ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ 2024 ᠣᠨ ᠤ ᠳᠡᠭᠡᠷ᠎ᠡ ᠬᠠᠭᠠᠰ ᠵᠢᠯ ᠳᠤ ᠠᠯᠠᠱᠠ ᠵᠡᠭᠦᠨ ᠬᠤᠰᠢᠭᠤᠨ ᠤ ᠴᠢᠯᠠᠭᠤᠨ ᠲᠣᠰᠣ ᠰᠢᠲᠠᠮᠠᠬᠠᠢ ᠬᠡᠢ ᠶᠢᠨ ᠣᠷᠳᠣ ᠳᠠᠮᠵᠢᠭᠤᠯᠬᠤ ᠬᠤᠭᠤᠯᠠᠢ ᠪᠠ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠤᠬᠠᠢ ᠵᠠᠳᠠᠯᠤᠯᠲᠠ
ᠨᠡᠶᠢᠲᠡᠯᠡᠭᠰᠡᠨ ᠴᠠᠭ᠄
2024/8/23
           ᠨᠢᠭᠡ᠂ ᠠᠯᠠᠱᠠ ᠵᠡᠭᠦᠨ ᠬᠤᠰᠢᠭᠤᠨ ᠤ ᠴᠢᠯᠠᠭᠤᠨ ᠲᠣᠰᠣ ᠰᠢᠲᠠᠭᠴᠢ ᠬᠡᠢ ᠶᠢᠨ ᠣᠷᠳᠣ ᠳᠠᠮᠵᠢᠭᠤᠯᠬᠤ ᠬᠤᠭᠤᠯᠠᠢ ᠪᠣᠯᠣᠨ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠺᠣᠮᠢᠰ ᠤᠨ ᠠᠶᠤᠯᠭᠦᠢ ᠦᠢᠯᠡᠳᠪᠦᠷᠢᠯᠡᠯ ᠤᠨ ᠶᠡᠷᠦᠩᠬᠡᠢ ᠪᠠᠶᠢᠳᠠᠯ                  2024 ᠣᠨ ᠤ ᠳᠡᠭᠡᠷ᠎ᠡ ᠬᠠᠭᠠᠰ ᠵᠢᠯ ᠳᠤ᠂ ᠠᠯᠠᠱᠠ ᠵᠡᠭᠦᠨ ᠬᠤᠰᠢᠭᠤᠨ ᠤ ᠴᠢᠯᠠᠭᠤᠨ ᠲᠣᠰᠣ ᠰᠢᠲᠠᠮᠠᠬᠠᠢ ᠬᠡᠢ ᠶᠢ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠢ ᠪᠣᠯᠣᠨ ᠰᠢᠨ᠎ᠡ ᠡᠨᠧᠷᠭᠢ ᠶᠢᠨ ᠰᠤᠷᠪᠤᠯᠵᠢ ᠶᠢᠨ ᠪᠠᠶᠢᠭᠤᠯᠵᠤ ᠪᠠᠶᠢᠭ᠎ᠠ ᠵᠦᠢᠯᠡᠰ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠬᠡᠪ ᠤᠨ ᠪᠠᠶᠢᠳᠠᠯ ᠳᠤ ᠣᠷᠣᠭᠰᠠᠨ ᠪᠥᠭᠡᠳ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠤᠭᠰᠠᠨ ᠦᠭᠡᠢ᠃            ᠬᠤᠶᠠᠷ᠂ ᠠᠶᠦᠯᠭᠦᠢ ᠦᠢᠯᠡᠳᠪᠦᠷᠢᠯᠡᠯ ᠤᠨ ᠪᠠᠶᠢᠳᠠᠯ ᠤᠨ ᠵᠠᠳᠠᠯᠤᠯᠲᠠ            ᠲᠦᠷᠦᠭᠦᠸ ᠬᠠᠭᠠᠰ ᠵᠢᠯ ᠳᠤ᠂ ᠠᠯᠠᠱᠠ ᠵᠡᠭᠦᠨ ᠬᠤᠰᠢᠭᠤᠨ ᠤ ᠲᠣᠰᠣ ᠬᠡᠢ ᠶᠢᠨ ᠣᠷᠳᠣ ᠳᠠᠮᠵᠢᠭᠤᠯᠬᠤ ᠬᠤᠭᠤᠯᠠᠢ ᠪᠠ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠳᠠᠭᠠᠯᠳᠤᠨ᠂ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠬᠤ ᠶᠢ ᠦᠷᠭᠦᠯᠵᠢᠯᠡᠨ ᠴᠢᠩᠭᠠᠳᠬᠠᠵᠤ᠂ ᠲᠦᠷᠦᠯ ᠵᠦᠢᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠤᠨ ᠡᠷᠴᠢᠮ ᠢ ᠴᠢᠩᠭᠠᠷᠠᠭᠤᠯᠤᠨ᠎ᠠ᠂ ᠡᠭᠦᠨ ᠳᠤ ᠳᠣᠣᠷᠠᠬᠢ ᠬᠡᠳᠦᠨ ᠲᠠᠯ᠎ᠠ ᠪᠠᠷ ᠪᠣᠳᠠᠲᠠᠢ ᠢᠯᠡᠷᠡᠨ᠎ᠡ᠄              ︵  ᠨᠢᠭᠡ︶  ᠲᠣᠰᠣ ᠬᠡᠢ ᠶᠢᠨ ᠤᠷᠳᠤ ᠳᠠᠮᠵᠢᠭᠤᠯᠬᠤ ᠬᠤᠭᠤᠯᠠᠢ             ︽ᠠᠯᠠᠱᠠ ᠵᠡᠭᠦᠨ ᠬᠤᠰᠢᠭᠤᠨ ᠤ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠲᠣᠰᠣ ᠬᠡᠢ ᠶᠢᠨ ᠣᠷᠳᠣ ᠳᠠᠮᠵᠢᠭᠤᠯᠬᠤ ᠬᠤᠭᠤᠯᠠᠢ ᠶᠢᠨ ᠱᠤᠭᠤᠮ ᠤᠨ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾  ᠤᠨ ᠱᠠᠭᠠᠷᠳᠠᠯᠭ᠎ᠠ ᠶᠣᠰᠣᠭᠠᠷ᠂ ᠣᠷᠳᠣ ᠳᠠᠮᠵᠢᠭᠤᠯᠬᠤ ᠬᠤᠭᠤᠯᠠᠢ ᠶᠢᠨ ᠱᠤᠭᠤᠮ ᠵᠢᠴᠢ ᠨᠡᠭᠡᠯᠡᠭᠡᠢ ᠶᠢᠨ ᠲᠠᠰᠤᠭ ᠲᠤ ᠴᠢᠭᠯᠡᠭᠦᠯᠦᠨ ᠲᠤᠰᠬᠠᠢ ᠵᠦᠢᠯ ᠤᠨ ᠪᠠᠶᠢᠴᠠᠭᠠᠯᠲᠠ᠂ ᠰᠠᠷ᠎ᠠ ᠶᠢᠨ ᠪᠠᠶᠢᠴᠠᠭᠠᠯᠲᠠ᠂ ᠪᠠᠶᠠᠷ ᠤᠨ ᠡᠳᠦᠷ ᠠᠴᠠ ᠡᠮᠦᠨᠡᠬᠢ ᠪᠠᠶᠢᠴᠠᠭᠠᠯᠲᠠ ᠵᠢᠴᠢ ᠳᠠᠯᠳᠠ ᠬᠡᠮ ᠤᠨ ᠪᠠᠶᠢᠴᠠᠭᠠᠯᠲᠠ ᠶᠢ ᠨᠡᠶᠢᠲᠡ 6 ᠤᠳᠠᠭ᠎ᠠ ᠥᠷᠨᠢᠭᠦᠯᠵᠦ ᠂ ᠬᠦᠨᠳᠦ ᠬᠡᠴᠡᠭᠦᠦ ᠠᠮᠤᠷ ᠲᠦᠪᠰᠢᠨ ᠤ ᠳᠠᠯᠳᠠ ᠬᠡᠮ ᠢ ᠣᠯᠵᠤ ᠮᠡᠳᠡᠭᠰᠡᠨ ᠦᠭᠡᠢ︔  ᠣᠷᠳᠣ ᠳᠠᠮᠵᠢᠭᠤᠯᠬᠤ ᠬᠤᠭᠤᠯᠠᠢ ᠶᠢᠨ ᠱᠤᠭᠤᠮ ᠤᠨ ᠦᠶᠡᠷ ᠤᠰᠤᠨ ᠤ ᠭᠠᠮᠰᠢᠭ ᠠᠴᠠ ᠰᠡᠷᠭᠡᠶᠢᠯᠡᠬᠦ ᠦᠶᠡᠷ ᠤᠰᠤᠨ ᠤ ᠭᠠᠮᠰᠢᠭ ᠠᠴᠠ ᠰᠡᠷᠭᠡᠶᠢᠯᠡᠬᠦ ᠪᠠᠴᠢᠮ ᠪᠠᠶᠢᠳᠠᠯ ᠢ ᠲᠦᠷᠭᠡᠨ ᠠᠷᠭᠠᠴᠠᠬᠤ ᠰᠣᠷᠢᠯᠲᠠ᠂ ᠭᠠᠵᠠᠷ ᠬᠥᠳᠡᠯᠦᠯᠲᠡ ᠶᠢᠨ ᠭᠠᠮᠰᠢᠭ ᠤᠨ ᠪᠠᠴᠢᠮ ᠪᠠᠶᠢᠳᠠᠯ ᠢ ᠲᠦᠷᠭᠡᠨ ᠠᠷᠭᠠᠴᠠᠬᠤ ᠰᠣᠷᠢᠯᠲᠠ ᠶᠢ ᠲᠣᠰ ᠲᠣᠰ ᠨᠢᠭᠡ ᠤᠳᠠᠭ᠎ᠠ ᠥᠷᠨᠢᠭᠦᠯᠵᠦ᠂ ᠠᠵᠢᠯᠲᠠᠨ ᠠᠵᠢᠯᠴᠢᠨ ᠤ ᠭᠡᠨᠡᠳᠲᠡ ᠶᠢᠨ ᠡ᠊ᠨᠳᠡᠯ ᠢ ᠠᠷᠭᠠᠴᠠᠬᠤ ᠪᠠᠴᠢᠮ ᠪᠠᠶᠢᠳᠠᠯ ᠢ ᠲᠦᠷᠭᠡᠨ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠪᠡ︔  ᠪᠦᠬᠦ ᠱᠤᠭᠤᠮ ᠤᠨ ᠤᠰᠤᠨ ᠠᠰᠢᠭᠯᠠᠯᠲᠠ ᠶᠢᠨ ᠠᠵᠢᠯ ᠢ ᠬᠦᠴᠦᠨ ᠲᠡᠭᠦᠯᠳᠡᠷ ᠬᠠᠮᠠᠭᠠᠯᠠᠵᠤ᠂ ᠡᠵᠡᠯᠡᠬᠦ ᠳᠠᠷᠤᠯᠲᠠ ᠦᠭᠡᠢ᠂ ᠪᠠᠷᠢᠯᠭ᠎ᠠ ᠶᠢᠨ ᠠᠵᠢᠯ ᠤᠨ ᠪᠠᠶᠢᠳᠠᠯ ᠦᠭᠡᠢ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠣᠶᠤᠨᠴᠢᠯᠠᠭᠰᠠᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠭᠳᠠᠬᠤ ᠶᠢ ᠳᠠᠭᠠᠯᠳᠤᠨ᠂ ᠣᠷᠳᠣ ᠳᠠᠮᠵᠢᠭᠤᠯᠬᠤ ᠬᠤᠭᠤᠯᠠᠢ ᠶᠢᠨ ᠱᠤᠭᠤᠮ ᠵᠢᠴᠢ ᠨᠡᠭᠡᠯᠡᠭᠡᠢ ᠶᠢᠨ ᠲᠠᠰᠤᠭ ᠨᠢ ᠵᠠᠬ᠎ᠠ ᠬᠢᠵᠠᠭᠠᠷ ᠢᠶᠠᠷ ᠲᠦᠭᠰᠢᠭᠦᠷᠢ ᠮᠡᠳᠡᠭᠦᠯᠬᠦ᠂ ᠳᠠᠷᠤᠯᠲᠠ ᠶᠢᠨ ᠲᠤᠭ᠎ᠠ ᠪᠠᠷᠢᠮᠲᠠ ᠶᠢ ᠬᠤᠯᠠ ᠳᠠᠮᠵᠢᠭᠤᠯᠬᠤ᠂ ᠰᠢᠲᠠᠮᠠᠬᠠᠢ ᠬᠡᠢ ᠶᠢᠨ ᠭᠤᠭᠤᠵᠢᠯᠲᠠ ᠶᠢᠨ ᠰᠡᠷᠡᠮᠵᠢ ᠶᠢᠨ ᠳᠣᠬᠢᠶ᠎ᠠ ᠶᠢ ᠬᠤᠯᠠ ᠳᠠᠮᠵᠢᠭᠤᠯᠬᠤ᠂ ᠠᠯᠤᠰ ᠡᠵᠡᠮᠰᠢᠯᠲᠦ ᠸᠢᠳᠢᠣ᠋ ᠬᠢᠨᠠᠯᠲᠠ ᠪᠠᠷ ᠬᠢᠨᠠᠨ ᠡᠵᠡᠮᠳᠡᠬᠦ ᠵᠡᠷᠭᠡ ᠴᠢᠳᠠᠮᠵᠢ ᠶᠢ ᠪᠡᠶᠡᠯᠡᠭᠦᠯᠵᠦ᠂ ᠣᠷᠳᠣ ᠳᠠᠮᠵᠢᠭᠤᠯᠬᠤ ᠬᠤᠭᠤᠯᠠᠢ ᠶᠢᠨ ᠱᠤᠭᠤᠮ ᠤᠨ ᠪᠦᠬᠦᠯᠢ ᠴᠣᠭᠴᠠ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠨᠠᠩ ᠪᠦᠲᠦᠮᠵᠢᠲᠡᠶ ᠪᠠᠲᠤᠯᠠᠭᠰᠠᠨ ᠪᠠᠶᠢᠨ᠎ᠠ᠃            1. ᠪᠣᠷᠣᠭᠠᠨ ᠤ ᠤᠯᠠᠷᠢᠯ ᠳᠤ ᠣᠷᠣᠭᠰᠠᠨ ᠤ ᠳᠠᠷᠠᠭ᠎ᠠ᠂ ᠭᠤᠣᠯ ᠤᠨ ᠵᠠᠮ ᠢᠶᠠᠷ ᠥᠩᠭᠡᠷᠡᠬᠦ ᠣᠷᠳᠣ ᠳᠠᠮᠵᠢᠭᠤᠯᠬᠤ ᠬᠤᠭᠤᠯᠠᠢ ᠶᠢᠨ ᠱᠤᠭᠤᠮ ᠤᠨ ᠤᠰᠤᠨ ᠠᠰᠢᠭᠯᠠᠯᠲᠠ ᠶᠢᠨ ᠠᠵᠢᠯ ᠤᠨ ᠬᠠᠮᠠᠭᠠᠯᠠᠯᠲᠠ ᠵᠢᠴᠢ ᠰᠢᠷᠣᠢ ᠬᠥᠷᠪᠡᠭᠦᠯᠬᠦ ᠳᠤ ᠦᠶᠡᠷ ᠤᠨ ᠤᠰᠤᠨ ᠳᠤ ᠠᠪᠲᠠᠬᠤ ᠠᠶᠤᠯ ᠲᠦᠭᠰᠢᠭᠦᠷᠢ ᠲᠤᠯᠭᠠᠷᠠᠵᠤ᠂ ᠵᠠᠮ ᠴᠠᠭᠳᠠᠬᠤ ᠠᠵᠢᠯᠲᠠᠨ ᠱᠤᠭᠤᠮ ᠴᠠᠭᠳᠠᠬᠤ ᠤᠳᠠᠭ᠎ᠠ ᠪᠠᠨ ᠨᠢᠭᠤᠴᠠᠯᠠᠵᠤ᠂ ᠤᠰᠤᠨ ᠠᠰᠢᠭᠯᠠᠯᠲᠠ ᠶᠢᠨ ᠠᠵᠢᠯ ᠤᠨ ᠬᠠᠮᠠᠭᠠᠯᠠᠯᠲᠠ ᠵᠢᠴᠢ ᠰᠢᠷᠣᠢ ᠬᠥᠷᠪᠡᠭᠦᠯᠦᠭᠰᠡᠨ ᠢ ᠢᠯᠡᠷᠡᠭᠦᠯᠦᠭᠰᠡᠨ ᠤ ᠳᠠᠷᠠᠭ᠎ᠠ ᠴᠠᠭ ᠲᠤᠬᠠᠢ ᠳᠤᠨᠢ ᠵᠠᠰᠠᠨ ᠰᠡᠯᠪᠢᠵᠦ ᠬᠠᠮᠠᠭᠠᠯᠠᠨ᠎ᠠ︔  ᠪᠣᠷᠣᠭᠠᠨ ᠤ ᠤᠯᠠᠷᠢᠯ ᠳᠤ᠂ ᠤᠰᠤᠨ ᠠᠰᠢᠭᠯᠠᠯᠲᠠ ᠶᠢᠨ ᠠᠵᠢᠯ ᠤᠨ ᠬᠠᠮᠠᠭᠠᠯᠠᠯᠲᠠ ᠵᠢᠴᠢ ᠰᠢᠷᠣᠢ ᠬᠥᠷᠪᠡᠭᠦᠯᠦᠭᠰᠡᠨ ᠤ ᠳᠠᠷᠠᠭ᠎ᠠ ᠴᠠᠭ ᠲᠤᠬᠠᠢ ᠳᠤᠨᠢ ᠰᠡᠯᠪᠢᠨ ᠵᠠᠰᠠᠵᠤ ᠬᠠᠮᠠᠭᠠᠯᠠᠨ᠎ᠠ︔             2. ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠢ ᠶᠢᠨ ᠱᠤᠭᠤᠮ ᠤᠨ ᠡᠷᠬᠢᠨ ᠲᠣᠭᠤᠷᠢᠨ ᠤ ᠲᠡᠮᠡᠭᠡ᠂ ᠮᠣᠷᠢ ᠵᠡᠷᠭᠡ ᠮᠠᠯ ᠤᠨ ᠲᠤᠭ᠎ᠠ ᠬᠡᠮᠵᠢᠶ᠎ᠡ ᠶᠢ ᠨᠡᠮᠡᠭᠳᠡᠭᠦᠯᠪᠡᠯ᠂ ᠰᠡᠷᠡᠮᠵᠢ ᠶᠢᠨ ᠲᠡᠮᠳᠡᠭ ᠫᠠᠶᠢᠰᠠ ᠶᠢ ᠠᠮᠠᠷᠬᠠᠨ ᠡᠪᠳᠡᠨ᠎ᠡ ᠂ ᠵᠠᠮ ᠴᠠᠭᠳᠠᠬᠤ ᠠᠵᠢᠯᠲᠠᠳ ᠡᠳᠦᠷ ᠲᠤᠲᠤᠮ ᠤᠨ ᠵᠠᠮ ᠴᠠᠭᠳᠠᠬᠤ ᠪᠠᠶᠢᠴᠠᠭᠠᠯᠲᠠ ᠶᠢ ᠴᠢᠩᠭᠠᠳᠬᠠᠵᠤ᠂ ᠰᠡᠷᠡᠮᠵᠢ ᠶᠢᠨ ᠫᠠᠶᠢᠰᠠ ᠡᠪᠳᠡᠷᠡᠭᠰᠡᠨ ᠢ ᠣᠯᠵᠤ ᠮᠡᠳᠡᠪᠡᠯ ᠴᠠᠭ ᠲᠤᠬᠠᠢ ᠳᠤᠨᠢ ᠰᠣᠯᠢᠵᠤ᠂ ᠡᠷᠬᠢᠨ ᠲᠣᠭᠤᠷᠢᠨ ᠤ ᠮᠠᠯᠴᠢᠳ ᠤᠨ ᠰᠢᠲᠠᠮᠠᠬᠠᠢ ᠬᠡᠢ ᠶᠢᠨ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠢ ᠶᠢᠨ ᠱᠤᠭᠤᠮ ᠤᠨ ᠠᠮᠤᠷ ᠲᠦᠪᠰᠢᠨ ᠤ ᠤᠬᠠᠭᠤᠯᠭ᠎ᠠ ᠶᠢᠨ ᠠᠵᠢᠯ ᠢ ᠰᠠᠶᠢᠲᠤᠷ ᠭᠦᠢᠴᠡᠳᠬᠡᠨ᠎ᠡ᠃            3. ᠪᠤᠭᠤᠲᠤ ᠠᠴᠠ ᠢᠷᠭᠠᠢ ᠬᠦᠷᠬᠦ ᠬᠤᠷᠳᠤᠨ ᠤ ᠲᠡᠮᠦᠷ ᠵᠠᠮ ᠵᠠᠰᠠᠬᠤ ᠶᠠᠪᠤᠴᠠ ᠳᠤ᠂ ᠰᠢᠷᠣᠢ ᠲᠠᠲᠠᠬᠤ ᠬᠡᠰᠡᠭ ᠲᠡᠷᠭᠡ ᠣᠷᠳᠣ ᠳᠠᠮᠵᠢᠭᠤᠯᠬᠤ ᠬᠤᠭᠤᠯᠠᠢ ᠶᠢᠨ ᠱᠤᠭᠤᠮ ᠤᠨ ᠲᠥᠬᠦᠮ ᠵᠠᠮ ᠢᠶᠠᠷ ᠥᠩᠭᠡᠷᠡᠬᠦ ᠪᠠᠶᠢᠳᠠᠯ ᠣᠷᠣᠰᠢᠵᠤ᠂ ᠵᠠᠮ ᠴᠠᠭᠳᠠᠬᠤ ᠠᠵᠢᠯᠲᠠᠳ ᠡᠳᠦᠷ ᠲᠤᠲᠤᠮ ᠤᠨ ᠵᠠᠮ ᠴᠠᠭᠳᠠᠬᠤ ᠪᠠᠶᠢᠴᠠᠭᠠᠯᠲᠠ ᠪᠠᠨ ᠴᠢᠩᠭᠠᠳᠬᠠᠵᠤ ᠂ ᠰᠢᠷᠣᠢ ᠲᠠᠲᠠᠬᠤ ᠲᠡᠷᠭᠡ ᠬᠥᠰᠬᠡ ᠶᠢᠨ ᠬᠤᠭᠤᠯᠠᠢ ᠱᠤᠭᠤᠮ ᠤᠨ ᠡᠷᠬᠢᠨ ᠲᠣᠭᠤᠷᠢᠨ ᠠᠴᠠ ᠰᠢᠷᠣᠢ ᠠᠪᠬᠤ᠂ ᠬᠤᠭᠤᠯᠠᠢ ᠱᠤᠭᠤᠮ ᠢ ᠳᠠᠪᠠᠭ᠋ᠤ ᠪᠠᠶᠢᠳᠠᠯ ᠭᠠᠷᠬᠤ ᠶᠢ ᠰᠡᠷᠭᠡᠶᠢᠯᠡᠨ᠎ᠡ᠃             ︵  ᠬᠤᠶᠠᠷ︶  ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠵᠤ ᠪᠠᠶᠢᠭ᠎ᠠ ᠲᠥᠷᠥᠯ ᠵᠦᠢᠯ            ᠨᠢᠭᠡ ᠳᠤ ᠰᠤᠷᠤᠯᠴᠠᠯᠭ᠎ᠠ ᠤᠬᠠᠭᠤᠯᠭ᠎ᠠ ᠬᠥᠮᠦᠵᠢᠯ ᠢ ᠲᠥᠪᠯᠡᠷᠡᠭᠦᠯᠦᠨ ᠥᠷᠨᠢᠭᠦᠯᠦᠨ᠎ᠡ᠃ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠪᠠ᠃ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢᠨ ᠭᠤᠣᠯ ᠴᠢᠮᠦᠭᠡ ᠴᠢᠬᠤᠯᠠ ᠠᠭᠤᠯᠭ᠎ᠠ ᠶᠢ ᠪᠦᠬᠦ ᠲᠠᠯ᠎ᠠ ᠪᠠᠷ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢᠨ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢᠨ ᠦᠷ᠎ᠡ ᠪᠦᠲᠦᠭᠡᠯ ᠵᠢᠴᠢ ᠦᠨᠳᠦᠰᠦ ᠠᠴᠠ  ᠨᠢ ᠵᠠᠰᠠᠵᠤ ᠪᠡᠷᠬᠡ ᠰᠡᠳᠦᠪ ᠢ ᠰᠢᠢᠳᠪᠦᠷᠢᠯᠡᠬᠦ ᠭᠤᠷᠪᠠᠨ ᠵᠢᠯ ᠤᠨ ᠠᠵᠢᠯᠯᠠᠭ᠎ᠠ ᠶᠢᠨ ᠦᠷ᠎ᠡ ᠪᠦᠲᠦᠮᠵᠢ ᠲᠤᠷᠰᠢᠯᠭ᠎ᠠ ᠶᠢ ᠭᠤᠣᠯᠳᠠᠯᠭ᠎ᠠ ᠲᠠᠢ ᠪᠠᠷ ᠤᠬᠠᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠤᠨᠤᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠵᠢᠯ ᠢ ᠰᠦᠪᠡᠭᠴᠢᠯᠡᠨ ᠠᠬᠢᠭᠤᠯᠬᠤ ᠰᠢᠨ᠎ᠡ ᠶᠢ ᠡᠭᠦᠳᠬᠦ ᠰᠡᠳᠬᠢᠴᠡ᠂ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ᠂ ᠪᠦᠲᠦᠮᠵᠢᠲᠡᠢ ᠠᠷᠭ᠎ᠠ ᠪᠣᠯᠭᠠᠨ ᠬᠤᠪᠢᠷᠠᠭᠤᠯᠤᠨ᠎ᠠ᠃            ᠬᠤᠶᠠᠷ ᠲᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠎ᠠ᠃ 2024 ᠣᠨ ᠤ 6 ᠳ᠋ᠤᠭᠠᠷ ᠰᠠᠷ᠎ᠠ ᠶᠢᠨ 21 ᠤ ᠡᠳᠦᠷ᠂ ᠮᠠᠨ ᠤ ᠵᠥᠪᠯᠡᠯ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠪᠦᠭᠦ ᠬᠤᠰᠢᠭᠤᠨ ᠤ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠵᠢᠴᠢ ᠴᠢᠯᠠᠭᠤᠨ ᠲᠣᠰᠣ ᠰᠢᠲᠠᠮᠠᠬᠠᠢ ᠬᠡᠢ ᠶᠢᠨ ᠤᠷᠳᠤ ᠳᠠᠮᠵᠢᠭᠤᠯᠬᠤ ᠬᠤᠭᠤᠯᠠᠢ ᠶᠢᠨ ᠠᠶᠤᠯᠭᠦᠢ ᠦᠢᠯᠡᠳᠪᠦᠷᠢᠯᠡᠯ ᠪᠠ ᠭᠠᠯ ᠲᠦᠢᠮᠡᠷ ᠢ ᠤᠨᠲᠠᠷᠠᠭᠠᠬᠤ ᠠᠶᠤᠯᠭᠦᠢ ᠶᠢᠨ ᠲᠤᠰᠬᠠᠢ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠠ ᠪᠣᠳᠠᠲᠠᠢ ᠡᠵᠡᠮᠳᠡᠭᠴᠢ ᠶᠢᠨ ᠠᠵᠢᠯ ᠤᠨ ᠪᠠᠶᠢᠷᠢ ᠳᠠᠭᠠᠨ ᠪᠠᠶᠢᠵᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠮᠳᠠᠭᠤᠯᠤᠨ ᠨᠠᠶᠢᠳᠠᠪᠤᠷᠢᠵᠢᠭᠤᠯᠵᠤ᠂ ︽ᠠᠵᠤ ᠠᠬᠤᠶᠢᠯᠠᠯ ᠥᠪᠡᠷ ᠢᠶᠠᠨ ᠪᠠᠶᠢᠴᠠᠭᠠᠬᠤ᠂ ᠠᠵᠢᠯ ᠲᠥᠷᠥᠯ ᠬᠢᠨᠠᠨ ᠵᠢᠯᠤᠭᠤᠳᠬᠤ᠂ ᠰᠢᠰᠲ᠋ᠧᠮ ᠬᠡᠰᠡᠭ ᠬᠠᠮᠲᠤᠷᠠᠨ ᠬᠥᠳᠡᠯᠦᠯᠴᠡᠬᠦ᠂ ᠪᠥᠬᠦ ᠲᠠᠯ᠎ᠠ ᠪᠠᠷ ᠠᠬᠢᠭᠤᠯᠬᠤ︾  ᠠᠵᠢᠯ ᠤᠨ ᠲᠣᠭᠲᠠᠴᠠ ᠶᠣᠰᠣᠭᠠᠷ᠂ ᠲᠣᠰ ᠲᠣᠰ ᠤᠨ ᠠᠵᠤ ᠠᠬᠤᠶᠢᠯᠠᠯ ᠤᠨ ᠬᠤᠯᠪᠣᠭᠳᠠᠬᠤ ᠬᠢᠷᠢ ᠴᠢᠳᠠᠮᠵᠢ ᠬᠢᠷᠢ ᠬᠡᠮ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠵᠤ᠂ ᠨᠠᠷᠢᠪᠴᠢᠯᠠᠨ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠬᠤ᠂ ᠰᠢᠮᠳᠠᠭᠤᠯᠬᠤ᠂ ︽ᠡᠷᠬᠢᠨ ᠬᠠᠷᠠᠬᠤ︾  ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠢ᠃ ᠰᠢᠲᠠᠮᠠᠬᠠᠢ ᠬᠡᠢ ᠶᠢ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠢ ᠪᠠ ᠲᠣᠰ ᠲᠣᠰ ᠪᠠᠶᠢᠭᠤᠯᠵᠤ ᠪᠠᠶᠢᠭ᠎ᠠ ᠰᠢᠨ᠎ᠡ ᠡᠨᠧᠷᠭᠢ ᠶᠢᠨ ᠠᠵᠤ ᠠᠬᠤᠶᠢᠯᠠᠯ ᠤᠳ ᠲᠣᠭᠲᠠᠮᠠᠯ ᠬᠤᠭᠤᠴᠠᠭ᠎ᠠ ᠲᠠᠢ ᠪᠠᠷ ᠲᠣᠰ ᠠᠵᠤ ᠠᠬᠤᠶᠢᠯᠠᠯ ᠤᠨ ᠢᠶᠠᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠠᠶᠤᠯᠭᠦᠢ ᠦᠢᠯᠡᠳᠪᠦᠷᠢᠯᠡᠯ ᠤᠨ ᠥᠪᠡᠷ ᠤᠨ ᠪᠠᠶᠢᠴᠠᠭᠠᠯᠲᠠ᠂ ᠪᠠᠶᠢᠴᠠᠭᠠᠯᠲᠠ ᠶᠢ ᠥᠷᠨᠢᠭᠦᠯᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠵᠤ ᠳᠠᠩᠰᠠᠯᠠᠭᠤᠯᠬᠤ ᠠᠵᠢᠯ ᠢ ᠰᠠᠶᠢᠲᠤᠷ ᠬᠢᠵᠦ᠂ ᠲᠤᠰ ᠠᠵᠤ ᠠᠬᠤᠶᠢᠯᠠᠯ  ᠤᠨ ᠬᠦᠨᠳᠦ ᠬᠡᠴᠡᠭᠦᠦ ᠡ᠊ᠨᠳᠡᠯ  ᠤᠨ ᠲᠠᠯᠳᠠ ᠭᠡᠮ᠂ ᠠᠶᠤᠯ ᠲᠠᠢ ᠠᠵᠢᠯ ᠢ ᠨᠠᠷᠢᠪᠴᠢᠯᠠᠨ ᠪᠠᠶᠢᠴᠠᠭᠠᠵᠤ ᠵᠠᠰᠠᠨ ᠴᠡᠭᠴᠡᠯᠡᠬᠦ ᠠᠵᠢᠯ ᠢ ᠤᠯᠠᠷᠢᠯ ᠪᠦᠷᠢ ᠪᠦᠯᠬᠦᠮ ᠳᠠᠭᠠᠭᠤᠯᠤᠨ ᠠᠳᠠᠭ ᠲᠠᠭᠠᠨ 1 ᠤᠳᠠᠭ᠎ᠠ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠵᠡᠷᠭᠡ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠥᠪᠡᠷ  ᠢ  ᠪᠠᠨ ᠪᠠᠶᠢᠴᠠᠭᠠᠵᠤ ᠥᠪᠡᠷ  ᠢ  ᠪᠠᠨ ᠥᠭᠡᠷᠡᠴᠢᠯᠡᠬᠦ ᠶᠢ ᠪᠡᠶᠡᠯᠡᠭᠦᠯᠵᠦ᠂ ᠠᠶᠦᠯᠭᠦᠢ ᠶᠢᠨ ᠬᠠᠮᠠᠭᠠᠯᠠᠯᠲᠠ ᠶᠢᠨ ᠦᠵᠡᠯ ᠤᠬᠠᠮᠰᠠᠷ ᠪᠣᠯᠣᠨ ᠬᠠᠤᠯᠢ ᠳᠦᠷᠢᠮ  ᠤᠨ ᠦᠵᠡᠯᠲᠡ ᠪᠠᠨ ᠳᠡᠭᠡᠭᠰᠢᠯᠡᠭᠦᠯᠦᠨ᠂ ᠠᠵᠤ ᠠᠬᠤᠶᠢᠯᠠᠯ  ᠤᠨ ᠠᠶᠦᠯᠭᠦᠢ ᠦᠢᠯᠡᠳᠪᠦᠷᠢᠯᠡᠯ  ᠤᠨ ᠪᠠᠶᠢᠳᠠᠯ  ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃            ᠭᠤᠷᠪᠠ ᠳᠤ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠭᠤᠷᠪᠠᠨ ᠵᠢᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠦᠨ᠎ᠡ᠃ 2024 ᠣᠨ ᠤ 3 ᠳ᠋ᠤᠭᠠᠷ ᠰᠠᠷ᠎ᠠ ᠶᠢᠨ 20 ᠤ ᠡᠳᠦᠷ ᠮᠠᠨ ᠤ ᠬᠤᠷᠢᠶ᠎ᠠ ︽ᠠᠯᠠᠱᠠ ᠵᠡᠭᠦᠨ ᠬᠤᠰᠢᠭᠤᠨ ᠤ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠴᠢᠯᠠᠭᠤᠨ ᠲᠣᠰᠣ ᠰᠢᠲᠠᠮᠠᠬᠠᠢ ᠬᠡᠢ ᠶᠢᠨ ᠣᠷᠳᠣ ᠳᠠᠮᠵᠢᠭᠤᠯᠬᠤ ᠬᠤᠭᠤᠯᠠᠢ ᠶᠢᠨ ᠱᠤᠭᠤᠮ ᠤᠨ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︵  2024 — 2026 ᠣᠨ︶ ︾  ᠢ ᠬᠡᠪᠯᠡᠨ ᠲᠠᠷᠬᠠᠭᠠᠪᠠ᠃ ᠲᠣᠰ ᠲᠥᠰᠥᠯ ᠢᠶᠠᠷ ᠳᠠᠮᠵᠢᠭᠤᠯᠤᠨ ᠭᠤᠷᠪᠠᠨ ᠵᠢᠯ ᠤᠨ ᠦᠨᠳᠦᠰᠦ ᠠᠴᠠ ᠨᠢ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠥᠷᠨᠢᠭᠦᠯᠵᠦ᠂ ᠴᠢᠯᠠᠭᠤᠨ ᠲᠣᠰᠣ ᠰᠢᠲᠠᠮᠠᠬᠠᠢ ᠬᠡᠢ ᠶᠢ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠢ ᠪᠠ ᠰᠢᠨ᠎ᠡ ᠡᠨᠧᠷᠭᠢ ᠶᠢᠨ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠪᠠ ᠠᠮᠤᠷ ᠲᠦᠪᠰᠢᠨ ᠤ ᠣᠨᠣᠯᠵᠢᠬᠤᠨ ᠢ ᠤᠯᠠᠮ ᠴᠢᠩᠭᠠᠷᠠᠭᠤᠯᠬᠤ ᠶᠢ ᠦᠨᠡᠨ ᠬᠦ ᠪᠠᠲᠤᠯᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠦᠵᠡᠯ ᠤᠬᠠᠮᠰᠠᠷ ᠢ ᠨᠠᠩ ᠴᠢᠩᠭ᠎ᠠ ᠪᠣᠯᠭᠠᠵᠤ᠂ ᠬᠦᠨᠳᠦ ᠬᠡᠴᠡᠭᠦᠦ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠠᠭᠠᠰᠬᠠᠬᠤ᠂ ᠬᠦᠨᠳᠦ ᠬᠡᠴᠡᠭᠦᠦ ᠠᠳᠡᠯ ᠤᠨ ᠳᠠᠯᠳᠠ ᠬᠡᠮ ᠢ ᠠᠷᠢᠯᠭᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠢᠯᠡᠳᠲᠡ ᠴᠢᠩᠭᠠᠷᠠᠭᠤᠯᠤᠨ᠎ᠠ᠃ 2023 ᠣᠨ ᠠᠴᠠ ᠡᠮᠦᠨ᠎ᠡ ᠰᠢᠨ᠎ᠡ ᠡᠨᠧᠷᠭᠢ ᠶᠢᠨ ᠲᠦᠷᠦᠯ ᠵᠦᠢᠯ ᠢ ᠪᠠᠶᠢᠭᠤᠯᠬᠤ ᠳᠤ ᠨᠢᠭᠡᠨᠲᠡ ᠪᠦᠬᠦᠨ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠨᠢᠭᠡᠨᠲᠡ ᠪᠠᠶᠢᠴᠠᠭᠠᠵᠤ ᠭᠠᠷᠭᠠᠭᠰᠠᠨ ᠠᠰᠠᠭᠤᠳᠠᠯ ᠤᠨ ᠭᠡᠮ ᠰᠣᠭᠤᠭ ᠢ ᠪᠦᠬᠦᠨ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠨ᠎ᠠ᠃ 2024 ᠣᠨ ᠳᠤ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠵᠤ ᠪᠠᠶᠢᠭ᠎ᠠ ᠲᠦᠷᠦᠯ ᠵᠦᠢᠯ ᠪᠣᠯᠣᠨ ᠲᠣᠰᠣ ᠬᠡᠢ ᠳᠠᠮᠵᠢᠭᠤᠯᠬᠤ ᠤᠷᠳᠤ ᠬᠤᠭᠤᠯᠠᠢ ᠱᠤᠭᠤᠮ ᠤᠨ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠤᠨ ᠨᠡᠮᠡᠭᠳᠡᠯ ᠢ ᠪᠦᠲᠦᠮᠵᠢᠲᠡᠢ ᠬᠤᠷᠢᠭᠯᠠᠨ᠎ᠠ᠃            ᠳᠥᠷᠪᠡ ᠳᠤ᠂ ︽ᠠᠶᠤᠯᠭᠦᠢ ᠦᠢᠯᠡᠳᠪᠦᠷᠢᠯᠡᠯ ᠤᠨ ᠰᠠᠷ᠎ᠠ︾   ᠶᠢᠨ ᠠᠵᠢᠯᠯᠠᠭ᠎ᠠ ᠶᠢ ᠥᠷᠨᠢᠭᠦᠯᠦᠨ᠎ᠡ᠃ 2024 ᠣᠨ ᠤ 6 ᠳ᠋ᠤᠭᠠᠷ ᠰᠠᠷ᠎ᠠ ᠶᠢᠨ 1 ᠤ ᠡᠳᠦᠷ᠂ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠶᠢᠮᠠᠭ᠂ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠢᠶᠠᠷ ᠲᠦᠷᠦᠭᠦᠯᠡᠭᠦᠯᠦᠨ᠂ ᠬᠤᠯᠪᠣᠭᠳᠠᠬᠤ ᠨᠢᠭᠡᠴᠢ ᠪᠠ ᠠᠵᠤ ᠠᠬᠤᠶᠢᠯᠠᠯ ᠲᠠᠢ ᠬᠠᠮᠲᠤᠷᠠᠨ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠶᠢᠨ ᠪᠡᠶ᠎ᠡ ᠶᠢᠨ ᠲᠠᠮᠢᠷ ᠤᠨ ᠲᠠᠯᠠᠪᠠᠶ ᠳᠤ 23 ᠳ᠋ᠤᠭᠠᠷ ︽ᠠᠶᠤᠯᠭᠦᠢ ᠦᠢᠯᠡᠳᠪᠦᠷᠢᠯᠡᠯ ᠤᠨ ᠰᠠᠷ᠎ᠠ︾  ᠶᠢᠨ ᠡᠬᠢᠯᠡᠯᠲᠡ ᠶᠢᠨ ᠪᠠ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ 6 ᠳ᠋ᠤᠭᠠᠷ ᠰᠠᠷ᠎ᠠ ᠶᠢᠨ 4 ᠤ ᠡᠳᠦᠷ ᠮᠠᠨ ᠤ ᠬᠤᠷᠢᠶ᠎ᠠ ︽2024 ᠣᠨ ᠤ ᠠᠯᠠᠱᠠ ᠵᠡᠭᠦᠨ ᠬᠤᠰᠢᠭᠤᠨ ᠤ ︿ᠠᠶᠤᠯᠭᠦᠢ ᠦᠢᠯᠡᠳᠪᠦᠷᠢᠯᠡᠯ ᠤᠨ ᠰᠠᠷ᠎ᠠ﹀ ᠶᠢᠨ ᠠᠵᠢᠯᠯᠠᠭ᠎ᠠ ᠶᠢᠨ ᠲᠥᠰᠥᠯ︾  ᠢ ᠬᠡᠪᠯᠡᠨ ᠲᠠᠷᠬᠠᠭᠠᠵᠤ᠂ ᠪᠥᠬᠦ ᠨᠡᠶᠢᠭᠡᠮ ᠤᠨ ᠠᠮᠤᠷ ᠲᠦᠪᠰᠢᠨ ᠤ ᠤᠬᠠᠮᠰᠠᠷ ᠪᠠ ᠠᠶᠤᠯ ᠠᠴᠠ ᠵᠠᠶᠢᠯᠠᠵᠤ ᠠᠮᠢ ᠵᠢᠭᠤᠲᠠᠬᠤ ᠴᠢᠳᠠᠪᠤᠷᠢ ᠶᠢ ᠤᠯᠠᠮ ᠳᠡᠭᠡᠭᠰᠢᠯᠡᠭᠦᠯᠦᠨ᠂ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠤ ᠦᠢᠯᠡᠴᠢᠯᠡᠭᠡ ᠪᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ᠂ ᠨᠠᠩ ᠠᠮᠤᠷ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠪᠠ᠃ 6 ᠳ᠋ᠤᠭᠠᠷ ᠰᠠᠷ᠎ᠠ ᠶᠢᠨ 16 ᠤ ᠡᠳᠦᠷ᠂ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠣᠯᠠᠨ ᠴᠢᠳᠠᠮᠵᠢᠲᠤ ᠪᠡᠶ᠎ᠡ ᠶᠢᠨ ᠲᠠᠮᠢᠷ ᠤᠨ ᠲᠠᠯᠠᠪᠠᠶ ᠶᠢᠨ ᠪᠠᠷᠠᠭᠤᠨ ᠡᠭᠦᠳᠡᠨ ᠳᠤ ︽ᠠᠮᠤᠷ ᠲᠦᠪᠰᠢᠨ ᠤ ᠤᠬᠠᠭᠤᠯᠭ᠎ᠠ ᠶᠢᠨ ᠯᠠᠪᠯᠠᠯᠭ᠎ᠠ ᠶᠢᠨ ᠡᠳᠦᠷ︾  ᠤᠨ ᠠᠵᠢᠯᠯᠠᠭ᠎ᠠ ᠥᠷᠨᠢᠭᠦᠯᠪᠡ᠃ ᠺᠠᠳ᠋ᠷ ᠠᠵᠢᠯᠲᠠᠨ ᠠᠵᠢᠯᠴᠢᠨ ᠵᠢᠴᠢ ᠠᠵᠤ ᠠᠬᠤᠶᠢᠯᠠᠯ ᠰᠧᠴᠤᠸᠠᠨ ᠮᠤᠵᠢ ᠶᠢᠨ ᠴᠧᠩᠳᠦ᠋ ᠬᠤᠲᠠ ᠳᠤ ᠵᠣᠬᠢᠶᠠᠨ ᠪᠠᠶᠢᠭᠤᠯᠵᠤ ᠡᠷᠭᠢᠯᠡᠭᠰᠡᠨ ᠪᠥᠬᠦ ᠤᠯᠤᠰ ᠤᠨ ︽ᠠᠮᠤᠷ ᠲᠦᠪᠰᠢᠨ ᠤ ᠤᠬᠠᠭᠤᠯᠭ᠎ᠠ ᠶᠢᠨ ᠯᠠᠪᠯᠠᠯᠭ᠎ᠠ ᠶᠢᠨ ᠡᠳᠦᠷ︾  ᠤᠨ ᠭᠤᠣᠯ ᠲᠠᠯᠠᠪᠤᠷ ᠤᠨ ᠠᠵᠢᠯᠯᠠᠭ᠎ᠠ ᠶᠢᠨ ᠸᠢᠳᠢᠣ᠋ ᠬᠢᠨᠠᠯᠲᠠ ᠶᠢᠨ ᠰᠢᠭᠤᠳ ᠨᠡᠪᠲᠡᠷᠡᠭᠦᠯᠭᠡ ᠶᠢ ᠭᠥᠯᠢᠶᠡᠨ ᠠᠪᠴᠤ ᠰᠣᠨᠣᠰᠬᠤ ᠬᠡᠷᠡᠭᠲᠡᠢ ᠭᠡᠵᠦ ᠱᠠᠭᠠᠷᠳᠠᠪᠠ᠃ ᠰᠢᠨ᠎ᠡ ᠡᠨᠧᠷᠭᠢ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠣᠷᠳᠣ ᠳᠠᠮᠵᠢᠭᠤᠯᠬᠤ ᠬᠤᠭᠤᠯᠠᠢ ᠶᠢᠨ ᠱᠤᠭᠤᠮ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠬᠠᠢ ᠶᠢᠨ ᠲᠠᠯᠠᠪᠤᠷ ᠤᠨ ᠲᠤᠰᠬᠠᠢ ᠮᠡᠷᠭᠡᠵᠢᠯ ᠤᠨ ᠠᠵᠢᠯᠲᠠᠨ ᠠᠶᠤᠯᠭᠦᠢ ᠦᠢᠯᠡᠳᠪᠦᠷᠢᠯᠡᠯ ᠤᠨ ᠬᠤᠯᠪᠣᠭᠳᠠᠬᠤ ᠠᠰᠠᠭᠤᠳᠠᠯ ᠳᠤ ᠬᠠᠷᠢᠭᠤᠯᠲᠠ ᠥᠭᠴᠦ᠂ ᠠᠶᠤᠯᠭᠦᠢ ᠶᠢᠨ ᠤᠬᠠᠮᠰᠠᠷ ᠪᠠ ᠠᠶᠤᠯ ᠠᠴᠠ ᠵᠠᠶᠢᠯᠠᠵᠤ ᠠᠮᠢ ᠵᠢᠭᠤᠲᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃            ᠲᠠᠪᠤ ᠳᠤ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠨᠠᠷᠢᠪᠴᠢᠯᠠᠨ ᠪᠠᠶᠢᠴᠠᠭᠠᠵᠤ ᠶᠡᠬᠡᠪᠡᠷ ᠵᠠᠰᠠᠨ ᠴᠡᠭᠴᠡᠯᠡᠬᠦ ᠠᠵᠢᠯ ᠢ ᠡᠷᠴᠢᠮᠲᠡᠢ ᠥᠷᠨᠢᠭᠦᠯᠦᠨ᠎ᠡ᠃ ᠠᠶᠦᠯᠭᠦᠢ ᠦᠢᠯᠡᠳᠪᠦᠷᠢᠯᠡᠯ ᠤᠨ ᠲᠤᠰᠬᠠᠢ ᠵᠦᠢᠯ ᠤᠨ ᠪᠠᠶᠢᠴᠠᠭᠠᠯᠲᠠ ᠶᠢᠨ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠡᠨᠧᠷᠭᠢ᠂ ᠴᠠᠬᠢᠯᠭᠠᠨ ᠬᠦᠴᠦᠨ ᠤ ᠬᠦᠷᠢᠶᠡᠨ ᠳᠠᠬᠢ ᠠᠶᠦᠯᠭᠦᠢ ᠦᠢᠯᠡᠳᠪᠦᠷᠢᠯᠡᠯ ᠤᠨ ᠲᠤᠰᠬᠠᠢ ᠮᠡᠷᠭᠡᠵᠢᠯ ᠤᠨ ᠠᠵᠢᠯᠲᠠᠨ ᠢ ᠤᠷᠢᠵᠤ᠂ ᠰᠢᠨ᠎ᠡ ᠡᠨᠧᠷᠭᠢ ᠶᠢᠨ ᠠᠵᠤ ᠠᠬᠤᠶᠢᠯᠠᠯ ᠪᠠᠶᠢᠭᠤᠯᠬᠤ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠳᠠᠯᠳᠠ ᠬᠡᠮ ᠤᠨ ᠠᠰᠠᠭᠤᠳᠠᠯ ᠳᠤ ᠲᠡᠷᠡ ᠳᠠᠷᠤᠢ ᠳᠤᠨᠢ ᠪᠠᠶᠢᠴᠠᠭᠠᠨ ᠲᠡᠷᠡ ᠳᠠᠷᠤᠢ ᠳᠤᠨᠢ ᠥᠭᠡᠷᠡᠴᠢᠯᠡᠯᠲᠡ ᠬᠢᠵᠦ᠂ ᠡᠯ᠎ᠡ ᠬᠤᠯᠪᠣᠭᠳᠠᠬᠤ ᠬᠦᠷᠢᠶᠡᠨ ᠤ ᠠᠶᠦᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠬᠤ ᠬᠡᠷᠡᠭᠲᠡᠢ᠃ ᠣᠳᠣᠬᠠᠨ ᠪᠣᠯᠲᠠᠯ᠎ᠠ᠂ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠲᠣᠰ ᠲᠣᠰ ᠤᠨ ᠪᠠᠶᠢᠭᠤᠯᠵᠤ ᠪᠠᠶᠢᠭ᠎ᠠ ᠰᠢᠨ᠎ᠡ ᠡᠨᠧᠷᠭᠢ ᠶᠢᠨ ᠲᠥᠷᠥᠯ ᠵᠦᠢᠯ ᠤᠨ ᠠᠶᠤᠯᠭᠦᠢ ᠦᠢᠯᠡᠳᠪᠦᠷᠢᠯᠡᠯ ᠪᠠ ᠭᠠᠯ ᠲᠦᠢᠮᠡᠷ ᠢ ᠤᠨᠲᠠᠷᠠᠭᠠᠬᠤ ᠠᠮᠤᠷ ᠲᠦᠪᠰᠢᠨ ᠳᠤ ᠨᠢᠭᠡ ᠤᠳᠠᠭ᠎ᠠ ᠬᠢᠨᠠᠯᠲᠠ ᠪᠠᠶᠢᠴᠠᠭᠠᠯᠲᠠ ᠬᠢᠵᠦ᠂ ᠨᠡᠶᠢᠲᠡ 11 ᠳᠠᠯᠳᠠ ᠬᠡᠮ ᠰᠣᠭᠤᠭ ᠢ ᠢᠯᠡᠷᠡᠭᠦᠯᠵᠦ᠂ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠨ᠎ᠠ᠃            ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ            ᠳᠠᠷᠠᠭᠠᠴᠢ ᠶᠢᠨ ᠠᠯᠬᠤᠮ ᠳᠤ᠂ ᠪᠢᠳᠠ ᠠᠮᠤᠷ ᠲᠦᠪᠰᠢᠨ ᠤ ᠬᠥᠮᠦᠵᠢᠯ ᠰᠤᠷᠭᠠᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠠᠵᠤ ᠠᠬᠤᠶᠢᠯᠠᠯ ᠢ ᠱᠠᠯᠠᠪᠳᠠᠭᠤᠯᠤᠨ ᠣᠶᠤᠨᠲᠤ ᠪᠠᠷᠢᠯᠭ᠎ᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠠᠶᠤᠯᠭᠦᠢ ᠦᠢᠯᠡᠳᠪᠦᠷᠢᠯᠡᠯ ᠤᠨ ᠬᠤᠯᠪᠣᠭᠳᠠᠬᠤ ᠠᠵᠢᠯ ᠢ ᠶᠡᠬᠡᠪᠡᠷ ᠠᠬᠢᠭᠤᠯᠬᠤ ᠪᠣᠯᠣᠨ᠎ᠠ᠃ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠪᠠᠭᠤᠯᠭᠠᠭᠰᠠᠨ ᠠᠶᠦᠯᠭᠦᠢ ᠦᠢᠯᠡᠳᠪᠦᠷᠢᠯᠡᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠰᠠᠶᠢᠲᠤᠷ ᠨᠠᠶᠢᠳᠠᠪᠤᠷᠢᠵᠢᠭᠤᠯᠤᠨ ᠰᠠᠶᠢᠲᠤᠷ ᠤᠯᠠᠮᠵᠢᠯᠠᠵᠤ᠂ ᠠᠳᠡᠯ ᠠᠴᠠ ᠡᠷᠴᠢᠮᠲᠡᠢ ᠰᠤᠷᠭᠠᠮᠵᠢ ᠠᠪᠴᠤ᠂ ᠠᠮᠤᠷ ᠲᠦᠪᠰᠢᠨ ᠢᠶᠠᠷ ᠬᠥᠭᠵᠢᠭᠦᠯᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠨ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠩᠭ᠎ᠠ ᠪᠣᠳᠠᠲᠠᠶᠢᠵᠢᠭᠤᠯᠵᠤ᠂ ᠲᠦᠭᠰᠢᠭᠦᠷᠢ ᠳᠠᠯᠳᠠ ᠬᠡᠮ ᠢ ᠨᠠᠷᠢᠪᠴᠢᠯᠠᠨ ᠪᠠᠶᠢᠴᠠᠭᠠᠵᠤ ᠵᠠᠰᠠᠨ ᠴᠡᠭᠴᠡᠯᠡᠬᠦ ᠡᠷᠴᠢᠮ ᠢ ᠤᠯᠠᠮ ᠴᠢᠩᠭᠠᠷᠠᠭᠤᠯᠤᠨ᠂ ᠬᠦᠨᠳᠦ ᠬᠡᠴᠡᠭᠦᠦ ᠠᠶᠤᠯ ᠲᠦᠭᠰᠢᠭᠦᠷᠢ ᠶᠢ ᠪᠦᠲᠦᠮᠵᠢᠲᠡᠶ ᠬᠠᠮᠢᠶᠠᠷᠤᠨ ᠡᠵᠡᠮᠳᠡᠵᠦ᠂ ᠬᠦᠨᠳᠦ ᠬᠡᠴᠡᠭᠦᠦ ᠣᠨᠴᠠ ᠶᠡᠭᠡ ᠠᠳᠡᠯ ᠡᠭᠦᠰᠬᠦ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃                  
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号