| ᠫᠠᠨ ᠳ᠋ᠦᠸᠧ ᠶᠤᠸᠠᠨ ᠪᠣᠯ ᠠᠵᠢᠯᠴᠢ ᠬᠥᠳᠡᠯᠮᠦᠷᠢᠴᠢ ᠵᠢᠷᠠᠲᠠᠢ ᠪᠠᠯᠭᠠᠰᠤᠨ ᠤ ᠲᠠᠷᠢᠶᠠᠴᠢᠨ ᠪᠣᠯᠣᠨ᠎ᠠ᠂ | ᠣᠳᠣᠬᠢᠴᠢᠯᠠᠭᠰᠠᠨ ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠦᠷ᠎ᠡ | ᠠᠰᠢᠭ ᠢ ᠳᠡᠭᠡᠭᠰᠢᠯᠡᠭᠦᠯᠬᠦ ᠳᠤ ᠦᠵᠡᠭᠦᠯᠬᠦ ᠠᠴᠢ ᠬᠤᠯᠪᠣᠭᠳᠠᠯ ᠢ ᠲᠡᠷᠡ ᠰᠠᠶᠢᠨ ᠮᠡᠳᠡᠨ᠎ᠠ᠃ ᠲᠠᠷᠢᠶᠠᠯᠠᠩ ᠤᠨ ᠮᠠᠰᠢᠨ | ᠬᠤᠳᠠᠯᠳᠤᠨ ᠠᠪᠬᠤ ᠳᠤ ᠨᠥᠬᠦᠪᠦᠷᠢ ᠣᠯᠭᠤᠬᠤ ᠲᠥᠷᠥ ᠶᠢᠨ ᠪᠣᠳᠣᠯᠭ᠎ᠠ ᠶᠢᠨ ᠵᠣᠷᠢᠭᠵᠢᠭᠤᠯᠤᠯ ᠳᠣᠣᠷ᠎ᠠ᠂ ᠫᠠᠨ | ᠳ᠋ᠦᠸᠧ ᠶᠤᠸᠠᠨ ᠮᠠᠯᠴᠢᠨ ᠤ ᠰᠠᠬᠢᠭᠤᠯᠰᠤᠨ 4YZB-8D ᠬᠠᠳᠤᠵᠤ ᠬᠤᠷᠢᠶᠠᠬᠤ ᠮᠠᠰᠢᠨ ᠬᠤᠳᠠᠯᠳᠤᠨ | ᠠᠪᠬᠤ ᠪᠠᠷ ᠲᠣᠭᠲᠠᠪᠠ᠃ ᠰᠣᠩᠭᠤᠨ ᠬᠤᠳᠠᠯᠳᠤᠨ ᠠᠪᠬᠤ ᠶᠠᠪᠤᠴᠠ ᠳᠤ᠂ ᠲᠡᠷᠡ ᠵᠢᠩᠬᠢᠨᠢ ᠦᠢᠯᠡᠳᠪᠦᠷᠢ ᠶᠢᠨ | ᠦᠢᠯᠡᠳᠪᠦᠷᠢᠯᠡᠭᠰᠡᠨ ᠲᠤᠨᠤᠭ ᠲᠥᠬᠦᠭᠡᠷᠦᠮᠵᠢ ᠶᠢ ᠰᠣᠩᠭᠤᠬᠤ ᠶᠢ ᠪᠠᠷᠢᠮᠲᠠᠯᠠᠵᠤ᠂ ᠲᠤᠨᠤᠭ ᠲᠥᠬᠦᠭᠡᠷᠦᠮᠵᠢ ᠶᠢᠨ | ᠮᠡᠷᠭᠡᠵᠢᠯ ᠤᠨ ᠪᠣᠯᠵᠣᠯᠲᠤ ᠲᠤᠭ᠎ᠠ ᠪᠣᠯᠣᠨ ᠬᠡᠷᠡᠭᠯᠡᠬᠦ ᠲᠣᠳᠣᠷᠬᠠᠶᠢᠯᠠᠯᠲᠠ ᠶᠢ ᠨᠠᠷᠢᠨ ᠤᠩᠰᠢᠪᠠ᠃ ᠨᠥᠬᠦᠪᠦᠷᠢ | ᠭᠤᠶᠤᠴᠢᠯᠠᠬᠤ ᠳᠠᠭᠠᠨ ᠫᠠᠨ ᠳ᠋ᠦᠸᠧ ᠶᠤᠸᠠᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠦᠨᠡᠨ ᠮᠥᠨ ᠢᠶᠠᠷ ᠨᠢ | ᠲᠠᠭᠯᠠᠭᠰᠠᠨ ᠪᠥᠭᠡᠳ ᠠᠵᠢᠯᠲᠠᠨ ᠤ ᠬᠢᠨᠠᠨ ᠬᠠᠷᠭᠤᠭᠤᠯᠬᠤ ᠠᠵᠢᠯ ᠳᠤ ᠢᠳᠡᠪᠬᠢᠲᠡᠢ ᠬᠠᠮᠵᠢᠯᠴᠠᠪᠠ᠃ ᠡᠴᠦᠰ ᠲᠡᠭᠡᠨ | ᠲᠡᠷᠡ 59400 ᠲᠥᠭᠦᠷᠢᠭ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢ ᠠᠮᠵᠢᠯᠲᠠᠲᠠᠢ | ᠡᠳ᠋ᠯᠡᠭᠰᠡᠨ ᠪᠥᠭᠡᠳ ᠲᠠᠷᠢᠶᠠᠯᠠᠩ ᠤᠨ ᠦᠢᠯᠡᠳᠪᠦᠷᠢᠯᠡᠯ ᠳᠤ ᠢᠯᠡᠳᠲᠡ ᠦᠷ᠎ᠡ ᠪᠦᠲᠦᠮᠵᠢ ᠣᠯᠵᠠᠢ᠃ ᠫᠠᠨ ᠳ᠋ᠦᠸᠧ | ᠶᠤᠸᠠᠨ ᠤ ᠦᠨᠡᠨᠴᠢ ᠢᠲᠡᠭᠡᠮᠵᠢᠲᠡᠢ ᠪᠠᠷ ᠮᠠᠰᠢᠨ ᠬᠤᠳᠠᠯᠳᠤᠨ ᠠᠪᠬᠤ ᠠᠵᠢᠯᠯᠠᠭ᠎ᠠ ᠨᠢ ᠥᠪᠡᠷ ᠤᠨ ᠪᠡᠶ᠎ᠡ ᠳᠡᠭᠡᠨ | ᠠᠰᠢᠭ ᠬᠦᠷᠲᠡᠭᠡᠭᠰᠡᠨ ᠢᠶᠠᠷ ᠪᠠᠷᠠᠬᠤ ᠦᠭᠡᠢ ᠪᠠᠰᠠ ᠪᠤᠰᠤᠳ ᠲᠠᠷᠢᠶᠠᠴᠢᠳ ᠲᠤ ᠰᠠᠶᠢᠨ ᠰᠠᠶᠢᠬᠠᠨ ᠦᠯᠢᠭᠡᠷ | ᠳᠠᠭᠤᠷᠢᠶᠠᠯ ᠪᠣᠯᠤᠭᠰᠠᠨ ᠪᠠᠶᠢᠨ᠎ᠠ᠃ | ᠠᠳᠡ᠂ ᠥᠷᠭᠡᠨ ᠤᠯᠠᠨ ᠲᠠᠷᠢᠶᠠᠴᠢᠨ ᠨᠠᠶᠢᠵᠢ ᠨᠠᠷ ᠢ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ | ᠨᠥᠬᠦᠪᠦᠷᠢ ᠣᠯᠭᠤᠬᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠳᠤ ᠢᠳᠡᠪᠬᠢᠲᠡᠢ ᠣᠷᠣᠯᠴᠠᠵᠤ᠂ | ᠦᠨᠡᠨᠴᠢ ᠢᠲᠡᠭᠡᠮᠵᠢᠲᠡᠢ᠂ ᠡᠷᠬᠡ ᠲᠡᠭᠰᠢ᠂ ᠡᠷᠡᠭᠦᠯ ᠡᠩᠬᠡ ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ ᠤᠨ | ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠵᠤ᠂ ᠲᠠᠷᠢᠶᠠᠯᠠᠩ ᠤᠨ ᠣᠳᠣᠬᠢᠴᠢᠯᠠᠯᠲᠠ ᠶᠢ ᠠᠬᠢᠭᠤᠯᠬᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠨ | ᠱᠠᠭᠠᠷᠳᠠᠵᠤ ᠪᠠᠶᠢᠨ᠎ᠠ᠃ | ᠬᠤᠶᠢᠰᠢᠳᠠ ᠲᠠᠷᠢᠶᠠᠯᠠᠩ ᠤᠨ ᠮᠧᠬᠠᠨᠢᠭ ᠬᠤᠳᠠᠯᠳᠤᠨ ᠠᠪᠬᠤ ᠨᠥᠬᠦᠪᠦᠷᠢ ᠶᠢ ᠭᠦᠢᠴᠡᠳᠬᠡᠬᠦ ᠦᠶ᠎ᠡ ᠳᠤ | ᠤᠷᠢᠳᠠᠪᠠᠷ ᠭᠦᠢᠴᠡᠳᠬᠡᠬᠦ ᠬᠡᠷᠡᠭᠲᠡᠢ᠃︾ | | |