ᠥᠨᠳᠥᠷ ᠨᠠᠰᠤᠨ ᠤ ᠨᠥᠬᠦᠪᠥᠷᠢ ᠪᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ ᠪᠣᠢ
ᠨᠡᠶᠢᠲᠡᠯᠡᠭᠰᠡᠨ ᠴᠠᠭ᠄
2024/8/26
     ᠣᠶᠢᠷ᠎ᠠ ᠶᠢᠨ ᠬᠡᠳᠦᠨ ᠡᠳᠦᠷ᠂ ᠬᠠᠷᠢᠶ᠎ᠠ ᠣᠷᠣᠨ ᠤ ᠪᠠᠨ ᠪᠦᠬᠦᠯᠢ 80 ᠨᠠᠰᠤ ᠠᠴᠠ ᠳᠡᠭᠡᠭᠰᠢᠬᠢ ᠥᠨᠳᠥᠷ ᠨᠠᠰᠤᠲᠠᠶ ᠨᠠᠰᠤᠲᠠᠶᠢᠴᠤᠳ ᠲᠤ ᠨᠦᠬᠦᠪᠦᠷᠢ ᠤᠯᠭᠤᠬᠤ ᠬᠠᠮᠢᠶᠠᠷᠤᠯᠲᠠ ᠶᠢᠨ ᠠᠵᠢᠯ ᠢ ᠦᠨᠡᠨᠬᠦ ᠰᠠᠶᠢᠲᠤᠷ ᠬᠢᠵᠤ ᠂ ᠥᠨᠳᠥᠷ ᠨᠠᠰᠤᠲᠠᠶ ᠨᠠᠰᠤᠲᠠᠶᠢᠴᠤᠳ ᠤᠨ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠡᠳ᠋ᠯᠡᠬᠦ ᠶᠢ ᠪᠦᠲᠦᠮᠵᠢᠲᠡᠶ ᠪᠠᠲᠤᠯᠠᠬᠤ ᠶᠢᠨ ᠲᠥᠯᠥᠭᠡ᠂  ᠠᠯᠠᠱᠠ ᠵᠡᠭᠦᠨ ᠬᠤᠰᠢᠭᠤᠨ ᠤ ᠥᠭᠡᠯᠡᠳ ᠵᠡᠭᠡᠯᠢ ᠶᠢᠨ ᠠᠯᠠᠱᠠ ᠠᠭᠤᠯᠠ ᠨᠡᠢᠭᠡᠮ ᠲᠣᠭᠤᠷᠢᠭ ᠬᠠᠷᠢᠶᠠᠲᠤ ᠣᠷᠣᠨ ᠤ ᠲᠣᠣᠷᠴᠢᠯᠠᠭᠰᠠᠨ ᠦᠢᠯᠡᠴᠢᠯᠡᠭᠡ ᠶᠢ ᠠᠰᠢᠭᠯᠵᠤ᠂ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠬᠡᠷᠡᠭᠵᠢᠭᠦᠯᠵᠤ᠂ 80 ᠨᠠᠰᠤᠨ ᠠᠴᠠ ᠳᠡᠭᠡᠭᠰᠢᠬᠢ ᠨᠠᠰᠣᠲᠠᠶᠢᠴᠣᠣᠯ ᠤᠨ ᠠᠮᠢᠳᠤᠷᠠᠯ ᠤᠨ ᠨᠥᠬᠦᠨ ᠣᠯᠭᠤᠪᠦᠷᠢ ᠠᠪᠬᠤ ᠬᠢᠷᠢ ᠭᠡᠮ ᠤᠨ ᠪᠠᠳᠣᠯᠭᠠᠵᠢᠭᠤᠯᠣᠯ ᠢ ᠢᠳᠡᠪᠬᠢᠲᠡᠢ ᠲᠡᠮᠵᠢᠨ ᠭᠦᠢᠴᠡᠳᠭᠡᠪᠡ᠃    ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠥᠭᠡᠯᠡᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠯᠠᠱᠠ ᠠᠭᠤᠯᠠ ᠨᠡᠶᠢᠭᠡᠮ ᠲᠣᠭᠤᠷᠢᠭ ᠤᠨ ᠲᠣᠣᠷᠵᠢᠯ ᠤᠨ ᠠᠵᠢᠯᠲᠠᠨ ᠬᠠᠷᠢᠶᠠᠲᠤ ᠣᠷᠣᠨ ᠤ ᠪᠠᠨ ᠬᠥᠳᠡᠯᠵᠦ ᠪᠠᠷᠢᠬᠤ ᠳᠤ ᠳᠥᠭᠦᠮ ᠦᠭᠡᠢ ᠥᠨᠳᠥᠷ ᠨᠠᠰᠤᠲᠠᠶ ᠨᠠᠰᠤᠲᠠᠶᠢᠴᠤᠳ ᠤᠨ ᠬᠡᠷ ᠲᠤ ᠬᠦᠷᠴᠦ᠂ ᠨᠠᠰᠤᠲᠠᠶᠢᠴᠤᠳ ᠢ ᠢᠳᠡᠪᠬᠢᠲᠡᠶ ᠪᠠᠷ ᠬᠠᠪᠰᠤᠷᠤᠨ ᠭᠠᠷ ᠤᠲᠠᠰᠤᠨ ᠳᠡᠭᠡᠷ᠎ᠡ ︽ᠥᠨᠳᠥᠷ ᠨᠠᠰᠤᠨ ᠤ ᠨᠥᠬᠦᠨ ᠣᠯᠭᠤᠪᠦᠷᠢ ᠶᠢᠨ ᠦᠶᠡᠯᠡᠯ ᠤᠨ ᠬᠤᠭᠤᠴᠠᠭᠠᠨ ᠤ ᠭᠡᠷᠡᠴᠢᠯᠡᠯᠲᠡ︾᠎ ᠶᠢ ᠬᠢᠵᠤ᠂ ᠭᠡᠷᠡᠴᠢᠯᠡᠬᠦ ᠠᠵᠢᠯ ᠢ ᠳᠠᠭᠤᠰᠬᠠᠭᠰᠠᠨ ᠤ ᠳᠠᠷᠠᠭ᠎ᠠ᠂ ᠲᠣᠣᠷᠵᠢᠯ ᠤᠨ ᠠᠵᠢᠯᠲᠠᠨ ᠪᠠᠰᠠ ᠨᠠᠰᠤᠲᠠᠶᠢᠴᠤᠳ ᠤᠨ ᠥᠨᠳᠥᠷ ᠨᠠᠰᠤᠨ ᠤ ᠨᠥᠬᠦᠨ ᠣᠯᠭᠤᠪᠦᠷᠢ ᠵᠡᠷᠭᠡ ᠲᠠᠯ᠎ᠠ ᠶᠢᠨ ᠮᠠᠳᠠᠭ ᠲᠠᠢ ᠠᠰᠠᠭᠤᠳᠠᠯ ᠳᠤ ᠬᠦᠯᠢᠴᠡᠩᠭᠦᠶ ᠪᠠᠷ ᠬᠠᠷᠢᠭᠤᠯᠲᠠ ᠥᠭᠴᠦ᠂ ᠰᠠᠭᠤᠭᠠᠯᠢ ᠠᠷᠠᠳ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠪᠡ᠃    ᠬᠠᠷᠢᠶᠠᠲᠤ ᠣᠷᠣᠨ ᠤ ᠥᠨᠳᠥᠷ ᠨᠠᠰᠤᠲᠠᠶ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠭᠡᠷᠡᠴᠢᠯᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ︽ᠥᠲᠡᠯᠪᠡᠯ ᠠᠰᠠᠷᠠᠮᠵᠢ ᠲᠠᠢ ᠪᠠᠶᠢᠬᠤ︾ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠥᠨᠳᠥᠷ ᠨᠠᠰᠤᠲᠠᠶ ᠨᠠᠰᠤᠲᠠᠶᠢᠴᠤᠳ ᠤᠨ ᠥᠨᠳᠥᠷ ᠨᠠᠰᠤᠨ ᠤ ᠨᠥᠬᠦᠨ ᠣᠯᠭᠤᠪᠦᠷᠢ ᠪᠠᠨ ᠴᠠᠭ ᠲᠤᠬᠠᠶ ᠳᠤᠨᠢ ᠣᠯᠬᠤ ᠶᠢ ᠦᠨᠡᠨ ᠬᠦ ᠪᠠᠲᠤᠯᠠᠵᠤ᠂ ᠨᠡᠶᠢᠭᠡᠮ ᠲᠣᠭᠤᠷᠢᠭ ᠤᠨ ᠠᠵᠢᠯᠲᠠᠳ ᠪᠠᠰᠠ ᠸᠢᠴᠠᠲ ᠬᠤᠯᠪᠤᠭ᠎ᠠ᠂ ᠤᠲᠠᠰᠤ ᠪᠠᠷ ᠬᠠᠷᠢᠯᠴᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠥᠨᠳᠥᠷ ᠨᠠᠰᠤᠲᠠᠶ ᠨᠠᠰᠤᠲᠠᠶᠢᠴᠤᠳ ᠪᠤᠶᠤ ᠨᠠᠰᠤᠲᠠᠶᠢᠴᠤᠳ ᠤᠨ ᠲᠥᠷᠥᠯ ᠰᠠᠳᠤᠨ ᠳᠤ ᠮᠡᠳᠡᠭᠳᠡᠬᠦ ᠶᠢᠨ ᠬᠠᠮᠲᠤ ᠸᠢᠴᠠᠲ ᠶᠢᠨ ᠬᠤᠯᠪᠣᠭᠠᠨ ᠳᠤ ᠨᠠᠷᠢᠨ ᠲᠣᠳᠣᠷᠬᠠᠶ ᠵᠢᠵᠢᠭ ᠫᠷᠤᠭ᠍ᠷᠠᠮ ᠢᠶᠠᠷ ᠭᠡᠷᠡᠴᠢᠯᠡᠯ ᠤᠨ ᠵᠢᠭᠠᠨ ᠰᠤᠷᠭᠠᠯᠲᠠ ᠶᠢᠨ ᠶᠠᠪᠤᠴᠠ ᠶᠢ ᠶᠠᠪᠤᠭᠤᠯᠵᠤ᠂ ᠲᠡᠳᠡᠨ ᠢ ᠸᠢᠴᠠᠲ ᠤᠨ ᠵᠢᠵᠢᠭ ᠫᠷᠤᠭ᠍ᠷᠠᠮ ᠢ ᠠᠰᠢᠭᠯᠠᠨ ᠨᠠᠰᠤᠲᠠᠶᠢᠴᠤᠳ ᠢ ᠬᠠᠪᠰᠤᠷᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠮᠡᠳᠡᠭᠡ ᠵᠠᠩᠭᠢ ᠴᠤᠭᠯᠠᠭᠤᠯᠬᠤ ᠶᠢ ᠪᠡᠶᠡᠯᠡᠭᠦᠯᠪᠡ᠃ ᠥᠨᠳᠥᠷ ᠨᠠᠰᠤᠲᠠᠶ ᠨᠠᠰᠤᠲᠠᠶᠢᠴᠤᠳ ᠢ ᠬᠠᠪᠰᠤᠷᠤᠨ ᠬᠡᠷᠡᠴᠢᠯᠡᠯᠳᠡ ᠶᠢ ᠭᠦᠢᠴᠡᠳᠬᠡᠬᠦ  ᠠᠵᠢᠯ ᠢ ᠥᠷᠨᠢᠭᠦᠯᠵᠦ᠂ ᠠᠷᠠᠳ ᠲᠦᠮᠡᠨ ᠳᠤ ᠪᠦᠲᠦᠮᠵᠢᠲᠡᠶ ᠦᠢᠯᠡᠴᠢᠯᠡᠵᠤ᠂  ᠬᠠᠶᠢᠷ᠎ᠠ ᠬᠠᠯᠠᠮᠵᠢ᠂ ᠲᠣᠰᠠ ᠲᠡᠮᠵᠢᠯᠡᠭᠡ ᠶᠢ ᠬᠡᠷ ᠲᠤᠨᠢ  ᠬᠦᠷᠭᠡᠵᠤ ᠦᠢᠯᠡᠴᠢᠯᠡᠭᠰᠡᠨ ᠢᠶᠠᠷ ᠪᠠᠷᠠᠬᠤ ᠥᠬᠡᠶ᠂ ᠪᠠᠰᠠ ᠨᠠᠮ ᠪᠠ ᠵᠠᠰᠠᠭ ᠤᠨ ᠣᠷᠳᠣᠨ ᠠᠴᠠ ᠥᠨᠳᠥᠷ ᠨᠠᠰᠤᠲᠠᠶ ᠨᠠᠰᠤᠲᠠᠶᠢᠴᠤᠳ ᠢ ᠬᠠᠯᠠᠮᠵᠢᠯᠠᠵᠤ ᠪᠠᠶᠢᠬᠤ ᠶᠢ ᠢᠯᠡᠷᠡᠭᠦᠯᠵᠦ᠂ ᠥᠨᠳᠥᠷ ᠨᠠᠰᠤᠲᠠᠶ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠤᠯᠠᠮ ᠨᠡᠮᠡᠭᠳᠡᠭᠦᠯᠪᠡ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号