ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠯᠠᠱᠠ ᠵᠡᠭᠦᠨ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠭᠠᠷᠴᠠᠭ ᠤᠨ ᠲᠣᠳᠣᠷᠬᠠᠢ ᠬᠠᠭᠤᠳᠠᠰᠤ ᠶᠢ ᠰᠢᠨᠡᠳᠬᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/8/23
                             ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠯᠲᠠ ᠶᠢᠨ ᠬᠠᠮᠢᠶᠠᠷᠤᠯᠲᠠ ᠶᠢ ᠤᠯᠠᠮ ᠵᠢᠷᠤᠮᠵᠢᠭᠤᠯᠵᠤ᠂ ᠲᠥᠷᠥ ᠶᠢᠨ ᠪᠣᠳᠣᠯᠭ᠎ᠠ ᠶᠢᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ᠤᠯᠤᠰ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠯᠲᠠ ᠶᠢᠨ ︽ᠲᠣᠳᠣᠷᠬᠠᠢ ᠬᠠᠭᠤᠳᠠᠰᠤᠵᠢᠭᠤᠯᠬᠤ︾  ᠬᠠᠮᠢᠶᠠᠷᠤᠯᠲᠠ ᠵᠢᠴᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾  ᠥᠭᠡᠷᠡᠴᠢᠯᠡᠯᠲᠡ ᠶᠢᠨ ᠠᠵᠢᠯ ᠢ ᠪᠠᠶᠢᠭᠤᠯᠤᠨ ᠬᠡᠷᠡᠭᠵᠢᠭᠦᠯᠬᠦ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠡᠳᠦᠭᠡ ᠠᠯᠠᠱᠠ ᠵᠡᠭᠦᠨ ᠬᠤᠰᠢᠭᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠯᠲᠠ ᠶᠢᠨ ᠭᠠᠷᠴᠠᠭ ᠤᠨ ᠨᠠᠷᠢᠨ ᠬᠠᠭᠤᠳᠠᠰᠤ ᠶᠢ ᠨᠡᠶᠢᠲᠡᠯᠡᠪᠡ ︵  ᠳᠣᠷᠣᠭᠰᠢ ︽ᠰᠦᠢᠳᠬᠡᠯ ᠬᠤᠷᠢᠶᠠᠯᠲᠠ ᠶᠢᠨ ᠨᠠᠷᠢᠨ ᠬᠠᠭᠤᠳᠠᠰᠤ︾  ᠭᠡᠵᠦ ᠲᠣᠪᠴᠢᠯᠠᠨ᠎ᠠ︶ ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃            ᠨᠢᠭᠡ᠂ ︽ᠰᠦᠢᠳᠬᠡᠯ ᠬᠤᠷᠢᠶᠠᠬᠤ ᠨᠠᠷᠢᠨ ᠵᠢᠭᠰᠠᠭᠠᠯᠲᠠ︾  ᠳᠠᠬᠢ ᠰᠦᠢᠳᠬᠡᠯ ᠬᠤᠷᠢᠶᠠᠬᠤ ᠲᠥᠷᠥᠯ ᠵᠦᠢᠯ ᠢ ᠡᠷᠬᠡᠪᠰᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠶᠠᠷ ᠱᠠᠲᠤᠨ ᠤ ᠬᠢᠨᠠᠨ ᠵᠥᠪᠰᠢᠶᠡᠷᠡᠬᠦ ᠡᠷᠬᠡ ᠮᠡᠳᠡᠯ ᠲᠠᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠢ᠃            ᠬᠤᠶᠠᠷ᠂ ︽ᠰᠦᠢᠳᠬᠡᠯ ᠬᠤᠷᠢᠶᠠᠬᠤ ᠨᠠᠷᠢᠨ ᠵᠢᠭᠰᠠᠭᠠᠯᠲᠠ︾  ᠳᠤ ᠠᠯᠠᠱᠠ ᠵᠡᠭᠦᠨ ᠬᠤᠰᠢᠭᠤᠨ ᠤ ᠣᠲᠣ ᠶᠢᠨ ᠬᠡᠷᠡᠭᠵᠢᠭᠦᠯᠵᠦ ᠪᠠᠶᠢᠭ᠎ᠠ ᠡᠷᠬᠡ ᠮᠡᠳᠡᠯ ᠲᠠᠢ ᠡᠯ᠎ᠡ ᠵᠦᠢᠯ ᠤᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠯᠲᠠ ᠶᠢ ᠪᠠᠭᠲᠠᠭᠠᠵᠤ᠂ ︽ᠰᠦᠢᠳᠬᠡᠯ ᠬᠤᠷᠢᠶᠠᠬᠤ ᠨᠠᠷᠢᠨ ᠵᠢᠭᠰᠠᠭᠠᠯᠲᠠ︾  ᠳᠤ ᠵᠢᠭᠰᠠᠭᠠᠨ ᠣᠷᠣᠭᠤᠯᠤᠭᠰᠠᠨ ᠦᠭᠡᠢ ᠪᠣᠯᠪᠠᠴᠤ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠯᠲᠠ ᠶᠢᠨ ᠨᠡᠷ᠎ᠡ ᠪᠠᠷ ᠬᠡᠷᠡᠭᠵᠢᠭᠦᠯᠦᠭᠰᠡᠨ ᠰᠦᠢᠳᠬᠡᠯ ︵  ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠲᠣᠳᠣᠷᠬᠠᠢ ᠲᠣᠭᠲᠠᠭᠠᠯ ᠲᠠᠢ ᠮᠥᠷᠲᠡᠭᠡᠨ ᠰᠡᠳᠦᠪ ᠲᠣᠭᠲᠠᠭᠠᠬᠤ ᠲᠠᠰ ᠳᠠᠷᠠᠭᠠᠯᠠᠯ ᠳᠤ ᠨᠡᠶᠢᠴᠡᠬᠦ ᠰᠦᠢᠳᠬᠡᠯ ᠬᠤᠷᠢᠶᠠᠯᠲᠠ ᠶᠢ ᠪᠠᠭᠲᠠᠭᠠᠬᠤ ᠦᠭᠡᠢ︶  ᠪᠦᠬᠦᠨ ᠢ ᠠᠵᠤ ᠠᠬᠤᠶᠢᠯᠠᠯ᠂ ᠬᠤᠪᠢ ᠬᠥᠮᠥᠨ ᠪᠠ ᠪᠤᠰᠤᠳ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠲᠤᠰᠢᠶᠠᠬᠤ ᠦᠭᠡᠢ ᠪᠠᠶᠢᠬᠤ ᠡᠷᠬᠡ ᠲᠠᠢ᠃            ᠭᠤᠷᠪᠠ᠂ ᠰᠦᠢᠳᠬᠡᠯ ᠬᠤᠷᠢᠶᠠᠬᠤ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠬᠤᠪᠢᠷᠠᠯᠲᠠ ᠭᠠᠷᠴᠤ᠂ ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠴᠠᠭ ᠲᠤᠨᠢ ᠲᠣᠬᠢᠷᠠᠭᠤᠯᠤᠨ ᠬᠥᠳᠡᠯᠦᠩᠭᠦᠢ ᠪᠠᠷ ᠲᠣᠬᠢᠷᠠᠭᠤᠯᠤᠯᠲᠠ ᠬᠢᠬᠦ ᠶᠢᠨ ᠬᠠᠮᠲᠤ ᠨᠡᠶᠢᠭᠡᠮ ᠳᠤ ᠢᠯᠡ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃            ᠳᠥᠷᠪᠡ᠂ ︽ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠯᠠᠱᠠ ᠵᠡᠭᠦᠨ ᠬᠤᠰᠢᠭᠤᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ ᠶᠢ ᠰᠢᠨᠡᠳᠬᠡᠬᠦ ᠲᠤᠬᠠᠢ ᠮᠡᠳᠡᠭᠳᠡᠯ︾  ︵  ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾  ︵  ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠲᠠᠷᠬᠠᠭᠠᠭᠰᠠᠨ ﹇  2024﹈  39 ᠳ᠋ᠦ᠋ᠭᠡᠷ ᠲᠣᠭᠠᠲᠤ︶  ᠢ ᠳᠠᠭᠢᠵᠤ ᠬᠡᠷᠡᠭᠵᠢᠭᠦᠯᠬᠦ ᠦᠭᠡᠢ᠃            ᠲᠠᠪᠤ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠳ᠋ᠢᠶᠠᠩᠬᠤᠸᠠ᠄             0483-8224179 0483-8229011  
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号