᠠᠭ᠎ᠠ ᠠᠴᠠ ᠪᠠᠨ ᠬᠠᠮᠢᠶᠠᠷᠬᠤ ᠴᠢᠳᠠᠪᠤᠷᠢ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠠᠵᠢᠯᠯᠠᠵᠤ ᠪᠠᠶᠢᠭ᠎ᠠ ᠬᠥᠮᠥᠰ ᠤᠨ ᠠᠮᠤᠷ ᠲᠦᠪᠰᠢᠨ ᠤ ᠬᠠᠷᠢᠭᠤᠴᠠᠯᠭ᠎ᠠ᠂ ᠠᠮᠤᠷ ᠲᠦᠪᠰᠢᠨ ᠤ | ᠰᠡᠷᠭᠡᠶᠢᠯᠡᠯᠲᠡ ᠶᠢᠨ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ᠡᠭᠦᠨ ᠤ ᠵᠡᠷᠭᠡᠴᠡᠪᠡᠷ᠂ ᠥᠷᠭᠡᠨ ᠤᠯᠠᠨ ᠲᠦᠮᠡᠨ | ᠪᠣᠯᠣᠨ ᠠᠵᠤ ᠠᠬᠤᠶᠢᠯᠠᠯ ᠤᠨ ᠠᠵᠢᠯᠲᠠᠨ ᠠᠵᠢᠯᠴᠢᠳ ᠢ ᠲᠠᠶᠢᠴᠢᠯᠠᠨ ᠬᠠᠤᠯᠢ ᠠᠴᠠ ᠵᠥᠷᠢᠴᠡᠭᠰᠡᠨ ᠥᠢᠯᠡ | ᠠᠵᠢᠯᠯᠠᠭ᠎ᠠ ᠳᠤ ᠬᠢᠨᠠᠯᠲᠠ ᠲᠠᠯᠪᠢᠬᠤ᠂ ᠢᠯᠡᠴᠢᠯᠡᠨ ᠮᠡᠳᠡᠭᠦᠯᠬᠦ ᠬᠡᠯᠪᠡᠷᠢ ᠪᠠᠷ ᠠᠶᠦᠯᠭᠦᠢ ᠦᠢᠯᠡᠳᠪᠦᠷᠢᠯᠡᠯ ᠳᠤ | ᠣᠷᠣᠯᠴᠠᠭᠤᠯᠵᠤ᠂ ᠠᠶᠦᠯᠭᠦᠢ ᠦᠢᠯᠡᠳᠪᠦᠷᠢᠯᠡᠯ ᠤᠨ ᠦᠵᠡᠯ ᠤᠬᠠᠮᠰᠠᠷ᠂ ᠭᠠᠮᠰᠢᠭ ᠢ ᠰᠡᠷᠭᠡᠶᠢᠯᠡᠬᠦ ᠦᠵᠡᠯ | ᠤᠬᠠᠮᠰᠠᠷ ᠪᠣᠯᠣᠨ ᠭᠠᠯ ᠲᠦᠢᠮᠡᠷ ᠢ ᠤᠨᠲᠠᠷᠠᠭᠠᠵᠤ ᠠᠶᠤᠯ ᠠᠴᠠ ᠬᠠᠮᠠᠭᠠᠯᠠᠬᠤ ᠦᠵᠡᠯ ᠤᠬᠠᠮᠰᠠᠷ ᠢ ᠯᠠᠪᠳᠠᠭᠤᠨ ᠢᠶᠠᠷ | ᠳᠡᠭᠡᠭᠰᠢᠯᠡᠭᠦᠯᠬᠦ ᠬᠡᠷᠡᠭᠲᠡᠢ᠃ | | ᠲᠠᠪᠤ᠂ ᠪᠠᠶᠢᠴᠠᠭᠠᠬᠤ ᠬᠦᠷᠢᠶ᠎ᠡ ᠬᠡᠪᠴᠢᠶ᠎ᠡ | | ︵ ᠨᠢᠭᠡ︶ ᠰᠣᠶᠣᠯ ᠤᠨ ᠵᠠᠬ᠎ᠠ ᠳᠡᠯᠭᠡᠭᠦᠷ ᠤᠨ ᠭᠤᠣᠯᠳᠠᠯᠭ᠎ᠠ ᠲᠠᠢ ᠪᠠᠶᠢᠴᠠᠭᠠᠬᠤ ᠬᠦᠷᠢᠶ᠎ᠡ ᠬᠡᠪᠴᠢᠶ᠎ᠡ | | 1. ᠬᠠᠷᠢᠶ᠎ᠠ ᠣᠷᠣᠨ ᠤ ᠳᠣᠲᠣᠷᠠᠬᠢ ᠡᠵᠡᠩᠨᠡᠯᠲᠡ ᠶᠢᠨ ᠴᠢᠨᠠᠷᠲᠠᠢ ᠲᠣᠭᠯᠠᠯᠲᠠ ᠶᠢᠨ ᠠᠵᠢᠯᠯᠠᠭ᠎ᠠ ᠶᠢ ᠬᠢᠨᠠᠨ | ᠵᠥᠪᠰᠢᠶᠡᠷᠡᠭᠰᠡᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠲᠣᠭᠯᠠᠯᠲᠠ ᠶᠢᠨ ᠲᠣᠭᠲᠠᠭᠠᠯ ᠠᠴᠠ ᠵᠥᠷᠢᠴᠡᠭᠰᠡᠨ | ᠲᠦᠭᠰᠢᠭᠦᠷᠢ ᠶᠢᠨ ᠳᠠᠯᠳᠠ ᠬᠡᠮ ᠢ ᠤᠷᠢᠳᠴᠢᠯᠠᠨ ᠰᠤᠳᠤᠯᠤᠨ ᠮᠠᠭᠠᠳᠯᠠᠵᠤ᠂ ᠲᠣᠭᠯᠠᠯᠲᠠ ᠡᠷᠭᠢᠯᠡᠬᠦ ᠨᠢᠭᠡᠴᠢ᠂ | ᠲᠠᠰᠤᠯᠪᠤᠷᠢ ᠶᠢᠨ ᠶᠠᠪᠤᠳᠠᠯ ᠤᠨ ᠡᠵᠡᠩᠨᠡᠯᠲᠡ ᠶᠢᠨ ᠨᠢᠭᠡᠴᠢ᠂ ᠲᠣᠭᠯᠠᠯᠲᠠ ᠶᠢᠨ ᠲᠠᠯᠠᠪᠠᠶ ᠶᠢᠨ ᠣᠷᠣᠨ ᠨᠤᠲᠤᠭ ᠵᠡᠷᠭᠡ | ᠲᠣᠭᠯᠠᠯᠲᠠ ᠡᠵᠡᠩᠨᠡᠬᠦ ᠨᠢᠭᠡᠴᠢ ᠲᠠᠢ ᠤᠷᠢᠳᠴᠢᠯᠠᠨ ᠪᠣᠯᠵᠣᠨ ᠶᠠᠷᠢᠯᠴᠠᠵᠤ᠂ ᠬᠠᠤᠯᠢ ᠬᠡᠷᠡᠭᠵᠢᠭᠦᠯᠬᠦ ᠶᠢ ᠬᠢᠨᠠᠨ | ᠬᠠᠮᠢᠶᠠᠷᠬᠤ ᠵᠦᠢᠯᠡᠰ ᠪᠠ ᠱᠠᠭᠠᠷᠳᠠᠯᠭ᠎ᠠ ᠶᠢ ᠲᠣᠳᠣᠷᠬᠠᠶᠢᠯᠠᠨ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠪᠣᠳᠠᠲᠠᠶᠢᠵᠢᠭᠤᠯᠵᠤ᠂ ᠡᠯ᠎ᠡ ᠵᠦᠢᠯ ᠤᠨ ᠠᠵᠢᠯ ᠢ ᠰᠢᠮᠳᠠᠭᠤᠯᠤᠨ ᠨᠠᠷᠢᠯᠢᠭ ᠨᠠᠶᠢᠳᠠᠪᠤᠷᠢᠵᠢᠭᠤᠯᠤᠨ᠎ᠠ᠃ | ᠲᠣᠭᠯᠠᠯᠲᠠ ᠶᠢᠨ ᠲᠤᠬᠠᠢ ᠶᠢᠨ ᠲᠠᠯᠠᠪᠠᠶ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠣᠭᠯᠠᠭᠴᠢ ᠶᠢᠨ | ᠮᠡᠳᠡᠭᠡ ᠵᠠᠩᠭᠢ᠂ ᠲᠣᠭᠯᠠᠯᠲᠠ ᠶᠢᠨ ᠫᠷᠣᠭ᠍ᠷᠠᠮ ᠤᠨ ᠠᠭᠤᠯᠭ᠎ᠠ ᠵᠡᠷᠭᠡ ᠲᠥᠷᠥᠯ ᠵᠦᠢᠯ ᠢ ᠬᠢᠨᠠᠨ ᠰᠢᠯᠭᠠᠵᠤ᠂ | ᠵᠥᠪᠰᠢᠶᠡᠷᠡᠯ ᠦᠭᠡᠢ ᠪᠠᠷ ᠡᠵᠡᠩᠨᠡᠯᠲᠡ ᠶᠢᠨ ᠴᠢᠨᠠᠷᠲᠠᠢ ᠲᠣᠭᠯᠠᠯᠲᠠ ᠡᠷᠭᠢᠯᠡᠬᠦ᠂ ᠲᠣᠭᠯᠠᠯᠲᠠ ᠶᠢᠨ ᠠᠵᠢᠯᠯᠠᠭ᠎ᠠ ᠳᠤ | ᠬᠤᠷᠢᠭᠯᠠᠬᠤ ᠠᠭᠤᠯᠭ᠎ᠠ ᠲᠠᠢ᠂ ᠬᠠᠭᠤᠷᠮᠠᠭ ᠢᠶᠠᠷ ᠳᠠᠭᠤᠯᠠᠵᠤ ᠬᠠᠭᠤᠷᠮᠠᠭ ᠢᠶᠠᠷ ᠬᠥᠭᠵᠢᠮᠳᠡᠬᠦ ᠬᠠᠤᠯᠢ ᠠᠴᠠ | ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠲᠣᠭᠯᠠᠯᠲᠠ ᠶᠢᠨ | ᠲᠠᠰᠤᠯᠪᠤᠷᠢ ᠶᠢᠨ ᠶᠠᠪᠤᠳᠠᠯ ᠤᠨ ᠵᠠᠬ᠎ᠠ ᠳᠡᠯᠭᠡᠭᠦᠷ ᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ | ᠳᠤᠷ᠎ᠠ ᠮᠡᠳᠡᠨ ᠲᠣᠭᠯᠠᠯᠲᠠ ᠶᠢᠨ ᠲᠠᠰᠤᠯᠪᠤᠷᠢ ᠶᠢᠨ ᠶᠠᠪᠤᠳᠠᠯ ᠤᠨ ᠡᠵᠡᠩᠨᠡᠯᠲᠡ ᠶᠢᠨ ᠠᠵᠢᠯᠯᠠᠭ᠎ᠠ ᠬᠢᠭᠰᠡᠨ᠂ | ᠵᠥᠪᠰᠢᠶᠡᠷᠡᠯ ᠦᠭᠡᠢ ᠪᠠᠷ ᠲᠣᠭᠯᠠᠯᠲᠠ ᠶᠢᠨ ᠪᠢᠯᠧᠲ ᠢ ᠳᠤᠷ᠎ᠠ ᠮᠡᠳᠡᠨ ᠬᠤᠳᠠᠯᠳᠤᠭᠰᠠᠨ ᠵᠡᠷᠭᠡ ᠬᠠᠤᠯᠢ ᠠᠴᠠ | ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠢᠨᠲ᠋ᠧᠷ ᠰᠦᠯᠵᠢᠶᠡᠨ ᠤ ᠲᠠᠪᠴᠠᠩ ᠢ | ᠰᠢᠮᠳᠠᠭᠤᠯᠤᠨ ᠬᠢᠨᠠᠨ ᠰᠢᠯᠭᠠᠬᠤ ᠡᠭᠦᠷᠭᠡ ᠶᠢ ᠭᠦᠢᠴᠡᠳᠬᠡᠨ᠎ᠡ᠃ ᠲᠣᠭᠯᠠᠯᠲᠠ ᠶᠢᠨ ᠠᠵᠢᠯᠯᠠᠭ᠎ᠠ ᠶᠢᠨ ᠳᠤᠮᠳᠠ | ᠢᠯᠡᠷᠡᠭᠦᠯᠦᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠰᠦᠪᠡᠭᠴᠢ ᠶᠢ ᠴᠠᠭ ᠲᠤᠬᠠᠢ ᠳᠤᠨᠢ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠤᠯᠪᠣᠭᠳᠠᠬᠤ ᠰᠠᠯᠠᠭ᠎ᠠ ᠮᠥᠴᠢᠷ ᠲᠤ ᠰᠢᠯᠵᠢᠭᠦᠯᠦᠨ | ᠲᠤᠰᠢᠶᠠᠵᠤ ᠰᠢᠢᠳᠪᠦᠷᠢᠯᠡᠭᠦᠯᠵᠦ᠂ ᠲᠣᠭᠯᠠᠯᠲᠠ ᠶᠢᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ | ᠵᠢᠷᠤᠮᠵᠢᠭᠤᠯᠤᠨ᠎ᠠ᠃ | | 2. ᠢᠨᠲ᠋ᠧᠷ ᠰᠦᠯᠵᠢᠶᠡᠨ ᠤ ᠰᠦᠯᠵᠢᠶᠡᠨ ᠳᠤ ᠭᠠᠷᠬᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ | ᠂ ᠳᠠᠭᠤᠤ ᠪᠥᠵᠢᠭ ᠵᠤᠭ᠎ᠠ ᠴᠡᠩᠭᠡᠯ ᠤᠨ ᠲᠠᠯᠠᠪᠤᠷ ᠭᠠᠵᠠᠷ᠂ ᠨᠠᠭᠠᠳᠤᠮ ᠵᠤᠭ᠎ᠠ ᠴᠡᠩᠭᠡᠯ ᠤᠨ ᠲᠠᠯᠠᠪᠤᠷ ᠭᠠᠵᠠᠷ᠂ | ᠴᠠᠬᠢᠮ ᠲᠣᠭᠯᠠᠭᠠᠮ ᠤᠨ ᠦᠢᠯᠡᠴᠢᠯᠡᠭᠡ ᠲᠠᠢ ᠪᠠᠭᠤᠳᠠᠯ ᠵᠡᠷᠭᠡ ᠲᠣᠭᠲᠠᠭᠠᠯ ᠠᠴᠠ ᠵᠥᠷᠢᠴᠡᠨ ᠨᠠᠰᠤᠨ ᠳᠤ ᠥᠯᠥ | ᠭᠦᠷᠦᠭᠰᠡᠳ ᠢ ᠭᠥᠯᠢᠶᠡᠨ ᠠᠪᠤᠭᠰᠠᠨ ᠦᠶᠯᠡ ᠠᠵᠢᠯᠯᠠᠭ᠎ᠠ ᠶᠢ ᠪᠠᠶᠢᠴᠠᠭᠠᠵᠤ᠂ ︽ᠬᠠᠷ᠎ᠠ ᠰᠦᠯᠵᠢᠶᠡᠨ ᠤ ᠪᠠᠭᠠᠷ︾ | ︽ᠬᠠᠷ᠎ᠠ ᠳᠠᠭᠤᠤ ᠶᠢᠨ ᠲᠢᠩᠬᠢᠮ︾ ᠵᠡᠷᠭᠡ ᠦᠨᠡᠮᠯᠡᠯ ᠦᠭᠡᠢ ᠪᠠᠷ ᠡᠵᠡᠩᠨᠡᠬᠦ ᠦᠶᠯᠡ ᠠᠵᠢᠯᠯᠠᠭ᠎ᠠ ᠶᠢ ᠴᠢᠩᠭ᠎ᠠ | ᠪᠠᠶᠢᠴᠠᠭᠠᠨ ᠰᠢᠢᠳᠪᠦᠷᠢᠯᠡᠵᠦ᠂ ᠵᠦᠴᠦᠭᠡ ᠶᠢᠨ ᠳᠡᠪᠲᠦᠭᠡ ᠵᠤᠭ᠎ᠠ ᠴᠡᠩᠭᠡᠯ ᠤᠨ ᠲᠠᠯᠠᠪᠤᠷ ᠭᠠᠵᠠᠷ᠂ ᠳᠡᠪᠲᠦᠭᠡ | ᠮᠠᠶ᠋ᠢᠭ ᠤᠨ ᠲᠣᠭᠯᠠᠯᠲᠠ ᠵᠡᠷᠭᠡ ᠰᠢᠨ᠎ᠡ ᠪᠠᠷ ᠪᠣᠶ ᠪᠣᠯᠤᠭᠰᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠢᠴᠠᠭᠠᠬᠤ | ᠬᠦᠷᠢᠶ᠎ᠡ ᠬᠡᠪᠴᠢᠶᠡᠨ ᠳᠤ ᠣᠷᠣᠭᠤᠯᠤᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭ᠎ᠠ ᠠᠳᠬᠤᠨ᠎ᠠ᠃ | ᠰᠦᠯᠵᠢᠶᠡᠨ ᠤ ᠰᠢᠭᠤᠳ ᠨᠡᠪᠲᠡᠷᠡᠭᠦᠯᠭᠡ᠂ ᠰᠦᠯᠵᠢᠶᠡᠨ ᠤ ᠲᠠᠭᠤ ᠳᠦᠷᠰᠦ ᠰᠢᠩᠭᠡᠭᠡᠯᠲᠡ ᠵᠡᠷᠭᠡ ᠢᠨᠲ᠋ᠧᠷ | ᠰᠦᠯᠵᠢᠶᠡᠨ ᠤ ᠲᠠᠪᠴᠠᠩ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ︽ᠨᠠᠰᠤᠨ ᠳᠤ ᠥᠯᠥ ᠭᠦᠷᠦᠭᠰᠡᠳ ᠤᠨ ᠵᠠᠭᠪᠤᠷ︾ ᠢ ᠵᠢᠷᠤᠮᠵᠢᠭᠤᠯᠤᠨ | ᠪᠠᠶᠢᠷᠢᠯᠠᠭᠤᠯᠵᠤ᠂ ᠬᠡᠦᠬᠡᠳ ᠤᠨ ᠣᠶᠤᠨᠴᠢ ᠲᠥᠬᠦᠭᠡᠷᠦᠮᠵᠢ ᠪᠠᠷ ᠨᠠᠰᠤᠨ ᠳᠤ ᠥᠯᠥ ᠭᠦᠷᠦᠭᠰᠡᠳ ᠤᠨ ᠪᠡᠶ᠎ᠡ | ᠰᠡᠳᠬᠢᠯ ᠤᠨ ᠡᠷᠡᠭᠦᠯ ᠮᠡᠨᠳᠦ ᠶᠢ ᠬᠤᠬᠢᠷᠠᠭᠤᠯᠬᠤ ᠰᠦᠯᠵᠢᠶᠡᠨ ᠤ ᠰᠣᠶᠣᠯ ᠤᠨ ᠪᠦᠲᠦᠭᠡᠭᠳᠡᠬᠦᠨ ᠢ ᠳᠠᠮᠵᠢᠭᠤᠯᠬᠤ ᠶᠢ | ᠴᠢᠩᠭ᠎ᠠ ᠰᠡᠷᠭᠡᠶᠢᠯᠡᠵᠦ᠂ ᠨᠠᠰᠤᠨ ᠳᠤ ᠥᠯᠥ ᠵᠣᠨ ᠤ ᠠᠮᠠᠷᠠᠯᠲᠠ ᠶᠢᠨ ᠵᠢᠭᠤᠯᠴᠢᠯᠠᠯ ᠤᠨ ᠬᠥᠭᠵᠢᠯᠲᠡᠢ ᠤᠯᠠᠷᠢᠯ ᠤᠨ | ᠨᠠᠰᠤᠨ ᠳᠤ ᠥᠯᠥ ᠭᠦᠷᠦᠭᠰᠡᠳ ᠤᠨ ᠠᠵᠢᠯᠯᠠᠭᠠᠨ ᠤ ᠣᠨᠴᠠᠯᠢᠭ ᠲᠠᠢ ᠤᠶᠠᠯᠳᠤᠭᠤᠯᠤᠨ᠂ ᠭᠤᠣᠯᠳᠠᠯᠭ᠎ᠠ ᠲᠠᠢ | ᠲᠠᠯᠠᠪᠤᠷ ᠭᠠᠵᠠᠷ ᠤᠨ ᠵᠠᠩᠭᠢᠯᠠᠭ᠎ᠠ ᠶᠢᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ | | ︵ ᠬᠤᠶᠠᠷ︶ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠣᠯᠳᠠᠯᠭ᠎ᠠ ᠲᠠᠢ ᠪᠠᠶᠢᠴᠠᠭᠠᠬᠤ ᠬᠦᠷᠢᠶ᠎ᠡ | ᠬᠡᠪᠴᠢᠶ᠎ᠡ | | 1. ᠡᠯᠡᠰᠦᠨ ᠴᠥᠯ ᠤᠨ ᠵᠢᠭᠤᠯᠴᠢᠯᠠᠯ ᠤᠨ ᠠᠵᠢᠯᠯᠠᠭ᠎ᠠ ᠳᠤ ᠴᠢᠭᠯᠡᠭᠦᠯᠦᠨ ᠡᠷᠴᠢᠮᠲᠡᠢ ᠪᠠᠶᠢᠴᠠᠭᠠᠯᠲᠠ | ᠥᠷᠨᠢᠭᠦᠯᠵᠦ᠂ ᠢᠯᠠᠩᠭᠤᠶ᠎ᠠ ᠡᠯᠡᠰᠦᠨ ᠴᠥᠯ ᠳᠤ ᠳᠤᠷ᠎ᠠ ᠮᠡᠳᠡᠨ ᠵᠣᠴᠢᠨ ᠲᠠᠲᠠᠭᠰᠠᠨ ᠬᠡᠭᠡᠷ᠎ᠡ ᠶᠢᠨ ᠲᠡᠷᠭᠡ ᠬᠥᠰᠬᠡ᠂ | ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠤᠨ ᠡᠷᠬᠢᠨ ᠲᠣᠭᠤᠷᠢᠨ ᠤ ᠬᠢᠨᠠᠨ ᠵᠥᠪᠰᠢᠶᠡᠷᠡᠯ ᠦᠭᠡᠢ ᠪᠠᠷ ᠳᠤᠷ᠎ᠠ | ᠮᠡᠳᠡᠨ ᠡᠵᠡᠩᠨᠡᠵᠦ ᠪᠠᠶᠢᠭ᠎ᠠ ᠡᠯᠡᠰᠦᠨ ᠴᠥᠯ ᠤᠨ ᠮᠣᠲ᠋ᠣᠷ ᠲᠡᠷᠭᠡ᠂ UTV ᠵᠡᠷᠭᠡ ᠲᠡᠷᠭᠡ ᠬᠥᠰᠬᠡ᠂ ᠥᠪᠡᠷ ᠢᠶᠠᠨ | ᠥᠷᠨᠢᠭᠦᠯᠦᠭᠰᠡᠨ ᠮᠣᠷᠢ ᠤᠨᠤᠵᠤ ᠲᠡᠮᠡᠭᠡ ᠤᠨᠤᠬᠤ ᠲᠥᠷᠥᠯ ᠵᠦᠢᠯ᠂ ᠦᠵᠡᠮᠵᠢ ᠶᠢᠨ ᠣᠷᠣᠨ ᠤ ᠦᠨ᠎ᠡ ᠬᠠᠩᠰᠢ ᠶᠢ | ᠵᠠᠷᠯᠠᠨ ᠨᠡᠶᠢᠲᠡᠯᠡᠭᠰᠡᠨ ᠦᠭᠡᠢ ᠵᠡᠷᠭᠡ ᠪᠣᠯᠣᠨ᠎ᠠ᠃ ᠵᠢᠱᠢᠶᠡᠯᠡᠪᠡᠯ᠂ ᠠᠯᠠᠱᠠ ᠵᠡᠭᠦᠨ ᠬᠤᠰᠢᠭᠤᠨ ᠤ ︽ᠲᠠᠪᠤᠨ | ᠨᠠᠭᠤᠷ ᠤᠨ ᠳᠠᠪᠠᠯᠲᠠ︾ ᠂ ᠪᠠᠭᠠᠲᠤᠷᠴᠤᠳ ᠤᠨ ᠴᠤᠭᠯᠠᠭᠠᠨ ᠤ ᠡᠷᠭᠢᠯᠡᠭᠰᠡᠨ ᠭᠠᠵᠠᠷ ᠤᠨ ᠡᠷᠬᠢᠨ ᠲᠣᠭᠤᠷᠢᠨ ᠤ | ᠡᠯᠡᠰᠦᠨ ᠴᠥᠯ ᠤᠨ ᠬᠡᠭᠡᠷ᠎ᠡ ᠶᠢᠨ ᠲᠡᠷᠭᠡ᠂ ᠺᠠᠷᠲ᠋ᠢᠩ ᠲᠡᠷᠭᠡ᠂ ᠮᠣᠷᠢ ᠤᠨᠤᠵᠤ ᠲᠡᠮᠡᠭᠡ ᠤᠨᠤᠬᠤ ᠵᠡᠷᠭᠡ | ᠠᠰᠠᠭᠤᠳᠠᠯ ᠳᠤ ᠴᠢᠭᠯᠡᠭᠦᠯᠦᠨ ᠭᠤᠣᠯᠳᠠᠯᠭ᠎ᠠ ᠲᠠᠢ ᠪᠠᠶᠢᠴᠠᠭᠠᠯᠲᠠ ᠬᠢᠪᠡ᠃ | | 2. ᠦᠵᠡᠮᠵᠢ ᠶᠢᠨ ᠣᠷᠣᠨ ᠤ ᠳᠠᠭᠠᠭᠠᠴᠠ ᠶᠢᠨ ᠬᠡᠮᠵᠢᠶ᠎ᠡ᠂ ᠦᠵᠡᠮᠵᠢ ᠶᠢᠨ ᠣᠷᠣᠨ ᠤ ᠲᠣᠭᠤᠷᠢᠨ ᠦᠵᠡᠬᠦ | ᠲᠡᠷᠭᠡ ᠬᠥᠰᠬᠡ᠂ ᠵᠢᠭᠤᠯᠴᠢᠯᠠᠯ ᠤᠨ ᠣᠩᠭᠤᠴᠠ᠂ ᠲᠠᠲᠠᠭᠤᠷ ᠲᠡᠷᠭᠡ᠂ ᠳᠡᠭᠦᠵᠢᠩ ᠵᠠᠮ᠂ ᠴᠠᠬᠢᠯᠭᠠᠨ ᠱᠠᠲᠤ ᠵᠡᠷᠭᠡ | ᠵᠢᠭᠤᠯᠴᠢᠯᠠᠭᠴᠢᠳ ᠤᠨ ᠲᠡᠭᠡᠭᠡᠪᠦᠷᠢ ᠶᠢᠨ ᠪᠠᠭᠠᠵᠢ᠂ ᠵᠢᠭᠤᠯᠴᠢᠯᠠᠯ ᠤᠨ ᠳᠠᠭᠠᠭᠠᠴᠢᠯᠠᠭᠰᠠᠨ ᠲᠡᠷᠭᠡ᠂ ᠲᠦᠭᠰᠢᠭᠦᠷᠢ | ᠶᠡᠬᠡᠲᠡᠢ ᠵᠢᠭᠤᠯᠴᠢᠯᠠᠯ ᠤᠨ ᠲᠥᠷᠥᠯ ᠵᠦᠢᠯ ᠤᠨ ᠲᠣᠭᠤᠷᠢᠨ ᠳᠤ᠂ ᠵᠢᠭᠤᠯᠴᠢᠯᠠᠯ ᠤᠨ ᠦᠵᠡᠮᠵᠢ ᠶᠢᠨ ᠣᠷᠣᠨ | ᠦᠵᠡᠮᠵᠢ ᠶᠢᠨ ᠣᠷᠣᠨ ᠤ ᠲᠣᠭᠤᠷᠢᠨ ᠳᠤ ᠠᠶᠦᠯᠭᠦᠢ ᠦᠢᠯᠡᠳᠪᠦᠷᠢᠯᠡᠯ ᠤᠨ ᠢᠯᠡ ᠪᠠᠷ ᠪᠠᠶᠢᠴᠠᠭᠠᠵᠤ ᠳᠠᠯᠳᠠᠭᠤᠷ | ᠰᠤᠷᠪᠤᠯᠵᠢᠯᠠᠬᠤ ᠪᠠ ᠲᠤᠰᠬᠠᠢ ᠵᠦᠢᠯ ᠢᠶᠠᠷ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠶᠢ ᠥᠷᠨᠢᠭᠦᠯᠵᠦ᠂ ᠰᠣᠶᠣᠯ | ᠵᠢᠭᠤᠯᠴᠢᠯᠠᠯ ᠤᠨ ᠡᠵᠡᠩᠨᠡᠯᠲᠡ ᠶᠢᠨ ᠨᠢᠭᠡᠴᠢ ᠶᠢᠨ ᠠᠶᠦᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ | | 3. ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ | ᠪᠠᠶᠢᠳᠠᠯ ᠵᠡᠷᠭᠡ ᠠᠰᠠᠭᠤᠳᠠᠯ ᠤᠨ ᠰᠦᠪᠡᠭᠴᠢ ᠶᠢ ᠡᠷᠴᠢᠮᠲᠡᠢ ᠬᠠᠷᠭᠤᠭᠤᠯᠤᠨ ᠪᠠᠶᠢᠴᠠᠭᠠᠵᠤ᠂ ᠵᠢᠭᠤᠯᠴᠢᠯᠠᠯ ᠤᠨ | ᠦᠢᠯᠡᠴᠢᠯᠡᠭᠡᠨ ᠤ ᠭᠠᠵᠠᠷ ᠤᠨ ᠲᠤᠬᠠᠶᠢᠯᠠᠭᠰᠠᠨ ᠠᠵᠢᠯ ᠢ ᠵᠥᠪᠰᠢᠶᠡᠷᠡᠭᠦᠯᠦᠭᠰᠡᠨ ᠦᠭᠡᠢ ᠪᠠᠷ ᠡᠵᠡᠩᠨᠡᠭᠰᠡᠨ᠂ | ᠠᠯᠪᠠᠳᠠᠯᠭ᠎ᠠ ᠪᠠᠷ ᠪᠠᠷᠠᠭ᠎ᠠ ᠬᠤᠳᠠᠯᠳᠤᠨ ᠠᠪᠤᠭᠤᠯᠵᠤ ᠭᠡᠷ᠎ᠡ ᠶᠢ ᠭᠦᠢᠴᠡᠳᠬᠡᠬᠦ ᠶᠢ ᠲᠡᠪᠴᠢᠭᠰᠡᠨ ᠵᠢᠴᠢ | ᠵᠢᠭᠤᠯᠴᠢᠯᠠᠭᠴᠢ ᠶᠢ ᠲᠣᠬᠢᠷᠠᠭᠤᠯᠤᠨ ᠵᠢᠭᠤᠯᠴᠢᠯᠠᠯ ᠤᠨ ᠭᠡᠷ᠎ᠡ ᠳᠤ ᠲᠣᠳᠣᠷᠬᠠᠶᠢᠯᠠᠭᠰᠠᠨ ᠦᠭᠡᠢ ᠠᠭᠤᠯᠭ᠎ᠠ ᠶᠢ | ᠲᠣᠭᠤᠷᠢᠨ ᠦᠵᠡᠭᠦᠯᠬᠦ ᠶᠢᠨ ᠬᠠᠮᠲᠤ ᠬᠤᠯᠪᠣᠭᠳᠠᠬᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠲᠤᠰᠢᠶᠠᠬᠤ | ᠬᠡᠷᠡᠭᠲᠡᠢ᠃ ᠬᠢᠯᠢ ᠠᠯᠤᠰᠯᠠᠭᠰᠠᠨ ᠵᠣᠭᠤᠰ ᠨᠠᠭᠠᠳᠬᠤ ᠵᠢᠭᠤᠯᠴᠢᠯᠠᠯ ᠳᠤ ᠴᠣᠬᠢᠯᠲᠠ ᠥᠭᠴᠦ ᠵᠠᠰᠠᠬᠤ ᠶᠢ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠭᠤᠯᠴᠢᠯᠠᠯ ᠤᠨ ᠠᠷᠭ᠎ᠠ ᠵᠠᠮ ᠢᠶᠠᠷ ᠬᠢᠯᠢ | ᠠᠯᠤᠰᠯᠠᠭᠰᠠᠨ ᠵᠣᠭᠤᠰ ᠨᠠᠭᠠᠳᠬᠤ ᠠᠵᠢᠯᠯᠠᠭ᠎ᠠ ᠳᠤ ᠣᠷᠣᠯᠴᠠᠬᠤ ᠶᠢ ᠴᠢᠩᠭ᠎ᠠ ᠰᠡᠷᠭᠡᠶᠢᠯᠡᠨ᠎ᠡ᠃ | | ᠲᠠᠪᠤ᠂ ᠠᠵᠢᠯ ᠤᠨ ᠱᠠᠭᠠᠷᠳᠠᠯᠭ᠎ᠠ | | ︵ ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠎ᠡ᠃ ᠡᠯ᠎ᠡ ᠨᠢᠭᠡᠴᠢ᠂ ᠠᠵᠤ | ᠠᠬᠤᠶᠢᠯᠠᠯ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠢ ᠶᠢᠨ ᠫᠢᠩ ᠶᠡᠷᠦᠩᠬᠡᠢ ᠱᠦᠵᠢ ᠶᠢᠨ | ᠠᠶᠤᠯᠭᠦᠢ ᠦᠢᠯᠡᠳᠪᠦᠷᠢᠯᠡᠯ ᠤᠨ ᠲᠤᠬᠠᠢ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢᠨ ᠴᠢᠬᠤᠯᠠ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ | ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠪᠦᠲᠦᠮᠵᠢᠲᠡᠶ ᠪᠠᠷ ᠰᠡᠷᠭᠡᠶᠢᠯᠡᠬᠦ ᠪᠠ ᠡᠷᠡᠰ ᠬᠤᠷᠢᠭᠯᠠᠬᠤ ᠴᠢᠬᠤᠯᠠ | ᠠᠷᠭ᠎ᠠ ᠬᠡᠮᠵᠢᠶ᠎ᠡ ᠪᠣᠯᠭᠠᠵᠤ᠂ ᠪᠦᠬᠦ ᠲᠠᠯ᠎ᠠ ᠪᠠᠷ ᠶᠡᠭᠡ ᠪᠠᠷ ᠨᠠᠷᠢᠪᠴᠢᠯᠠᠨ ᠪᠠᠶᠢᠴᠠᠭᠠᠬᠤ ᠪᠠ ᠭᠤᠣᠯᠳᠠᠯᠭ᠎ᠠ ᠲᠠᠢ | ᠪᠠᠶᠢᠴᠠᠭᠠᠬᠤ᠂ ᠲᠤᠰᠬᠠᠢ ᠵᠦᠢᠯ ᠢᠶᠠᠷ ᠵᠠᠰᠠᠨ ᠴᠡᠭᠴᠡᠯᠡᠬᠦ ᠪᠠ ᠪᠦᠲᠦᠮᠵᠢᠲᠡᠶ ᠪᠠᠷ ᠤᠷᠢᠳᠴᠢᠯᠠᠨ ᠰᠡᠷᠭᠡᠶᠢᠯᠡᠬᠦ ᠶᠢ | ᠤᠶᠠᠯᠳᠤᠭᠤᠯᠬᠤ ᠶᠢ ᠪᠠᠷᠢᠮᠲᠠᠯᠠᠵᠤ᠂ ᠡᠯ᠎ᠡ ᠲᠦᠷᠦᠯ ᠤᠨ ᠡ᠊ᠨᠳᠡᠯ ᠤᠨ ᠲᠣᠬᠢᠶᠠᠯᠳᠤᠮᠵᠢ ᠶᠢ ᠬᠠᠮᠤᠭ ᠤᠨ ᠳᠣᠣᠷ᠎ᠠ | ᠬᠡᠮᠵᠢᠶᠡᠨ ᠳᠤ ᠬᠦᠷᠲᠡᠯ᠎ᠡ ᠪᠠᠭᠤᠷᠠᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠪᠦᠬᠦ ᠬᠦᠴᠦᠨ ᠢᠶᠠᠷ ᠢᠶᠠᠨ ᠪᠠᠲᠤᠯᠠᠨ᠎ᠠ᠃ | | | | ︵ ᠬᠤᠶᠠᠷ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ | ᠨᠢᠭᠡᠴᠢ᠂ ᠠᠵᠤ ᠠᠬᠤᠶᠢᠯᠠᠯ ᠤᠳ ᠲᠣᠰ ᠨᠢᠭᠡᠴᠢ ᠶᠢᠨ ᠢᠶᠠᠨ ᠠᠶᠦᠯᠭᠦᠢ ᠦᠢᠯᠡᠳᠪᠦᠷᠢᠯᠡᠯ ᠤᠨ ᠶᠡᠭᠡ | ᠪᠠᠶᠢᠴᠠᠭᠠᠯᠲᠠ ᠶᠢᠨ ᠥᠪᠡᠷ ᠲᠡᠭᠡᠨ ᠪᠠᠶᠢᠴᠠᠭᠠᠵᠤ ᠥᠪᠡᠷ ᠲᠡᠭᠡᠨ ᠵᠠᠯᠠᠷᠠᠭᠤᠯᠬᠤ ᠡᠷᠴᠢᠮ ᠢᠶᠠᠨ ᠴᠢᠩᠭᠠᠳᠬᠠᠵᠤ᠂ | ᠠᠶᠦᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠶᠢ ᠨᠠᠶᠢᠳᠠᠪᠤᠷᠢᠵᠢᠭᠤᠯᠤᠨ᠂ ᠲᠣᠰ | ᠪᠡᠶ᠎ᠡ ᠶᠢᠨ ᠪᠣᠳᠠᠲᠠᠢ ᠲᠠᠢ ᠪᠠᠨ ᠤᠶᠠᠯᠳᠤᠭᠤᠯᠤᠨ ᠠᠵᠢᠯ ᠤᠨ ᠲᠥᠰᠥᠯ ᠲᠣᠭᠲᠠᠭᠠᠵᠤ᠂ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠭᠤᠣᠯ ᠬᠠᠷᠢᠭᠤᠴᠠᠯᠭᠠᠲᠠᠨ ᠨᠢ ᠪᠡᠶ᠎ᠡ ᠪᠠᠷ ᠢᠶᠠᠨ ᠪᠠᠶᠢᠷᠢᠯᠠᠭᠤᠯᠵᠤ | ᠂ ᠪᠡᠶ᠎ᠡ ᠪᠠᠷ ᠢᠶᠠᠨ ᠳᠠᠭᠠᠭᠤᠯᠤᠨ ᠪᠠᠶᠢᠴᠠᠭᠠᠵᠤ᠂ ᠥᠪᠡᠷ ᠲᠡᠭᠡᠨ ᠪᠠᠶᠢᠴᠠᠭᠠᠵᠤ ᠥᠪᠡᠷ ᠲᠡᠭᠡᠨ ᠵᠠᠯᠠᠷᠠᠭᠤᠯᠵᠤ | ᠥᠪᠡᠷ ᠲᠡᠭᠡᠨ ᠥᠭᠡᠷᠡᠴᠢᠯᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠡᠯ᠎ᠡ ᠵᠦᠢᠯ ᠤᠨ ᠬᠠᠷᠢᠭᠤᠴᠠᠯᠭ᠎ᠠ ᠶᠢᠨ | ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ | | | | ᠬᠠᠷᠢᠯᠴᠠᠬᠤ ᠬᠥᠮᠥᠨ᠄ ᠸᠠᠩ ᠵᠢᠩ᠂ ᠤᠲᠠᠰᠤ᠄ 048 ***** | | ᠰᠢᠤᠳᠠᠨ ᠬᠠᠶᠢᠷᠴᠠᠭ᠄ 163.com | | | | | | | | | | ᠮᠡᠳᠡᠭᠡᠯᠡᠯ ᠤᠨ ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ | ᠲᠣᠪᠴᠢᠶ᠎ᠠ | |