ᠠᠯᠠᠱᠠ ᠵᠡᠭᠦᠨ ᠬᠤᠰᠢᠭᠤ᠄ ᠠᠳᠠᠯ ᠦᠢᠯᠡᠰ ᠪᠣᠰᠬᠠᠬᠤ ᠲᠠᠭᠠᠭᠠᠯᠲᠠᠲᠤ ᠵᠢᠭᠡᠯᠡᠯᠭᠡ ᠶᠢᠨ ︽ᠵᠢᠭᠡᠯᠡᠯᠭᠡ︾᠎ ᠶᠢ ᠰᠠᠶᠢᠲᠤᠷ ᠬᠡᠷᠡᠭᠯᠡᠨ ᠠᠳᠠᠯ ᠦᠢᠯᠡᠰ ᠪᠣᠰᠬᠠᠬᠤ ᠶᠢ ᠠᠬᠢᠭᠤᠯᠵᠤ ᠠᠵᠢᠯ ᠣᠯᠭᠤᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2024/8/26
   ᠣᠶᠢᠷ᠎ᠠ ᠶᠢᠨ ᠵᠢᠯ ᠤᠳ ᠲᠤ᠂ ᠠᠯᠠᠱᠠ ᠵᠡᠭᠦᠨ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠠᠳᠠᠯ ᠦᠢᠯᠡᠰ ᠪᠣᠰᠬᠠᠬᠤ ᠲᠡᠳᠬᠦᠮᠵᠢ ᠪᠠᠨ ᠶᠡᠬᠡᠪᠡᠷ ᠴᠢᠩᠭᠠᠳᠬᠠᠵᠤ᠂ ᠠᠳᠠᠯ ᠦᠢᠯᠡᠰ ᠪᠣᠰᠬᠠᠬᠤ ᠲᠠᠭᠠᠭᠠᠯᠳᠠᠳᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠭᠦᠢᠴᠡᠳ ᠰᠠᠶᠢᠲᠤᠷ ᠠᠰᠢᠭᠯᠠᠵᠤ᠂ ᠠᠳᠠᠯ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ ᠠᠬᠢᠭᠤᠯᠵᠤ᠂ ᠪᠥᠬᠦ ᠬᠤᠰᠢᠭᠤᠨ ᠤ ᠠᠳᠠᠯ ᠦᠢᠯᠡᠰ ᠪᠣᠰᠬᠠᠭᠴᠢ ᠶᠢᠨ ᠨᠠᠩ ᠭᠦᠢᠴᠡᠳ ᠨᠠᠩ ᠴᠢᠨᠠᠷ ᠰᠠᠶᠢᠲᠠᠶ ᠠᠵᠢᠯ ᠣᠯᠭᠤᠯᠲᠠ ᠶᠢ ᠪᠡᠶᠡᠯᠡᠭᠦᠯᠬᠦ ᠶᠢ ᠠᠬᠢᠭᠤᠯᠪᠠ᠃    ᠪᠠᠶᠠᠨᠬᠤᠲᠠ ᠪᠠᠯᠭᠠᠰᠤᠨ ᠤ ᠮᠤᠤ ᠱᠢ ᠴᠤᠸᠠᠨ ᠪᠣᠯ ᠴᠡᠷᠢᠭ ᠠᠴᠠ ᠬᠠᠯᠠᠭᠳᠠᠭᠰᠠᠳ ᠪᠠᠶᠢᠵᠤ᠂ ᠣᠳᠣ ᠢᠳᠡᠭᠡᠨ ᠤ ᠳᠡᠯᠭᠡᠭᠦᠷ ᠡᠵᠡᠩᠨᠡᠵᠦ ᠪᠠᠶᠢᠨ᠎ᠠ᠃ ᠡᠨᠡ ᠵᠢᠯ ᠡᠵᠡᠩᠨᠡᠯᠲᠡ ᠶᠢᠨ ᠬᠡᠪᠴᠢᠶ᠎ᠡ ᠶᠢ ᠥᠷᠭᠡᠳᠬᠡᠬᠦ ᠶᠢᠨ ᠲᠥᠯᠥᠭᠡ ᠨᠢᠭᠡ ᠪᠦᠯᠦᠭ ᠡᠵᠡᠩᠨᠡᠯᠲᠡ ᠶᠢᠨ ᠪᠡᠯᠡ ᠮᠥᠩᠭᠦ ᠬᠡᠷᠡᠭᠲᠡᠢ᠃ ᠨᠢᠳᠤᠨᠤᠨ ᠲᠡᠭᠦᠨ ᠤ ᠣᠶᠢᠯᠠᠭᠠᠭᠰᠠᠨ ᠢᠶᠠᠷ᠂ ᠴᠡᠷᠢᠭ ᠠᠴᠠ ᠬᠠᠯᠠᠭᠳᠠᠭᠰᠠᠳ ᠲᠤ ᠵᠣᠷᠢᠭᠤᠯᠤᠭᠰᠠᠨ ᠦᠢᠯᠡᠰ ᠪᠣᠰᠬᠠᠬᠤ ᠲᠠᠭᠠᠭᠠᠯᠳᠠᠳᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠭᠡᠵᠤ ᠪᠠᠶᠢᠳᠠᠭ ᠪᠦᠭᠡᠳ ᠤᠯᠤᠰ ᠠᠴᠠ ᠵᠢᠭᠡᠯᠡᠯᠭᠡ ᠶᠢᠨ ᠡᠳ᠋ ᠤᠨ ᠵᠠᠰᠠᠭ ᠤᠨ ᠳᠠᠮ ᠬᠦᠦ ᠶᠢ ᠨᠢ ᠬᠥᠩᠭᠡᠯᠡᠳᠡᠭ᠂ ᠲᠡᠷᠡ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠲᠤ ᠢᠷᠡᠵᠦ ᠠᠰᠠᠭᠤᠨ ᠯᠠᠪᠯᠠᠵᠤ᠂ ᠠᠵᠢᠯᠲᠠᠨ ᠤ ᠬᠠᠪᠰᠤᠷᠤᠯᠭ᠎ᠠ ᠳᠣᠤᠷ᠎ᠠ᠂ ᠬᠠᠮᠢᠶ᠎ᠠ ᠪᠥᠬᠦᠶ ᠭᠠᠷᠳᠠᠮ ᠢ ᠤᠷᠤᠭᠰᠢᠲᠠᠶ ᠭᠦᠢᠴᠡᠳᠬᠡᠵᠦ᠂ ᠠᠳᠠᠯ ᠦᠢᠯᠡᠰ ᠪᠣᠰᠬᠠᠬᠤ ᠲᠠᠭᠠᠭᠠᠯᠳᠠᠳᠤ 18 ᠲᠦᠮᠡᠨ ᠲᠥᠭᠦᠷᠢᠭ ᠤᠨ ᠵᠢᠭᠡᠯᠡᠯᠭᠡ ᠶᠢ ᠠᠮᠵᠢᠯᠲᠠᠲᠠᠶ ᠭᠤᠶᠤᠴᠢᠯᠠᠨ ᠣᠯᠵᠤ᠂ ᠪᠠᠯᠠ ᠮᠥᠩᠭᠦ ᠶᠢᠨ ᠳᠠᠷᠤᠭᠠᠰᠤ ᠨᠢ ᠬᠥᠩᠭᠡᠷᠡᠪᠡ᠃
   ᠣᠶᠢᠷ᠎ᠠ ᠶᠢᠨ ᠵᠢᠯ ᠤᠨ ᠲᠤᠷᠰᠢ᠂ ᠠᠯᠠᠱᠠ ᠵᠡᠭᠦᠨ ᠬᠤᠰᠢᠭᠤᠨ ᠤ ᠠᠵᠢᠯ ᠣᠯᠭᠤᠵᠤ ᠠᠳᠠᠯ ᠦᠢᠯᠡᠰ ᠪᠣᠰᠬᠠᠬᠤ ᠦᠢᠯᠡᠴᠢᠯᠡᠭᠡᠨ ᠤ ᠲᠥᠪ ᠬᠠᠷᠠᠯᠲᠠ ᠲᠠᠢ ᠪᠠᠷ ᠬᠦᠴᠦᠯᠡᠵᠦ᠂ ᠨᠠᠷᠢᠯᠢᠭ ᠣᠨᠣᠴᠠᠲᠠᠶ ᠪᠠᠷ ᠲᠡᠮᠵᠢᠯᠡᠭᠡ ᠦᠵᠡᠭᠦᠯᠵᠤ᠂ ᠠᠳᠠᠯ ᠦᠢᠯᠡᠰ ᠪᠣᠰᠬᠠᠬᠤ ᠲᠠᠭᠠᠭᠠᠯᠳᠠᠳᠤ ᠵᠢᠭᠡᠯᠡᠯᠭᠡ ᠶᠢᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠵᠦ᠂ ᠦᠢᠯᠡᠴᠢᠯᠡᠭᠡᠨ ᠤ ᠲᠣᠭᠲᠠᠴᠠ ᠶᠢ ᠦᠷᠭᠦᠯᠵᠢᠯᠡᠨ ᠪᠦᠷᠢᠨᠰᠢᠬᠦᠯᠵᠦ᠂ ᠵᠢᠭᠡᠯᠡᠯᠭᠡ ᠭᠤᠶᠤᠴᠢᠯᠠᠬᠤ ᠶᠠᠪᠤᠴᠠ ᠶᠢ ᠳᠥᠭᠦᠮᠴᠢᠯᠡᠵᠦ᠂ ᠭᠤᠤᠯᠳᠠᠯᠭ᠎ᠠ ᠲᠠᠢ ᠠᠵᠢᠯ ᠣᠯᠤᠭᠰᠠᠨ ᠬᠠᠮᠲᠤ ᠪᠦᠯᠦᠭ ᠵᠢᠴᠢ ᠵᠢᠵᠢᠭ ᠪᠢᠴᠢᠯ ᠠᠵᠤ ᠠᠬᠤᠶᠢᠯᠠᠯ ᠢ ᠦᠨᠡᠨ ᠬᠦ ᠬᠠᠪᠰᠤᠷᠤᠨ ᠪᠣᠳᠠᠲᠤ ᠠᠰᠢᠭ ᠬᠦᠷᠲᠡᠭᠡᠵᠦ᠂ ᠲᠥᠬᠦᠮ ᠦᠵᠡᠭᠦᠯᠵᠦ᠂ ᠠᠳᠠᠯ ᠦᠢᠯᠡᠰ ᠪᠣᠰᠬᠠᠭᠴᠢ ᠳᠤ ᠬᠦᠴᠦᠲᠡᠶ ᠳᠡᠮᠵᠢᠯᠭᠡ ᠬᠠᠩᠭᠠᠭᠰᠠᠨ ᠪᠥᠭᠡᠳ ᠠᠯᠠᠱᠠ ᠵᠡᠭᠦᠨ ᠬᠤᠰᠢᠭᠤᠨ ᠤ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃    ᠡᠨᠡ ᠵᠢᠯ ᠠᠴᠠ ᠨᠠᠰᠢ᠂ ᠮᠠᠨ ᠤ ᠬᠤᠰᠢᠭᠤ ᠨᠢᠭᠡᠨᠲᠡ 300 ᠭᠠᠷᠤᠶ ᠲᠦᠮᠡᠨ ᠲᠥᠭᠦᠷᠢᠭ ᠤᠨ ᠠᠳᠠᠯ ᠦᠢᠯᠡᠰ ᠪᠣᠰᠬᠠᠬᠤ ᠲᠠᠭᠠᠭᠠᠯᠲᠠᠲᠤ ᠵᠢᠭᠡᠯᠡᠯᠭᠡ ᠲᠠᠯᠪᠢᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠪᠡᠶ᠎ᠡ ᠪᠠᠨ ᠳᠠᠭᠠᠭᠠᠵᠤ ᠠᠳᠠᠯ ᠦᠢᠯᠡᠰ ᠪᠣᠰᠬᠠᠬᠤ ᠮᠠᠯᠴᠢᠨ ᠲᠠᠷᠢᠶᠠᠴᠢᠨ᠂ ᠴᠡᠷᠢᠭ ᠠᠴᠠ ᠬᠠᠯᠠᠭᠳᠠᠭᠰᠠᠳ᠂ ᠬᠤᠲᠠ ᠪᠠᠯᠭᠠᠰᠤᠨ ᠤ ᠠᠵᠢᠯ ᠠᠯᠳᠠᠭᠰᠠᠳ ᠵᠡᠷᠭᠡ 16  ᠠᠳᠠᠯ ᠦᠢᠯᠡᠰ ᠪᠣᠰᠬᠠᠭᠴᠢᠳ ᠲᠤ ᠦᠢᠯᠡᠴᠢᠯᠡᠵᠦ᠂ 40 ᠭᠠᠷᠤᠶ ᠬᠥᠮᠦᠨ ᠤᠳᠠᠭ᠎ᠠ ᠳᠠᠶᠢᠴᠢᠯᠠᠨ ᠠᠵᠢᠯ ᠣᠯᠭᠤᠵᠤ᠂ ᠥᠷᠭᠡᠨ ᠣᠯᠠᠨ ᠲᠦᠮᠡᠨ ᠤ ᠨᠢᠭᠡᠳᠦᠯᠲᠡᠶ ᠰᠠᠶᠢᠨ ᠦᠨᠡᠯᠡᠯᠲᠡ ᠶᠢ ᠤᠯᠪᠠ᠃
   
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号