ᠪᠠᠶᠠᠨᠬᠤᠲᠠ ᠶᠢᠨ ᠬᠤᠲᠠ ᠶᠢᠨ ᠲᠣᠭᠤᠷᠢᠭ ᠤᠨ ᠤᠰᠤᠨ ᠤ ᠣᠷᠴᠢᠨ ᠲᠣᠭᠤᠷᠢᠨ ᠤ ᠰᠠᠶᠢᠵᠢᠷᠠᠯᠲᠠ ᠶᠢ ᠦᠷᠭᠦᠯᠵᠢᠯᠡᠨ ᠠᠬᠢᠭᠤᠯᠵᠤ ᠂ ᠤᠰᠤᠨ ᠤ ᠡᠬᠢ ᠪᠠᠶᠠᠯᠢᠭ ᠤᠨ ᠦᠷᠭᠦᠯᠵᠢᠯᠡᠬᠦ ᠠᠰᠢᠭᠯᠠᠯᠲᠠ ᠶᠢ ᠪᠠᠲᠤᠯᠠᠪᠠ
ᠨᠡᠶᠢᠲᠡᠯᠡᠭᠰᠡᠨ ᠴᠠᠭ᠄
2024/8/26
   ᠬᠤᠲᠠ ᠶᠢᠨ ᠲᠣᠭᠤᠷᠢᠭ ᠤᠨ ᠤᠰᠤ ᠬᠠᠩᠭᠠᠬᠤ᠂ ᠪᠣᠷᠣᠭᠠᠨ ᠤ ᠪᠣᠬᠢᠷ ᠤᠰᠤᠨ ᠤ ᠬᠤᠭᠤᠯᠠᠶ ᠶᠢᠨ ᠲᠣᠤᠷ ᠢ ᠲᠠᠰ ᠳᠡᠪᠰᠢᠭᠦᠯᠦᠨ ᠥᠭᠡᠷᠡᠴᠢᠯᠡᠬᠦ ᠪᠣᠯ ᠠᠷᠠᠳ ᠣᠯᠠᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠠᠷᠠᠳ ᠤᠨ ᠰᠡᠳᠬᠢᠯ ᠤᠨ ᠢᠨᠵᠧᠨᠧᠷᠢᠩ ᠮᠥᠨ᠃ ᠠᠯᠠᠱᠠ ᠵᠡᠭᠦᠨ ᠬᠤᠰᠢᠭᠤ ᠬᠤᠲᠠ ᠶᠢᠨ ᠤᠰᠤ ᠬᠠᠩᠭᠠᠬᠤ ᠶᠠᠰᠤ ᠴᠢᠨᠠᠷ ᠢ ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠵᠤ᠂ 5.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠡᠨᠡ ᠵᠢᠯ ᠠᠴᠠ ᠡᠬᠢᠯᠡᠨ ᠬᠤᠶᠠᠷ ᠵᠢᠯ ᠤᠨ ᠬᠤᠭᠤᠴᠠᠭ᠎ᠠ ᠶᠢ ᠠᠰᠢᠭᠯᠠᠨ᠂ ᠬᠤᠲᠠ ᠶᠢᠨ ᠤᠰᠤ ᠬᠠᠩᠭᠠᠬᠤ᠂ ᠪᠣᠷᠣᠭᠠᠨ ᠤ ᠤᠰᠤ᠂ ᠪᠣᠬᠢᠷ ᠤᠰᠤᠨ ᠤ ᠬᠤᠭᠤᠯᠠᠶ ᠶᠢᠨ ᠲᠣᠤᠷ ᠢ ᠰᠢᠰᠲ᠋ᠧᠮ ᠲᠠᠢ ᠪᠠᠷ ᠲᠠᠰ ᠳᠡᠪᠰᠢᠭᠦᠯᠦᠨ ᠥᠭᠡᠷᠡᠴᠢᠯᠡᠵᠦ᠂ ᠪᠠᠶᠠᠨᠬᠤᠲᠠ ᠶᠢᠨ ᠬᠤᠲᠠ ᠶᠢᠨ ᠲᠣᠭᠤᠷᠢᠭ ᠤᠨ ᠤᠰᠤᠨ ᠤ ᠣᠷᠴᠢᠨ ᠲᠣᠭᠤᠷᠢᠨ ᠤ ᠪᠦᠬᠦᠯᠢ ᠴᠣᠭᠴᠠ ᠶᠢᠨ ᠰᠠᠶᠢᠵᠢᠷᠠᠯᠲᠠ ᠶᠢ ᠦᠷᠭᠦᠯᠵᠢᠯᠡᠨ ᠠᠬᠢᠭᠤᠯᠵᠤ᠂ ᠤᠰᠤᠨ ᠤ ᠡᠬᠢ ᠪᠠᠶᠠᠯᠢᠭ ᠤᠨ ᠦᠷᠭᠦᠯᠵᠢᠯᠡᠬᠦ ᠠᠰᠢᠭᠯᠠᠯᠲᠠ ᠶᠢ ᠪᠠᠲᠤᠯᠠᠪᠠ᠃    ᠥᠭᠡᠯᠡᠳ ᠶᠡᠭᠡ ᠵᠡᠭᠡᠯᠢ ᠶᠢᠨ ︽ᠭᠤᠷᠪᠠᠨ ᠤᠰᠤ︾ ︵ᠤᠰᠤ ᠬᠠᠩᠭᠠᠬᠤ᠂ ᠪᠣᠷᠣᠭᠠᠨ ᠤ ᠤᠰᠤ᠂ ᠪᠣᠬᠢᠷ ᠤᠰᠤ︶᠎ ᠶᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠮᠠᠰᠢᠨ ᠮᠧᠬᠠᠨᠢᠭ ᠨᠢᠵᠢᠭᠢᠨᠡᠵᠦ᠂ ᠠᠵᠢᠯᠴᠢᠳ ᠭᠤᠤ ᠰᠣᠪᠠᠭ ᠮᠠᠯᠲᠠᠵᠤ᠂ ᠰᠢᠪᠡᠷ ᠰᠢᠷᠣᠢ ᠶᠢ ᠲᠡᠭᠰᠢᠯᠡᠨ ᠠᠷᠢᠯᠭᠠᠵᠤ᠂ ᠬᠤᠭᠤᠯᠠᠢ ᠳᠡᠪᠢᠰᠴᠦ᠂ ᠴᠠᠭ ᠮᠥᠴᠡ ᠶᠢ ᠠᠮᠵᠢᠨ ᠪᠠᠷᠢᠯᠭ᠎ᠠ ᠶᠢᠨ ᠠᠬᠢᠴᠠ ᠶᠢ ᠠᠬᠢᠭᠤᠯᠵᠤ᠂ ᠶᠠᠭᠠᠷᠠᠯᠲᠠᠢ ᠪᠠᠷ ᠠᠵᠢᠯᠯᠠᠵᠤ ᠪᠠᠶᠢᠨ᠎ᠠ᠃    ᠰᠤᠷᠪᠤᠯᠵᠢᠯᠠᠭᠴᠢ ᠲᠤᠬᠠᠢ ᠶᠢᠨ ᠲᠠᠯᠠᠪᠠᠢ ᠠᠴᠠ ᠣᠶᠢᠯᠠᠭᠠᠭᠰᠠᠨ ᠨᠢ᠂ ᠥᠭᠡᠯᠡᠳ ᠶᠡᠭᠡ ᠵᠡᠭᠡᠯᠢ ᠶᠢᠨ ᠭᠠᠵᠠᠷ ᠳᠣᠣᠷᠠᠬᠢ ᠬᠤᠭᠤᠯᠠᠢ ᠶᠢᠨ ᠱᠤᠭᠤᠮ ᠨᠠᠷᠢᠨ ᠪᠤᠳᠤᠯᠢᠶᠠᠨᠲᠠᠢ᠂ ᠬᠠᠮᠢᠶᠠᠷᠤᠯᠲᠠ ᠶᠢᠨ ᠰᠠᠯᠠᠭ᠎ᠠ ᠮᠥᠴᠢᠷ ᠠᠳᠠᠯᠢ ᠦᠭᠡᠢ ᠠᠴᠠ ᠪᠣᠯᠵᠤ᠂ ᠲᠤᠰ ᠤᠳᠠᠭᠠᠨ ᠤ ᠪᠠᠷᠢᠯᠭ᠎ᠠ ᠨᠢ ᠬᠠᠭᠤᠴᠢᠨ ᠬᠤᠭᠤᠯᠠᠢ ᠶᠢᠨ ᠲᠣᠣᠷ ᠢ ᠨᠤᠷᠠᠭᠠᠬᠤ ᠦᠭᠡᠢ ᠰᠠᠭᠤᠷᠢᠨ ᠳᠡᠭᠡᠷ᠎ᠡ᠂ ᠰᠢᠨ᠎ᠡ ᠭᠤᠤ ᠶᠢ ᠮᠠᠯᠲᠠᠬᠤ ᠶᠢᠨ ᠬᠠᠮᠲᠤ ᠪᠦᠬᠦᠨ ᠢᠶᠠᠷ ᠢᠶᠠᠨ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠬᠤᠭᠤᠯᠠᠢ ᠶᠢᠨ ᠮᠠᠲ᠋ᠧᠷᠢᠶᠠᠯ ᠢ ᠬᠡᠷᠡᠭᠯᠡᠵᠦ᠂ ᠰᠡᠭᠦᠯᠴᠢ ᠶᠢᠨ ᠬᠤᠭᠤᠴᠠᠭᠠᠨ ᠳᠤ ᠰᠢᠨ᠎ᠡ ᠬᠠᠭᠤᠴᠢᠨ ᠤ ᠰᠣᠯᠢᠭᠳᠠᠯ᠂ ᠵᠠᠪᠰᠠᠷ ᠦᠭᠡᠢ ᠵᠣᠯᠭᠠᠯᠳᠤᠬᠤ ᠶᠢ ᠪᠡᠶᠡᠯᠡᠭᠦᠯᠪᠡ᠃    ᠣᠶᠢᠷ᠎ᠠ ᠶᠢᠨ ᠵᠢᠯ ᠤᠳ ᠲᠤ᠂ ᠪᠠᠶᠠᠨᠬᠤᠲᠠ ᠪᠠᠯᠭᠠᠰᠤᠨ ᠤ ᠬᠤᠲᠠ ᠶᠢᠨ ᠲᠣᠭᠤᠷᠢᠭ ᠲᠤ ᠤᠰᠤ ᠬᠠᠩᠭᠠᠬᠤ᠂ ᠪᠣᠬᠢᠷ ᠤᠰᠤ᠂ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠤᠨ ᠬᠡᠷᠡᠭᠯᠡᠯᠲᠡ ᠶᠢᠨ ᠵᠢᠯ ᠬᠤᠭᠤᠴᠠᠭ᠎ᠠ ᠨᠢ ᠣᠷᠳᠣ ᠂ ᠬᠤᠭᠤᠯᠠᠶ ᠬᠠᠭᠤᠴᠢᠷᠠᠵᠤ ᠡᠪᠳᠡᠷᠡᠬᠦ ᠨᠢ ᠬᠦᠨᠳᠦ ᠨᠣᠴᠢᠲᠠᠶ ᠪᠣᠯᠵᠣ᠂ ᠬᠤᠭᠤᠯᠠᠶ ᠠᠴᠠ ᠤᠰᠤ ᠠᠯᠳᠠᠬᠤ᠂ ᠤᠰᠤ ᠭᠤᠭᠤᠵᠢᠬᠤ ᠵᠡᠷᠭᠡ ᠦᠵᠡᠭᠳᠡᠯ ᠪᠠᠶᠢᠨ ᠳᠠᠬᠢᠨ ᠡᠭᠦᠰᠴᠦ᠂ ᠪᠣᠷᠣᠭᠠᠨ ᠤ ᠤᠰᠤ ᠪᠣᠬᠢᠷᠲᠤᠯ ᠤᠰᠤ ᠎ ᠶᠢ ᠭᠠᠳᠠᠭᠰᠢᠯᠠᠭᠤᠯᠬᠤ ᠴᠢᠳᠠᠪᠤᠷᠢ ᠪᠠᠭᠤᠷᠠᠭᠰᠠᠨ ᠠᠴᠠ ᠤᠰᠤᠨ ᠤ ᠡᠬᠢ ᠪᠠᠶᠠᠯᠢᠭ ᠢ ᠪᠦᠷᠢᠯᠭᠡᠬᠦ ᠪᠠᠷ ᠪᠠᠷᠠᠬᠤ ᠥᠬᠡᠶ᠂ ᠤᠰᠤ ᠬᠡᠷᠡᠭᠯᠡᠬᠦ ᠬᠡᠮᠵᠢᠶ᠎ᠡ᠂ ᠤᠰᠤᠨ ᠤ ᠳᠠᠷᠤᠯᠲᠠ᠂ ᠤᠰᠤᠨ ᠤ ᠴᠢᠨᠠᠷ ᠴᠤ  ᠪᠠᠲᠤᠯᠠᠭ᠎ᠠ ᠥᠬᠡᠶ  ᠪᠣᠯᠣᠭᠰᠠᠨ ᠪᠠᠶᠢᠨ᠎ᠠ᠃    ᠲᠣᠰ ᠤᠳᠠᠭ᠎ᠠ ᠪᠠᠶᠠᠨᠬᠤᠲᠠ ᠶᠢᠨ ᠬᠤᠲᠠ ᠶᠢᠨ ᠲᠣᠭᠤᠷᠢᠭ ᠤᠨ ᠤᠶᠤᠨᠲᠤ ᠤᠰᠤᠨ ᠤ ᠶᠠᠪᠤᠳᠠᠯ ᠵᠢᠴᠢ ᠵᠠᠮ ᠤᠨ  ᠤᠰᠤ ᠬᠠᠩᠭᠠᠬᠤ ᠬᠠᠭᠤᠴᠢᠨ ᠬᠤᠭᠤᠯᠠᠶ ᠶᠢᠨ ᠲᠣᠤᠷ ᠢ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ᠂ ᠪᠠᠶᠠᠨᠬᠤᠲᠠ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠥᠷᠥᠯ ᠵᠦᠢᠯ᠂ ᠥᠪᠥᠷ ᠮᠣᠩᠭᠤᠯ ᠤᠨ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠤᠰᠤ ᠲᠠᠲᠠᠷᠠᠭᠤᠯᠵᠤ ᠤᠰᠤᠲᠤᠯ ᠠᠴᠠ ᠰᠡᠷᠭᠡᠶᠢᠯᠡᠬᠦ ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠷᠥᠯ ᠵᠦᠢᠯ ᠢ ᠬᠠᠮᠲᠤᠷᠠᠭᠤᠯᠤᠭᠰᠠᠨ ᠤ ᠳᠠᠷᠠᠭ᠎ᠠ ᠭᠤᠷᠪᠠᠨ ᠵᠦᠢᠯ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠣᠯᠭᠠᠨ ᠬᠤᠪᠢᠶᠠᠵᠤ᠂ ᠪᠣᠬᠢᠷ ᠤᠰᠤ᠂ ᠪᠣᠷᠣᠭᠠᠨ ᠤ ᠤᠰᠤ᠂ ᠤᠰᠤ ᠬᠠᠩᠭᠠᠬᠤ ᠭᠤᠷᠪᠠᠨ ᠵᠦᠢᠯ ᠤᠨ ᠬᠤᠭᠤᠯᠠᠶ ᠶᠢᠨ ᠰᠢᠰᠲ᠋ᠧᠮ ᠢ ᠠᠳᠠᠯᠢ ᠨᠢᠭᠡᠨ ᠭᠤᠤ ᠰᠤᠪᠠᠭ ᠲᠤ ᠬᠠᠮᠳᠣ ᠪᠠᠷ ᠬᠡᠷᠡᠭᠵᠢᠭᠦᠯᠬᠦ ᠠᠷᠭ᠎ᠠ ᠮᠠᠶ᠋ᠢᠭ ᠶᠢ ᠬᠡᠷᠡᠭᠯᠡᠵᠦ᠂ ᠲᠣᠭᠲᠠᠭᠰᠠᠨ ᠵᠠᠮ ᠤᠨ ᠬᠡᠰᠡᠭ ᠲᠤ ᠪᠠᠷᠢᠯᠭ᠎ᠠ ᠪᠠᠷᠢᠬᠤ ᠳᠠᠭᠠᠨ ᠭᠤᠷᠪᠠᠨ ᠵᠦᠢᠯ ᠤᠨ ᠬᠤᠭᠤᠯᠠᠶ ᠶᠢ ᠨᠢᠭᠡ ᠯᠡ ᠤᠳᠠᠭ᠎ᠠ ᠳᠤ ᠳᠡᠪᠢᠰᠬᠦ ᠶᠢ ᠦᠨᠡᠨ ᠬᠦ ᠪᠠᠲᠤᠯᠠᠪᠠ᠃ ᠡᠭᠦᠨ ᠳᠤ᠂ ᠤᠰᠤᠨ ᠤ ᠬᠤᠭᠤᠯᠠᠶ ᠶᠢᠨ ᠲᠣᠤᠷ ᠢ 66 ᠺᠢᠯᠣᠮᠧᠲᠷ᠂ ᠪᠣᠬᠢᠷ ᠤᠰᠤᠨ ᠤ ᠬᠤᠭᠤᠯᠠᠶ ᠶᠢᠨ ᠲᠣᠤᠷ ᠢ 36 ᠺᠢᠯᠣᠮᠧᠲᠷ ᠵᠢᠴᠢ ᠵᠣᠬᠢᠴᠠᠩᠭᠤᠶ ᠳᠠᠭᠠᠯᠲᠠ ᠪᠠᠷᠢᠯᠭ᠎ᠠ᠂ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠢ 30 ᠺᠢᠯᠣᠮᠧᠲᠷ ᠥᠭᠡᠷᠡᠴᠢᠯᠡᠪᠡ᠃    ᠥᠭᠡᠷᠡᠴᠢᠯᠡᠨ ᠰᠢᠨᠡᠳᠬᠡᠬᠦ ᠶᠠᠪᠣᠴᠠ ᠳᠤᠮᠳᠠ᠂ ᠪᠠᠷᠢᠯᠭ᠎ᠠ ᠪᠠᠷᠢᠬᠤ ᠨᠢᠭᠡᠴᠡ ᠰᠢᠵᠢᠷ ᠠᠯᠲᠠᠨ ᠠᠵᠢᠯ ᠤᠨ ᠬᠤᠭᠤᠴᠠᠭ᠎ᠠ ᠶᠢ ᠠᠮᠵᠢᠨ ᠠᠳᠬᠤᠵᠤ᠂ ᠦᠷᠭᠦᠯᠵᠢᠯᠡᠨ ᠠᠵᠢᠯᠯᠠᠵᠤ᠂ ᠬᠤᠲᠠ ᠶᠢᠨ ᠲᠣᠭᠤᠷᠢᠭ ᠤᠨ ᠭᠤᠤᠯ ᠵᠠᠮ ᠢ ᠬᠠᠭᠠᠰ ᠪᠢᠲᠡᠭᠦᠮᠵᠢᠯᠡᠨ ᠪᠠᠷᠢᠯᠭ᠎ᠠ ᠪᠠᠷᠢᠬᠤ᠂  ᠭᠤᠳᠣᠮᠵᠢ ᠶᠢᠨ ᠵᠠᠮ ᠢ ᠪᠦᠷᠢᠨ ᠪᠢᠲᠡᠭᠦᠮᠵᠢᠯᠡᠨ ᠪᠠᠷᠢᠯᠭ᠎ᠠ ᠪᠠᠷᠢᠬᠤ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠬᠤᠲᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠰᠠᠭᠤᠭᠠᠯᠢ ᠠᠷᠠᠳ ᠤᠨ ᠠᠮᠢᠳᠤᠷᠠᠯ᠂ ᠶᠠᠪᠤᠵᠤ ᠰᠠᠭᠤᠬᠤ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃    ᠣᠶᠢᠯᠠᠭᠠᠭᠰᠠᠨ ᠪᠠᠷ᠂ ︽ᠭᠤᠷᠪᠠᠨ ᠤᠰᠤ︾ ︵ᠤᠰᠤ ᠬᠠᠩᠭᠠᠬᠤ᠂ ᠪᠣᠷᠣᠭᠠᠨ ᠤ ᠤᠰᠤ᠂ ᠪᠣᠬᠢᠷ ᠤᠰᠤ︶᠎ ᠶᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠡᠨᠡ ᠵᠢᠯ ᠤᠨ 4 ᠰᠠᠷ᠎ᠠ ᠳᠤ ᠡᠬᠢᠯᠡᠭᠦᠯᠵᠦ᠂ ᠣᠲᠣ ᠪᠣᠯᠲᠠᠯ᠎ᠠ᠂ 4541 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠤᠰᠤ ᠬᠠᠩᠭᠠᠬᠤ ᠬᠤᠭᠤᠯᠠᠶ ᠶᠢᠨ ᠲᠣᠤᠷ ᠢ 3.97 ᠺᠢᠯᠣᠮᠧᠲᠷ ᠥᠭᠡᠷᠡᠴᠢᠯᠡᠨ ᠰᠠᠶᠢᠵᠢᠷᠠᠭᠤᠯᠵᠤ᠂ ᠪᠣᠬᠢᠷ ᠤᠰᠤᠨ ᠤ ᠬᠤᠭᠤᠯᠠᠶ ᠶᠢᠨ ᠲᠣᠤᠷ ᠢ 3.64 ᠺᠢᠯᠣᠮᠧᠲᠷ ᠥᠭᠡᠷᠡᠴᠢᠯᠡᠬᠦ ᠵᠢᠴᠢ ᠬᠠᠮᠢᠶ᠎ᠠ ᠪᠦᠬᠦᠢ ᠳᠠᠭᠠᠯᠲᠠ ᠪᠠᠷᠢᠯᠭ᠎ᠠ᠂ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠢ 1.879 ᠺᠢᠯᠣᠮᠧᠲᠷ ᠥᠭᠡᠷᠡᠴᠢᠯᠡᠨ ᠪᠠᠶᠢᠭᠤᠯᠬᠤ ᠪᠠᠷ ᠲᠥᠯᠥᠪᠯᠡᠵᠦ᠂ ᠲᠣᠰ ᠲᠥᠷᠥᠯ ᠵᠦᠢᠯ ᠢ 2025 ᠣᠨ ᠤ ᠡᠴᠦᠰ ᠲᠤ ᠥᠭᠡᠷᠡᠴᠢᠯᠡᠨ ᠪᠠᠶᠢᠭᠤᠯᠵᠤ ᠲᠠᠭᠤᠰᠬᠠᠬᠤ ᠎ ᠪᠠᠷ ᠲᠥᠯᠥᠪᠯᠡᠵᠦ ᠪᠠᠶᠢᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号