| | | 1. ᠡᠩ ᠤᠨ ᠳᠡᠭᠡᠳᠦ ᠰᠤᠷᠭᠠᠭᠤᠯᠢ ᠶᠢᠨ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠭᠡᠷ ᠪᠦᠯᠢ ᠶᠢᠨ ᠦᠷ᠎ᠡ ᠬᠡᠦᠬᠡᠳ᠂ ᠥᠨᠥᠴᠢᠨ ᠬᠡᠦᠬᠡᠳ ᠢ ᠲᠤᠰᠠᠯᠠᠬᠤ ᠲᠥᠷᠥ ᠶᠢᠨ ᠪᠣᠳᠣᠯᠭ᠎ᠠ | ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠦᠷ᠎ᠡ ᠬᠡᠦᠬᠡᠳ᠂ | ᠥᠨᠥᠴᠢᠨ ᠬᠡᠦᠬᠡᠳ ᠨᠢᠭᠡ᠂ ᠡᠩ ᠤᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ᠂ ᠵᠢᠩᠬᠢᠨᠢ ᠠᠩᠭᠢ ᠳᠤ | ᠡᠯᠰᠡᠭᠳᠡᠭᠰᠡᠨ ᠰᠣᠷᠣᠭᠴᠢ ︵ ᠪᠡᠯᠡᠳᠬᠡᠯ ᠠᠩᠭᠢ ᠶᠢᠨ ᠰᠣᠷᠣᠭᠴᠢ ᠪᠠᠭᠲᠠᠨ᠎ᠠ︶ ᠶᠢ ᠡᠯᠰᠡᠬᠦ ᠠᠴᠠ ᠡᠬᠢᠯᠡᠨ ᠵᠢᠯ | ᠪᠦᠷᠢ 6000 ᠲᠥᠭᠦᠷᠢᠭ ᠢᠶᠠᠷ ᠲᠤᠰᠠᠯᠠᠵᠤ᠂ ᠵᠢᠩᠬᠢᠨᠢ ᠠᠩᠭᠢ ᠳᠤ 24000 ᠲᠥᠭᠦᠷᠢᠭ ᠠᠴᠠ ᠬᠡᠲᠦᠷᠡᠭᠦᠯᠵᠦ | ᠪᠣᠯᠬᠤ ᠦᠭᠡᠢ᠃ ᠲᠤᠰᠬᠠᠢ ᠮᠡᠷᠭᠡᠵᠢᠯ ᠤᠨ ᠠᠩᠭᠢ 18000 ᠲᠥᠭᠦᠷᠢᠭ ᠠᠴᠠ ᠬᠡᠲᠦᠷᠡᠵᠦ ᠪᠣᠯᠬᠤ ᠦᠭᠡᠢ᠃ | ᠬᠤᠶᠠᠷ᠂ ᠲᠡᠳᠬᠦᠭᠳᠡᠭᠰᠡᠨ ᠰᠤᠷᠤᠭᠴᠢᠳ ᠡᠷᠬᠡᠪᠰᠢ ᠶᠡᠭᠡ ᠰᠤᠷᠭᠠᠭᠤᠯᠢ ᠶᠢᠨ ᠰᠢᠨ᠎ᠡ ᠰᠤᠷᠤᠭᠴᠢ ᠪᠠᠶᠢᠬᠤ ᠬᠡᠷᠡᠭᠲᠡᠢ᠃ | ᠭᠤᠷᠪᠠ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷᠡᠴᠢ ᠪᠤᠶᠤ ᠥᠨᠥᠴᠢᠨ ᠬᠡᠦᠬᠡᠳ ᠤᠨ ᠦᠨᠡᠮᠯᠡᠯ ᠲᠠᠢ ᠪᠠᠶᠢᠬᠤ | ᠬᠡᠷᠡᠭᠲᠡᠢ᠃ ︽ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ 2014 ᠣᠨ ᠤ 2 | ᠳ᠋ᠤᠭᠠᠷ ᠰᠠᠷ᠎ᠠ ᠶᠢᠨ 21 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ | ᠶᠠᠪᠤᠳᠠᠯ ᠤᠨ ᠬᠤᠷᠢᠶᠠᠨ ᠤ 649 ᠳ᠋ᠦ᠋ᠭᠡᠷ ᠵᠠᠷᠯᠢᠭ ᠢᠶᠠᠷ ᠨᠡᠶᠢᠲᠡᠯᠡᠪᠡ 2014 ᠣᠨ ᠤ 5 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠨ ᠮᠥᠷᠳᠡᠨ᠎ᠡ︶ ᠶᠢᠨ ᠭᠤᠷᠪᠠᠳᠤᠭᠠᠷ ᠵᠦᠢᠯ ᠤᠨ ᠬᠤᠶᠠᠳᠤᠭᠠᠷ ᠵᠤᠷᠪᠤᠰ ᠰᠢᠶᠠᠨ ᠤ ᠱᠠᠲᠤᠨ | ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ᠂ ᠡᠷᠡᠭᠦᠯ | ᠬᠠᠮᠠᠭᠠᠯᠠᠯ ᠲᠥᠯᠥᠪᠯᠡᠭᠡᠲᠦ ᠬᠥᠩᠭᠡᠵᠢᠯ᠂ ᠰᠤᠷᠭᠠᠨ ᠬᠥᠮᠦᠵᠢᠯ᠂ ᠣᠷᠣᠨ ᠰᠠᠭᠤᠴᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ | ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠲᠣᠰ ᠵᠠᠰᠠᠭ ᠵᠠᠬᠢᠷᠭᠠᠨ ᠤ ᠣᠷᠣᠨ ᠤ | ᠳᠣᠲᠣᠷᠠᠬᠢ ᠵᠣᠬᠢᠴᠠᠩᠭᠤᠢ ᠨᠡᠶᠢᠭᠡᠮ ᠤᠨ ᠠᠪᠤᠷᠠᠨ ᠲᠤᠰᠠᠯᠠᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠭᠤᠴᠢᠨ ᠭᠤᠷᠪᠠᠳᠤᠭᠠᠷ ᠵᠦᠢᠯ ᠤᠯᠤᠰ ᠠᠴᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ | ᠰᠤᠷᠤᠯᠴᠠᠵᠤ ᠪᠠᠶᠢᠭ᠎ᠠ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠪᠦᠷᠢᠯᠳᠦᠭᠦᠨ᠂ | ᠠᠰᠠᠷᠠᠨ ᠲᠡᠵᠢᠭᠡᠯᠭᠡᠵᠦ ᠪᠠᠶᠢᠭ᠎ᠠ ᠣᠨᠴᠠ ᠬᠦᠴᠢᠷᠳᠡᠯ ᠲᠠᠢ ᠬᠥᠮᠥᠰ ᠲᠤ ᠰᠤᠷᠭᠠᠨ ᠬᠥᠮᠦᠵᠢᠯ ᠤᠨ ᠲᠤᠰᠠᠯᠠᠮᠵᠢ | ᠦᠵᠡᠭᠦᠯᠦᠨ᠎ᠡ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ︵ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠᠭᠲᠠᠨ᠎ᠠ︶ ᠂ ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ | ᠱᠠᠲᠤ ᠦᠶ᠎ᠡ ᠳᠤ ᠰᠤᠷᠤᠯᠴᠠᠵᠤ ᠪᠠᠶᠢᠭ᠎ᠠ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ | ᠪᠦᠷᠢᠯᠳᠦᠭᠦᠨ᠂ ᠣᠨᠴᠠ ᠬᠦᠴᠢᠷᠳᠡᠯᠲᠡᠢ ᠠᠰᠠᠷᠠᠨ ᠲᠡᠵᠢᠭᠡᠵᠦ ᠪᠠᠶᠢᠭ᠎ᠠ ᠬᠥᠮᠥᠰ ᠵᠢᠴᠢ ᠰᠤᠷᠭᠠᠭᠤᠯᠢ ᠳᠤ ᠣᠷᠣᠵᠤ | ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠵᠦ ᠳᠡᠶᠢᠯᠬᠦ ᠦᠭᠡᠢ ᠵᠡᠮᠳᠡᠭ ᠬᠡᠦᠬᠡᠳ ᠲᠤ ᠪᠣᠳᠠᠲᠠᠢ ᠪᠠᠶᠢᠳᠠᠯ ᠢ ᠨᠢ | ᠦᠨᠳᠦᠰᠦᠯᠡᠨ ᠵᠣᠬᠢᠬᠤ ᠰᠤᠷᠭᠠᠨ ᠬᠥᠮᠦᠵᠢᠯ ᠤᠨ ᠠᠪᠤᠷᠠᠨ ᠲᠤᠰᠠᠯᠠᠯᠲᠠ ᠣᠯᠭᠤᠨ᠎ᠠ᠃ | ᠬᠠᠷᠢᠭᠤᠴᠠᠯᠭᠠᠲᠤ ᠨᠢᠭᠡᠴᠢ ᠶᠢᠨ ᠠᠰᠠᠭᠤᠨ ᠯᠠᠪᠯᠠᠬᠤ ᠤᠲᠠᠰᠤ᠄ ᠬᠤᠰᠢᠭᠤᠨ ᠤ ᠰᠤᠷᠭᠠᠨ ᠬᠥᠮᠦᠵᠢᠯ ᠤᠨ | ᠪᠡᠶ᠎ᠡ ᠶᠢᠨ ᠲᠠᠮᠢᠷ ᠤᠨ ᠲᠣᠪᠴᠢᠶ᠎ᠠ 0483-8196533 | 2. ᠪᠠᠶᠢᠷᠢ ᠳᠤ ᠰᠠᠭᠤᠬᠤ ᠰᠣᠷᠣᠭᠴᠢ ᠶᠢᠨ ᠪᠠᠶᠢᠷᠢ ᠶᠢᠨ ᠵᠠᠷᠤᠳᠠᠯ ᠳᠤ ᠨᠥᠬᠦᠪᠦᠷᠢ ᠣᠯᠭᠤᠬᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠪᠠᠶᠢᠷᠢ ᠳᠤ ᠰᠠᠭᠤᠬᠤ ᠰᠣᠷᠣᠭᠴᠢ ᠶᠢᠨ | ᠪᠠᠶᠢᠷᠢ ᠶᠢᠨ ᠵᠠᠷᠤᠳᠠᠯ ᠳᠤ ᠨᠥᠬᠦᠪᠦᠷᠢ ᠣᠯᠭᠤᠬᠤ ᠪᠠᠷᠢᠮᠵᠢᠶ᠎ᠠ ᠨᠢ ᠰᠣᠷᠣᠭᠴᠢ ᠨᠢᠭᠡᠪᠦᠷᠢ ᠳᠤ ᠵᠢᠯ ᠪᠦᠷᠢ ᠪᠠᠭ᠎ᠠ | ᠰᠤᠷᠭᠠᠭᠤᠯᠢ 300 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ 300 ᠲᠥᠭᠦᠷᠢᠭ ︽ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠲᠣᠬᠢᠷᠠᠭᠤᠯᠤᠨ | ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ ᠥᠪᠥᠷ ᠵᠠᠰᠠᠭ ᠠᠯᠪᠠᠨ ᠲᠠᠷᠬᠠᠭᠠᠭᠰᠠᠨ ﹇ 2022﹈ 57 | ᠳ᠋ᠤᠭᠠᠷ ᠲᠣᠭᠠᠲᠤ | ᠬᠠᠷᠢᠭᠤᠴᠠᠯᠭᠠᠲᠤ ᠨᠢᠭᠡᠴᠢ ᠶᠢᠨ ᠠᠰᠠᠭᠤᠨ ᠯᠠᠪᠯᠠᠬᠤ ᠤᠲᠠᠰᠤ᠄ ᠬᠤᠰᠢᠭᠤᠨ ᠤ ᠰᠤᠷᠭᠠᠨ ᠬᠥᠮᠦᠵᠢᠯ ᠤᠨ | ᠪᠡᠶ᠎ᠡ ᠶᠢᠨ ᠲᠠᠮᠢᠷ ᠤᠨ ᠲᠣᠪᠴᠢᠶ᠎ᠠ 0483-8222940︶ | 3. ᠬᠢᠴᠢᠶᠡᠯ ᠤᠨ ᠪᠢᠴᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠠᠴᠠ | ᠤᠯᠤᠰ ᠤᠨ ᠲᠣᠭᠲᠠᠭᠠᠭᠰᠠᠨ ᠬᠢᠴᠢᠶᠡᠯ ᠤᠨ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠵᠤ᠂ ᠰᠣᠷᠣᠭᠴᠢ | ᠨᠢᠭᠡᠪᠦᠷᠢ ᠵᠢᠯ ᠪᠦᠷᠢ ᠪᠠᠭ᠎ᠠ ᠰᠤᠷᠭᠠᠭᠤᠯᠢ 118 ᠲᠥᠭᠦᠷᠢᠭ᠂ ᠠᠩᠬ᠎ᠠ ᠳᠤᠮᠳᠠᠳᠤ 241 ᠲᠥᠭᠦᠷᠢᠭ᠂ ᠣᠨᠴᠠᠭᠠᠶ | ᠰᠤᠷᠭᠠᠨ ᠬᠥᠮᠦᠵᠢᠯ 151 ᠲᠥᠭᠦᠷᠢᠭ ᠪᠠᠶᠢᠵᠤ᠂ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠢᠨ᠎ᠡ | ᠰᠤᠷᠤᠭᠴᠢᠳ ᠲᠤ ᠰᠦᠢᠳᠬᠡᠯ ᠬᠤᠷᠢᠶᠠᠬᠤ ᠦᠭᠡᠢ ᠪᠠᠷ ᠵᠢᠩᠬᠢᠨᠢ ᠬᠡᠪᠯᠡᠯ ᠤᠨ ᠰᠣᠷᠣᠭᠴᠢ ᠶᠢᠨ ᠲᠣᠯᠢ ᠪᠢᠴᠢᠭ ︽ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠲᠣᠬᠢᠷᠠᠭᠤᠯᠤᠨ | ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ ᠥᠪᠥᠷ ᠵᠠᠰᠠᠭ ᠠᠯᠪᠠᠨ ᠲᠠᠷᠬᠠᠭᠠᠭᠰᠠᠨ ﹇ 2022﹈ 57 | ᠳ᠋ᠤᠭᠠᠷ ᠲᠣᠭᠠᠲᠤ | ᠬᠠᠷᠢᠭᠤᠴᠠᠯᠭᠠᠲᠤ ᠨᠢᠭᠡᠴᠢ ᠶᠢᠨ ᠠᠰᠠᠭᠤᠨ ᠯᠠᠪᠯᠠᠬᠤ ᠤᠲᠠᠰᠤ᠄ ᠬᠤᠰᠢᠭᠤᠨ ᠤ ᠰᠤᠷᠭᠠᠨ ᠬᠥᠮᠦᠵᠢᠯ ᠤᠨ | ᠪᠡᠶ᠎ᠡ ᠶᠢᠨ ᠲᠠᠮᠢᠷ ᠤᠨ ᠲᠣᠪᠴᠢᠶ᠎ᠠ 0483-8222940︶ | 4. ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ ᠰᠤᠷᠤᠯᠭ᠎ᠠ ᠶᠢᠨ ᠠᠷᠰᠠᠷ | ᠰᠦᠢᠳᠬᠡᠯ ᠢ ᠬᠡᠯᠲᠦᠷᠢᠭᠦᠯᠵᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠥᠬᠦ ᠬᠤᠰᠢᠭᠤᠨ ᠤ | ᠵᠢᠩᠬᠢᠨᠢ ᠳᠠᠩᠰᠠᠯᠠᠭᠤᠯᠤᠭᠰᠠᠨ ᠰᠤᠷᠭᠠᠭᠤᠯᠢ ᠶᠢᠨ ᠬᠠᠷᠢᠶ᠎ᠠ ᠲᠠᠢ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠰᠤᠷᠤᠯᠭ᠎ᠠ ᠶᠢᠨ ᠠᠷᠰᠠᠷ ᠰᠦᠢᠳᠬᠡᠯ ᠢ | ᠬᠡᠯᠲᠦᠷᠢᠭᠦᠯᠦᠨ᠎ᠡ᠂ ᠰᠤᠷᠤᠯᠭ᠎ᠠ ᠶᠢᠨ ᠠᠷᠰᠠᠷ ᠰᠦᠢᠳᠬᠡᠯ ᠢ ᠬᠡᠯᠲᠦᠷᠢᠭᠦᠯᠬᠦ ᠪᠠᠷᠢᠮᠵᠢᠶ᠎ᠠ ᠨᠢ ᠰᠣᠷᠣᠭᠴᠢ ᠨᠢᠭᠡᠪᠦᠷᠢ ᠳᠤ | ᠵᠢᠯ ᠰᠤᠷᠤᠯᠭ᠎ᠠ ᠶᠢᠨ ᠰᠤᠯᠠ ᠵᠠᠷᠤᠳᠠᠯ ᠤᠨ ᠰᠦᠢᠳᠬᠡᠯ ᠬᠤᠷᠢᠶᠠᠯᠲᠠ ᠨᠢ ᠨᠥᠬᠦᠪᠦᠷᠢ ᠶᠢᠨ ᠪᠠᠷᠢᠮᠵᠢᠶ᠎ᠠ ᠠᠴᠠ | ᠥᠨᠳᠥᠷ ᠪᠠᠶᠢᠪᠠᠯ᠂ ᠰᠤᠷᠭᠠᠭᠤᠯᠢ ᠨᠢ ᠲᠣᠭᠲᠠᠭᠠᠯ ᠶᠣᠰᠣᠭᠠᠷ ᠦᠷᠭᠦᠯᠵᠢᠯᠡᠨ ᠰᠣᠷᠣᠭᠴᠢ ᠠᠴᠠ ᠵᠥᠷᠢᠶ᠎ᠡ ᠶᠢ ᠨᠢ | ᠬᠤᠷᠢᠶᠠᠵᠤ ᠪᠣᠯᠣᠨ᠎ᠠ᠃ ︽ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ | ᠰᠣᠷᠣᠭᠴᠢ ᠶᠢ ᠲᠤᠰᠠᠯᠠᠬᠤ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ ᠥᠪᠥᠷ ᠵᠠᠰᠠᠭ ᠠᠯᠪᠠᠨ ᠲᠠᠷᠬᠠᠭᠠᠭᠰᠠᠨ ﹇ 2022﹈ 56 ᠳ᠋ᠤᠭᠠᠷ ᠲᠣᠭᠠᠲᠤ︶ ᠤᠨ ᠪᠢᠴᠢᠭ | ᠮᠠᠲ᠋ᠧᠷᠢᠶᠠᠯ | ᠬᠠᠷᠢᠭᠤᠴᠠᠯᠭᠠᠲᠤ ᠨᠢᠭᠡᠴᠢ ᠶᠢᠨ ᠠᠰᠠᠭᠤᠨ ᠯᠠᠪᠯᠠᠬᠤ ᠤᠲᠠᠰᠤ᠄ ᠬᠤᠰᠢᠭᠤᠨ ᠤ ᠰᠤᠷᠭᠠᠨ ᠬᠥᠮᠦᠵᠢᠯ ᠤᠨ | ᠪᠡᠶ᠎ᠡ ᠶᠢᠨ ᠲᠠᠮᠢᠷ ᠤᠨ ᠲᠣᠪᠴᠢᠶ᠎ᠠ 0483-8222940 | 5. ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠪᠢᠴᠢᠭ ᠢ ᠰᠦᠢᠳᠬᠡᠯ | ᠬᠤᠷᠢᠶᠠᠬᠤ ᠦᠭᠡᠢ ᠪᠠᠷ ᠬᠠᠩᠭᠠᠨ᠎ᠠ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠥᠬᠦ | ᠬᠤᠰᠢᠭᠤᠨ ᠤ ᠵᠢᠩᠬᠢᠨᠢ ᠳᠠᠩᠰᠠᠯᠠᠭᠤᠯᠤᠭᠰᠠᠨ ᠰᠤᠷᠭᠠᠭᠤᠯᠢ ᠶᠢᠨ ᠬᠠᠷᠢᠶ᠎ᠠ ᠲᠠᠢ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠪᠠᠷᠢᠮᠵᠢᠶ᠎ᠠ ᠨᠢ᠄ ᠥᠨᠳᠥᠷ ᠳᠤᠮᠳᠠᠳᠤ ᠶᠢᠨ ᠨᠢᠭᠡᠳᠦᠭᠡᠷ ᠤᠨ | ᠂ ᠥᠨᠳᠥᠷ ᠳᠤᠮᠳᠠᠳᠤ ᠶᠢᠨ ᠬᠤᠶᠠᠳᠤᠭᠠᠷ ᠣᠨ ᠤ ᠰᠣᠷᠣᠭᠴᠢ ᠨᠢᠭᠡᠪᠦᠷᠢ ᠳᠤ ᠵᠢᠯ ᠳᠤ 550 ᠲᠥᠭᠦᠷᠢᠭ᠂ ᠥᠨᠳᠥᠷ | ᠳᠤᠮᠳᠠᠳᠤ ᠶᠢᠨ ᠭᠤᠷᠪᠠᠳᠤᠭᠠᠷ ᠣᠨ ᠤ ᠰᠣᠷᠣᠭᠴᠢ ᠨᠢᠭᠡᠪᠦᠷᠢ ᠳᠤ ᠵᠢᠯ ᠳᠤ 100 ᠲᠥᠭᠦᠷᠢᠭ ᠤᠨ ︽ᠥᠨᠳᠥᠷ | ᠳᠤᠮᠳᠠᠳᠤ ᠶᠢᠨ ᠱᠠᠲᠤᠨ ᠤ ᠰᠤᠷᠭᠠᠨ ᠬᠥᠮᠦᠵᠢᠯ ᠤᠨ ᠰᠣᠷᠣᠭᠴᠢ ᠶᠢ ᠲᠤᠰᠠᠯᠠᠬᠤ ᠲᠥᠷᠥ ᠶᠢᠨ ᠪᠣᠳᠣᠯᠭ᠎ᠠ ᠶᠢ | ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ ᠥᠪᠥᠷ ᠵᠠᠰᠠᠭ ᠠᠯᠪᠠᠨ ᠲᠠᠷᠬᠠᠭᠠᠭᠰᠠᠨ 2022 | ︵ 56 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ | ᠬᠠᠷᠢᠭᠤᠴᠠᠯᠭᠠᠲᠤ ᠨᠢᠭᠡᠴᠢ ᠶᠢᠨ ᠠᠰᠠᠭᠤᠨ ᠯᠠᠪᠯᠠᠬᠤ ᠤᠲᠠᠰᠤ᠄ ᠬᠤᠰᠢᠭᠤᠨ ᠤ ᠰᠤᠷᠭᠠᠨ ᠬᠥᠮᠦᠵᠢᠯ ᠤᠨ | ᠪᠡᠶ᠎ᠡ ᠶᠢᠨ ᠲᠠᠮᠢᠷ ᠤᠨ ᠲᠣᠪᠴᠢᠶ᠎ᠠ 0483 — 8222940 |